ᠮᠸᠩ ᠹᠠᠨ ᠯᠢ ᠶᠠᠷᠢᠶ᠎ᠠ ᠲᠠᠯᠪᠢᠵᠤ ᠶᠠᠩ ᠸᠧᠢ ᠳ᠋ᠦᠩ ᠬᠤᠷᠠᠯ᠎ᠢ ᠡᠷᠬᠢᠯᠡᠪᠠ
2 ᠰᠠᠷ᠎ᠠ᠎ᠶ᠋ᠢᠨ 9 ᠤ᠋ ᠦᠳᠡ᠎ᠶ᠋ᠢᠨ ᠬᠣᠢᠨ᠎ᠠ᠂ ᠪᠦᠬᠦ᠌ ᠣᠷᠣᠨ᠎ᠤ ᠤᠳᠤᠷᠢᠳᠭᠤ ᠺᠠᠳ᠋ᠷᠴᠤᠳ᠎ᠤᠨ ᠨᠠᠮ᠎ᠤᠨ ᠠᠷᠪᠠ ᠶᠢᠰᠦᠳᠦᠭᠡᠷ ᠬᠤᠭᠤᠴᠠᠭᠠᠨ᠎ᠤ ᠲᠥᠪ ᠬᠤᠷᠢᠶ᠎ᠠ ᠵᠢᠨ ᠵᠢᠷᠭᠤᠳᠤᠭᠠᠷ ᠪᠦᠬᠦᠳᠠ ᠬᠤᠷᠠᠯ᠎ᠤᠨ ᠵᠣᠷᠢᠭ ᠰᠠᠨᠠᠭ᠎ᠠ᠎ᠶ᠋ᠢ ᠰᠤᠷᠤᠯᠴᠠᠨ ᠲᠤᠭᠤᠱᠢᠯᠠᠭᠤᠯᠬᠤ ᠲᠤᠰᠭᠠᠢ ᠰᠡᠳᠦᠪᠲᠦ ᠰᠤᠳᠤᠯᠤᠨ ᠶᠠᠷᠢᠯᠴᠠᠬᠤ ᠠᠩᠬᠢ᠎ᠶ᠋ᠢᠨ ᠰᠤᠷᠤᠯᠭ᠎ᠠ ᠲᠡᠭᠦᠰᠭᠦ ᠶᠣᠰᠣᠯᠠᠯ ᠶᠠᠪᠤᠭ᠍ᠳᠠᠪᠠ᠃
ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ ᠵᠢᠨ ᠳᠡᠳ᠋ ᠱᠦᠵᠢ ᠮᠸᠩ ᠹᠠᠨ ᠯᠢ ᠶᠠᠷᠢᠶ᠎ᠠ ᠲᠠᠯᠪᠢᠵᠤ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ ᠵᠢᠨ ᠪᠠᠢᠩᠭᠤ᠎ᠶ᠋ᠢᠨ ᠭᠡᠱᠢᠭᠦᠨ᠂ ᠵᠣᠬᠢᠶᠠᠨ ᠪᠠᠢᠭᠤᠯᠬᠤ ᠬᠡᠯᠲᠡᠰ᠎ᠦᠨ ᠳᠠᠷᠤᠭ᠎ᠠ ᠶᠠᠩ ᠸᠧᠢ ᠳ᠋ᠦᠩ ᠬᠤᠷᠠᠯ᠎ᠢ ᠡᠷᠬᠢᠯᠡᠪᠡ᠃
ᠮᠸᠩ ᠹᠠᠨ ᠯᠢ ᠶᠠᠷᠢᠶᠠᠨ ᠳᠠᠭᠠᠨ ᠱ᠌ᠢ᠎ᠲᠡᠶ ᠹᠸᠩ ᠱᠦᠵᠢ᠎ᠶ᠋ᠢᠨ ᠰᠤᠷᠤᠯᠭ᠎ᠠ ᠡᠬᠢᠯᠡᠬᠦ᠌ ᠶᠣᠰᠣᠯᠠᠯ ᠳᠡᠭᠡᠷᠡᠬᠢ ᠶᠠᠷᠢᠶ᠎ᠠ ᠨᠢ ᠡᠯ᠎ᠡ ᠱᠠᠲᠤᠨ᠎ᠤ ᠤᠳᠤᠷᠢᠳᠭᠤ ᠺᠠᠳ᠋ᠷᠴᠤᠳ᠎ᠤᠨ ᠪᠦᠬᠦᠳᠠ ᠬᠤᠷᠠᠯ᠎ᠤᠨ ᠵᠣᠷᠢᠭ ᠰᠠᠨᠠᠭ᠎ᠠ ᠪᠣᠯᠤᠨ ᠪᠦᠬᠦᠳᠠ ᠬᠤᠷᠠᠯ᠎ᠤᠨ ᠱᠢᠢᠳᠪᠦᠷᠢ᠎ᠶ᠋ᠢᠨ ᠭᠣᠣᠯ ᠴᠢᠮᠥᠭᠡ ᠴᠢᠬᠤᠯᠠ ᠠᠭᠤᠯᠭ᠎ᠠ᠎ᠶ᠋ᠢ ᠭᠦᠨᠵᠡᠭᠡᠢ ᠣᠢᠯᠠᠭᠠᠵᠤ᠂ ᠲᠡᠦᠬᠡ᠎ᠪᠡᠷ ᠲᠤᠯᠢ ᠪᠣᠯᠭᠠᠵᠤ᠂ ᠢᠷᠡᠭᠡᠳᠦᠢ᠎ᠶ᠋ᠢ ᠨᠡᠭᠡᠭᠡᠬᠦ ᠴᠢᠬᠤᠯᠠ ᠱᠠᠭᠠᠷᠳᠠᠯᠭ᠎ᠠ᠎ᠶ᠋ᠢ ᠨᠡᠩ ᠰᠠᠢᠲᠤᠷ ᠡᠵᠡᠮᠳᠡᠨ ᠨᠠᠢᠳᠠᠪᠤᠷᠢᠵᠢᠭᠤᠯᠵᠤ᠂ ᠥᠪᠥᠷ ᠮᠣᠩᠭᠣᠯ᠎ᠤᠨ ᠶᠠᠪᠤᠳᠠᠯ᠎ᠢ ᠦᠨᠡᠨ ᠬᠦ᠌ ᠰᠠᠢᠲᠤᠷ ᠬᠢᠬᠦ᠌᠎ᠳᠦ ᠬᠦᠴᠦᠲᠡᠢ ᠵᠢᠯᠤᠭᠤᠳᠤᠯᠭ᠎ᠠ ᠬᠠᠩᠭᠠᠪᠠ᠃ ᠰᠤᠷᠤᠯᠴᠠᠨ ᠰᠤᠳᠤᠯᠤᠨ ᠶᠠᠷᠢᠯᠴᠠᠬᠤ᠎ᠪᠠᠷ ᠳᠠᠮᠵᠢᠨ᠂ ᠤᠯᠠᠨ᠎ᠢᠶᠠᠷ᠎ᠢᠶᠠᠨ《ᠬᠣᠶᠠᠷ᠎ᠢ ᠲᠣᠭ᠍ᠲᠠᠭᠠᠬᠤ》ᠵᠢᠨ ᠱᠢᠢᠳᠪᠦᠷᠢᠯᠡᠬᠦ ᠴᠢᠨᠠᠷᠲᠠᠢ ᠴᠢᠬᠤᠯᠠ ᠠᠴᠢ ᠬᠣᠯᠪᠣᠭ᠍ᠳᠠᠯ᠎ᠤᠨ ᠲᠤᠬᠠᠢ ᠦᠵᠡᠯ ᠰᠠᠨᠠᠭ᠎ᠠ ᠲᠠᠨᠢᠯᠲᠠ᠎ᠪᠠᠨ ᠤᠯᠠᠮ ᠴᠢᠨᠠᠭ᠍ᠰᠢᠳᠠ ᠭᠦᠨᠵᠡᠭᠡᠢᠷᠡᠭᠦᠯᠵᠦ᠍᠂ ᠪᠦᠬᠦᠳᠡ ᠬᠤᠷᠠᠯ᠎ᠤᠨ ᠵᠣᠷᠢᠭ ᠰᠠᠨᠠᠭ᠎ᠠ᠎ᠵᠢᠨ ᠲᠤᠬᠠᠢ ᠤᠢᠯᠠᠭᠠᠯᠳᠠ ᠪᠠᠨ ᠭᠦᠨᠵᠡᠭᠡᠢᠷᠡᠭᠦᠯᠵᠦ᠍᠂ ᠨᠠᠮ᠎ᠤᠨ ᠲᠡᠦᠬᠡ᠎ᠶ᠋ᠢ ᠰᠠᠢᠲᠤᠷ ᠰᠤᠷᠤᠯᠴᠠᠵᠤ ᠨᠠᠮ᠎ᠤᠨ ᠲᠡᠦᠬᠡ᠎ᠶ᠋ᠢ ᠰᠠᠢᠲᠤᠷ ᠬᠡᠷᠡᠭ᠌ᠯᠡᠬᠦ᠌ ᠬᠠᠷᠢᠭᠤᠴᠠᠯᠭᠠᠲᠤ ᠰᠡᠳᠭᠢᠯᠭᠡ ᠡᠭᠦᠷᠭᠡᠲᠦ ᠰᠡᠳᠬᠢᠯᠬᠡ ᠪᠠᠨ ᠴᠢᠩᠭᠠᠳᠭᠠᠵᠠᠢ ᠬᠡᠵᠦ ᠵᠢᠭᠠᠵᠤ ᠭᠠᠷᠭᠠᠪᠠ᠃
ᠮᠸᠩ ᠹᠠᠨ ᠯᠢ ᠨᠠᠮ᠎ᠤᠨ ᠠᠷᠪᠠ ᠶᠢᠰᠦᠳᠦᠭᠡᠷ ᠬᠤᠭᠤᠴᠠᠭᠠᠨ᠎ᠤ ᠲᠥᠪ ᠬᠤᠷᠢᠶ᠎ᠠ ᠵᠢᠨ ᠵᠢᠷᠭᠤᠳᠤᠭᠠᠷ ᠪᠦᠬᠦᠳᠠ ᠬᠤᠷᠠᠯ᠎ᠤᠨ ᠵᠣᠷᠢᠭ ᠰᠠᠨᠠᠭ᠎ᠠ᠎ᠶ᠋ᠢ ᠤᠯᠠᠮ ᠴᠢᠨᠠᠭ᠍ᠰᠢᠳᠠ ᠭᠦᠨᠵᠡᠭᠡᠢ ᠰᠤᠷᠤᠯᠴᠠᠨ ᠲᠤᠭᠤᠱᠢᠯᠠᠭᠤᠯᠬᠤ ᠲᠤᠬᠠᠢ ᠱᠠᠭᠠᠷᠳᠠᠯᠭ᠎ᠠ ᠳᠤᠷᠠᠳᠴᠤ᠂ 《ᠬᠣᠶᠠᠷ᠎ᠢ ᠲᠣᠭ᠍ᠲᠠᠭᠠᠬᠤ》 ᠵᠢᠨ ᠱᠢᠢᠳᠪᠦᠷᠢᠯᠡᠭ᠌ᠴᠢ ᠴᠢᠨᠠᠷᠲᠠᠢ ᠠᠴᠢ ᠬᠣᠯᠪᠣᠭ᠍ᠳᠠᠯ᠎ᠢ ᠦᠷᠭᠦᠯᠵᠢᠯᠡᠨ ᠭᠦᠨᠵᠡᠭᠡᠢ ᠰᠤᠷᠤᠯᠴᠠᠨ ᠣᠢᠯᠠᠭᠠᠵᠤ᠂ ᠦᠵᠡᠯ ᠰᠠᠨᠠᠭ᠎ᠠ ᠤᠯᠤᠰ ᠲᠦᠷᠦ᠍ ᠦᠢᠯᠡ ᠠᠵᠢᠯᠯᠠᠭ᠎ᠠ᠎ᠶ᠋ᠢᠨ ᠲᠠᠯ᠎ᠠ᠎ᠪᠠᠷ ᠢᠮᠠᠭ᠍ᠲᠠ ᠰᠢ ᠵᠢᠨ ᠫᠢᠩ ᠨᠥᠬᠥᠷ᠎ᠢᠶᠡᠷ ᠭᠣᠣᠯ ᠪᠣᠯᠭᠠᠭ᠍ᠰᠠᠨ ᠨᠠᠮ᠎ᠤᠨ ᠲᠥᠪ ᠬᠤᠷᠢᠶ᠎ᠠ ᠲᠠᠶ ᠳᠡᠭᠡᠳᠦ ᠬᠡᠮᠵᠢᠶ᠎ᠠ᠎ᠪᠡᠷ ᠨᠢᠭᠡᠳᠦᠯᠲᠡᠢ ᠪᠠᠢᠵᠤ᠂ ᠤᠬᠠᠮᠰᠠᠷ ᠠᠴᠠ᠎ᠪᠠᠨ ᠨᠠᠮ᠎ᠤᠨ ᠲᠥᠪ ᠬᠤᠷᠢᠶ᠎ᠠ ᠵᠢᠨ ᠰᠠᠨᠠᠭᠠᠴᠢᠯᠠᠭ᠎ᠠ ᠵᠢ ᠡᠷᠡᠰ ᠴᠤᠤᠷᠢᠶᠠᠲᠤᠨ ᠲᠠᠭᠠᠵᠤ᠂ ᠨᠠᠮ᠎ᠤᠨ ᠲᠥᠪ ᠬᠤᠷᠢᠶ᠎ᠠ ᠵᠢᠨ ᠲᠣᠭ᠍ᠲᠠᠭᠠᠯ᠎ᠢ ᠡᠷᠡᠰ ᠵᠢᠷᠤᠮᠯᠠᠨ ᠭᠦᠢᠴᠡᠳᠭᠡᠵᠦ᠍᠂ ᠨᠠᠮ᠎ᠤᠨ ᠲᠥᠪ ᠬᠤᠷᠢᠶ᠎ᠠ ᠡᠴᠡ ᠬᠤᠷᠢᠬᠯᠠᠭᠰᠠᠨ ᠵᠦᠢᠯ᠎ᠢ ᠡᠷᠡᠰ ᠬᠢᠬᠦ᠌ ᠦᠭᠡᠢ ᠪᠠᠢᠬᠤ ᠬᠡᠷᠡᠭ᠌ᠲᠡᠢ᠃ ᠰᠢ ᠵᠢᠨ ᠫᠢᠩ᠎ᠦᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ ᠲᠠᠶ ᠨᠡᠢᠭᠡᠮ ᠵᠢᠷᠤᠮ᠎ᠤᠨ ᠦᠵᠡᠯ ᠰᠠᠨᠠᠭ᠎ᠠ ᠡᠨᠡ ᠬᠦ᠌ ᠤᠳᠤ ᠦᠶ᠎ᠡ᠎ᠶ᠋ᠢᠨ ᠳᠤᠮᠳᠠᠳᠤ ᠤᠯᠤᠰ᠎ᠤᠨ ᠮᠠᠷᠺᠰ᠎ᠤᠨ ᠦᠵᠡᠯ᠂ 21 ᠳ᠋ᠤᠭᠡᠷ ᠵᠠᠭᠤᠨ᠎ᠤ ᠮᠠᠷᠺᠰ᠎ᠤᠨ ᠦᠵᠡᠯ᠎ᠢᠶᠡᠷ ᠴᠠᠭ ᠦᠶ᠎ᠡ᠎ᠶ᠋ᠢ ᠠᠵᠢᠭ᠍ᠯᠠᠬᠤ᠂ ᠴᠠᠭ ᠦᠶ᠎ᠡ᠎ᠶ᠋ᠢ ᠡᠵᠡᠮᠳᠡᠬᠦ᠌ ᠂ ᠴᠠᠭ ᠦᠶ᠎ᠡ ᠶ᠋ᠢ ᠬᠦᠳᠦᠯᠦᠨ ᠳᠠᠭᠠᠭᠤᠯᠬᠤ᠎ᠶ᠋ᠢ ᠪᠠᠷᠢᠮᠲᠠᠯᠠᠵᠤ᠂ ᠶᠡᠷᠦᠩᠬᠡᠢ ᠱᠦᠵᠢ ᠰᠢ ᠵᠢᠨ ᠫᠢᠩ᠎ᠦᠨ ᠥᠪᠥᠷ ᠮᠣᠩᠭᠣᠯ᠎ᠤᠨ ᠲᠤᠬᠠᠢ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠣᠯᠠᠪᠤᠷᠢ᠎ᠶ᠋ᠢᠨ ᠵᠣᠷᠢᠭ ᠰᠠᠨᠠᠭ᠎ᠠ᠎ᠶ᠋ᠢ ᠰᠤᠷᠤᠯᠴᠠᠨ ᠲᠤᠭᠤᠱᠢᠯᠠᠭᠤᠯᠬᠤ᠎ᠶ᠋ᠢ ᠭᠦᠨᠵᠡᠭᠡᠢᠷᠡᠭᠦᠯᠬᠦ᠌ ᠬᠡᠷᠡᠭ᠌ᠲᠡᠢ᠃ ᠶᠡᠷᠦᠩᠬᠡᠶ ᠱᠦᠵᠢ ᠰᠢ ᠵᠢᠨ ᠫᠢᠩ᠎ᠦᠨ ᠪᠥᠬᠥᠳᠡ ᠬᠤᠷᠠᠯ᠎ᠤᠨ ᠬᠤᠭᠤᠴᠠᠭᠠᠨ᠎ᠳᠤ ᠪᠠ ᠪᠥᠬᠥᠳᠡ ᠬᠤᠷᠠᠯ ᠲᠡᠭᠦᠰᠦᠭ᠌ᠰᠡᠨ ᠡᠴᠡ ᠨᠠᠭᠠᠱᠢᠬᠢ ᠠᠯᠢ ᠣᠯᠠᠨ ᠴᠢᠬᠤᠯᠠ ᠶᠠᠷᠢᠶ᠎ᠠ᠎ᠶ᠋ᠢ ᠴᠠᠭ ᠲᠤᠬᠠᠶ᠎ᠳᠤᠨᠢ᠎ᠲᠠᠭᠠᠨ ᠭᠦᠨᠵᠡᠭᠡᠶ ᠰᠤᠷᠤᠯᠴᠠᠵᠤ᠂ 《 ᠤᠯᠤᠰ᠎ᠤᠨ ᠶᠡᠬᠡ ᠶᠠᠪᠤᠳᠠᠯ》 ᠢ᠋ ᠢᠮᠠᠭ᠍ᠲᠠ ᠪᠠᠲᠤ ᠴᠡᠭᠡᠵᠢᠯᠡᠵᠦ᠍᠂ ᠤᠯᠤᠰ ᠲᠥᠷᠥ ᠶ᠋ᠢᠨ ᠮᠠᠭᠠᠳᠯᠠᠬᠤ ᠴᠢᠳᠠᠪᠤᠷᠢ᠂ ᠤᠯᠤᠰ ᠲᠥᠷᠥ᠎ᠶ᠋ᠢᠨ ᠣᠢᠯᠠᠭᠠᠬᠤ ᠴᠢᠳᠠᠪᠤᠷᠢ᠂ ᠤᠯᠤᠰ ᠲᠥᠷᠥ᠎ᠶ᠋ᠢᠨ ᠭᠦᠢᠴᠡᠳᠭᠡᠭᠦ ᠴᠢᠳᠠᠪᠤᠷᠢ᠎ᠪᠠᠨ ᠤᠯᠠᠮ ᠴᠢᠨᠠᠭ᠍ᠰᠢᠳᠠ ᠳᠡᠭᠡᠭ᠌ᠰᠢᠯᠡᠭᠦᠯᠵᠦ᠍᠂ ᠨᠠᠮ᠎ᠤᠨ ᠲᠥᠪ ᠬᠤᠷᠢᠶ᠎ᠠ ᠵᠢᠨ ᠡᠯ᠎ᠡ ᠵᠦᠶ᠋ᠯ᠎ᠦᠨ ᠱᠢᠶ᠋ᠳᠪᠦᠷᠢᠲᠦ ᠪᠣᠳᠣᠯᠭ᠎ᠠ ᠪᠠᠢᠷᠢᠯᠠᠭᠤᠯᠤᠯᠲᠠ᠎ᠶ᠋ᠢᠨ ᠮᠠᠨ᠎ᠤ ᠣᠷᠣᠨ᠎ᠳᠤ ᠪᠦᠷᠢᠨ ᠪᠦᠲᠦᠨ᠂ ᠣᠨᠣᠪᠴᠢᠲᠠᠶ᠂ ᠪᠥᠬᠥ᠌ ᠲᠠᠯ᠎ᠠ᠎ᠪᠠᠷ ᠲᠤᠭᠤᠱᠢᠯᠠᠭᠤᠯᠤᠨ ᠨᠠᠢᠳᠠᠪᠤᠷᠢᠵᠢᠭᠤᠯᠬᠤ᠎ᠶ᠋ᠢ ᠪᠠᠲᠤᠯᠠᠬᠤ ᠬᠡᠷᠡᠭ᠌ᠲᠡᠶ᠃ ᠨᠠᠮ᠎ᠤᠨ ᠲᠡᠦᠬᠡ᠎ᠶ᠋ᠢᠨ ᠰᠤᠷᠤᠯᠴᠠᠯᠭ᠎ᠠ ᠬᠥᠮᠦᠵᠢᠯ᠎ᠢ ᠪᠠᠢᠩᠭᠤᠵᠢᠭᠤᠯᠵᠤ ᠤᠷᠳᠤ ᠬᠤᠭᠤᠴᠠᠭ᠎ᠠ ᠪᠦᠲᠦᠮᠵᠢᠲᠡᠢ ᠪᠠᠢᠯᠭᠠᠬᠤ᠎ᠶ᠋ᠢ ᠯᠠᠪᠳᠠᠭᠤᠨ ᠪᠠᠲᠤᠲᠠᠢ ᠠᠬᠢᠭᠤᠯᠬᠤ ᠬᠡᠷᠡᠭ᠌ᠲᠡᠢ ᠬᠡᠪᠡ᠃
ᠶᠠᠩ ᠸᠧᠢ ᠳ᠋ᠦᠩ᠂ ᠤᠯᠠᠨ ᠢᠶᠠᠷ᠎ᠢᠶᠠᠨ ᠰᠤᠳᠤᠯᠤᠨ ᠶᠠᠷᠢᠯᠴᠠᠬᠤ ᠠᠩᠬᠢ᠎ᠶ᠋ᠢᠨ ᠦᠷ᠎ᠡ ᠪᠦᠲᠦᠭᠡᠯ᠎ᠢ ᠭᠦᠢᠴᠡᠳ ᠠᠱᠢᠭ᠍ᠯᠠᠵᠤ᠂ ᠵᠠᠭᠤᠨ ᠵᠢᠯ᠎ᠦᠨ ᠨᠠᠮ᠎ᠤᠨ ᠲᠡᠦᠬᠡ ᠪᠣᠯᠤᠨ ᠵᠢᠷᠭᠤᠳᠤᠭᠠᠷ ᠪᠦᠬᠦᠳᠠ ᠬᠤᠷᠠᠯ᠎ᠤᠨ《ᠱᠢᠢᠳᠪᠦᠷᠢ》᠎ᠡᠴᠡ ᠦᠷᠭᠦᠯᠵᠢᠯᠡᠨ ᠱᠢᠮ᠎ᠡ ᠲᠡᠵᠢᠭᠡᠯ ᠬᠦᠷᠳᠡᠵᠦ᠍᠂ ᠵᠣᠭ᠍ᠰᠣᠴᠠ᠎ᠪᠠᠨ ᠳᠡᠭᠡᠭ᠌ᠰᠢᠯᠡᠭᠦᠯᠦᠨ ᠤᠯᠤᠰ ᠲᠦᠷᠦ᠍᠎ᠶ᠋ᠢ ᠡᠷᠬᠢᠮᠯᠡᠵᠦ᠍᠂ ᠪᠦᠬᠦ᠌ ᠬᠦᠴᠦᠨ᠎ᠢᠶᠡᠷ᠎ᠢᠶᠡᠨ ᠬᠥᠭ᠌ᠵᠢᠯᠲᠡ᠎ᠶ᠋ᠢ ᠡᠷᠢᠯᠬᠢᠯᠡᠵᠦ᠍᠂ ᠨᠢᠭᠡ ᠰᠡᠳᠭᠢᠯᠵᠢᠡᠷ ᠠᠷᠠᠳ᠎ᠤᠨ ᠲᠥᠯᠥᠭᠡ ᠪᠣᠳᠠᠲᠠᠢ ᠠᠵᠢᠯ ᠬᠢᠵᠦ᠍᠂ ᠡᠷᠳᠡᠮ ᠴᠢᠳᠠᠪᠤᠷᠢ᠎ᠪᠠᠨ ᠳᠠᠪᠲᠠᠨ ᠪᠣᠯᠪᠠᠰᠤᠷᠠᠭᠤᠯᠵᠤ ᠨᠠᠢᠳᠠᠪᠤᠷᠢᠵᠢᠭᠤᠯᠤᠯᠲᠠ᠎ᠶ᠋ᠢ ᠠᠳᠭᠤᠵᠤ᠂ 《ᠰᠢᠨ᠎ᠡ ᠬᠦᠭᠵᠢᠯᠳᠡ ᠵᠢᠨ ᠱᠠᠳᠤᠨ ᠳ᠋ᠤ ᠰᠠᠭᠤᠷᠢᠯᠠᠵᠤ᠂ ᠰᠢᠨ᠎ᠡ ᠬᠦᠭᠵᠢᠯᠳᠡ ᠵᠢᠨ ᠤᠢᠯᠠᠭᠠᠭᠳᠠᠬᠤᠨ᠎ᠢ ᠲᠤᠭᠤᠰᠢᠯᠠᠭᠤᠯᠵᠤ᠂ ᠰᠢᠨ᠎ᠡ ᠬᠦᠭᠵᠢᠯᠳᠡ ᠵᠢᠨ ᠪᠠᠢᠷᠢᠰᠢᠯ᠎ᠢ ᠴᠤᠭᠴᠠᠯᠠᠵᠤ᠂ ᠴᠢᠨᠠᠷ ᠰᠠᠢᠳᠠᠢ ᠬᠦᠭᠵᠢᠯᠳᠡ ᠵᠢ ᠠᠬᠢᠭᠤᠯᠬᠤ》ᠳ᠋ᠤᠠᠩᠬᠠᠷᠤᠯᠢᠶᠠᠨ ᠲᠥᠪᠯᠡᠷᠡᠭᠦᠯᠵᠦ᠍᠂ ᠤᠳᠤᠷᠢᠳᠭᠤ ᠴᠢᠳᠠᠪᠤᠷᠢ ᠪᠣᠯᠤᠨ ᠤᠳᠤᠷᠢᠳᠭᠤ ᠲᠦᠪᠱᠢᠨᠢᠶᠡᠨᠲᠠᠰᠤᠷᠠᠯᠳᠠᠦᠭᠡᠢᠳᠡᠭᠡᠭ᠌ᠰᠢᠯᠡᠭᠦᠯᠵᠦ᠍᠂ᠨᠠᠮᠢ᠋ᠬᠠᠮᠢᠶᠠᠷᠴᠤ᠌ᠨᠠᠮᠢᠵᠠᠰᠠᠬᠤᠤᠯᠤᠰ ᠲᠦᠷᠦ᠍᠎ᠶ᠋ᠢᠨ ᠬᠠᠷᠢᠭᠤᠴᠠᠯᠭ᠎ᠠ᠎ᠪᠠᠨ ᠦᠨᠡᠨ ᠬᠦ᠌ ᠡᠭᠦᠷᠭᠡᠯᠡᠵᠦ᠍᠂ ᠣᠳᠣᠬᠢᠴᠢᠯᠠᠭ᠍ᠰᠠᠨ ᠥᠪᠥᠷ ᠮᠣᠩᠭᠣᠯ᠎ᠢ ᠪᠦᠳᠦᠭᠡᠨ ᠪᠠᠢᠭᠤᠯᠬᠤ᠎ᠳᠤ ᠪᠠᠲᠤ ᠴᠢᠩᠭ᠎ᠠ ᠪᠠᠲᠤᠯᠠᠭ᠎ᠠ ᠬᠠᠩᠭᠠᠬᠤ᠎ᠶ᠋ᠢ ᠬᠦᠰᠡᠵᠦ᠍ ᠪᠠᠢᠨ᠎ᠠ ᠭᠡᠵᠦ᠍ ᠴᠢᠬᠤᠯᠠᠴᠢᠯᠠᠪᠠ᠃