ᠲᠡᠦᠬᠡ᠎ᠪᠡᠷ ᠲᠤᠯᠢ ᠪᠣᠯᠭᠠᠨ ᠢᠷᠡᠭᠡᠳᠦᠢ᠎ᠪᠡᠨ ᠨᠡᠭᠡᠭᠡᠵᠥ ᠢᠲᠡᠭᠡᠯ ᠵᠣᠷᠢᠭ᠎ᠢᠶᠠᠨ ᠪᠠᠲᠤᠳᠭᠠᠨ ᠡᠷᠡᠮᠡᠬᠡᠢᠯᠡᠨ ᠤᠷᠤᠭ᠍ᠰᠢᠯᠠᠨ᠎ᠠ
2022-02-10 10:11:57
ᠵᠣᠬᠢᠶᠠᠭ᠍ᠴᠢ᠄
ᠰᠥᠩ ᠱᠤᠸᠠᠩ ᠵᠢᠶᠠ ᠢ ᠼᠦᠨ
ᠣᠩᠱᠢᠭ᠍ᠰᠠᠨ ᠣᠳᠠᠭ᠎ᠠ᠄
★★★☆☆

— ᠪᠦᠬᠦ᠌ ᠣᠷᠣᠨ᠎ᠤ ᠤᠳᠤᠷᠢᠳᠭᠤ ᠺᠠᠳ᠋ᠷᠴᠤᠳ᠎ᠤᠨ ᠨᠠᠮ᠎ᠤᠨ ᠠᠷᠪᠠ ᠶᠢᠰᠦᠳᠦᠭᠡᠷ ᠬᠤᠭᠤᠴᠠᠭᠠᠨ᠎ᠤ ᠲᠥᠪ ᠬᠣᠷᠢᠶᠠᠨ᠎ᠤ ᠵᠢᠷᠭᠤᠳᠤᠭᠠᠷ ᠪᠦᠬᠦᠳᠠ ᠬᠤᠷᠠᠯ᠎ᠤᠨ ᠵᠣᠷᠢᠭ ᠰᠠᠨᠠᠭ᠎ᠠ᠎ᠶ᠋ᠢ ᠰᠤᠷᠤᠯᠴᠠᠨ ᠲᠤᠭᠤᠱᠢᠯᠠᠭᠤᠯᠬᠤ ᠲᠤᠰᠭᠠᠢ ᠰᠡᠳᠦᠪᠲᠦ ᠰᠤᠳᠤᠯᠤᠨ ᠶᠠᠷᠢᠯᠴᠠᠬᠤ ᠠᠩᠬᠢ᠎ᠶ᠋ᠢᠨ ᠲᠤᠰᠭᠠᠯ

ᠤᠷᠢᠬᠠᠨ ᠬᠠᠪᠤᠷ ᠡᠭᠡ ᠭᠠᠵᠠᠷ ᠲᠤ᠌ ᠰᠠᠭᠠᠲᠠᠵᠤ᠂ ᠲᠦᠮᠡᠨ ᠪᠣᠳᠠᠰ ᠲᠥᠯᠵᠢᠨ ᠠᠮᠢᠯᠠᠨ᠎ᠠ᠃ 2 ᠰᠠᠷ᠎ᠠ᠎ᠶ᠋ᠢᠨ 8 ᠡᠴᠡ 9 ᠤ᠋ ᠡᠳᠦᠷ ᠪᠣᠯᠲᠠᠯ᠎ᠠ᠂ ᠪᠥᠬᠥ᠌ ᠣᠷᠣᠨ᠎ᠤ ᠤᠳᠤᠷᠢᠳᠭᠤ ᠺᠠᠳ᠋ᠷᠴᠤᠳ᠎ᠤᠨ ᠨᠠᠮ᠎ᠤᠨ ᠠᠷᠪᠠ ᠶᠢᠰᠦᠳᠦᠭᠡᠷ ᠬᠤᠭᠤᠴᠠᠭᠠᠨ᠎ᠤ ᠲᠥᠪ ᠬᠣᠷᠢᠶᠠᠨ᠎ᠤ ᠵᠢᠷᠭᠤᠳᠤᠭᠠᠷ ᠪᠥᠬᠥᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠰᠤᠷᠤᠯᠴᠠᠨ ᠲᠤᠭᠤᠱᠢᠯᠠᠭᠤᠯᠬᠤ ᠲᠤᠰᠭᠠᠶ ᠰᠡᠳᠦᠪᠲᠦ ᠰᠤᠳᠤᠯᠤᠨ ᠶᠠᠷᠢᠯᠴᠠᠬᠤ ᠠᠩᠭᠢ ᠬᠥᠬᠡᠬᠣᠲᠠ᠎ᠳᠤ ᠪᠤᠯᠪᠠ ᠃

ᠥᠪᠥᠷ ᠮᠣᠩᠭᠣᠯ᠎ᠤᠨ ᠨᠠᠮ᠎ᠤᠨ ᠰᠤᠷᠭᠠᠭᠤᠯᠢ᠎ᠶ᠋ᠢᠨ ᠬᠦᠷᠢᠶᠡᠨ᠎ᠳᠦ ᠣᠷᠣᠪᠠᠯ᠂ ᠭᠠᠵᠠᠷ ᠪᠣᠯᠭᠠᠨ᠎ᠳᠤ ᠰᠤᠷᠤᠯᠴᠠᠬᠤ᠂ ᠰᠡᠳᠭᠢᠬᠦ᠌᠂ ᠡᠷᠢᠯᠬᠢᠯᠡᠬᠦ᠌ ᠬᠠᠯᠠᠭᠤᠨ ᠥᠷᠨᠢᠯᠲᠡ ᠮᠡᠳᠡᠷᠡᠭᠳᠡᠨ᠎ᠡ᠃ ᠪᠢᠴᠢᠭ ᠮᠠᠲ᠋ᠧᠷᠢᠶᠠᠯ᠎ᠢ ᠨᠠᠷᠢᠨ ᠬᠢᠨᠠᠮᠠᠭᠠᠢ ᠰᠤᠳᠤᠯᠤᠨ ᠤᠩᠱᠢᠵᠤ᠂ ᠭᠦᠨᠵᠡᠭᠡᠢ ᠰᠤᠷᠤᠯᠴᠠᠨ ᠪᠣᠳᠣᠯᠬᠢᠯᠠᠵᠤ᠂ ᠶᠠᠷᠢᠶ᠎ᠠ ᠲᠠᠯᠪᠢᠬᠤ᠎ᠪᠠᠷ ᠨᠠᠷᠢᠯᠢᠭ ᠪᠡᠯᠡᠳᠭᠡᠨ᠎ᠠ ᠁ ᠪᠦᠬᠦ᠌ ᠰᠤᠷᠤᠯᠭᠠᠲᠠᠳ ᠰᠤᠷᠤᠯᠴᠠᠯᠭ᠎ᠠ᠎ᠶ᠋ᠢᠨ ᠭᠣᠣᠯ ᠰᠡᠳᠦᠪ᠎ᠦᠨ ᠲᠣᠭᠣᠷᠢᠨ᠎ᠳᠤ᠂ ᠡᠯ᠎ᠡ ᠬᠦᠷᠢᠶ᠎ᠡ ᠡᠯ᠎ᠡ ᠨᠢᠭᠡᠴᠢ᠎ᠶ᠋ᠢᠨ ᠪᠣᠳᠠᠲᠠᠢ ᠠᠰᠠᠭᠤᠳᠠᠯ ᠪᠣᠯᠤᠨ ᠪᠣᠳᠠᠲᠠᠢ ᠠᠵᠢᠯ᠎ᠲᠠᠶ ᠤᠶᠠᠯᠳᠤᠭᠤᠯᠵᠤ᠂ ᠦᠵᠡᠯ ᠰᠠᠨᠠᠭ᠎ᠠ᠎ᠪᠠᠨ ᠰᠣᠯᠢᠯᠴᠠᠵᠤ᠂ ᠣᠢᠯᠠᠭᠠᠯᠲᠠ᠎ᠪᠠᠨ ᠬᠤᠪᠢᠶᠠᠯᠴᠠᠨ᠎ᠠ᠃ ᠤᠯᠠᠨ᠎ᠢᠶᠠᠷ᠎ᠢᠶᠠᠨ᠂ ᠨᠠᠮ᠎ᠤᠨ ᠠᠷᠪᠠ ᠶᠢᠰᠦᠳᠦᠭᠡᠷ ᠬᠤᠭᠤᠴᠠᠭᠠᠨ᠎ᠤ ᠲᠥᠪ ᠬᠣᠷᠢᠶᠠᠨ᠎ᠤ ᠵᠢᠷᠭᠤᠳᠤᠭᠠᠷ ᠪᠦᠬᠦᠳᠠ ᠬᠤᠷᠠᠯ᠎ᠤᠨ ᠵᠣᠷᠢᠭ ᠰᠠᠨᠠᠭ᠎ᠠ᠎ᠶ᠋ᠢ ᠭᠦᠨᠵᠡᠭᠡᠢ ᠰᠤᠷᠤᠯᠴᠠᠨ ᠲᠤᠭᠤᠱᠢᠯᠠᠭᠤᠯᠵᠤ᠂ ᠪᠦᠬᠦᠳᠠ ᠬᠤᠷᠠᠯ᠎ᠤᠨ ᠱᠢᠢᠳᠪᠦᠷᠢ᠎ᠶ᠋ᠢᠨ ᠭᠣᠣᠯ ᠴᠢᠮᠥᠭᠡ ᠴᠢᠬᠤᠯᠠ ᠠᠭᠤᠯᠭ᠎ᠠ᠎ᠶ᠋ᠢ ᠭᠦᠨᠵᠡᠭᠡᠢ ᠤᠢ᠍ᠢᠯᠠᠭᠠᠨ ᠡᠵᠡᠮᠱᠢᠵᠦ᠍᠂ ᠲᠡᠦᠬᠡ᠎ᠪᠡᠷ ᠲᠤᠯᠢ ᠪᠣᠯᠭᠠᠬᠤ᠂ ᠢᠷᠡᠭᠡᠳᠦᠢ᠎ᠶ᠋ᠢ ᠨᠡᠭᠡᠭᠡᠨ ᠡᠭᠦᠳᠬᠦ᠌ ᠴᠢᠬᠤᠯᠠ ᠱᠠᠭᠠᠷᠳᠠᠯᠭ᠎ᠠ᠎ᠶ᠋ᠢ ᠨᠡᠩ ᠰᠠᠢᠲᠤᠷ ᠨᠠᠢᠳᠠᠪᠤᠷᠢᠵᠢᠭᠤᠯᠵᠤ᠂《ᠬᠣᠶᠠᠷ᠎ᠢ ᠲᠣᠭ᠍ᠲᠠᠭᠠᠬᠤ》ᠵᠢ ᠡᠷᠡᠰ ᠬᠦᠷᠢᠶᠡᠯᠡᠵᠦ᠍᠂《ᠬᠣᠶᠠᠷ᠎ᠢ ᠬᠠᠮᠠᠭᠠᠯᠠᠬᠤ》ᠵᠢ ᠡᠷᠡᠰ ᠪᠡᠶᠡᠯᠡᠭᠦᠯᠵᠦ᠍᠂ ᠰᠢ ᠵᠢᠨ ᠫᠢᠩ ᠨᠥᠬᠥᠷ᠎ᠢᠶᠡᠷ ᠭᠣᠣᠯ ᠪᠣᠯᠭᠠᠭ᠍ᠰᠠᠨ ᠨᠠᠮ᠎ᠤᠨ ᠲᠥᠪ ᠬᠣᠷᠢᠶᠠᠨ᠎ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠱᠢᠨ᠎ᠡ ᠴᠠᠭ ᠦᠶ᠎ᠡ ᠱᠢᠨ᠎ᠡ ᠠᠶᠠᠨ᠎ᠳᠤ ᠥᠪᠥᠷ ᠮᠣᠩᠭᠣᠯ᠎ᠤᠨ ᠬᠥᠭ᠌ᠵᠢᠯᠲᠡ᠎ᠶ᠋ᠢᠨ ᠱᠢᠨ᠎ᠡ ᠬᠠᠭᠤᠳᠠᠰᠤ᠎ᠶ᠋ᠢ ᠴᠢᠷᠮᠠᠢᠨ ᠪᠢᠴᠢᠭ᠌ᠯᠡᠨ᠎ᠡ ᠭᠡᠵᠦ᠍ ᠢᠯᠡᠳᠭᠡᠵᠡᠭᠡᠪᠡ᠃

ᠰᠤᠳᠤᠯᠤᠨ ᠶᠠᠷᠢᠯᠴᠠᠬᠤ ᠠᠩᠭᠢ᠎ᠶ᠋ᠢᠨ ᠰᠤᠷᠤᠯᠭᠠᠳᠠᠨ᠂ ᠬᠢᠩᠭᠠᠨ ᠠᠢᠮᠠᠭ᠎ᠤᠨ ᠨᠠᠮ᠎ᠤᠨ ᠬᠣᠷᠢᠶᠠᠨ᠎ᠤ ᠱᠦᠵᠢ ᠵᠠᠩ ᠱᠢᠶᠤᠤ ᠪᠢᠩ᠂ ᠨᠠᠮ᠎ᠤᠨ ᠠᠷᠪᠠ ᠶᠢᠰᠦᠳᠦᠭᠡᠷ ᠬᠤᠭᠤᠴᠠᠭᠠᠨ᠎ᠤ ᠲᠥᠪ ᠬᠣᠷᠢᠶᠠᠨ᠎ᠤ ᠵᠢᠷᠭᠤᠳᠤᠭᠠᠷ ᠪᠦᠬᠦᠳᠠ ᠬᠤᠷᠠᠯ᠎ᠤᠨ ᠵᠣᠷᠢᠭ ᠰᠠᠨᠠᠭ᠎ᠠ᠎ᠶ᠋ᠢ ᠨᠠᠷᠢᠨ ᠬᠢᠨᠠᠮᠠᠭᠠᠢ ᠰᠤᠷᠤᠯᠴᠠᠨ ᠲᠤᠭᠤᠱᠢᠯᠠᠭᠤᠯᠵᠤ᠂《ᠬᠣᠶᠠᠷ᠎ᠢ ᠲᠣᠭ᠍ᠲᠠᠭᠠᠬᠤ》ᠶ᠋ᠢ ᠡᠷᠡᠰ ᠬᠦᠷᠢᠶᠡᠯᠡᠵᠤ᠂ 《ᠬᠣᠶᠠᠷ᠎ᠢ ᠬᠠᠮᠠᠭᠠᠯᠠᠬᠤ》 ᠶ᠋ᠢ ᠡᠷᠡᠰ ᠪᠡᠶᠡᠯᠡᠭᠦᠯᠵᠤ᠂ ᠡᠷᠡᠰ ᠭᠤᠢᠪᠢᠰᠢ ᠦᠭᠡᠢ᠎ᠪᠡᠷ ᠨᠠᠮ᠎ᠤᠨ ᠦᠭᠡ᠎ᠶ᠋ᠢ ᠰᠣᠨᠣᠰᠴᠤ᠌ ᠨᠠᠮ᠎ᠤᠨ ᠠᠴᠢ᠎ᠳᠤ ᠲᠠᠯᠠᠷᠬᠠᠵᠤ ᠨᠠᠮ᠎ᠢᠶᠠᠨ ᠳᠠᠭᠠᠵᠤ᠂ ᠲᠡᠦᠬᠡ᠎ᠶ᠋ᠢᠨ ᠬᠦᠨᠳᠦ ᠡᠭᠦᠷᠭᠡ᠎ᠶ᠋ᠢ ᠵᠣᠷᠢᠭ᠍ᠲᠠᠢ ᠡᠭᠦᠷᠭᠡᠯᠡᠬᠦ᠌ ᠳᠤᠮᠳᠠ ᠴᠢᠨᠠᠷ ᠰᠠᠢᠲᠠᠢ ᠬᠥᠭ᠌ᠵᠢᠯᠲᠡ᠎ᠶ᠋ᠢ ᠠᠬᠢᠭᠤᠯᠵᠤ᠂ ᠠᠮᠢ ᠠᠬᠤᠢ ᠣᠷᠴᠢᠨ ᠲᠣᠭᠣᠷᠢᠨ᠎ᠢ ᠰᠠᠢᠲᠤᠷ ᠰᠠᠬᠢᠨ ᠬᠠᠮᠠᠭᠠᠯᠠᠵᠤ᠂ ᠪᠣᠬᠢᠷᠲᠤᠯ ᠦᠭᠡᠢ ᠲᠠᠷᠢᠶᠠᠯᠠᠩ ᠮᠠᠯ ᠠᠵᠤ ᠠᠬᠤᠶ᠎ᠶ᠋ᠢ ᠰᠠᠢᠲᠤᠷ ᠬᠥᠭ᠌ᠵᠢᠭᠦᠯᠵᠤ᠂ ᠵᠢᠭᠤᠯᠴᠢᠯᠠᠯ᠎ᠤᠨ ᠦᠶ᠋ᠯᠡᠰ᠎ᠢ ᠭᠤᠤᠯᠯᠠᠬᠤ ᠠᠵᠤ ᠦᠶ᠋ᠯᠡᠰ ᠪᠣᠯᠭᠠᠨ ᠰᠠᠢᠲᠤᠷ ᠪᠣᠢᠵᠢᠭᠤᠯᠵᠤ᠂ ᠶᠠᠳᠠᠭᠤ᠎ᠡᠴᠡ ᠠᠩᠭᠢᠵᠢᠷᠠᠭᠤᠯᠬᠤ ᠪᠣᠭᠣᠮᠲᠠ ᠱᠢᠪᠲᠤᠯᠬᠤ᠎ᠪᠠ ᠬᠥᠳᠡᠭᠡ ᠲᠣᠰᠭᠣᠨ᠎ᠢ ᠬᠥᠭ᠌ᠵᠢᠭᠦᠯᠦᠨ ᠮᠠᠨᠳᠤᠭᠤᠯᠬᠤ᠎ᠶ᠋ᠢ ᠰᠠᠢᠲᠤᠷ ᠵᠣᠯᠭᠠᠭᠤᠯᠵᠤ᠂ ᠦᠨᠳᠦᠰᠦᠲᠡᠨ᠎ᠦ ᠪᠦᠯᠬᠦᠮᠳᠡᠯ ᠳᠠᠪᠱᠢᠯᠲᠠ᠎ᠶ᠋ᠢᠨ ᠵᠢᠱ᠌ᠢᠶ᠎ᠡ ᠦᠵᠡᠭᠦᠯᠬᠦ᠌ ᠠᠢᠮᠠᠭ᠎ᠤᠨ ᠢᠷᠠᠭᠤ ᠠᠯᠳᠠᠷ᠎ᠢ ᠰᠠᠢᠲᠤᠷ ᠬᠠᠮᠠᠭᠠᠯᠠᠵᠤ᠂ ᠵᠣᠷᠢᠭ᠍ᠲᠠᠶ᠎ᠪᠠᠷ ᠥᠪᠡᠷ᠎ᠦᠨ ᠪᠡᠶ᠎ᠡ᠎ᠳᠡᠭᠡᠨ ᠬᠤᠪᠢᠰᠭᠠᠯ ᠬᠢᠬᠦ᠂ ᠲᠡᠮᠡᠴᠡᠯ᠎ᠦᠨ ᠵᠣᠷᠢᠭ ᠰᠠᠨᠠᠭ᠎ᠠ᠎ᠶ᠋ᠢ ᠪᠠᠳᠠᠷᠠᠭᠤᠯᠵᠤ᠂ ᠪᠦᠬᠦ᠌ ᠠᠢᠮᠠᠭ᠎ᠤᠨ ᠡᠯ᠎ᠡ ᠲᠥᠷᠥᠯ᠎ᠦᠨ ᠠᠵᠢᠯ ᠦᠢᠯᠡᠰ᠎ᠦᠨ ᠴᠢᠨᠠᠷ ᠰᠠᠢᠲᠠᠢ ᠬᠥᠭ᠌ᠵᠢᠯᠲᠡ᠎ᠶ᠋ᠢᠨ ᠱᠢᠨ᠎ᠡ ᠪᠠᠢᠳᠠᠯ᠎ᠢ ᠲᠠᠰᠤᠷᠠᠯᠲᠠ ᠦᠭᠡᠢ ᠡᠭᠦᠳᠦᠨ᠎ᠡ ᠭᠡᠵᠤ ᠢᠯᠡᠳᠭᠡᠪᠡ᠃

ᠰᠤᠳᠤᠯᠤᠨ ᠶᠠᠷᠢᠯᠴᠠᠬᠤ ᠠᠩᠭᠢ᠎ᠶ᠋ᠢᠨ ᠰᠤᠷᠤᠯᠭᠠᠲᠠᠨ᠂ ᠱᠢᠯᠢ᠎ᠶ᠋ᠢᠨ ᠭᠤᠤᠯ ᠠᠢᠮᠠᠭ᠎ᠤᠨ ᠨᠠᠮ᠎ᠤᠨ᠎ᠬᠣᠷᠢᠶᠠᠨ᠎ᠤ᠎ᠱᠦᠵᠢ᠎ᠶᠤᠤ᠎ᠶᠦᠩ ᠪᠥᠸᠧ᠂ ᠨᠠᠮ᠎ᠤᠨ ᠠᠷᠪᠠ ᠶᠢᠰᠦᠳᠦᠭᠡᠷ ᠬᠤᠭᠤᠴᠠᠭᠠᠨ᠎ᠤ ᠲᠥᠪ ᠬᠣᠷᠢᠶᠠᠨ᠎ᠤ ᠵᠢᠷᠭᠤᠳᠤᠭᠠᠷ ᠪᠥᠬᠥᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠰᠤᠷᠤᠯᠴᠠᠨ ᠲᠤᠭᠤᠱᠢᠯᠠᠭᠤᠯᠬᠤ᠎ᠳᠤ ᠡᠷᠬᠡᠪᠰᠢ 《ᠬᠣᠶᠠᠷ᠎ᠢ ᠲᠣᠭ᠍ᠲᠠᠭᠠᠬᠤ》ᠶ᠋ᠢ ᠡᠷᠡᠰ ᠬᠦᠷᠢᠶᠡᠯᠡᠵᠦ᠍᠂ 《ᠬᠣᠶᠠᠷ᠎ᠢ ᠬᠠᠮᠠᠭᠠᠯᠠᠬᠤ》 ᠶ᠋ᠢ ᠡᠷᠡᠰ ᠪᠡᠶᠡᠯᠡᠭᠦᠯᠵᠦ᠍᠂ ᠲᠠᠷᠢᠬᠢ ᠲᠣᠯᠣᠭᠠᠶ᠎ᠳᠠᠭᠠᠨ ᠰᠠᠭᠤᠯᠭᠠᠨ ᠰᠡᠳᠭᠢᠯ᠎ᠳᠡᠭᠡᠨ᠎ᠬᠠᠳᠠᠩᠱᠢᠭᠤᠯᠵᠤ《ᠰᠤᠷᠤᠯᠴᠠᠵᠤ》᠂ ᠭᠦᠨᠵᠡᠭᠡᠶ ᠱᠢᠰᠲ᠋ᠧᠮ᠎ᠲᠡᠶ《ᠰᠡᠳᠭᠢᠵᠦ᠍》᠂ ᠯᠠᠪᠳᠠᠭᠤᠨ ᠪᠠᠲᠤᠲᠠᠶ 《ᠠᠵᠢᠯᠯᠠᠬᠤ》 ᠭᠡᠷᠡᠭᠲᠡᠢ ; ᠡᠷᠬᠡᠪᠰᠢ ᠠᠮᠢ ᠠᠬᠤᠢ᠎ᠶ᠋ᠢ ᠤᠷᠢᠳ᠎ᠢᠶᠠᠷ ᠪᠣᠳᠣᠯᠬᠢᠯᠠᠬᠤ᠂ ᠪᠣᠬᠢᠷᠲᠤᠯ ᠦᠭᠡᠢ ᠬᠥᠭ᠌ᠵᠢᠭᠦᠯᠬᠦ᠌᠎ᠪᠡᠷ ᠤᠳᠤᠷᠢᠳᠤᠮᠵᠢ ᠪᠣᠯᠭᠠᠭ᠍ᠰᠠᠨ ᠴᠢᠨᠠᠷ ᠰᠠᠢᠲᠠᠢ ᠬᠥᠭ᠌ᠵᠢᠯᠲᠡ᠎ᠶ᠋ᠢᠨ ᠱᠢᠨ᠎ᠡ ᠵᠠᠮ᠎ᠢᠶᠠᠷ ᠡᠷᠡᠰ ᠭᠤᠢᠪᠢᠰᠢ ᠦᠭᠡᠢ ᠰᠠᠢᠲᠤᠷ ᠵᠠᠮᠨᠠᠵᠤ᠂ ᠮᠠᠨ᠎ᠤ ᠤᠯᠤᠰ᠎ᠤᠨ ᠤᠮᠠᠷᠠᠲᠤ᠎ᠶ᠋ᠢᠨ ᠴᠢᠬᠤᠯᠠ ᠠᠮᠢ ᠠᠬᠤᠢ᠎ᠶ᠋ᠢᠨ ᠠᠮᠤᠷ ᠲᠦᠪᠱᠢᠨ᠎ᠦ ᠬᠠᠯᠬᠠᠪᠴᠢ᠎ᠶ᠋ᠢ ᠪᠠᠲᠤ ᠴᠣᠭ᠍ᠴᠠᠯᠠᠬᠤ᠎ᠳᠤ ᠬᠦᠴᠦᠨ ᠴᠢᠳᠠᠯ᠎ᠢᠶᠠᠨ ᠡᠷᠭᠦᠬᠦ ᠭᠡᠷᠡᠭᠲᠡᠢ; ᠡᠷᠬᠡᠪᠰᠢ ᠠᠷᠠᠳ᠎ᠲᠦᠮᠡᠨ᠎ᠢ᠎ᠳᠡᠭᠡᠳᠦᠯᠡᠬᠦ᠌᠎ᠶ᠋ᠢ᠎ᠪᠠᠷᠢᠮᠲᠠᠯᠠᠵᠤ᠂ ᠦᠨᠳᠦᠰᠦᠲᠡᠨ᠎ᠨᠦᠭᠦᠳ᠎ᠦᠨ ᠤᠯᠠᠨ ᠲᠦᠮᠡᠨ᠎ᠦ ᠰᠠᠢ᠌ᠨ ᠰᠠᠢᠬᠠᠨ ᠠᠮᠢᠳᠤᠷᠠᠯ᠎ᠤᠨ ᠬᠡᠷᠡᠭ᠌ᠴᠡᠭᠡ᠎ᠶ᠋ᠢ ᠲᠠᠰᠤᠷᠠᠯᠳᠠ ᠦᠭᠡᠢ ᠬᠠᠩᠭᠠᠵᠤ᠂ ᠠᠷᠠᠳ ᠤᠯᠠᠨ᠎ᠤ ᠵᠣᠯ ᠵᠢᠷᠭᠠᠯ᠎ᠤᠨ ᠵᠢᠭᠠᠯᠲᠠ ᠲᠣᠭ᠎ᠠ᠎ᠶ᠋ᠢ ᠳᠡᠭᠡᠭ᠌ᠰᠢᠯᠡᠭᠦᠯᠬᠦ ᠭᠡᠷᠡᠭᠲᠡᠢ; ᠡᠷᠬᠡᠪᠰᠢ ᠬᠥᠭ᠌ᠵᠢᠯᠲᠡ ᠪᠠ ᠠᠮᠤᠷ ᠲᠦᠪᠱᠢᠨ᠎ᠢ ᠨᠢᠭᠡᠳᠦᠯᠲᠡᠶ ᠲᠥᠯᠥᠪᠵᠢᠭᠦᠯᠵᠦ᠍᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ ᠡᠨᠡ ᠬᠦ᠌ ᠭᠤᠤᠯ ᠱᠢᠵᠢᠮ᠎ᠳᠦ ᠠᠩᠬᠠᠷᠤᠯ᠎ᠢᠶᠠᠨ ᠲᠥᠪᠯᠡᠷᠡᠭᠦᠯᠵᠦ᠍᠂ ᠱᠢᠨ᠎ᠡ ᠴᠠᠭ ᠦᠶ᠎ᠡ᠎ᠶ᠋ᠢᠨ ᠨᠠᠮ᠎ᠤᠨ ᠦᠨᠳᠦᠰᠦᠲᠡᠨ᠎ᠦ ᠠᠵᠢᠯ᠎ᠤᠨ ᠴᠢᠨᠠᠷ ᠰᠠᠢᠲᠠᠶ ᠬᠥᠭ᠌ᠵᠢᠯᠲᠡ᠎ᠶ᠋ᠢ ᠠᠬᠢᠭᠤᠯᠬᠤ ᠭᠡᠷᠡᠭᠲᠡᠢ; ᠡᠷᠬᠡᠪᠰᠢ ᠪᠦᠬᠦ᠌ ᠲᠠᠯ᠎ᠠ᠎ᠪᠠᠷ ᠨᠠᠮ᠎ᠢ ᠴᠢᠩᠭ᠎ᠠ ᠵᠠᠰᠠᠬᠤ᠎ᠶ᠋ᠢ ᠭᠦᠨᠵᠡᠭᠡᠢᠷᠡᠭᠦᠯᠵᠦ᠍᠂ ᠨᠠᠮ᠎ᠤᠨ ᠰᠤᠷᠲᠠᠯ ᠴᠢᠬᠡᠴᠢ ᠵᠠᠰᠠᠭ᠎ᠤᠨ ᠪᠠᠢᠭᠤᠯᠤᠯᠲᠠ ᠪᠣᠯᠤᠨ ᠢᠯᠵᠠᠷᠡᠯ᠎ᠢ ᠡᠰᠡᠷᠭᠦᠴᠡᠬᠦ᠌ ᠲᠡᠮᠡᠴᠡᠯ᠎ᠢ ᠡᠷᠡᠰ ᠭᠤᠢᠪᠢᠰᠢ ᠦᠭᠡᠢ ᠠᠬᠢᠭᠤᠯᠵᠤ᠂ ᠡᠯ᠎ᠡ ᠵᠦᠢᠯ᠎ᠦᠨ ᠦᠢᠯᠡᠰ᠎ᠦᠨ ᠬᠥᠭ᠌ᠵᠢᠯᠲᠡ᠎ᠳᠦ ᠪᠠᠲᠤ ᠴᠢᠩᠭ᠎ᠠ ᠪᠠᠲᠤᠯᠠᠭ᠎ᠠ ᠬᠠᠩᠭᠠᠬᠤ ᠭᠡᠷᠡᠭᠲᠡᠢ ᠭᠡᠵᠦ ᠦᠵᠡᠪᠡ᠃

ᠰᠤᠳᠤᠯᠤᠨ ᠶᠠᠷᠢᠯᠴᠠᠬᠤ ᠠᠩᠭᠢ᠎ᠶ᠋ᠢᠨ ᠰᠤᠷᠤᠯᠭᠠᠲᠠᠨ᠂ ᠠᠯᠠᠱᠠ ᠠᠢᠮᠠᠭ᠎ᠤᠨ ᠨᠠᠮ᠎ᠤᠨ ᠬᠣᠷᠢᠶᠠᠨ᠎ᠤ ᠱᠦᠵᠢ ᠳᠠᠢᠴᠢᠨ᠂ ᠱᠢᠨ᠎ᠡ ᠴᠠᠭ ᠦᠶ᠎ᠡ᠎ᠶ᠋ᠢᠨ ᠠᠭᠤᠤ ᠶᠡᠬᠡ ᠠᠮᠵᠢᠯᠲᠠ ᠪᠦᠲᠦᠮᠵᠢ᠎ᠨᠢ ᠰᠢ ᠵᠢᠨ ᠫᠢᠩ ᠨᠥᠬᠥᠷ᠎ᠢᠶᠡᠷ ᠭᠤᠤᠯ ᠪᠣᠯᠭᠠᠭ᠍ᠰᠠᠨ ᠨᠠᠮ᠎ᠤᠨ ᠲᠥᠪ ᠬᠣᠷᠢᠶᠠᠨ᠎ᠤ ᠪᠠᠲᠤ ᠴᠢᠩᠭ᠎ᠠ ᠤᠳᠤᠷᠢᠳᠤᠯᠭ᠎ᠠ᠎ᠡᠴᠡ ᠢᠷᠡᠯᠲᠡ᠎ᠲᠡᠶ ᠶᠤᠮ᠃《ᠬᠣᠶᠠᠷ᠎ᠢ ᠲᠣᠭ᠍ᠲᠠᠭᠠᠬᠤ》 ᠨᠢ ᠪᠦᠬᠦ᠌ ᠨᠠᠮ ᠪᠦᠬᠦ᠌ ᠴᠡᠷᠢᠭ ᠪᠦᠬᠦ᠌ ᠤᠯᠤᠰ᠎ᠤᠨ ᠦᠨᠳᠦᠰᠦᠲᠡᠨ᠎ᠨᠦᠭᠦᠳ᠎ᠦᠨ ᠠᠷᠠᠳ ᠲᠦᠮᠡᠨ᠎ᠦ ᠬᠠᠮᠲᠤ᠎ᠶ᠋ᠢᠨ ᠬᠦᠰᠡᠯ ᠡᠷᠡᠮᠡᠯᠵᠡᠯ᠎ᠢ ᠲᠤᠰᠭᠠᠵᠠᠢ᠂ 《ᠬᠣᠶᠠᠷ᠎ᠢ ᠲᠣᠭ᠍ᠲᠠᠭᠠᠬᠤ》 ᠵᠢᠨ ᠱᠢᠨ᠎ᠡ ᠴᠠᠭ ᠦᠶ᠎ᠡ᠎ᠶ᠋ᠢᠨ ᠨᠠᠮ ᠪᠣᠯᠤᠨ ᠤᠯᠤᠰ᠎ᠤᠨ ᠠᠵᠢᠯ ᠦᠢᠯᠡᠰ᠎ᠦᠨ ᠬᠥᠭ᠌ᠵᠢᠯᠲᠡ᠂ ᠳᠤᠮᠳᠠᠳᠤ᠎ᠶ᠋ᠢᠨ ᠦᠨᠳᠦᠰᠦᠲᠡᠨ᠎ᠦ ᠠᠭᠤᠤ ᠶᠡᠬᠡ ᠰᠡᠷᠭᠦᠨ ᠮᠠᠨᠳᠤᠯᠲᠠ᠎ᠶ᠋ᠢᠨ ᠲᠡᠦᠬᠡᠨ ᠠᠬᠢᠴᠠ᠎ᠶ᠋ᠢ ᠠᠬᠢᠭᠤᠯᠬᠤ᠎ᠳᠤ ᠦᠵᠡᠭᠦᠯᠬᠦ᠌ ᠱᠢᠢᠳᠪᠦᠷᠢᠯᠡᠭ᠌ᠴᠢ ᠠᠴᠢ ᠬᠣᠯᠪᠣᠭ᠍ᠳᠠᠯ᠎ᠢ ᠭᠦᠨᠵᠡᠭᠡᠢ ᠤᠢ᠍ᠢᠯᠠᠭᠠᠨ ᠡᠵᠡᠮᠱᠢᠬᠦ᠌ ᠬᠡᠷᠡᠭ᠌ᠲᠡᠢ᠃《ᠬᠣᠶᠠᠷ᠎ᠢ ᠲᠣᠭ᠍ᠲᠠᠭᠠᠬᠤ》ᠤᠯᠤᠰ ᠲᠥᠷᠥ᠎ᠶ᠋ᠢᠨ ᠬᠠᠮᠲᠤ᠎ᠶ᠋ᠢᠨ ᠲᠠᠨᠢᠯᠲᠠ᠂ ᠣᠶᠤᠨᠴᠢ ᠬᠠᠮᠲᠤ᠎ᠶ᠋ᠢᠨ ᠲᠠᠨᠢᠯᠲᠠ᠂ ᠬᠠᠢᠷ᠎ᠠ ᠰᠡᠳᠭᠢᠯᠭᠡ᠎ᠶ᠋ᠢᠨ ᠬᠠᠮᠲᠤ᠎ᠶ᠋ᠢᠨ ᠲᠠᠨᠢᠯᠲᠠ᠎ᠪᠠᠨ ᠴᠢᠩᠭᠠᠳᠭᠠᠵᠤ᠂ ᠤᠯᠤᠰ ᠲᠥᠷᠥ᠎ᠶ᠋ᠢᠨ ᠮᠠᠭᠠᠳᠯᠠᠬᠤ ᠴᠢᠳᠠᠪᠤᠷᠢ᠂ ᠤᠯᠤᠰ ᠲᠥᠷᠥ᠎ᠶ᠋ᠢᠨ ᠤᠢᠯᠠᠭᠠᠬᠤ ᠴᠢᠳᠠᠪᠤᠷᠢ ᠂ ᠤᠯᠤᠰ ᠲᠥᠷᠥ᠎ᠶ᠋ᠢᠨ ᠬᠦᠢᠴᠡᠳᠭᠡᠬᠦ ᠴᠢᠳᠠᠪᠤᠷᠢ᠎ᠪᠠᠨ ᠲᠠᠰᠤᠷᠠᠯᠲᠠ ᠥᠬᠡᠶ ᠳᠡᠭᠡᠭ᠌ᠰᠢᠯᠡᠭᠦᠯᠵᠦ᠍᠂ ᠶᠡᠷᠦᠩᠬᠡᠶ ᠱᠦᠵᠢ ᠰᠢ ᠵᠢᠨ ᠫᠢᠩ᠎ᠦᠨ ᠨᠠᠮ᠎ᠤᠨ ᠲᠥᠪ ᠬᠣᠷᠢᠶᠠᠨ᠎ᠤ ᠭᠤᠤᠯᠯᠠᠭ᠍ᠴᠢ᠂ ᠪᠥᠬᠥ᠌ ᠨᠠᠮ᠎ᠤᠨ ᠭᠤᠤᠯᠯᠠᠭ᠍ᠴᠢ᠎ᠶ᠋ᠢᠨ ᠪᠠᠢᠷᠢ ᠰᠠᠭᠤᠷᠢ᠎ᠶ᠋ᠢ ᠡᠷᠡᠰ ᠬᠠᠮᠠᠭᠠᠯᠠᠵᠤ᠂ 《ᠬᠣᠶᠠᠷ᠎ᠢ ᠲᠣᠭ᠍ᠲᠠᠭᠠᠬᠤ》 ᠶ᠋ᠢ ᠡᠷᠡᠰ ᠬᠦᠷᠢᠶᠡᠯᠡᠬᠦ᠌᠎ᠶ᠋ᠢ 《ᠬᠣᠶᠠᠷ᠎ᠢ ᠬᠠᠮᠠᠭᠠᠯᠠᠬᠤ》 ᠎ᠶ᠋ᠢ ᠡᠷᠡᠰ ᠪᠡᠶᠡᠯᠡᠭᠦᠯᠬᠦ᠌ ᠤᠯᠤᠰ ᠲᠥᠷᠥ᠎ᠶ᠋ᠢᠨ ᠤᠬᠠᠮᠰᠠᠷ ᠦᠵᠡᠯ ᠰᠠᠨᠠᠭᠠᠨ᠎ᠤ ᠤᠬᠠᠮᠰᠠᠷ ᠦᠢᠯᠡ ᠠᠵᠢᠯᠯᠠᠭ᠎ᠠ᠎ᠶ᠋ᠢᠨ ᠤᠬᠠᠮᠰᠠᠷ ᠪᠣᠯᠭᠠᠨ ᠬᠤᠪᠢᠷᠠᠭᠤᠯᠬᠤ ᠬᠡᠷᠡᠭ᠌ᠲᠡᠶ ᠭᠡᠵᠦ ᠢᠯᠡᠳᠭᠡᠪᠡ᠃

ᠳᠦᠭᠦᠷᠡᠩ ᠣᠯᠤᠯᠲᠠ᠎ᠲᠠᠢ ᠪᠡᠷ ᠲᠤᠰᠭᠠᠶ ᠰᠡᠳᠦᠪᠲᠦ ᠰᠤᠳᠤᠯᠤᠨ ᠶᠠᠷᠢᠯᠴᠠᠬᠤ ᠠᠵᠢᠯ᠎ᠢᠶᠠᠨ ᠳᠠᠭᠤᠰᠭᠠᠭ᠍ᠰᠠᠨ ᠰᠤᠷᠤᠯᠭᠠᠳᠠᠳ ᠥᠪᠡᠷ ᠥᠪᠡᠷ᠎ᠦᠨ ᠠᠵᠢᠯ᠎ᠤᠨ ᠪᠠᠢᠷᠢ᠎ᠳᠠᠭᠠᠨ ᠪᠤᠴᠠᠪᠠ᠃ ᠱᠢᠨ᠎ᠡ ᠵᠢᠯ ᠱᠢᠨ᠎ᠡ ᠠᠶᠠᠨ ᠵᠠᠮ᠎ᠳᠤ᠂ ᠳᠡᠳᠡ ᠨᠡᠩ ᠬᠡᠭᠦᠳᠡᠭ ᠳᠦᠭᠦᠷᠡᠩ ᠤᠶᠤᠨ ᠰᠠᠨᠠᠭᠠᠨ᠎ᠤ ᠳᠦᠷᠰᠦ ᠪᠠᠢᠳᠠᠯ ᠪᠣᠯᠤᠨ ᠨᠡᠩ ᠱᠢᠯᠢᠳᠡᠭ ᠠᠵᠢᠯ᠎ᠤᠨ ᠠᠮᠵᠢᠯᠲᠠ᠎ᠪᠠᠷ᠎ᠢᠶᠠᠨ ᠨᠠᠮ᠎ᠤᠨ᠎ᠬᠣᠷᠢᠳᠤᠭᠠᠷ ᠶᠡᠬᠡ ᠬᠤᠷᠠᠯ᠎ᠤᠨ ᠠᠮᠵᠢᠯᠲᠠ᠎ᠲᠠᠶ ᠬᠤᠷᠠᠯᠳᠤᠬᠤ᠎ᠶ᠋ᠢ ᠤᠭ᠍ᠲᠤᠬᠤ ᠪᠣᠯᠤᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠤᠶᠤᠯᠲᠦ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号