ᠣᠷᠣᠨ ᠵᠠᠢ᠎ᠶ᠋ᠢᠨ ᠠᠵᠤ ᠠᠬᠤᠢ
2022-02-16 17:17:39
ᠵᠣᠬᠢᠶᠠᠭ᠍ᠴᠢ᠄
ᠣᠩᠱᠢᠭ᠍ᠰᠠᠨ ᠣᠳᠠᠭ᠎ᠠ᠄
★★★☆☆

ᠣᠷᠣᠨ ᠵᠠᠢ᠎ᠶ᠋ᠢᠨ ᠠᠵᠤ ᠠᠬᠤᠢ ᠪᠣᠯ ᠵᠣᠬᠢᠬᠤ ᠣᠷᠣᠨ ᠪᠦᠰᠡ᠎ᠶ᠋ᠢᠨ ᠬᠡᠪᠴᠢᠶᠡᠨ᠎ᠳᠡᠬᠢ ᠦᠢᠯᠡᠳᠪᠦᠷᠢᠯᠡᠯ᠎ᠦᠨ ᠬᠦᠴᠦᠨ᠎ᠦ ᠣᠷᠣᠱᠢᠨ ᠬᠥᠭ᠌ᠵᠢᠬᠦ᠌᠎ᠶ᠋ᠢᠨ ᠦᠨᠳᠦᠰᠦᠨ ᠤᠷᠢᠲᠠᠯ ᠮᠥᠨ᠃ ᠭᠠᠵᠠᠷ ᠵᠦᠶ᠎ᠶ᠋ᠢᠨ ᠰᠤᠳᠤᠯᠤᠯ ᠣᠷᠣᠨ ᠵᠠᠶ᠎ᠶ᠋ᠢᠨ ᠠᠵᠤ ᠠᠬᠤᠶ᠎ᠳᠤ ᠠᠭᠤᠯᠤᠭ᠍ᠳᠠᠵᠤ ᠪᠠᠢᠭ᠎ᠠ ᠡᠯ᠎ᠡ ᠵᠦᠶ᠋ᠯ᠎ᠦᠨ ᠪᠣᠳᠠᠰ᠎ᠤᠨ ᠡᠯᠧᠮᠧᠨ᠋ᠲ᠎ᠦᠨ ᠵᠢᠮ᠎ᠡ ᠶᠣᠰᠣ᠎ᠲᠠᠶ ᠲᠠᠷᠬᠠᠯᠲᠠ ᠵᠢᠴᠢ ᠡᠯ᠎ᠡ ᠰᠠᠯᠠᠭ᠎ᠠ ᠮᠥᠴᠢᠷ ᠪᠠ ᠭᠠᠵᠠᠷ ᠣᠷᠣᠨ᠎ᠤ ᠬᠣᠭᠣᠷᠣᠨᠳᠣᠬᠢ ᠬᠠᠷᠢᠯᠴᠠᠨ ᠲᠦᠱᠢᠯᠴᠡᠬᠦ᠌᠂ ᠬᠠᠷᠢᠯᠴᠠᠨ ᠬᠢᠵᠠᠭᠠᠷᠯᠠᠬᠤ ᠬᠠᠷᠢᠴᠠᠭ᠎ᠠ ᠎ᠶ᠋ᠢ ᠵᠢᠭᠠᠵᠦ ᠪᠠᠢᠨ᠎ᠠ

ᠦᠢᠯᠡᠳᠪᠦᠷᠢᠯᠡᠯ᠎ᠦᠨ ᠬᠠᠷᠢᠴᠠᠭ᠎ᠠ

ᠣᠷᠣᠨ ᠵᠠᠢ᠎ᠶ᠋ᠢᠨ ᠠᠵᠤ ᠠᠬᠤᠢ ᠭᠡᠳᠡᠭ ᠨᠢ ᠠᠵᠤ ᠠᠬᠤᠢ᠎ᠶ᠋ᠢᠨ ᠣᠷᠣᠨ ᠵᠠᠢ᠎ᠶ᠋ᠢᠨ ᠪᠦᠲᠦᠴᠡ᠎ᠶ᠋ᠢ ᠵᠢᠭᠠᠵᠤ ᠪᠠᠢᠨ᠎ᠠ᠃ ᠠᠵᠤ ᠠᠬᠤᠶ᠎ᠶ᠋ᠢᠨ ᠭᠠᠵᠠᠷ ᠵᠦᠶ᠎ᠶ᠋ᠢᠨ ᠤᠬᠠᠭᠠᠨ᠎ᠳᠤ᠂ ᠡᠨᠡ ᠤᠬᠠᠭ᠍ᠳᠠᠬᠤᠨ᠎ᠢ ᠵᠠᠷᠢᠮ᠎ᠳᠠᠭᠠᠨ ᠠᠵᠤ ᠠᠬᠤᠶ᠎ᠶ᠋ᠢᠨ ᠦᠵᠡᠮᠵᠢ᠎ᠶ᠋ᠢᠨ ᠰᠤᠳᠤᠯᠭᠠᠨ᠎ᠳᠤ ᠬᠡᠷᠡᠭ᠌ᠯᠡᠳᠡᠭ᠃ ᠡᠷᠲᠡᠨ᠎ᠦ ᠰᠣᠩᠭᠣᠳᠠᠭ ᠠᠵᠤ ᠠᠬᠤᠢ᠎ᠶ᠋ᠢᠨ ᠤᠬᠠᠭᠠᠨ᠎ᠳᠤ ᠲᠡᠭᠦᠨ᠎ᠢᠶᠡᠷ ᠠᠵᠤ ᠦᠢᠯᠡᠰ᠎ᠦᠨ ᠣᠷᠣᠨ ᠪᠠᠢᠷᠢ᠎ᠶ᠋ᠢᠨ ᠪᠦᠷᠢᠯᠳᠦᠯ ᠪᠠ ᠬᠥᠭ᠌ᠵᠢᠯᠲᠡ᠎ᠶ᠋ᠢ ᠳᠦᠷᠰᠦᠯᠡᠵᠦ᠍᠂ ᠣᠷᠣᠨ ᠵᠠᠢ᠎ᠶ᠋ᠢᠨ ᠠᠵᠤ ᠠᠬᠤᠢ ᠪᠣᠯ ᠠᠵᠤ ᠠᠬᠤᠢ᠎ᠶ᠋ᠢᠨ ᠠᠵᠢᠯᠯᠠᠭᠠᠨ᠎ᠤ ᠪᠤᠳᠤᠯᠢᠶᠠᠨᠲᠠᠢ ᠣᠷᠣᠨ ᠵᠠᠢ᠎ᠶ᠋ᠢᠨ ᠬᠡᠯᠪᠡᠷᠢ ᠮᠠᠶᠢᠭ ᠮᠥᠨ ᠭᠡᠵᠦ᠍ ᠦᠵᠡᠳᠡᠭ ᠪᠤᠶᠤ ᠵᠠᠷᠢᠮ᠎ᠳᠠᠭᠠᠨ ᠣᠨᠴᠠᠭᠠᠢ ᠡᠬᠢ ᠪᠠᠶᠠᠯᠢᠭ ᠪᠠ ᠬᠥᠮᠦᠨ ᠠᠮᠠ᠎ᠶ᠋ᠢᠨ ᠪᠦᠲᠦᠴᠡ ᠵᠢᠴᠢ ᠣᠨᠴᠠᠭᠠᠢ ᠦᠢᠯᠡᠳᠪᠦᠷᠢᠯᠡᠯ ᠪᠠ ᠲᠡᠭᠡᠭᠡᠪᠦᠷᠢ᠎ᠶ᠋ᠢᠨ ᠮᠡᠷᠭᠡᠵᠢᠯ᠎ᠲᠡᠶ ᠵᠣᠬᠢᠴᠠᠯᠳᠤᠳᠠᠭ ᠭᠡᠵᠦ᠍ ᠦᠵᠡᠳᠡᠭ᠃

ᠲᠠᠷᠬᠠᠯᠲᠠ᠎ᠶ᠋ᠢᠨ ᠬᠡᠯᠪᠡᠷᠢ

ᠣᠷᠣᠨ ᠵᠠᠢ᠎ᠶ᠋ᠢᠨ ᠠᠵᠤ ᠠᠬᠤᠢ᠎ᠶ᠋ᠢᠨ ᠲᠠᠷᠬᠠᠯᠲᠠ᠎ᠶ᠋ᠢᠨ ᠬᠡᠯᠪᠡᠷᠢ ᠶᠡᠷᠦᠩᠬᠡᠢ᠎ᠳᠡᠭᠡᠨ ᠭᠤᠷᠪᠠᠨ ᠵᠦᠢᠯ ᠪᠠᠢᠳᠠᠭ ᠄

ᠨᠢᠭᠡ᠂ ᠠᠵᠤ ᠠᠬᠤᠢ᠎ᠶ᠋ᠢᠨ ᠨᠢᠭ᠍ᠲᠠᠴᠠ᠃ ᠲᠤᠬᠠᠢᠯᠠᠪᠠᠯ ᠦᠢᠯᠡᠳᠪᠦᠷᠢᠯᠡᠯ᠎ᠦᠨ ᠬᠦᠴᠦᠨ᠎ᠦ ᠡᠯᠧᠮᠧᠨ᠋ᠲ᠎ᠦᠨ ᠣᠷᠣᠨ ᠵᠠᠢ᠎ᠶ᠋ᠢᠨ ᠬᠡᠪᠴᠢᠶᠡᠨ᠎ᠳᠦ ᠢᠯᠡᠷᠡᠭ᠌ᠰᠡᠨ ᠲᠣᠭ᠎ᠠ ᠬᠡᠮᠵᠢᠶᠡᠨ᠎ᠦ ᠬᠠᠷᠢᠴᠠᠭ᠎ᠠ ᠎ᠶ᠋ᠢ ᠵᠢᠭᠠᠵᠤ ᠪᠠᠢᠨ᠎ᠠ᠃

ᠬᠣᠶᠠᠷ᠂ ᠣᠷᠣᠨ ᠵᠠᠢ᠎ᠶ᠋ᠢᠨ ᠪᠠᠢᠷᠢᠱᠢᠯ᠃ ᠣᠷᠣᠨ ᠵᠠᠢ᠎ᠶ᠋ᠢᠨ ᠪᠠᠢᠷᠢᠱᠢᠯ ᠭᠡᠳᠡᠭ ᠨᠢ ᠵᠣᠬᠢᠬᠤ ᠣᠷᠣᠨ ᠪᠦᠰᠡ᠎ᠶ᠋ᠢᠨ ᠬᠡᠪᠴᠢᠶᠡᠨ᠎ᠳᠡᠬᠢ ᠠᠵᠤ ᠠᠬᠤᠢ᠎ᠶ᠋ᠢᠨ ᠰᠠᠯᠠᠭ᠎ᠠ ᠮᠥᠴᠢᠷ᠎ᠦᠨ ᠴᠤᠭ᠍ᠯᠠᠷᠠᠯ ᠪᠠ ᠲᠠᠷᠬᠠᠯᠲᠠ᠎ᠶ᠋ᠢ ᠵᠢᠭᠠᠵᠤ ᠪᠠᠢᠨ᠎ᠠ᠃

ᠭᠣᠷᠪᠠ᠂ ᠪᠠᠢᠷᠢᠱᠢᠯ᠎ᠤᠨ ᠬᠡᠯᠪᠡᠷᠢ᠃ ᠪᠠᠢᠷᠢᠱᠢᠯ᠎ᠤᠨ ᠬᠡᠯᠪᠡᠷᠢ ᠭᠡᠳᠡᠭ ᠨᠢ ᠣᠷᠣᠨ ᠵᠠᠢ᠎ᠶ᠋ᠢᠨ ᠠᠵᠤ ᠠᠬᠤᠢ᠎ᠶ᠋ᠢᠨ ᠭᠠᠵᠠᠷ ᠣᠷᠣᠨ᠎ᠤ ᠢᠯᠡᠷᠡᠬᠦ᠌ ᠬᠡᠯᠪᠡᠷᠢ᠎ᠶ᠋ᠢ ᠵᠢᠭᠠᠵᠤ ᠪᠠᠢᠨ᠎ᠠ᠂ ᠲᠡᠷᠡ ᠪᠣᠯ ᠠᠵᠤ ᠠᠬᠤᠢ᠎ᠶ᠋ᠢᠨ ᠨᠢᠭ᠍ᠲᠠᠴᠠ ᠪᠠ ᠣᠷᠣᠨ ᠵᠠᠢ᠎ᠶ᠋ᠢᠨ ᠪᠠᠢᠷᠢᠱᠢᠯ᠎ᠤᠨ ᠬᠠᠷᠢᠯᠴᠠᠨ ᠦᠢᠯᠡᠳᠦᠯ ᠦᠵᠡᠭᠦᠯᠬᠦ᠌᠎ᠡᠴᠡ ᠪᠣᠯᠤᠭ᠍ᠰᠠᠨ ᠣᠷᠣᠨ ᠪᠦᠰᠡ᠎ᠶ᠋ᠢᠨ ᠪᠠᠢᠷᠢᠱᠢᠯ᠎ᠤᠨ ᠬᠡᠯᠪᠡᠷᠢ ᠮᠥᠨ᠃ ᠶᠡᠷᠦᠩᠬᠡᠢ᠎ᠳᠦᠨᠢ ᠠᠪᠴᠤ᠌ ᠬᠡᠯᠡᠪᠡᠯ᠂ ᠣᠷᠣᠨ ᠵᠠᠢ᠎ᠶ᠋ᠢᠨ ᠠᠵᠤ ᠠᠬᠤᠢ ᠨᠢ ᠭᠣᠣᠯᠳᠠᠭᠤ ᠣᠷᠣᠨ ᠪᠦᠰᠡ᠎ᠶ᠋ᠢᠨ ᠠᠵᠤ ᠠᠬᠤᠢ᠎ᠶ᠋ᠢᠨ ᠲᠥᠪᠯᠡᠷᠡᠭ᠌ᠰᠡᠨ ᠣᠷᠣᠨ᠂ ᠲᠤᠬᠠᠢᠯᠠᠪᠠᠯ ᠠᠵᠤ ᠦᠢᠯᠡᠳᠪᠦᠷᠢᠵᠢᠯᠲᠡ ᠲᠥᠪᠯᠡᠷᠡᠭ᠌ᠰᠡᠨ ᠬᠤᠳᠠ᠎ᠶ᠋ᠢᠨ ᠣᠷᠣᠨ᠎ᠳᠤ ᠢᠯᠡᠷᠡᠳᠡᠭ᠃ ᠣᠷᠣᠨ ᠵᠠᠢ᠎ᠶ᠋ᠢᠨ ᠠᠵᠤ ᠠᠬᠤᠢ᠎ᠶ᠋ᠢᠨ ᠭᠣᠣᠯ ᠠᠭᠤᠯᠭ᠎ᠠ ᠪᠣᠯ ᠣᠷᠣᠨ ᠵᠠᠢ᠎ᠶ᠋ᠢᠨ ᠠᠵᠤ ᠠᠬᠤᠢ᠎ᠶ᠋ᠢᠨ ᠪᠦᠲᠦᠴᠡ᠂ ᠪᠠᠢᠷᠢᠱᠢᠯ᠎ᠤᠨ ᠬᠦᠴᠦᠨ ᠵᠦᠢᠯ᠎ᠢ ᠰᠤᠳᠤᠯᠵᠤ ᠂ ᠨᠥᠬᠥᠴᠡᠯ ᠵᠢᠴᠢ ᠡᠳᠡᠭᠡᠷ ᠬᠦᠴᠦᠨ ᠵᠦᠢᠯ᠎ᠦᠨ ᠬᠣᠭᠣᠷᠣᠨᠳᠣᠬᠢ ᠬᠠᠷᠢᠯᠴᠠᠭ᠎ᠠ᠎ᠶ᠋ᠢ ᠪᠦᠷᠢᠯᠳᠦᠭᠦᠯᠵᠦ᠍᠂ ᠵᠦᠢ ᠵᠣᠬᠢᠰᠲᠠᠢ᠂ ᠪᠠᠢᠷᠢᠱᠢᠯ ᠨᠢ ᠵᠣᠬᠢᠴᠠᠩᠭᠤᠢ ᠠᠵᠤ ᠠᠬᠤᠢ᠎ᠶ᠋ᠢᠨ ᠪᠦᠳᠦᠭᠡᠨ ᠪᠠᠢᠭᠤᠯᠤᠯᠲᠠ᠎ᠶ᠋ᠢᠨ ᠵᠠᠭ᠍ᠪᠤᠷ᠎ᠢ ᠡᠷᠢᠯᠬᠢᠯᠡᠬᠦ᠌ ᠶᠠᠪᠤᠳᠠᠯ ᠪᠣᠯᠤᠨ᠎ᠠ᠃ ᠣᠷᠣᠨ ᠵᠠᠢ᠎ᠶ᠋ᠢᠨ ᠠᠵᠤ ᠠᠬᠤᠢ᠎ᠶ᠋ᠢᠨ ᠨᠡᠢᠯᠡᠯ᠎ᠦᠨ ᠦᠷ᠎ᠡ ᠪᠦᠲᠦᠮᠵᠢ ᠨᠢ ᠦᠢᠯᠡᠳᠪᠦᠷᠢᠯᠡᠯ᠎ᠦᠨ ᠬᠦᠴᠦᠨ᠎ᠦ ᠪᠠᠢᠷᠢᠱᠢᠯ ᠬᠠᠮᠤᠭ᠎ᠤᠨ ᠵᠦᠢ ᠵᠣᠬᠢᠰᠲᠠᠢ ᠣᠷᠣᠨ ᠪᠦᠰᠡ ᠂ ᠲᠣᠭ᠎ᠠ ᠬᠡᠮᠵᠢᠶ᠎ᠡ ᠪᠠ ᠶᠠᠰᠤ ᠴᠢᠨᠠᠷ ᠬᠠᠮᠤᠭ᠎ᠤᠨ ᠰᠠᠢ᠌ᠨ ᠪᠠᠢᠳᠠᠯ᠎ᠳᠤ ᠪᠠᠢᠬᠤ ᠦᠶ᠎ᠡ᠎ᠳᠦ ᠡᠭᠦᠰᠦᠭ᠌ᠰᠡᠨ ᠦᠢᠯᠡᠳᠦᠯ᠂ ᠲᠤᠬᠠᠢᠯᠠᠪᠠᠯ ᠠᠵᠤ ᠠᠬᠤᠢ᠎ᠶ᠋ᠢᠨ ᠦᠷ᠎ᠡ ᠠᠱᠢᠭ ᠳᠡᠭᠡᠷ᠎ᠡ ᠢᠯᠡᠷᠡᠳᠡᠭ᠃

ᠡᠮᠬᠢᠯᠡᠭ᠌ᠴᠢ᠄ ᠴᠠᠩ ᠶᠠᠨ ᠵᠢᠶᠦ᠋ᠨ

ᠢᠷᠡᠯᠳᠡ᠄ ᠪᠠᠢ ᠳ᠋ᠦ᠋ ᠰᠦᠯᠵᠢᠶ᠎ᠡ

ᠣᠷᠴᠢᠭᠤᠯᠤᠭ᠍ᠴᠢ᠄
ᠨᠠᠢᠷᠠᠭᠤᠯᠤᠭ᠍ᠴᠢ᠄ ᠪᠤᠶᠠᠨ᠌ᠦ᠌ᠨᠳᠦᠰᠦ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2023 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄tn@mgyxw.net   蒙ICP备10000005号