ᠮᠡᠳᠡᠭᠡ ᠵᠠᠩᠭᠢᠵᠢᠯᠲᠠ
ᠣᠬᠠᠭ᠍ᠳᠠᠬᠤᠨ
ᠮᠡᠳᠡᠭᠡ ᠵᠠᠩᠭᠢᠵᠢᠯᠲᠠ ᠭᠡᠳᠡᠭ ᠪᠣᠯ ᠺᠣᠮᠫᠢᠦ᠋ᠲ᠋ᠧᠷ ᠢᠶᠡᠷ
ᠭᠣᠣᠯ ᠪᠣᠯᠭᠠᠭ᠍ᠰᠠᠨ ᠤᠶᠤᠨᠴᠢᠯᠠᠭ᠍ᠰᠠᠨ ᠪᠠᠭᠠᠵᠢ᠎ᠪᠠᠷ ᠲᠥᠯᠥᠭᠡᠯᠡᠭᠦᠯᠦᠭ᠌ᠰᠡᠨ ᠱᠢᠨ᠎ᠡ ᠦᠢᠯᠡᠳᠪᠦᠷᠢᠯᠡᠯ᠎ᠦᠨ
ᠬᠦᠴᠦᠨ᠎ᠢ ᠬᠥᠮᠦᠵᠢᠭᠦᠯᠬᠦ᠌ ᠪᠠ ᠬᠥᠭ᠌ᠵᠢᠭᠦᠯᠬᠦ᠌᠎ᠶ᠋ᠢᠨ ᠬᠠᠮᠲᠤ ᠨᠡᠢᠭᠡᠮ᠎ᠳᠦ ᠪᠤᠶᠠᠨ ᠦᠢᠯᠡᠳᠬᠦ᠌ ᠲᠡᠦᠬᠡᠨ
ᠶᠠᠪᠤᠴᠠ᠎ᠶ᠋ᠢ ᠵᠢᠭᠠᠵᠤ ᠪᠠᠢᠨ᠎ᠠ᠃ ᠤᠶᠤᠨᠴᠢᠯᠠᠭ᠍ᠰᠠᠨ ᠪᠠᠭᠠᠵᠢ᠎ᠲᠠᠶ ᠵᠣᠬᠢᠴᠠᠭ᠍ᠰᠠᠨ ᠦᠢᠯᠡᠳᠪᠦᠷᠢᠯᠡᠯ᠎ᠦᠨ ᠬᠦᠴᠦᠨ᠎ᠢ
ᠮᠡᠳᠡᠭᠡ ᠵᠠᠩᠭᠢᠵᠢᠯᠠᠭ᠍ᠰᠠᠨ ᠦᠢᠯᠡᠳᠪᠦᠷᠢᠯᠡᠯ᠎ᠦᠨ ᠬᠦᠴᠦᠨ ᠭᠡᠨ᠎ᠡ᠃ ᠮᠡᠳᠡᠭᠡ ᠵᠠᠩᠭᠢᠵᠢᠯᠲᠠ ᠨᠢ ᠤᠳᠤ ᠦᠶ᠎ᠡ᠎ᠶ᠋ᠢᠨ
ᠮᠡᠳᠡᠭᠡ ᠬᠣᠯᠪᠣᠭ᠎ᠠ᠂ ᠰᠦᠯᠵᠢᠶ᠎ᠡ᠂ ᠳ᠋ᠠᠢᠲ᠋ᠠ ᠬᠥᠮᠥᠷᠭᠡ᠎ᠶ᠋ᠢᠨ ᠮᠡᠷᠭᠡᠵᠢᠯ᠎ᠢᠶᠡᠷ ᠰᠠᠭᠤᠷᠢ ᠪᠣᠯᠭᠠᠵᠤ᠂
ᠰᠤᠳᠤᠯᠤᠭ᠍ᠳᠠᠬᠤᠨᠤ ᠡᠯ᠎ᠡ ᠡᠯᠧᠮᠧᠨ᠋ᠲ᠎ᠢ ᠳ᠋ᠠᠢᠲ᠋ᠠ ᠬᠥᠮᠥᠷᠭᠡ᠎ᠳᠦ ᠣᠷᠣᠭᠤᠯᠵᠤ᠂ ᠬᠥᠮᠦᠰ᠎ᠦᠨ ᠠᠮᠢᠳᠤᠷᠠᠯ᠂
ᠠᠵᠢᠯ ᠰᠤᠷᠤᠯᠴᠠᠯᠭ᠎ᠠ ᠱᠢᠢᠳᠪᠦᠷᠢᠲᠦ ᠪᠤᠳᠤᠯᠭ᠎ᠠ ᠵᠡᠷᠭᠡ᠎ᠳᠦ ᠬᠠᠩᠭᠠᠬᠤ ᠨᠢᠭᠡ ᠵᠦᠢᠯ᠎ᠦᠨ ᠮᠡᠷᠭᠡᠵᠢᠯ ᠪᠣᠯᠤᠨ᠎ᠠ᠃
ᠲᠤᠰ ᠮᠡᠷᠭᠡᠵᠢᠯ᠎ᠢ ᠬᠡᠷᠡᠭ᠌ᠯᠡᠭ᠌ᠰᠡᠨᠦ ᠲᠠᠷᠠᠭ᠎ᠠ᠂ ᠡᠯ᠎ᠡ ᠵᠦᠢᠯ᠎ᠦᠨ ᠦᠢᠯᠡ ᠠᠵᠢᠯᠯᠠᠭ᠎ᠠ᠎ᠶ᠋ᠢᠨ ᠦᠷ᠎ᠡ ᠪᠦᠲᠦᠮᠵᠢ᠎ᠶ᠋ᠢ
ᠲᠤᠢᠯ᠎ᠤᠨ ᠶᠡᠬᠡᠪᠡᠷ ᠳᠡᠭᠡᠭ᠌ᠰᠢᠯᠡᠭᠦᠯᠬᠦ᠌᠎ᠶ᠋ᠢᠨ ᠬᠠᠮᠲᠤ ᠥᠪᠡᠷ᠎ᠦᠨ ᠦᠷᠳᠡᠭ᠎ᠢ ᠪᠠᠭᠤᠷᠠᠭᠤᠯᠵᠤ᠂ ᠬᠥᠮᠦᠨ
ᠲᠥᠷᠥᠯᠬᠢᠲᠡᠨ᠎ᠦ ᠨᠡᠢᠭᠡᠮ᠎ᠦᠨ ᠲᠠᠪᠱᠢᠯᠳᠠ ᠶ᠋ᠢ ᠠᠬᠢᠭᠤᠯᠬᠤ᠎ᠳᠤ ᠲᠤᠢᠯ᠎ᠤᠨ ᠶᠡᠬᠡ ᠮᠡᠷᠭᠡᠵᠢᠯ᠎ᠦᠨ ᠳᠡᠮᠵᠢᠯᠭᠡ
ᠬᠠᠩᠭᠠᠬᠤ ᠪᠤᠯᠤᠨ᠎ᠠ᠃
1997 ᠣᠨ᠎ᠳᠤ ᠬᠤᠷᠠᠯᠳᠤᠭᠤᠯᠤᠭ᠍ᠰᠠᠨ ᠠᠩᠬᠠᠳᠤᠭᠠᠷ
ᠬᠤᠭᠤᠴᠠᠭᠠᠨ᠎ᠤ ᠪᠦᠬᠦ᠌ ᠤᠯᠤᠰ᠎ᠤᠨ ᠮᠡᠳᠡᠭᠡ ᠵᠠᠩᠭᠢᠵᠢᠯᠲᠠ᠎ᠶ᠋ᠢᠨ ᠠᠵᠢᠯ᠎ᠤᠨ ᠬᠤᠷᠠᠯᠳᠤᠭᠠᠨ᠎ᠠᠴᠠ ᠮᠡᠳᠡᠭᠡ ᠵᠠᠩᠭᠢᠵᠢᠯᠲᠠ
ᠪᠠ ᠤᠯᠤᠰ᠎ᠤᠨ ᠮᠡᠳᠡᠭᠡ ᠵᠠᠩᠭᠢᠵᠢᠯᠲᠠ᠎ᠶ᠋ᠢ᠄ 《ᠮᠡᠳᠡᠭᠡ ᠵᠠᠩᠭᠢᠵᠢᠯᠲᠠ ᠭᠡᠳᠡᠭ ᠪᠣᠯ ᠤᠶᠤᠨᠴᠢᠯᠠᠭ᠍ᠰᠠᠨ
ᠪᠠᠭᠠᠵᠢ᠎ᠪᠠᠷ ᠲᠥᠯᠥᠭᠡᠯᠡᠭᠦᠯᠦᠭ᠌ᠰᠡᠨ ᠱᠢᠨ᠎ᠡ ᠦᠢᠯᠡᠳᠪᠦᠷᠢᠯᠡᠯ᠎ᠦᠨ ᠬᠦᠴᠦᠨ᠎ᠢ ᠪᠣᠢᠵᠢᠭᠤᠯᠤᠨ ᠬᠥᠭ᠌ᠵᠢᠭᠦᠯᠵᠦ᠍
ᠨᠡᠢᠭᠡᠮ᠎ᠳᠦ ᠠᠵᠠ ᠵᠢᠷᠭᠠᠯ ᠣᠯᠭᠣᠬᠤ ᠲᠡᠦᠬᠡᠨ ᠶᠠᠪᠤᠴᠠ᠎ᠶ᠋ᠢ ᠵᠢᠭᠠᠵᠤ ᠪᠠᠢᠨ᠎ᠠ ᠬᠡᠮᠡᠨ ᠳᠣᠷᠠᠳᠪᠠ》᠃ ᠤᠯᠤᠰ᠎ᠤᠨ
ᠮᠡᠳᠡᠭᠡ ᠵᠠᠩᠭᠢᠵᠢᠯᠲᠠ ᠭᠡᠳᠡᠭ ᠪᠣᠯ ᠳᠠᠷᠤᠢ ᠤᠯᠤᠰ᠎ᠤᠨ ᠨᠢᠭᠡᠳᠦᠯᠲᠡᠢ ᠲᠥᠯᠥᠪᠵᠢᠭᠦᠯᠭᠡ ᠪᠠ ᠵᠣᠬᠢᠶᠠᠨ ᠪᠠᠢᠭᠤᠯᠤᠯᠲᠠ ᠶ᠋ᠢᠨ
ᠳᠣᠣᠷ᠎ᠠ᠂ ᠲᠠᠷᠢᠶᠠᠯᠠᠩ᠂ ᠠᠵᠤ ᠦᠢᠯᠡᠳᠪᠦᠷᠢ᠂ ᠱᠢᠨᠵᠢᠯᠡᠬᠦ᠌ ᠤᠬᠠᠭᠠᠨ ᠮᠡᠷᠭᠡᠵᠢᠯ᠂ ᠤᠯᠤᠰ᠎ᠤᠨ ᠪᠠᠲᠤᠯᠠᠨ
ᠬᠠᠮᠠᠭᠠᠯᠠᠯᠲᠠ ᠵᠢᠴᠢ ᠨᠡᠢᠭᠡᠮ᠎ᠦᠨ ᠠᠮᠢᠳᠤᠷᠠᠯ᠎ᠤᠨ ᠡᠯ᠎ᠡ ᠲᠠᠯ᠎ᠠ᠎ᠳᠤ ᠤᠳᠤ ᠦᠶ᠎ᠡ᠎ᠶ᠋ᠢᠨ ᠮᠡᠳᠡᠭᠡ ᠵᠠᠩᠭᠢ᠎ᠶ᠋ᠢᠨ
ᠮᠡᠷᠭᠡᠵᠢᠯ᠎ᠢ ᠬᠡᠷᠡᠭ᠌ᠯᠡᠵᠦ᠍᠂ ᠮᠡᠳᠡᠭᠡ ᠵᠠᠩᠭᠢ᠎ᠶ᠋ᠢᠨ ᠡᠬᠢ ᠪᠠᠶᠠᠯᠢᠭ᠎ᠢ ᠭᠦᠨᠵᠡᠭᠡᠢ ᠨᠡᠭᠡᠭᠡᠨ ᠥᠷᠭᠡᠨ᠎ᠢᠶᠡᠷ
ᠠᠱᠢᠭ᠍ᠯᠠᠵᠤ᠂ ᠤᠯᠤᠰ ᠣᠷᠣᠨ᠎ᠤ ᠣᠳᠣᠬᠢᠴᠢᠯᠠᠯᠲᠠ᠎ᠶ᠋ᠢ ᠪᠡᠶᠡᠯᠡᠭᠦᠯᠬᠦ᠌ ᠠᠬᠢᠴᠠ᠎ᠶ᠋ᠢ ᠲᠦᠷᠭᠡᠳᠭᠡᠬᠦ᠌ ᠶᠠᠪᠤᠳᠠᠯ
ᠪᠣᠯᠤᠨ᠎ᠠ᠃
ᠬᠥᠭ᠌ᠵᠢᠯᠲᠡ᠎ᠶ᠋ᠢᠨ
ᠠᠬᠤᠶ ᠪᠠᠢᠳᠠᠯ
ᠳᠤᠮᠳᠠᠳᠤ ᠤᠯᠤᠰ᠎ᠤᠨ ᠠᠵᠤ ᠠᠬᠤᠢ᠎ᠶ᠋ᠢᠨ ᠳᠡᠭᠡᠳᠦ
ᠬᠤᠷᠳᠤᠴᠠ᠎ᠪᠠᠷ ᠨᠡᠮᠡᠭ᠌ᠳᠡᠬᠦ᠌᠎ᠶ᠋ᠢ ᠲᠠᠭᠠᠯᠳᠤᠨ᠂ ᠳᠤᠮᠳᠠᠳᠤ ᠤᠯᠤᠰ᠎ᠤᠨ ᠮᠡᠳᠡᠭᠡ ᠵᠠᠩᠭᠢᠵᠢᠯᠲᠠ ᠢᠯᠡᠳᠲᠡ
ᠬᠥᠭ᠌ᠵᠢᠯᠲᠡ ᠪᠠ ᠲᠠᠪᠱᠢᠯᠳᠠ᠎ᠲᠠᠶ ᠪᠣᠯᠪᠠ᠃ ᠮᠠᠨ᠎ᠤ ᠤᠯᠤᠰ᠎ᠤᠨ ᠮᠡᠳᠡᠭᠡ ᠵᠠᠩᠭᠢᠵᠢᠯᠲᠠ ᠨᠢᠭᠡᠨᠲᠡ ᠬᠣᠶᠠᠷ ᠱᠠᠳᠤ᠎ᠶ᠋ᠢ
ᠥᠩᠭᠡᠷᠡᠭᠡᠭᠡᠳ ᠭᠤᠷᠪᠠᠳᠤᠭᠠᠷ ᠱᠠᠳᠤ ᠲᠡᠰᠢ ᠤᠷᠤᠭ᠍ᠰᠢᠯᠠᠵᠤ ᠪᠠᠢᠨ᠎ᠠ᠃ ᠤᠯᠤᠰ᠎ᠤᠨ ᠬᠦᠴᠦᠲᠡᠶ ᠳᠡᠮᠵᠢᠯᠭᠡ
ᠳᠤᠤᠷ᠎ᠠ᠂ ᠮᠠᠨ᠎ᠤ ᠤᠯᠤᠰ᠎ᠤᠨ ᠵᠠᠰᠠᠭ᠎ᠤᠨ ᠶᠠᠪᠤᠳᠠᠯ᠎ᠤᠨ ᠮᠡᠳᠡᠭᠡ ᠵᠠᠩᠭᠢᠵᠢᠯᠲᠠ ᠨᠡᠯᠢᠶᠡᠳ ᠶᠡᠬᠡ ᠠᠬᠢᠴᠠ᠎ᠲᠠᠶ
ᠪᠣᠯᠵᠣ᠂ ᠵᠠᠬ᠎ᠠ ᠳᠡᠯᠭᠡᠭᠦᠷ᠎ᠦᠨ ᠬᠡᠪᠴᠢᠶ᠎ᠡ ᠦᠷᠭᠦᠯᠵᠢᠯᠡᠨ ᠥᠷᠭᠡᠵᠢᠪᠡ᠃ 2006 ᠣᠨ᠎ᠳᠤ᠂ ᠮᠠᠨ᠎ᠤ ᠤᠯᠤᠰ᠎ᠤᠨ
ᠵᠠᠰᠠᠭ᠎ᠤᠨ ᠶᠠᠪᠤᠳᠠᠯ᠎ᠤᠨ ᠮᠡᠳᠡᠭᠡ ᠵᠠᠩᠭᠢᠵᠢᠯᠲᠠ᠎ᠶ᠋ᠢᠨ ᠵᠠᠬ᠎ᠠ ᠳᠡᠯᠭᠡᠭᠦᠷ᠎ᠦᠨ ᠬᠡᠪᠴᠢᠶ᠎ᠡ 550 ᠳ᠋ᠦᠩᠱᠢᠭᠤᠷ
ᠲᠥᠭᠥᠷᠢᠭ᠎ᠲᠦ ᠬᠦᠷᠴᠦ᠍᠂ ᠠᠳᠠᠯᠢ ᠬᠤᠭᠤᠴᠠᠭᠠᠨ᠎ᠤ ᠬᠢ᠎ᠡᠴᠡ 16.4% ᠪᠡᠷ ᠨᠡᠮᠡᠭ᠌ᠳᠡᠪᠡ᠃ 2010 ᠤᠨ ᠪᠣᠯᠬᠤ᠎ᠳᠤ᠂
ᠮᠠᠨ᠎ᠤ ᠤᠯᠤᠰ᠎ᠤᠨ ᠵᠠᠰᠠᠭ᠎ᠤᠨ ᠶᠠᠪᠤᠳᠠᠯ᠎ᠤᠨ ᠮᠡᠳᠡᠭᠡ ᠵᠠᠩᠭᠢᠵᠢᠯᠲᠠ᠎ᠶ᠋ᠢᠨ ᠵᠠᠬ᠎ᠠ ᠳᠡᠯᠭᠡᠭᠦᠷ᠎ᠦᠨ ᠬᠡᠪᠴᠢᠶ᠎ᠡ
1014 ᠳ᠋ᠦᠩᠱᠢᠭᠤᠷ ᠲᠥᠭᠥᠷᠢᠭ᠎ᠲᠦ ᠬᠦᠷᠴᠦ᠍᠂ ᠠᠳᠠᠯᠢ ᠬᠤᠭᠤᠴᠠᠭᠠᠨ᠎ᠤ ᠬᠢ᠎ᠡᠴᠡ 17.5% ᠪᠡᠷ ᠨᠡᠮᠡᠭ᠌ᠳᠡᠪᠡ᠃ ᠡᠭᠦᠨ᠎ᠡᠴᠡ
ᠭᠠᠳᠠᠨ᠎ᠠ᠂ ᠴᠠᠬᠢᠯᠭᠠᠨ ᠬᠦᠴᠦᠨ᠎ᠦ ᠮᠡᠳᠡᠭᠡ ᠵᠠᠩᠭᠢᠵᠢᠯᠲᠠ᠂ ᠮᠥᠩᠭᠥᠨ ᠭᠦᠢᠯᠭᠡᠭᠡᠨ᠎ᠦ ᠮᠡᠳᠡᠭᠡ ᠵᠠᠩᠭᠢᠵᠢᠯᠲᠠ᠂ ᠵᠡᠷᠭᠡ ᠲᠠᠯ᠎ᠠ᠎ᠪᠠᠷ ᠴᠤ᠌ ᠢᠯᠡᠳᠲᠡ ᠠᠬᠢᠴᠠ᠎ᠲᠠᠶ ᠪᠣᠯᠪᠠ᠃ ᠮᠡᠳᠡᠭᠡ ᠵᠠᠩᠭᠢᠵᠢᠯᠲᠠ ᠨᠢ ᠬᠥᠮᠦᠰ᠎ᠦᠨ ᠠᠵᠢᠯ᠂ ᠠᠮᠢᠳᠤᠷᠠᠯ᠂ ᠰᠤᠷᠤᠯᠴᠠᠯᠭ᠎ᠠ ᠪᠠ ᠰᠣᠶᠣᠯ᠎ᠢ ᠤᠯᠠᠮᠵᠢᠯᠠᠨ ᠳᠡᠯᠭᠡᠷᠡᠭᠦᠯᠬᠦ᠌ ᠠᠷᠭ᠎ᠠ ᠮᠠᠶᠢᠭ᠎ᠲᠤ ᠭᠦᠨᠵᠡᠭᠡᠢ
ᠨᠥᠯᠥᠭᠡ ᠦᠵᠡᠭᠦᠯᠵᠦ᠍᠂ ᠠᠷᠠᠳ ᠢᠷᠭᠡᠳ᠎ᠦᠨ ᠬᠡᠪ ᠴᠢᠨᠠᠷ᠎ᠤᠨ ᠳᠡᠭᠡᠭ᠌ᠰᠢᠯᠡᠯᠲᠡ ᠪᠠ ᠬᠥᠮᠦᠨ᠎ᠦ ᠪᠦᠬᠦ᠌ ᠲᠠᠯ᠎ᠠ᠎ᠶ᠋ᠢᠨ
ᠬᠥᠭ᠌ᠵᠢᠯᠲᠡ᠎ᠶ᠋ᠢ ᠠᠬᠢᠭᠤᠯᠪᠠ᠃ ᠭᠡᠪᠡᠴᠦ᠍᠂ ᠮᠡᠳᠡᠭᠡ ᠵᠠᠩᠭᠢᠵᠢᠯᠲᠠ᠎ᠶ᠋ᠢᠨ ᠠᠵᠢᠯ ᠲᠦᠷᠦᠯ᠎ᠦᠨ
ᠲᠦᠷᠭᠡᠨ ᠬᠦᠭ᠌ᠵᠢᠯᠲᠡ ᠨᠢ ᠪᠠᠰᠠ ᠠᠰᠠᠭᠤᠳᠠᠯ ᠣᠷᠣᠱᠢᠵᠤ ᠪᠠᠢᠨ᠎ᠠ᠃ ᠵᠢᠱ᠌ᠢᠶᠡᠯᠡᠪᠡᠯ᠄ ᠨᠡᠢᠭᠡᠮ᠎ᠦᠨ
ᠮᠡᠳᠡᠭᠡ ᠵᠠᠩᠭᠢᠵᠢᠯᠲᠠ᠂ ᠵᠠᠰᠠᠭ᠎ᠤᠨ ᠶᠠᠪᠤᠳᠠᠯ᠎ᠤᠨ ᠮᠡᠳᠡᠭᠡ ᠵᠠᠩᠭᠢᠵᠢᠯᠲᠠ ᠪᠣᠯᠤᠨ ᠮᠡᠳᠡᠭᠡ ᠵᠠᠩᠭᠢ᠎ᠶ᠋ᠢᠨ
ᠠᠮᠤᠷ ᠲᠦᠪᠱᠢᠨ᠎ᠦ ᠪᠠᠢᠭᠤᠯᠤᠯᠲᠠ᠎ᠶ᠋ᠢᠨ ᠬᠦᠷᠢᠶᠡᠨ᠎ᠳᠦ ᠮᠥᠨ ᠯᠡ ᠠᠳᠠᠯᠢ ᠪᠤᠰᠤ ᠬᠡᠮᠵᠢᠶᠡᠨ᠎ᠦ ᠬᠦᠷᠦᠯᠴᠡᠬᠦ᠌
ᠦᠭᠡᠢ ᠲᠠᠯ᠎ᠠ ᠣᠷᠣᠱᠢᠵᠤ ᠪᠠᠢᠨ᠎ᠠ᠃ ᠮᠠᠨ᠎ᠤ ᠤᠯᠤᠰ᠎ᠤᠨ ᠲᠦᠷᠦ᠍᠎ᠶ᠋ᠢᠨ ᠪᠤᠳᠤᠯᠭ᠎ᠠ᠎ᠶ᠋ᠢᠨ ᠳᠡᠮᠵᠢᠯᠭᠡ ᠪᠠ ᠠᠵᠤ
ᠦᠢᠯᠡᠰ᠎ᠦᠨ ᠠᠰᠠᠭᠤᠳᠠᠯ᠎ᠤᠨ ᠱᠢᠢᠳᠪᠦᠷᠢᠯᠡᠭ᠌ᠳᠡᠬᠦ᠌ᠶ᠋ᠢ ᠲᠠᠭᠠᠯᠳᠤᠨ᠂ ᠮᠠᠨ᠎ᠤ ᠤᠯᠤᠰ᠎ᠤᠨ ᠮᠡᠳᠡᠭᠡ ᠵᠠᠩᠭᠢᠵᠢᠯᠲᠠ
ᠤᠯᠠᠮ ᠨᠢᠭᠡ ᠠᠯᠬᠤᠮ ᠭᠦᠨᠵᠡᠭᠡᠢᠷᠡᠨ ᠬᠥᠭ᠌ᠵᠢᠬᠦ᠌ ᠪᠣᠯᠤᠨ᠎ᠠ᠃