ᠥᠪᠡᠷᠲᠡᠭᠡᠨ ᠵᠠᠰᠠᠬᠤ ᠣᠷᠣᠨ᠎ᠤ ᠤᠬᠠᠭᠤᠯᠤᠨ ᠲᠠᠢᠯᠪᠤᠷᠢᠯᠠᠬᠤ ᠪᠦᠯᠬᠦᠮ ᠣᠷᠳᠣᠰ ᠬᠤᠳᠠ ᠪᠠ ᠠᠷᠠᠳ᠎ᠤᠨ ᠶᠠᠪᠤᠳᠠᠯ᠎ᠤᠨ ᠲᠢᠩᠬᠢᠮ᠎ᠳᠦ ᠤᠬᠠᠭᠤᠯᠤᠨ ᠲᠠᠢᠯᠪᠤᠷᠢᠯᠠᠪᠠ
2022-12-06 11:20:54
ᠵᠣᠬᠢᠶᠠᠭ᠍ᠴᠢ᠄
ᠵᠤᠤ ᠰᠢ᠂ ᠬᠤᠤ ᠰᠢᠤᠸᠠᠢ ᠯᠢᠶᠠᠨ
ᠣᠩᠱᠢᠭ᠍ᠰᠠᠨ ᠣᠳᠠᠭ᠎ᠠ᠄
★★★☆☆

11 ᠰᠠᠷ᠎ᠠ᠎ᠶᠢᠨ 29 ᠎ᠦ ᠡᠳᠦᠷ᠂ 12 ᠰᠠᠷ᠎ᠠ᠎ᠶᠢᠨ 2 ᠎ᠤᠨ ᠡᠳᠦᠷ᠂ ᠨᠠᠮ᠎ᠤᠨ ᠬᠣᠷᠢᠳᠤᠭᠠᠷ ᠶᠡᠬᠡ ᠬᠤᠷᠠᠯ᠎ᠤᠨ ᠵᠣᠷᠢᠭ᠋ ᠰᠠᠨᠠᠭ᠎ᠠ᠎ᠶᠢ ᠰᠤᠷᠤᠯᠴᠠᠨ ᠲᠤᠭᠤᠰᠢᠯᠠᠭᠤᠯᠬᠤ ᠥᠪᠡᠷᠲᠡᠭᠡᠨ ᠵᠠᠰᠠᠬᠤ ᠣᠷᠣᠨ᠎ᠤ ᠤᠬᠠᠭᠤᠯᠤᠨ ᠲᠠᠢᠯᠪᠤᠷᠢᠯᠠᠬᠤ ᠪᠦᠯᠬᠦᠮ ᠲᠤᠰ ᠲᠤᠰ ᠣᠷᠳᠣᠰ ᠬᠤᠳᠠ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ᠎ᠤᠨ ᠲᠢᠩᠬᠢᠮ᠎ᠳᠦ ᠬᠦᠷᠴᠦ ᠤᠬᠠᠭᠤᠯᠤᠨ ᠲᠠᠢᠯᠪᠤᠷᠢᠯᠠᠪᠠ᠃

ᠣᠷᠳᠣᠰ ᠬᠤᠳᠠ᠎ᠳᠤ᠂ ᠥᠪᠡᠷᠲᠡᠭᠡᠨ ᠵᠠᠰᠠᠬᠤ ᠣᠷᠣᠨ᠎ᠤ ᠤᠬᠠᠭᠤᠯᠤᠨ ᠲᠠᠢᠯᠪᠤᠷᠢᠯᠠᠬᠤ ᠪᠦᠯᠬᠦᠮ᠎ᠦᠨ ᠪᠦᠷᠢᠯᠳᠦᠭᠦᠨ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠵᠣᠬᠢᠶᠠᠨ ᠪᠠᠶ᠋ᠢᠭᠤᠯᠬᠤ ᠬᠡᠯᠲᠡᠰ᠎ᠦᠨ ᠪᠠᠢᠩᠭᠤ᠎ᠶᠢᠨ ᠳᠡᠳ᠋ ᠳᠠᠷᠤᠭ᠎ᠠ ᠵᠧᠦ ᠺᠠᠢ ᠨᠠᠮ᠎ᠤᠨ ᠬᠣᠷᠢᠳᠤᠭᠠᠷ ᠶᠡᠬᠡ ᠬᠤᠷᠠᠯ᠎ᠤᠨ ᠴᠢᠬᠤᠯᠠ ᠶᠡᠬᠡ ᠠᠴᠢ ᠬᠣᠯᠪᠣᠭᠳᠠᠯ᠎ᠢ ᠭᠦᠢᠴᠡᠳ ᠲᠠᠨᠢᠬᠤ᠂ ᠨᠠᠮ᠎ᠤᠨ ᠬᠣᠷᠢᠳᠤᠭᠠᠷ ᠶᠡᠬᠡ ᠬᠤᠷᠠᠯ᠎ᠤᠨ ᠵᠣᠷᠢᠭ᠋ ᠰᠠᠨᠠᠭ᠎ᠠ᠎ᠶᠢ ᠪᠦᠬᠦ ᠲᠠᠯ᠎ᠠ᠎ᠪᠠᠷ ᠣᠨᠣᠪᠴᠢᠲᠠᠢ ᠰᠤᠷᠤᠯᠴᠠᠨ ᠣᠢᠯᠠᠭᠠᠬᠤ ᠵᠢᠴᠢ ᠨᠠᠮ᠎ᠤᠨ ᠬᠣᠷᠢᠳᠤᠭᠠᠷ ᠶᠡᠬᠡ ᠬᠤᠷᠠᠯ᠎ᠤᠨ ᠵᠣᠷᠢᠭ᠋ ᠰᠠᠨᠠᠭ᠎ᠠ᠎ᠶᠢ ᠥᠪᠥᠷ ᠮᠣᠩᠭᠣᠯ᠎ᠳᠤ ᠲᠤᠭᠤᠰᠢᠯᠠᠭᠤᠯᠤᠨ ᠨᠠᠢ᠌ᠳᠠᠪᠤᠷᠢᠵᠢᠭᠤᠯᠵᠤ ᠦᠷ᠎ᠡ ᠪᠦᠳᠦᠮᠵᠢ ᠭᠠᠷᠭᠠᠬᠤ ᠵᠢ ᠠᠬᠢᠭᠤᠯᠬᠤ ᠵᠡᠷᠭᠡ ᠭᠤᠷᠪᠠᠨ ᠲᠠᠯ᠎ᠠ ᠡᠴᠡ ᠪᠦᠬᠦ ᠲᠠᠯ᠎ᠠ᠎ᠪᠠᠷ ᠰᠢᠰᠲ᠋ᠸᠮ ᠲᠠᠢ ᠭᠦᠨᠵᠡᠭᠡᠢ ᠤᠬᠠᠭᠤᠯᠤᠨ ᠲᠠᠢᠯᠪᠤᠷᠢᠯᠠᠵᠠᠢ᠃

ᠤᠬᠠᠭᠤᠯᠤᠨ ᠲᠠᠢᠯᠪᠤᠷᠢᠯᠠᠭᠰᠠᠨ ᠮᠡᠳᠡᠭᠦᠯᠦᠯᠲᠡ᠎ᠶᠢᠨ ᠭᠣᠣᠯ ᠰᠡᠳᠦᠪ ᠨᠢ ᠢᠯᠡ ᠲᠣᠳᠣ᠌᠂ ᠲᠣᠳᠣᠷᠬᠠᠢᠯᠠᠨ ᠥᠭᠦᠯᠡᠭᠰᠡᠨ ᠨᠢ ᠣᠨᠣᠪᠴᠢᠲᠠᠢ ᠪᠠᠢᠵᠤ᠂ ᠴᠢᠩᠭ᠎ᠠ ᠲᠤᠰᠬᠠᠯ ᠭᠠᠷᠪᠠ᠃ ᠣᠷᠳᠣᠰ ᠬᠤᠳᠠ᠎ᠶᠢᠨ ᠰᠤᠷᠭᠠᠨ ᠬᠥᠮᠦᠵᠢᠯ ᠪᠡᠶ᠎ᠡ᠎ᠶᠢᠨ ᠲᠠᠮᠢᠷ᠎ᠤᠨ ᠲᠣᠪᠴᠢᠶ᠎ᠠ᠎ᠶᠢᠨ ᠨᠠᠮ᠎ᠤᠨ ᠤᠳᠤᠷᠢᠳᠬᠤ ᠳᠤᠭᠤᠢᠯᠠᠩ᠎ᠤᠨ ᠱᠦᠵᠢ᠂ ᠲᠣᠪᠴᠢᠶᠠᠨ ᠳᠠᠷᠤᠭ᠎ᠠ ᠸᠠᠨ ᠱᠢ ᠪᠢᠨ᠄ 《ᠰᠤᠷᠭᠠᠨ ᠬᠥᠮᠦᠵᠢᠯ᠂ ᠰᠢᠨᠵᠢᠯᠡᠬᠦ ᠤᠬᠠᠭᠠᠨ ᠲᠸᠭᠨᠢᠢᠡ᠋ ᠮᠡᠷᠭᠡᠵᠢᠯ᠂ ᠴᠢᠳᠠᠪᠤᠷᠢᠲᠠᠨ ᠪᠣᠯ ᠨᠡᠢᠭᠡᠮ ᠵᠢᠷᠤᠮᠲᠦ ᠣᠳᠣᠬᠢᠴᠢᠯᠠᠭᠰᠠᠨ ᠤᠯᠤᠰ᠎ᠢ ᠪᠦᠬᠦ ᠲᠠᠯ᠎ᠠ᠎ᠪᠠᠷ ᠪᠦᠲᠦᠭᠡᠨ ᠪᠠᠶ᠋ᠢᠭᠤᠯᠬᠤ᠎ᠶᠢᠨ ᠰᠠᠭᠤᠷᠢ ᠴᠢᠨᠠᠷᠲᠠᠢ᠂ ᠪᠠᠢᠯᠳᠤᠬᠤ ᠪᠣᠳᠣᠯᠭ᠎ᠠ᠎ᠶᠢᠨ ᠴᠢᠨᠠᠷᠲᠠᠢ ᠲᠤᠯᠭᠠᠭᠤᠷᠢᠯᠠᠯ ᠮᠥᠨ᠃ ᠣᠷᠣᠨ ᠨᠤᠲᠤᠭ᠎ᠤᠨ ᠰᠤᠷᠭᠠᠨ ᠬᠥᠮᠦᠵᠢᠯ᠎ᠦᠨ ᠰᠠᠯᠠᠭ᠎ᠠ ᠮᠥᠴᠢᠷ ᠪᠣᠯᠤᠭᠰᠠᠨ᠎ᠤ ᠬᠤᠪᠢ᠎ᠳᠤ᠂ ᠪᠢᠳᠡ ᠨᠠᠮ᠎ᠤᠨ ᠬᠣᠷᠢᠳᠤᠭᠠᠷ ᠶᠡᠬᠡ ᠬᠤᠷᠠᠯ᠎ᠤᠨ ᠵᠣᠷᠢᠭ᠋ ᠰᠠᠨᠠᠭ᠎ᠠ᠎ᠪᠠᠷ ᠵᠢᠯᠣᠭᠣᠳᠤᠮᠵᠢ ᠪᠣᠯᠭᠠᠵᠤ ᠂ ᠰᠢᠨᠵᠢᠯᠡᠬᠦ ᠤᠬᠠᠭᠠᠨ ᠰᠤᠷᠭᠠᠨ ᠬᠥᠮᠦᠵᠢᠯ᠎ᠢᠶᠡᠷ ᠤᠯᠤᠰ᠎ᠢᠶᠠᠨ ᠮᠠᠨᠳᠤᠭᠤᠯᠬᠤ ᠪᠠᠢᠯᠳᠤᠬᠤ ᠪᠣᠳᠣᠯᠭ᠎ᠠ᠎ᠶᠢ ᠶᠡᠬᠡ᠎ᠪᠡᠷ ᠬᠡᠷᠡᠭᠵᠢᠭᠦᠯᠵᠦ᠂ ᠪᠦᠬᠦ ᠤᠯᠤᠰ᠎ᠤᠨ ᠲᠡᠷᠢᠭᠦᠨ᠎ᠦ ᠰᠤᠷᠭᠠᠭᠤᠯᠢ᠎ᠶᠢᠨ ᠬᠠᠮᠢᠶᠠᠷᠤᠯᠲᠠ᠎ᠶᠢᠨ ᠪᠠᠢᠭᠤᠯᠤᠮᠵᠢ᠂ ᠪᠠᠭ᠍ᠰᠢ᠎ᠶᠢᠨ ᠡᠩᠨᠡᠭᠡ ᠪᠠ ᠰᠤᠷᠭᠠᠨ ᠬᠥᠮᠦᠵᠢᠯ᠎ᠦᠨ ᠠᠮᠢ ᠠᠬᠤᠢ᠎ᠶᠢ ᠪᠤᠢ ᠪᠣᠯᠭᠠᠵᠤ᠂ ᠤᠯᠤᠰ᠎ᠤᠨ ᠪᠠᠷᠠᠭᠤᠨ ᠣᠷᠣᠨ᠎ᠤ ᠰᠤᠷᠭᠠᠨ ᠬᠥᠮᠦᠵᠢᠯ᠎ᠦᠨ ᠬᠦᠴᠦᠷᠬᠡᠭ ᠬᠤᠳᠠ᠂ ᠪᠡᠶ᠎ᠡ᠎ᠶᠢᠨ ᠲᠠᠮᠢᠷ᠎ᠤᠨ ᠬᠦᠴᠦᠷᠬᠡᠭ ᠬᠤᠳᠠ᠂ ᠤᠷ᠎ᠠ ᠴᠢᠳᠠᠪᠤᠷᠢ᠎ᠶᠢᠨ ᠬᠦᠴᠦᠷᠬᠡᠭ ᠬᠤᠳᠠ᠎ᠶᠢ ᠪᠦᠲᠦᠭᠡᠨ ᠪᠠᠶ᠋ᠢᠭᠤᠯᠵᠦ᠂ ᠤᠯᠤᠰ᠎ᠤᠨ ᠲᠡᠰ᠎ᠤᠨ ᠣᠶᠤᠨᠲᠦ ᠰᠤᠷᠭᠠᠨ ᠬᠥᠮᠦᠵᠢᠯ᠎ᠦᠨ ᠵᠢᠱ᠌ᠢᠶ᠎ᠡ ᠦᠵᠡᠭᠦᠯᠬᠦ ᠬᠤᠳᠠ᠂ ᠠᠯᠪᠠᠨ ᠵᠢᠷᠤᠮ᠎ᠤᠨ ᠰᠤᠷᠭᠠᠨ ᠬᠥᠮᠦᠵᠢᠯ᠎ᠦᠨ ᠴᠢᠨᠠᠷ ᠰᠠᠢᠲᠠᠢ ᠲᠡᠩᠴᠡᠭᠦᠷᠢᠲᠡᠢ ᠬᠥᠭᠵᠢᠯᠲᠡ᠎ᠶᠢᠨ ᠵᠢᠱ᠌ᠢᠶ᠎ᠡ ᠦᠵᠡᠭᠦᠯᠬᠦ ᠬᠤᠳᠠ ᠪᠠ ᠪᠦᠬᠦ ᠠᠷᠠᠳ᠎ᠤᠨ ᠪᠡᠶ᠎ᠡ ᠴᠢᠭᠢᠷᠠᠭᠵᠢᠭᠤᠯᠬᠤ ᠵᠢᠱ᠌ᠢᠶᠡᠴᠢ ᠬᠤᠳᠠ᠎ᠶᠢ ᠡᠭᠦᠳᠦᠨ ᠪᠠᠶ᠋ᠢᠭᠤᠯᠬᠤ ᠪᠡᠷ ᠴᠢᠷᠮᠠᠢᠨ᠎ᠠ》 ᠬᠡᠵᠦ ᠬᠦᠨ ᠲᠦᠷᠦᠭᠲᠡᠯ ᠲᠠᠢ ᠪᠡᠷ ᠬᠡᠯᠡᠪᠡ᠃

ᠣᠷᠳᠣᠰ ᠬᠤᠳᠠ᠎ᠶᠢᠨ ᠲᠠᠷᠢᠶᠠᠯᠠᠩ ᠮᠠᠯ ᠠᠵᠤ ᠠᠬᠤᠢ᠎ᠶᠢᠨ ᠲᠣᠪᠴᠢᠶᠠᠨ᠎ᠤ ᠨᠠᠮ᠎ᠤᠨ ᠤᠳᠤᠷᠢᠳᠬᠤ ᠳᠤᠭᠤᠢᠯᠠᠩ᠎ᠤᠨ ᠱᠦᠵᠢ᠂ ᠲᠣᠪᠴᠢᠶᠠᠨ ᠳᠠᠷᠤᠭ᠎ᠠ ᠴᠢᠶᠣᠤ ᠵᠢᠶᠠᠨ ᠵᠢᠶᠠᠩ᠄《ᠤᠬᠠᠭᠤᠯᠤᠨ ᠲᠠᠢᠯᠪᠤᠷᠢᠯᠠᠬᠤ ᠮᠡᠳᠡᠭᠦᠯᠦᠯᠲᠡ᠎ᠶᠢ ᠰᠣᠨᠣᠰᠤᠭᠠᠳ᠂ ᠨᠠᠮ᠎ᠤᠨ ᠬᠣᠷᠢᠳᠤᠭᠠᠷ ᠶᠡᠬᠡ ᠬᠤᠷᠠᠯ᠎ᠤᠨ ᠵᠣᠷᠢᠭ᠋ ᠰᠠᠨᠠᠭᠠᠨ᠎ᠤ ᠲᠤᠬᠠᠢ ᠮᠢᠨᠦ ᠲᠠᠨᠢᠯᠲᠠ ᠤᠢᠯᠠᠭᠠᠯᠲᠠ ᠭᠦᠨᠵᠡᠭᠡᠢᠷᠡᠵᠦ᠂ ᠲᠤᠢᠯ᠎ᠢᠶᠠᠷ ᠤᠷᠮᠠᠰᠢᠨ ᠵᠣᠷᠢᠭ᠍ᠵᠢᠪᠠ᠃ ᠬᠣᠢᠰᠢᠳᠠ᠂ ᠪᠢᠳᠡ ᠦᠵᠡᠯ ᠰᠠᠨᠠᠭ᠎ᠠ ᠪᠠ ᠦᠢᠯᠡ ᠠᠵᠢᠯᠯᠠᠭ᠎ᠠ᠎ᠪᠠᠨ ᠨᠠᠮ᠎ᠤᠨ ᠬᠣᠷᠢᠳᠤᠭᠠᠷ ᠶᠡᠬᠡ ᠬᠤᠷᠠᠯ᠎ᠤᠨ ᠵᠣᠷᠢᠭ᠋ ᠰᠠᠨᠠᠭ᠎ᠠ᠎ᠲᠠᠢ ᠦᠨᠡᠨ᠎ᠬᠦ ᠨᠢᠭᠡᠳᠬᠡᠵᠦ᠂ 〈ᠨᠢᠭᠡᠲᠦᠭᠡᠷ ᠠᠵᠦ ᠦᠢᠯᠡᠰ ᠢ᠋ ᠲᠠᠬᠢᠨ ᠱᠤᠭᠤᠬᠤ〉 ᠶ᠋ᠢ ᠪᠦᠬᠦ ᠲᠠᠯ᠎ᠠ᠎ᠪᠠᠷ ᠠᠬᠢᠭᠤᠯᠬᠤ᠎ᠪᠠᠷ ᠭᠠᠷᠳᠠᠴᠠ ᠪᠣᠯᠭᠠᠵᠤ᠂ 〈ᠲᠣᠭ᠎ᠠ ᠬᠡᠮᠵᠢᠶ᠎ᠡ᠎ᠶᠢ ᠥᠷᠭᠡᠳᠬᠡᠬᠦ᠂ ᠶᠠᠰᠤ ᠴᠢᠨᠠᠷ᠎ᠢ ᠳᠡᠭᠡᠭᠰᠢᠯᠡᠭᠦᠯᠬᠦ᠂ ᠭᠠᠷᠤᠯᠲᠠ᠎ᠶᠢ ᠨᠡᠮᠡᠭᠳᠡᠭᠦᠯᠬᠦ〉ᠳ᠋ᠤ᠌ ᠠᠩᠬᠠᠷᠤᠯ᠎ᠢᠶᠠᠨ ᠲᠥᠪᠯᠡᠷᠡᠭᠦᠯᠵᠦ᠂ 〈ᠰᠠᠢᠨ ᠡᠭᠦᠯᠳᠡᠷ ᠂ ᠰᠠᠢᠨ ᠲᠠᠷᠢᠶ᠎ᠠ ᠂ ᠰᠠᠢᠨ ᠠᠵᠤ ᠠᠬᠤᠢᠯᠠᠯ᠂ ᠰᠠᠢᠨ ᠪᠣᠳᠣᠯᠭ᠎ᠠ ᠂ ᠰᠠᠢᠨ ᠴᠢᠳᠠᠪᠤᠷᠢᠲᠠᠨ〉 ᠬᠡᠬᠦ ᠲᠠᠪᠤᠨ ᠶᠡᠬᠡ ᠵᠠᠩᠭᠢᠯᠠᠭ᠎ᠠ᠎ᠶᠢ ᠠᠳᠬᠤᠵᠤ᠂ ᠤᠯᠤᠰ᠎ᠤᠨ ᠮᠠᠯ᠎ᠤᠨ ᠠᠰᠢᠭ᠋ ᠰᠢᠮ᠎ᠡ ᠲᠠᠷᠢᠶᠠᠯᠠᠩ᠎ᠤᠨ ᠪᠦᠲᠦᠭᠡᠭᠳᠡᠬᠦᠨ᠎ᠦ ᠦᠢᠯᠡᠳᠪᠦᠷᠢᠯᠡᠯ᠎ᠦᠨ ᠴᠢᠬᠤᠯᠠ ᠰᠠᠭᠤᠷᠢᠨ᠎ᠢ ᠴᠢᠨᠠᠷ ᠰᠠᠢᠲᠠᠢ ᠪᠦᠲᠦᠭᠡᠨ ᠪᠠᠢᠭᠤᠯᠵᠤ᠂ ᠨᠠᠮ᠎ᠤᠨ ᠬᠣᠷᠢᠳᠤᠭᠠᠷ ᠶᠡᠬᠡ ᠬᠤᠷᠠᠯ᠎ᠤᠨ ᠵᠣᠷᠢᠭ᠋ ᠰᠠᠨᠠᠭ᠎ᠠ᠎ᠶᠢ ᠪᠣᠳᠠᠲᠠᠢ᠎ᠳᠤ ᠨᠠᠢᠳᠠᠪᠤᠷᠢᠵᠢᠭᠤᠯᠤᠨ᠎ᠠ》 ᠭᠡᠵᠦ ᠬᠡᠯᠡᠪᠡ᠃

ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ᠎ᠤᠨ ᠲᠢᠩᠬᠢᠮ᠎ᠳᠦ ᠂ ᠥᠪᠡᠷᠲᠡᠭᠡᠨ ᠵᠠᠰᠠᠬᠤ ᠣᠷᠣᠨ ᠎ᠤ ᠤᠬᠠᠭᠤᠯᠤᠨ ᠲᠠᠢᠯᠪᠤᠷᠢᠯᠠᠬᠤ ᠪᠦᠯᠬᠦᠮ᠎ᠦᠨ ᠪᠦᠷᠢᠯᠳᠦᠬᠦᠨ ᠂ ᠥᠪᠡᠷᠲᠡᠭᠡᠨ ᠵᠠᠰᠠᠬᠤ ᠣᠷᠣᠨ ᠎ᠤ ᠡᠮᠡᠭ᠌ᠲᠡᠢᠴᠦᠳ ᠎ᠦᠨ ᠬᠣᠯᠪᠣᠭ᠎ᠠ ᠎ᠶ᠋ᠢᠨ ᠨᠠᠮ ᠎ᠤᠨ ᠤᠳᠤᠷᠢᠳᠭᠤ ᠳᠤᠭᠤᠢᠯᠠᠩ ᠎ᠤᠨ ᠱᠦᠵᠢ᠂ ᠲᠡᠷᠢᠭᠦᠯᠡᠭ᠌ᠴᠢ ᠸᠠᠩ ᠹᠠᠩ 《ᠨᠠᠮ᠎ᠤᠨ ᠬᠣᠷᠢᠳᠤᠭᠠᠷ ᠶᠡᠬᠡ ᠬᠤᠷᠠᠯ᠎ᠤᠨ ᠵᠣᠷᠢᠭ ᠰᠠᠨᠠᠭᠠᠨ᠎ᠤ ᠰᠦᠷ ᠳᠠᠯᠠᠢᠴᠠᠲᠠᠢ ᠠᠤᠭ᠎ᠠ ᠬᠦᠴᠦᠨ ᠎ᠢ ᠭᠦᠨᠵᠡᠭᠡᠢ ᠤᠢ᠍ᠢᠯᠠᠭᠠᠨ ᠡᠵᠡᠮᠱᠢᠵᠦ᠍ ᠠᠷᠠᠳ᠎ᠤᠨ ᠶᠠᠪᠤᠳᠠᠯ᠎ᠤᠨ ᠦᠢᠯᠡᠰ᠎ᠦᠨ ᠴᠢᠨᠠᠷ ᠰᠠᠢᠲᠠᠢ ᠬᠥᠭ᠌ᠵᠢᠯᠲᠡ᠎ᠪᠡᠷ ᠤᠮᠠᠷᠠᠲᠤ ᠬᠢᠯᠢ᠎ᠳᠦ ᠦᠩᠭᠡ ᠭᠡᠷᠡᠯ ᠨᠡᠮᠡᠷᠢᠯᠡᠶ᠎ᠡ》 ᠭᠡᠬᠦ᠌ ᠰᠡᠳᠦᠪ᠎ᠢᠶᠡᠷ ᠤᠬᠠᠭᠤᠯᠤᠨ ᠲᠠᠢᠯᠪᠤᠷᠢᠯᠠᠬᠤ ᠮᠡᠳᠡᠭᠦᠯᠦᠯᠲᠡ ᠬᠢᠪᠡ᠃ ᠸᠠᠩ ᠹᠠᠩ ᠥᠪᠡᠷᠲᠡᠭᠡᠨ ᠵᠠᠰᠠᠬᠤ ᠣᠷᠣᠨ᠎ᠤ ᠨᠠᠮ ᠎ᠤᠨ ᠬᠣᠷᠢᠶᠠᠨ ᠎ᠤ ᠠᠷᠪᠠᠨ ᠨᠢᠭᠡᠳᠦᠭᠡᠷ ᠬᠤᠭᠤᠴᠠᠭᠠᠨ ᠎ᠤ ᠳᠥᠷᠪᠡᠳᠦᠭᠡᠷ ᠪᠦᠬᠦᠳᠡ ᠬᠤᠷᠠᠯ ᠎ᠤᠨ ᠵᠣᠷᠢᠭ ᠰᠠᠨᠠᠭ᠎ᠠ᠎ᠲᠠᠶ ᠨᠢᠭ᠍ᠲᠠ ᠤᠶᠠᠯᠳᠤᠭᠤᠯᠵᠤ ᠂ ᠨᠠᠮ᠎ᠤᠨ ᠬᠣᠷᠢᠳᠤᠭᠠᠷ ᠶᠡᠬᠡ ᠬᠤᠷᠠᠯ᠎ᠤᠨ ᠴᠢᠬᠤᠯᠠ ᠶᠡᠬᠡ ᠠᠴᠢ ᠬᠣᠯᠪᠣᠭ᠍ᠳᠠᠯ ᠂ ᠨᠠᠮ᠎ᠤᠨ ᠬᠣᠷᠢᠳᠤᠭᠠᠷ ᠶᠡᠬᠡ ᠬᠤᠷᠠᠯ᠎ᠤᠨ ᠵᠣᠷᠢᠭ ᠰᠠᠨᠠᠭᠠᠨ᠎ᠤ ᠭᠦᠨ  ᠠᠭᠤᠯᠤᠭ᠍ᠳᠠᠬᠤᠨ ᠂ ᠨᠠᠮ᠎ᠤᠨ ᠬᠣᠷᠢᠳᠤᠭᠠᠷ ᠶᠡᠬᠡ ᠬᠤᠷᠠᠯ ᠎ᠤᠨ ᠵᠣᠷᠢᠭ ᠰᠠᠨᠠᠭ᠎ᠠ ᠎ᠶ᠋ᠢ ᠲᠤᠭᠤᠱᠢᠯᠠᠭᠤᠯᠤᠨ ᠨᠠᠢᠳᠠᠪᠤᠷᠢᠵᠢᠭᠤᠯᠬᠤ ᠎ᠶ᠋ᠢ ᠰᠠᠢᠲᠤᠷ ᠠᠳᠭᠤᠬᠤ ᠵᠡᠷᠭᠡ ᠲᠠᠯ᠎ᠠ᠎ᠪᠠᠷ ᠨᠠᠮ᠎ᠤᠨ ᠬᠣᠷᠢᠳᠤᠭᠠᠷ ᠶᠡᠬᠡ ᠬᠤᠷᠠᠯ ᠎ᠤᠨ ᠵᠣᠷᠢᠭ ᠰᠠᠨᠠᠭ᠎ᠠ᠎ᠶ᠋ᠢ ᠱᠢᠰᠲ᠋ᠧᠮ᠎ᠲᠡᠶ ᠪᠦᠭᠡᠳ ᠭᠦᠨᠵᠡᠭᠡᠢ ᠲᠠᠢᠯᠪᠤᠷᠢᠯᠠᠪᠠ᠃

ᠠᠷᠠᠳ᠎ᠤᠨ ᠶᠠᠪᠤᠳᠠᠯ᠎ᠤᠨ ᠲᠢᠩᠬᠢᠮ᠎ᠦᠨ ᠬᠤᠷᠠᠯ᠎ᠳᠤ ᠣᠷᠣᠯᠴᠠᠭ᠍ᠰᠠᠨ ᠨᠥᠬᠥᠳ ᠤᠬᠠᠭᠤᠯᠤᠨ ᠲᠠᠢᠯᠪᠤᠷᠢᠯᠠᠬᠤ ᠮᠡᠳᠡᠭᠦᠯᠦᠯᠲᠡ᠎ᠶ᠋ᠢᠨ ᠭᠤᠤᠯ ᠰᠡᠳᠦᠪ ᠨᠢ ᠢᠯᠡ ᠲᠣᠳᠣ ᠂ ᠠᠭᠤᠯᠭ᠎ᠠ ᠨᠢ ᠡᠯᠪᠡᠭ ᠪᠠᠶᠠᠯᠢᠭ ᠂ ᠬᠠᠷᠠᠭᠠᠰᠤ ᠨᠢ ᠥᠷᠭᠡᠨ ᠲᠡᠯᠭᠡᠷ ᠂ ᠥᠭᠦᠯᠡᠯᠲᠡ ᠨᠢ ᠭᠦᠨ ᠭᠦᠨᠵᠡᠭᠡᠶ ᠂ ᠤᠯᠤᠰ ᠲᠥᠷᠥ᠎ᠶ᠋ᠢᠨ ᠦᠨᠳᠦᠷᠴᠡ ᠪᠠ  ᠣᠨᠣᠯ᠎ᠤᠨ ᠭᠦᠨᠴᠡ᠎ᠲᠡᠶ ᠮᠥᠷᠲᠡᠭᠡᠨ ᠦᠶ᠋ᠯᠡᠳᠦᠯᠭᠡ᠎ᠶ᠋ᠢᠨ ᠡᠷᠴᠢᠮ ᠪᠠ ᠠᠷᠠᠳ᠎ᠤᠨ ᠠᠮᠢᠳᠤᠷᠠᠯ᠎ᠤᠨ ᠬᠠᠯᠠᠭᠤᠨ ᠳᠤᠯᠠᠭᠠᠨ᠎ᠲᠠᠶ ᠪᠠᠢᠵᠤ ᠂ ᠠᠷᠠᠳ᠎ᠤᠨ ᠶᠠᠪᠤᠳᠠᠯ᠎ᠤᠨ ᠱᠢᠰᠲ᠋ᠧᠮ᠎ᠦᠨ ᠬᠢᠨ᠎ᠦ ᠨᠠᠮ ᠤ᠋ᠨ ᠬᠤᠷᠢᠳᠤᠭᠠᠷ ᠶᠡᠬᠡ ᠬᠤᠷᠠᠯ ᠤ᠋ᠨ ᠵᠤᠷᠢᠭ ᠰᠠᠨᠠᠭ᠎ᠠ ᠵᠢ ᠤᠯᠠᠮ ᠨᠢᠭᠡ ᠠᠯᠬᠤᠮ  ᠪᠦᠷᠢᠨ ᠪᠦᠲᠦᠨ ᠂ ᠣᠨᠣᠪᠴᠢᠲᠠᠶ ᠂ ᠪᠥᠬᠥ᠌ ᠲᠠᠯ᠎ᠠ᠎ᠪᠠᠷ ᠰᠤᠷᠤᠯᠴᠠᠨ ᠣᠢᠯᠠᠭᠠᠬᠤ ᠪᠠ ᠠᠷᠠᠳ᠎ᠤᠨ ᠶᠠᠪᠤᠳᠠᠯ᠎ᠤᠨ ᠱᠢᠰᠲ᠋ᠧᠮ᠎ᠳᠦ ᠨᠠᠢᠳᠠᠪᠤᠷᠢᠵᠢᠭᠤᠯᠬᠤ᠎ᠶ᠋ᠢ ᠠᠬᠢᠭᠤᠯᠬᠤ᠎ᠳᠤ ᠴᠢᠬᠤᠯᠠ ᠲᠣᠯᠢ ᠪᠤᠯᠤᠨ᠎ᠠ ᠭᠡᠵᠦ᠍ ᠰᠠᠨᠠᠯ ᠨᠢᠭᠡᠲᠡᠶ ᠢᠯᠡᠳᠭᠡᠵᠡᠭᠡᠪᠡ᠃

ᠥᠪᠡᠷᠲᠡᠭᠡᠨ ᠵᠠᠰᠠᠬᠤ ᠣᠷᠣᠨ ᠎ᠤ ᠠᠷᠠᠳ ᠎ᠤᠨ ᠶᠠᠪᠤᠳᠠᠯ ᠎ᠤᠨ ᠲᠢᠩᠬᠢᠮ ᠎ᠦᠨ ᠨᠠᠰᠤᠵᠢᠯ᠎ᠤᠨ ᠠᠰᠠᠷᠠᠮᠵᠢ᠎ᠶ᠋ᠢᠨ ᠦᠶ᠋ᠯᠡᠴᠢᠯᠡᠭᠡᠨ᠎ᠦ ᠭᠠᠵᠠᠷ᠎ᠤᠨ ᠳᠡᠳ᠋ ᠳᠠᠷᠤᠭ᠎ᠠ ᠸᠠᠩ ᠲᠢᠶᠠᠨ ᠵᠢᠶᠦ᠋ᠨ ᠬᠡᠷ᠎ᠲᠡᠬᠡᠨ ᠬᠦᠷᠳᠡᠬᠦ ᠨᠡᠢᠭᠡᠮ ᠲᠣᠭᠣᠷᠢᠭ᠎ᠤᠨ ᠨᠠᠰᠤᠵᠢᠯ ᠤ᠋ᠨ ᠠᠰᠠᠷᠠᠮᠵᠢ ᠵᠢᠨ ᠦᠶ᠋ᠯᠡᠴᠢᠯᠡᠭᠡ᠎ᠶ᠋ᠢ ᠪᠣᠳᠠᠲᠠᠶ ᠬᠢᠵᠦ᠍ ᠬᠦᠴᠦᠳᠡᠢ ᠠᠳᠬᠤᠨ ᠂ ᠨᠠᠰᠤᠵᠢᠯ᠎ᠤᠨ ᠠᠰᠠᠷᠠᠮᠵᠢ᠎ᠶ᠋ᠢᠨ ᠪᠠᠢᠭᠤᠯᠤᠮᠵᠢ᠎ᠶ᠋ᠢᠨ ᠶᠠᠰᠤ ᠴᠢᠨᠠᠷ᠎ᠢ ᠳᠡᠭᠡᠭ᠌ᠰᠢᠯᠡᠭᠦᠯᠦᠨ ᠦᠷ᠎ᠡ ᠠᠱᠢᠭ᠎ᠢ ᠨᠡᠮᠡᠭ᠌ᠳᠡᠭᠦᠯᠬᠦ᠌᠎ᠶ᠋ᠢ ᠠᠬᠢᠭᠤᠯᠵᠤ ᠂ ᠱᠢᠶᠠᠨ ᠱᠢᠶᠠᠩ ᠲᠣᠰᠭᠣᠨ ᠭᠤᠷᠪᠠᠨ ᠱᠠᠲᠤᠨ᠎ᠤ ᠨᠠᠰᠤᠵᠢᠯ᠎ᠤᠨ ᠠᠰᠠᠷᠠᠮᠵᠢ᠎ᠶ᠋ᠢᠨ ᠦᠶ᠋ᠯᠡᠴᠢᠯᠡᠭᠡᠨ᠎ᠦ ᠲᠤᠤᠷ ᠰᠦᠯᠵᠢᠶ᠎ᠡ᠎ᠶ᠋ᠢ ᠪᠠᠢᠭᠤᠯᠤᠨ ᠂ ᠨᠠᠰᠤᠵᠢᠯ᠎ᠤᠨ ᠠᠰᠠᠷᠠᠮᠵᠢ᠎ᠶ᠋ᠢᠨ ᠦᠶ᠋ᠯᠡᠴᠢᠯᠡᠭᠡᠨ᠎ᠦ ᠠᠵᠢᠯᠲᠠᠨ᠎ᠤ ᠡᠩᠨᠡᠭᠡ᠎ᠶ᠋ᠢ ᠬᠥᠭ᠌ᠵᠢᠭᠦᠯᠦᠨ ᠪᠤᠵᠠᠭᠠᠢᠷᠠᠭᠤᠯᠵᠤ ᠂ ᠥᠨᠥᠴᠢᠨ ᠪᠡᠯᠪᠡᠰᠦᠨ ᠨᠠᠰᠤᠲᠠᠨ᠎ᠢ ᠠᠰᠠᠷᠠᠨ ᠬᠠᠷᠠᠭᠠᠯᠵᠠᠬᠤ ᠶ᠋ᠢ ᠲᠠᠰᠤᠷᠠᠯᠲᠠ ᠥᠬᠡᠶ ᠱᠢᠯᠢᠳᠡᠭ᠌ᠵᠢᠭᠦᠯᠦᠨ ᠂ ᠪᠥᠬᠥ᠌ ᠨᠠᠰᠤᠲᠠᠢᠴᠤᠳ᠎ᠤᠨ ᠵᠣᠯ ᠵᠢᠷᠭᠠᠯ᠎ᠲᠠᠶ᠎ᠪᠠᠷ ᠨᠠᠰᠤᠵᠢᠯ᠎ᠤᠨ ᠠᠰᠠᠷᠠᠮᠵᠢ ᠭᠥᠷᠳᠡᠬᠦ᠌᠎ᠶ᠋ᠢ  ᠠᠬᠢᠭᠤᠯᠤᠨ᠎ᠠ ᠭᠡᠵᠤ ᠢᠯᠡᠳᠭᠡᠪᠡ᠃

ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ᠎ᠤᠨ ᠲᠢᠩᠬᠢᠮ᠎ᠦᠨ ᠬᠡᠦᠬᠡᠳ᠎ᠦᠨ ᠠᠰᠠᠷᠠᠮᠵᠢ᠎ᠶ᠋ᠢᠨ ᠭᠠᠵᠠᠷ᠎ᠤᠨ ᠳᠠᠷᠤᠭ᠎ᠠ ᠸᠠᠩ ᠪᠦᠦ ᠸᠸᠨ ᠤᠬᠠᠭᠤᠯᠤᠨ ᠲᠠᠢᠯᠪᠤᠷᠢᠯᠠᠬᠤ ᠮᠡᠳᠡᠭᠦᠯᠦᠯᠲᠡ᠎ᠶ᠋ᠢ ᠰᠡᠳᠭᠢᠯ ᠳᠠᠯᠪᠢᠨ ᠬᠢᠨᠠᠮᠠᠭᠠᠶ ᠰᠣᠨᠣᠰᠪᠠ᠃ ᠲᠡᠷᠡ ᠂ ᠬᠦᠴᠢᠷᠳᠡᠯ᠎ᠳᠦ ᠲᠤᠯᠭᠠᠷᠠᠭ᠍ᠰᠠᠨ ᠬᠡᠦᠬᠡᠳ᠎ᠢ ᠲᠥᠷᠥᠯ ᠬᠤᠪᠢᠶᠠᠨ ᠪᠠᠲᠤᠯᠠᠬᠤ ᠲᠥᠷᠥ᠎ᠶ᠋ᠢᠨ ᠪᠣᠳᠣᠯᠭ᠎ᠠ᠎ᠶ᠋ᠢ ᠲᠠᠰᠤᠷᠠᠯᠲᠠ ᠥᠬᠡᠶ ᠲᠡᠭᠦᠯᠳᠡᠷᠵᠢᠭᠦᠯᠵᠦ᠍ ᠂ ᠬᠡᠷ᠎ᠲᠡᠬᠡᠨ ᠬᠣᠴᠣᠷᠤᠭ᠍ᠰᠠᠨ ᠬᠡᠦᠬᠡᠳ᠂ ᠬᠦᠴᠢᠷᠳᠡᠯ᠎ᠳᠦ ᠲᠤᠯᠭᠠᠷᠠᠭ᠍ᠰᠠᠨ ᠬᠡᠦᠬᠡᠳ᠎ᠢ ᠬᠠᠯᠠᠮᠵᠢᠯᠠᠨ ᠬᠠᠢᠷᠠᠯᠠᠬᠤ ᠦᠶ᠋ᠯᠡᠴᠢᠯᠡᠭᠡᠨ᠎ᠦ ᠱᠢᠰᠲ᠋ᠧᠮ᠎ᠢ ᠪᠦᠷᠢᠨᠱᠢᠬᠦᠯᠵᠤ᠂ ᠬᠡᠦᠬᠡᠳ᠎ᠦᠨ ᠠᠰᠠᠷᠠᠮᠵᠢ᠎ᠶ᠋ᠢᠨ ᠪᠠᠢᠭᠤᠯᠤᠮᠵᠢ᠎ᠶ᠋ᠢᠨ ᠶᠠᠰᠤ ᠴᠢᠨᠠᠷ᠎ᠢ ᠱᠢᠯᠢᠳᠡᠭ᠌ᠵᠢᠭᠦᠯᠦᠨ ᠳᠡᠭᠡᠭ᠌ᠰᠢᠯᠡᠭᠦᠯᠬᠦ᠌᠎ᠶ᠋ᠢ ᠲᠦᠷᠭᠡᠳᠭᠡᠨ ᠠᠬᠢᠭᠤᠯᠵᠤ ᠂ ᠨᠠᠰᠤᠨ᠎ᠳᠤ ᠥᠯᠥ᠍ ᠭᠦᠷᠦᠭ᠌ᠰᠡᠳ ᠎ᠢ ᠬᠠᠮᠠᠭᠠᠯᠠᠬᠤ ᠠᠵᠢᠯ ᠎ᠤᠨ ᠵᠢᠭ᠍ᠰᠠᠭᠠᠯ᠎ᠤᠨ ᠭᠠᠵᠠᠷ᠎ᠤᠨ ᠪᠥᠲᠥᠭᠡᠨ ᠪᠠᠢᠭᠤᠯᠤᠯᠲᠠ ᠵᠡᠷᠭᠡ᠎ᠶ᠋ᠢ ᠴᠢᠩᠭᠠᠳᠭᠠᠵᠤ ᠂ ᠬᠦᠴᠢᠷᠳᠡᠯ᠎ᠳᠦ ᠲᠤᠯᠭᠠᠷᠠᠭ᠍ᠰᠠᠨ ᠬᠡᠦᠬᠡᠳ ᠪᠣᠯᠤᠨ ᠨᠠᠰᠤᠨ᠎ᠳᠤ ᠥᠯᠥ᠍ ᠭᠦᠷᠦᠭ᠌ᠰᠡᠳ᠎ᠲᠦ ᠦᠰᠦᠨ ᠪᠣᠢᠵᠢᠵᠤ ᠴᠢᠳᠠᠪᠤᠷᠢᠲᠠᠨ ᠪᠣᠯᠬᠤ ᠴᠢᠨᠠᠷ ᠰᠠᠢᠲᠠᠶ ᠣᠷᠴᠢᠨ ᠲᠣᠭᠣᠷᠢᠨ ᠎ᠢ ᠨᠠᠩ ᠰᠠᠢᠲᠤᠷ ᠪᠣᠶ ᠪᠣᠯᠭᠠᠵᠤ ᠥᠭ᠌ᠭᠦᠨ᠎ᠠ ᠭᠡᠵᠦ᠍ ᠢᠯᠡᠳᠭᠡᠪᠡ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠴᠠᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠰᠢᠨ᠎ᠡ ᠰᠡᠳᠬᠢᠭᠳᠡᠯ ᠪᠢᠴᠢᠬᠦ᠄
ᠬᠠᠮᠤᠭ᠎ᠤᠨ ᠰᠢᠨ᠎ᠡ ᠸᠢᠳᠢᠤ᠋
ᠬᠠᠮᠤᠭ᠎ᠤᠨ ᠰᠢᠨ᠎ᠡ ᠵᠢᠷᠤᠭ

2008-2018 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635372

ᠢᠮᠧᠯ᠄tn@mgyxw.net   蒙ICP备10000005号