ᠱᠢᠶᠤᠤ ᠲᠠᠩ ᠱᠠᠨ ᠤ᠋ ᠪᠠᠭᠤᠷᠢ
2022-02-16 15:45:20
ᠵᠣᠬᠢᠶᠠᠭ᠍ᠴᠢ᠄
ᠰᠢᠶᠠᠡᠭ ᠴᠦᠨ
ᠣᠩᠱᠢᠭ᠍ᠰᠠᠨ ᠣᠳᠠᠭ᠎ᠠ᠄
★★★☆☆

ᠱᠢᠶᠤᠤ ᠲᠠᠩ ᠱᠠᠨ ᠤ᠋ ᠪᠠᠭᠤᠷᠢ ᠤᠯᠠᠭᠠᠨᠬᠠᠳᠠ ᠬᠣᠲᠠ ᠵᠢᠨ ᠨᠢᠩᠴᠧᠩ ᠱᠢᠶᠠᠨ ᠤ᠋ ᠰᠠᠨ ᠽᠦᠸᠧ ᠳ᠋ᠢᠶᠠᠨ ᠪᠠᠯᠭᠠᠰᠤᠨ ᠤ᠋ ᠱᠢᠶᠤᠤ ᠲᠠᠩ ᠭᠸᠤ ᠲᠣᠰᠭᠣᠨ᠎ᠡᠴᠡ ᠡᠮᠤᠨᠡᠰᠢ 300 ᠮᠧᠲ᠋ᠷ ᠤ᠋ᠨ ᠤᠷᠴᠢᠮ ᠳ᠋ᠦ ᠪᠠᠢᠳᠠᠭ᠃  ᠲᠤᠰ ᠪᠠᠭᠤᠷᠢ ᠨᠢ ᠬᠥᠨᠳᠡᠯᠡᠨ ᠭᠣᠣᠯ ᠤ᠋ᠨ ᠬᠣᠢᠲᠤ ᠡᠷᠭᠢ ᠵᠢᠨ ᠠᠭᠤᠯᠠᠨ ᠳᠡᠭᠡᠷ᠎ᠡ ᠪᠠᠢᠷᠢᠯᠠᠵᠤ᠂ ᠡᠷᠭᠢᠨ ᠲᠣᠭᠣᠷᠢᠨ ᠳ᠋ᠤᠨᠢ ᠴᠢᠯᠠᠭᠤᠨ ᠬᠡᠷᠡᠮ᠎ᠲᠡᠶ᠃ ᠪᠦᠬᠦᠢᠯᠡ ᠴᠢᠯᠠᠭᠤᠨ ᠬᠣᠲᠠ ᠵᠢᠨ ᠪᠠᠭᠤᠷᠢ ᠵᠢᠨ ᠬᠠᠪᠲᠠᠭᠠᠶ ᠵᠢᠷᠤᠭ ᠨᠢ ᠵᠤᠤᠪᠠᠩ ᠬᠡᠯᠪᠡᠷᠢ᠎ᠲᠡᠶ ᠪᠠᠢᠳᠠᠭ᠃

2021 ᠣᠨ ᠤ᠋ 5—10 ᠰᠠᠷ᠎ᠠ ᠳ᠋ᠦ᠂ 508 ᠤᠯᠤᠰ ᠤ᠋ᠨ ᠵᠠᠮ ᠤ᠋ᠨ ᠢᠨᠵᠧᠨᠧᠷᠢᠩ᠎ᠦᠨ ᠪᠥᠲᠥᠭᠡᠨ ᠪᠠᠢᠭᠤᠯᠤᠯᠲᠠ ᠳ᠋ᠦ ᠬᠠᠮᠵᠢᠯᠴᠠᠬᠤ ᠵᠢᠨ ᠲᠥᠯᠥᠭᠡ᠂ ᠤᠯᠤᠰ ᠤ᠋ᠨ ᠲᠡᠦᠬᠡ ᠵᠢᠨ ᠳᠤᠷᠠᠰᠭᠠᠯᠲᠤ ᠵᠦᠶ᠋ᠯᠡᠰ᠎ᠦᠨ ᠲᠣᠪᠴᠢᠶ᠎ᠠ ᠵᠢᠨ ᠵᠥᠪᠱᠢᠶᠡᠷᠡᠯ ᠵᠢᠡᠷ᠂ ᠥᠪᠥᠷ ᠮᠣᠩᠭᠣᠯ ᠤ᠋ᠨ ᠲᠡᠦᠬᠡ ᠵᠢᠨ ᠳᠤᠷᠠᠰᠭᠠᠯᠲᠤ ᠵᠦᠶ᠋ᠯᠡᠰ ᠬᠠᠭᠤᠴᠢ ᠰᠤᠳᠤᠯᠤᠯ ᠤ᠋ᠨ ᠬᠦᠷᠢᠶᠡᠯᠡᠩ ᠨᠢᠩᠴᠧᠩ ᠱᠢᠶᠠᠨ ᠤ᠋ ᠲᠡᠦᠬᠡ ᠵᠢᠨ ᠳᠤᠷᠠᠰᠭᠠᠯᠲᠤ ᠵᠦᠶ᠋ᠯᠡᠰ᠎ᠦᠨ ᠬᠠᠮᠠᠭᠠᠯᠠᠯᠲᠠ ᠵᠢᠨ ᠲᠥᠪ ᠲᠡᠶ ᠬᠠᠮᠲᠤᠷᠠᠵᠤ᠂ ᠱᠢᠶᠤᠤ ᠲᠠᠩ ᠱᠠᠨ ᠤ᠋ ᠪᠠᠭᠤᠷᠢ᠎ᠳᠤ ᠠᠪᠤᠷᠠᠯᠳᠠ ᠵᠢᠨ ᠴᠢᠨᠠᠷᠲᠠᠶ᠎ᠮᠠᠯᠲᠠᠯᠭ᠎ᠠ ᠰᠤᠳᠤᠯᠭ᠎ᠠ ᠬᠢᠪᠡ᠃ ᠮᠠᠯᠳᠠᠯᠭ᠎ᠠ ᠰᠤᠳᠤᠯᠭᠠᠨ ᠤ᠋ ᠲᠠᠯᠠᠪᠠᠶ ᠨᠢ ᠪᠠᠷᠤᠭ 4000 ᠲᠡᠭ᠌ᠰᠢ ᠳᠥᠷᠪᠡᠯᠵᠢᠨ ᠮᠧᠲ᠋ᠷ᠂ 40 ᠭᠠᠷᠤᠶ ᠭᠡᠷ᠎ᠦᠨ ᠪᠠᠭᠤᠷᠢ᠂ ᠤᠩᠭᠤᠨ 6 ᠰᠠᠭᠤᠷᠢ᠂ ᠸᠠᠭᠠᠷ ᠰᠢᠲᠠᠭᠠᠬᠤ ᠭᠠᠵᠠᠷ 1 ᠰᠠᠭᠤᠷᠢ᠎ᠶᠢ ᠴᠡᠪᠡᠷᠯᠡᠭᠰᠡᠨ ᠡᠴᠡ ᠭᠠᠳᠠᠨ᠎ᠠ ᠪᠠᠰᠠ ᠬᠦᠷᠢᠶ᠎ᠡ ᠬᠠᠱᠢᠶ᠎ᠠ᠂ ᠵᠠᠮ ᠵᠡᠷᠭᠡ ᠪᠤᠢ᠃ ᠮᠠᠯᠳᠠᠯᠭ᠎ᠠ ᠰᠤᠳᠤᠯᠭᠠᠨ ᠡᠴᠡ ᠸᠠᠭᠠᠷ ᠰᠠᠪᠠ᠂ ᠴᠢᠯᠠᠭᠤᠨ ᠵᠡᠪᠰᠡᠭ᠂ ᠶᠠᠰᠤᠨ ᠵᠡᠪᠰᠡᠭ᠂ ᠬᠦᠷᠡᠯ ᠵᠡᠪᠰᠡᠭ᠂ ᠬᠢᠰᠤᠭ᠎ᠠ ᠵᠢᠨ ᠵᠡᠪᠰᠡᠭ ᠵᠡᠷᠭᠡ ᠡᠯ᠎ᠡ ᠵᠦᠢᠯ᠎ᠦᠨ ᠪᠠᠭᠠᠵᠢ ᠬᠡᠷᠡᠭ᠌ᠰᠡᠯ᠎ᠦᠨ ᠦᠯᠢᠭᠡᠷ 750 ᠭᠠᠷᠤᠶ ᠵᠦᠢᠯ ᠪᠠᠢᠬᠤ ᠪᠡᠷ ᠪᠠᠷᠠᠬᠤ ᠦᠭᠡᠢ ᠪᠠᠰᠠ ᠨᠡᠯᠢᠶᠡᠳ ᠣᠯᠠᠨ ᠠᠮᠢᠲᠠᠨ ᠤ᠋ ᠠᠷᠤᠭ ᠶᠠᠰᠤ ᠶ᠋ᠢ ᠢᠯᠡᠷᠡᠭᠦᠯᠵᠤ᠂ ᠬᠢᠨᠠᠨ ᠲᠣᠭ᠍ᠲᠠᠭᠠᠯᠲᠠ ᠪᠡᠷ ᠳᠠᠮᠵᠢᠨ ᠠᠮᠢᠲᠠᠨ ᠤ᠋ ᠠᠷᠤᠭ ᠶᠠᠰᠤᠨ ᠳ᠋ᠦ ᠭᠣᠣᠯᠳᠠᠭᠤ ᠮᠣᠷᠢ᠂ ᠦᠬᠡᠷ᠂ ᠭᠠᠬᠠᠶ᠂ ᠬᠣᠨᠢ᠂ ᠨᠣᠬᠠᠶ᠂ ᠴᠢᠨᠣ᠎ᠠ᠂ ᠪᠤᠭᠤ ᠵᠡᠷᠭᠡ ᠵᠢᠨ ᠠᠷᠤᠭ ᠶᠠᠰᠤ ᠪᠠᠢᠪᠠ᠃

ᠮᠠᠯᠳᠠᠯᠭ᠎ᠠ ᠰᠤᠳᠤᠯᠭ᠎ᠠ ᠪᠡᠷ ᠳᠠᠮᠵᠢᠨ ᠢᠯᠡᠷᠡᠭᠦᠯᠦᠭ᠌ᠰᠡᠨ ᠲᠡᠦᠬᠡᠨ ᠦᠯᠡᠳᠡᠭ᠌ᠳᠡᠯ ᠵᠢᠴᠢ ᠮᠠᠯᠲᠠᠵᠤ ᠭᠠᠷᠭᠠᠭ᠍ᠰᠠᠨ ᠪᠠᠭᠤᠷᠢ᠎ᠲᠠᠶ ᠤᠶᠠᠯᠳᠤᠭᠤᠯᠪᠠᠯ᠂ ᠱᠢᠶᠤᠤ ᠲᠠᠩ ᠱᠠᠨ ᠤ᠋ ᠪᠠᠭᠤᠷᠢ ᠪᠣᠯ ᠮᠠᠨ ᠤ᠋ ᠤᠯᠤᠰ ᠤ᠋ᠨ ᠤᠮᠠᠷᠠᠲᠤ ᠵᠢᠨ ᠱᠢᠶᠠ ᠵᠢᠶᠠ ᠳ᠋ᠢᠶᠠᠨ ᠤ᠋ ᠳᠤᠤᠷᠠᠳᠤ ᠳᠠᠪᠬᠤᠷᠭ᠎ᠠ ᠵᠢᠨ ᠰᠣᠶᠣᠯ ᠤ᠋ᠨ ᠦᠶ᠎ᠡ ᠵᠢᠨ ᠨᠢᠭᠡᠨ ᠴᠢᠬᠤᠯᠠ ᠴᠢᠯᠠᠭᠤᠨ ᠬᠣᠲᠠ ᠵᠢᠨ ᠪᠠᠭᠤᠷᠢ ᠪᠣᠯᠬᠤ ᠶ᠋ᠢ ᠨᠤᠲᠠᠯᠠᠵᠤ ᠪᠣᠯᠤᠨ᠎ᠠ᠃ ᠱᠢᠶᠠ ᠵᠢᠶᠠ ᠳ᠋ᠢᠶᠠᠨ ᠤ᠋ ᠳᠣᠣᠷᠠᠳᠤ ᠳᠠᠪᠬᠤᠷᠭ᠎ᠠ ᠵᠢᠨ ᠰᠣᠶᠣᠯ ᠤ᠋ᠨ ᠤᠷᠤᠰᠢᠵᠤ ᠪᠠᠢᠭᠰᠠᠨ ᠴᠠᠭ ᠦᠶ᠎ᠡ ᠨᠢ ᠣᠳᠣ᠎ᠠᠴᠠ 4100 ᠵᠢᠯ᠎ᠡᠴᠡ 3300 ᠵᠢᠯ ᠤ᠋ᠨ ᠣᠷᠴᠢᠮ ᠪᠠᠢᠵᠤ᠂ ᠮᠠᠨ ᠤ᠋ ᠤᠯᠤᠰ ᠤ᠋ᠨ ᠤᠮᠠᠷᠠᠲᠤ ᠣᠷᠣᠨ ᠤ᠋ ᠬᠠᠮᠤᠭ ᠤ᠋ᠨ ᠡᠷᠲᠡᠨ᠎ᠦ ᠬᠦᠷᠡᠯ ᠪᠠᠭᠠᠵᠢ ᠬᠡᠷᠡᠭᠰᠡᠯ ᠤ᠋ᠨ ᠦᠶ᠎ᠡ ᠵᠢᠨ ᠰᠣᠶᠣᠯ ᠪᠣᠯᠤᠨ᠎ᠠ᠃ ᠲᠡᠭᠦᠨ᠎ᠦ ᠳᠣᠲᠣᠷ᠎ᠠ ᠴᠢᠯᠠᠭᠤᠨ ᠬᠣᠲᠠ ᠶᠡᠬᠡ ᠬᠡᠮᠵᠢᠶ᠎ᠡ᠎ᠪᠡᠷ ᠢᠯᠡᠷᠡᠭ᠌ᠰᠡᠨ ᠨᠢ ᠡᠨᠡ ᠬᠦ᠌ ᠰᠣᠶᠣᠯ ᠤ᠋ᠨ ᠥᠪᠡᠷᠮᠢᠴᠡ ᠣᠨᠴᠠᠯᠢᠭ ᠪᠦᠬᠦᠢ ᠬᠥᠮᠦᠨ ᠨᠡᠢᠭᠡᠮ᠎ᠦᠨ ᠭᠠᠵᠠᠷ ᠵᠦᠢ ᠵᠢᠨ ᠦᠵᠡᠮᠵᠢ ᠪᠣᠯᠤᠨ᠎ᠠ᠃

ᠱᠢᠶᠤᠤ ᠲᠠᠩ ᠱᠠᠨ ᠠᠭᠤᠯᠠ ᠵᠢᠨ ᠴᠢᠯᠠᠭᠤᠨ ᠬᠣᠲᠠ ᠵᠢᠨ ᠪᠠᠭᠤᠷᠢ᠎ᠵᠢᠨ ᠤᠷᠤᠰᠢᠵᠤ ᠪᠤᠢ ᠭᠠᠵᠠᠷ ᠪᠣᠯ ᠱᠢᠶᠠ ᠵᠢᠶᠠ ᠳ᠋ᠢᠶᠠᠨ ᠤ᠋ ᠳᠣᠣᠷᠠᠳᠤ ᠳᠠᠪᠬᠤᠷᠭ᠎ᠠ ᠵᠢᠨ ᠰᠣᠶᠣᠯ ᠴᠢᠯᠠᠭᠤᠨ ᠬᠣᠲᠠ ᠵᠢᠨ ᠲᠠᠷᠬᠠᠯᠲᠠ ᠨᠡᠯᠢᠶᠡᠳ ᠲᠥᠪᠯᠡᠷᠡᠭ᠌ᠰᠡᠨ ᠣᠷᠣᠨ ᠤ᠋ ᠨᠢᠭᠡ ᠪᠣᠯᠤᠨ᠎ᠠ᠃ ᠱᠢᠶᠤᠤ ᠲᠠᠩ ᠱᠠᠨ ᠠᠭᠤᠯᠠ ᠵᠢᠨ ᠴᠢᠯᠠᠭᠤᠨ ᠬᠣᠲᠠ ᠵᠢᠨ ᠪᠠᠭᠤᠷᠢ ᠵᠢᠨ ᠰᠢᠨ᠎ᠡ ᠪᠡᠷ ᠤᠯᠳᠠᠭᠰᠠᠨ ᠬᠠᠭᠤᠴᠢ ᠰᠤᠳᠤᠯᠤᠯ ᠤ᠋ᠨ ᠮᠠᠲ᠋ᠧᠷᠢᠶᠠᠯ ᠨᠢ ᠱᠢᠶᠠ ᠵᠢᠶᠠ ᠳ᠋ᠢᠶᠠᠨ ᠤ᠋ ᠳᠤᠤᠷᠠᠳᠤ ᠳᠠᠪᠬᠤᠷᠭ᠎ᠠ ᠵᠢᠨ ᠰᠣᠶᠣᠯ ᠤ᠋ᠨ ᠴᠢᠯᠠᠭᠤᠨ ᠬᠣᠲᠠ ᠵᠢᠨ ᠪᠠᠢᠭᠤᠯᠤᠯᠲᠠ ᠪᠠ ᠲᠠᠷᠬᠠᠯᠲᠠ ᠵᠢᠨ ᠵᠢᠮ᠎ᠡ ᠶᠣᠰᠣ ᠶ᠋ᠢ ᠰᠤᠳᠤᠯᠵᠤ᠂ ᠡᠨᠡ ᠬᠦ᠌ ᠰᠣᠶᠣᠯ ᠤ᠋ᠨ ᠠᠭᠤᠯᠤᠭ᠍ᠳᠠᠬᠤᠨ ᠢ᠋ ᠤᠯᠠᠮ ᠨᠢᠭᠡ ᠠᠯᠬᠤᠮ ᠢᠯᠡᠷᠡᠭᠦᠯᠬᠦ᠌᠎ᠳᠦ ᠠᠰᠢᠭᠲᠠᠢ ᠨᠥᠬᠥᠴᠡᠯ ᠬᠠᠩᠭᠠᠭ᠍ᠰᠠᠨ ᠪᠠᠢᠨ᠎ᠠ᠃

ᠢᠷᠡᠯᠳᠡ᠄ ᠦᠪᠦᠷ ᠮᠤᠨᠭᠭᠤᠯ᠎ᠤᠨ ᠡᠳᠦᠷ᠎ᠤᠨ ᠰᠤᠨᠢᠨ (ᠮᠤᠨᠭᠭᠤᠯ ᠬᠡᠪᠯᠡᠯ) 

ᠡᠮᠬᠢᠯᠡᠭᠴᠢ᠄ ᠰᠢᠶᠠᠡᠭ ᠴᠦᠨ

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠤᠶᠤᠯᠲᠦ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2023 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄tn@mgyxw.net   蒙ICP备10000005号