ᠥᠪᠥᠷ ᠮᠣᠩᠭᠣᠯ᠎ᠤᠨ ᠴᠡᠷᠢᠭ᠎ᠦᠨ ᠲᠣᠭᠣᠷᠢᠭ 《ᠭᠤᠷᠪᠠᠨ ᠠᠩᠬᠢ》 ᠬᠤᠪᠢᠶᠠᠨ ᠪᠥᠬᠥᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠰᠠᠢᠳᠦᠷ ᠤᠬᠠᠭᠤᠯᠤᠨ ᠲᠠᠢᠯᠪᠤᠷᠢᠯᠠᠵᠤ ᠪᠤᠢ
2022-02-12 20:37:02
ᠵᠣᠬᠢᠶᠠᠭ᠍ᠴᠢ᠄
ᠰᠦᠨ ᠯᠢ ᠶᠢᠡᠭ
ᠣᠩᠱᠢᠭ᠍ᠰᠠᠨ ᠣᠳᠠᠭ᠎ᠠ᠄
★★★☆☆

ᠣᠢᠷ᠎ᠠ ᠎ᠶ᠋ᠢᠨ ᠡᠳᠦᠷ᠎ᠤᠳ ᠎ᠲᠦ᠂ ᠥᠪᠥᠷ ᠮᠣᠩᠭᠣᠯ᠎ᠤᠨ ᠴᠡᠷᠢᠭ᠎ᠦᠨ ᠲᠣᠭᠣᠷᠢᠭ᠎ᠤᠨ ᠤᠯᠤᠰ ᠲᠥᠷᠥ ᠎ᠶ᠋ᠢᠨ ᠺᠠᠳ᠋ᠷ᠂ ᠤᠯᠤᠰ᠎ᠤᠨ ᠪᠠᠲᠤᠯᠠᠨ ᠬᠠᠮᠠᠭᠠᠯᠠᠯᠲᠠ᠎ᠶ᠋ᠢᠨ ᠬᠥᠮᠦᠵᠢᠯ᠎ᠦᠨ ᠯᠧᠺᠲ᠋ᠣᠷ᠎ᠤᠨ ᠪᠦᠯᠬᠦᠮ ᠎ᠦᠨ ᠪᠦᠷᠢᠯᠳᠦᠬᠦᠨ ᠪᠠ ᠤᠯᠠᠭᠠᠨᠮᠥ᠋ᠴᠢᠷ᠎ᠦᠨ ᠡᠷᠦᠬᠡ ᠎ᠶ᠋ᠢᠨ ᠴᠡᠷᠢᠭ ᠎ᠦᠨ ᠬᠤᠪᠢᠶᠠᠷᠢ ᠠᠩᠭᠢ ᠎ᠨᠢ ᠴᠡᠭ ᠲᠣᠭ᠍ᠲᠠᠭᠠᠨ ᠬᠠᠪᠰᠤᠷᠤᠨ ᠲᠡᠳᠬᠦᠬᠦ᠌ ᠲᠣᠰᠭᠣᠨ᠂ ᠶᠡᠬᠡ ᠲᠡᠭᠡᠳᠤ ᠰᠤᠷᠭᠠᠭᠤᠯᠢ ᠵᠡᠷᠭᠡ᠎ᠪᠡᠷ ᠭᠦᠨᠵᠡᠭᠡᠢᠷᠡᠨ ᠨᠠᠮ᠎ᠤᠨ ᠠᠷᠪᠠ ᠶᠢᠰᠦᠳᠦᠭᠡᠷ ᠬᠤᠭᠤᠴᠠᠭᠠᠨ᠎ᠦ ᠲᠦᠪ ᠬᠤᠷᠢᠶ᠎ᠡ ᠵᠢᠨ ᠪᠥᠬᠥᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠢᠳᠡᠪᠬᠢᠲᠡᠶ ᠤᠬᠠᠭᠤᠯᠪᠠ᠃

ᠣᠢᠯᠠᠭᠠᠭ᠍ᠰᠠᠨ᠎ᠢᠶᠠᠷ᠂ ᠥᠪᠥᠷ ᠮᠣᠩᠭᠣᠯ᠎ᠤᠨ ᠴᠡᠷᠢᠭ᠎ᠦᠨ ᠲᠣᠭᠣᠷᠢᠭ ᠳᠡᠭᠡᠳᠦ ᠳᠤᠤᠷᠡᠳᠦ ᠱᠠᠲᠤ ᠬᠣᠯᠪᠣᠭᠠᠯᠠᠨ ᠬᠥᠳᠡᠯᠦᠯᠴᠡᠬᠦ᠌᠂ ᠬᠦᠢᠴᠡᠳ ᠤᠶᠠᠯᠳᠤᠭᠤᠯᠬᠤ ᠠᠷᠭ᠎ᠠ ᠬᠡᠯᠪᠡᠷᠢ᠎ᠪᠡᠷ ᠠᠷᠮᠢ᠂ ᠳ᠋ᠢᠸᠢᠽᠢ᠂ ᠬᠣᠷᠢᠶ᠎ᠠ ᠭᠤᠷᠪᠠᠨ ᠱᠠᠲᠤᠨ᠎ᠤ 100 ᠭᠠᠷᠤᠶ ᠤᠯᠤᠰ ᠲᠥᠷᠥ᠎ᠶ᠋ᠢᠨ ᠺᠠᠳ᠋ᠷ᠎ᠢ ᠲᠥᠪᠯᠡᠷᠡᠭᠦᠯᠦᠨ ᠪᠣᠯᠪᠠᠰᠤᠷᠠᠭᠤᠯᠤᠬᠰᠠᠨ  ᠤ᠋ ᠲᠠᠷᠠᠭ᠎ᠠ᠂ ᠪᠥᠬᠥ᠌ ᠣᠷᠣᠨ᠎ᠤ ᠬᠤᠷᠢᠶ᠎ᠠ ᠵᠢᠨ ᠲᠠᠰ᠎ᠡᠴᠡ ᠳᠡᠭᠡᠭ᠌ᠰᠢᠬᠢ 200 ᠭᠠᠷᠤᠶ ᠺᠠᠳ᠋ᠷ᠂ ᠠᠵᠢᠯᠲᠠᠨ ᠠᠵᠢᠯᠴᠢᠨ᠎ᠢ ᠳᠠᠢᠴᠢᠯᠠᠨ 109 ᠬᠠᠪᠰᠤᠷᠤᠨ ᠲᠡᠳᠬᠦᠬᠦ᠌ ᠲᠣᠰᠭᠣᠨ᠎ᠳᠤ ᠬᠦᠷᠴᠦ᠍᠂ 《ᠬᠣᠶᠠᠷ ᠵᠥᠪᠯᠡᠯ》 ᠤ᠋ᠨ ᠤᠳᠤᠷᠢᠳᠭᠤ ᠪᠠᠭ᠂ ᠨᠠᠮ  ᠤ᠋ᠨ ᠬᠡᠰᠢᠬᠦᠨ᠎ᠲᠠᠶ ᠬᠠᠮᠲᠤ᠎ᠪᠠᠷ ᠪᠥᠬᠥᠳᠡ ᠬᠤᠷᠠᠯ ᠎ᠤᠨ ᠵᠣᠷᠢᠭ ᠰᠠᠨᠠᠭ᠎ᠠ᠎ᠶ᠋ᠢ ᠰᠤᠷᠤᠯᠴᠠᠨ ᠶᠠᠷᠢᠯᠴᠠᠪᠠ᠃

ᠲᠦᠷᠦᠬᠦᠬᠡᠨ᠂ ᠬᠦᠬᠡᠬᠤᠳᠠ ᠵᠢᠨ ᠦᠴᠦᠸᠠᠨ ᠱᠢᠶᠠᠨ᠎ᠳ᠋ᠤ ᠤᠯᠤᠰ᠎ᠤᠨ ᠪᠠᠲᠤᠯᠠᠨ ᠬᠠᠮᠠᠭᠠᠯᠠᠯᠲᠠ᠎ᠶ᠋ᠢᠨ ᠬᠥᠮᠦᠵᠢᠯ᠎ᠦᠨ ᠯᠧᠺᠲ᠋ᠣᠷ᠎ᠤᠨ ᠪᠦᠯᠬᠦᠮ᠎ᠦᠨ ᠳᠠᠷᠤᠭ᠎ᠠ ᠱ᠌ᠢ ᠱᠢᠩ ᠴᠢᠶᠠᠩ ᠲᠠᠷᠢᠶᠠᠴᠢᠨ ᠨᠠᠮ᠎ᠤᠨ ᠭᠡᠱᠢᠭᠦᠨ᠎ᠳᠦ ᠨᠠᠮ᠎ᠤᠨ ᠠᠷᠪᠠ ᠶᠢᠰᠦᠳᠦᠭᠡᠷ ᠬᠤᠭᠤᠴᠠᠭᠠᠨ᠎ᠤ ᠲᠥᠪ ᠬᠣᠷᠢᠶ᠎ᠡ ᠵᠢᠨ ᠵᠢᠷᠭᠤᠳᠤᠭᠠᠷ ᠪᠥᠬᠥᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠤᠬᠠᠭᠤᠯᠤᠨ ᠲᠠᠢᠯᠪᠤᠷᠢᠯᠠᠵᠡᠢ᠃ ᠥᠪᠥᠷ ᠮᠣᠩᠭᠣᠯ᠎ᠤᠨ ᠴᠡᠷᠢᠭ᠎ᠦᠨ ᠲᠣᠭᠣᠷᠢᠭ ᠤᠯᠤᠰ᠎ᠤᠨ ᠪᠠᠲᠤᠯᠠᠨ ᠬᠠᠮᠠᠭᠠᠯᠠᠯᠲᠠ᠎ᠶ᠋ᠢᠨ ᠰᠤᠷᠭᠠᠨ ᠬᠥᠮᠦᠵᠢᠯ᠎ᠦᠨ ᠯᠧᠺᠲ᠋ᠣᠷ ᠎ᠤᠨ ᠪᠦᠯᠬᠦᠮ᠎ᠦᠨ 《ᠤᠬᠠᠭᠤᠯᠬᠤ ᠠᠩᠭᠢ》᠎ᠶ᠋ᠢᠨ ᠦᠢᠯᠡᠳᠦᠯ᠎ᠢ ᠭᠦᠢᠴᠡᠳ ᠪᠠᠳᠠᠷᠠᠭᠤᠯᠵᠤ᠂ ᠤᠯᠤᠰ ᠎ᠤᠨ ᠪᠠᠲᠤᠯᠠᠨ ᠬᠠᠮᠠᠭᠠᠯᠠᠯᠲᠠ᠎ᠶ᠋ᠢᠨ ᠰᠤᠷᠭᠠᠨ ᠬᠥᠮᠦᠵᠢᠯ ᠎ᠦᠨ 117 ᠯᠧᠺᠲ᠋ᠣᠷ ᠎ᠤᠨ ᠪᠦᠯᠬᠦᠮ᠂ 300 ᠭᠠᠷᠤᠶ ᠯᠧᠺᠲ᠋ᠣᠷ ᠎ᠢ ᠵᠣᠬᠢᠶᠠᠨ ᠪᠠᠢᠭᠤᠯᠵᠤ᠂ ᠰᠠᠭᠤᠭ᠎ᠠ ᠭᠠᠵᠠᠷ᠎ᠤᠨ ᠰᠤᠷᠭᠠᠭᠤᠯᠢ ᠪᠠ ᠠᠵᠤ ᠠᠬᠤᠢᠯᠠᠯ ᠠᠵᠢᠯ ᠦᠢᠯᠡᠰ᠎ᠦᠨ ᠨᠢᠭᠡᠴᠢ ᠎ᠳᠦ ᠭᠦᠷᠴᠦ᠍᠂ 3000 ᠭᠠᠷᠤᠶ ᠬᠤᠪᠢ ᠤᠬᠠᠭᠤᠯᠭ᠎ᠠ᠎ᠶ᠋ᠢᠨ ᠭᠠᠷ ᠠᠪᠤᠯᠭ᠎ᠠ ᠲᠠᠷᠬᠠᠭᠠᠵᠤ᠂ 200 ᠭᠠᠷᠤᠶ ᠤᠬᠠᠭᠤᠯᠭ᠎ᠠ᠎ᠶ᠋ᠢᠨ ᠤᠷᠢᠶ᠎ᠠ ᠨᠠᠭᠠᠵᠤ᠂ 400 ᠭᠠᠷᠤᠶ ᠲᠠᠯᠠᠪᠠᠢ ᠤᠳᠠᠭ᠎ᠠ ᠤᠬᠠᠭᠤᠯᠤᠨ ᠲᠠᠢᠯᠪᠤᠷᠢᠯᠠᠵᠤ᠂ ᠥᠷᠭᠡᠨ ᠣᠯᠠᠨ ᠨᠠᠮ᠎ᠤᠨ ᠭᠡᠱᠢᠭᠦᠨ ᠺᠠᠳ᠋ᠷ᠂ ᠡᠷᠦᠬᠡ ᠎ᠶ᠋ᠢᠨ ᠴᠡᠷᠢᠭ ᠪᠠ ᠪᠠᠭ᠍ᠰᠢ ᠰᠤᠷᠤᠭ᠍ᠴᠢᠳ ᠎ᠢ ᠬᠠᠪᠰᠤᠷᠤᠨ ᠪᠥᠬᠥᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠣᠨᠣᠪᠴᠢᠲᠠᠶ ᠣᠢᠯᠠᠭᠠᠭᠤᠯᠵᠠᠢ ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠪᠣᠣ ᠮᠧᠢ ᠷᠥᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号