ᠬᠥᠳᠡᠭᠡ ᠲᠣᠰᠭᠣᠨ ᠎ᠢ ᠬᠥᠭ᠌ᠵᠢᠭᠦᠯᠦᠨ ᠮᠠᠨᠳᠤᠭᠤᠯᠬᠤ ᠎ᠳᠦ ᠲᠦᠷᠦᠯ ᠵᠦᠢᠯ ᠵᠢᠡᠷ ᠬᠦᠴᠤᠨ ᠨᠠᠮᠠᠷᠢᠯᠠᠨ᠎ᠠ
2022-12-07 10:31:47
ᠵᠣᠬᠢᠶᠠᠭ᠍ᠴᠢ᠄
ᠯᠢᠦ ᠱᠢᠶᠠᠩ ᠫᠢᠩ
ᠣᠩᠱᠢᠭ᠍ᠰᠠᠨ ᠣᠳᠠᠭ᠎ᠠ᠄
★★★☆☆

ᠰᠤᠷᠪᠤᠯᠵᠢᠯᠠᠭᠴᠢ ᠪᠤᠭᠤᠲᠤ ᠬᠤᠲᠠ᠎ᠶ᠋ᠢᠨ ᠳ᠋ᠦᠩ ᠾᠧ ᠲᠣᠭᠣᠷᠢᠭ᠎ᠤᠨ ᠰᠠᠷᠠᠴᠢᠨ ᠪᠠᠯᠭᠠᠰᠤᠨ᠎ᠤ ᠪᠠᠭ᠎ᠠ ᠪᠠᠯᠠᠭᠠᠢ ᠲᠣᠰᠭᠣᠨ᠎ᠤ ᠲᠦᠬᠦᠭᠡᠷᠦᠮᠵᠢᠲᠦ ᠢᠳᠡᠱᠢᠨ ᠨᠣᠭᠣᠭ᠎ᠠ᠎ᠶ᠋ᠢᠨ ᠴᠢᠨᠠᠷ ᠰᠠᠢᠲᠠᠢ ᠵᠢᠱ᠌ᠢᠢ᠎ᠡ ᠦᠵᠡᠭᠦᠯᠬᠦ᠌ ᠬᠦᠷᠢᠶᠡᠯᠡᠩ᠎ᠳᠦ ᠬᠦᠷᠦᠭᠡᠳ᠂ ᠠᠵᠢᠯᠴᠢᠳ ᠶᠠᠭ ᠪᠠᠷᠢᠯᠭ᠎ᠠ᠎ᠶ᠋ᠢᠨ ᠬᠤᠭᠤᠴᠠᠭ᠎ᠠ᠎ᠶ᠋ᠢ ᠵᠠᠪᠳᠤᠨ᠂ ᠱᠠᠯᠠᠪᠳᠠᠨ ᠠᠵᠢᠯᠯᠠᠵᠤ᠂ ᠲᠦᠷᠦᠯ ᠵᠦᠢᠯ᠎ᠦᠨ ᠪᠦᠳᠦᠭᠡᠨ ᠪᠠᠢᠭᠤᠯᠤᠯᠲᠠ ᠢᠳᠡ ᠬᠦᠭ᠎ᠲᠡᠶ ᠶᠠᠪᠤᠭ᠍ᠳᠠᠵᠤ ᠪᠠᠢᠬᠤ᠎ᠶ᠋ᠢ ᠣᠯᠵᠤ ᠬᠠᠷᠠᠯ᠎ᠠ᠃

ᠭᠡᠲᠡᠯ᠎ᠡ ᠶᠡᠬᠡ ᠪᠠᠯᠠᠭᠠᠢ ᠲᠣᠰᠭᠣᠨ᠎ᠤ ᠷᠦᠩ ᠮᠦ᠍ ᠰᠠᠭᠠᠯᠢ᠎ᠶ᠋ᠢᠨ ᠦᠨᠢᠶ᠎ᠡ ᠲᠡᠵᠢᠭᠡᠨ ᠦᠷᠡᠵᠢᠭᠦᠯᠬᠦ᠌ ᠵᠢᠱ᠌ᠢᠢ᠎ᠡ ᠦᠵᠡᠭᠦᠯᠬᠦ᠌ ᠰᠠᠭᠤᠷᠢᠨ᠂ 7000 ᠲᠡᠭ᠌ᠰᠢ ᠳᠥᠷᠪᠡᠯᠵᠢᠨ ᠮᠸᠲᠷ᠎ᠤᠨ ᠪᠠᠷᠢᠮᠵᠢᠶᠠᠵᠢᠭ᠍ᠰᠠᠨ ᠲᠠᠷᠢᠶᠠᠯᠠᠩ᠎ᠤᠨ ᠫᠸᠩ ᠰᠠᠷᠠᠪᠴᠢ᠂ 630 ᠲᠡᠭ᠌ᠰᠢ ᠳᠥᠷᠪᠡᠯᠵᠢᠨ ᠮᠸᠲᠷ᠎ᠤᠨ ᠰᠦ᠎ᠶ᠋ᠢᠨ ᠲᠢᠩᠬᠢᠮ᠂ 270 ᠲᠡᠭ᠌ᠰᠢ ᠳᠥᠷᠪᠡᠯᠵᠢᠨ ᠮᠸᠲᠷ᠎ᠤᠨ ᠠᠯᠪᠠᠯᠠᠬᠤ ᠣᠷᠣᠨ ᠪᠦᠰᠡ᠎ᠶ᠋ᠢ ᠨᠢᠭᠡᠨᠲᠡ ᠪᠦᠲᠦᠭᠡᠨ ᠪᠠᠢᠭᠤᠯᠵᠤ ᠳᠠᠭᠤᠰᠭᠠᠨ᠂ 300 ᠭᠠᠷᠤᠢ ᠰᠠᠭᠠᠯᠢ᠎ᠶ᠋ᠢᠨ ᠦᠨᠢᠶ᠎ᠡ ᠲᠡᠵᠢᠭᠡᠨ ᠦᠷᠡᠵᠢᠭᠦᠯᠦᠭᠰᠠᠨ ᠪᠠᠢᠨ᠎ᠠ᠃ ᠷᠦᠩ ᠮᠥ᠍ ᠲᠡᠵᠢᠭᠡᠨ ᠦᠷᠡᠵᠢᠭᠦᠯᠬᠦ᠌ ᠺᠣᠮᠫᠠᠨᠢ᠎ᠶ᠋ᠢᠨ ᠬᠠᠷᠢᠭᠤᠴᠠᠯᠭᠠᠲᠠᠨ᠄ 《ᠵᠢᠱ᠌ᠢᠯᠲᠡ ᠎ᠪᠡᠷ 2024 ᠣᠨ᠎ᠳᠤ ᠲᠥᠷᠥᠯ ᠵᠦᠶ᠋ᠯ᠎ᠤᠨ ᠪᠦᠬᠦᠨ᠎ᠢ ᠪᠦᠲᠦᠭᠡᠨ ᠪᠠᠢᠭᠤᠯᠤᠭᠰᠠᠨ᠎ᠤ ᠳᠠᠷᠠᠭ᠎ᠠ᠂ ᠲᠡᠵᠢᠭᠡᠨ ᠦᠷᠡᠵᠢᠭᠦᠯᠬᠦ᠌ ᠰᠠᠭᠠᠯᠢ᠎ᠶ᠋ᠢᠨ ᠦᠨᠢᠶ᠎ᠡ ᠵᠢᠨ ᠲᠣᠭ᠎ᠠ ᠲᠣᠯᠣᠭᠠᠶ 3000 ᠳ᠋ᠤ ᠬᠦᠷᠴᠦ᠍᠂ ᠳ᠋ᠦᠩ ᠾᠧ ᠲᠣᠭᠣᠷᠢᠭ᠎ᠤᠨ ᠬᠡᠪᠴᠢᠶ᠎ᠡ᠎ᠪᠡᠷ ᠬᠠᠮᠤᠭ᠎ᠤᠨ ᠶᠡᠬᠡ ᠰᠠᠭᠠᠯᠢ᠎ᠶ᠋ᠢᠨ ᠦᠨᠢᠶ᠎ᠡ ᠲᠡᠵᠢᠭᠡᠨ ᠦᠷᠡᠵᠢᠭᠦᠯᠬᠦ᠌ ᠵᠢᠱ᠌ᠢᠶ᠎ᠡ ᠦᠵᠡᠭᠦᠯᠬᠦ᠌ ᠰᠠᠭᠤᠷᠢᠨ  ᠪᠣᠯᠬᠤ ᠪᠣᠯᠤᠨ᠎ᠠ》 ᠬᠡᠵᠦ ᠳᠠᠨᠢᠯᠴᠠᠭᠤᠯᠪᠠ᠃

ᠬᠥᠳᠡᠭᠡ ᠲᠣᠰᠭᠣᠨ ᠎ᠢ ᠬᠥᠭ᠌ᠵᠢᠭᠦᠯᠦᠨ ᠮᠠᠨᠳᠤᠭᠤᠯᠬᠤ ᠎ᠳᠤ ᠠᠵᠤ ᠦᠢᠯᠡᠰ᠎ᠲᠦ ᠲᠦᠱᠢᠭ᠌ᠯᠡᠵᠦ᠍᠂ ᠠᠵᠤ ᠦᠢᠯᠡᠰ᠎ᠢ ᠬᠥᠭ᠌ᠵᠢᠭᠦᠯᠬᠦ᠌ ᠎ᠳᠦ ᠲᠦᠷᠦᠯ ᠵᠦᠢᠯ᠎ᠳᠦ ᠲᠦᠱᠢᠭ᠌ᠯᠡᠨ᠎ᠡ᠃ ᠡᠨᠡ ᠵᠢᠯ᠎ᠡᠴᠡ ᠨᠠᠭᠠᠰᠢ᠂ ᠳ᠋ᠦᠩ ᠾᠧ ᠲᠣᠭᠣᠷᠢᠭ ᠣᠨ ᠎ᠤ ᠬᠠᠷᠠᠯᠲᠠ᠎ᠶ᠋ᠢ ᠴᠢᠩᠭ᠎ᠠ ᠠᠩᠬᠠᠷᠴᠤ᠌᠂ ᠲᠦᠷᠦ᠍᠎ᠶ᠋ᠢᠨ ᠪᠤᠳᠤᠯᠭ᠎ᠠ᠂ ᠡᠯᠧᠮᠧᠨ᠋ᠲ᠂ ᠦᠢᠯᠡᠴᠢᠯᠡᠭᠡ᠎ᠶ᠋ᠢ ᠭᠣᠣᠯᠳᠠᠯᠭ᠎ᠠ᠎ᠲᠠᠶ ᠲᠦᠷᠦᠯ ᠵᠦᠢᠯ ᠲᠡᠢᠰᠢ ᠲᠥᠪᠯᠡᠷᠡᠭᠦᠯᠬᠦ᠌ ᠎ᠶ᠋ᠢ ᠠᠬᠢᠭᠤᠯᠵᠤ᠂ ᠡᠯᠧᠮᠧᠨ᠋ᠲ ᠎ᠦᠨ ᠪᠠᠲᠤᠯᠠᠭ᠎ᠠ ᠎ᠶ᠋ᠢ ᠪᠦᠬᠦ᠌ ᠬᠦᠴᠦᠨ᠎ᠢᠶᠡᠷ᠎ᠢᠶᠡᠨ ᠰᠠᠢᠲᠤᠷ ᠬᠢᠵᠦ᠍᠂ ᠦᠨᠡᠨ ᠬᠦ᠌ ᠠᠳᠭᠤᠨ ᠪᠣᠳᠠᠲᠠᠢ ᠠᠵᠢᠯᠯᠠᠵᠤ ᠡᠯ᠎ᠡ ᠭᠣᠣᠯᠳᠠᠯᠭ᠎ᠠ᠎ᠲᠠᠶ ᠲᠦᠷᠦᠯ ᠵᠦᠢᠯ ᠎ᠦᠨ ᠡᠷᠲᠡᠬᠡᠨ ᠪᠦᠳᠦᠭᠡᠨ ᠪᠠᠢᠭᠤᠯᠬᠤ᠂ ᠡᠷᠲᠡᠬᠡᠨ ᠪᠠᠷᠢᠯᠭ᠎ᠠ ᠳᠠᠭᠤᠰᠭᠤ᠂ ᠡᠷᠲᠡᠬᠡᠨ ᠦᠷ᠎ᠡ ᠪᠦᠲᠦᠮᠵᠢ ᠤᠯᠬᠤ ᠎ᠶ᠋ᠢ ᠠᠬᠢᠭᠤᠯᠪᠠ᠃ ᠣᠳᠣᠬᠠᠨ ᠪᠣᠯᠲᠠᠯ᠎ᠠ᠂ ᠳ᠋ᠦᠩ ᠾᠧ ᠲᠣᠭᠣᠷᠢᠭ᠎ᠤᠨ ᠲᠠᠷᠢᠶᠠᠯᠠᠩ ᠮᠠᠯ ᠠᠵᠤ ᠠᠬᠤᠶ ᠎ᠶ᠋ᠢᠨ 11 ᠭᠤᠤᠯᠳᠠᠯᠭ᠎ᠠ᠎ᠲᠠᠶ ᠲᠥᠷᠥᠯ ᠵᠦᠶ᠋ᠯ᠎ᠤᠨ  ᠪᠦᠬᠦᠨ᠎ᠢ ᠲᠥᠯᠥᠪᠯᠡᠭᠡ ᠶᠣᠰᠣᠭᠠᠷ ᠠᠬᠢᠭᠤᠯᠵᠤ᠂ 3.3 ᠳ᠋ᠦᠩᠱᠢᠭᠤᠷ ᠲᠥᠭᠥᠷᠢᠭ᠎ᠦᠨ ᠪᠠᠯᠠ ᠣᠷᠣᠭᠤᠯᠤᠯᠲᠠ᠎ᠶ᠋ᠢ ᠪᠡᠶᠡᠯᠡᠭᠦᠯᠵᠦ᠍᠂ ᠪᠥᠬᠥ᠌ ᠵᠢᠯ᠎ᠦᠨ ᠲᠥᠯᠥᠪᠯᠡᠭᠡ᠎ᠶ᠋ᠢᠨ ᠶᠡᠷᠦᠩᠬᠡᠶ ᠪᠠᠯᠠ ᠣᠷᠣᠭᠤᠯᠤᠯᠲᠠ᠎ᠶ᠋ᠢᠨ 96.2% ᠢ᠋ ᠡᠵᠡᠯᠡᠪᠡ᠃

ᠰᠠᠷᠠᠴᠢᠨ ᠪᠠᠯᠭᠠᠰᠤᠨ ᠎ᠤ ᠡᠷᠭᠦᠭᠰᠡᠳ ᠲᠣᠰᠭᠣᠨ᠎ᠳᠤ᠂ ᠪᠣᠬᠢᠷᠲᠤᠯ ᠥᠬᠡᠶ ᠬᠦᠶ᠋ᠲᠡᠨ ᠰᠡᠷᠢᠭᠦᠨ᠎ᠳᠦ ᠳᠤᠬᠢᠷᠠᠮᠵᠢᠳᠠᠢ ᠢᠳᠡᠱᠢᠨ ᠨᠣᠭᠣᠭ᠎ᠠ᠎ᠶ᠋ᠢᠨ ᠠᠵᠤ ᠦᠶ᠋ᠯᠡᠰ᠎ᠦᠨ ᠰᠠᠭᠤᠷᠢᠨ ᠤ᠋ ᠪᠥᠲᠥᠭᠡᠨ ᠪᠠᠢᠭᠤᠯᠤᠯᠲᠠ᠎ᠶ᠋ᠢᠨ ᠲᠥᠷᠥᠯ ᠵᠦᠶ᠋ᠯ ᠨᠢᠭᠡᠨᠲᠡ ᠠᠩᠬ᠎ᠠ ᠠᠯᠬᠤᠮ᠎ᠤᠨ ᠦᠷ᠎ᠡ ᠪᠦᠲᠦᠮᠵᠢ ᠤᠯᠵᠠᠢ᠃ ᠲᠤᠰ ᠲᠦᠷᠦᠯ ᠵᠦᠢᠯ᠎ᠦᠨ ᠶᠡᠷᠦᠩᠬᠡᠢ ᠪᠡᠯᠡ ᠣᠷᠣᠭᠤᠯᠤᠯᠲᠠ ᠨᠢ 1000 ᠲᠦᠮᠡᠨ ᠲᠥᠭᠥᠷᠢᠭ ᠲᠸ᠋ ᠬᠦᠷᠴᠤ᠂ ᠷᠦᠨ ᠽᠸ ᠶᠤᠸᠠᠨ ᠲᠠᠷᠢᠶᠠᠴᠢᠨ ᠎ᠤ ᠲᠤᠰᠭᠠᠢ ᠬᠤᠷᠱᠢᠶ᠎ᠠ ᠲᠦᠷᠦᠭᠦᠯᠠᠨ ᠳᠠᠭᠠᠭᠠᠴᠢᠯᠠᠨ ᠪᠠᠢᠭᠤᠯᠪᠠ᠃ 《ᠪᠢᠳᠡ ᠡᠨᠡ ᠵᠢᠯ 300 ᠮᠥ᠍ ᠬᠦᠶ᠋ᠲᠡᠨ ᠰᠡᠷᠢᠭᠦᠨ ᠎ᠳᠦ ᠳᠤᠬᠢᠷᠠᠮᠵᠢᠳᠠᠢ ᠢᠳᠡᠱᠢᠨ ᠨᠣᠭᠣᠭ᠎ᠠ ᠳᠠᠷᠢᠬᠤ ᠰᠠᠭᠤᠷᠢᠨ ᠪᠠᠢᠭᠤᠯᠵᠤ᠂ ᠲᠣᠣᠷᠯᠢᠭ ᠠᠷᠲᠤ ᠬᠡᠮᠬᠡ ᠵᠡᠷᠭᠡ ᠱᠢᠨ᠎ᠡ ᠡᠭᠦᠯᠳᠡᠷ᠎ᠢ ᠣᠷᠣᠭᠤᠯᠤᠨ ᠠᠪᠴᠢᠷᠠᠵᠤ᠂ ᠪᠣᠷᠣᠯᠠᠭᠤᠯᠭ᠎ᠠ᠎ᠶ᠋ᠢᠨ ᠬᠡᠮᠵᠢᠶ᠎ᠡ 50 ᠭᠠᠷᠤᠶ ᠲᠦᠮᠡᠨ ᠵᠢᠩ᠎ᠳᠦ ᠬᠦᠷᠴᠦ᠍᠂ ᠮᠠᠰᠢ ᠰᠠᠢᠨ ᠢᠷᠠᠬᠡᠲᠤᠢ ᠵᠢᠨ ᠬᠠᠨᠲᠤᠰᠢ ᠲᠠᠢ ᠪᠠᠢᠨ᠎ᠠ》 ᠭᠡᠵᠦ ᠢᠷᠡᠬᠦ᠌ ᠵᠢᠯ᠎ᠦᠨ ᠬᠥᠭ᠌ᠵᠢᠯᠲᠡ᠎ᠶ᠋ᠢᠨ ᠲᠥᠯᠥᠪᠯᠡᠭᠡ ᠪᠠᠨ ᠬᠡᠯᠡᠬᠦ᠎ᠳᠦ ᠷᠦᠨ ᠽᠸ ᠶᠤᠸᠠᠨ ᠲᠠᠷᠢᠶᠠᠴᠢᠨ᠎ᠤ ᠲᠤᠰᠭᠠᠢ ᠬᠤᠷᠱᠢᠶ᠎ᠠ᠎ᠶ᠋ᠢᠨ ᠬᠠᠷᠢᠭᠤᠴᠠᠯᠭᠠᠲᠠᠨ ᠵᠠᠩ ᠱᠧᠩ ᠯᠢ ᠢᠲᠡᠭᠡᠯ ᠲᠡᠭᠦᠯᠳᠡᠷ᠄ 《ᠪᠢᠳᠡ ᠪᠠᠰᠠ ᠬᠦᠢᠳᠡᠨ ᠰᠡᠷᠢᠭᠦᠨ᠎ᠳᠦ ᠳᠤᠬᠢᠷᠠᠮᠵᠢᠳᠠᠢ ᠢᠳᠡᠱᠢᠨ ᠨᠣᠭᠣᠭ᠎ᠠ ᠲᠠᠷᠢᠬᠤ ᠠᠵᠢᠯ᠎ᠢ ᠶᠡᠬᠡ ᠪᠡᠷ ᠬᠥᠭ᠌ᠵᠢᠭᠦᠯᠵᠦ᠍᠂ ᠵᠠᠬᠢᠶᠠᠯᠠᠭ᠎ᠠ᠎ᠶ᠋ᠢᠨ ᠬᠡᠯᠪᠡᠷᠢ᠎ᠪᠡᠷ ᠠᠵᠤ ᠠᠬᠤᠢᠯᠠᠯ ᠪᠣᠯᠤᠨ ᠡᠷᠬᠢᠨ ᠲᠣᠭᠣᠷᠢᠨ᠎ᠤ ᠲᠠᠷᠢᠶᠠᠴᠢᠨ ᠡᠷᠦᠬᠡ᠎ᠲᠡᠶ ᠬᠠᠮᠲᠤᠷᠠᠯᠴᠠᠵᠤ᠂ ᠤᠢ᠍ᠢᠷ᠎ᠠ ᠬᠠᠪᠢ᠎ᠶ᠋ᠢᠨ ᠲᠠᠷᠢᠶᠠᠴᠢᠨ ᠡᠷᠦᠬᠡ᠎ᠶ᠋ᠢ ᠳᠠᠢ᠌ᠴᠢᠯᠠᠨ ᠲᠤᠬᠠᠢ᠎ᠶ᠋ᠢᠨ ᠭᠠᠵᠠᠷ᠎ᠲᠤᠨᠢ ᠬᠥᠯᠥᠰᠥᠨ ᠠᠵᠢᠯ ᠬᠢᠯᠭᠡᠵᠦ᠍᠂ ᠣᠷᠣᠯᠭ᠎ᠠ᠎ᠶ᠋ᠢ ᠨᠢ ᠨᠡᠮᠡᠭ᠌ᠳᠡᠭᠦᠯᠦᠨ ᠪᠠᠶᠠᠵᠢᠭᠤᠯᠵᠤ᠂ ᠬᠥᠳᠡᠭᠡ ᠲᠣᠰᠭᠣᠨ᠎ᠢ ᠬᠥᠭ᠌ᠵᠢᠭᠦᠯᠦᠨ ᠮᠠᠨᠳᠤᠭᠤᠯᠬᠤ᠎ᠳᠤ ᠬᠦᠴᠦᠨ ᠴᠢᠳᠠᠯ᠎ᠢᠶᠠᠨ ᠡᠷᠭᠦᠨ᠎ᠡ》 ᠬᠡᠵᠦ ᠬᠡᠯᠡᠨ᠎ᠡ᠃

ᠬᠢᠵᠢᠭ᠎ᠦᠨ ᠪᠠᠢᠳᠠᠯ᠎ᠤᠨ ᠬᠤᠭᠤᠴᠠᠭᠠᠨ᠎ᠳᠤ ᠡᠯ᠎ᠡ ᠴᠢᠬᠤᠯᠠ ᠶᠡᠬᠡ ᠲᠠᠷᠢᠶᠠᠯᠠᠩ᠎ᠤᠨ ᠲᠦᠷᠦᠯ ᠵᠦᠢᠯ᠎ᠦᠨ ᠪᠦᠳᠦᠭᠡᠨ ᠪᠠᠢᠭᠤᠯᠤᠯᠲᠠ᠎ᠶ᠋ᠢ ᠦᠷᠭᠦᠯᠵᠢᠯᠡᠨ ᠠᠬᠢᠭᠤᠯᠬᠤ᠎ᠶ᠋ᠢ ᠪᠠᠲᠤᠯᠠᠬᠤ᠎ᠶ᠋ᠢᠨ ᠲᠥᠯᠥᠭᠡ᠂ ᠳ᠋ᠦᠩ ᠾᠧ ᠲᠣᠭᠣᠷᠢᠭ᠎ᠤᠨ ᠬᠢᠨ 《ᠬᠢᠵᠢᠭ ᠎ᠦᠨ ᠪᠠᠢᠳᠠᠯ᠎ᠢ ᠰᠡᠷᠭᠡᠢᠯᠡᠬᠦ᠌᠂ ᠠᠵᠤ ᠠᠬᠤᠢ᠎ᠶ᠋ᠢ ᠲᠣᠭ᠍ᠲᠠᠪᠤᠷᠢᠵᠢᠭᠤᠯᠬᠤ᠂ ᠬᠥᠭ᠌ᠵᠢᠯᠲᠡ ᠵᠢᠨ ᠠᠮᠤᠷ ᠲᠦᠪᠱᠢᠨ ᠎ᠢ ᠪᠠᠳᠤᠯᠠᠬᠤ》 ᠶᠡᠷᠦᠩᠬᠡᠢ ᠱᠠᠭᠠᠷᠳᠠᠯᠭ᠎ᠠ᠎ᠶ᠋ᠢᠨ ᠲᠣᠭᠣᠷᠢᠨ᠎ᠳᠤ᠂ ᠬᠢᠵᠢᠭ᠎ᠦᠨ ᠪᠠᠢᠳᠠᠯ᠎ᠤᠨ ᠬᠥᠳᠡᠭᠡ ᠠᠵᠤ ᠠᠬᠤᠢ ᠬᠥᠳᠡᠭᠡ ᠲᠣᠰᠭᠣᠨ᠎ᠤ ᠴᠢᠬᠤᠯᠠ ᠶᠡᠬᠡ ᠲᠦᠷᠦᠯ ᠵᠦᠢᠯ᠎ᠦᠨ ᠪᠦᠳᠦᠭᠡᠨ ᠪᠠᠢᠭᠤᠯᠤᠯᠲᠠ᠎ᠳᠤ ᠦᠵᠡᠭᠦᠯᠬᠦ᠌ ᠨᠥᠯᠥᠭᠡ᠎ᠶ᠋ᠢ ᠢᠳᠡᠪᠬᠢᠲᠡᠢ ᠠᠷᠭᠠᠴᠠᠭᠠᠵᠤ᠂ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌᠂ ᠲᠦᠷᠦᠯ ᠵᠦᠢᠯ᠎ᠦᠨ ᠪᠦᠳᠦᠭᠡᠨ ᠪᠠᠢᠭᠤᠯᠤᠯᠲᠠ 《ᠬᠣᠶᠠᠷ᠎ᠢ ᠪᠦᠷ ᠠᠳᠭᠤᠬᠤ》 ᠶ᠋ᠢ ᠪᠠᠷᠢᠮᠲᠠᠯᠠᠵᠤ᠂ ᠪᠦᠬᠦ᠌ ᠬᠦᠴᠦᠨ᠎ᠢᠶᠡᠷ᠎ᠢᠶᠡᠨ᠂ ᠠᠵᠢᠯ᠎ᠤᠨ ᠬᠤᠭᠤᠴᠠᠭ᠎ᠠ᠎ᠶ᠋ᠢ ᠠᠮᠵᠢᠵᠤ᠂ ᠥᠨᠳᠥᠷ ᠪᠦᠲᠦᠮᠵᠢᠲᠡᠢ ᠠᠬᠢᠭᠤᠯᠤᠨ᠂ ᠲᠦᠷᠦᠯ ᠵᠦᠢᠯ᠎ᠦᠨ ᠪᠦᠳᠦᠭᠡᠨ ᠪᠠᠢᠭᠤᠯᠤᠯᠲᠠ᠎ᠶ᠋ᠢ ᠨᠢᠭᠡ ᠮᠥᠴᠡ ᠴᠦ᠍ ᠵᠣᠭᠰᠤᠭᠠᠭᠰᠠᠨ ᠦᠬᠡᠢ᠃

ᠣᠢᠯᠠᠭᠠᠭ᠍ᠰᠠᠨ᠎ᠢᠶᠠᠷ᠂ ᠲᠢᠶᠠᠨ ᠾᠧ ᠲᠠᠷᠢᠶᠠᠯᠠᠩ ᠎ᠤᠨ ᠵᠢᠭᠤᠯᠴᠢᠯᠠᠯ᠎ᠤᠨ ᠰᠤᠳᠤᠯᠤᠨ ᠰᠤᠷᠤᠯᠴᠠᠬᠤ ᠶᠡᠷᠦᠩᠬᠡᠢᠯᠡᠭ᠌ᠰᠡᠨ ᠴᠣᠭ᠍ᠴᠠ᠎ᠶ᠋ᠢᠨ ᠲᠥᠷᠥᠯ ᠵᠦᠶ᠋ᠯ᠎ᠢ ᠶᠠᠭ ᠬᠦᠴᠦᠲᠡᠶ ᠠᠬᠢᠭᠤᠯᠵᠤ᠂ ᠨᠡᠢᠲᠡ 1 ᠳ᠋ᠦᠩᠱᠢᠭᠤᠷ ᠲᠥᠭᠥᠷᠢᠭ᠎ᠦᠨ ᠪᠠᠯᠠ ᠣᠷᠣᠭᠤᠯᠤᠭ᠍ᠰᠠᠨ ᠮᠧᠩ ᠱᠢᠩ ᠮᠢᠩᠭᠠᠨ ᠮᠥ᠍ ᠬᠠᠭᠤᠴᠢᠨ ᠬᠦᠯᠡᠮᠵᠢ᠎ᠶ᠋ᠢᠨ ᠲᠥᠷᠥᠯ ᠵᠦᠶ᠋ᠯ᠎ᠢ ᠣᠲᠣ ᠨᠢᠭᠡᠨᠲᠡ 300 ᠮᠥ᠍ ᠪᠡᠶᠡᠯᠡᠭᠦᠯᠵᠦ᠍᠂ 2 ᠲᠦᠮᠡᠨ ᠮᠥ᠍ ᠥᠨᠳᠥᠷ ᠪᠠᠷᠢᠮᠵᠢᠶᠠᠲᠤ ᠲᠠᠷᠢᠶᠠᠨ ᠭᠠᠵᠠᠷ᠎ᠤᠨ ᠲᠥᠷᠥᠯ ᠵᠦᠶ᠋ᠯ᠎ᠢ ᠴᠦ᠍ ᠱᠠᠯᠠᠪᠳᠠᠨ ᠪᠥᠲᠥᠭᠡᠨ ᠪᠠᠢᠭᠤᠯᠵᠤ ᠪᠠᠢᠨ᠎ᠠ᠃

ᠬᠥᠳᠡᠭᠡ ᠠᠵᠤ ᠠᠬᠤᠢ ᠬᠥᠳᠡᠭᠡ ᠲᠣᠰᠭᠣᠨ᠎ᠤ ᠴᠢᠬᠤᠯᠠ ᠶᠡᠬᠡ ᠲᠦᠷᠦᠯ ᠵᠦᠢᠯ᠎ᠦᠨ ᠪᠦᠳᠦᠭᠡᠨ ᠪᠠᠢᠭᠤᠯᠤᠯᠲᠠ᠎ᠶ᠋ᠢ ᠠᠬᠢᠭᠤᠯᠬᠤ᠎ᠶ᠋ᠢᠨ ᠵᠡᠷᠭᠡ᠎ᠪᠡᠷ᠂ ᠳ᠋ᠦᠩ ᠾᠧ ᠲᠣᠭᠣᠷᠢᠭ᠎ᠤᠨ ᠬᠢᠨ ᠣᠷᠣᠱᠢᠨ ᠰᠠᠭᠤᠷᠢᠱᠢᠬᠤ ᠣᠷᠴᠢᠨ ᠲᠣᠭᠣᠷᠢᠨ᠎ᠢ ᠴᠡᠭ᠌ᠴᠡᠯᠡᠨ ᠵᠠᠰᠠᠬᠤ᠎ᠶ᠋ᠢ ᠤᠯᠠᠨ ᠲᠦᠮᠡᠨ᠎ᠦ ᠠᠮᠢᠳᠤᠷᠠᠯ᠎ᠤᠨ ᠨᠥᠬᠥᠴᠡᠯ᠎ᠢ ᠰᠠᠢᠵᠢᠷᠠᠭᠤᠯᠬᠤ᠂ ᠠᠷᠠᠳ ᠲᠦᠮᠡᠨ᠎ᠦ ᠵᠢᠷᠭᠠᠯᠲᠤ ᠲᠦᠷᠦᠭ᠌ᠳᠡᠯ᠎ᠢ ᠳᠡᠭᠡᠭ᠌ᠰᠢᠯᠡᠭᠦᠯᠬᠦ᠌ ᠴᠢᠬᠤᠯᠠ ᠠᠭᠤᠯᠭ᠎ᠠ ᠪᠣᠯᠭᠠᠵᠤ᠂ ᠴᠢᠩᠭ᠎ᠠ ᠠᠳᠭᠤᠨ᠂ ᠪᠣᠳᠠᠲᠠᠢ ᠠᠳᠭᠤᠨ᠂ ᠰᠠᠢᠲᠤᠷ ᠠᠳᠭᠤᠵᠦ᠂ ᠬᠥᠳᠡᠭᠡ ᠲᠣᠰᠭᠣᠨ᠎ᠢ ᠬᠥᠭ᠌ᠵᠢᠭᠦᠯᠦᠨ ᠮᠠᠨᠳᠤᠭᠤᠯᠬᠤ᠎ᠳᠤ ᠲᠠᠬᠢᠨ ᠱᠢᠨ᠎ᠡ ᠳᠦᠷᠰᠦ ᠪᠠᠢᠳᠠᠯ ᠨᠡᠮᠡᠷᠢᠯᠡᠪᠡ᠃ ᠣᠳᠣᠬᠠᠨ᠎ᠳᠤ᠂ ᠬᠥᠳᠡᠭᠡ ᠲᠣᠰᠭᠣᠨ᠎ᠤ ᠠᠮᠢᠳᠤᠷᠠᠯ᠎ᠤᠨ ᠬᠣᠭ ᠨᠣᠪᠰᠢ᠎ᠶ᠋ᠢ ᠰᠢᠢᠳᠪᠤᠷᠢᠯᠡᠬᠦ᠂ ᠪᠣᠬᠢᠷ ᠤᠰᠤ᠎ᠶ᠋ᠢ ᠵᠠᠰᠠᠬᠤ᠂ ᠵᠣᠷᠯᠣᠩ᠎ᠤᠨ ᠬᠤᠪᠢᠰᠭᠠᠯ᠂ ᠲᠠᠷᠢᠶᠠᠯᠠᠩ ᠮᠠᠯ ᠠᠵᠤ ᠠᠬᠤᠶ ᠵᠢᠨ ᠦᠶ᠋ᠯᠡᠳᠪᠦᠷᠢᠯᠡᠯ ᠎ᠦᠨ ᠬᠠᠶᠠᠭ᠍ᠳᠠᠮᠠᠯ ᠪᠣᠳᠠᠰ ᠎ᠢ ᠡᠬᠢ ᠪᠠᠶᠠᠯᠢᠭ᠍ᠵᠢᠭᠤᠯᠤᠨ ᠠᠱᠢᠭ᠍ᠯᠠᠬᠤ᠂ ᠮᠠᠯ ᠵᠢᠭᠦᠷᠲᠡᠨ᠎ᠦ ᠢᠯᠭᠠᠳᠠᠰᠤ᠎ᠶ᠋ᠢ ᠡᠬᠢ ᠪᠠᠶᠠᠯᠢᠭ᠍ᠵᠢᠭᠤᠯᠤᠨ ᠠᠱᠢᠭ᠍ᠯᠠᠬᠤ ᠵᠡᠷᠭᠡ ᠲᠥᠷᠥᠯ ᠵᠦᠶ᠋ᠯ᠎ᠢ ᠶᠠᠭ ᠴᠢᠨᠠᠷ ᠰᠠᠢᠲᠠᠶ ᠠᠬᠢᠭᠤᠯᠵᠤ ᠪᠠᠢᠨ᠎ᠠ᠃ ᠠᠳᠤᠭᠤᠴᠢᠨ ᠲᠣᠰᠭᠣᠨ᠎ᠤ ᠰᠠᠭᠤᠷᠢ ᠲᠥᠬᠥᠭᠡᠷᠦᠮᠵᠢ᠎ᠶ᠋ᠢ ᠱᠢᠯᠢᠳᠡᠭ᠌ᠵᠢᠭᠦᠯᠬᠦ᠌᠂ ᠲᠣᠰᠭᠣᠨ᠎ᠤ ᠳᠦᠷᠢ ᠲᠥᠷᠬᠦ᠌᠎ᠶ᠋ᠢ ᠴᠡᠭ᠌ᠴᠡᠯᠡᠨ ᠵᠠᠰᠠᠬᠤ᠂ ᠭᠣᠣᠯᠳᠠᠯᠭ᠎ᠠ᠎ᠲᠠᠶ ᠣᠷᠣᠨ ᠪᠠᠢᠷᠢ᠎ᠶ᠋ᠢᠨ ᠣᠨᠴᠠᠯᠢᠭ᠎ᠢ ᠴᠣᠭ᠍ᠴᠠᠯᠠᠬᠤ ᠵᠢᠴᠢ ᠸᠠᠩ ᠳ᠋ᠠ ᠬᠠᠨ ᠲᠣᠰᠭᠣᠨ᠎ᠤ ᠲᠣᠰᠭᠣᠨ᠎ᠳᠤ ᠬᠦᠷᠬᠦ ᠭᠣᠣᠯ ᠵᠠᠮ᠎ᠢ ᠱᠢᠨᠡᠳᠭᠡᠬᠦ᠌᠂ ᠪᠣᠯᠪᠠᠰᠤᠨ ᠠᠭᠤᠳᠠᠮ ᠲᠠᠯᠠᠪᠠᠢ᠎ᠶ᠋ᠢ ᠳᠡᠰ ᠳᠡᠪᠱᠢᠭᠦᠯᠬᠦ᠌᠂ ᠲᠣᠰᠭᠣᠨ᠎ᠠᠴᠠ ᠭᠠᠷᠬᠤ ᠵᠠᠮ᠎ᠢ ᠥᠭᠡᠷᠡᠴᠢᠯᠡᠨ ᠪᠠᠢᠭᠤᠯᠬᠤ ᠵᠡᠷᠭᠡ ᠪᠦᠲᠦᠭᠡᠨ ᠪᠠᠢᠭᠤᠯᠤᠯᠲᠠ᠎ᠶ᠋ᠢᠨ ᠡᠭᠦᠷᠭᠡ᠎ᠶ᠋ᠢ ᠨᠢᠭᠡᠨᠳᠡ ᠪᠦᠷ ᠪᠡᠶᠡᠯᠡᠭᠦᠯᠵᠠᠢ᠃

ᠳ᠋ᠦᠩ ᠾᠧ ᠲᠣᠭᠣᠷᠢᠭ᠎ᠤᠨ ᠨᠠᠮ᠎ᠤᠨ ᠬᠣᠷᠢᠶᠠᠨ᠎ᠤ ᠪᠠᠢᠩᠭᠤ᠎ᠶ᠋ᠢᠨ ᠭᠡᠱᠢᠭᠦᠨ᠂ ᠲᠤᠭᠤᠷᠢᠭ᠎ᠤᠨ ᠪᠠᠢᠩᠭᠤ᠎ᠶ᠋ᠢᠨ ᠳᠡᠳ᠋ ᠳᠠᠷᠤᠭ᠎ᠠ ᠯᠢᠦ ᠵᠧᠩ ᠪᠢᠳᠡ ᠨᠠᠮ᠎ᠤᠨ ᠬᠣᠷᠢᠳᠤᠭᠠᠷ ᠶᠡᠬᠡ ᠬᠤᠷᠠᠯ᠎ᠤᠨ ᠵᠣᠷᠢᠭ ᠰᠠᠨᠠᠭ᠎ᠠ᠎ᠪᠠᠷ ᠵᠢᠯᠤᠭᠤᠳᠤᠯᠭ᠎ᠠ ᠪᠣᠯᠭᠠᠵᠤ᠂ ᠲᠠᠷᠢᠶᠠᠯᠠᠩ᠎ᠤᠨ ᠠᠵᠤ ᠦᠢᠯᠡᠰ᠎ᠦᠨ ᠲᠦᠷᠦᠯ ᠵᠦᠢᠯ᠎ᠢ ᠥᠨᠳᠥᠷ ᠪᠦᠲᠦᠮᠵᠢᠲᠡᠢ ᠠᠬᠢᠭᠤᠯᠵᠤ᠂ ᠤᠯᠠᠨ ᠲᠦᠮᠡᠨ᠎ᠦ ᠪᠤᠶᠠᠨ ᠵᠢᠷᠭᠠᠯ᠎ᠢ ᠲᠠᠰᠤᠷᠠᠯᠳᠠ ᠦᠭᠡᠢ ᠳᠡᠭᠡᠭ᠌ᠰᠢᠯᠡᠭᠦᠯᠤᠨ᠂ ᠵᠣᠭ᠍ᠰᠣᠯᠳᠠ ᠦᠭᠡᠢ ᠤᠷᠤᠭ᠍ᠰᠢᠯᠠᠨ ᠬᠥᠳᠡᠭᠡ ᠲᠣᠰᠭᠣᠨ᠎ᠢ ᠬᠥᠭ᠌ᠵᠢᠭᠦᠯᠦᠨ ᠮᠠᠨᠳᠤᠭᠤᠯᠬᠤ᠎ᠳᠤ ᠬᠦᠴᠦᠨ ᠨᠡᠮᠡᠷᠢᠯᠡᠨ᠎ᠡ ᠭᠡᠵᠦ᠍ ᠢᠯᠡᠳᠭᠡᠪᠡ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠠᠨᠠᠷ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠰᠢᠨ᠎ᠡ ᠰᠡᠳᠬᠢᠭᠳᠡᠯ ᠪᠢᠴᠢᠬᠦ᠄
ᠬᠠᠮᠤᠭ᠎ᠤᠨ ᠰᠢᠨ᠎ᠡ ᠸᠢᠳᠢᠤ᠋
ᠬᠠᠮᠤᠭ᠎ᠤᠨ ᠰᠢᠨ᠎ᠡ ᠵᠢᠷᠤᠭ

2008-2018 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635372

ᠢᠮᠧᠯ᠄tn@mgyxw.net   蒙ICP备10000005号