ᠶᠡᠷᠦᠩᠬᠡᠢ ᠱᠦᠵᠢ ᠰᠢ᠎ᠶ᠋ᠢᠨ ᠫᠢᠩ ᠨᠠᠮ᠎ᠤᠨ ᠬᠤᠷᠢᠳᠤᠭᠠᠷ ᠶᠡᠭᠡ ᠬᠤᠷᠠᠯ᠎ᠤᠨ ᠢᠯᠡᠳᠭᠡᠯ᠎ᠳᠤ᠄ 《ᠮᠠᠷᠺᠰ᠎ᠤᠨ ᠦᠵᠡᠯ ᠪᠣᠯ ᠮᠠᠨ᠎ᠤ ᠨᠠᠮ ᠪᠠᠢᠭᠤᠯᠵᠤ ᠤᠯᠤᠰ᠎ᠢᠶᠠᠨ ᠪᠠᠢᠭᠤᠯᠬᠤ᠂ ᠨᠠᠮ᠎ᠢᠶᠠᠨ ᠮᠠᠨᠳᠤᠭᠤᠯᠵᠤ ᠤᠯᠤᠰ᠎ᠢᠶᠠᠨ ᠮᠠᠨᠳᠤᠭᠤᠯᠬᠤ᠎ᠶ᠋ᠢᠨ ᠦᠨᠳᠦᠰᠦᠨ ᠵᠢᠯᠤᠭᠤᠳᠭᠤ ᠦᠵᠡᠯ ᠰᠠᠨᠠᠭ᠎ᠠ ᠮᠥᠨ᠃ ᠳᠤᠮᠳᠠᠳᠤ ᠤᠯᠤᠰ᠎ᠤᠨ ᠡᠪ ᠬᠠᠮᠲᠤ ᠨᠠᠮ ᠶᠠᠭᠠᠬᠢᠭᠠᠳ ᠴᠢᠳᠠᠬᠤ ᠪᠤᠢ᠂ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢᠭᠡᠮ ᠵᠢᠷᠤᠮ ᠶᠠᠭᠠᠬᠢᠭᠠᠳ ᠰᠠᠢᠨ ᠪᠠᠢᠳᠠᠭ ᠪᠤᠢ ᠭᠡᠪᠡᠯ ᠡᠴᠦᠰ᠎ᠤᠨ ᠡᠴᠦᠰ᠎ᠲᠡᠭᠡᠨ ᠮᠠᠷᠺᠰ᠎ᠤᠨ ᠦᠵᠡᠯ ᠰᠠᠢᠨ ᠪᠠᠢᠬᠤ᠂ ᠳᠤᠮᠳᠠᠳᠤ ᠤᠯᠤᠰᠴᠢᠯᠠᠵᠦ ᠴᠠᠭ ᠦᠶᠡᠴᠢᠯᠡᠭ᠌ᠰᠡᠨ ᠮᠠᠷᠺᠰ᠎ᠤᠨ ᠦᠵᠡᠯ ᠰᠠᠢᠨ ᠪᠠᠢᠬᠤ᠎ᠳᠤ ᠪᠤᠢ ᠭᠡᠳᠡᠭ᠎ᠢ ᠦᠢᠯᠡᠳᠦᠯᠭᠡ ᠪᠢᠳᠡᠨ᠎ᠳᠤ ᠬᠡᠯᠡᠵᠦ᠍ ᠥᠭ᠌ᠪᠡ》 ᠭᠡᠵᠦ᠍ ᠵᠢᠭᠠᠵᠤ ᠭᠠᠷᠭᠠᠪᠠ᠃
《ᠬᠤᠶᠠᠷ᠎ᠲᠠᠢ ᠤᠶᠠᠯᠳᠤᠭᠤᠯᠬᠤ》 ᠪᠣᠯ ᠮᠠᠷᠺᠰ᠎ᠤᠨ ᠦᠵᠡᠯ᠎ᠢ ᠳᠤᠮᠳᠠᠳᠤ ᠤᠯᠤᠰᠴᠢᠯᠠᠵᠤ ᠴᠠᠭ ᠦᠶᠡᠴᠢᠯᠡᠬᠦ᠌᠎ᠶ᠋ᠢ ᠠᠬᠢᠭᠤᠯᠬᠤ᠎ᠶ᠋ᠢᠨ ᠵᠠᠢᠯᠠᠰᠢ ᠦᠭᠡᠢ ᠱᠠᠭᠠᠷᠳᠠᠯᠭ᠎ᠠ ᠮᠥᠨ
ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠡᠦᠬᠡ ᠪᠣᠯ ᠮᠥᠨ ᠴᠢᠨᠠᠷ ᠳᠡᠭᠡᠷ᠎ᠡ᠎ᠪᠠᠨ ᠮᠠᠷᠺᠰ᠎ᠤᠨ ᠦᠵᠡᠯ᠎ᠢ ᠳᠤᠮᠳᠠᠳᠤ ᠤᠯᠤᠰᠴᠢᠯᠠᠵᠦ᠍ ᠴᠠᠭ ᠦᠶᠡᠴᠢᠯᠡᠬᠦ᠌᠎ᠶ᠋ᠢ ᠳᠤᠷᠠᠳᠤᠨ ᠰᠦᠪᠡᠭ᠌ᠴᠢᠯᠡᠭ᠌ᠰᠡᠨ ᠪᠥᠭᠡᠳ ᠦᠢᠯᠡᠳᠦᠯᠭᠡ᠎ᠶ᠋ᠢᠨ ᠳᠤᠮᠳᠠ ᠮᠠᠷᠺᠰ᠎ᠤᠨ ᠦᠵᠡᠯ᠎ᠢ ᠳᠤᠮᠳᠠᠳᠤ ᠤᠯᠤᠰᠴᠢᠯᠠᠵᠦ᠍ ᠴᠠᠭ ᠦᠶᠡᠴᠢᠯᠡᠬᠦ᠌ ᠱᠢᠨ᠎ᠡ ᠠᠬᠤᠢ ᠪᠠᠢᠳᠠᠯ᠎ᠢ ᠲᠠᠰᠤᠷᠠᠯᠲᠠ ᠦᠭᠡᠢ ᠨᠡᠭᠡᠭᠡᠭ᠌ᠰᠡᠨ ᠲᠡᠦᠬᠡ ᠮᠥᠨ᠃ ᠳᠤᠮᠳᠠᠳᠤ ᠤᠯᠤᠰ᠎ᠤᠨ ᠡᠪ ᠬᠠᠮᠲᠤ ᠨᠠᠮ ᠮᠡᠨᠳᠦᠯᠡᠭ᠌ᠰᠡᠨ ᠡᠳᠦᠷ᠎ᠠᠴᠠ᠎ᠪᠠᠨ ᠠᠪᠤᠭᠠᠳ ᠮᠠᠷᠺᠰ ᠯᠧᠨᠢᠨ᠎ᠤ ᠦᠵᠡᠯ᠎ᠢ ᠥᠪᠡᠷ᠎ᠤᠨ᠎ᠢᠶᠠᠨ ᠵᠢᠯᠤᠭᠤᠳᠭᠤ ᠦᠵᠡᠯ ᠰᠠᠨᠠᠭ᠎ᠠ ᠪᠣᠯᠭᠠᠨ ᠲᠣᠭ᠍ᠲᠠᠭᠠᠭ᠍ᠰᠠᠨ᠎ᠤ ᠬᠠᠮᠲᠤ ᠳᠤᠮᠳᠠᠳᠤ ᠤᠯᠤᠰ᠎ᠤᠨ ᠪᠣᠳᠠᠲᠤ ᠪᠠᠢᠳᠠᠯ ᠪᠠ ᠴᠠᠭ ᠦᠶ᠎ᠡ᠎ᠶ᠋ᠢᠨ ᠨᠥᠬᠦᠴᠡᠯ᠎ᠤᠨ ᠬᠤᠪᠢᠷᠠᠯᠲᠠ᠎ᠶ᠋ᠢ ᠦᠨᠳᠦᠰᠦᠯᠡᠨ᠂ ᠲᠡᠭᠦᠨ᠎ᠢ ᠳᠤᠮᠳᠠᠳᠤ ᠤᠯᠤᠰ᠎ᠤᠨ ᠬᠤᠪᠢᠰᠭᠠᠯ᠂ ᠪᠦᠲᠦᠭᠡᠨ ᠪᠠᠢᠭᠤᠯᠤᠯᠲᠠ ᠪᠠ ᠥᠭᠡᠷᠡᠴᠢᠯᠡᠯᠲᠡ᠎ᠶ᠋ᠢᠨ ᠡᠭᠦᠷᠭᠡ᠎ᠲᠠᠢ ᠨᠢᠭ᠍ᠲᠠ ᠤᠶᠠᠯᠳᠤᠭᠤᠯᠤᠭ᠍ᠰᠠᠨ ᠶᠤᠮ᠃ ᠵᠠᠭᠤᠨ ᠵᠢᠯ᠎ᠤᠨ ᠲᠤᠷᠰᠢ᠂ ᠳᠤᠮᠳᠠᠳᠤ ᠤᠯᠤᠰ᠎ᠤᠨ ᠡᠪ ᠬᠠᠮᠲᠤ ᠨᠠᠮ ᠮᠠᠷᠺᠰ᠎ᠤᠨ ᠦᠵᠡᠯ᠎ᠤᠨ ᠦᠨᠳᠦᠰᠦᠨ ᠤᠭ ᠶᠣᠰᠣ᠎ᠶ᠋ᠢ ᠪᠠᠷᠢᠮᠲᠠᠯᠠᠵᠤ᠂ ᠦᠨᠡᠨ᠎ᠠᠴᠠ ᠵᠥᠪ᠎ᠢ ᠡᠷᠢᠬᠦ᠌᠎ᠶ᠋ᠢ ᠪᠠᠷᠢᠮᠲᠠᠯᠠᠵᠤ᠂ ᠳᠤᠮᠳᠠᠳᠤ ᠤᠯᠤᠰ᠎ᠤᠨ ᠪᠣᠳᠠᠲᠤ ᠪᠠᠢᠳᠠᠯ᠎ᠠᠴᠠ ᠡᠭᠦᠰᠴᠦ᠍᠂ ᠴᠠᠭ ᠦᠶ᠎ᠡ᠎ᠶ᠋ᠢᠨ ᠶᠡᠭᠡ ᠬᠠᠨᠳᠤᠰᠢ᠎ᠶ᠋ᠢ ᠨᠡᠪᠲᠡ ᠠᠵᠢᠭ᠍ᠯᠠᠵᠤ᠂ ᠲᠡᠦᠬᠡ᠎ᠶ᠋ᠢᠨ ᠰᠠᠨᠠᠭᠠᠴᠢᠯᠠᠭᠠᠲᠤ ᠡᠷᠬᠡ᠎ᠶ᠋ᠢ ᠡᠵᠡᠮᠳᠡᠵᠦ᠍᠂ ᠱᠢᠷᠭᠠᠭᠤ ᠬᠠᠲᠠᠭᠤᠵᠢᠯᠲᠠᠢ᠎ᠪᠠᠷ ᠬᠠᠢᠨ ᠰᠦᠪᠡᠭ᠌ᠴᠢᠯᠡᠵᠦ᠍᠂ ᠮᠠᠷᠺᠰ᠎ᠤᠨ ᠦᠵᠡᠯ᠎ᠢ ᠳᠤᠮᠳᠠᠳᠤ ᠤᠯᠤᠰᠴᠢᠯᠠᠵᠤ ᠴᠠᠭ ᠦᠶᠡᠴᠢᠯᠡᠬᠦ᠌᠎ᠶ᠋ᠢ ᠲᠠᠰᠤᠷᠠᠯᠲᠠ ᠦᠭᠡᠢ ᠠᠬᠢᠭᠤᠯᠵᠤ᠂ ᠳᠤᠮᠳᠠᠳᠤ ᠤᠯᠤᠰ᠎ᠤᠨ ᠠᠷᠠᠳ ᠲᠦᠮᠡᠨ᠎ᠢ ᠵᠢᠯᠣᠭᠤᠳᠤᠨ ᠠᠭᠤᠤ ᠶᠡᠭᠡ ᠨᠡᠢᠭᠡᠮ᠎ᠤᠨ ᠬᠤᠪᠢᠰᠭᠠᠯ᠎ᠢ ᠲᠠᠰᠤᠷᠠᠯᠲᠠ ᠦᠭᠡᠢ ᠠᠬᠢᠭᠤᠯᠵᠤ᠂ ᠱᠢᠨ᠎ᠡ ᠠᠷᠠᠳᠴᠢᠯᠠᠭ᠍ᠰᠠᠨ ᠬᠤᠪᠢᠰᠭᠠᠯ᠎ᠤᠨ ᠠᠭᠤᠤ ᠶᠡᠭᠡ ᠠᠮᠵᠢᠯᠲᠠ ᠪᠦᠲᠦᠮᠵᠢ᠂ ᠨᠡᠢᠭᠡᠮ ᠵᠢᠷᠤᠮ᠎ᠤᠨ ᠬᠤᠪᠢᠰᠭᠠᠯ ᠪᠣᠯᠣᠨ ᠪᠦᠲᠦᠭᠡᠨ ᠪᠠᠢᠭᠤᠯᠤᠯᠲᠠ᠎ᠶ᠋ᠢᠨ ᠠᠭᠤᠤ ᠶᠡᠭᠡ ᠠᠮᠵᠢᠯᠲᠠ ᠪᠦᠲᠦᠮᠵᠢ᠂ ᠥᠭᠡᠷᠡᠴᠢᠯᠡᠯᠲᠡ ᠨᠡᠭᠡᠭᠡᠯᠲᠡ ᠪᠣᠯᠣᠨ ᠨᠡᠢᠭᠡᠮ ᠵᠢᠷᠤᠮ᠎ᠤᠨ ᠣᠳᠣᠬᠢᠴᠢᠯᠠᠯᠲᠠ᠎ᠶ᠋ᠢᠨ ᠪᠦᠲᠦᠭᠡᠨ ᠪᠠᠢᠭᠤᠯᠤᠯᠲᠠ᠎ᠶ᠋ᠢᠨ ᠠᠭᠤᠤ ᠶᠡᠭᠡ ᠠᠮᠵᠢᠯᠲᠠ ᠪᠦᠲᠦᠮᠵᠢ᠂ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢᠭᠡᠮ ᠵᠢᠷᠤᠮ᠎ᠤᠨ ᠠᠭᠤᠤ ᠶᠡᠭᠡ ᠠᠮᠵᠢᠯᠲᠠ ᠪᠦᠲᠦᠮᠵᠢ᠎ᠶ᠋ᠢ ᠡᠭᠦᠳᠴᠡᠢ᠃
ᠮᠠᠨ᠎ᠤ ᠨᠠᠮ ᠠᠷᠠᠳ ᠲᠦᠮᠡᠨ᠎ᠢ ᠤᠳᠤᠷᠢᠳᠤᠨ ᠤᠳᠠᠭ᠎ᠠ ᠳᠠᠷᠠᠭᠠᠯᠠᠨ ᠬᠠᠢᠨ ᠰᠦᠪᠡᠭ᠌ᠴᠢᠯᠡᠵᠦ᠍᠂ ᠤᠳᠠᠭ᠎ᠠ ᠳᠠᠷᠠᠭᠠᠯᠠᠨ ᠨᠤᠭᠤᠷᠠᠯ᠎ᠳᠤ ᠤᠴᠠᠷᠠᠵᠤ᠂ ᠤᠳᠠᠭ᠎ᠠ ᠳᠠᠷᠠᠭᠠᠯᠠᠨ ᠵᠠᠮ ᠨᠡᠭᠡᠭᠡᠬᠦ᠌ ᠳᠤᠮᠳᠠ ᠳᠤᠮᠳᠠᠳᠤ ᠤᠯᠤᠰ᠎ᠤᠨ ᠪᠤᠰᠤᠳ ᠡᠯ᠎ᠡ ᠵᠦᠢᠯ᠎ᠤᠨ ᠤᠯᠤᠰ ᠲᠥᠷᠥ᠎ᠶ᠋ᠢᠨ ᠬᠦᠴᠦᠨ᠎ᠤ ᠪᠡᠶᠡᠯᠡᠭᠦᠯᠵᠦ᠍ ᠴᠢᠳᠠᠰᠢ ᠦᠭᠡᠢ ᠪᠡᠷᠬᠡ ᠬᠠᠲᠠᠭᠤᠵᠢᠯᠲᠠᠢ ᠡᠭᠦᠷᠭᠡ᠎ᠶ᠋ᠢ ᠪᠡᠶᠡᠯᠡᠭᠦᠯᠪᠡ᠃ ᠦᠨᠳᠦᠰᠦᠨ ᠰᠢᠯᠳᠠᠭᠠᠨ᠎ᠨᠢ ᠦᠵᠡᠯ ᠰᠠᠨᠠᠭ᠎ᠠ᠎ᠪᠠᠨ ᠴᠢᠯᠦᠭᠡᠯᠡᠬᠦ᠂ ᠦᠨᠡᠨ᠎ᠠᠴᠠ ᠵᠥᠪ᠎ᠢ ᠡᠷᠢᠬᠦ᠂ ᠴᠠᠭ ᠦᠶ᠎ᠡ᠎ᠲᠠᠢ ᠵᠡᠷᠭᠡ ᠪᠡᠷ ᠤᠷᠤᠭ᠍ᠰᠢᠯᠠᠬᠤ᠂ ᠦᠨᠡᠨ᠎ᠢ ᠪᠠᠷᠢᠮᠲᠠᠯᠠᠨ ᠪᠣᠳᠠᠲᠠᠢ᠎ᠶ᠋ᠢ ᠡᠷᠬᠢᠮᠯᠡᠬᠦ᠌᠎ᠶ᠋ᠢ ᠪᠠᠷᠢᠮᠲᠠᠯᠠᠭ᠍ᠰᠠᠨ᠎ᠳᠤ ᠪᠠᠢᠨ᠎ᠠ᠂ ᠮᠠᠷᠺᠰ᠎ᠤᠨ ᠦᠵᠡᠯ᠎ᠤᠨ ᠦᠨᠳᠦᠰᠦᠨ ᠤᠭ ᠶᠣᠰᠣ᠎ᠶ᠋ᠢ ᠳᠤᠮᠳᠠᠳᠤ ᠤᠯᠤᠰ᠎ᠤᠨ ᠪᠣᠳᠠᠲᠤ ᠪᠠᠢᠳᠠᠯ᠎ᠲᠠᠢ ᠤᠶᠠᠯᠳᠤᠭᠤᠯᠬᠤ ᠳᠤᠮᠳᠠᠳᠤ᠎ᠶ᠋ᠢᠨ ᠱᠢᠯᠢᠳᠡᠭ ᠤᠯᠠᠮᠵᠢᠯᠠᠯᠲᠤ ᠰᠣᠶᠣᠯ᠎ᠲᠠᠢ ᠤᠶᠠᠯᠳᠤᠭᠤᠯᠬᠤ᠎ᠶ᠋ᠢ ᠪᠠᠷᠢᠮᠲᠠᠯᠠᠵᠤ᠂ ᠦᠢᠯᠡᠳᠦᠯᠭᠡ ᠪᠣᠯ ᠦᠨᠡᠨ ᠶᠣᠰᠣ᠎ᠶ᠋ᠢ ᠱᠢᠯᠭᠠᠬᠤ ᠴᠣᠷ᠎ᠤᠨ ᠭᠠᠭ᠍ᠴᠠ ᠪᠠᠷᠢᠮᠵᠢᠶ᠎ᠠ ᠮᠥᠨ ᠭᠡᠳᠡᠭ᠎ᠢ ᠪᠠᠷᠢᠮᠲᠠᠯᠠᠵᠤ᠂ ᠠᠯᠢᠪᠠ ᠪᠦᠬᠦᠨ᠎ᠳᠤ ᠪᠣᠳᠠᠲᠠᠢ᠎ᠠᠴᠠ ᠡᠭᠦᠰᠭᠦ᠎ᠶ᠋ᠢ ᠪᠠᠷᠢᠮᠲᠠᠯᠠᠵᠤ᠂ ᠴᠠᠭ ᠦᠶ᠎ᠡ᠎ᠶ᠋ᠢᠨ ᠠᠰᠠᠭᠤᠯᠲᠠ᠂ ᠠᠷᠠᠳ ᠲᠦᠮᠡᠨ᠎ᠤ ᠠᠰᠠᠭᠤᠯᠲᠠ᠎ᠶ᠋ᠢ ᠴᠠᠭ ᠳᠠᠷᠤᠢ᠎ᠳᠤ᠎ᠨᠢ ᠬᠠᠷᠢᠭᠤᠯᠵᠤ᠂ ᠮᠠᠷᠺᠰ᠎ᠤᠨ ᠦᠵᠡᠯ᠎ᠢ ᠳᠤᠮᠳᠠᠳᠤ ᠤᠯᠤᠰᠴᠢᠯᠠᠵᠦ᠍ ᠴᠠᠭ ᠦᠶᠡᠴᠢᠯᠡᠬᠦ᠌᠎ᠶ᠋ᠢ ᠲᠠᠰᠤᠷᠠᠯᠲᠠ ᠦᠭᠡᠢ ᠠᠬᠢᠭᠤᠯᠪᠠ᠃ 《ᠬᠤᠶᠠᠷ᠎ᠲᠠᠢ ᠤᠶᠠᠯᠳᠤᠭᠤᠯᠬᠤ》 ᠪᠣᠯ ᠮᠠᠷᠺᠰ᠎ᠤᠨ ᠦᠵᠡᠯ᠎ᠢ ᠳᠤᠮᠳᠠᠳᠤ ᠤᠯᠤᠰᠴᠢᠯᠠᠵᠦ ᠴᠠᠭ ᠦᠶᠡᠴᠢᠯᠡᠬᠦ᠌᠎ᠶ᠋ᠢ ᠠᠬᠢᠭᠤᠯᠬᠤ᠎ᠶ᠋ᠢᠨ ᠵᠠᠢᠯᠠᠰᠢ ᠦᠭᠡᠢ ᠱᠠᠭᠠᠷᠳᠠᠯᠭ᠎ᠠ ᠮᠥᠨ᠃
《ᠥᠪᠡᠷ᠎ᠤᠨ ᠵᠠᠮ᠎ᠢᠶᠠᠷ᠎ᠢᠶᠠᠨ ᠵᠠᠮᠨᠠᠬᠤ》 ᠪᠣᠯ ᠨᠠᠮ᠎ᠤᠨ ᠣᠨᠣᠯ ᠪᠠ ᠦᠢᠯᠡᠳᠦᠯᠭᠡ᠎ᠶ᠋ᠢᠨ ᠵᠣᠭ᠍ᠰᠣᠴᠠ ᠮᠥᠨ
ᠨᠠᠮ᠎ᠤᠨ ᠠᠷᠪᠠ ᠶᠢᠰᠦᠳᠦᠭᠡᠷ ᠬᠤᠭᠤᠴᠠᠭᠠᠨ᠎ᠤ ᠲᠥᠪ ᠬᠤᠷᠢᠶᠠᠨ᠎ᠤ ᠵᠢᠷᠭᠤᠳᠤᠭᠠᠷ ᠪᠥᠬᠦᠳᠡ ᠬᠤᠷᠠᠯ᠎ᠠᠴᠠ ᠬᠢᠨᠠᠨ ᠵᠥᠪᠯᠡᠵᠦ᠍ ᠪᠠᠲᠤᠯᠠᠭ᠍ᠰᠠᠨ 《ᠨᠠᠮ᠎ᠤᠨ ᠵᠠᠭᠤᠨ ᠵᠢᠯ᠎ᠤᠨ ᠲᠡᠮᠡᠴᠡᠯ᠎ᠤᠨ ᠴᠢᠬᠤᠯᠠ ᠶᠡᠭᠡ ᠠᠮᠵᠢᠯᠲᠠ ᠪᠦᠲᠦᠮᠵᠢ ᠪᠠ ᠲᠡᠦᠬᠡᠨ ᠲᠤᠷᠱᠢᠯᠭ᠎ᠠ᠎ᠶ᠋ᠢᠨ ᠲᠤᠬᠠᠢ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠤᠷᠢᠶᠠᠨ᠎ᠤ ᠱᠢᠢᠳᠪᠦᠷᠢ》 ᠨᠢ ᠨᠠᠮ᠎ᠤᠨ ᠵᠠᠭᠤᠨ ᠵᠢᠯ᠎ᠤᠨ ᠲᠡᠮᠡᠴᠡᠯ᠎ᠤᠨ ᠥᠩᠭᠡᠷᠡᠯᠲᠡ ᠪᠠ ᠴᠢᠬᠤᠯᠠ ᠶᠡᠭᠡ ᠠᠮᠵᠢᠯᠲᠠ ᠪᠦᠲᠦᠮᠵᠢ᠎ᠶ᠋ᠢ ᠪᠥᠬᠦ᠌ ᠲᠠᠯ᠎ᠠ᠎ᠪᠠᠷ ᠡᠷᠭᠢᠴᠡᠭᠦᠯᠦᠨ ᠳ᠋ᠦᠩᠨᠡᠭ᠌ᠰᠡᠨ ᠰᠠᠭᠤᠷᠢᠨ ᠳᠡᠭᠡᠷ᠎ᠡ᠂ ᠳᠤᠮᠳᠠᠳᠤ ᠤᠯᠤᠰ᠎ᠤᠨ ᠵᠠᠮ᠎ᠢ ᠪᠠᠷᠢᠮᠲᠠᠯᠠᠬᠤ ᠪᠣᠯ ᠮᠠᠨ᠎ᠤ ᠨᠠᠮ᠎ᠤᠨ ᠵᠠᠭᠤᠨ ᠵᠢᠯ᠎ᠤᠨ ᠲᠡᠮᠡᠴᠡᠯ᠎ᠤᠨ ᠡᠷᠬᠢᠮ ᠨᠠᠨᠳᠢᠨ ᠲᠡᠦᠬᠡᠨ ᠲᠤᠷᠱᠢᠯᠭ᠎ᠠ ᠮᠥᠨ ᠭᠡᠳᠡᠭ᠎ᠢ ᠭᠦᠨᠵᠡᠭᠡᠢ ᠲᠣᠳᠣᠷᠬᠠᠢᠯᠠᠪᠠ᠃ ᠥᠪᠡᠷ᠎ᠤᠨ ᠵᠠᠮ᠎ᠢᠶᠠᠷ᠎ᠢᠶᠠᠨ ᠵᠠᠮᠨᠠᠬᠤ ᠪᠣᠯ ᠨᠠᠮ᠎ᠤᠨ ᠪᠦᠬᠦ᠌ ᠤᠨᠤᠯ ᠪᠠ ᠦᠢᠯᠡᠳᠦᠯᠭᠡ᠎ᠶ᠋ᠢᠨ ᠵᠣᠭ᠍ᠰᠣᠴᠠ ᠮᠥᠨ᠂ ᠨᠡᠩ ᠴᠤ᠌ ᠨᠠᠮ᠎ᠤᠨ ᠵᠠᠭᠤᠨ ᠵᠢᠯ᠎ᠤᠨ ᠲᠡᠮᠡᠴᠡᠯ᠎ᠢᠶᠠᠷ ᠣᠯᠣᠭ᠍ᠰᠠᠨ ᠲᠡᠦᠬᠡᠨ ᠳ᠋ᠦᠩᠨᠡᠯᠲᠡ ᠮᠥᠨ᠃
ᠨᠠᠮ ᠪᠠᠢᠭᠤᠯᠤᠭ᠍ᠳᠠᠭ᠍ᠰᠠᠨ ᠡᠬᠢᠨ᠎ᠤ ᠦᠶ᠎ᠡ᠎ᠳᠤ᠂ ᠠᠬᠠᠮᠠᠳ ᠬᠤᠪᠢᠰᠭᠠᠯᠴᠢᠳ ᠳᠤᠮᠳᠠᠳᠤ ᠤᠯᠤᠰ᠎ᠤᠨ ᠬᠤᠪᠢᠰᠭᠠᠯ᠎ᠤᠨ ᠵᠠᠮ᠎ᠢ ᠬᠠᠢᠨ ᠰᠦᠪᠡᠭ᠌ᠴᠢᠯᠡᠵᠦ᠍ ᠡᠬᠢᠯᠡᠭ᠌ᠰᠡᠨ ᠶᠤᠮ᠃ ᠱᠢᠨ᠎ᠡ ᠠᠷᠠᠳᠴᠢᠯᠠᠭ᠍ᠰᠠᠨ ᠬᠤᠪᠢᠰᠭᠠᠯ᠎ᠤᠨ ᠦᠶ᠎ᠡ᠎ᠳᠤ᠂ ᠸᠠᠩ ᠮᠢᠩ᠎ᠢᠶᠠᠷ ᠲᠥᠯᠥᠭᠡᠯᠡᠭᠦᠯᠦᠭ᠌ᠰᠡᠨ 《ᠵᠡᠭᠦᠨ》 ᠤ ᠬᠡᠯᠪᠡᠷᠢᠯ᠎ᠤᠨ ᠦᠵᠡᠯᠲᠡᠳ ᠮᠠᠨ᠎ᠤ ᠨᠠᠮ᠎ᠤᠨ ᠡᠷᠲᠡ ᠦᠶ᠎ᠡ᠎ᠶ᠋ᠢᠨ ᠪᠡᠶ᠎ᠡ᠎ᠪᠠᠨ ᠳᠠᠭᠠᠭᠠᠵᠤ ᠤᠳᠤᠷᠢᠳᠤᠭ᠍ᠰᠠᠨ ᠬᠤᠪᠢᠰᠭᠠᠯᠳᠤ ᠬᠦᠨᠳᠦ ᠶᠡᠭᠡ ᠨᠤᠭᠤᠷᠠᠯ ᠪᠦᠳᠦᠷᠢᠯ ᠤᠴᠠᠷᠠᠭᠤᠯᠵᠤ᠂ ᠤᠯᠠᠭᠠᠨ ᠴᠡᠷᠢᠭ ᠠᠷᠭ᠎ᠠ ᠪᠤᠰᠤ ᠤᠷᠳᠦ ᠵᠠᠮ᠎ᠤᠨ ᠠᠶᠠᠨ ᠲᠠᠢᠨ ᠬᠢᠪᠡ᠃ ᠳᠤᠮᠳᠠᠳᠤ ᠤᠯᠤᠰ᠎ᠤᠨ ᠡᠪ ᠬᠠᠮᠲᠤ ᠨᠠᠮ ᠮᠠᠷᠺᠰ᠎ᠤᠨ ᠦᠵᠡᠯ᠎ᠢ ᠨᠣᠮᠯᠠᠯ ᠪᠣᠯᠭᠠᠬᠤ ᠪᠤᠷᠤᠭᠤ ᠬᠡᠯᠪᠡᠷᠢᠯ᠎ᠢ ᠢᠯᠠᠭ᠍ᠰᠠᠨᠤ ᠲᠠᠷᠠᠭ᠎ᠠ᠂ ᠴᠣᠬᠤᠮ ᠶᠠᠮᠠᠷ ᠵᠠᠮ᠎ᠢᠶᠠᠷ ᠵᠠᠮᠨᠠᠪᠠᠯ ᠰᠠᠶᠢ ᠬᠤᠪᠢᠰᠭᠠᠯ ᠪᠠ ᠪᠦᠲᠦᠭᠡᠨ ᠪᠠᠢᠭᠤᠯᠤᠯᠲᠠ᠎ᠶ᠋ᠢᠨ ᠢᠯᠠᠯᠲᠠ᠎ᠶ᠋ᠢ ᠣᠯᠵᠤ ᠴᠢᠳᠠᠬᠤ ᠠᠰᠠᠭᠤᠳᠠᠯ᠎ᠢ ᠨᠠᠷᠢᠨ ᠬᠢᠨᠠᠮᠠᠭᠠᠢ ᠪᠣᠳᠣᠯᠬᠢᠯᠠᠵᠤ ᠡᠬᠢᠯᠡᠪᠡ᠃ ᠬᠤᠪᠢᠰᠭᠠᠯᠲᠤ ᠲᠡᠮᠡᠴᠡᠯ᠎ᠤᠨ ᠳᠤᠮᠳᠠ᠂ ᠮᠠᠤ ᠽᠧ ᠳ᠋ᠦᠩ ᠨᠥᠬᠦᠷ᠎ᠢᠶᠠᠷ ᠭᠤᠣᠯ ᠲᠥᠯᠥᠭᠡᠯᠡᠭ᠌ᠴᠢ᠎ᠪᠠᠨ ᠪᠣᠯᠭᠠᠭ᠍ᠰᠠᠨ ᠳᠤᠮᠳᠠᠳᠤ ᠤᠯᠤᠰ᠎ᠤᠨ ᠡᠪ ᠬᠠᠮᠲᠤᠴᠤᠳ ᠮᠠᠷᠺᠰ ᠯᠧᠨᠢᠨ᠎ᠤ ᠦᠵᠡᠯ᠎ᠤᠨ ᠦᠨᠳᠦᠰᠦᠨ ᠤᠭ ᠶᠣᠰᠣ᠎ᠶ᠋ᠢ ᠳᠤᠮᠳᠠᠳᠤ ᠤᠯᠤᠰ᠎ᠤᠨ ᠪᠣᠳᠠᠲᠤ ᠪᠠᠢᠳᠠᠯ᠎ᠲᠠᠢ ᠤᠶᠠᠯᠳᠤᠭᠤᠯᠵᠤ᠂ ᠱᠢᠷᠭᠠᠭᠤ ᠬᠠᠲᠠᠭᠤᠵᠢᠯᠲᠠᠢ᠎ᠪᠠᠷ ᠬᠠᠢᠨ ᠰᠦᠪᠡᠭ᠌ᠴᠢᠯᠡᠵᠦ᠍᠂ ᠯᠤᠲᠤ ᠶᠡᠭᠡ ᠦᠷᠡᠭ᠌ᠳᠡᠯ ᠰᠦᠢᠳᠦᠯ ᠭᠠᠷᠭᠠᠵᠤ ᠪᠠᠢᠭᠠᠳ ᠬᠤᠷᠠᠮᠳᠤᠭᠤᠯᠤᠭ᠍ᠰᠠᠨ ᠠᠯᠢ ᠤᠯᠠᠨ ᠪᠦᠲᠦᠭᠡᠯᠴᠢ ᠴᠢᠨᠠᠷᠲᠠᠢ ᠲᠤᠷᠱᠢᠯᠭ᠎ᠠ᠎ᠳᠤ ᠤᠨᠤᠯ᠎ᠤᠨ ᠬᠤᠷᠢᠶᠠᠩᠭᠤᠢᠯᠠᠯ ᠬᠢᠵᠦ᠍᠂ ᠬᠥᠳᠡᠭᠡ ᠲᠣᠰᠭᠤᠨ᠎ᠢᠶᠠᠷ ᠬᠤᠳᠠ᠎ᠶ᠋ᠢ ᠪᠦᠰᠡᠯᠡᠬᠦ᠂ ᠵᠡᠪᠰᠡᠭ᠌ᠲᠦ ᠬᠦᠴᠦᠨ᠎ᠢᠶᠠᠷ ᠵᠠᠰᠠᠭ᠎ᠤᠨ ᠡᠷᠬᠡ᠎ᠶ᠋ᠢ ᠪᠤᠯᠢᠶᠠᠨ ᠠᠪᠬᠤ ᠬᠤᠪᠢᠰᠭᠠᠯ᠎ᠤᠨ ᠵᠥᠪ ᠵᠠᠮ᠎ᠢ ᠨᠡᠭᠡᠭᠡᠵᠦ᠍᠂ ᠮᠠᠤ ᠽᠧ ᠳ᠋ᠦᠩ᠎ᠤᠨ ᠦᠵᠡᠯ ᠰᠠᠨᠠᠭ᠎ᠠ᠎ᠶ᠋ᠢ ᠪᠦᠷᠢᠯᠳᠦᠬᠦᠯᠵᠦ᠂ ᠱᠢᠨ᠎ᠡ ᠠᠷᠠᠳᠴᠢᠯᠠᠭ᠍ᠰᠠᠨ ᠬᠤᠪᠢᠰᠭᠠᠯ᠎ᠤᠨ ᠢᠯᠠᠯᠲᠠ᠎ᠶ᠋ᠢ ᠲᠡᠮᠡᠴᠡᠨ ᠣᠯᠬᠤ᠎ᠳᠤ ᠵᠥᠪ ᠴᠢᠭ᠌ᠯᠡᠯ᠎ᠢ ᠵᠢᠭᠠᠵᠤ ᠥᠭ᠌ᠭᠦᠭ᠌ᠰᠡᠨ ᠪᠠᠢᠨ᠎ᠠ᠃ ᠨᠡᠢᠭᠡᠮ ᠵᠢᠷᠤᠮᠲᠤ ᠬᠤᠪᠢᠰᠭᠠᠯ ᠪᠣᠯᠣᠨ ᠪᠦᠲᠦᠭᠡᠨ ᠪᠠᠢᠭᠤᠯᠤᠯᠲᠠ᠎ᠶ᠋ᠢᠨ ᠴᠠᠭ ᠦᠶ᠎ᠡ᠎ᠳᠤ᠂ ᠳᠤᠮᠳᠠᠳᠤ ᠤᠯᠤᠰ᠎ᠤᠨ ᠡᠪ ᠬᠠᠮᠲᠤᠴᠤᠳ ᠱᠢᠨ᠎ᠡ ᠪᠣᠳᠠᠲᠤ ᠪᠠᠢᠳᠠᠯ᠎ᠲᠠᠢ ᠤᠶᠠᠯᠳᠤᠭᠤᠯᠤᠨ ᠮᠠᠤ ᠽᠧ ᠳ᠋ᠦᠩ᠎ᠤᠨ ᠦᠵᠡᠯ ᠰᠠᠨᠠᠭ᠎ᠠ᠎ᠶ᠋ᠢ ᠤᠯᠠᠮ ᠴᠢᠨᠠᠭ᠍ᠰᠢᠳᠠ ᠪᠠᠶᠠᠯᠢᠭ᠍ᠵᠢᠭᠤᠯᠤᠨ ᠬᠥᠭ᠌ᠵᠢᠭᠦᠯᠵᠦ᠍᠂ ᠨᠡᠢᠭᠡᠮ ᠵᠢᠷᠤᠮᠲᠤ ᠪᠦᠲᠦᠭᠡᠨ ᠪᠠᠢᠭᠤᠯᠤᠯᠲᠠ᠎ᠶ᠋ᠢᠨ ᠲᠤᠬᠠᠢ ᠠᠯᠢ ᠤᠯᠠᠨ ᠴᠢᠬᠤᠯᠠ ᠦᠵᠡᠯ ᠰᠠᠨᠠᠭ᠎ᠠ᠎ᠶ᠋ᠢ ᠳᠤᠷᠠᠳᠴᠤ᠌᠂ ᠨᠡᠢᠭᠡᠮ ᠵᠢᠷᠤᠮ᠎ᠤᠨ ᠵᠠᠮ᠎ᠤᠨ ᠰᠦᠪᠡᠭ᠌ᠴᠢᠯᠡᠯᠲᠡ᠎ᠶ᠋ᠢ ᠠᠬᠢᠭᠤᠯᠪᠠ᠃ ᠥᠭᠡᠷᠡᠴᠢᠯᠡᠯᠲᠡ ᠨᠡᠭᠡᠭᠡᠯᠲᠡ ᠪᠠ ᠨᠡᠢᠭᠡᠮ ᠵᠢᠷᠤᠮ᠎ᠤᠨ ᠣᠳᠣᠬᠢᠴᠢᠯᠠᠬᠤ ᠪᠦᠲᠦᠭᠡᠨ ᠪᠠᠢᠭᠤᠯᠤᠯᠲᠠ᠎ᠶ᠋ᠢᠨ ᠱᠢᠨ᠎ᠡ ᠴᠠᠭ ᠦᠶ᠎ᠡ᠎ᠳᠤ᠂ ᠳᠤᠮᠳᠠᠳᠤ ᠤᠯᠤᠰ᠎ᠤᠨ ᠡᠪ ᠬᠠᠮᠲᠤᠴᠤᠳ ᠳᠤᠮᠳᠠᠳᠤ ᠤᠯᠤᠰ᠎ᠤᠨ ᠨᠡᠢᠭᠡᠮ ᠵᠢᠷᠤᠮ᠎ᠤᠨ ᠠᠩᠬᠠᠨ᠎ᠤ ᠱᠠᠲᠤᠨ᠎ᠳᠤ ᠣᠷᠣᠱᠢᠵᠤ ᠪᠠᠢᠭ᠎ᠠ ᠪᠥᠭᠡᠳ ᠤᠷᠳᠦ ᠬᠤᠭᠤᠴᠠᠭ᠎ᠠ᠎ᠪᠠᠷ ᠣᠷᠣᠱᠢᠬᠤ ᠤᠯᠤᠰ᠎ᠤᠨ ᠦᠨᠳᠦᠰᠦᠨ ᠪᠠᠢᠳᠠᠯ᠎ᠲᠠᠢ ᠤᠶᠠᠯᠳᠤᠭᠤᠯᠤᠨ᠂ ᠦᠵᠡᠯ ᠰᠠᠨᠠᠭ᠎ᠠ᠎ᠪᠠᠨ ᠴᠢᠯᠦᠭᠡᠯᠡᠬᠦ᠂ ᠦᠨᠡᠨ᠎ᠠᠴᠠ ᠵᠥᠪ᠎ᠢ ᠡᠷᠢᠬᠦ᠌᠎ᠶ᠋ᠢ ᠪᠠᠷᠢᠮᠲᠠᠯᠠᠵᠤ᠂ ᠳ᠋ᠧᠩ ᠱᠢᠶᠣᠣ ᠫᠢᠩ᠎ᠤᠨ ᠤᠨᠤᠯ᠎ᠢ ᠡᠭᠦᠳᠴᠦ᠍᠂ 《ᠭᠤᠷᠪᠠ᠎ᠶ᠋ᠢ ᠲᠥᠯᠥᠭᠡᠯᠡᠬᠦ᠌》 ᠴᠢᠬᠤᠯᠠ ᠦᠵᠡᠯ ᠰᠠᠨᠠᠭ᠎ᠠ᠂ ᠱᠢᠨᠵᠢᠯᠡᠬᠦ᠌ ᠤᠬᠠᠭᠠᠨᠴᠢ ᠬᠥᠭ᠌ᠵᠢᠯᠲᠡ᠎ᠶ᠋ᠢᠨ ᠦᠵᠡᠯᠲᠡ᠎ᠶ᠋ᠢ ᠪᠦᠷᠢᠯᠳᠦᠭᠦᠯᠵᠦ᠍᠂ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢᠭᠡᠮ ᠵᠢᠷᠤᠮ᠎ᠤᠨ ᠤᠨᠤᠯ᠎ᠤᠨ ᠱᠢᠰᠲ᠋ᠧᠮ᠎ᠢ ᠪᠦᠷᠢᠯᠳᠦᠭᠦᠯᠵᠦ᠍᠂ ᠮᠠᠷᠺᠰ᠎ᠤᠨ ᠦᠵᠡᠯ᠎ᠢ ᠳᠤᠮᠳᠠᠳᠤ ᠤᠯᠤᠰᠴᠢᠯᠠᠬᠤ ᠱᠢᠨ᠎ᠡ ᠦᠰᠦᠷᠦᠯᠲᠡ᠎ᠶ᠋ᠢ ᠪᠡᠶᠡᠯᠡᠭᠦᠯᠪᠡ᠃ ᠳ᠋ᠧᠩ ᠱᠢᠶᠣᠣ ᠫᠢᠩ ᠨᠥᠬᠦᠷ ᠨᠠᠮ᠎ᠤᠨ ᠠᠷᠪᠠᠨ ᠬᠤᠶᠠᠳᠤᠭᠠᠷ ᠶᠡᠭᠡ ᠬᠤᠷᠠᠯ᠎ᠤᠨ ᠬᠤᠷᠠᠯ ᠡᠬᠢᠯᠡᠬᠦ᠌ ᠦᠭᠡ᠎ᠳᠡᠭᠡᠨ᠄ 《ᠮᠠᠷᠺᠰ᠎ᠤᠨ ᠦᠵᠡᠯ᠎ᠤᠨ ᠲᠦᠭᠡᠮᠡᠯ ᠦᠨᠡᠨ ᠶᠣᠰᠣ᠎ᠶ᠋ᠢ ᠮᠠᠨ᠎ᠤ ᠤᠯᠤᠰ᠎ᠤᠨ᠎ᠢᠶᠠᠨ ᠪᠣᠳᠠᠲᠤ ᠪᠠᠢᠳᠠᠯ᠎ᠲᠠᠢ ᠤᠶᠠᠯᠳᠤᠭᠤᠯᠤᠨ᠂ ᠥᠪᠡᠷ᠎ᠤᠨ ᠵᠡᠮᠢᠶᠠᠷᠢᠶᠠᠨ ᠶᠠᠪᠤᠵᠤ᠂ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢᠭᠡᠮ ᠵᠢᠷᠤᠮ᠎ᠢ ᠪᠦᠲᠦᠭᠡᠨ ᠪᠠᠢᠭᠤᠯᠬᠤ ᠬᠡᠷᠡᠭ᠌ᠲᠡᠢ᠂ ᠡᠨᠡ ᠪᠣᠯ ᠮᠠᠨ᠎ᠤ ᠤᠷᠳᠦ ᠬᠤᠭᠤᠴᠠᠭᠠᠨ᠎ᠤ ᠲᠡᠦᠬᠡᠨ ᠲᠤᠷᠱᠢᠯᠭ᠎ᠠ᠎ᠪᠠᠨ ᠳ᠋ᠦᠩᠨᠡᠭᠡᠳ ᠣᠯᠣᠭ᠍ᠰᠠᠨ ᠦᠨᠳᠦᠰᠦᠨ ᠳ᠋ᠦᠩᠨᠡᠯᠲᠡ ᠮᠥᠨ》 ᠭᠡᠵᠦ ᠵᠢᠭᠠᠵᠤ ᠭᠠᠷᠭᠠᠪᠠ᠃ ᠨᠠᠮ᠎ᠤᠨ ᠠᠷᠪᠠᠨ ᠨᠠᠢ᠍ᠮᠠᠳᠤᠭᠠᠷ ᠶᠡᠭᠡ ᠬᠤᠷᠠᠯ᠎ᠠᠴᠠ ᠨᠠᠭᠠᠰᠢ᠂ ᠰᠢ᠎ᠶ᠋ᠢᠨ ᠫᠢᠩ ᠨᠥᠬᠦᠷ᠎ᠢᠶᠠᠷ ᠭᠤᠣᠯ ᠲᠥᠯᠥᠭᠡᠯᠡᠭ᠌ᠴᠢ᠎ᠪᠠᠨ ᠪᠣᠯᠭᠠᠭ᠍ᠰᠠᠨ ᠳᠤᠮᠳᠠᠳᠤ ᠤᠯᠤᠰ᠎ᠤᠨ ᠡᠪ ᠬᠠᠮᠲᠤᠴᠤᠳ ᠮᠠᠷᠺᠰ᠎ᠤᠨ ᠦᠵᠡᠯ᠎ᠤᠨ ᠦᠨᠳᠦᠰᠦᠨ ᠤᠭ ᠶᠣᠰᠣ᠎ᠶ᠋ᠢ ᠳᠤᠮᠳᠠᠳᠤ ᠤᠯᠤᠰ᠎ᠤᠨ ᠪᠣᠳᠠᠲᠤ ᠪᠠᠢᠳᠠᠯ᠎ᠲᠠᠢ ᠤᠶᠠᠯᠳᠤᠭᠤᠯᠬᠤ᠂ ᠳᠤᠮᠳᠠᠳᠤ᠎ᠶ᠋ᠢᠨ ᠱᠢᠯᠢᠳᠡᠭ ᠤᠯᠠᠮᠵᠢᠯᠠᠯᠲᠤ ᠰᠣᠶᠣᠯ᠎ᠲᠠᠢ ᠤᠶᠠᠯᠳᠤᠭᠤᠯᠬᠤ᠎ᠶ᠋ᠢ ᠪᠠᠷᠢᠮᠲᠠᠯᠠᠵᠤ᠂ ᠨᠠᠮ ᠪᠠᠢᠭᠤᠯᠤᠭ᠍ᠳᠠᠭ᠍ᠰᠠᠨ᠎ᠠᠴᠠ ᠨᠠᠭᠠᠱᠢᠬᠢ ᠲᠡᠦᠬᠡᠨ ᠲᠤᠷᠱᠢᠯᠭ᠎ᠠ᠎ᠶ᠋ᠢ ᠭᠦᠨᠵᠡᠭᠡᠢ ᠳ᠋ᠦᠩᠨᠡᠨ ᠭᠦᠢᠴᠡᠳ ᠬᠡᠷᠡᠭ᠌ᠯᠡᠵᠦ᠍᠂ ᠱᠢᠨ᠎ᠡ ᠪᠣᠳᠠᠲᠤ ᠪᠠᠢᠳᠠᠯ᠎ᠠᠴᠠ ᠡᠭᠦᠰᠦᠨ᠂ ᠰᠢ᠎ᠶ᠋ᠢᠨ ᠫᠢᠩ᠎ᠤᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢᠭᠡᠮ ᠵᠢᠷᠤᠮ᠎ᠤᠨ ᠦᠵᠡᠯ ᠰᠠᠨᠠᠭ᠎ᠠ᠎ᠶ᠋ᠢ ᠪᠤᠢ ᠪᠣᠯᠭᠠᠵᠤ᠂ ᠮᠠᠷᠺᠰ᠎ᠤᠨ ᠦᠵᠡᠯ᠎ᠢ ᠳᠤᠮᠳᠠᠳᠤ ᠤᠯᠤᠰᠴᠢᠯᠠᠭ᠍ᠰᠠᠨ ᠱᠢᠨ᠎ᠡ ᠦᠰᠦᠷᠦᠯᠲᠡ᠎ᠶ᠋ᠢ ᠪᠡᠶᠡᠯᠡᠭᠦᠯᠪᠡ᠃ ᠱᠢᠨ᠎ᠡ ᠳᠤᠮᠳᠠᠳᠤ ᠤᠯᠤᠰ ᠪᠠᠢᠭᠤᠯᠤᠭ᠍ᠳᠠᠭ᠍ᠰᠠᠨ ᠢᠯᠠᠩᠭᠤᠶ᠎ᠠ ᠥᠭᠡᠷᠡᠴᠢᠯᠡᠯᠲᠡ ᠨᠡᠭᠡᠭᠡᠯᠲᠡ ᠬᠢᠭ᠌ᠰᠡᠨ᠎ᠠᠴᠠ ᠨᠠᠭᠠᠱᠢᠬᠢ ᠤᠷᠳᠤ ᠬᠤᠭᠤᠴᠠᠭᠠᠨ᠎ᠤ ᠰᠦᠪᠡᠭ᠌ᠴᠢᠯᠡᠯᠲᠡ ᠪᠠ ᠦᠢᠯᠡᠳᠦᠯᠭᠡ᠎ᠶ᠋ᠢᠨ ᠰᠠᠭᠤᠷᠢᠨ ᠳᠡᠭᠡᠷ᠎ᠡ᠂ ᠨᠠᠮ᠎ᠤᠨ ᠠᠷᠪᠠᠨ ᠨᠠᠢ᠍ᠮᠠᠳᠤᠭᠠᠷ ᠶᠡᠭᠡ ᠬᠤᠷᠠᠯ᠎ᠠᠴᠠ ᠨᠠᠭᠠᠱᠢᠬᠢ ᠤᠨᠤᠯ ᠪᠠ ᠦᠢᠯᠡᠳᠦᠯᠭᠡ᠎ᠶ᠋ᠢᠨ ᠲᠠᠯ᠎ᠠ᠎ᠪᠠᠷ᠎ᠬᠢ ᠱᠢᠨ᠎ᠡ᠎ᠶ᠋ᠢ ᠡᠭᠦᠳᠬᠦ᠌ ᠱᠢᠪᠲᠤᠯᠤᠯᠲᠠ᠎ᠪᠠᠷ ᠳᠠᠮᠵᠢᠭᠠᠳ᠂ ᠮᠠᠨ᠎ᠤ ᠨᠠᠮ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠶ᠋ᠢ ᠠᠮᠵᠢᠯᠲᠠ᠎ᠲᠠᠢ᠎ᠪᠠᠷ ᠠᠬᠢᠭᠤᠯᠵᠤ ᠥᠷᠭᠡᠳᠭᠡᠪᠡ᠃ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢᠭᠡᠮ ᠵᠢᠷᠤᠮ᠎ᠤᠨ ᠵᠠᠮ ᠪᠣᠯ ᠠᠷᠠᠳ ᠲᠦᠮᠡᠨ᠎ᠤ ᠰᠠᠢᠨ ᠰᠠᠢᠬᠠᠨ ᠠᠮᠢᠳᠤᠷᠠᠯ᠎ᠢ ᠴᠣᠭ᠍ᠴᠠᠯᠠᠬᠤ᠂ ᠳᠤᠮᠳᠠᠳᠤ᠎ᠶ᠋ᠢᠨ ᠦᠨᠳᠦᠰᠦᠲᠡᠨ᠎ᠤ ᠠᠭᠤᠤ ᠶᠡᠭᠡ ᠰᠡᠷᠭᠦᠨ ᠮᠠᠨᠳᠤᠯᠲᠠ᠎ᠶ᠋ᠢ ᠪᠡᠶᠡᠯᠡᠭᠦᠯᠬᠦ᠌ ᠰᠠᠷᠠᠭᠤᠯ ᠳᠠᠷᠳᠠᠩ ᠵᠠᠮ ᠮᠥᠨ ᠬᠡᠳᠡᠭ᠎ᠢ ᠲᠡᠦᠬᠡ ᠭᠦᠨᠵᠡᠭᠡᠢ ᠬᠠᠷᠠᠭᠤᠯᠪᠠ᠃ ᠶᠠᠭ ᠶᠡᠷᠦᠩᠬᠡᠢ ᠱᠦᠵᠢ ᠰᠢ᠎ᠶ᠋ᠢᠨ ᠫᠢᠩ᠎ᠤᠨ ᠭᠦᠨᠵᠡᠭᠡᠢ ᠵᠢᠭᠠᠵᠤ ᠭᠠᠷᠭᠠᠭ᠍ᠰᠠᠨᠴᠢᠯᠠᠨ 《ᠳᠤᠮᠳᠠᠳᠤ ᠤᠯᠤᠰ᠎ᠤᠨ ᠣᠨᠴᠠᠯᠢᠭ᠎ᠲᠠᠢ ᠨᠡᠢᠭᠡᠮ ᠵᠢᠷᠤᠮ ᠪᠣᠯ ᠨᠠᠮ ᠪᠣᠯᠣᠨ ᠠᠷᠠᠳ ᠲᠦᠮᠡᠨ᠎ᠤ ᠮᠢᠩᠭᠠᠨ ᠪᠡᠷᠬᠡ ᠲᠦᠮᠡᠨ ᠵᠣᠪᠠᠭᠤᠷᠢ᠎ᠶ᠋ᠢ ᠲᠤᠭᠤᠯᠵᠤ᠂ ᠯᠤᠲᠤ ᠶᠡᠭᠡ ᠦᠷᠡᠭ᠌ᠳᠡᠯ ᠭᠠᠷᠭᠠᠵᠤ ᠪᠠᠢᠭᠠᠳ ᠣᠯᠣᠭ᠍ᠰᠠᠨ ᠦᠨᠳᠦᠰᠦᠨ ᠠᠮᠵᠢᠯᠲᠠ ᠮᠥᠨ᠂ ᠳᠤᠮᠳᠠᠳᠤ᠎ᠶ᠋ᠢᠨ ᠦᠨᠳᠦᠰᠦᠲᠡᠨ᠎ᠤ ᠠᠭᠤᠤ ᠶᠡᠭᠡ ᠰᠡᠷᠭᠦᠨ ᠮᠠᠨᠳᠤᠯᠲᠠ᠎ᠶ᠋ᠢ ᠪᠡᠶᠡᠯᠡᠭᠦᠯᠬᠦ᠌ ᠵᠥᠪ ᠵᠠᠮ ᠮᠥᠨ》᠃
ᠵᠠᠭᠤᠨ ᠵᠢᠯ᠎ᠤᠨ ᠲᠤᠷᠰᠢ᠂ ᠳᠤᠮᠳᠠᠳᠤ ᠤᠯᠤᠰ᠎ᠤᠨ ᠡᠪ ᠬᠠᠮᠲᠤ ᠨᠠᠮ 《ᠣᠷᠣᠰᠴᠤᠳ᠎ᠤᠨ ᠵᠠᠮ᠎ᠢᠶᠠᠷ ᠵᠠᠮᠨᠠᠵᠤ ᠪᠠᠢᠭ᠍ᠰᠠᠨ》 ᠡᠴᠡ᠎ᠪᠠᠨ 《ᠥᠪᠡᠷ᠎ᠤᠨ ᠵᠠᠮ᠎ᠢᠶᠠᠷ᠎ᠢᠶᠠᠨ ᠵᠠᠮᠨᠠᠭ᠍ᠰᠠᠨ》 ᠬᠦᠷᠲᠡᠯ᠎ᠡ᠂ 《ᠳᠤᠮᠳᠠᠳᠤ ᠤᠯᠤᠰ᠎ᠤᠨ ᠣᠨᠴᠠᠯᠢᠭ᠎ᠲᠠᠢ ᠨᠡᠢᠭᠡᠮ ᠵᠢᠷᠤᠮ᠎ᠤᠨ ᠵᠠᠮ》᠂ 《ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠶ᠋ᠢᠨ ᠱᠢᠨ᠎ᠡ ᠵᠠᠮ》 ᠢ ᠨᠡᠭᠡᠭᠡᠵᠡᠢ᠃ ᠳᠤᠮᠳᠠᠳᠤ ᠤᠯᠤᠰ᠎ᠤᠨ ᠡᠪ ᠬᠠᠮᠲᠤ ᠨᠠᠮ ᠪᠦᠬᠦ᠌ ᠤᠯᠤᠰ᠎ᠤᠨ ᠦᠨᠳᠦᠰᠦᠲᠡᠨ᠎ᠨᠦᠭᠦᠳ᠎ᠤᠨ ᠠᠷᠠᠳ ᠲᠦᠮᠡᠨ᠎ᠢ ᠪᠦᠯᠬᠦᠮᠳᠡᠭᠦᠯᠦᠨ ᠳᠠᠭᠠᠭᠤᠯᠵᠤ ᠨᠡᠢᠭᠡᠮ ᠵᠢᠷᠤᠮ᠎ᠤᠨ ᠣᠳᠣᠬᠢᠴᠢᠯᠠᠭ᠍ᠰᠠᠨ ᠬᠦᠴᠦᠷᠬᠡᠭ ᠤᠯᠤᠰ᠎ᠢ ᠪᠦᠬᠦ᠌ ᠲᠠᠯ᠎ᠠ᠎ᠪᠠᠷ ᠪᠦᠲᠦᠭᠡᠨ ᠪᠠᠢᠭᠤᠯᠵᠤ᠂ ᠬᠤᠶᠠᠳᠤᠭᠠᠷ ᠵᠠᠭᠤᠨ ᠵᠢᠯ᠎ᠤᠨ ᠲᠡᠮᠡᠴᠡᠬᠦ᠌ ᠬᠠᠷᠠᠯᠲᠠ᠎ᠶ᠋ᠢ ᠪᠡᠶᠡᠯᠡᠭᠦᠯᠬᠦ᠌ ᠱᠢᠨ᠎ᠡ ᠠᠶᠠᠨ ᠳᠤ᠂ ᠪᠢᠳᠡ ᠡᠷᠬᠡᠪᠰᠢ ᠢᠮᠠᠭ᠍ᠲᠠ ᠥᠪᠡᠷ᠎ᠤᠨ ᠵᠠᠮ᠎ᠢᠶᠠᠷ᠎ᠢᠶᠠᠨ ᠵᠠᠮᠨᠠᠬᠤ᠎ᠶ᠋ᠢ ᠪᠠᠷᠢᠮᠲᠠᠯᠠᠵᠤ᠂ ᠲᠠᠷᠢᠬᠢ ᠲᠣᠯᠣᠭᠠᠢ᠎ᠪᠠᠨ ᠰᠡᠷᠭᠡᠭ ᠪᠠᠢᠯᠭᠠᠵᠤ᠂ ᠰᠡᠷᠭᠦᠨ ᠮᠠᠨᠳᠤᠯᠲᠠ᠎ᠶ᠋ᠢᠨ ᠬᠦᠰᠡᠯ ᠵᠡᠭᠦᠳᠦ᠍᠎ᠪᠠᠨ ᠲᠡᠷᠭᠡᠯᠱᠢᠭᠦᠯᠬᠦ᠌ ᠬᠥᠮᠥᠨ᠎ᠤ ᠶᠢᠷᠲᠢᠨᠴᠦ᠍᠎ᠶ᠋ᠢᠨ ᠵᠥᠪ ᠵᠠᠮ᠎ᠢᠶᠠᠷ ᠡᠷᠡᠯᠬᠡᠭ᠌ᠯᠡᠨ ᠤᠷᠤᠭ᠍ᠰᠢᠯᠠᠵᠤ᠂ ᠮᠠᠷᠺᠰ᠎ᠤᠨ ᠦᠵᠡᠯ᠎ᠤᠨ ᠳᠤᠮᠳᠠᠳᠤ ᠤᠯᠤᠰᠴᠢᠯᠠᠵᠤ ᠴᠠᠭ ᠦᠶᠡᠴᠢᠯᠡᠬᠦ᠌ ᠱᠢᠨ᠎ᠡ ᠬᠠᠭᠤᠳᠠᠰᠤ᠎ᠶ᠋ᠢ ᠲᠠᠰᠤᠷᠠᠯᠲᠠ ᠦᠭᠡᠢ ᠪᠢᠴᠢᠭ᠌ᠯᠡᠬᠦ᠌ ᠬᠡᠷᠡᠭ᠌ᠲᠡᠢ᠃
ᠦᠢᠯᠡᠳᠦᠯᠭᠡ᠎ᠶ᠋ᠢᠨ ᠰᠠᠭᠤᠷᠢᠨ ᠳᠡᠭᠡᠷᠡᠬᠢ ᠤᠨᠤᠯ᠎ᠤᠨ ᠱᠢᠨ᠎ᠡ ᠡᠭᠦᠳᠦᠯᠲᠡ᠎ᠶ᠋ᠢ ᠦᠷᠭᠦᠯᠵᠢᠯᠡᠨ ᠠᠬᠢᠭᠤᠯᠬᠤ ᠬᠡᠷᠡᠭ᠌ᠲᠡᠢ
ᠮᠠᠷᠺᠰ᠎ᠤᠨ ᠦᠵᠡᠯ᠎ᠢ ᠳᠤᠮᠳᠠᠳᠤ ᠤᠯᠤᠰᠴᠢᠯᠠᠵᠤ ᠴᠠᠭ ᠦᠶᠡᠴᠢᠯᠡᠬᠦ᠌ ᠱᠢᠨ᠎ᠡ ᠬᠠᠭᠤᠳᠠᠰᠤ᠎ᠶ᠋ᠢ ᠲᠠᠰᠤᠷᠠᠯᠳᠠ ᠦᠭᠡᠢ ᠪᠢᠴᠢᠭ᠌ᠯᠡᠬᠦ᠌ ᠪᠣᠯ ᠤᠳᠤ ᠦᠶ᠎ᠡ᠎ᠶ᠋ᠢᠨ ᠳᠤᠮᠳᠠᠳᠤ ᠤᠯᠤᠰ᠎ᠤᠨ ᠡᠪ ᠬᠠᠮᠲᠤᠴᠤᠳ᠎ᠤᠨ ᠲᠥᠪ ᠴᠢᠩᠭ᠎ᠠ ᠲᠡᠦᠬᠡᠲᠦ ᠬᠠᠷᠢᠭᠤᠴᠠᠯᠭ᠎ᠠ ᠮᠥᠨ᠃
ᠦᠢᠯᠡᠳᠦᠯᠭᠡ᠎ᠶ᠋ᠢᠨ ᠰᠠᠭᠤᠷᠢᠨ ᠳᠡᠭᠡᠷᠡᠬᠢ ᠤᠨᠤᠯ᠎ᠤᠨ ᠱᠢᠨ᠎ᠡ ᠡᠭᠦᠳᠦᠯᠲᠡ᠎ᠶ᠋ᠢ ᠦᠷᠭᠦᠯᠵᠢᠯᠡᠨ ᠠᠬᠢᠭᠤᠯᠬᠤ᠎ᠳᠤ᠂ ᠡᠩ ᠲᠡᠷᠢᠭᠦᠨ᠎ᠳᠤ ᠰᠢ᠎ᠶ᠋ᠢᠨ ᠫᠢᠩ᠎ᠤᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢᠭᠡᠮ ᠵᠢᠷᠤᠮ᠎ᠤᠨ ᠦᠵᠡᠯ ᠰᠠᠨᠠᠭ᠎ᠠ᠎ᠶ᠋ᠢᠨ ᠶᠢᠷᠲᠢᠨᠴᠦ᠍᠎ᠶ᠋ᠢᠨ ᠦᠵᠡᠯᠲᠡ ᠪᠠ ᠠᠷᠭ᠎ᠠ᠎ᠶ᠋ᠢᠨ ᠤᠨᠤᠯ᠎ᠢ ᠰᠠᠢᠲᠤᠷ ᠡᠵᠡᠮᠳᠡᠵᠦ᠍᠂ ᠡᠭᠦᠨ᠎ᠳᠤ ᠲᠤᠭᠤᠱᠢᠯᠠᠭ᠍ᠳᠠᠵᠤ ᠪᠠᠢᠭ᠎ᠠ ᠵᠣᠭ᠍ᠰᠣᠯᠲᠠ ᠦᠵᠡᠯᠲᠡ ᠠᠷᠭ᠎ᠠ᠎ᠶ᠋ᠢ ᠰᠠᠢᠲᠤᠷ ᠪᠠᠷᠢᠮᠲᠠᠯᠠᠵᠤ ᠰᠠᠢᠲᠤᠷ ᠬᠡᠷᠡᠭ᠌ᠯᠡᠬᠦ᠌ ᠬᠡᠷᠡᠭ᠌ᠲᠡᠢ᠃
ᠤᠨᠤᠯ᠎ᠤᠨ ᠱᠢᠨ᠎ᠡ ᠡᠭᠦᠳᠦᠯᠲᠡ᠎ᠨᠢ ᠴᠠᠭ ᠦᠶᠡᠴᠢ ᠴᠢᠨᠠᠷ᠎ᠢ ᠢᠯᠡᠷᠡᠭᠦᠯᠵᠦ᠍᠂ ᠵᠢᠮ᠎ᠡ ᠶᠣᠰᠣᠴᠢ ᠴᠢᠨᠠᠷ᠎ᠢ ᠡᠵᠡᠮᠳᠡᠵᠦ᠍᠂ ᠪᠦᠲᠦᠭᠡᠯᠴᠢ ᠴᠢᠨᠠᠷ᠎ᠢᠶᠠᠷ ᠪᠠᠶᠠᠯᠢᠭ ᠪᠠᠢᠬᠤ ᠬᠡᠷᠡᠭ᠌ᠲᠡᠢ᠃ ᠴᠠᠭ ᠦᠶᠡᠴᠢ ᠴᠢᠨᠠᠷ᠎ᠢ ᠢᠯᠡᠷᠡᠭᠦᠯᠬᠦ᠌᠎ᠳᠤ ᠥᠨᠳᠥᠷ᠎ᠲᠤ ᠵᠣᠭ᠍ᠰᠣᠨ ᠠᠯᠤᠰ᠎ᠢ ᠪᠠᠷᠠᠯᠠᠵᠤ᠂ ᠥᠷᠭᠡᠨ ᠠᠭᠤᠳᠠᠮ᠂ ᠴᠣ ᠱᠢᠨ᠎ᠡ ᠬᠠᠷᠠᠭ᠎ᠠ᠎ᠪᠠᠷ ᠤᠳᠤ ᠦᠶ᠎ᠡ᠎ᠶ᠋ᠢᠨ ᠳᠤᠮᠳᠠᠳᠤ ᠤᠯᠤᠰ ᠪᠠ ᠳᠡᠯᠡᠬᠡᠢ᠎ᠶ᠋ᠢᠨ ᠶᠡᠭᠡ ᠬᠠᠨᠳᠤᠰᠢ᠎ᠶ᠋ᠢ ᠠᠵᠢᠭ᠍ᠯᠠᠵᠤ᠂ ᠣᠳᠣᠬᠢ ᠴᠠᠭ ᠦᠶ᠎ᠡ᠎ᠶ᠋ᠢᠨ ᠭᠤᠣᠯ ᠰᠡᠳᠦᠪ᠂ ᠳᠡᠯᠡᠬᠡᠢ᠎ᠶ᠋ᠢᠨ ᠪᠠᠢᠳᠠᠯ᠎ᠤᠨ ᠬᠤᠪᠢᠷᠠᠯᠲᠠ᠎ᠶ᠋ᠢᠨ ᠪᠠᠢᠳᠠᠯ ᠪᠠ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠤᠨ ᠬᠤᠪᠢᠰᠭᠠᠯ᠎ᠤᠨ ᠡᠳᠦᠷ ᠢᠷᠡᠬᠦᠶ᠎ᠡ ᠱᠢᠨᠡᠳᠦᠨ ᠬᠤᠪᠢᠷᠠᠵᠤ ᠪᠠᠢᠭ᠎ᠠ ᠬᠠᠨᠳᠤᠰᠢ᠎ᠶ᠋ᠢ ᠣᠨᠣᠪᠴᠢᠲᠠᠢ ᠡᠵᠡᠮᠳᠡᠵᠦ᠍᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠶ᠋ᠢ ᠠᠬᠢᠭᠤᠯᠬᠤ ᠪᠠ ᠥᠷᠭᠡᠳᠭᠡᠬᠦ᠌᠎ᠳᠤ ᠦᠨᠳᠦᠰᠦᠯᠡᠯ ᠬᠠᠩᠭᠠᠵᠤ᠂ ᠨᠡᠢᠭᠡᠮ᠎ᠤᠨ ᠵᠠᠰᠠᠯᠲᠠ᠎ᠶ᠋ᠢᠨ ᠦᠢᠯᠡᠳᠦᠯ ᠴᠢᠳᠠᠪᠤᠷᠢ᠎ᠶ᠋ᠢ ᠳᠡᠭᠡᠭ᠌ᠰᠢᠯᠡᠭᠦᠯᠬᠦ᠌᠎ᠳᠤ ᠯᠠᠪᠯᠠᠯᠲᠠ ᠬᠠᠩᠭᠠᠬᠤ ᠬᠡᠷᠡᠭ᠌ᠲᠡᠢ᠃ ᠵᠢᠮ᠎ᠡ ᠶᠣᠰᠣᠴᠢ ᠴᠢᠨᠠᠷ᠎ᠢ ᠡᠵᠡᠮᠱᠢᠬᠦ᠌᠎ᠳᠤ ᠡᠪ ᠬᠠᠮᠲᠤ ᠨᠠᠮ᠎ᠤᠨ ᠲᠦᠷᠦ᠍ ᠪᠠᠷᠢᠬᠤ ᠵᠢᠮ᠎ᠡ ᠶᠣᠰᠣ᠂ ᠨᠡᠢᠭᠡᠮ ᠵᠢᠷᠤᠮ᠎ᠤᠨ ᠪᠦᠲᠦᠭᠡᠨ ᠪᠠᠢᠭᠤᠯᠤᠯᠲᠠ᠎ᠶ᠋ᠢᠨ ᠵᠢᠮ᠎ᠡ ᠶᠣᠰᠣ᠂ ᠬᠥᠮᠥᠨ ᠲᠥᠷᠥᠯᠬᠢᠲᠡᠨ᠎ᠤ ᠨᠡᠢᠭᠡᠮ᠎ᠤᠨ ᠬᠥᠭ᠌ᠵᠢᠯᠲᠡ᠎ᠶ᠋ᠢᠨ ᠵᠢᠮ᠎ᠡ ᠶᠣᠰᠣᠨ᠎ᠤ ᠲᠤᠬᠠᠢ ᠵᠥᠪ ᠲᠠᠨᠢᠯᠲᠠ᠎ᠪᠠᠨ ᠭᠦᠨᠵᠡᠭᠡᠢᠷᠡᠭᠦᠯᠬᠦ᠌ ᠬᠡᠷᠡᠭ᠌ᠲᠡᠢ᠃ ᠪᠦᠲᠦᠭᠡᠯᠴᠢ ᠴᠢᠨᠠᠷᠲᠠᠢ ᠭᠡᠳᠡᠭ᠎ᠨᠢ ᠳᠠᠷᠤᠢ ᠠᠰᠠᠭᠤᠳᠠᠯ᠎ᠢᠶᠠᠷ ᠤᠳᠤᠷᠢᠳᠤᠮᠵᠢ ᠪᠣᠯᠭᠠᠬᠤ᠎ᠶ᠋ᠢ ᠪᠠᠷᠢᠮᠲᠠᠯᠠᠵᠤ᠂ ᠪᠣᠳᠠᠲᠤ ᠵᠥᠷᠢᠴᠡᠯ᠎ᠳᠤ ᠴᠢᠭ᠌ᠯᠡᠭᠦᠯᠦᠨ᠂ ᠴᠠᠭ ᠦᠶ᠎ᠡ᠎ᠶ᠋ᠢᠨ ᠪᠠᠢᠳᠠᠯ᠎ᠢ ᠱᠢᠨᠵᠢᠯᠡᠬᠦ᠌ ᠤᠬᠠᠭᠠᠨᠴᠢ᠎ᠪᠠᠷ ᠵᠠᠳᠠᠯᠵᠤ᠂ ᠪᠤᠰᠤᠳᠴᠢ ᠵᠢᠮ᠎ᠡ ᠶᠣᠰᠣ᠎ᠶ᠋ᠢ ᠵᠥᠪ ᠡᠵᠡᠮᠱᠢᠭ᠌ᠰᠡᠨ ᠰᠠᠭᠤᠷᠢᠨ ᠳᠡᠭᠡᠷ᠎ᠡ᠂ ᠴᠠᠭ ᠦᠶ᠎ᠡ᠎ᠲᠠᠢ ᠵᠡᠷᠭᠡ᠎ᠪᠠᠷ ᠤᠷᠤᠭ᠍ᠰᠢᠯᠠᠨ ᠤᠨᠤᠯ᠎ᠤᠨ ᠱᠢᠨ᠎ᠡ ᠡᠭᠦᠳᠦᠯᠲᠡ᠎ᠶ᠋ᠢ ᠠᠬᠢᠭᠤᠯᠬᠤ ᠶᠠᠪᠤᠳᠠᠯ ᠪᠣᠯᠣᠨ᠎ᠠ᠃
ᠤᠨᠤᠯ᠎ᠤᠨ ᠲᠠᠯ᠎ᠠ᠎ᠪᠠᠷ ᠱᠢᠨ᠎ᠡ᠎ᠶ᠋ᠢ ᠡᠭᠦᠳᠬᠦ᠌᠎ᠨᠢ ᠱᠢᠨ᠎ᠡ ᠶ᠋ᠢ ᠬᠥᠭᠡᠭᠡᠴᠡᠯᠳᠦᠵᠦ᠍ ᠪᠠᠢᠬᠤ ᠪᠢᠰᠢ᠂ ᠬᠠᠷᠢᠨ ᠱᠢᠨ᠎ᠡ ᠪᠠᠢᠳᠠᠯ᠎ᠢ ᠰᠤᠳᠤᠯᠵᠤ᠂ ᠱᠢᠨ᠎ᠡ ᠠᠰᠠᠭᠤᠳᠠᠯ᠎ᠢ ᠱᠢᠢᠳᠪᠦᠷᠢᠯᠡᠬᠦ᠌᠎ᠳᠤ ᠪᠠᠢᠨ᠎ᠠ᠃ ᠦᠢᠯᠡᠳᠦᠯᠭᠡ᠎ᠶ᠋ᠢᠨ ᠶᠠᠪᠤᠴᠠ᠎ᠳᠤ ᠭᠠᠷᠤᠭ᠍ᠰᠠᠨ ᠱᠢᠨ᠎ᠡ ᠪᠠᠢᠳᠠᠯ᠂ ᠱᠢᠨ᠎ᠡ ᠠᠰᠠᠭᠤᠳᠠᠯ᠎ᠢ ᠰᠤᠳᠤᠯᠬᠤ᠎ᠪᠠᠷ ᠳᠤᠲᠠᠮᠠᠭ ᠪᠣᠯ ᠤᠨᠤᠯ᠎ᠤᠨ ᠲᠠᠯ᠎ᠠ᠎ᠪᠠᠷ ᠱᠢᠨ᠎ᠡ᠎ᠶ᠋ᠢ ᠡᠭᠦᠳᠬᠦ᠌ ᠶᠠᠪᠤᠳᠠᠯ᠎ᠢ ᠶᠠᠷᠢᠬᠤ᠎ᠶ᠋ᠢᠨ ᠠᠷᠭ᠎ᠠ ᠦᠭᠡᠢ ᠶᠤᠮ᠃ ᠨᠡᠢᠭᠡᠮ᠎ᠤᠨ ᠦᠢᠯᠡᠳᠦᠯᠭᠡ᠎ᠠᠴᠠ ᠰᠠᠯᠤᠩᠬᠢᠷᠠᠭ᠍ᠰᠠᠨ ᠤᠨᠤᠯ᠎ᠤᠨ ᠡᠭᠦᠳᠦᠯᠲᠡ᠎ᠨᠢ ᠵᠠᠢᠯᠠᠰᠢ ᠦᠭᠡᠢ ᠡᠬᠢ ᠦᠭᠡᠢ ᠤᠰᠤ᠂ ᠦᠨᠳᠦᠰᠦ ᠦᠭᠡᠢ ᠮᠣᠳᠣ ᠪᠠᠢᠵᠤ᠂ ᠦᠢᠯᠡᠳᠦᠯᠭᠡ᠎ᠳᠤ ᠵᠢᠯᠤᠭᠤᠳᠭᠤ ᠦᠢᠯᠡᠳᠦᠯ᠎ᠢᠶᠠᠨ ᠦᠨᠡᠨ ᠬᠦ᠌ ᠪᠠᠳᠠᠷᠠᠭᠤᠯᠵᠤ ᠴᠢᠳᠠᠬᠤ ᠦᠭᠡᠢ ᠶᠤᠮ᠃
ᠳᠤᠮᠳᠠᠳᠤ ᠤᠯᠤᠰ᠎ᠤᠨ ᠪᠣᠳᠠᠲᠤ ᠪᠠᠢᠳᠠᠯ᠎ᠲᠠᠢ ᠨᠢᠭ᠍ᠲᠠ ᠤᠶᠠᠯᠳᠤᠭᠤᠯᠤᠨ᠂ ᠴᠠᠭ ᠦᠶ᠎ᠡ᠎ᠶ᠋ᠢᠨ ᠰᠡᠳᠦᠪ᠎ᠲᠤ ᠭᠦᠨᠵᠡᠭᠡᠢ ᠬᠠᠷᠢᠭᠤᠯᠲᠠ ᠥᠭ᠌ᠴᠦ᠂ ᠦᠢᠯᠡᠳᠦᠯᠭᠡ᠎ᠶ᠋ᠢᠨ ᠰᠠᠭᠤᠷᠢᠨ ᠳᠡᠭᠡᠷᠡᠬᠢ ᠤᠨᠤᠯ᠎ᠤᠨ ᠱᠢᠨ᠎ᠡ ᠡᠭᠦᠳᠦᠯᠲᠡ᠎ᠶ᠋ᠢ ᠵᠣᠷᠢᠭ᠍ᠲᠠᠢ᠎ᠪᠠᠷ ᠠᠬᠢᠭᠤᠯᠵᠤ᠂ ᠮᠠᠷᠺᠰ᠎ᠤᠨ ᠦᠵᠡᠯ᠎ᠢ ᠳᠤᠮᠳᠠᠳᠤ ᠤᠯᠤᠰᠴᠢᠯᠠᠵᠤ ᠴᠠᠭ ᠦᠶᠡᠴᠢᠯᠡᠬᠦ᠌᠎ᠶ᠋ᠢ ᠲᠠᠰᠤᠷᠠᠯᠳᠠ ᠦᠭᠡᠢ ᠠᠬᠢᠭᠤᠯᠵᠤ᠂ ᠮᠠᠷᠺᠰ᠎ᠤᠨ ᠦᠵᠡᠯ᠎ᠢ ᠨᠡᠩ ᠤᠯᠠᠨ ᠳᠤᠮᠳᠠᠳᠤ ᠤᠯᠤᠰ᠎ᠤᠨ ᠣᠨᠴᠠᠯᠢᠭ᠂ ᠳᠤᠮᠳᠠᠳᠤ ᠤᠯᠤᠰ᠎ᠤᠨ ᠬᠡᠪ ᠨᠠᠮᠪᠠ᠂ ᠳᠤᠮᠳᠠᠳᠤ ᠤᠯᠤᠰ᠎ᠤᠨ ᠣᠮᠤᠭ ᠰᠦᠷ᠎ᠲᠠᠢ ᠪᠣᠯᠭᠠᠬᠤ ᠪᠣᠯᠣᠨ᠎ᠠ᠂ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢᠭᠡᠮ ᠵᠢᠷᠤᠮ᠎ᠤᠨ ᠵᠠᠮ ᠶᠠᠪᠤᠬᠤ ᠲᠤᠳᠤᠮ ᠥᠷᠭᠡᠨ ᠲᠠᠷᠳᠠᠩ ᠪᠣᠯᠵᠤ᠂ ᠮᠠᠷᠺᠰ᠎ᠤᠨ ᠦᠵᠡᠯ᠎ᠨᠢ ᠳᠤᠮᠳᠠᠳᠤ ᠤᠯᠤᠰ᠎ᠤᠨ ᠡᠬᠡ ᠭᠠᠵᠠᠷ ᠳᠡᠭᠡᠷ᠎ᠡ ᠨᠠᠮ᠎ᠤᠨ ᠱᠢᠨ᠎ᠡ᠎ᠶ᠋ᠢ ᠡᠭᠦᠳᠬᠦ᠌ ᠤᠨᠤᠯ᠎ᠤᠨ ᠦᠨᠡᠨ ᠶᠣᠰᠣᠨ᠎ᠤ ᠬᠦᠴᠦᠨ᠎ᠢ ᠭᠦᠢᠴᠡᠳ ᠢᠯᠡᠷᠡᠭᠦᠯᠬᠦ᠌ ᠪᠣᠯᠣᠨ᠎ᠠ᠃
(ᠵᠣᠬᠢᠶᠠᠭ᠍ᠴᠢ᠄ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠨᠡᠢᠭᠡᠮ᠎ᠤᠨ ᠱᠢᠨᠵᠢᠯᠡᠬᠦ᠌ ᠤᠬᠠᠭᠠᠨ᠎ᠤ ᠬᠦᠷᠢᠶᠡᠯᠡᠩ᠎ᠤᠨ ᠮᠠᠷᠺᠰ᠎ᠤᠨ ᠦᠵᠡᠯ ᠰᠤᠳᠤᠯᠬᠤ ᠭᠠᠵᠠᠷ᠎ᠤᠨ ᠳᠡᠳ᠋ ᠳᠠᠷᠤᠭ᠎ᠠ)