ᠮᠠᠷᠺᠰ᠎ᠤᠨ ᠦᠵᠡᠯ᠎ᠢ ᠳᠤᠮᠳᠠᠳᠤ ᠤᠯᠤᠰᠴᠢᠯᠠᠵᠦ ᠴᠠᠭ ᠦᠶᠡᠴᠢᠯᠡᠬᠦ᠌ ᠱᠢᠨ᠎ᠡ ᠠᠬᠤᠢ ᠪᠠᠢᠳᠠᠯ᠎ᠢ ᠲᠠᠰᠤᠷᠠᠯᠲᠠ ᠦᠭᠡᠢ ᠨᠡᠭᠡᠭᠡᠰᠦᠭᠡᠢ
2022-12-09 18:43:51
ᠵᠣᠬᠢᠶᠠᠭ᠍ᠴᠢ᠄
ᠹᠧᠩ ᠶᠠᠨ ᠯᠢ
ᠣᠩᠱᠢᠭ᠍ᠰᠠᠨ ᠣᠳᠠᠭ᠎ᠠ᠄
★★★☆☆

ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠬᠤᠷᠢᠳᠤᠭᠠᠷ ᠤᠳᠠᠭ᠎ᠠ᠎ᠶ᠋ᠢᠨ ᠪᠦᠬᠦ᠌ ᠤᠯᠤᠰ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ ᠪᠣᠯ ᠪᠦᠬᠦ᠌ ᠨᠠᠮ ᠪᠦᠬᠦ᠌ ᠤᠯᠤᠰ᠎ᠤᠨ ᠦᠨᠳᠦᠰᠦᠲᠡᠨ᠎ᠨᠦᠭᠦᠳ᠎ᠤᠨ ᠠᠷᠠᠳ ᠲᠦᠮᠡᠨ ᠨᠡᠢᠭᠡᠮ ᠵᠢᠷᠤᠮᠲᠤ ᠣᠳᠣᠬᠢᠴᠢᠯᠠᠭ᠍ᠰᠠᠨ ᠤᠯᠤᠰ᠎ᠢ ᠪᠦᠬᠦ᠌ ᠲᠠᠯ᠎ᠠ᠎ᠪᠠᠷ ᠪᠦᠲᠦᠭᠡᠨ ᠪᠠᠢᠭᠤᠯᠬᠤ ᠱᠢᠨ᠎ᠡ ᠠᠶᠠᠨ᠎ᠳᠠᠭᠠᠨ ᠮᠣᠷᠳᠠᠵᠤ᠂ ᠬᠤᠶᠠᠳᠤᠭᠠᠷ ᠵᠠᠭᠤᠨ ᠵᠢᠯ᠎ᠤᠨ ᠲᠡᠮᠡᠴᠡᠬᠦ᠌ ᠬᠠᠷᠠᠯᠲᠠ ᠲᠡᠢᠰᠢ ᠤᠷᠤᠭ᠍ᠰᠢᠯᠠᠬᠤ ᠵᠠᠩᠭᠢᠯᠠᠭ᠎ᠠ᠎ᠶ᠋ᠢᠨ ᠴᠠᠭ ᠦᠶ᠎ᠡ᠎ᠳᠤ ᠬᠤᠷᠠᠯᠳᠤᠭ᠍ᠰᠠᠨ ᠨᠢᠭᠡ ᠤᠳᠠᠭ᠎ᠠ᠎ᠶ᠋ᠢᠨ ᠲᠤᠢᠯ᠎ᠤᠨ ᠴᠢᠬᠤᠯᠠ ᠶᠡᠭᠡ ᠬᠤᠷᠠᠯ ᠪᠣᠯᠣᠨ᠎ᠠ᠂ ᠲᠤᠭ ᠵᠢᠡᠨ ᠥᠨᠳᠥᠷ ᠮᠠᠨᠳᠤᠭᠤᠯᠵᠤ᠂ ᠬᠦᠴᠦᠨ ᠴᠢᠳᠠᠯ᠎ᠵᠢᠡᠨ ᠨᠢᠭ᠍ᠲᠠᠷᠠᠭᠤᠯᠣᠬᠰᠠᠨ ᠪᠦᠯᠬᠦᠮᠳᠡᠯ ᠲᠡᠮᠡᠴᠡᠯ ᠎ᠦᠨ ᠶᠡᠭᠡ ᠬᠤᠷᠠᠯ᠂ ᠢᠯᠠᠯᠲᠠ᠎ᠶ᠋ᠢᠨ ᠶᠡᠭᠡ ᠬᠤᠷᠠᠯ ᠪᠣᠯᠣᠨ᠎ᠠ᠃

ᠨᠠᠮ᠎ᠤᠨ ᠬᠤᠷᠢᠳᠤᠭᠠᠷ ᠶᠡᠭᠡ ᠬᠤᠷᠠᠯ᠎ᠤᠨ ᠵᠣᠷᠢᠭ ᠰᠠᠨᠠᠭ᠎ᠠ᠎ᠶ᠋ᠢ ᠭᠦᠨᠵᠡᠭᠡᠢ ᠰᠤᠷᠤᠯᠴᠠᠵᠤ ᠤᠬᠠᠭᠤᠯᠤᠨ ᠲᠤᠭᠤᠱᠢᠯᠠᠭᠤᠯᠬᠤ᠎ᠳᠤ᠂ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢᠭᠡᠮ ᠵᠢᠷᠤᠮ᠎ᠤᠨ ᠪᠦᠲᠦᠭᠡᠨ ᠪᠠᠢᠭᠤᠯᠤᠯᠲᠠ᠎ᠶ᠋ᠢᠨ ᠠᠷᠪᠠᠨ ᠵᠢᠯ᠎ᠤᠨ ᠠᠭᠤᠤ ᠶᠡᠭᠡ ᠠᠮᠵᠢᠯᠲᠠ ᠪᠦᠲᠦᠮᠵᠢ ᠪᠠ ᠠᠭᠤᠤ ᠶᠡᠭᠡ ᠬᠤᠪᠢᠰᠤᠯᠲᠠ᠎ᠶ᠋ᠢ ᠭᠦᠨᠵᠡᠭᠡᠢ ᠡᠵᠡᠮᠱᠢᠬᠦ᠌ ᠬᠡᠷᠡᠭ᠌ᠲᠡᠢ᠂ ᠱᠢᠨ᠎ᠡ ᠴᠠᠭ ᠦᠶ᠎ᠡ᠎ᠶ᠋ᠢᠨ ᠠᠷᠪᠠᠨ ᠵᠢᠯ᠎ᠤᠨ ᠠᠭᠤᠤ ᠶᠡᠭᠡ ᠬᠤᠪᠢᠰᠤᠯᠲᠠ᠎ᠨᠢ ᠨᠠᠮ᠎ᠤᠨ ᠲᠡᠦᠬᠡ᠂ ᠱᠢᠨ᠎ᠡ ᠳᠤᠮᠳᠠᠳᠤ ᠤᠯᠤᠰ᠎ᠤᠨ ᠲᠡᠦᠬᠡ᠂ ᠥᠭᠡᠷᠡᠴᠢᠯᠡᠯᠲᠡ ᠨᠡᠭᠡᠭᠡᠯᠲᠡ᠎ᠶ᠋ᠢᠨ ᠲᠡᠦᠬᠡ᠂ ᠨᠡᠢᠭᠡᠮ ᠵᠢᠷᠤᠮ᠎ᠤᠨ ᠬᠥᠭ᠌ᠵᠢᠯ᠎ᠤᠨ ᠲᠡᠦᠬᠡ᠂ ᠳᠤᠮᠳᠠᠳᠤ᠎ᠶ᠋ᠢᠨ ᠦᠨᠳᠦᠰᠦᠲᠡᠨ᠎ᠤ ᠬᠥᠭ᠌ᠵᠢᠯᠲᠡ᠎ᠶ᠋ᠢᠨ ᠲᠡᠦᠬᠡᠨ ᠳᠡᠭᠡᠷ᠎ᠡ ᠬᠥᠱᠢᠶ᠎ᠡ ᠳᠤᠷᠠᠰᠭᠠᠯ᠎ᠤᠨ ᠠᠴᠢ ᠬᠤᠯᠪᠣᠭ᠍ᠳᠠᠯ᠎ᠲᠠᠢ᠎ᠶ᠋ᠢ ᠭᠦᠨᠵᠡᠭᠡᠢ ᠲᠠᠨᠢᠬᠤ ᠬᠡᠷᠡᠭ᠌ᠲᠡᠢ᠃ ᠥᠩᠭᠡᠷᠡᠭᠡᠭ᠌ᠰᠡᠨ᠎ᠳᠤ ᠪᠢᠳᠡ ᠶᠠᠭᠠᠬᠢᠭᠠᠳ ᠠᠮᠵᠢᠯᠲᠠ ᠣᠯᠣᠭ᠍ᠰᠠᠨ᠂ ᠶᠠᠭᠠᠬᠢᠭᠠᠳ ᠲᠡᠦᠬᠡᠲᠦ ᠴᠢᠨᠠᠷᠲᠠᠢ ᠢᠯᠠᠯᠲᠠ᠎ᠶ᠋ᠢ ᠣᠯᠵᠤ ᠴᠢᠳᠠᠭ᠍ᠰᠠᠨ ᠪᠤᠢ᠂ ᠲᠡᠷᠡᠴᠢᠯᠡᠨ 《ᠳᠤᠮᠳᠠᠳᠤ᠎ᠶ᠋ᠢᠨ ᠦᠨᠳᠦᠰᠦᠲᠡᠨ᠎ᠤ ᠬᠥᠭ᠌ᠵᠢᠯᠲᠡ᠎ᠶ᠋ᠢᠨ ᠲᠡᠦᠬᠡᠨ ᠬᠠᠭᠤᠳᠠᠰᠤ᠎ᠶ᠋ᠢ ᠭᠡᠢᠭᠦᠯᠦᠭ᠌ᠰᠡᠨ ᠲᠡᠦᠬᠡᠲᠦ ᠴᠢᠨᠠᠷᠲᠠᠢ ᠢᠯᠠᠯᠲᠠ ᠮᠥᠨ᠂ ᠮᠥᠨ ᠴᠦ᠍ ᠳᠡᠯᠡᠬᠡᠢ ᠳ᠋ᠠᠬᠢᠨ᠎ᠳᠤ ᠠᠯᠤᠰ ᠬᠡᠳᠦ᠍᠎ᠶ᠋ᠢᠨ ᠨᠥᠯᠥᠭᠡ ᠦᠵᠡᠭᠦᠯᠬᠦ᠌ ᠲᠡᠦᠬᠡᠲᠦ ᠴᠢᠨᠠᠷᠲᠠᠢ ᠢᠯᠠᠯᠲᠠ ᠪᠣᠯᠣᠨ᠎ᠠ》 ᠭᠡᠳᠡᠭ᠎ᠢ ᠲᠣᠳᠣᠷᠬᠠᠢ ᠣᠢᠯᠠᠭᠠᠬᠤ ᠬᠡᠷᠡᠭ᠌ᠲᠡᠢ᠃

ᠪᠢᠳᠠ ᠥᠩᠭᠡᠷᠡᠭ᠌ᠰᠡᠨ᠎ᠳᠤ ᠠᠮᠵᠢᠯᠲᠠ ᠣᠯᠵᠤ ᠴᠢᠳᠠᠭ᠍ᠰᠠᠨ᠎ᠤ ᠱᠢᠯᠲᠠᠭᠠᠨ᠎ᠨᠢ ᠡᠩ ᠲᠡᠷᠢᠭᠦᠨ᠎ᠳᠤ ᠰᠢ᠎ᠶ᠋ᠢᠨ ᠫᠢᠩ ᠨᠥᠬᠦᠷ᠎ᠢᠶᠠᠷ ᠭᠤᠣᠯ ᠪᠣᠯᠭᠠᠭ᠍ᠰᠠᠨ ᠨᠠᠮ᠎ᠤᠨ ᠲᠥᠪ ᠬᠤᠷᠢᠶᠠᠨ᠎ᠤ ᠪᠠᠲᠤ ᠴᠢᠩᠭ᠎ᠠ ᠤᠳᠤᠷᠢᠳᠤᠯᠭ᠎ᠠ᠂ ᠪᠦᠬᠦ᠌ ᠲᠠᠯ᠎ᠠ᠎ᠶ᠋ᠢᠨ ᠤᠳᠤᠷᠢᠳᠤᠯᠭ᠎ᠠ ᠪᠠᠢᠭ᠍ᠰᠠᠨ᠎ᠠᠴᠠ ᠪᠣᠯᠤᠭ᠍ᠰᠠᠨ ᠶᠤᠮ᠂ ᠨᠠᠮ᠎ᠤᠨ ᠪᠠᠲᠤ ᠴᠢᠩᠭ᠎ᠠ ᠤᠳᠤᠷᠢᠳᠤᠯᠭ᠎ᠠ᠂ ᠪᠦᠬᠦ᠌ ᠲᠠᠯ᠎ᠠ᠎ᠶ᠋ᠢᠨ ᠤᠳᠤᠷᠢᠳᠤᠯᠭ᠎ᠠ ᠪᠠᠢᠬᠤ᠎ᠶ᠋ᠢᠨ ᠱᠢᠯᠲᠠᠭᠠᠨ᠎ᠨᠢ ᠮᠠᠨ᠎ᠤ ᠨᠠᠮ ᠮᠠᠷᠺᠰ᠎ᠤᠨ ᠦᠵᠡᠯ᠎ᠤᠨ ᠳᠤᠮᠳᠠᠳᠤ ᠤᠯᠤᠰᠴᠢᠯᠠᠵᠦ ᠴᠠᠭ ᠦᠶᠡᠴᠢᠯᠡᠭ᠌ᠰᠡᠨ ᠱᠢᠨ᠎ᠡ ᠠᠬᠤᠢ ᠪᠠᠢᠳᠠᠯ᠎ᠢ ᠲᠠᠰᠤᠷᠠᠯᠲᠠ ᠦᠭᠡᠢ ᠨᠡᠭᠡᠭᠡᠭ᠌ᠰᠡᠨ ᠡᠴᠡ ᠪᠣᠯᠤᠭ᠍ᠰᠠᠨ ᠶᠤᠮ᠃ ᠮᠠᠨ᠎ᠤ ᠨᠠᠮ ᠮᠠᠷᠺᠰ᠎ᠤᠨ ᠦᠵᠡᠯ᠎ᠢ ᠳᠤᠮᠳᠠᠳᠤ ᠤᠯᠤᠰᠴᠢᠯᠠᠵᠤ ᠴᠠᠭ ᠦᠶᠡᠴᠢᠯᠡᠬᠦ᠌ ᠱᠢᠨ᠎ᠡ ᠠᠬᠤᠢ ᠪᠠᠢᠳᠠᠯ᠎ᠢ ᠲᠠᠰᠤᠷᠠᠯᠲᠠ ᠦᠭᠡᠢ ᠨᠡᠭᠡᠭᠡᠵᠦ᠍ ᠴᠢᠳᠠᠭ᠍ᠰᠠᠨ᠎ᠤ ᠱᠢᠯᠲᠠᠭᠠᠨ᠎ᠨᠢ ᠮᠠᠨ᠎ᠤ ᠨᠠᠮ ᠮᠠᠷᠺᠰ᠎ᠤᠨ ᠦᠵᠡᠯ᠎ᠤᠨ ᠦᠨᠳᠦᠰᠦᠨ ᠤᠭ ᠶᠣᠰᠣ᠎ᠶ᠋ᠢ ᠲᠤᠮᠳᠠᠳᠤ ᠤᠯᠤᠰ᠎ᠤᠨ ᠪᠣᠳᠠᠲᠤ ᠪᠠᠢᠳᠠᠯ᠎ᠲᠠᠢ ᠤᠶᠠᠯᠳᠤᠭᠤᠯᠵᠦ᠂ ᠳᠤᠮᠳᠠᠳᠤ᠎ᠶ᠋ᠢᠨ ᠱᠢᠯᠢᠳᠡᠭ ᠤᠯᠠᠮᠵᠢᠯᠠᠯᠲᠤ ᠰᠣᠶᠣᠯ᠎ᠲᠠᠢ ᠲᠠᠰᠤᠷᠠᠯᠳᠠ ᠦᠭᠡᠢ ᠤᠶᠠᠯᠳᠤᠭᠤᠯᠤᠭ᠍ᠰᠠᠨ᠎ᠳᠤ ᠪᠤᠢ᠃ ᠬᠤᠪᠢᠰᠤᠩᠭᠤᠢ  ᠪᠣᠳᠠᠰᠴᠢ ᠦᠵᠡᠯ ᠪᠠ ᠲᠡᠦᠬᠡ᠎ᠶ᠋ᠢᠨ ᠪᠣᠳᠠᠰᠴᠢ ᠦᠵᠡᠯ᠎ᠢ ᠬᠡᠷᠡᠭ᠌ᠯᠡᠬᠦ᠌᠎ᠶ᠋ᠢ ᠲᠠᠰᠤᠷᠠᠯᠲᠠ ᠦᠭᠡᠢ ᠪᠠᠷᠢᠮᠲᠠᠯᠠᠵᠤ᠂ ᠰᠢ᠎ᠶ᠋ᠢᠨ ᠫᠢᠩ᠎ᠤᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢᠭᠡᠮ ᠵᠢᠷᠤᠮ᠎ᠤᠨ ᠦᠵᠡᠯ ᠰᠠᠨᠠᠭ᠎ᠠ᠎ᠶ᠋ᠢ ᠡᠭᠦᠳᠴᠦ᠍᠂ ᠪᠠᠰᠠ ᠰᠢ᠎ᠶ᠋ᠢᠨ ᠫᠢᠩ᠎ᠤᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢᠭᠡᠮ ᠵᠢᠷᠤᠮ᠎ᠤᠨ ᠦᠵᠡᠯ ᠰᠠᠨᠠᠭ᠎ᠠ᠎ᠶ᠋ᠢ ᠲᠠᠰᠤᠷᠠᠯᠲᠠ ᠦᠭᠡᠢ ᠪᠠᠶᠠᠯᠢᠭ᠍ᠵᠢᠭᠤᠯᠤᠨ  ᠬᠥᠭ᠌ᠵᠢᠭᠦᠯᠪᠡ᠂ ᠣᠳᠣ ᠦᠶ᠎ᠡ᠎ᠶ᠋ᠢᠨ ᠳᠤᠮᠳᠠᠳᠤ ᠤᠯᠤᠰ᠎ᠤᠨ ᠮᠠᠷᠺᠰ᠎ᠤᠨ ᠦᠵᠡᠯ᠎ᠢ ᠲᠠᠰᠤᠷᠠᠯᠲᠠ ᠦᠭᠡᠢ ᠪᠠᠶᠠᠯᠢᠭ᠍ᠵᠢᠭᠤᠯᠤᠨ ᠬᠥᠭ᠌ᠵᠢᠭᠦᠯᠪᠡ᠂ ᠬᠤᠷᠢᠨ ᠨᠢᠭᠡᠳᠦᠭᠡᠷ ᠵᠠᠭᠤᠨ᠎ᠤ ᠮᠠᠷᠺᠰ᠎ᠤᠨ ᠦᠵᠡᠯ᠎ᠢ ᠲᠠᠰᠤᠷᠠᠯᠲᠠ ᠦᠭᠡᠢ ᠪᠠᠶᠠᠯᠢᠭ᠍ᠵᠢᠭᠤᠯᠤᠨ ᠬᠥᠭ᠌ᠵᠢᠭᠦᠯᠪᠡ᠂ ᠳᠤᠮᠳᠠᠳᠤ᠎ᠶ᠋ᠢᠨ ᠰᠣᠶᠣᠯ ᠪᠠ ᠳᠤᠮᠳᠠᠳᠤ ᠤᠯᠤᠰ᠎ᠤᠨ ᠵᠣᠷᠢᠭ ᠰᠠᠨᠠᠭᠠᠨ᠎ᠤ ᠴᠠᠭ ᠦᠶ᠎ᠡ᠎ᠶ᠋ᠢᠨ ᠣᠬᠢ ᠰᠣᠳᠣ᠎ᠶ᠋ᠢ ᠲᠠᠰᠤᠷᠠᠯᠲᠠ ᠦᠭᠡᠢ ᠪᠠᠶᠠᠯᠢᠭ᠍ᠵᠢᠭᠤᠯᠤᠨ ᠬᠥᠭ᠌ᠵᠢᠭᠦᠯᠪᠡ᠃ 

ᠨᠢᠭᠡᠳᠦᠭᠡᠷ᠎ᠲᠤ᠌᠂ 《ᠭᠤᠷᠪᠠᠨ ᠡᠷᠬᠡᠪᠰᠢ》 ᠎ᠶ᠋ᠢᠨ ᠤᠨᠤᠯ᠎ᠤᠨ ᠱᠢᠨ᠎ᠡ ᠡᠭᠦᠳᠦᠯᠲᠡ᠎ᠨᠢ ᠰᠢ᠎ᠶ᠋ᠢᠨ ᠫᠢᠩ᠎ᠤᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢᠭᠡᠮ ᠵᠢᠷᠤᠮ᠎ᠤᠨ ᠦᠵᠡᠯ ᠰᠠᠨᠠᠭ᠎ᠠ᠎ᠶ᠋ᠢ ᠪᠠᠶᠠᠯᠢᠭ᠍ᠵᠢᠭᠤᠯᠤᠨ ᠬᠥᠭ᠌ᠵᠢᠭᠦᠯᠪᠡ᠃ ᠶᠡᠷᠦᠩᠬᠡᠢ ᠱᠦᠵᠢ ᠰᠢ᠎ᠶ᠋ᠢᠨ ᠫᠢᠩ ᠢᠯᠡᠳᠭᠡᠯ᠎ᠳᠡᠭᠡᠨ᠄ 《ᠪᠦᠬᠦ᠌ ᠨᠠᠮ᠎ᠤᠨ ᠨᠥᠬᠦᠳ ᠡᠷᠬᠡᠪᠰᠢ ᠤᠭ ᠰᠠᠨᠠᠭ᠎ᠠ᠎ᠪᠠᠨ ᠦᠯᠦ᠍ ᠮᠠᠷᠲᠠᠵᠤ᠂ ᠡᠭᠦᠷᠭᠡ ᠬᠠᠷᠢᠭᠤᠴᠠᠯᠭ᠎ᠠ᠎ᠪᠠᠨ ᠪᠠᠲᠤ ᠴᠡᠭᠡᠵᠢᠯᠡᠵᠦ᠍᠂ ᠡᠷᠬᠡᠪᠰᠢ ᠳᠠᠷᠤᠤ ᠬᠢᠴᠢᠶᠡᠩᠭᠦᠢ ᠪᠠᠢᠵᠤ᠂ ᠲᠡᠰᠪᠦᠷᠢ ᠬᠠᠲᠠᠭᠤᠵᠢᠯᠲᠠᠢ ᠲᠡᠮᠡᠴᠡᠵᠦ᠍᠂ ᠡᠷᠬᠡᠪᠰᠢ ᠵᠣᠷᠢᠭ᠍ᠲᠠᠢ ᠲᠡᠮᠡᠴᠡᠵᠦ᠍᠂ ᠴᠢᠳᠠᠮᠠᠭᠠᠢ᠎ᠲᠡᠮᠡᠴᠡᠵᠦ᠍᠂ ᠲᠡᠦᠬᠡ᠎ᠶ᠋ᠢᠨ ᠢᠲᠡᠭᠡᠯ᠎ᠢᠶᠠᠨ ᠪᠠᠲᠤᠳᠭᠠᠵᠤ᠂ ᠲᠡᠦᠬᠡ᠎ᠶ᠋ᠢᠨ ᠰᠠᠨᠠᠭᠠᠴᠢᠯᠠᠭᠠᠲᠤ ᠴᠢᠨᠠᠷ᠎ᠢ ᠴᠢᠩᠭᠠᠳᠭᠠᠵᠤ᠂ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢᠭᠡᠮ ᠵᠢᠷᠤᠮ᠎ᠤᠨ ᠨᠡᠩ ᠦᠵᠡᠰᠭᠦᠯᠡᠩᠲᠦ ᠰᠠᠢᠬᠠᠨ ᠢᠷᠠᠭᠤ ᠬᠠᠭᠤᠳᠠᠰᠤ᠎ᠶ᠋ᠢ ᠪᠢᠴᠢᠭ᠌ᠯᠡᠬᠦ᠌ ᠬᠡᠷᠡᠭ᠌ᠲᠡᠢ》 ᠭᠡᠵᠦ᠍ ᠵᠢᠭᠠᠵᠤ ᠭᠠᠷᠭᠠᠪᠠ᠃ 《ᠭᠤᠷᠪᠠᠨ ᠡᠷᠬᠡᠪᠰᠢ》 ᠎ᠶ᠋ᠢᠨ ᠦᠵᠡᠯ ᠰᠠᠨᠠᠭ᠎ᠠ ᠪᠣᠯ ᠮᠠᠤ ᠽᠧ ᠳ᠋ᠦᠩ ᠨᠥᠬᠦᠷ᠎ᠤᠨ 《ᠬᠤᠶᠠᠷ ᠡᠷᠬᠡᠪᠰᠢ》 ᠎ᠶ᠋ᠢᠨ ᠦᠵᠡᠯ ᠰᠠᠨᠠᠭᠠᠨ᠎ᠤ ᠵᠠᠯᠭᠠᠮᠵᠢᠯᠠᠯ᠂ ᠡᠭᠦᠳᠦᠯᠲᠡ ᠪᠠ ᠬᠥᠭ᠌ᠵᠢᠭᠦᠯᠦᠯᠲᠡ ᠮᠥᠨ᠃ 《ᠬᠤᠶᠠᠷ ᠡᠷᠬᠡᠪᠰᠢ》 ᠎ᠶ᠋ᠢ ᠮᠠᠤ ᠽᠧ ᠳ᠋ᠦᠩ ᠨᠥᠬᠦᠷ ᠨᠠᠮ᠎ᠤᠨ ᠳᠣᠯᠣᠳᠤᠭᠠᠷ ᠬᠤᠭᠤᠴᠠᠭᠠᠨ᠎ᠤ ᠲᠥᠪ ᠬᠤᠷᠢᠶᠠᠨ᠎ᠤ ᠬᠤᠶᠠᠳᠤᠭᠠᠷ ᠪᠦᠬᠦᠳᠠ ᠬᠤᠷᠠᠯ ᠳᠡᠭᠡᠷ᠎ᠡ ᠳᠤᠷᠠᠳᠤᠨ ᠭᠠᠷᠭᠠᠵᠤ᠂ ᠪᠦᠬᠦ᠌ ᠨᠠᠮ᠎ᠢᠶᠠᠷ᠎ᠢᠶᠠᠨ ᠢᠯᠠᠯᠲᠠ᠎ᠶ᠋ᠢᠨ ᠡᠮᠦᠨ᠎ᠡ ᠵᠠᠪᠠᠯ ᠲᠠᠷᠢᠬᠢ ᠲᠣᠯᠣᠭᠠᠢ᠎ᠪᠠᠨ ᠰᠡᠷᠭᠡᠭ ᠪᠠᠢᠯᠭᠠᠵᠤ᠂ ᠪᠦᠬᠦ᠌ ᠤᠯᠤᠰ᠎ᠤᠨ ᠢᠯᠠᠯᠲᠠ᠎ᠶ᠋ᠢ ᠲᠡᠮᠡᠴᠡᠨ ᠣᠯᠵᠤ᠂ ᠪᠦᠬᠦ᠌ ᠤᠯᠤᠰ᠎ᠤᠨ ᠵᠠᠰᠠᠭ᠎ᠤᠨ ᠡᠷᠬᠡ᠎ᠶ᠋ᠢ ᠡᠵᠡᠮᠱᠢᠭ᠌ᠰᠡᠨ᠎ᠤ ᠲᠡᠷᠠᠭ᠎ᠠ᠂ ᠲᠦᠷᠦ᠍ ᠪᠠᠷᠢᠬᠤ ᠱᠢᠯᠭᠠᠯᠲᠠ᠎ᠶ᠋ᠢ ᠵᠠᠪᠠᠯ ᠳᠠᠭᠠᠭᠠᠵᠤ᠂ ᠨᠥᠬᠦᠳ᠎ᠢᠶᠠᠨ ᠡᠷᠬᠡᠪᠰᠢ ᠦᠷᠭᠦᠯᠵᠢᠯᠡᠨ ᠳᠠᠷᠤᠤ᠂ ᠪᠣᠯᠭᠤᠮᠵᠢᠲᠠᠢ᠂ ᠪᠠᠷᠳᠠᠮᠨᠠᠬᠤ ᠦᠭᠡᠢ᠂ ᠪᠠᠴᠢᠮᠳᠠᠬᠤ ᠦᠭᠡᠢ ᠰᠤᠷᠲᠠᠯ᠎ᠲᠠᠢ ᠪᠠᠢᠯᠭᠠᠬᠤ ᠬᠡᠷᠡᠭ᠌ᠲᠡᠢ᠂ ᠡᠷᠬᠡᠪᠰᠢ ᠦᠷᠭᠦᠯᠵᠢᠯᠡᠨ ᠲᠡᠰᠪᠦᠷᠢ ᠬᠠᠲᠠᠭᠤᠵᠢᠯᠲᠠᠢ ᠲᠡᠮᠡᠴᠡᠬᠦ᠌ ᠰᠤᠷᠲᠠᠯ᠎ᠲᠠᠢ ᠪᠠᠢᠯᠭᠠᠬᠤ ᠬᠡᠷᠡᠭ᠌ᠲᠡᠢ ᠭᠡᠵᠦ᠍ ᠪᠦᠬᠦ᠌ ᠨᠠᠮ᠎ᠳᠤ ᠱᠠᠭᠠᠷᠳᠠᠭ᠍ᠰᠠᠨ ᠶᠤᠮ᠃

《ᠭᠤᠷᠪᠠᠨ ᠡᠷᠬᠡᠪᠰᠢ》 ᠎ᠶ᠋ᠢᠨ ᠦᠵᠡᠯ ᠰᠠᠨᠠᠭ᠎ᠠ᠎ᠨᠢ 《ᠬᠤᠶᠠᠷ ᠡᠷᠬᠡᠪᠰᠢ》 ᠎ᠶ᠋ᠢᠨ ᠦᠵᠡᠯ ᠰᠠᠨᠠᠭᠠᠨ᠎ᠤ ᠭᠤᠣᠯ ᠴᠢᠮᠦᠭᠡ ᠪᠣᠯᠬᠤ 《ᠳᠠᠷᠤᠤ ᠬᠢᠴᠢᠶᠡᠩᠭᠦᠢ᠂ ᠲᠡᠰᠪᠦᠷᠢ ᠬᠠᠲᠠᠭᠤᠵᠢᠯᠲᠠᠢ᠎ᠪᠠᠷ ᠲᠡᠮᠡᠴᠡᠬᠦ᠌》 ᠎ᠶ᠋ᠢ ᠵᠠᠯᠭᠠᠮᠵᠢᠯᠠᠭ᠍ᠰᠠᠨ᠎ᠢᠶᠠᠷ ᠪᠠᠷᠠᠬᠤ ᠦᠭᠡᠢ᠂ ᠱᠢᠨ᠎ᠡ ᠴᠠᠭ ᠦᠶ᠎ᠡ᠎ᠶ᠋ᠢᠨ ᠱᠠᠭᠠᠷᠳᠠᠯᠭ᠎ᠠ᠎ᠶ᠋ᠢ ᠦᠨᠳᠦᠰᠦᠯᠡᠨ᠂ 《ᠤᠭ ᠰᠠᠨᠠᠭ᠎ᠠ᠎ᠪᠠᠨ ᠦᠯᠦ᠍ ᠮᠠᠷᠲᠠᠵᠤ ᠡᠭᠦᠷᠭᠡ ᠬᠠᠷᠢᠭᠤᠴᠠᠯᠭ᠎ᠠ᠎ᠪᠠᠨ ᠪᠠᠲᠤ ᠴᠡᠭᠡᠵᠢᠯᠡᠬᠦ᠌》 ᠪᠠ 《ᠵᠣᠷᠢᠭ᠍ᠲᠠᠢ᠎ᠲᠡᠮᠡᠴᠡᠵᠦ᠍᠂ ᠴᠢᠳᠠᠮᠠᠭᠠᠢ ᠲᠡᠮᠡᠴᠡᠬᠦ᠌》 ᠬᠤᠶᠠᠷ  ᠠᠭᠤᠯᠭ᠎ᠠ ᠎ᠶ᠋ᠢ ᠨᠡᠮᠡᠨ ᠣᠷᠣᠭᠤᠯᠤᠭ᠍ᠰᠠᠨ ᠪᠠᠢᠨ᠎ᠠ᠂ ᠡᠨᠡ ᠪᠣᠯ ᠳᠠᠷᠤᠢ ᠦᠨᠡᠨ᠎ᠠᠴᠠ ᠵᠥᠪ᠎ᠢ ᠡᠷᠢᠭ᠌ᠰᠡᠨ ᠰᠠᠭᠤᠷᠢᠨ ᠳᠡᠭᠡᠷᠡᠬᠢ ᠲᠥᠪ ᠶᠣᠰᠣ᠎ᠶ᠋ᠢ ᠪᠠᠷᠢᠮᠲᠠᠯᠠᠨ ᠱᠢᠨ᠎ᠡ᠎ᠶ᠋ᠢ ᠡᠭᠦᠳᠦᠭ᠌ᠰᠡᠨ ᠶᠠᠪᠤᠳᠠᠯ ᠪᠣᠯᠣᠨ᠎ᠠ᠃ 《ᠭᠤᠷᠪᠠᠨ ᠡᠷᠬᠡᠪᠰᠢ》 ᠦᠵᠡᠯ ᠰᠠᠨᠠᠭ᠎ᠠ ᠪᠣᠯ ᠮᠠᠷᠺᠰ᠎ᠤᠨ ᠦᠵᠡᠯ᠎ᠤᠨ ᠵᠠᠯᠭᠠᠮᠵᠢᠯᠠᠯ᠂ ᠱᠢᠨ᠎ᠡ ᠡᠭᠦᠳᠦᠯᠲᠡ ᠪᠠ ᠬᠥᠭ᠌ᠵᠢᠭᠦᠯᠦᠯᠲᠡ ᠮᠥᠨ᠂ ᠮᠠᠤ ᠽᠧ ᠳ᠋ᠦᠩ᠎ᠤᠨ ᠦᠵᠡᠯ ᠰᠠᠨᠠᠭᠠᠨ᠎ᠤ ᠵᠠᠯᠭᠠᠮᠵᠢᠯᠠᠯ᠂ ᠱᠢᠨ᠎ᠡ ᠡᠭᠦᠳᠦᠯᠲᠡ ᠪᠠ ᠬᠥᠭ᠌ᠵᠢᠭᠦᠯᠦᠯᠲᠡ ᠮᠥᠨ᠂ ᠲᠡᠷᠡ᠎ᠨᠢ ᠰᠢ᠎ᠶ᠋ᠢᠨ ᠫᠢᠩ᠎ᠤᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢᠭᠡᠮ ᠵᠢᠷᠤᠮ᠎ᠤᠨ ᠦᠵᠡᠯ ᠰᠠᠨᠠᠭ᠎ᠠ᠎ᠶ᠋ᠢ ᠪᠠᠶᠠᠯᠢᠭ᠍ᠵᠢᠭᠤᠯᠤᠨ ᠬᠥᠭ᠌ᠵᠢᠭᠦᠯᠦᠭ᠌ᠰᠡᠨ ᠶᠤᠮ᠂ ᠤᠳᠤ ᠦᠶ᠎ᠡ᠎ᠶ᠋ᠢᠨ ᠳᠤᠮᠳᠠᠳᠤ ᠤᠯᠤᠰ᠎ᠤᠨ ᠮᠠᠷᠺᠰ᠎ᠤᠨ ᠦᠵᠡᠯ ᠪᠠ ᠬᠤᠷᠢᠨ ᠨᠢᠭᠡᠳᠦᠭᠡᠷ ᠵᠠᠭᠤᠨ᠎ᠤ ᠮᠠᠷᠺᠰ᠎ᠤᠨ ᠦᠵᠡᠯ᠎ᠤᠨ ᠱᠢᠨ᠎ᠡ ᠠᠭᠤᠯᠭ᠎ᠠ᠂ ᠱᠢᠨ᠎ᠡ ᠦᠷ᠎ᠡ ᠪᠦᠲᠦᠭᠡᠯ ᠮᠥᠨ᠂ ᠳᠤᠮᠳᠠᠳᠤ᠎ᠶ᠋ᠢᠨ ᠰᠣᠶᠣᠯ ᠪᠠ ᠳᠤᠮᠳᠠᠳᠤ ᠤᠯᠤᠰ᠎ᠤᠨ ᠤᠶᠤᠨ ᠰᠠᠨᠠᠭᠠᠨ᠎ᠤ ᠴᠠᠭ ᠦᠶ᠎ᠡ᠎ᠶ᠋ᠢᠨ ᠤᠬᠢ ᠱᠢᠯᠢᠳᠡᠭ ᠱᠢᠨ᠎ᠡ ᠠᠭᠤᠯᠭ᠎ᠠ ᠪᠠ ᠱᠢᠨ᠎ᠡ ᠦᠷ᠎ᠡ ᠪᠦᠲᠦᠭᠡᠯ ᠮᠥᠨ᠃

ᠬᠤᠶᠠᠳᠤᠭᠠᠷ᠎ᠲᠤ᠌᠂ 《ᠥᠪᠡᠷ᠎ᠤᠨ ᠪᠡᠶ᠎ᠡ᠎ᠳᠡᠭᠡᠨ ᠬᠤᠪᠢᠰᠭᠠᠯ ᠬᠢᠬᠦ᠌ ᠡᠨᠡ ᠬᠦ᠌ ᠵᠠᠰᠠᠬᠤ ᠰᠠᠮᠠᠭᠤᠷᠠᠬᠤ ᠮᠠᠨᠳᠤᠬᠤ ᠳᠣᠷᠣᠢᠲᠠᠬᠤ ᠲᠡᠦᠬᠡ᠎ᠶ᠋ᠢᠨ ᠦᠶᠡᠯᠡᠯ᠎ᠤᠨ ᠳᠠᠪᠲᠠᠮᠵᠢ᠎ᠠᠴᠠ ᠵᠠᠢᠯᠠᠵᠤ ᠭᠠᠷᠬᠤ ᠬᠤᠶᠠᠳᠤᠭᠠᠷ ᠬᠠᠷᠢᠭᠤᠯᠲᠠ᠎ᠶ᠋ᠢ ᠣᠯᠪᠠ》 ᠭᠡᠬᠦ᠌ ᠤᠨᠤᠯ᠎ᠤᠨ ᠱᠢᠨ᠎ᠡ ᠡᠭᠦᠳᠦᠯᠲᠡ᠎ᠨᠢ ᠰᠢ᠎ᠶ᠋ᠢᠨ ᠫᠢᠩ᠎ᠤᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢᠭᠡᠮ ᠵᠢᠷᠤᠮ᠎ᠤᠨ ᠦᠵᠡᠯ ᠰᠠᠨᠠᠭ᠎ᠠ᠎ᠶ᠋ᠢ ᠪᠠᠶᠠᠯᠢᠭ᠍ᠵᠢᠭᠤᠯᠤᠨ ᠬᠥᠭ᠌ᠵᠢᠭᠦᠯᠪᠡ᠃ ᠶᠡᠷᠦᠩᠬᠡᠢ ᠱᠦᠵᠢ ᠰᠢ᠎ᠶ᠋ᠢᠨ ᠫᠢᠩ ᠨᠠᠮ᠎ᠤᠨ ᠬᠤᠷᠢᠳᠤᠭᠠᠷ ᠶᠡᠭᠡ ᠬᠤᠷᠠᠯ᠎ᠤᠨ ᠢᠯᠡᠳᠭᠡᠯ᠎ᠳᠤ᠄ 《ᠴᠥᠬᠦᠷᠡᠰᠢ ᠦᠭᠡᠢ ᠴᠢᠷᠮᠠᠢᠯᠭ᠎ᠠ᠎ᠪᠠᠷ ᠲᠠᠮᠵᠢᠨ᠂ ᠨᠠᠮ ᠥᠪᠡᠷ᠎ᠤᠨ ᠪᠡᠶ᠎ᠡ᠎ᠳᠡᠭᠡᠨ ᠬᠤᠪᠢᠰᠭᠠᠯ ᠬᠢᠬᠦ᠌ ᠡᠨᠡ ᠬᠦ᠌ ᠵᠠᠰᠠᠬᠤ ᠰᠠᠮᠠᠭᠤᠷᠠᠬᠤ ᠮᠠᠨᠳᠤᠬᠤ ᠳᠣᠷᠣᠢᠲᠠᠬᠤ ᠲᠡᠦᠬᠡ᠎ᠶ᠋ᠢᠨ ᠦᠶᠡᠯᠡᠯ᠎ᠤᠨ ᠳᠠᠪᠲᠠᠮᠵᠢ᠎ᠠᠴᠠ ᠵᠠᠢᠯᠠᠵᠤ ᠭᠠᠷᠬᠤ ᠬᠤᠶᠠᠳᠤᠭᠠᠷ ᠬᠠᠷᠢᠭᠤᠯᠲᠠ᠎ᠶ᠋ᠢ ᠣᠯᠵᠤ᠂ ᠥᠪᠡᠷ᠎ᠢ᠎ᠪᠠᠨ ᠴᠡᠪᠡᠷᠱᠢᠭᠦᠯᠬᠦ᠂ ᠥᠪᠡᠷ᠎ᠢ᠎ᠪᠠᠨ ᠲᠡᠭᠦᠯᠳᠡᠷᠵᠢᠭᠦᠯᠬᠦ᠂ ᠥᠪᠡᠷ᠎ᠢ᠎ᠪᠠᠨ ᠱᠢᠨᠡᠴᠢᠯᠡᠬᠦ᠂ ᠥᠪᠡᠷ᠎ᠢ᠎ᠪᠠᠨ ᠳᠡᠭᠡᠭ᠌ᠰᠢᠯᠡᠭᠦᠯᠬᠦ᠌ ᠴᠢᠳᠠᠪᠤᠷᠢ ᠢᠯᠡᠳᠲᠡ ᠴᠢᠩᠭᠠᠷᠠᠵᠤ᠂ ᠨᠠᠮ᠎ᠢ ᠬᠠᠮᠢᠶᠠᠷᠴᠤ᠌ ᠨᠠᠮ᠎ᠢ ᠵᠠᠰᠠᠬᠤ ᠲᠠᠯ᠎ᠠ᠎ᠪᠠᠷ ᠠᠭᠤᠵᠢᠭᠤ ᠰᠤᠯᠠ ᠵᠥᠭᠡᠯᠡᠨ ᠪᠠᠢᠬᠤ ᠪᠠᠢᠳᠠᠯ᠎ᠢ ᠦᠨᠳᠦᠰᠦᠨ᠎ᠡᠴᠡ᠎ᠨᠢ ᠬᠤᠪᠢᠷᠠᠭᠤᠯᠵᠤ᠂ ᠰᠤᠷᠲᠠᠯ ᠴᠢᠬᠡᠴᠢ ᠣᠪᠣᠷ ᠲᠥᠪ ᠨᠠᠮ᠎ᠤᠨ ᠳᠣᠲᠣᠭᠠᠳᠤ᠎ᠶ᠋ᠢᠨ ᠤᠯᠤᠰ ᠲᠦᠷᠦ᠍᠎ᠶ᠋ᠢᠨ ᠠᠮᠢ ᠠᠬᠤᠢ᠎ᠶ᠋ᠢ ᠲᠠᠰᠤᠷᠠᠯᠳᠠ ᠦᠭᠡᠢ ᠪᠦᠷᠢᠯᠳᠦᠭᠦᠯᠦᠨ ᠬᠥᠭ᠌ᠵᠢᠭᠦᠯᠵᠦ᠍᠂ ᠨᠠᠮ᠎ᠤᠨ ᠡᠭᠦᠷᠢᠳᠡ ᠴᠢᠨᠠᠷ ᠬᠤᠪᠢᠷᠠᠬᠤ ᠦᠭᠡᠢ᠂ ᠥᠩᠭᠡ ᠬᠤᠪᠢᠷᠠᠬᠤ ᠦᠭᠡᠢ᠂ ᠦᠨᠦᠷ ᠬᠤᠪᠢᠷᠠᠬᠤ ᠦᠭᠡᠢ ᠪᠠᠢᠬᠤ᠎ᠶ᠋ᠢ ᠦᠨᠡᠨ ᠬᠦ᠌ ᠪᠠᠲᠤᠯᠠᠪᠠ》 ᠭᠡᠵᠦ᠍ ᠵᠢᠭᠠᠵᠤ ᠭᠠᠷᠭᠠᠪᠠ᠃

ᠵᠠᠰᠠᠬᠤ ᠰᠠᠮᠠᠭᠤᠷᠠᠬᠤ ᠮᠠᠨᠳᠤᠬᠤ ᠳᠣᠷᠣᠢᠲᠠᠬᠤ ᠲᠡᠦᠬᠡ᠎ᠶ᠋ᠢᠨ ᠦᠶᠡᠯᠡᠯ᠎ᠤᠨ ᠳᠠᠪᠲᠠᠮᠵᠢ᠎ᠠᠴᠠ ᠵᠠᠢᠯᠠᠵᠦ ᠭᠠᠷᠬᠤ 《ᠨᠢᠭᠡᠳᠦᠭᠡᠷ ᠬᠠᠷᠢᠭᠤᠯᠲᠠ》 ᠎ᠶ᠋ᠢ ᠮᠠᠤ ᠽᠧ ᠳ᠋ᠦᠩ ᠨᠥᠬᠦᠷ 1945 ᠣᠨ᠎ᠤ 7 ᠰᠠᠷ᠎ᠠ᠎ᠳᠤ ᠬᠤᠸᠠᠩ ᠶᠠᠨ ᠫᠧᠢ᠎ᠲᠠᠢ 《ᠨᠦᠭᠡᠨ ᠭᠡᠷ᠎ᠲᠤ ᠶᠠᠷᠢᠯᠴᠠᠬᠤ》 ᠦᠶ᠎ᠡ᠎ᠳᠤ ᠪᠦᠷᠢᠯᠳᠦᠭᠦᠯᠦᠭ᠌ᠰᠡᠨ ᠶᠤᠮ᠃ ᠡᠨᠡ ᠪᠣᠯ ᠳᠠᠷᠤᠢ 《ᠠᠷᠠᠳ ᠲᠦᠮᠡᠨ᠎ᠢᠶᠠᠷ ᠵᠠᠰᠠᠭ᠎ᠤᠨ ᠣᠷᠳᠣᠨ᠎ᠳᠤ ᠬᠢᠨᠠᠯᠲᠠ ᠲᠠᠯᠪᠢᠭᠤᠯᠪᠠᠯ ᠵᠠᠰᠠᠭ᠎ᠤᠨ ᠣᠷᠳᠣᠨ ᠰᠠᠶᠢ ᠰᠤᠯᠠᠷᠠᠬᠤ ᠦᠭᠡᠢ ᠪᠠᠢᠵᠤ ᠴᠢᠳᠠᠨ᠎ᠠ》᠃ 《ᠵᠠᠰᠠᠬᠤ ᠰᠠᠮᠠᠭᠤᠷᠠᠬᠤ ᠮᠠᠨᠳᠤᠬᠤ ᠳᠣᠷᠣᠢᠲᠠᠬᠤ ᠲᠡᠦᠬᠡ᠎ᠶ᠋ᠢᠨ ᠦᠶᠡᠯᠡᠯ᠎ᠤᠨ ᠳᠠᠪᠲᠠᠮᠵᠢ᠎ᠠᠴᠠ ᠵᠠᠢᠯᠠᠵᠦ ᠭᠠᠷᠬᠤ ᠬᠤᠶᠠᠳᠤᠭᠠᠷ ᠬᠠᠷᠢᠭᠤᠯᠲᠠ》 ᠎ᠶ᠋ᠢ ᠶᠡᠷᠦᠩᠬᠡᠢ ᠱᠦᠵᠢ ᠰᠢ᠎ᠶ᠋ᠢᠨ ᠫᠢᠩ ᠨᠠᠮ᠎ᠤᠨ ᠠᠷᠪᠠ ᠶᠢᠰᠦᠳᠦᠭᠡᠷ ᠬᠤᠭᠤᠴᠠᠭᠠᠨ᠎ᠤ ᠲᠥᠪ ᠬᠤᠷᠢᠶᠠᠨ᠎ᠤ ᠵᠢᠷᠭᠤᠳᠤᠭᠠᠷ ᠪᠦᠬᠦᠳᠠ ᠬᠤᠷᠠᠯ᠎ᠤᠨ ᠵᠣᠷᠢᠭ ᠰᠠᠨᠠᠭ᠎ᠠ᠎ᠶ᠋ᠢ ᠰᠤᠷᠤᠯᠴᠠᠨ ᠲᠤᠭᠤᠱᠢᠯᠠᠭᠤᠯᠬᠤ ᠲᠤᠬᠠᠢ ᠨᠠᠮ᠎ᠤᠨ ᠲᠥᠪ ᠬᠤᠷᠢᠶᠠᠨ᠎ᠤ ᠤᠯᠤᠰ ᠲᠦᠷᠦ᠍᠎ᠶ᠋ᠢᠨ ᠲᠣᠪᠴᠢᠶᠠᠨ᠎ᠤ ᠡᠮᠦᠨ᠎ᠡ᠎ᠠᠴᠠ ᠴᠢᠬᠤᠯᠠ ᠶᠠᠷᠢᠶ᠎ᠠ ᠲᠠᠯᠪᠢᠬᠤ᠎ᠳᠠᠭᠠᠨ ᠡᠩ ᠲᠡᠷᠢᠭᠦᠨ᠎ᠳᠤ ᠳᠤᠷᠠᠳᠤᠭ᠍ᠰᠠᠨ ᠶᠤᠮ᠂ ᠨᠠᠮ᠎ᠤᠨ ᠬᠤᠷᠢᠳᠤᠭᠠᠷ ᠶᠡᠭᠡ ᠬᠤᠷᠠᠯ᠎ᠤᠨ ᠢᠯᠡᠳᠭᠡᠯ᠎ᠳᠤ 《ᠵᠠᠰᠠᠬᠤ ᠰᠠᠮᠠᠭᠤᠷᠠᠬᠤ ᠮᠠᠨᠳᠤᠬᠤ ᠳᠣᠷᠣᠢᠲᠠᠬᠤ ᠲᠡᠦᠬᠡ᠎ᠶ᠋ᠢᠨ ᠦᠶᠡᠯᠡᠯ᠎ᠤᠨ ᠳᠠᠪᠲᠠᠮᠵᠢ᠎ᠠᠴᠠ ᠵᠠᠢᠯᠠᠵᠦ ᠭᠠᠷᠬᠤ ᠬᠤᠶᠠᠳᠤᠭᠠᠷ ᠬᠠᠷᠢᠭᠤᠯᠲᠠ》 ᠎ᠶ᠋ᠢ ᠴᠢᠬᠤᠯᠠᠴᠢᠯᠠᠭ᠍ᠰᠠᠨ ᠪᠥᠭᠡᠳ ᠤᠯᠠᠮ ᠭᠦᠨᠵᠡᠭᠡᠢ ᠱᠢᠰᠲ᠋ᠧᠮ᠎ᠲᠠᠢ ᠪᠦᠬᠦ᠌ ᠲᠠᠯ᠎ᠠ᠎ᠪᠠᠷ ᠲᠣᠳᠣᠷᠬᠠᠢᠯᠠᠨ ᠥᠭᠦᠯᠡᠵᠡᠢ᠂ 《ᠥᠪᠡᠷ᠎ᠤᠨ ᠪᠡᠶ᠎ᠡ᠎ᠳᠡᠭᠡᠨ ᠬᠤᠪᠢᠰᠭᠠᠯ ᠬᠢᠬᠦ᠌》 ᠭᠡᠳᠡᠭ᠎ᠨᠢ ᠳᠠᠷᠤᠢ 《ᠥᠪᠡᠷ᠎ᠢ᠎ᠪᠠᠨ ᠴᠡᠪᠡᠷᠱᠢᠭᠦᠯᠬᠦ᠂ ᠥᠪᠡᠷ᠎ᠢ᠎ᠪᠠᠨ ᠲᠡᠭᠦᠯᠳᠡᠷᠵᠢᠭᠦᠯᠬᠦ᠂ ᠥᠪᠡᠷ᠎ᠢ᠎ᠪᠠᠨ ᠱᠢᠨᠡᠴᠢᠯᠡᠬᠦ᠂ ᠥᠪᠡᠷ᠎ᠢ᠎ᠪᠠᠨ ᠳᠡᠭᠡᠭ᠌ᠰᠢᠯᠡᠭᠦᠯᠬᠦ᠌ ᠴᠢᠳᠠᠪᠤᠷᠢ ᠢᠯᠡᠳᠲᠡ ᠴᠢᠩᠭᠠᠷᠠᠭ᠍ᠰᠠᠨ》 ᠶᠠᠪᠤᠳᠠᠯ ᠪᠣᠯᠣᠨ᠎ᠠ᠂ ᠨᠠᠮ᠎ᠢ ᠪᠦᠬᠦ᠌ ᠲᠠᠯ᠎ᠠ᠎ᠪᠠᠷ ᠴᠢᠩᠭ᠎ᠠ ᠵᠠᠰᠠᠬᠤ ᠪᠣᠯ ᠥᠪᠡᠷ᠎ᠤᠨ ᠪᠡᠶ᠎ᠡ᠎ᠳᠡᠭᠡᠨ ᠬᠤᠪᠢᠰᠭᠠᠯ ᠬᠢᠬᠦ᠌ ᠴᠢᠬᠤᠯᠠ ᠬᠡᠯᠪᠡᠷᠢ ᠮᠥᠨ᠂ ᠢᠯᠵᠠᠷᠠᠯ᠎ᠢ ᠡᠰᠡᠷᠭᠦᠴᠡᠬᠦ᠌ ᠪᠣᠯ ᠥᠪᠡᠷ᠎ᠤᠨ ᠪᠡᠶ᠎ᠡ᠎ᠳᠡᠭᠡᠨ ᠬᠤᠪᠢᠰᠭᠠᠯ ᠬᠢᠬᠦ᠌᠎ᠶ᠋ᠢᠨ ᠴᠢᠬᠤᠯᠠ ᠭᠠᠷᠳᠠᠴᠠ ᠮᠥᠨ᠂ 《ᠪᠦᠬᠦ᠌ ᠲᠠᠯ᠎ᠠ᠎ᠪᠠᠷ ᠨᠠᠮ᠎ᠢ ᠴᠢᠩᠭ᠎ᠠ ᠵᠠᠰᠠᠬᠤ ᠠᠵᠢᠯ ᠡᠭᠦᠷᠢᠳᠡ ᠵᠣᠭ᠍ᠰᠣᠰᠢ ᠦᠭᠡᠢ》᠂ 《ᠥᠪᠡᠷ᠎ᠤᠨ ᠪᠡᠶ᠎ᠡ᠎ᠳᠡᠭᠡᠨ ᠬᠤᠪᠢᠰᠭᠠᠯ ᠬᠢᠬᠦ᠌ ᠠᠵᠢᠯ ᠡᠭᠦᠷᠢᠳᠡ ᠵᠣᠭ᠍ᠰᠣᠰᠢ ᠦᠭᠡᠢ》᠃

《ᠵᠠᠰᠠᠬᠤ ᠰᠠᠮᠠᠭᠤᠷᠠᠬᠤ ᠮᠠᠨᠳᠤᠬᠤ ᠳᠣᠷᠣᠢᠲᠠᠬᠤ ᠲᠡᠦᠬᠡ᠎ᠶ᠋ᠢᠨ ᠦᠶᠡᠯᠡᠯ᠎ᠤᠨ ᠳᠠᠪᠲᠠᠮᠵᠢ᠎ᠠᠴᠠ ᠵᠠᠢᠯᠠᠵᠦ ᠭᠠᠷᠬᠣ ᠬᠤᠶᠡᠷ ᠬᠠᠷᠢᠭᠤᠯᠲᠠ》 ᠎ᠶ᠋ᠢ ᠳᠤᠷᠠᠳᠤᠭ᠍ᠰᠠᠨ᠎ᠨᠢ ᠬᠡᠳᠦᠢᠪᠡᠷ ᠴᠠᠭ᠎ᠤᠨ ᠲᠠᠯ᠎ᠠ᠎ᠪᠠᠷ 76 ᠵᠢᠯ ᠵᠥᠷᠢᠵᠦ᠍ ᠪᠠᠢᠭ᠎ᠠ ᠪᠣᠯᠪᠠᠴᠤ᠌᠂ ᠲᠡᠳᠡᠭᠡᠷ᠎ᠨᠢ ᠴᠥᠮ ᠠᠳᠠᠯᠢ ᠪᠤᠰᠤ ᠲᠡᠦᠬᠡᠨ ᠨᠥᠬᠦᠴᠡᠯ ᠳᠣᠣᠷ᠎ᠠ ᠮᠠᠷᠺᠰ᠎ᠤᠨ ᠦᠵᠡᠯ᠎ᠤᠨ ᠲᠦᠷᠤ ᠪᠠᠷᠢᠭ᠍ᠴᠢ ᠨᠠᠮ ᠬᠡᠷᠬᠢᠨ ᠨᠠᠮ ᠪᠠᠢᠭᠤᠯᠬᠤ ᠪᠠ ᠨᠠᠮ ᠬᠡᠷᠬᠢᠨ ᠤᠷᠳᠤ ᠬᠤᠭᠤᠴᠠᠭ᠎ᠠ᠎ᠪᠠᠷ ᠲᠦᠷᠤ ᠪᠠᠷᠢᠬᠤ ᠵᠡᠷᠭᠡ ᠴᠢᠬᠤᠯᠠ ᠶᠡᠭᠡ ᠴᠠᠭ ᠦᠶ᠎ᠡ᠎ᠶ᠋ᠢᠨ ᠰᠡᠳᠦᠪ᠎ᠢ ᠱᠢᠨᠵᠢᠯᠡᠬᠦ᠌ ᠤᠬᠠᠭᠠᠨᠴᠢ᠎ᠪᠠᠷ ᠭᠦᠨᠵᠡᠭᠡᠢ ᠬᠠᠷᠢᠭᠤᠯᠤᠭ᠍ᠰᠠᠨ ᠪᠠᠢᠨ᠎ᠠ᠂ ᠳᠤᠮᠳᠠᠳᠤ ᠤᠯᠤᠰ᠎ᠤᠨ ᠠᠰᠠᠭᠤᠯᠲᠠ᠂ ᠶᠢᠷᠲᠢᠨᠴᠦ᠍᠎ᠶ᠋ᠢᠨ ᠠᠰᠠᠭᠤᠯᠲᠠ᠂ ᠠᠷᠠᠳ ᠲᠦᠮᠡᠨ᠎ᠤ ᠠᠰᠠᠭᠤᠯᠲᠠ᠂ ᠴᠠᠭ ᠦᠶ᠎ᠡ᠎ᠶ᠋ᠢᠨ ᠠᠰᠠᠭᠤᠯᠲᠠ  ᠎ᠶ᠋ᠢ ᠱᠢᠨᠵᠢᠯᠡᠬᠦ᠌ ᠤᠬᠠᠭᠠᠨᠴᠢ᠎ᠪᠠᠷ ᠭᠦᠨᠵᠡᠭᠡᠢ ᠬᠠᠷᠢᠭᠤᠯᠪᠠ᠃ 

ᠭᠤᠷᠪᠠᠳᠤᠭᠠᠷ᠎ᠲᠤ᠌᠂ ᠶᠡᠷᠦᠩᠬᠡᠢ ᠱᠦᠵᠢ ᠰᠢ᠎ᠶ᠋ᠢᠨ ᠫᠢᠩ ᠨᠠᠮ᠎ᠤᠨ ᠬᠤᠷᠢᠳᠤᠭᠠᠷ ᠶᠡᠭᠡ ᠬᠤᠷᠠᠯ᠎ᠤᠨ ᠢᠯᠡᠳᠭᠡᠯ᠎ᠳᠤ᠄ 《ᠮᠠᠷᠺᠰ᠎ᠤᠨ ᠦᠵᠡᠯ ᠪᠣᠯ ᠮᠠᠨ᠎ᠤ ᠨᠠᠮ ᠪᠠᠢᠭᠤᠯᠵᠤ ᠤᠯᠤᠰ᠎ᠢᠶᠠᠨ ᠪᠠᠢᠭᠤᠯᠬᠤ᠂ ᠨᠠᠮ᠎ᠢᠶᠠᠨ ᠮᠠᠨᠳᠤᠭᠤᠯᠵᠤ ᠤᠯᠤᠰ᠎ᠢᠶᠠᠨ ᠮᠠᠨᠳᠤᠭᠤᠯᠬᠤ᠎ᠶ᠋ᠢᠨ ᠦᠨᠳᠦᠰᠦᠨ ᠵᠢᠯᠤᠭᠤᠳᠭᠤ ᠦᠵᠡᠯ ᠰᠠᠨᠠᠭ᠎ᠠ ᠮᠥᠨ᠃ ᠳᠤᠮᠳᠠᠳᠤ ᠤᠯᠤᠰ᠎ᠤᠨ ᠡᠪ ᠬᠠᠮᠲᠤ ᠨᠠᠮ ᠶᠠᠭᠠᠬᠢᠭᠠᠳ ᠴᠢᠳᠠᠬᠤ᠂ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢᠭᠡᠮ ᠵᠢᠷᠤᠮ ᠶᠠᠭᠠᠬᠢᠭᠠᠳ ᠰᠠᠢᠨ ᠪᠠᠢᠳᠠᠭ ᠪᠤᠢ ᠭᠡᠪᠡᠯ ᠡᠴᠦᠰ᠎ᠤᠨ ᠡᠴᠦᠰ᠎ᠲᠡᠭᠡᠨ ᠮᠠᠷᠺᠰ᠎ᠤᠨ ᠦᠵᠡᠯ ᠰᠠᠢᠨ ᠪᠠᠢᠬᠤ᠂ ᠳᠤᠮᠳᠠᠳᠤ ᠤᠯᠤᠰᠴᠢᠯᠠᠵᠦ ᠴᠠᠭ ᠦᠶᠡᠴᠢᠯᠡᠭ᠌ᠰᠡᠨ ᠮᠠᠷᠺᠰ᠎ᠤᠨ ᠦᠵᠡᠯ ᠰᠠᠢᠨ ᠪᠠᠢᠬᠤ᠎ᠳᠤ ᠪᠤᠢ ᠬᠡᠳᠡᠭ᠎ᠢ ᠦᠢᠯᠡᠳᠦᠯᠭᠡ ᠪᠢᠳᠡᠨ᠎ᠳᠤ ᠬᠡᠯᠡᠵᠦ᠍ ᠥᠭ᠌ᠪᠡ》 ᠭᠡᠵᠦ᠍ ᠵᠢᠭᠠᠵᠤ ᠭᠠᠷᠭᠠᠪᠠ᠃ 2021 ᠣᠨ᠎ᠤ 7 ᠰᠠᠷ᠎ᠠ᠎ᠶ᠋ᠢᠨ 1᠎ᠦ ᠡᠳᠦᠷ᠂ ᠶᠡᠷᠦᠩᠬᠡᠢ ᠱᠦᠵᠢ ᠰᠢ᠎ᠶ᠋ᠢᠨ ᠫᠢᠩ ᠳᠤᠮᠳᠠᠳᠤ ᠤᠯᠤᠰ᠎ᠤᠨ ᠡᠪ ᠬᠠᠮᠲᠤ ᠨᠠᠮ ᠪᠠᠢᠭᠤᠯᠤᠭ᠍ᠳᠠᠭ᠍ᠰᠠᠨ 100 ᠵᠢᠯ᠎ᠤᠨ ᠤᠢ᠎ᠶ᠋ᠢ ᠪᠡᠯᠭᠡᠯᠡᠬᠦ᠌ ᠶᠡᠭᠡ ᠬᠤᠷᠠᠯ ᠳᠡᠭᠡᠷ᠎ᠡ᠂ ᠳᠤᠮᠳᠠᠳᠤ ᠤᠯᠤᠰ᠎ᠤᠨ ᠡᠪ ᠬᠠᠮᠲᠤ ᠨᠠᠮ ᠶᠠᠭᠠᠬᠢᠭᠠᠳ ᠴᠢᠳᠠᠬᠤ᠂ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢᠭᠡᠮ ᠵᠢᠷᠤᠮ ᠶᠠᠭᠠᠬᠢᠭᠠᠳ ᠰᠠᠢᠨ ᠪᠠᠢᠳᠠᠭ ᠪᠤᠢ᠂ ᠮᠠᠷᠺᠰ᠎ᠤᠨ ᠦᠵᠡᠯ ᠶᠠᠭᠠᠬᠢᠭᠠᠳ ᠰᠠᠢᠨ ᠪᠠᠢᠬᠤ ᠲᠤᠬᠠᠢ ᠠᠩᠬ᠎ᠠ ᠤᠳᠠᠭ᠎ᠠ 《ᠳᠤᠮᠳᠠᠳᠤ ᠤᠯᠤᠰ᠎ᠤᠨ ᠡᠪ ᠬᠠᠮᠲᠤ ᠨᠠᠮ ᠶᠠᠭᠠᠬᠢᠭᠠᠳ ᠴᠢᠳᠠᠬᠤ ᠪᠤᠢ᠂ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢᠭᠡᠮ ᠵᠢᠷᠤᠮ ᠶᠠᠭᠠᠬᠢᠭᠠᠳ ᠰᠠᠢᠨ ᠪᠠᠢᠳᠠᠭ ᠪᠤᠢ ᠭᠡᠪᠡᠯ ᠡᠴᠦᠰ᠎ᠤᠨ ᠡᠴᠦᠰ᠎ᠲᠡᠭᠡᠨ ᠮᠠᠷᠺᠰ᠎ᠤᠨ ᠦᠵᠡᠯ ᠰᠠᠢᠨ ᠪᠠᠢᠬᠤ᠎ᠳᠤ ᠪᠤᠢ》 ᠭᠡᠵᠦ᠍ ᠎ᠳ᠋ᠦᠩᠨᠡᠪᠡ᠂ ᠡᠨᠡ᠎ᠨᠢ ᠮᠠᠷᠺᠰ᠎ᠤᠨ ᠦᠵᠡᠯ᠎ᠤᠨ ᠴᠢᠬᠤᠯᠠ ᠶᠡᠭᠡ ᠦᠷᠳᠡᠭ ᠪᠠ ᠴᠠᠭ ᠦᠶ᠎ᠡ᠎ᠶ᠋ᠢᠨ ᠠᠴᠢ ᠬᠤᠯᠪᠣᠭ᠍ᠳᠠᠯ᠎ᠢ ᠲᠤᠪᠤᠢᠯᠭᠠᠭ᠍ᠰᠠᠨ᠎ᠢᠶᠠᠷ ᠪᠠᠷᠠᠬᠤ ᠦᠭᠡᠢ᠂ 《ᠮᠠᠷᠺᠰ᠎ᠤᠨ ᠦᠵᠡᠯ ᠶᠠᠭᠠᠬᠢᠭᠠᠳ ᠰᠠᠢᠨ ᠪᠠᠢᠬᠤ》 ᠎ᠨᠢ 《ᠳᠤᠮᠳᠠᠳᠤ ᠤᠯᠤᠰ᠎ᠤᠨ ᠡᠪ ᠬᠠᠮᠲᠤ ᠨᠠᠮ ᠶᠠᠭᠠᠬᠢᠭᠠᠳ ᠴᠢᠳᠠᠬᠤ》 ᠪᠠ 《ᠳᠤᠮᠳᠠᠳᠤ ᠤᠯᠤᠰ᠎ᠤᠨ ᠣᠨᠴᠠᠯᠢᠭ᠎ᠲᠠᠢ ᠨᠡᠢᠭᠡᠮ ᠵᠢᠷᠤᠮ ᠶᠠᠭᠠᠬᠢᠭᠠᠳ ᠰᠠᠢᠨ ᠪᠠᠢᠳᠠᠭ》 ᠎ᠢ ᠲᠣᠭ᠍ᠲᠠᠭᠠᠪᠠ᠃

  (ᠵᠣᠬᠢᠶᠠᠭ᠍ᠴᠢ᠄ ᠳᠤᠮᠳᠠᠳᠤ ᠤᠯᠤᠰ᠎ᠤᠨ ᠨᠡᠢᠭᠡᠮ᠎ᠤᠨ ᠱᠢᠨᠵᠢᠯᠡᠬᠦ᠌ ᠤᠬᠠᠭᠠᠨ᠎ᠤ ᠬᠦᠷᠢᠶᠡᠯᠡᠩ᠎ᠤᠨ ᠭᠦᠨ ᠤᠬᠠᠭᠠᠨ ᠰᠤᠳᠤᠯᠬᠤ ᠭᠠᠵᠠᠷ᠎ᠤᠨ ᠰᠠᠬᠢᠯᠭ᠎ᠠ ᠪᠠᠲᠤ ᠪᠠᠢᠴᠠᠭᠠᠬᠤ ᠬᠤᠷᠢᠶᠠᠨ᠎ᠤ ᠱᠦᠵᠢ᠂ ᠳᠡᠳ᠋ ᠳᠠᠷᠤᠭ᠎ᠠ᠂ ᠬᠤᠶᠠᠳᠤᠭᠠᠷ ᠳᠡᠰ᠎ᠤᠨ ᠰᠤᠳᠤᠯᠤᠭ᠍ᠴᠢ)

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠰᠢᠨ᠎ᠡ ᠰᠡᠳᠬᠢᠭᠳᠡᠯ ᠪᠢᠴᠢᠬᠦ᠄
ᠬᠠᠮᠤᠭ᠎ᠤᠨ ᠰᠢᠨ᠎ᠡ ᠸᠢᠳᠢᠤ᠋
ᠬᠠᠮᠤᠭ᠎ᠤᠨ ᠰᠢᠨ᠎ᠡ ᠵᠢᠷᠤᠭ

2008-2018 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635372

ᠢᠮᠧᠯ᠄tn@mgyxw.net   蒙ICP备10000005号