ᠦᠢᠯᠡᠳᠪᠦᠷᠢᠯᠡᠯ᠎ᠦᠨ ᠬᠦᠴᠦᠨ
ᠦᠢᠯᠡᠳᠪᠦᠷᠢᠯᠡᠯ᠎ᠦᠨ ᠬᠦᠴᠦᠨ ᠪᠣᠯ ᠬᠥᠮᠦᠨ ᠲᠥᠷᠥᠯᠬᠢᠲᠡᠨ᠎ᠦ ᠪᠠᠢᠭᠠᠯᠢ᠎ᠶ᠋ᠢ ᠠᠱᠢᠭ᠍ᠯᠠᠬᠤ᠂ ᠪᠠᠢᠭᠠᠯᠢ᠎ᠶ᠋ᠢ ᠥᠭᠡᠷᠡᠴᠢᠯᠡᠬᠦ᠌ ᠴᠢᠳᠠᠪᠤᠷᠢ ᠮᠥᠨ᠂ ᠦᠢᠯᠡᠳᠪᠦᠷᠢᠯᠡᠯ᠎ᠦᠨ ᠠᠷᠭ᠎ᠠ᠎ᠶ᠋ᠢᠨ ᠨᠢᠭᠡ ᠲᠠᠯ᠎ᠠ ᠮᠥᠨ᠃ ᠲᠡᠷᠡ ᠨᠢ ᠦᠢᠯᠡᠳᠪᠦᠷᠢᠯᠡᠯ᠎ᠦᠨ ᠶᠠᠪᠤᠴᠠ᠎ᠳᠠᠬᠢ ᠬᠥᠮᠦᠨ ᠬᠢᠭᠡᠳ ᠪᠠᠢᠭᠠᠯᠢ᠎ᠶ᠋ᠢᠨ ᠬᠠᠷᠢᠴᠠᠭ᠎ᠠ᠎ᠶ᠋ᠢ ᠢᠯᠡᠳᠭᠡᠳᠡᠭ᠃ ᠡᠨᠭ᠌ᠭᠧᠯᠰᠤᠨ ᠦᠵᠡᠯᠲᠡ ᠪᠡᠷ ᠪᠣᠯ᠂ ᠦᠢᠯᠡᠳᠪᠦᠷᠢᠯᠡᠯ᠎ᠦᠨ ᠬᠦᠴᠦᠨ ᠪᠣᠯ ᠬᠥᠳᠡᠯᠮᠦᠷᠢᠯᠡᠬᠦ᠌ ᠴᠢᠳᠠᠪᠤᠷᠢ᠎ᠲᠠᠶ ᠬᠥᠮᠦᠨ ᠨᠢ ᠦᠢᠯᠡᠳᠪᠦᠷᠢᠯᠡᠯ᠎ᠦᠨ ᠬᠡᠷᠡᠭ᠌ᠰᠡᠯ᠎ᠲᠡᠶ ᠤᠶᠠᠯᠳᠤᠭᠠᠳ ᠪᠤᠢ ᠪᠣᠯᠤᠭ᠍ᠰᠠᠨ ᠪᠠᠢᠭᠠᠯᠢ᠎ᠶ᠋ᠢ ᠥᠭᠡᠷᠡᠴᠢᠯᠡᠬᠦ᠌ ᠴᠢᠳᠠᠪᠤᠷᠢ ᠮᠥᠨ᠃ ᠡᠷᠲᠡᠨ᠎ᠦ ᠪᠡᠴᠢᠨ ᠬᠥᠳᠡᠯᠮᠦᠷᠢ᠎ᠪᠡᠷ ᠲᠠᠮᠵᠢᠨ ᠬᠥᠮᠦᠨ ᠪᠤᠯᠵᠤ ᠬᠤᠪᠢᠷᠠᠵᠤ ᠬᠥᠳᠡᠯᠮᠦᠷᠢ᠎ᠶ᠋ᠢᠨ ᠦᠢᠯᠡᠳᠪᠦᠷᠢᠯᠡᠬᠦ᠌ ᠬᠦᠴᠦᠨ᠎ᠢ ᠪᠤᠢ ᠪᠣᠯᠭᠠᠭ᠍ᠰᠠᠨ ᠶᠠᠪᠤᠳᠠᠯ ᠪᠣᠯ ᠦᠢᠯᠡᠳᠪᠦᠷᠢᠯᠡᠬᠦ᠌ ᠬᠦᠴᠦᠨ᠎ᠦ ᠪᠦᠷᠢᠯᠳᠦᠭ᠌ᠰᠡᠨ ᠪᠡᠯᠭᠡ ᠲᠡᠮᠳᠡᠭ ᠪᠠ ᠲᠡᠦᠬᠡᠨ ᠡᠬᠢᠯᠡᠯᠲᠡ ᠮᠥᠨ᠃ ᠡᠢᠮᠦ᠍᠎ᠡᠴᠡ ᠦᠢᠯᠡᠳᠪᠦᠷᠢᠯᠡᠯ᠎ᠦᠨ ᠬᠦᠴᠦᠨ ᠪᠣᠯ ᠳᠠᠷᠤᠢ ᠬᠥᠮᠦᠨ᠎ᠦ ᠪᠣᠳᠠᠲᠠᠢ ᠦᠢᠯᠡᠳᠪᠦᠷᠢᠯᠡᠯ᠎ᠦᠨ ᠠᠵᠢᠯᠯᠠᠭ᠎ᠠ ᠬᠢᠬᠦ᠌ ᠴᠢᠳᠠᠪᠤᠷᠢ ᠮᠥᠨ᠂ ᠪᠠᠰᠠ ᠴᠤ᠌ ᠬᠥᠳᠡᠯᠮᠦᠷᠢ᠎ᠶ᠋ᠢᠨ ᠦᠢᠯᠡᠳᠪᠦᠷᠢᠯᠡᠬᠦ᠌ ᠴᠢᠳᠠᠪᠤᠷᠢ᠂ ᠪᠣᠳᠠᠲᠠᠢ ᠬᠥᠳᠡᠯᠮᠦᠷᠢ ᠶ᠋ᠢᠨ ᠦᠢᠯᠡᠳᠪᠦᠷᠢᠯᠡᠯ᠎ᠦᠨ ᠬᠦᠴᠦᠨ ᠮᠥᠨ᠃ ᠦᠢᠯᠡᠳᠪᠦᠷᠢᠯᠡᠯ᠎ᠦᠨ ᠬᠦᠴᠦᠨ᠎ᠦ ᠢᠯᠡᠷᠡᠯ ᠪᠣᠯ ᠦᠢᠯᠡᠳᠪᠦᠷᠢᠯᠡᠯ᠎ᠦᠨ ᠳᠤᠮᠳᠠᠬᠢ ᠪᠡᠶᠡᠴᠢ ᠴᠣᠭ᠍ᠴᠠ᠎ᠶ᠋ᠢᠨ ᠠᠵᠢᠯᠯᠠᠭ᠎ᠠ ᠵᠢᠴᠢ ᠡᠳᠡᠭᠡᠷ ᠠᠵᠢᠯᠯᠠᠭ᠎ᠠ᠎ᠶ᠋ᠢᠨ ᠦᠷ᠎ᠡ ᠳ᠋ᠦᠩ᠎ᠦᠨ ᠣᠷᠣᠱᠢᠬᠤᠢ ᠮᠥᠨ᠂ ᠲᠤᠬᠠᠢᠯᠠᠪᠠᠯ ᠬᠥᠳᠡᠯᠮᠦᠷᠢ᠎ᠶ᠋ᠢᠨ ᠪᠦᠲᠦᠭᠡᠭ᠌ᠳᠡᠬᠦᠨ᠎ᠢ ᠵᠢᠭᠠᠵᠤ ᠪᠤᠢ᠃ ᠪᠡᠶᠡᠴᠢ ᠴᠣᠭ᠍ᠴᠠ᠎ᠶ᠋ᠢᠨ ᠱᠢᠨᠵᠢ ᠴᠢᠨᠠᠷ᠎ᠤᠨ ᠠᠳᠠᠯᠢ ᠪᠤᠰᠤ᠎ᠪᠠᠷ ᠨᠢ ᠦᠢᠯᠡᠳᠪᠦᠷᠢᠯᠡᠯ᠎ᠦᠨ ᠬᠦᠴᠦᠨ᠎ᠢ ᠪᠠᠢᠭᠠᠯᠢ᠎ᠶ᠋ᠢᠨ ᠦᠢᠯᠡᠳᠪᠦᠷᠢᠯᠡᠯ᠎ᠦᠨ ᠬᠦᠴᠦᠨ ᠪᠠ ᠨᠡᠢᠭᠡᠮ᠎ᠦᠨ ᠦᠢᠯᠡᠳᠪᠦᠷᠢᠯᠡᠯ᠎ᠦᠨ ᠬᠦᠴᠦᠨ ᠭᠡᠵᠦ᠍ ᠬᠤᠪᠢᠶᠠᠵᠤ ᠪᠣᠯᠤᠨ᠎ᠠ᠃
ᠢᠪᠴᠤᠤ ᠤᠳᠭ᠎ᠠ᠎ᠠᠴᠠ ᠠᠪᠴᠤ᠌ ᠦᠵᠡᠪᠡᠯ᠂ ᠦᠢᠯᠡᠳᠪᠦᠷᠢᠯᠡᠯ ᠦᠨ ᠬᠦᠴᠦᠨ ᠪᠤᠯ ᠬᠥᠮᠦᠨ ᠲᠥᠷᠥᠯᠬᠢᠲᠡᠨ᠎ᠦ ᠱᠢᠨ᠎ᠡ ᠡᠳ᠋ ᠪᠠᠶᠠᠯᠢᠭ᠎ᠢ ᠡᠭᠦᠳᠦᠨ ᠪᠦᠲᠦᠭᠡᠬᠦ᠌ ᠴᠢᠳᠠᠪᠤᠷᠢ᠎ᠶ᠋ᠢ ᠬᠡᠯᠡᠵᠦ᠍ ᠪᠠᠢᠨ᠎ᠠ᠃ ᠬᠥᠨᠳᠡᠯᠡᠨ ᠲᠠᠯ᠎ᠠ ᠢᠶᠡᠷ ᠦᠵᠡᠪᠡᠯ᠂ ᠦᠢᠯᠡᠳᠪᠦᠷᠢᠯᠡᠯ᠎ᠦᠨ ᠬᠦᠴᠦᠨ᠎ᠢ ᠬᠤᠪᠢ ᠬᠥᠮᠦᠨ᠎ᠦ ᠦᠢᠯᠡᠳᠪᠦᠷᠢᠯᠡᠯ᠎ᠦᠨ ᠬᠦᠴᠦᠨ᠂ ᠠᠵᠤ ᠠᠬᠤᠢᠯᠠᠯ᠎ᠤᠨ ᠦᠢᠯᠡᠳᠪᠦᠷᠢᠯᠡᠯ ᠦᠨ ᠬᠦᠴᠦᠨ᠂ ᠨᠡᠢᠭᠡᠮ᠎ᠦᠨ ᠦᠢᠯᠡᠳᠪᠦᠷᠢᠯᠡᠯ᠎ᠦᠨ ᠬᠦᠴᠦᠨ ᠭᠡᠵᠦ᠍ ᠬᠣᠪᠢᠶᠠᠵᠤ᠂ ᠭᠤᠯᠳᠤ ᠲᠠᠯ᠎ᠠ᠎ᠠᠴᠠ ᠦᠵᠡᠪᠡᠯ᠂ ᠦᠢᠯᠡᠳᠪᠦᠷᠢᠯᠡᠯ᠎ᠦᠨ ᠬᠦᠴᠦᠨ᠎ᠢ ᠣᠬᠣᠷ ᠬᠤᠭᠤᠴᠠᠭᠠᠨ᠎ᠤ ᠦᠢᠯᠡᠳᠪᠦᠷᠢᠯᠡᠯ᠎ᠦᠨ ᠬᠦᠴᠦᠨ ᠪᠠ ᠤᠷᠳᠦ ᠬᠤᠭᠤᠴᠠᠭᠠᠨ᠎ᠤ ᠦᠢᠯᠡᠳᠪᠦᠷᠢᠯᠡᠯ᠎ᠦᠨ ᠬᠦᠴᠦᠨ ᠭᠡᠵᠦ᠍ ᠬᠤᠪᠢᠶᠠᠨ᠎ᠠ᠃ ᠲᠡᠰ ᠳᠠᠪᠬᠤᠷᠭ᠎ᠠ ᠶ᠋ᠢᠨ ᠲᠠᠯ᠎ᠠ᠎ᠠᠴᠠ ᠠᠪᠴᠤ᠌ ᠦᠵᠡᠪᠡᠯ᠂ ᠦᠢᠯᠡᠳᠪᠦᠷᠢᠯᠡᠯ᠎ᠦᠨ ᠬᠦᠴᠦᠨ᠎ᠢ ᠪᠣᠳᠠᠰ᠎ᠤᠨ ᠦᠢᠯᠡᠳᠪᠦᠷᠢᠯᠡᠯ᠎ᠦᠨ ᠬᠦᠴᠦᠨ ᠪᠠ ᠤᠶᠦᠠ ᠰᠠᠨᠠᠭᠠᠨ᠎ᠤ ᠦᠢᠯᠡᠳᠪᠦᠷᠢᠯᠡᠯ᠎ᠦᠨ ᠬᠦᠴᠦᠨ ᠭᠡᠵᠦ᠍ ᠬᠤᠪᠢᠶᠠᠳᠠᠭ᠃
ᠦᠢᠯᠡᠳᠪᠦᠷᠢᠯᠡᠯ᠎ᠦᠨ ᠬᠦᠴᠦᠨ᠎ᠦ ᠪᠦᠷᠢᠯᠳᠦᠬᠦ᠌ ᠡᠯᠧᠮᠧᠨ᠋ᠲ
ᠦᠢᠯᠡᠳᠪᠦᠷᠢᠯᠡᠯ᠎ᠦᠨ ᠬᠦᠴᠦᠨ᠎ᠢ ᠪᠦᠷᠢᠯᠳᠦᠭᠦᠯᠬᠦ᠌ ᠦᠨᠳᠦᠰᠦᠨ ᠡᠯᠧᠮᠧᠨ᠋ᠲ᠄ ᠦᠢᠯᠡᠳᠪᠦᠷᠢᠯᠡᠯ᠎ᠦᠨ ᠪᠠᠭᠠᠵᠢ᠎ᠪᠠᠷ ᠭᠣᠣᠯ ᠪᠣᠯᠭᠠᠭ᠍ᠰᠠᠨ ᠬᠥᠳᠡᠯᠮᠦᠷᠢ᠎ᠶ᠋ᠢᠨ ᠬᠡᠷᠡᠭ᠌ᠰᠡᠯ᠂ ᠦᠢᠯᠡᠳᠪᠦᠷᠢᠯᠡᠯ᠎ᠦᠨ ᠶᠠᠪᠤᠴᠠ᠎ᠳᠤ ᠣᠷᠣᠭᠤᠯᠤᠭ᠍ᠰᠠᠨ ᠬᠥᠳᠡᠯᠮᠦᠷᠢ᠎ᠶ᠋ᠢᠨ ᠡᠳᠡᠭᠡᠳ᠂ ᠵᠣᠬᠢᠬᠤ ᠦᠢᠯᠡᠳᠪᠦᠷᠢᠯᠡᠯ᠎ᠦᠨ ᠲᠤᠷᠱᠢᠯᠭ᠎ᠠ ᠪᠠ ᠬᠥᠳᠡᠯᠮᠦᠷᠢ᠎ᠶ᠋ᠢᠨ ᠤᠷ᠎ᠠ ᠴᠢᠳᠠᠪᠤᠷᠢ᠎ᠲᠠᠶ ᠬᠥᠳᠡᠯᠮᠦᠷᠢᠴᠢᠨ ᠪᠣᠯᠤᠨ᠎ᠠ᠃ ᠡᠨᠡ ᠨᠢ ᠨᠡᠢᠭᠡᠮ᠎ᠦᠨ ᠬᠥᠭ᠌ᠵᠢᠯᠲᠡ᠎ᠶ᠋ᠢᠨ ᠳᠣᠲᠣᠭᠠᠳᠤ ᠬᠥᠳᠡᠯᠭᠡᠭ᠌ᠴᠢ ᠬᠦᠴᠦᠨ᠎ᠦ ᠰᠠᠭᠤᠷᠢ ᠮᠥᠨ᠃ ᠦᠢᠯᠡᠳᠪᠦᠷᠢᠯᠡᠯ᠎ᠦᠨ ᠬᠦᠴᠦᠨ᠎ᠦ ᠳᠣᠲᠣᠷ᠎ᠠ ᠪᠠᠰᠠ ᠱᠢᠨᠵᠢᠯᠡᠬᠦ᠌ ᠤᠬᠠᠭᠠᠨ ᠲᠸᠭᠨᠢᠢᠡ᠋ ᠮᠡᠷᠭᠡᠵᠢᠯ ᠪᠠᠭ᠍ᠲᠠᠵᠤ ᠪᠠᠢᠳᠠᠭ᠃ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠢ ᠦᠢᠯᠡᠳᠪᠦᠷᠢᠯᠡᠯ᠎ᠦᠨ ᠶᠠᠪᠤᠴᠠ᠎ᠳᠤ ᠬᠡᠷᠡᠭ᠌ᠯᠡᠵᠦ᠍᠂ ᠦᠢᠯᠡᠳᠪᠦᠷᠢᠯᠡᠯ᠎ᠦᠨ ᠬᠦᠴᠦᠨ᠎ᠦ ᠦᠨᠳᠦᠰᠦᠨ ᠡᠯᠧᠮᠧᠨ᠋ᠲᠦᠳᠦᠨ ᠳᠣᠲᠣᠷ᠎ᠠ ᠨᠡᠪᠴᠢᠭᠡᠳ ᠪᠣᠳᠠᠲᠠᠢ ᠦᠢᠯᠡᠳᠪᠦᠷᠢᠯᠡᠬᠦ᠌ ᠴᠢᠳᠠᠪᠤᠷᠢ ᠪᠤᠯᠵᠦ᠍ ᠬᠤᠪᠢᠷᠠᠳᠠᠭ᠃
ᠱᠢᠨᠵᠢᠯᠡᠬᠦ᠌ ᠤᠬᠠᠭᠠᠨ ᠲᠸᠭᠨᠢᠢᠡ᠋ ᠮᠡᠷᠭᠡᠵᠢᠯ᠎ᠦᠨ ᠲᠠᠯ᠎ᠠ᠎ᠪᠠᠷ ᠬᠢ ᠡᠭᠦᠳᠦᠯᠲᠡ ᠪᠦᠲᠦᠭᠡᠯᠲᠡ ᠨᠢ ᠬᠥᠳᠡᠯᠮᠦᠷᠢ᠎ᠶ᠋ᠢᠨ ᠬᠡᠷᠡᠭ᠌ᠰᠡᠯ᠂ ᠬᠥᠳᠡᠯᠮᠦᠷᠢ ᠶ᠋ᠢᠨ ᠡᠳᠡᠭᠡᠳ ᠪᠠ ᠬᠥᠳᠡᠯᠮᠦᠷᠢᠴᠢᠳ᠎ᠦᠨ ᠬᠡᠪ ᠴᠢᠨᠠᠷ᠎ᠤᠨ ᠭᠦᠨᠵᠡᠭᠡᠢ ᠬᠤᠪᠢᠰᠤᠯᠲᠠ ᠪᠠ ᠯᠤᠲᠤ ᠶᠡᠬᠡ ᠲᠠᠪᠱᠢᠯᠳᠠ᠎ᠶ᠋ᠢ ᠡᠭᠦᠰᠭᠡᠵᠦ᠍᠂ ᠦᠢᠯᠡᠳᠪᠦᠷᠢᠯᠡᠯ᠎ᠢ ᠵᠣᠬᠢᠶᠠᠨ ᠪᠠᠢᠭᠤᠯᠵᠤ ᠬᠠᠮᠢᠶᠠᠷᠬᠤ᠎ᠳᠤ ᠱᠢᠨᠵᠢᠯᠡᠬᠦ᠌ ᠤᠬᠠᠭᠠᠨᠴᠢ᠎ᠪᠠᠷ ᠬᠡᠷᠡᠭ᠌ᠯᠡᠪᠡᠯ ᠬᠠᠮᠢᠶᠠᠷᠤᠯᠲᠠ᠎ᠶ᠋ᠢᠨ ᠦᠷ᠎ᠡ ᠪᠦᠲᠦᠮᠵᠢ᠎ᠶ᠋ᠢ ᠶᠡᠬᠡᠪᠡᠷ ᠳᠡᠭᠡᠭ᠌ᠰᠢᠯᠡᠭᠦᠯᠵᠦ᠍ ᠴᠢᠳᠠᠨ᠎ᠠ᠃ ᠬᠥᠳᠡᠯᠮᠦᠷᠢᠴᠢᠳ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠢ ᠡᠵᠡᠮᠱᠢᠪᠡᠯ ᠬᠥᠳᠡᠯᠮᠦᠷᠢ᠎ᠶ᠋ᠢᠨ ᠪᠦᠲᠦᠭᠡᠯ ᠢ ᠲᠤᠢᠯ᠎ᠤᠨ ᠶᠡᠬᠡᠪᠡᠷ ᠳᠡᠭᠡᠭ᠌ᠰᠢᠯᠡᠭᠦᠯᠵᠦ᠍ ᠪᠣᠯᠤᠨ᠎ᠠ᠃ ᠤᠳᠦ ᠦᠶ᠎ᠡ ᠶ᠋ᠢᠨ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠬᠥᠭ᠌ᠵᠢᠯᠲᠡ ᠡᠳᠦᠷ᠎ᠡᠴᠡ ᠡᠳᠦᠷ ᠱᠢᠨᠡᠳᠴᠦ᠍᠂ ᠦᠢᠯᠡᠳᠪᠦᠷᠢᠯᠡᠯ᠎ᠦᠨ ᠶᠠᠪᠤᠴᠠ᠎ᠳᠤ ᠬᠡᠷᠡᠭ᠌ᠯᠡᠬᠦ᠌ ᠡᠭᠡᠯᠵᠢᠲᠦ ᠬᠤᠭᠤᠴᠠᠭ᠎ᠠ ᠡᠳᠦᠷ ᠢᠷᠡᠬᠦᠶ᠎ᠡ ᠪᠣᠭᠣᠨᠢᠰᠴᠤ᠌᠂ ᠦᠢᠯᠡᠳᠪᠦᠷᠢᠯᠡᠯ᠎ᠦᠨ ᠬᠥᠭ᠌ᠵᠢᠯᠲᠡ᠎ᠳᠦ ᠦᠵᠡᠭᠦᠯᠬᠦ᠌ ᠦᠢᠯᠡᠳᠦᠯ ᠨᠢ ᠤᠯᠠᠮ᠎ᠠᠴᠠ ᠤᠯᠠᠮ ᠶᠡᠬᠡ ᠪᠤᠯᠵᠦ᠍᠂ ᠡᠳᠦᠷ ᠢᠷᠡᠬᠦᠶ᠎ᠡ ᠦᠢᠯᠡᠳᠪᠦᠷᠢᠯᠡᠯ᠎ᠦᠨ ᠬᠥᠭ᠌ᠵᠢᠯᠲᠡ᠎ᠶ᠋ᠢᠨ ᠱᠢᠢᠳᠪᠦᠷᠢᠯᠡᠭ᠌ᠴᠢ ᠬᠦᠴᠦᠨ ᠵᠦᠢᠯ ᠪᠤᠯᠵᠦ᠍ ᠪᠠᠢᠨ᠎ᠠ᠃ ᠡᠨᠡ ᠬᠦ᠌ ᠤᠳᠭ᠎ᠠ ᠠᠭᠤᠯᠭ᠎ᠠ᠎ᠠᠴᠠ ᠠᠪᠴᠤ᠌ ᠬᠡᠯᠡᠪᠡᠯ᠂ ᠱᠢᠨᠵᠢᠯᠡᠬᠦ᠌ ᠤᠬᠠᠭᠠᠨ ᠲᠸᠭᠨᠢᠢᠡ᠋ ᠮᠡᠷᠭᠡᠵᠢᠯ ᠪᠣᠯ ᠲᠡᠷᠢᠭᠦᠨ᠎ᠦ ᠦᠢᠯᠡᠳᠪᠦᠷᠢᠯᠡᠯ᠎ᠦᠨ ᠬᠦᠴᠦᠨ᠎ᠦ ᠲᠥᠪᠯᠡᠷᠡᠩᠭᠦᠢ ᠢᠯᠡᠷᠡᠯ ᠪᠠ ᠴᠢᠬᠤᠯᠠ ᠪᠡᠯᠭᠡ ᠲᠡᠮᠳᠡᠭ ᠮᠥᠨ᠂ ᠨᠢᠭᠡᠳᠦᠭᠡᠷ ᠦᠢᠯᠡᠳᠪᠦᠷᠢᠯᠡᠯ᠎ᠦᠨ ᠬᠦᠴᠦᠨ ᠮᠥᠨ᠃
ᠢᠷᠡᠯᠳᠡ᠄ ᠪᠠᠢ ᠳᠦ ᠪᠠᠢ ᠺᠸ ᠰᠦᠯᠵᠢᠶ᠎ᠠ
ᠡᠮᠬᠢᠯᠡᠭᠴᠢ᠄ ᠴᠠᠡᠭ ᠶᠠᠨ ᠵᠢᠶᠦ᠋ᠨ