ᠬᠣᠯᠪᠣᠯᠳᠤᠨ ᠨᠡᠪᠲᠡᠷᠡᠯᠴᠡᠬᠦ᠌ ᠭᠦᠨᠵᠡᠭᠡᠶ ᠨᠡᠭᠡᠭᠡᠯᠲᠡᠲᠦ ᠬᠢᠯᠢ ᠵᠢᠨ ᠪᠤᠭᠤᠮᠲᠠ ᠪᠠ ᠳᠤᠲᠤᠷ ᠭᠠᠵᠠᠷ ᠎ᠢ ᠨᠢᠭᠡ ᠴᠣᠭ᠍ᠴᠠᠵᠢᠭᠤᠯᠤᠭᠰᠠᠨ ᠪᠣᠭᠣᠮᠲᠠ ᠵᠢᠨ ᠱᠢᠨ᠎ᠡ ᠪᠠᠢᠷᠢᠱᠢᠯ᠎ᠢ ᠪᠠᠢᠭᠤᠯᠤᠨ᠎ᠠ
2022-12-06 11:35:25
ᠵᠣᠬᠢᠶᠠᠭ᠍ᠴᠢ᠄
​ ᠯᠢ ᠢᠦᠶ ᠵᠦᠸᠸ
ᠣᠩᠱᠢᠭ᠍ᠰᠠᠨ ᠣᠳᠠᠭ᠎ᠠ᠄
★★★☆☆

ᠨᠠᠮ ᠤ᠋ᠨ ᠬᠣᠷᠢᠳᠤᠭᠠᠷ ᠶᠡᠬᠡ ᠬᠤᠷᠠᠯ ᠤ᠋ᠨ ᠵᠣᠷᠢᠭ ᠰᠠᠨᠠᠭ᠎ᠠ ᠵᠢ ᠬᠡᠷᠬᠢᠨ ᠪᠦᠬᠦ᠌ ᠲᠠᠯ᠎ᠠ᠎ᠪᠠᠷ ᠰᠠᠢᠲᠤᠷ ᠲᠤᠭᠤᠰᠢᠯᠠᠭᠤᠯᠤᠨ ᠨᠠᠢᠳᠠᠪᠤᠷᠢᠵᠢᠭᠤᠯᠬᠤ ᠪᠤᠢ? ᠬᠡᠷᠬᠢᠨ ᠥᠪᠡᠷᠲᠡᠭᠡᠨ ᠵᠠᠰᠠᠬᠤ ᠣᠷᠣᠨ ᠤ᠋ ᠨᠠᠮ ᠤ᠋ᠨ ᠬᠣᠷᠢᠶᠠᠨ ᠤ᠋ ᠠᠷᠪᠠᠨ ᠨᠢᠭᠡᠳᠦᠭᠡᠷ ᠬᠤᠭᠤᠴᠠᠭᠠᠨ ᠤ᠋ ᠳᠥᠷᠪᠡᠳᠦᠭᠡᠷ ᠪᠥᠬᠥᠳᠡ ᠬᠤᠷᠠᠯ ᠤ᠋ᠨ ᠱᠠᠭᠠᠷᠳᠠᠯᠭ᠎ᠠ ᠶᠣᠰᠣᠭᠠᠷ ᠂ ᠨᠠᠮ ᠤ᠋ᠨ ᠬᠣᠷᠢᠳᠤᠭᠠᠷ ᠶᠡᠬᠡ ᠬᠤᠷᠠᠯ ᠤ᠋ᠨ ᠵᠣᠷᠢᠭ ᠰᠠᠨᠠᠭ᠎ᠠ ᠵᠢ ᠬᠢᠯᠢ ᠵᠢᠨ ᠪᠣᠭᠣᠮᠲᠠ᠎ᠵᠢᠨ ᠬᠤᠳᠠ ᠳ᠋ᠦ᠍ ᠨᠠᠢᠳᠠᠪᠤᠷᠢᠵᠢᠭᠤᠯᠬᠤ ᠪᠣᠶ? ᠰᠤᠷᠪᠤᠯᠵᠢᠯᠠᠭ᠍ᠴᠢ ᠲᠦᠷᠦᠭᠦᠬᠡᠨ ᠬᠥᠯᠥᠨ ᠪᠣᠢᠷ ᠬᠣᠲᠠ ᠵᠢᠨ ᠨᠠᠮ ᠤ᠋ᠨ ᠬᠣᠷᠢᠶᠠᠨ ᠤ᠋ ᠪᠠᠢᠩᠭᠤ ᠵᠢᠨ ᠭᠡᠱᠢᠭᠦᠨ ᠂ ᠮᠠᠨᠵᠤᠤᠷ ᠬᠣᠲᠠ ᠵᠢᠨ ᠨᠠᠮ ᠤ᠋ᠨ ᠬᠣᠷᠢᠶᠠᠨ ᠤ᠋ ᠱᠦᠵᠢ ᠢᠦᠶ ᠸᠧᠶ ᠳ᠋ᠦᠩ᠎ᠢ ᠰᠤᠷᠪᠤᠯᠵᠢᠯᠠᠪᠠ ᠃

ᠢᠦᠢ ᠸᠧᠢ ᠳ᠋ᠦᠩ ᠶᠠᠷᠢᠬᠤ ᠳ᠋ᠠᠭᠠᠨ᠂ ᠪᠠᠭ᠎ᠠ ᠨᠡᠭᠦᠷᠡᠰᠦᠲᠥ᠋ᠷᠥᠭ᠌ᠴᠢᠳᠦ ᠡᠷᠬᠢᠯᠳᠡᠳᠤ ᠂ ᠡᠶ᠎ᠡ ᠵᠣᠬᠢᠴᠠᠩᠭᠤᠢ ᠬᠠᠮᠲᠤ ᠪᠡᠷ ᠣᠷᠣᠱᠢᠬᠤ ᠪᠣᠬᠢᠷᠲᠤᠯ ᠦᠭᠡᠢ ᠬᠤᠳᠠ ᠵᠢ ᠪᠠᠢᠭᠤᠯᠬᠤ ᠳ᠋ᠦ᠍ ᠰᠠᠭᠤᠷᠢᠯᠠᠵᠤ ᠂ ᠮᠠᠨᠵᠤᠤᠷ ᠬᠤᠳᠠ ᠵᠢᠨ ᠬᠢᠨ ᠰᠢ ᠵᠢᠨ ᠫᠢᠩ᠎ᠦᠨ ᠠᠮᠢ ᠠᠬᠤᠢ ᠵᠢᠨ ᠪᠣᠯᠪᠠᠰᠤᠨ ᠤ᠋ ᠦᠵᠡᠯ ᠰᠠᠨᠠᠭ᠎ᠠ ᠵᠢ ᠭᠦᠨᠵᠡᠭᠡᠢ ᠲᠤᠭᠤᠱᠢᠯᠠᠭᠤᠯᠤᠨ ᠨᠠᠢᠳᠠᠪᠤᠷᠢᠵᠢᠭᠤᠯᠵᠤ᠂ ᠠᠮᠢ ᠠᠬᠤᠢ ᠵᠢ ᠤᠷᠢᠳ᠎ᠢᠶᠠᠷ ᠪᠣᠳᠣᠯᠬᠢᠯᠠᠬᠤ ᠂ ᠠᠷᠪᠢᠯᠠᠨ ᠭᠠᠮᠨᠠᠵᠦ ᠡᠷᠴᠢᠮᠵᠢᠭᠦᠯᠬᠦ᠌ ᠂ ᠪᠣᠬᠢᠷᠲᠤᠯ ᠦᠭᠡᠢ ᠪᠠᠭ᠎ᠠ ᠨᠡᠭᠦᠷᠡᠰᠦᠲᠥ᠋ᠷᠥᠭ᠌ᠴᠢᠳᠦ  ᠬᠥᠭ᠌ᠵᠢᠯᠲᠡ ᠵᠢ ᠪᠠᠷᠢᠮᠲᠠᠯᠠᠵᠤ ᠂ ᠠᠮᠢ ᠠᠬᠤᠢ ᠣᠷᠴᠢᠨ ᠲᠣᠭᠣᠷᠢᠨ ᠤ᠋ ᠬᠠᠮᠠᠭᠠᠯᠠᠯᠲᠠ ᠵᠢ ᠤᠬ᠍ᠳᠤ ᠭᠤᠢᠪᠢᠰᠢ ᠦᠭᠡᠢ  ᠲᠡᠷᠢᠭᠦᠨ ᠪᠠᠢᠷᠢᠨ᠎ᠳᠦ ᠲᠠᠯᠪᠢᠨ᠎ᠠ ᠃ ᠦᠶ᠋ᠯᠡᠳᠪᠦᠷᠢᠯᠡᠯ ᠠᠮᠢᠳᠤᠷᠠᠯ ᠤ᠋ᠨ ᠠᠷᠭ᠎ᠠ ᠬᠡᠯᠪᠡᠷᠢ ᠵᠢᠨ ᠪᠣᠬᠢᠷᠲᠤᠯ ᠥᠬᠡᠶ ᠳᠡᠢᠰᠢ ᠬᠤᠪᠢᠷᠠᠭᠤᠯᠬᠤ ᠵᠢ ᠲᠦᠷᠭᠡᠳᠭᠡᠵᠦ᠍᠂ ᠪᠣᠬᠢᠷᠲᠤᠯ ᠥᠬᠡᠶ ᠪᠠᠭ᠎ᠠ  ᠨᠡᠭᠦᠷᠡᠰᠦᠲᠥ᠋ᠷᠥᠭ᠌ᠴᠢᠲᠦ ᠠᠵᠤ ᠦᠶ᠋ᠯᠡᠰ᠎ᠢ ᠬᠥᠭ᠌ᠵᠢᠭᠦᠯᠦᠨ᠂ ᠪᠣᠬᠢᠷᠲᠤᠯ ᠥᠬᠡᠶ ᠬᠡᠷᠡᠭ᠌ᠯᠡᠭᠡ ᠵᠢ ᠰᠠᠨᠠᠭᠠᠴᠢᠯᠠᠵᠤ᠂ ᠪᠥᠬᠥ᠌ ᠲᠠᠯ᠎ᠠ᠎ᠪᠠᠷ ᠠᠷᠪᠢᠯᠠᠬᠤ ᠪᠠᠢᠯᠳᠤᠬᠤ ᠪᠣᠳᠣᠯᠭ᠎ᠠ ᠵᠢ ᠨᠠᠢᠳᠠᠪᠤᠷᠢᠵᠢᠭᠤᠯᠤᠨ᠂ ᠡᠯ᠎ᠡ ᠲᠥᠷᠥᠯ᠎ᠦᠨ ᠡᠬᠢ ᠪᠠᠶᠠᠯᠢᠭ᠎ᠢ ᠠᠷᠪᠢᠯᠠᠨ ᠭᠠᠮᠨᠠᠵᠤ ᠡᠷᠴᠢᠮᠵᠢᠭᠦᠯᠦᠨ ᠠᠱᠢᠭ᠍ᠯᠠᠬᠤ ᠵᠢ ᠠᠬᠢᠭᠤᠯᠵᠤ ᠂ ᠪᠣᠬᠢᠷᠲᠤᠯ ᠥᠬᠡᠶ ᠪᠠᠢᠬᠤ ᠵᠢ ᠴᠢᠨᠠᠷ ᠰᠠᠢᠲᠠᠶ ᠬᠥᠭ᠌ᠵᠢᠯᠲᠡ ᠵᠢᠨ ᠰᠠᠭᠤᠷᠢ ᠥᠩᠭᠡ ᠪᠣᠯᠭᠠᠨ᠎ᠠ ᠃  ᠭᠤᠤᠯ ᠮᠥᠷᠡᠨ ᠨᠠᠭᠤᠷ ᠴᠥᠭᠥᠷᠥᠮ᠎ᠦᠨ ᠳᠠᠷᠤᠭ᠎ᠠ ᠵᠢᠨ ᠲᠦᠷᠢᠮ ᠂ ᠣᠶ ᠱᠢᠭᠤᠶ ᠡᠪᠡᠰᠦ ᠪᠡᠯᠴᠢᠭᠡᠷ᠎ᠦᠨ ᠳᠠᠷᠤᠭ᠎ᠠ ᠵᠢᠨ ᠲᠦᠷᠢᠮ᠎ᠢ ᠪᠥᠬᠥ᠌ ᠲᠠᠯ᠎ᠠ᠎ᠪᠠᠷ ᠠᠬᠢᠭᠤᠯᠤᠨ ᠨᠠᠢᠳᠠᠪᠤᠷᠢᠵᠢᠭᠤᠯᠵᠤ ᠂ ᠬᠠᠷᠢᠶ᠎ᠠ ᠣᠷᠣᠨ ᠤ᠋ ᠳᠣᠲᠣᠷᠠᠬᠢ ᠬᠥᠯᠥᠨ ᠨᠠᠭᠤᠷ᠎ᠢ ᠶᠡᠷᠦᠩᠬᠡᠢᠯᠡᠨ ᠵᠠᠰᠠᠬᠤ ᠵᠢ ᠢᠳᠡᠪᠬᠢᠲᠡᠶ ᠠᠬᠢᠭᠤᠯᠤᠨ ᠂ ᠨᠤᠲᠤᠭ ᠪᠡᠯᠴᠢᠭᠡᠷ ᠣᠢᠲᠤ ᠭᠠᠵᠠᠷ ᠤ᠋ᠨ ᠠᠮᠢ ᠠᠬᠤᠶ ᠣᠷᠴᠢᠨ ᠲᠣᠭᠣᠷᠢᠨ ᠤ᠋ ᠬᠠᠮᠠᠭᠠᠯᠠᠯᠲᠠ ᠵᠢ ᠪᠥᠬᠥ᠌ ᠲᠠᠯ᠎ᠠ᠎ᠪᠠᠷ ᠴᠢᠩᠭᠠᠳᠭᠠᠵᠤ ᠂ 《ᠲᠠᠷᠠᠬᠠᠶ ᠪᠤᠲᠠᠷᠬᠠᠶ ᠡᠮᠬᠢ ᠵᠠᠮᠪᠠᠷᠠᠭ᠎ᠠ ᠥᠬᠡᠶ ᠪᠣᠬᠢᠷᠲᠤᠯ᠎ᠲᠠᠶ 》 ᠠᠵᠤ ᠦᠶ᠋ᠯᠡᠳᠪᠦᠷᠢ ᠵᠢᠨ ᠠᠵᠤ ᠠᠬᠤᠢᠯᠠᠯ᠎ᠢ ᠶᠡᠷᠦᠩᠬᠡᠢᠯᠡᠨ ᠴᠡᠭᠴᠡᠯᠡᠨ ᠵᠠᠰᠠᠬᠤ ᠵᠢ ᠯᠠᠪᠳᠠᠭᠤᠨ ᠪᠠᠲᠤᠲᠠᠶ ᠥᠷᠨᠢᠭᠦᠯᠦᠨ᠎ᠡ ᠃ ᠠᠮᠢ ᠠᠬᠤᠢ ᠵᠢᠨ ᠬᠠᠮᠠᠭᠠᠯᠠᠯᠲᠠ ᠵᠢᠨ ᠤᠯᠠᠭᠠᠨ ᠱᠤᠭᠤᠮ ᠪᠠ ᠬᠣᠲᠠ ᠪᠠᠯᠭᠠᠰᠤ ᠵᠢ ᠨᠡᠭᠡᠭᠡᠨ ᠬᠥᠭ᠌ᠵᠢᠭᠦᠯᠬᠦ᠌ ᠵᠠᠭᠠᠭ᠎ᠢ᠋ ᠪᠠᠲᠤ  ᠰᠠᠬᠢᠵᠤ ᠂ ᠠᠮᠢ ᠠᠬᠤᠢ ᠵᠢᠨ ᠣᠷᠣᠨ ᠵᠠᠢ ᠵᠢᠨ ᠬᠠᠮᠠᠭᠠᠯᠠᠯᠲᠠ ᠵᠢ ᠴᠢᠩᠭᠠᠳᠭᠠᠵᠤ ᠂ ᠣᠷᠴᠢᠨ ᠲᠣᠭᠣᠷᠢᠨ ᠤ᠋ ᠪᠣᠬᠢᠷᠲᠤᠯ ᠤ᠋ᠨ ᠲᠣᠪᠣᠢᠮ᠎ᠠ ᠠᠰᠠᠭᠤᠳᠠᠯ᠎ᠢ ᠴᠢᠩᠭ᠎ᠠ ᠠᠩᠬᠠᠷᠴᠤ᠌ ᠂ ᠱᠢᠨᠵᠢᠯᠡᠬᠦ᠌ ᠤᠬᠠᠭᠠᠨᠴᠢ᠎ᠪᠠᠷ ᠪᠣᠬᠢᠷᠲᠤᠯ᠎ᠢ ᠵᠠᠰᠠᠬᠤ ᠂ ᠨᠠᠷᠢᠯᠢᠭ ᠣᠨᠣᠴᠠᠳᠠᠢ ᠎ᠪᠠᠷ ᠪᠣᠬᠢᠷᠲᠤᠯ᠎ᠢ ᠵᠠᠰᠠᠬᠤ ᠂ ᠵᠢᠷᠤᠮᠵᠢᠯ᠎ᠲᠠᠶ᠎ᠪᠠᠷ ᠪᠣᠬᠢᠷᠲᠤᠯ᠎ᠢ ᠵᠠᠰᠠᠬᠤ ᠂ ᠬᠠᠲᠠᠭᠤ ᠴᠢᠩᠭ᠎ᠠ ᠠᠷᠭ᠎ᠠ ᠬᠡᠮᠵᠢᠶ᠎ᠡ ᠪᠡᠷ ᠪᠣᠬᠢᠷᠲᠤᠯ᠎ᠢ ᠵᠠᠰᠠᠬᠤ ᠵᠢ ᠪᠠᠷᠢᠮᠲᠠᠯᠠᠵᠤ ᠂ ᠠᠮᠢ ᠠᠬᠤᠢ ᠣᠷᠴᠢᠨ ᠲᠣᠭᠣᠷᠢᠨ ᠤ᠋ ᠶᠠᠰᠤ ᠴᠢᠨᠠᠷ᠎ᠢ᠋ ᠦᠨᠡᠨ ᠬᠦ᠌ ᠳᠡᠭᠡᠭ᠌ᠰᠢᠯᠡᠭᠦᠯᠦᠨ᠎ᠡ᠃ ᠨᠡᠭᠦᠷᠡᠰᠦᠲᠥ᠋ᠷᠥᠭ᠌ᠴᠢ᠎ᠵᠢᠨ ᠭᠠᠳᠠᠭᠰᠢᠯᠠᠭᠤᠯᠤᠯᠳᠠ ᠤᠷᠬᠢᠯ ᠬᠡᠮᠵᠢᠭᠳᠡᠯ᠎ᠳᠦ ᠬᠦᠷᠬᠦ᠂ ᠨᠡᠭᠦᠷᠡᠰᠦᠲᠥ᠋ᠷᠥᠭ᠌ᠴᠢ ᠵᠢ ᠰᠠᠭᠠᠷᠮᠠᠭ᠍ᠵᠢᠭᠤᠯᠬᠤ ᠠᠵᠢᠯ ᠤ᠋ᠨ ᠪᠠᠢᠷᠢᠯᠠᠭᠤᠯᠤᠯᠲᠠ ᠵᠢ ᠭᠦᠨᠵᠡᠭᠡᠢ ᠨᠠᠢᠳᠠᠪᠤᠷᠢᠵᠢᠭᠤᠯᠵᠤ ᠂ ᠠᠮᠢ ᠠᠬᠤᠢ ᠵᠢ ᠤᠷᠢᠳ᠎ᠵᠢᠡᠷ ᠪᠤᠳᠤᠯᠬᠢᠯᠠᠬᠤ ᠂ ᠠᠷᠪᠢᠯᠠᠨ ᠭᠠᠮᠨᠠᠵᠤ ᠡᠷᠴᠢᠮᠵᠢᠭᠦᠯᠬᠦ᠌ ᠂ ᠪᠣᠬᠢᠷᠲᠤᠯ ᠦᠭᠡᠢ ᠪᠠᠭ᠎ᠠ ᠨᠡᠭᠦᠷᠡᠰᠦᠲᠥ᠋ᠷᠥᠭ᠌ᠴᠢᠲᠦ ᠬᠥᠭ᠌ᠵᠢᠯᠲᠡ ᠵᠢ ᠪᠦᠬᠦ᠌ ᠬᠦᠴᠦᠨ᠎ᠢᠶᠡᠷ ᠠᠬᠢᠭᠤᠯᠵᠤ ᠂ ᠮᠠᠨᠵᠤᠤᠷ ᠤ᠋ᠨ ᠨᠤᠮᠢᠨ ᠨᠣᠭᠣᠭᠠᠨ ᠂ ᠴᠡᠩᠬᠡᠷ ᠬᠥᠬᠡ ᠂ ᠠᠷᠢᠭᠤᠨ ᠴᠡᠪᠡᠷ᠎ᠢ ᠡᠷᠡᠰ ᠬᠠᠮᠠᠭᠠᠯᠠᠨ᠎ᠠ ᠭᠡᠵᠦ ᠬᠡᠯᠡᠪᠡ ᠃

ᠪᠥᠲᠥᠭᠡᠨ ᠪᠠᠢᠭᠤᠯᠤᠯᠲᠠ ᠵᠢᠨ ᠳᠤᠮᠳᠠᠬᠢ ᠤᠮᠠᠷᠠᠰᠢ ᠨᠡᠭᠡᠭᠡᠯᠲᠡ ᠬᠢᠬᠦ᠌ ᠪᠡᠬᠢᠯᠡᠯᠲᠡ ᠪᠣᠯᠤᠭ᠍ᠰᠠᠨ ᠤ᠋ ᠬᠤᠪᠢ ᠳ᠋ᠦ᠍ ᠂ ᠮᠠᠨᠵᠤᠤᠷ ᠬᠤᠳᠠ ᠨᠡᠭᠡᠭᠡᠯᠲᠡ ᠬᠢᠬᠦ᠌ ᠵᠢ ᠬᠡᠷᠬᠢᠨ ᠠᠬᠢᠭᠤᠯᠬᠤ ᠪᠣᠶ? ᠡᠨᠡ ᠲᠤᠬᠠᠢ ᠢᠦᠶ ᠸᠧᠶ ᠳ᠋ᠦᠩ ᠂ ᠴᠢᠨᠠᠷ ᠰᠠᠢᠲᠠᠶ ᠬᠥᠭ᠌ᠵᠢᠯᠲᠡ ᠪᠡᠷ ᠪᠥᠬᠥ᠌ ᠲᠠᠯ᠎ᠠ ᠵᠢ ᠶᠡᠷᠦᠩᠬᠡᠢᠯᠡᠨ ᠵᠢᠯᠣᠭᠣᠳᠭᠤ ᠵᠢ ᠪᠠᠷᠢᠮᠲᠠᠯᠠᠵᠤ᠂ ᠠᠵᠤ ᠦᠶ᠋ᠯᠡᠰ᠎ᠦᠨ ᠬᠡᠯᠪᠡᠷᠢ᠎ᠪᠡᠨ ᠬᠤᠪᠢᠷᠠᠭᠤᠯᠤᠨ ᠬᠥᠭ᠌ᠵᠢᠬᠦ᠌ ᠵᠢ ᠲᠦᠷᠭᠡᠳᠭᠡᠨ᠂ ᠣᠳᠣᠬᠢᠴᠢᠯᠠᠭ᠍ᠰᠠᠨ ᠠᠵᠤ ᠦᠶ᠋ᠯᠡᠰ᠎ᠦᠨ ᠱᠢᠰᠲ᠋ᠧᠮ᠎ᠢ ᠪᠠᠢᠭᠤᠯᠵᠤ᠂ ᠠᠵᠤ ᠠᠬᠤᠶ ᠵᠢ ᠬᠥᠭ᠌ᠵᠢᠭᠦᠯᠬᠦ᠌ ᠬᠦᠴᠦᠯᠡᠬᠦ᠌ ᠴᠡᠭ᠎ᠢ ᠪᠣᠳᠠᠲᠤ ᠴᠣᠭ᠍ᠴᠠ ᠵᠢᠨ ᠠᠵᠤ ᠠᠬᠤᠶ ᠳᠡᠭᠡᠷ᠎ᠡ ᠲᠠᠯᠪᠢᠬᠤ ᠵᠢ ᠪᠠᠷᠢᠮᠲᠠᠯᠠᠨ᠂ ᠤᠯᠤᠰ ᠤ᠋ᠨ ᠳᠣᠲᠣᠭᠠᠳᠤ ᠭᠠᠳᠠᠭᠠᠳᠤ ᠵᠢᠨ 《ᠬᠤᠤᠰ ᠣᠷᠴᠢᠯ》 ᠤ᠋ᠨ ᠬᠥᠭ᠌ᠵᠢᠯᠲᠡ ᠵᠢᠨ ᠪᠠᠢᠷᠢᠱᠢᠯ ᠳ᠋ᠦ᠍ ᠲᠦᠷᠭᠡᠨ ᠠᠭᠤᠰᠤᠯᠴᠠᠵᠤ᠂ ᠱᠢᠨ᠎ᠡ ᠬᠥᠭ᠌ᠵᠢᠯᠲᠡ ᠵᠢᠨ ᠪᠠᠢᠷᠢᠱᠢᠯ᠎ᠲᠠᠶ ᠵᠣᠬᠢᠴᠠᠵᠤ ᠂ ᠣᠷᠴᠢᠨ ᠲᠣᠭᠣᠷᠢᠨ ᠡᠬᠢ ᠪᠠᠶᠠᠯᠢᠭ᠎ᠲᠠᠶ ᠵᠣᠬᠢᠴᠠᠭ᠍ᠰᠠᠨ ᠪᠣᠭᠣᠮᠲᠠ ᠵᠢᠨ ᠤᠨᠴᠠᠯᠢᠬ᠍ᠳᠤ ᠳᠠᠪᠠᠭᠤᠯᠢᠭ ᠠᠵᠤ ᠦᠶ᠋ᠯᠡᠰ᠎ᠦᠨ ᠱᠢᠰᠲ᠋ᠧᠮ᠎ᠢ ᠲᠦᠷᠭᠡᠳᠭᠡᠨ ᠪᠦᠷᠢᠯᠳᠦᠭᠦᠯᠦᠨ᠎ᠡ᠃  ᠪᠣᠭᠣᠮᠲᠠ ᠵᠢᠨ ᠴᠢᠨᠠᠷ ᠰᠠᠢᠲᠠᠶ ᠬᠥᠭ᠌ᠵᠢᠯᠲᠡ ᠵᠢ ᠠᠬᠢᠭᠤᠯᠵᠤ ᠂ ᠪᠣᠭᠣᠮᠲᠠ ᠵᠢᠨ ᠰᠠᠭᠤᠷᠢ ᠲᠦᠭᠦᠭᠡᠷᠦᠮᠵᠢ ᠵᠢᠨ ᠪᠥᠲᠥᠭᠡᠨ ᠪᠠᠢᠭᠤᠯᠤᠯᠲᠠ ᠵᠢᠨ ᠡᠷᠴᠢᠮ᠎ᠢ ᠴᠢᠩᠭᠠᠷᠠᠭᠤᠯᠤᠨ ᠂ ᠮᠠᠨᠵᠤᠤᠷ ᠤ᠋ᠨ ᠣᠯᠠᠨ ᠤᠯᠤᠰ ᠤ᠋ᠨ ᠡᠬᠡ ᠬᠠᠭᠤᠷᠠᠶ ᠵᠢᠨ ᠭᠠᠷᠠᠮ ᠤ᠋ᠨ ᠲᠥᠯᠥᠪᠵᠢᠭᠦᠯᠭᠡ ᠵᠢᠨ ᠪᠥᠲᠥᠭᠡᠨ ᠪᠠᠢᠭᠤᠯᠤᠯᠲᠠ ᠵᠢ ᠪᠥᠬᠥ᠌ ᠬᠦᠴᠦᠨ᠎ᠢᠶᠡᠷ᠎ᠢᠶᠡᠨ ᠠᠬᠢᠭᠤᠯᠵᠤ᠂ ᠣᠯᠠᠨ ᠤᠯᠤᠰ ᠤ᠋ᠨ ᠠᠷᠠᠯᠵᠢᠶ᠎ᠠ ᠂ ᠪᠠᠷᠠᠭᠠᠨ ᠤ᠋ ᠭᠦᠶ᠋ᠯᠭᠡᠭᠡ ᠵᠢᠨ ᠬᠥᠮᠥᠷᠭᠡ᠂ ᠡᠳ᠋ᠱᠢᠭᠦᠯᠦᠨ ᠦᠶ᠋ᠯᠡᠳᠬᠦ᠌ ᠵᠢ ᠨᠢᠭᠡ ᠴᠣᠭ᠍ᠴᠠᠵᠢᠭᠤᠯᠤᠭ᠍ᠰᠠᠨ ᠣᠯᠠᠨ ᠤᠯᠤᠰ ᠤ᠋ᠨ ᠪᠠᠷᠠᠭᠠᠨ ᠤ᠋ ᠭᠦᠶ᠋ᠯᠭᠡᠭᠡ ᠵᠢᠨ ᠲᠥᠪᠯᠡᠷᠡᠭᠦᠯᠵᠦ᠍ ᠲᠠᠷᠬᠠᠭᠠᠬᠤ ᠲᠥᠪ᠎ᠢ ᠬᠦᠴᠦᠯᠡᠨ ᠪᠠᠢᠭᠤᠯᠤᠨ᠎ᠠ᠃ 《ᠨᠢᠭᠡ ᠪᠦᠰᠡ ᠨᠢᠭᠡ ᠵᠠᠮ》 ᠪᠠ ᠳᠤᠮᠳᠠᠳᠤ ᠮᠣᠩᠭᠣᠯ ᠣᠷᠣᠰ ᠤ᠋ᠨ ᠠᠵᠤ ᠠᠬᠤᠶ ᠵᠢᠨ ᠬᠣᠩᠭᠢᠯ ᠤ᠋ᠨ ᠪᠥᠲᠥᠭᠡᠨ ᠪᠠᠢᠭᠤᠯᠤᠯᠲᠠ ᠳ᠋ᠦ᠍ ᠰᠠᠨᠠᠭᠠᠴᠢᠯᠠᠭ᠎ᠠ ᠡᠴᠡ ᠪᠡᠨ ᠠᠭᠤᠰᠤᠯᠴᠠᠨ ᠦᠶ᠋ᠯᠡᠴᠢᠯᠡᠵᠦ᠍᠂ ᠣᠷᠣᠰ ᠮᠣᠩᠭᠣᠯ᠎ᠯᠤᠭ᠎ᠠ ᠵᠢᠨ ᠬᠥᠷᠰᠢ ᠵᠡᠷᠭᠡᠯᠡᠳᠡᠭᠡ ᠭᠠᠵᠠᠷ ᠣᠷᠣᠨ ᠤ᠋ ᠣᠯᠠᠨ ᠬᠦᠷᠢᠶ᠎ᠡ ᠴᠠᠷᠠᠭ᠎ᠠ ᠵᠢᠨ ᠬᠠᠮᠲᠤᠷᠠᠯᠴᠠᠭ᠎ᠠ ᠵᠢ ᠪᠥᠬᠥ᠌ ᠲᠠᠯ᠎ᠠ᠎ᠪᠠᠷ ᠴᠢᠩᠭᠠᠳᠭᠠᠨ ᠂ ᠳᠤᠮᠳᠠᠳᠤ ᠧᠦ᠋ᠷᠣᠫᠠ ᠵᠢᠨ ᠵᠢᠱᠢᠶᠠᠨ ᠤ᠋ ᠭᠠᠯᠲᠤ ᠲᠡᠷᠭᠡ ᠵᠢᠨ ᠬᠡᠮᠵᠢᠶ᠎ᠡ ᠵᠢ ᠨᠡᠮᠡᠭ᠌ᠳᠡᠭᠦᠯᠦᠨ ᠪᠠᠭ᠍ᠲᠠᠭᠠᠮᠵᠢ ᠵᠢ ᠥᠷᠭᠡᠳᠭᠡᠬᠦ᠌᠂ ᠶᠠᠰᠤ ᠴᠢᠨᠠᠷ᠎ᠢ ᠳᠡᠭᠡᠭ᠌ᠰᠢᠯᠡᠭᠦᠯᠦᠨ ᠦᠷ᠎ᠡ ᠠᠱᠢᠭ᠎ᠢ ᠨᠡᠮᠡᠭ᠌ᠳᠡᠭᠦᠯᠬᠦ᠌ ᠵᠢ ᠠᠬᠢᠭᠤᠯᠵᠤ ᠂ ᠬᠢᠯᠢ ᠰᠤᠨᠳᠠᠯᠠᠭᠰᠠᠨ ᠡᠯᠧᠺᠲ᠋ᠷᠣᠨ ᠬᠤᠳᠠᠯᠳᠤᠭᠠᠨ ᠤ᠋ ᠶᠠᠪᠤᠳᠠᠯ ᠤ᠋ᠨ ᠶᠡᠷᠦᠩᠬᠡᠢᠯᠡᠭ᠌ᠰᠡᠨ ᠲᠤᠷᠱᠢᠯᠲᠠ ᠵᠢᠨ ᠲᠣᠭᠣᠷᠢᠭ ᠤ᠋ᠨ ᠪᠥᠲᠥᠭᠡᠨ ᠪᠠᠢᠭᠤᠯᠤᠯᠲᠠ ᠵᠢ ᠲᠦᠷᠭᠡᠳᠭᠡᠨ᠂ 《ᠮᠠᠨᠵᠤᠤᠷ — ᠤᠯᠠᠭᠠᠨ ᠡᠭᠦᠳᠡ — ᠤᠯᠠᠭᠠᠨᠪᠠᠭᠠᠲᠤᠷ — ᠡᠷᠢᠶᠡᠨ ᠬᠣᠲᠠ 》  ᠵᠢᠨ ᠬᠢᠯᠢ  ᠰᠤᠨᠳᠠᠯᠠᠭᠰᠠᠨ ᠠᠵᠤ ᠠᠬᠤᠶ ᠵᠢᠨ ᠬᠠᠮᠲᠤᠷᠠᠯᠴᠠᠭᠠᠨ ᠤ᠋ ᠬᠦᠷᠢᠶ᠎ᠡ᠎ᠵᠢ ᠪᠠᠢᠭᠤᠯᠵᠤ᠂ ᠬᠠᠷᠢᠯᠴᠠᠨ ᠬᠣᠯᠪᠣᠭᠠᠯᠠᠵᠤ ᠬᠠᠷᠢᠯᠴᠠᠨ ᠨᠡᠪᠲᠡᠷᠡᠯᠴᠡᠭ᠌ᠰᠡᠨ᠂ ᠭᠦᠨᠵᠡᠭᠡᠶ ᠨᠡᠭᠡᠭᠡᠯᠲᠡᠲᠦ ᠂ ᠬᠢᠯᠢ ᠵᠢᠨ ᠪᠤᠭᠤᠮᠲᠠ ᠪᠠ ᠳᠤᠲᠤᠷ ᠭᠠᠵᠠᠷ ᠎ᠢ ᠨᠢᠭᠡ ᠴᠣᠭ᠍ᠴᠠᠵᠢᠭᠤᠯᠤᠭ᠍ᠰᠠᠨ ᠪᠣᠭᠣᠮᠲᠠ ᠵᠢᠨ ᠭᠠᠳᠠᠭᠠᠳᠤ ᠨᠡᠭᠡᠭᠡᠯᠲᠡ ᠵᠢᠨ ᠱᠢᠨ᠎ᠡ ᠪᠠᠢᠷᠢᠱᠢᠯ᠎ᠢ ᠪᠠᠢᠭᠤᠯᠤᠨ᠎ᠠ ᠃ ᠵᠢᠭᠤᠯᠴᠢᠯᠠᠯ ᠤ᠋ᠨ ᠡᠬᠢ ᠪᠠᠶᠠᠯᠢᠭ᠎ᠢ ᠤᠯᠠᠮ ᠴᠢᠨᠠᠭᠰᠢᠲᠠ ᠠᠭᠤᠳᠠᠯᠵᠤ ᠂ ᠵᠢᠭᠤᠯᠴᠢᠯᠠᠯ ᠤ᠋ᠨ ᠡᠵᠡᠩᠨᠡᠯᠲᠡ ᠵᠢᠨ ᠪᠠᠢᠳᠠᠯ᠎ᠢ ᠪᠠᠶᠠᠯᠢᠭ᠍ᠵᠢᠭᠤᠯᠤᠨ᠂ ᠪᠥᠬᠥ᠌ ᠣᠷᠣᠨ ᠪᠦᠰᠡ ᠵᠢᠨ ᠵᠢᠭᠤᠯᠴᠢᠯᠠᠯ ᠤ᠋ᠨ ᠭᠦᠨᠵᠡᠭᠡᠢᠷᠡᠨ ᠬᠥᠭ᠌ᠵᠢᠬᠦ᠌ ᠵᠢ ᠠᠬᠢᠭᠤᠯᠤᠨ᠎ᠠ᠃ ᠭᠠᠳᠠᠭᠠᠳᠤ ᠤᠷᠤᠭᠤᠯᠤᠯᠳᠠ᠎ᠵᠢᠨ ᠡᠬᠢ ᠪᠠᠶᠠᠯᠢᠭ᠎ᠢ ᠰᠠᠭᠤᠷᠢᠱᠢᠭᠤᠯᠤᠨ ᠡᠳ᠋ᠱᠢᠭᠦᠯᠬᠦ᠌ ᠂ ᠬᠢᠯᠢ ᠰᠤᠨᠳᠠᠯᠠᠭᠰᠠᠨ ᠡᠯᠧᠺᠲ᠋ᠷᠣᠨ ᠬᠤᠳᠠᠯᠳᠤᠭᠠᠨ ᠤ᠋ ᠶᠠᠪᠤᠳᠠᠯ᠎ᠢ ᠶᠡᠬᠡ ᠪᠡᠷ ᠬᠥᠭ᠌ᠵᠢᠭᠦᠯᠵᠦ᠍᠂ ᠬᠢᠯᠢ ᠰᠤᠨᠳᠠᠯᠠᠭᠰᠠᠨ ᠠᠵᠤ ᠦᠢᠯᠡᠰ᠎ᠦᠨ ᠬᠠᠮᠲᠤᠷᠠᠯᠴᠠᠭᠠᠨ᠎ᠤ ᠪᠦᠯᠦᠭᠵᠢᠯ᠎ᠢ ᠴᠤᠭᠴᠠᠯᠠᠨ᠂ 《ᠠᠵᠤ ᠠᠬᠤᠢ ᠵᠢᠨ ᠨᠡᠪᠲᠡᠷᠡᠯ ᠵᠠᠮ 》 ᠡᠴᠡ《ᠨᠡᠪᠲᠡᠷᠡᠯ ᠵᠠᠮ ᠤ᠋ᠨ ᠠᠵᠤ ᠠᠬᠤᠢ》 ᠲᠡᠢᠰᠢ ᠬᠤᠪᠢᠷᠠᠭᠤᠯᠬᠤ ᠵᠢ ᠠᠬᠢᠭᠤᠯᠤᠨ᠎ᠠ ᠭᠡᠪᠡ᠃

ᠲᠥᠷᠥ᠍ ᠭᠦᠷᠦᠨ ᠪᠣᠯ  ᠠᠷᠠᠳ ᠲᠦᠮᠡᠨ᠂ ᠠᠷᠠᠳ ᠲᠦᠮᠡᠨ ᠪᠣᠯ ᠲᠥᠷᠥ᠍ ᠭᠦᠷᠦᠨ᠃ ᠢᠦᠢ ᠸᠧᠢ ᠳ᠋ᠦᠩ᠂ ᠮᠠᠨᠵᠤᠤᠷ ᠬᠤᠳᠠ᠎ᠵᠢᠨ ᠬᠢᠨ ᠠᠷᠠᠳ ᠲᠦᠮᠡᠨ᠎ᠢᠶᠡᠷ ᠭᠣᠣᠯ ᠪᠣᠯᠭᠠᠬᠤ ᠬᠥᠭ᠌ᠵᠢᠯᠲᠡ ᠵᠢᠨ ᠦᠵᠡᠯ ᠰᠠᠨᠠᠭ᠎ᠠ ᠵᠢ ᠪᠠᠷᠢᠮᠲᠠᠯᠠᠵᠤ᠂ ᠰᠤᠷᠭᠠᠨ ᠬᠥᠮᠦᠵᠢᠯ᠂ ᠡᠮ ᠡᠮᠨᠡᠯᠭᠡ᠂ ᠨᠠᠰᠤᠵᠢᠯ᠂ ᠨᠠᠢᠳᠠᠨ ᠬᠥᠮᠦᠵᠢᠭᠦᠯᠬᠦ᠌ ᠵᠡᠷᠭᠡ ᠠᠷᠠᠳ ᠤ᠋ᠨ ᠠᠮᠢᠳᠤᠷᠠᠯ ᠤ᠋ᠨ ᠬᠦᠷᠢᠶᠡᠨ᠎ᠳᠡᠬᠢ ᠳᠤᠲᠠᠭᠤᠳᠠᠯ᠎ᠢ ᠲᠦᠷᠭᠡᠨ ᠨᠥᠬᠥᠪᠥᠷᠢᠯᠡᠵᠦ᠍ ᠂ ᠤᠯᠠᠨ ᠨᠡᠢᠲᠡ ᠵᠢᠨ ᠦᠢᠯᠡᠴᠢᠯᠡᠭᠡᠨ᠎ᠦ ᠲᠦᠪᠱᠢᠨ᠎ᠢ ᠤᠯᠠᠮ  ᠳᠡᠭᠡᠭ᠌ᠰᠢᠯᠡᠭᠦᠯᠦᠨ᠎ᠡ ᠃ ᠨᠡᠢᠭᠡᠮ᠎ᠦᠨ ᠠᠪᠤᠷᠠᠨ ᠲᠤᠰᠠᠯᠠᠬᠤ ᠲᠦᠷᠢᠮ᠎ᠢ ᠭᠦᠨᠵᠡᠭᠡᠢ ᠨᠠᠢᠳᠠᠪᠤᠷᠢᠵᠢᠭᠤᠯᠵᠤ ᠂ ᠰᠠᠭᠤᠭᠠᠯᠢ ᠠᠷᠠᠳ ᠤ᠋ᠨ ᠠᠮᠢᠳᠤᠷᠠᠯ ᠤ᠋ᠨ ᠨᠠᠭᠠᠳᠤ ᠵᠠᠬ᠎ᠠ ᠵᠢᠨ ᠪᠠᠲᠤᠯᠠᠭ᠎ᠠ ᠵᠢᠨ ᠪᠠᠷᠢᠮᠵᠢᠶ᠎ᠠ ᠵᠢ ᠲᠠᠰᠤᠷᠠᠯᠳᠠ ᠦᠭᠡᠢ ᠳᠡᠭᠡᠭ᠌ᠰᠢᠯᠡᠭᠦᠯᠦᠨ᠂ ᠪᠠᠭᠤᠷᠠᠢᠴᠤᠤᠯ᠂ ᠣᠷᠣᠯᠭ᠎ᠠ ᠪᠠᠭᠠᠲᠠᠢ ᠬᠥᠮᠦᠨ ᠠᠮᠠ ᠵᠡᠷᠭᠡ ᠬᠦᠴᠢᠷᠳᠡᠯᠲᠡᠶ ᠬᠦᠮᠦᠰ ᠤ᠋ᠨ ᠠᠵᠢᠯ ᠣᠯᠭᠣᠯᠲᠠ ᠵᠢᠨ ᠦᠨᠳᠦᠰᠦᠨ ᠵᠦᠢᠯ᠎ᠢ ᠪᠠᠲᠤᠯᠠᠬᠤ ᠠᠵᠢᠯ᠎ᠢ ᠴᠢᠩᠭᠠᠳᠭᠠᠨ᠎ᠠ ᠃ ᠨᠡᠢᠭᠡᠮ᠎ᠦᠨ ᠪᠠᠲᠤᠯᠠᠭ᠎ᠠ ᠵᠢᠨ ᠱᠢᠰᠲᠧᠮ᠎ᠢ᠋ ᠪᠦᠷᠢᠨᠱᠢᠭᠦᠯᠦᠨ᠂ ᠬᠣᠲᠠ ᠪᠠᠯᠭᠠᠰᠤᠨ᠎ᠤ ᠰᠠᠭᠤᠭᠠᠯᠢ ᠠᠷᠠᠳ ᠤ᠋ᠨ ᠨᠠᠰᠤᠵᠢᠯ᠂ ᠡᠮ ᠡᠮᠨᠡᠯᠭᠡ᠂ ᠠᠵᠢᠯ ᠡᠴᠡ ᠪᠣᠯᠤᠭ᠍ᠰᠠᠨ ᠭᠡᠮᠲᠦᠯ᠂ ᠦᠷᠡᠵᠢᠯ᠎ᠦᠨ ᠳᠠᠭᠠᠳᠭᠠᠯ ᠎ᠤᠨ ᠪᠦᠷᠬᠦᠴᠡ ᠵᠢ ᠤᠯᠠᠮ  ᠥᠷᠭᠡᠳᠭᠡᠵᠦ᠍ ᠂ ᠣᠯᠠᠨ ᠲᠦᠮᠡᠨ᠎ᠦ ᠬᠣᠵᠢᠮ ᠎ᠤᠨ  ᠵᠣᠪᠠᠨᠢᠯ᠎ᠢ   ᠱᠢᠶ᠋ᠳᠪᠦᠷᠢᠯᠡᠨ᠎ᠡ  ᠭᠡᠪᠡ ᠃

ᠡᠷᠡᠭᠦᠯ ᠡᠩᠬᠡ ᠳᠤᠮᠳᠠᠳᠤ ᠤᠯᠤᠰ ᠤ᠋ᠨ ᠪᠦᠲᠦᠭᠡᠨ ᠪᠠᠢᠭᠤᠯᠤᠯᠲᠠ ᠵᠢᠨ ᠪᠠᠢᠷᠢᠯᠠᠭᠤᠯᠤᠯᠲᠠ ᠵᠢᠨ ᠱᠠᠭᠠᠷᠳᠠᠯᠭ᠎ᠠ᠎ᠶ᠋ᠢ ᠨᠠᠢᠳᠠᠪᠤᠷᠢᠵᠢᠭᠤᠯᠬᠤ᠂  ᠪᠣᠭᠣᠮᠲᠠ ᠵᠢᠨ ᠣᠨᠴᠠᠯᠢᠭ ᠪᠦᠬᠦᠢ ᠣᠯᠠᠨ ᠨᠡᠢᠲᠡ ᠵᠢᠨ ᠡᠷᠡᠭᠦᠯ ᠬᠠᠮᠠᠭᠠᠯᠠᠯ ᠤ᠋ᠨ ᠱᠢᠰᠲ᠋ᠧᠮ ᠢ᠋  ᠪᠦᠷᠢᠨᠰᠢᠭᠦᠯᠵᠤ᠂ ᠠᠷᠠᠳ ᠤ᠋ᠨ ᠠᠮᠢᠳᠤᠷᠠᠯ ᠤ᠋ᠨ ᠠᠵᠠ ᠵᠢᠷᠭᠠᠯ ᠢ᠋ ᠨᠡᠮᠡᠭ᠌ᠳᠡᠭᠦᠯᠵᠦ᠍᠂ ᠠᠷᠠᠳ ᠤ᠋ᠨ ᠠᠮᠢᠳᠤᠷᠠᠯ ᠤ᠋ᠨ ᠴᠢᠨᠠᠷ ᠴᠢᠨᠰᠠᠭ᠎ᠠ᠎ᠶ᠋ᠢ ᠳᠡᠭᠡᠭ᠌ᠰᠢᠯᠡᠭᠦᠯᠦᠨ᠎ᠡ᠃ ᠬᠦᠨᠳᠦ ᠶᠡᠬᠡ ᠬᠢᠵᠢᠭ ᠤ᠋ᠨ ᠪᠠᠢᠳᠠᠯ ᠢ᠋ ᠰᠡᠷᠭᠡᠢᠯᠡᠨ ᠡᠵᠡᠮᠳᠡᠵᠦ᠍ ᠠᠪᠤᠷᠠᠨ ᠵᠠᠰᠠᠬᠤ ᠱᠢᠰᠲ᠋ᠧᠮ ᠪᠣᠯᠤᠨ ᠪᠠᠴᠢᠮ ᠪᠠᠢᠳᠠᠯ ᠢ᠋ ᠠᠷᠭᠠᠴᠠᠭᠠᠬᠤ ᠴᠢᠳᠠᠪᠤᠷᠢ ᠵᠢᠨ ᠪᠠᠢᠭᠤᠯᠤᠯᠲᠠ᠎ᠶ᠋ᠢ ᠴᠢᠩᠭᠠᠳᠭᠠᠵᠤ᠂ ᠬᠦᠨᠳᠦ ᠶᠡᠬᠡ ᠬᠠᠯᠳᠠᠪᠤᠷᠢᠲᠤ ᠡᠪᠡᠳᠴᠢᠨ ᠬᠠᠯᠳᠠᠪᠤᠷᠢᠯᠠᠬᠤ᠎ᠶ᠋ᠢ ᠪᠦᠲᠦᠮᠵᠢᠲᠡᠢ ᠬᠣᠷᠢᠭ᠍ᠯᠠᠨ᠎ᠠ᠃ 《ᠭᠠᠳᠠᠨ᠎ᠠ᠎ᠠᠴᠠ ᠬᠠᠯᠳᠠᠪᠤᠷᠢᠯᠠᠨ ᠣᠷᠣᠵᠤ ᠢᠷᠡᠬᠦ᠌᠎ᠶ᠋ᠢ ᠰᠡᠷᠭᠡᠢᠯᠡᠬᠦ᠌᠂ ᠳᠣᠲᠣᠭᠠᠳᠤ᠎ᠳᠠᠭᠠᠨ ᠳᠠᠬᠢᠨ ᠳᠡᠯᠭᠡᠷᠡᠬᠦ᠌᠎ᠶ᠋ᠢ ᠰᠡᠷᠭᠡᠢᠯᠡᠬᠦ᠌》 ᠶᠡᠷᠦᠩᠬᠡᠶ ᠠᠷᠭ᠎ᠠ ᠪᠣᠳᠣᠯᠭ᠎ᠠ ᠪᠣᠯᠤᠨ 《ᠡᠪᠡᠳᠴᠢᠨ᠎ᠦ ᠵᠢᠱ᠌ᠢᠶ᠎ᠡ ᠵᠢ ᠥᠭᠡᠢ ᠪᠤᠯᠭᠠᠬᠤ》 ᠶᠡᠷᠦᠩᠬᠡᠶ ᠴᠢᠭ᠌ᠯᠡᠯᠲᠡ᠎ᠶ᠋ᠢ ᠪᠠᠷᠢᠮᠲᠠᠯᠠᠵᠤ᠂ ᠡᠯ᠎ᠡ ᠲᠠᠯ᠎ᠠ ᠵᠢᠨ ᠬᠠᠷᠢᠭᠤᠴᠠᠯᠭ᠎ᠠ᠎ᠶ᠋ᠢ ᠴᠢᠩᠭ᠎ᠠ ᠪᠣᠳᠠᠲᠠᠢᠵᠢᠭᠤᠯᠵᠤ ᠂ 《ᠭᠤᠷᠪᠠᠨ ᠰᠡᠷᠭᠡᠢᠯᠡᠯᠲᠡ ᠵᠢᠨ ᠱᠤᠭᠤᠮ》  ᠢ᠋ ᠪᠠᠲᠤ ᠰᠠᠬᠢᠵᠤ᠂ ᠬᠦᠨᠳᠦ ᠶᠡᠬᠡ ᠬᠢᠵᠢᠭ ᠤ᠋ᠨ ᠪᠠᠢᠳᠠᠯ ᠢ᠋ ᠰᠡᠷᠭᠡᠢᠯᠡᠨ ᠡᠵᠡᠮᠳᠡᠵᠦ᠍ ᠠᠪᠤᠷᠠᠨ ᠵᠠᠰᠠᠬᠤ ᠱᠢᠰᠲ᠋ᠧᠮ ᠪᠣᠯᠤᠨ ᠪᠠᠴᠢᠮ ᠪᠠᠢᠳᠠᠯ ᠢ᠋ ᠠᠷᠭᠠᠴᠠᠭᠠᠬᠤ ᠴᠢᠳᠠᠪᠤᠷᠢ ᠵᠢᠨ ᠪᠠᠢᠭᠤᠯᠤᠯᠲᠠ᠎ᠶ᠋ᠢ ᠴᠢᠩᠭᠠᠳᠭᠠᠵᠤ᠂ ᠬᠢᠵᠢᠭ ᠤ᠋ᠨ ᠪᠠᠢᠳᠠᠯ ᠶᠡᠬᠡ ᠬᠡᠪᠴᠢᠶ᠎ᠡ᠎ᠪᠡᠷ ᠳᠠᠬᠢᠨ ᠳᠡᠯᠭᠡᠷᠡᠬᠦ᠌᠎ᠶ᠋ᠢ ᠰᠡᠷᠭᠡᠢᠯᠡᠬᠦ᠌ ᠬᠣᠷᠢᠭ᠎ᠠ ᠱᠤᠭᠤᠮ ᠢ᠋ ᠪᠠᠲᠤ ᠰᠠᠬᠢᠨ᠎ᠠ᠃ ᠬᠢᠯᠢ ᠬᠢᠵᠠᠭᠠᠷ ᠣᠷᠣᠨ ᠢ᠋ ᠬᠥᠭ᠌ᠵᠢᠭᠦᠯᠵᠦ᠍ ᠠᠷᠠᠳ ᠢ᠋ ᠪᠠᠶᠠᠵᠢᠭᠤᠯᠬᠤ ᠪᠠᠢᠯᠳᠤᠬᠤ ᠪᠣᠳᠣᠯᠭ᠎ᠠ ᠵᠢᠨ ᠪᠠᠢᠷᠢᠯᠠᠭᠤᠯᠤᠯᠲᠠ᠎ᠶ᠋ᠢ ᠶᠡᠬᠡ ᠪᠡᠷ ᠠᠬᠢᠭᠤᠯᠵᠤ᠂ ᠬᠢᠯᠢ ᠬᠢᠵᠠᠭᠠᠷ ᠣᠷᠣᠨ ᠤ᠋ ᠦᠨᠳᠦᠰᠦᠲᠡᠨ᠎ᠨᠦᠭᠦᠳ ᠤ᠋ᠨ ᠣᠯᠠᠨ ᠲᠦᠮᠡᠨ᠎ᠦ ᠦᠢᠯᠡᠳᠪᠦᠷᠢᠯᠡᠯ ᠠᠮᠢᠳᠤᠷᠠᠯ ᠤ᠋ᠨ ᠨᠥᠬᠥᠴᠡᠯ ᠢ᠋ ᠦᠷᠭᠦᠯᠵᠢᠯᠡᠨ ᠰᠠᠢᠵᠢᠷᠠᠭᠤᠯᠵᠤ᠂ ᠬᠢᠯᠢ ᠬᠢᠵᠠᠭᠠᠷ ᠣᠷᠣᠨ ᠤ᠋ ᠠᠵᠤ ᠠᠬᠤᠶ ᠨᠡᠢᠭᠡᠮ ᠤ᠋ᠨ ᠬᠥᠭ᠌ᠵᠢᠯᠲᠡ ᠵᠢᠨ ᠲᠦᠪᠰᠢᠨ ᠎ᠢ  ᠲᠦᠷᠭᠡᠳᠭᠡᠨ ᠳᠡᠭᠡᠭ᠌ᠰᠢᠯᠡᠭᠦᠯᠦᠨ᠎ᠡ᠃

《ᠨᠠᠮ ᠤ᠋ᠨ ᠪᠠᠢᠭᠤᠯᠤᠯᠲᠠ ᠵᠢᠨ ᠱᠢᠨ᠎ᠡ ᠠᠭᠤᠤ ᠶᠡᠬᠡ ᠢᠨᠵᠧᠨᠧᠷᠢᠩ ᠢ᠋ ᠪᠦᠬᠦ᠌ ᠲᠠᠯ᠎ᠠ᠎ᠪᠠᠷ ᠠᠬᠢᠭᠤᠯᠬᠤ ᠰᠡᠷᠭᠡᠭ ᠤᠬᠠᠮᠰᠠᠷ ᠪᠠ ᠡᠷᠡᠰ ᠪᠠᠲᠤ ᠵᠤᠬᠰᠤᠯᠳᠠ ᠵᠢ ᠢᠮᠠᠭ᠍ᠲᠠ ᠪᠠᠲᠤᠯᠠᠵᠤ ᠂ ᠦᠵᠡᠯ ᠰᠠᠨᠠᠭᠠᠨ ᠤ᠋ ᠪᠠᠢᠭᠤᠯᠤᠯᠲᠠ᠎ᠶ᠋ᠢ ᠪᠦᠬᠦ᠌ ᠲᠠᠯ᠎ᠠ᠎ᠪᠠᠷ ᠴᠢᠩᠭᠠᠳᠭᠠᠵᠤ ᠂ ᠥᠷᠭᠡᠨ ᠤᠯᠠᠨ ᠨᠠᠮ ᠤ᠋ᠨ ᠭᠡᠱᠢᠭᠦᠨ ᠺᠠᠳ᠋ᠷ ᠢ᠋ ᠬᠦᠳᠦᠯᠥᠨ ᠳᠠᠭᠠᠭᠤᠯᠵᠤ ᠪᠠᠢᠭᠠᠳ ᠨᠠᠮ ᠤ᠋ᠨ ᠵᠣᠷᠢᠯᠲᠠ᠎ᠶ᠋ᠢ ᠪᠠᠲᠤ ᠴᠡᠭᠡᠵᠢᠯᠡᠵᠦ᠍ ᠂ ᠤᠬᠠᠮᠰᠠᠷ᠎ᠠᠴᠠ᠎ᠪᠠᠨ ᠡᠪ ᠬᠠᠮᠲᠤ ᠶᠣᠰᠣᠨ ᠤ᠋ ᠠᠯᠤᠰ ᠬᠡᠳᠤ ᠵᠢᠨ ᠬᠦᠰᠡᠯᠡᠩ ᠪᠣᠯᠤᠨ ᠳᠤᠮᠳᠠᠳᠤ ᠤᠯᠤᠰ ᠤ᠋ᠨ ᠣᠨᠴᠠᠯᠢᠭ᠎ᠲᠠᠶ ᠨᠡᠢᠭᠡᠮ ᠵᠢᠷᠤᠮ ᠤ᠋ᠨ ᠬᠠᠮᠲᠤ ᠵᠢᠨ ᠬᠦᠰᠡᠯᠡᠩ ᠤ᠋ᠨ ᠪᠠᠲᠤ ᠴᠢᠩᠭ᠎ᠠ ᠱᠢᠲᠦᠭ᠌ᠴᠢ ᠪᠠ ᠦᠨᠡᠨᠴᠢ ᠱᠢᠳᠤᠷᠭᠤ ᠦᠢᠯᠡᠳᠦᠯᠭᠡᠵᠢᠭᠦᠯᠦᠭ᠌ᠴᠢ ᠪᠤᠯᠭᠠᠨ᠎ᠠ》ᠭᠡᠵᠤ ᠢᠦᠢ ᠸᠧᠢ ᠳ᠋ᠦᠩ ᠬᠡᠯᠡᠪᠡ ᠂ ᠲᠡᠷᠡ ᠪᠠᠰᠠ ᠬᠥᠮᠦᠨ ᠬᠡᠷᠡᠭ᠌ᠯᠡᠬᠦ᠌ ᠵᠥᠪ ᠤᠳᠤᠷᠢᠳᠤᠮᠵᠢ᠎ᠶ᠋ᠢ ᠪᠤᠢ ᠪᠣᠯᠭᠠᠵᠤ ᠂ ᠺᠠᠳ᠋ᠷ ᠤ᠋ᠨ ᠲᠡᠮᠡᠴᠡᠯ ᠤ᠋ᠨ ᠵᠣᠷᠢᠭ ᠰᠠᠨᠠᠭ᠎ᠠ ᠪᠣᠯᠤᠨ ᠲᠡᠮᠡᠴᠡᠯ ᠤ᠋ᠨ ᠴᠢᠳᠠᠪᠤᠷᠢ᠎ᠶ᠋ᠢ ᠬᠥᠮᠦᠵᠢᠭᠦᠯᠬᠦ᠌᠎ᠶ᠋ᠢ ᠴᠢᠩᠭᠠᠳᠭᠠᠵᠤ᠂ ᠺᠠᠳ᠋ᠷ ᠤ᠋ᠨ ᠵᠣᠷᠢᠭ᠍ᠲᠠᠢ᠎ᠪᠠᠷ ᠬᠠᠷᠢᠭᠤᠴᠠᠯᠭ᠎ᠠ ᠡᠭᠦᠷᠭᠡᠯᠡᠬᠦ᠌᠂ ᠢᠳᠡᠪᠬᠢᠲᠡᠢ᠎ᠪᠡᠷ ᠵᠢᠳᠬᠦᠯ ᠴᠢᠷᠮᠠᠢᠯᠭ᠎ᠠ ᠭᠠᠷᠭᠠᠬᠤ᠎ᠶ᠋ᠢ ᠵᠣᠷᠢᠭ᠍ᠵᠢᠭᠤᠯᠵᠤ᠂ ᠦᠨᠡᠨᠴᠢ ᠱᠢᠳᠤᠷᠭᠤ ᠠᠷᠢᠭᠤᠨ ᠴᠢᠬᠡᠴᠢ ᠬᠠᠷᠢᠭᠤᠴᠠᠯᠭ᠎ᠠ ᠡᠭᠦᠷᠭᠡᠯᠡᠳᠡᠭ ᠥᠨᠳᠥᠷ ᠬᠡᠪ ᠪᠣᠯᠪᠠᠰᠤᠷᠠᠯ᠎ᠲᠠᠶ ᠲᠤᠰᠭᠠᠢᠵᠢᠭ᠍ᠰᠠᠨ ᠺᠠᠳ᠋ᠷ ᠤ᠋ᠨ ᠡᠩᠨᠡᠭᠡ᠎ᠶ᠋ᠢ ᠬᠦᠴᠦᠯᠡᠨ ᠪᠠᠢᠭᠤᠯᠵᠤ ᠂ ᠮᠠᠨᠵᠤᠤᠷ ᠤ᠋ᠨ ᠺᠠᠳ᠋ᠷ ᠤ᠋ᠨ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠢᠯᠭ᠎ᠠ ᠭᠠᠷᠭᠠᠬᠤ ᠲᠦᠷᠢ ᠲᠥᠷᠬᠦ᠌᠎ᠶ᠋ᠢ ᠦᠨᠡᠨ ᠬᠦ᠌ ᠱᠤᠭᠤᠵᠤ᠂ ᠪᠣᠭᠣᠮᠲᠠ ᠵᠢᠨ ᠠᠵᠤ ᠠᠬᠤᠢ ᠨᠡᠢᠭᠡᠮ ᠤ᠋ᠨ ᠴᠢᠨᠠᠷ ᠰᠠᠢᠲᠠᠢ ᠬᠥᠭ᠌ᠵᠢᠯᠲᠡ᠎ᠳᠦ ᠪᠠᠲᠤ ᠴᠢᠩᠭ᠎ᠠ ᠵᠣᠬᠢᠶᠠᠨ ᠪᠠᠢᠭᠤᠯᠤᠯᠲᠠ ᠵᠢᠨ ᠪᠠᠲᠤᠯᠠᠭ᠎ᠠ ᠬᠠᠩᠭᠠᠨ᠎ᠠ᠃ ᠦᠨᠳᠦᠰᠦᠨ ᠱᠠᠲᠤᠨ ᠤ᠋ ᠵᠣᠬᠢᠶᠠᠨ ᠪᠠᠢᠭᠤᠯᠤᠯᠲᠠ ᠵᠢᠨ ᠤᠯᠤᠰ ᠲᠥᠷᠥ ᠵᠢᠨ ᠴᠢᠳᠠᠮᠵᠢ ᠪᠠ ᠵᠣᠬᠢᠶᠠᠨ ᠪᠠᠢᠭᠤᠯᠤᠯᠲᠠ ᠵᠢᠨ ᠴᠢᠳᠠᠮᠵᠢ᠎ᠶ᠋ᠢ ᠴᠢᠩᠭᠠᠳᠭᠠᠬᠤ᠎ᠳᠤ ᠰᠠᠭᠤᠷᠢᠯᠠᠨ᠂  ᠵᠡᠭᠡᠯᠢ ᠭᠤᠳᠤᠮᠵᠢ ᠵᠢᠨ《ᠲᠣᠮᠣ ᠨᠠᠮ ᠤ᠋ᠨ ᠠᠵᠢᠯᠯᠠᠬᠤ ᠵᠦᠪᠯᠡᠯ》᠂  ᠨᠡᠢᠭᠡᠮ ᠲᠣᠭᠣᠷᠢᠭ ᠤ᠋ᠨ 《ᠲᠣᠮᠣ ᠨᠠᠮ ᠤ᠋ᠨ ᠬᠣᠷᠢᠶ᠎ᠠ》  ᠵᠢᠨ ᠠᠵᠢᠯ ᠤ᠋ᠨ ᠲᠣᠭ᠍ᠲᠠᠴᠠ᠎ᠶ᠋ᠢ ᠪᠥᠬᠥ᠌ ᠲᠠᠯ᠎ᠠ᠎ᠪᠠᠷ ᠬᠡᠷᠡᠭ᠌ᠵᠢᠭᠦᠯᠵᠦ᠍᠂ ᠵᠡᠭᠡᠯᠢ ᠭᠤᠳᠤᠮᠵᠢ᠂ ᠨᠡᠢᠭᠡᠮ ᠲᠣᠭᠣᠷᠢᠭ ᠤ᠋ᠨ ᠨᠠᠮ ᠤ᠋ᠨ ᠪᠠᠢᠭᠤᠯᠤᠯᠲᠠ ᠵᠢᠨ ᠬᠠᠮᠲᠤᠷᠠᠭ᠍ᠰᠠᠨ ᠬᠤᠷᠠᠯ ᠤ᠋ᠨ ᠲᠦᠷᠢᠮ ᠢ᠋ ᠪᠦᠷᠢᠨᠱᠢᠬᠦᠯᠤᠨ᠂ ᠲᠣᠭ᠍ᠲᠠᠮᠠᠯ ᠬᠤᠭᠤᠴᠠᠭ᠎ᠠ᠎ᠲᠠᠶ᠎ᠪᠠᠷ ᠨᠡᠪᠲᠡᠷᠡᠯᠴᠡᠵᠦ᠍᠂ ᠳᠡᠭᠡᠷ᠎ᠡ ᠳᠤᠤᠷ᠎ᠠ ᠱᠠᠲᠤ᠎ᠪᠠᠷ᠎ᠢᠶᠠᠨ ᠬᠠᠮᠵᠢᠯᠴᠠᠨ᠂ ᠠᠰᠠᠭᠤᠳᠠᠯ ᠢ᠋ ᠱᠢᠶ᠋ᠳᠪᠦᠷᠢᠯᠡᠬᠦ᠌᠎ᠶ᠋ᠢ ᠬᠠᠮᠲᠤ᠎ᠪᠠᠷ ᠠᠬᠢᠭᠤᠯᠵᠤ᠂ ᠨᠢᠭᠡᠴᠢ ᠵᠢᠨ ᠨᠠᠮ ᠤ᠋ᠨ ᠪᠠᠢᠭᠤᠯᠤᠯᠲᠠ᠂ ᠠᠵᠢᠯ ᠲᠥᠷᠥᠯ ᠤ᠋ᠨ ᠨᠠᠮ ᠤ᠋ᠨ ᠪᠠᠢᠭᠤᠯᠤᠯᠲᠠ ᠪᠠ ᠣᠷᠣᠨ ᠪᠦᠰᠡ ᠵᠢᠨ ᠨᠠᠮ ᠤ᠋ᠨ ᠪᠠᠢᠭᠤᠯᠤᠯᠲᠠ ᠵᠢᠨ ᠬᠠᠷᠢᠯᠴᠠᠨ ᠬᠣᠯᠪᠣᠭᠠᠯᠠᠵᠤ ᠬᠠᠷᠢᠯᠴᠠᠨ ᠬᠥᠳᠡᠯᠦᠯᠴᠡᠬᠦ᠌᠎ᠶ᠋ᠢ ᠪᠡᠶᠡᠯᠡᠭᠦᠯᠦᠨ᠎ᠡ᠃ ᠦᠨᠳᠦᠰᠦᠨ ᠱᠠᠲᠤᠨ ᠤ᠋ ᠵᠠᠰᠠᠯᠲᠠ ᠵᠢᠨ ᠱᠢᠰᠲ᠋ᠧᠮ ᠪᠠ ᠵᠠᠰᠠᠯᠲᠠ ᠵᠢᠨ ᠴᠢᠳᠠᠪᠤᠷᠢ ᠵᠢᠨ ᠪᠠᠢᠭᠤᠯᠤᠯᠲᠠ᠎ᠶ᠋ᠢ ᠴᠢᠩᠭᠠᠳᠭᠠᠬᠤ ᠵᠢᠨ ᠲᠣᠭᠣᠷᠢᠨ᠎ᠳᠤ᠂ 《ᠲᠠᠪᠤ᠎ᠶ᠋ᠢ ᠵᠠᠰᠠᠬᠤ》 ᠎ᠶ᠋ᠢ ᠠᠭᠤᠰᠣᠯᠴᠠᠭᠤᠯᠥᠨ ᠦᠨᠳᠦᠰᠦᠨ ᠱᠠᠲᠤᠨ ᠤ᠋ ᠵᠠᠰᠠᠯᠲᠠ ᠵᠢᠨ ᠵᠠᠭ᠍ᠪᠤᠷ ᠢ᠋ ᠢᠳᠡᠪᠬᠢᠲᠡᠶ ᠠᠬᠢᠭᠤᠯᠵᠤ᠂ ᠬᠣᠲᠠ ᠵᠢᠨ ᠨᠡᠢᠭᠡᠮ ᠲᠣᠭᠣᠷᠢᠭ ᠤ᠋ᠨ ᠲᠤᠤᠷᠵᠢᠭᠤᠯᠬᠤ᠂ ᠲᠤᠰᠭᠠᠢᠵᠢᠭᠤᠯᠬᠤ᠂ ᠮᠡᠷᠭᠡᠰᠢᠭᠦᠯᠬᠦ᠌ ᠲᠦᠪᠰᠢᠨ ᠎ᠢ ᠲᠠᠰᠤᠷᠠᠯᠲᠠ ᠥᠬᠡᠶ ᠳᠡᠭᠡᠭ᠌ᠰᠢᠯᠡᠭᠦᠯᠦᠨ ᠂ ᠬᠠᠮᠲᠤ ᠪᠠᠷ ᠪᠠᠢᠭᠤᠯᠵᠤ ᠬᠠᠮᠲᠤ ᠪᠠᠷ ᠵᠠᠰᠠᠵᠤ ᠬᠠᠮᠲᠤ ᠪᠠᠷ ᠭᠥᠷᠳᠡᠬᠦ᠌ ᠨᠡᠢᠭᠡᠮ ᠤ᠋ᠨ ᠵᠠᠰᠠᠯᠲᠠ ᠵᠢᠨ ᠱᠢᠨ᠎ᠡ ᠪᠠᠢᠷᠢᠱᠢᠯ ᠢ᠋ ᠴᠢᠷᠮᠠᠢᠨ ᠪᠣᠶ ᠪᠣᠯᠭᠠᠨ᠎ᠠ᠃ ᠲᠥᠪ ᠴᠢᠩᠭ᠎ᠠ ᠬᠦᠭ ᠠᠶᠠᠰ᠎ᠢᠶᠠᠷ ᠰᠤᠷᠲᠠᠯ ᠢ᠋ ᠴᠡᠭ᠌ᠴᠡᠯᠡᠨ ᠰᠠᠬᠢᠯᠭ᠎ᠠ ᠪᠠᠲᠤ᠎ᠶ᠋ᠢ ᠴᠢᠩᠳᠠᠯᠠᠬᠤ᠎ᠶ᠋ᠢ ᠪᠠᠷᠢᠮᠲᠠᠯᠠᠵᠤ ᠂ ᠲᠥᠪ ᠤ᠋ᠨ ᠨᠠᠢ᠍ᠮᠠᠨ ᠲᠣᠭ᠍ᠲᠠᠭᠠᠯ ᠵᠢᠴᠢ ᠬᠡᠷᠡᠭ᠌ᠵᠢᠭᠦᠯᠬᠦ᠌ ᠨᠠᠷᠢᠨ ᠲᠦᠷᠢᠮ ᠤ᠋ᠨ ᠬᠢᠨᠢ ᠵᠣᠷᠢᠭ ᠰᠠᠨᠠᠭ᠎ᠠ᠎ᠶ᠋ᠢ ᠭᠦᠨᠵᠡᠭᠡᠢ ᠨᠠᠢᠳᠠᠪᠤᠷᠢᠵᠢᠭᠤᠯᠵᠤ᠂  《ᠭᠤᠷᠪᠠᠨ ᠪᠣᠯᠬᠤ ᠦᠭᠡᠢ》 ᠵᠢ ᠨᠢᠭᠡ ᠴᠤᠬ᠍ᠴᠠᠵᠢᠭᠤᠯᠤᠨ ᠠᠬᠢᠭᠤᠯᠬᠤ᠎ᠶ᠋ᠢ ᠪᠠᠷᠢᠮᠲᠠᠯᠠᠵᠤ᠂  ᠬᠡᠷᠡᠭ᠎ᠢᠶᠡᠷ ᠥᠭᠡᠷᠡᠴᠢᠯᠡᠯᠲᠡ᠎ᠶ᠋ᠢ ᠠᠬᠢᠭᠤᠯᠬᠤ᠎ᠶ᠋ᠢ ᠦᠷᠭᠦᠯᠵᠢᠯᠡᠨ ᠭᠦᠨᠵᠡᠭᠡᠢᠷᠡᠭᠦᠯᠵᠦ᠍᠂ ᠤᠯᠠᠨ ᠲᠦᠮᠡᠨ᠎ᠦ ᠳᠡᠷᠭᠡᠳᠡᠬᠢ ᠢᠯᠵᠡᠷᠡᠯ ᠢ᠋ ᠡᠷᠡᠰ ᠵᠠᠯᠬᠠᠭᠠᠨ ᠱᠢᠢᠳᠭᠡᠨ᠎ᠠ᠃ ᠤᠯᠤᠰ ᠲᠦᠷᠦ᠍ ᠵᠢᠨ ᠴᠠᠭ᠍ᠳᠠᠨ ᠪᠠᠢᠴᠠᠭᠠᠬᠤ ᠬᠤᠷᠴᠠ ᠰᠡᠯᠡᠮ᠎ᠡ ᠵᠢᠨ ᠦᠢᠯᠡᠳᠦᠯ ᠢ᠋ ᠪᠠᠳᠠᠷᠠᠭᠤᠯᠵᠤ ᠂ ᠲᠣᠭᠣᠷᠢᠨ ᠪᠠᠢᠴᠠᠭᠠᠬᠤ ᠴᠠᠭ᠍ᠳᠠᠨ ᠪᠠᠢᠴᠠᠭᠠᠬᠤ ᠴᠡᠭ᠌ᠴᠡᠯᠡᠨ ᠰᠠᠢᠵᠢᠷᠠᠭᠤᠯᠬᠤ ᠪᠠ ᠦᠷ᠎ᠡ ᠪᠦᠲᠦᠭᠡᠯ ᠤ᠋ᠨ ᠬᠡᠷᠡᠭ᠌ᠯᠡᠯᠲᠡ᠎ᠶ᠋ᠢ ᠴᠢᠩᠭᠠᠳᠬᠠᠨ᠎ᠠ᠃ 《ᠭᠤᠷᠪᠠᠨ ᠣᠯᠠᠨ ᠂ ᠭᠤᠷᠪᠠᠨ ᠴᠥᠭᠡᠨ ᠂ ᠭᠤᠷᠪᠠᠨ ᠤᠳᠠᠭᠠᠨ》  ᠤ᠋ ᠠᠰᠠᠭᠤᠳᠠᠯ ᠢ᠋ ᠱᠢᠶ᠋ᠳᠪᠦᠷᠢᠯᠡᠬᠦ᠌ ᠳᠡᠭᠡᠷ᠎ᠡ ᠠᠩᠬᠠᠷᠤᠯ᠎ᠢᠶᠠᠨ ᠲᠥᠪᠯᠡᠷᠡᠭᠦᠯᠵᠦ᠍᠂ ᠰᠤᠷᠲᠠᠯ ᠤ᠋ᠨ ᠪᠠᠢᠭᠤᠯᠤᠯᠲᠠ᠎ᠶ᠋ᠢ ᠬᠦᠴᠦᠯᠡᠨ ᠴᠢᠩᠭᠠᠳᠭᠠᠨ ᠰᠠᠢᠵᠢᠷᠠᠭᠤᠯᠵᠤ᠂ ᠠᠵᠢᠯ ᠤ᠋ᠨ ᠬᠤᠷᠳᠤᠴᠠ᠎ᠶ᠋ᠢ ᠲᠦᠷᠭᠡᠳᠭᠡᠨ ᠦᠷ᠎ᠡ ᠪᠦᠲᠦᠮᠵᠢ᠎ᠶ᠋ᠢ ᠳᠡᠭᠡᠭ᠌ᠰᠢᠯᠡᠭᠦᠯᠬᠦ᠌᠎ᠶ᠋ᠢ ᠠᠬᠢᠭᠤᠯᠵᠤ᠂ ᠺᠠᠳ᠋ᠷ ᠤ᠋ᠨ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠢᠯᠭ᠎ᠠ ᠭᠠᠷᠭᠠᠬᠤ᠎ᠶ᠋ᠢ ᠠᠬᠢᠭᠤᠯᠵᠤ ᠂ ᠰᠤᠷᠲᠠᠯ ᠴᠢᠬᠡᠴᠢ ᠣᠪᠣᠷ ᠲᠥᠪ ᠤᠯᠤᠰ ᠲᠥᠷᠥ ᠵᠢᠨ ᠠᠮᠢ ᠠᠬᠤᠶ᠎ᠶ᠋ᠢ ᠴᠢᠷᠮᠠᠢᠨ ᠪᠣᠶ ᠪᠣᠯᠭᠠᠨ᠎ᠠ ᠭᠡᠵᠦ᠍ ᠢᠯᠡᠳᠭᠡᠪᠡ᠃

《ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠬᠤ 》 ᠪᠣᠯ  ᠶᠡᠷᠦᠩᠬᠡᠢ  ᠱᠦᠵᠢ ᠰᠢ ᠵᠢᠨ ᠫᠢᠩ ᠤ᠋ᠨ ᠥᠪᠥᠷ ᠮᠣᠩᠭᠣᠯ᠎ᠳᠤ ᠲᠠᠯᠪᠢᠭ᠍ᠰᠠᠨ ᠬᠦᠰᠡᠯ  ᠨᠠᠢᠳᠠᠯᠭ᠎ᠠ ᠪᠣᠯᠤᠨ᠎ᠠ᠃ ᠢᠦᠢ ᠸᠧᠢ ᠳ᠋ᠦᠩ ᠂ ᠮᠠᠨᠵᠤᠤᠷ ᠦᠨᠳᠦᠰᠦᠲᠡᠨ᠎ᠦ ᠪᠦᠯᠬᠦᠮᠳᠡᠯ ᠤ᠋ᠨ ᠲᠤᠭ ᠢ᠋ ᠥᠨᠳᠥᠷ ᠮᠠᠨᠳᠤᠭᠤᠯᠵᠤ᠂ ᠵᠢᠱ᠌ᠢᠶᠡᠴᠢ ᠥᠪᠡᠷᠲᠡᠭᠡᠨ ᠵᠠᠰᠠᠬᠤ ᠣᠷᠣᠨ ᠤ᠋ ᠡᠷᠬᠢᠮ ᠳᠡᠭᠡᠳᠦ ᠢᠷᠠᠭᠤ ᠠᠯᠳᠠᠷ ᠢ᠋ ᠦᠨᠡᠨᠴᠢ ᠰᠡᠳᠭᠢᠯ ᠵᠢᠡᠷ ᠬᠠᠮᠠᠭᠠᠯᠠᠵᠤ ᠂ ᠳᠤᠮᠳᠠᠳᠤ ᠵᠢᠨ ᠦᠨᠳᠦᠰᠦᠲᠡᠨ᠎ᠦ ᠬᠠᠮᠲᠤ ᠵᠢᠨ ᠴᠣᠭ᠍ᠴᠠ ᠵᠢᠨ ᠤᠬᠠᠮᠰᠠᠷ ᠢ᠋ ᠪᠠᠲᠤ ᠴᠣᠭ᠍ᠴᠠᠯᠠᠬᠤ ᠤᠯᠤᠰ ᠲᠦᠷᠦ᠍ ᠵᠢᠨ ᠤᠬᠠᠮᠰᠠᠷ᠎ᠢᠶᠠᠨ ᠴᠢᠩᠭᠠᠳᠭᠠᠨ᠎ᠠ᠃ ᠶᠡᠷᠦᠩᠬᠡᠢ ᠱᠦᠵᠢ ᠰᠢ ᠵᠢᠨ ᠫᠢᠩ ᠤ᠋ᠨ ᠦᠨᠳᠦᠰᠦᠲᠡᠨ᠎ᠦ ᠠᠵᠢᠯ ᠢ᠋ ᠴᠢᠩᠭᠠᠳᠭᠠᠨ ᠰᠠᠢᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ᠎ᠶ᠋ᠢ ᠪᠦᠷᠢᠨ ᠪᠦᠲᠦᠨ ᠣᠨᠣᠪᠴᠢᠲᠠᠢ ᠪᠦᠬᠦ᠌ ᠲᠠᠯ᠎ᠠ᠎ᠪᠠᠷ ᠡᠵᠡᠮᠳᠡᠨ ᠲᠤᠭᠤᠱᠢᠯᠠᠭᠤᠯᠵᠤ ᠂ ᠦᠨᠳᠦᠰᠦᠲᠡᠨ᠎ᠨᠦᠭᠦᠳ ᠤ᠋ᠨ ᠤᠯᠠᠨ ᠲᠦᠮᠡᠨ ᠢ᠋ ᠪᠦᠯᠬᠦᠮᠳᠡᠭᠦᠯᠦᠨ ᠳᠠᠭᠠᠭᠤᠯᠵᠤ ᠨᠠᠮ ᠤ᠋ᠨ ᠠᠴᠢ᠎ᠡᠨᠡᠷᠢᠯ  ᠳ᠋ᠦ  ᠲᠠᠯᠠᠷᠬᠠᠵᠤ ᠂ ᠨᠠᠮ ᠤ᠋ᠨ ᠦᠭᠡ᠎ᠶ᠋ᠢ ᠰᠣᠨᠣᠰᠴᠤ᠌ ᠂ ᠨᠠᠮ᠎ᠢᠶᠠᠨ ᠲᠠᠭᠠᠵᠤ ᠂ ᠪᠦᠬᠦ᠌ ᠤᠯᠤᠰ ᠤ᠋ᠨ ᠦᠨᠳᠦᠰᠦᠲᠡᠨ᠎ᠦ ᠪᠦᠯᠬᠦᠮᠳᠡᠯ ᠲᠠᠪᠱᠢᠯᠳᠠ ᠵᠢᠨ ᠵᠢᠱ᠌ᠢᠢ᠎ᠡ ᠦᠵᠡᠭᠦᠯᠬᠦ᠌ ᠬᠤᠳᠠ᠎ᠶ᠋ᠢ ᠴᠢᠷᠮᠠᠢᠨ ᠪᠠᠢᠭᠤᠯᠬᠤ᠎ᠪᠠᠷ ᠵᠢᠯᠣᠭᠣᠳᠤᠮᠵᠢ ᠪᠣᠯᠭᠠᠵᠤ᠂《ᠵᠢᠱ᠌ᠢᠶᠡᠴᠢ ᠥᠪᠡᠷᠲᠡᠭᠡᠨ ᠵᠠᠰᠠᠬᠤ ᠣᠷᠣᠨ 》ᠤ᠋ ᠪᠠᠷᠢᠮᠵᠢᠶ᠎ᠠ ᠶᠣᠰᠣᠭᠠᠷ ᠡᠯ᠎ᠡ ᠵᠦᠢᠯ ᠤ᠋ᠨ ᠠᠵᠢᠯ᠎ᠢᠶᠠᠨ ᠰᠠᠢᠲᠤᠷ ᠬᠢᠨ᠎ᠠ᠃ ᠳᠤᠮᠳᠠᠳᠤ ᠵᠢᠨ ᠦᠨᠳᠦᠰᠦᠲᠡᠨ᠎ᠦ ᠬᠠᠮᠲᠤ ᠵᠢᠨ ᠴᠣᠭ᠍ᠴᠠ ᠵᠢᠨ ᠤᠬᠠᠮᠰᠠᠷ ᠢ᠋ ᠪᠠᠲᠤ ᠴᠣᠭ᠍ᠴᠠᠯᠠᠬᠤ᠎ᠪᠠᠷ ᠭᠣᠣᠯ ᠠᠭᠤᠯᠭ᠎ᠠ ᠪᠠ ᠭᠣᠣᠯ ᠱᠢᠵᠢᠮ ᠪᠣᠯᠭᠠᠨ ᠦᠨᠳᠦᠰᠦᠲᠡᠨ᠎ᠦ ᠪᠦᠯᠬᠦᠮᠳᠡᠯ ᠳᠠᠪᠱᠢᠯᠲᠠ᠎ᠶ᠋ᠢ ᠡᠭᠦᠳᠦᠨ ᠪᠠᠢᠭᠤᠯᠬᠤ ᠪᠦᠬᠦ᠌ ᠶᠠᠪᠤᠴᠠ᠎ᠳᠤ ᠲᠤᠭᠤᠱᠢᠯᠠᠭᠤᠯᠵᠤ ᠂ ᠦᠨᠳᠦᠰᠦᠲᠡᠨ᠎ᠦ ᠪᠦᠯᠬᠦᠮᠳᠡᠯ ᠬᠢᠭᠡᠳ ᠠᠵᠤ ᠠᠬᠤᠢ ᠵᠢᠨ ᠬᠥᠭ᠌ᠵᠢᠯᠲᠡ ᠂ ᠬᠥᠳᠡᠭᠡ ᠲᠣᠰᠭᠣᠨ ᠢ᠋ ᠬᠥᠭ᠌ᠵᠢᠭᠦᠯᠦᠨ ᠮᠠᠨᠳᠤᠭᠤᠯᠬᠤ ᠂ ᠬᠢᠵᠢᠭ ᠤ᠋ᠨ ᠪᠠᠢᠳᠠᠯ ᠢ᠋ ᠰᠡᠷᠭᠡᠢᠯᠡᠨ ᠡᠵᠡᠮᠳᠡᠬᠦ᠌᠂ ᠠᠮᠢ ᠠᠬᠤᠢ᠎ᠶ᠋ᠢ ᠬᠠᠮᠠᠭᠠᠯᠠᠬᠤ ᠪᠠ ᠦᠨᠳᠦᠰᠦᠨ ᠱᠠᠲᠤᠨ ᠤ᠋ ᠵᠠᠰᠠᠯᠲᠠ ᠵᠡᠷᠭᠡ ᠠᠵᠢᠯ ᠤ᠋ᠨ ᠣᠷᠭᠠᠨᠢᠭ ᠤᠶᠠᠯᠳᠤᠯ ᠂ ᠭᠦᠨᠵᠡᠭᠡᠢ ᠠᠭᠤᠰᠤᠯᠴᠠᠯ ᠢ᠋ ᠦᠷᠭᠦᠯᠵᠢᠯᠡᠨ ᠠᠬᠢᠭᠤᠯᠵᠤ᠂ ᠤᠯᠤᠰ ᠤ᠋ᠨ ᠨᠡᠢᠳᠡᠮ ᠬᠡᠷᠡᠭ᠌ᠯᠡᠬᠦ᠌ ᠦᠭᠡ ᠬᠡᠯᠡ ᠦᠰᠦᠭ ᠪᠢᠴᠢᠭ ᠢ᠋ ᠳᠡᠯᠭᠡᠷᠡᠭᠦᠯᠦᠨ ᠬᠡᠷᠡᠭ᠌ᠯᠡᠬᠦ᠌᠎ᠶ᠋ᠢ ᠨᠢᠭᠡᠳᠦᠯᠲᠡᠢ ᠲᠥᠯᠥᠪᠵᠢᠭᠦᠯᠦᠨ ᠰᠠᠢᠲᠤᠷ ᠬᠢᠵᠦ᠍ ᠂ ᠦᠨᠳᠦᠰᠦᠲᠡᠨ᠎ᠨᠦᠭᠦᠳ ᠤ᠋ᠨ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠬᠤ᠂ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠢ᠋ ᠠᠬᠢᠭᠤᠯᠵᠤ ᠂ ᠦᠨᠳᠦᠰᠦᠲᠡᠨ᠎ᠨᠦᠭᠦᠳ ᠤ᠋ᠨ ᠬᠠᠮᠲᠤ ᠵᠢᠨ ᠤᠶᠤᠨ ᠰᠠᠨᠠᠭᠠᠨ ᠤ᠋ ᠭᠡᠷ ᠣᠷᠣᠨ ᠤ᠋ ᠪᠠᠢᠭᠤᠯᠤᠯᠲᠠ᠎ᠶ᠋ᠢ ᠠᠬᠢᠭᠤᠯᠵᠤ᠂ ᠦᠨᠳᠦᠰᠦᠲᠡᠨ᠎ᠦ ᠪᠦᠯᠬᠦᠮᠳᠡᠯ ᠳᠠᠪᠱᠢᠯᠲᠠ ᠵᠢᠨ ᠣᠢᠯᠠᠭᠠᠭ᠍ᠳᠠᠬᠤᠨ᠂  ᠳᠤᠮᠳᠠᠳᠤ ᠵᠢᠨ ᠦᠨᠳᠦᠰᠦᠲᠡᠨ᠎ᠦ ᠬᠠᠮᠲᠤ ᠵᠢᠨ ᠴᠣᠭ᠍ᠴᠠ ᠵᠢᠨ ᠤᠬᠠᠮᠰᠠᠷ ᠢ᠋ ᠬᠦᠮᠦᠰ  ᠤ᠋ᠨ  ᠤᠭᠤᠷᠠᠭ ᠲᠠᠷᠢᠬᠢᠨ᠎ᠳᠤ ᠬᠠᠳᠠᠩᠱᠢᠭᠤᠯᠤᠨ᠎ᠠ ᠭᠡᠪᠡ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠴᠠᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠰᠢᠨ᠎ᠡ ᠰᠡᠳᠬᠢᠭᠳᠡᠯ ᠪᠢᠴᠢᠬᠦ᠄
ᠬᠠᠮᠤᠭ᠎ᠤᠨ ᠰᠢᠨ᠎ᠡ ᠸᠢᠳᠢᠤ᠋
ᠬᠠᠮᠤᠭ᠎ᠤᠨ ᠰᠢᠨ᠎ᠡ ᠵᠢᠷᠤᠭ

2008-2018 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635372

ᠢᠮᠧᠯ᠄tn@mgyxw.net   蒙ICP备10000005号