ᠨᠠᠮ᠎ᠤᠨ
ᠠᠷᠪᠠᠨ ᠨᠠᠢ᠍ᠮᠠᠳᠤᠭᠠᠷ ᠶᠡᠬᠡ ᠬᠤᠷᠠᠯ᠎ᠤᠨ ᠢᠯᠡᠳᠭᠡᠯ᠎ᠳᠦ ᠴᠢᠨᠡᠭᠡᠯᠢᠭ ᠨᠡᠢᠭᠡᠮ᠎ᠢ ᠪᠦᠬᠦ᠌ ᠲᠠᠯ᠎ᠠ᠎ᠪᠠᠷ 《ᠪᠡᠶᠡᠯᠡᠬᠦᠯᠦᠨ᠎ᠡ》 ᠭᠡᠵᠦ᠍ ᠠᠩᠬ᠎ᠠ ᠤᠳᠠᠭ᠎ᠠ
ᠠᠯᠪᠠᠨ ᠶᠣᠰᠣᠭᠠᠷ ᠳᠤᠷᠠᠳᠤᠨ ᠭᠠᠷᠭᠠᠪᠠ᠃
《ᠴᠢᠨᠡᠭᠡᠯᠢᠭ
ᠨᠡᠢᠭᠡᠮ》 ᠪᠣᠯ ᠳ᠋ᠧᠩ ᠱᠢᠶᠤᠤ ᠫᠢᠩ᠎ᠦᠨ 20 ᠳ᠋ᠤᠭᠠᠷ ᠵᠠᠭᠤᠨ᠎ᠤ ᠳᠠᠯᠠᠭᠠᠳ ᠣᠨ᠎ᠤ ᠰᠡᠭᠦᠯᠴᠢ
ᠨᠠᠶᠠᠭᠠᠳ ᠣᠨ᠎ᠤ ᠡᠬᠢ᠎ᠪᠡᠷ ᠳᠤᠮᠳᠠᠳᠤ ᠤᠯᠤᠰ᠎ᠤᠨ ᠠᠵᠤ ᠠᠬᠤᠶ ᠨᠡᠢᠭᠡᠮ᠎ᠦᠨ ᠬᠥᠭ᠌ᠵᠢᠯᠲᠡ᠎ᠶ᠋ᠢᠨ ᠵᠢᠷᠤᠭ
ᠲᠥᠰᠦᠪ᠎ᠢ ᠲᠥᠯᠥᠪᠵᠢᠭᠦᠯᠬᠦ᠌ ᠦᠶ᠎ᠡ᠎ᠳᠦ ᠳᠤᠷᠠᠳᠤᠭ᠍ᠰᠠᠨ ᠪᠠᠢᠯᠳᠤᠬᠤ ᠪᠣᠳᠣᠯᠭ᠎ᠠ᠎ᠶ᠋ᠢᠨ ᠲᠥᠰᠦᠪᠯᠡᠯ
ᠪᠣᠯᠤᠨ᠎ᠠ᠃
ᠬᠢᠲᠠᠳ ᠨᠡᠷ᠎ᠡ᠄ 全面建成小康社会
ᠠᠩᠭᠯᠢ ᠨᠡᠷ᠎ᠡ᠄ Comprehensively
Build A Well-off Society
ᠭᠠᠷᠴᠠᠭ
ᠢᠷᠡᠯᠲᠡ
ᠬᠠᠷᠠᠯᠲᠠ ᠪᠠ ᠱᠠᠭᠠᠷᠲᠠᠯᠭ᠎ᠠ
ᠲᠠᠪᠤᠨ ᠵᠦᠢᠯ᠎ᠤᠨ ᠬᠦᠢᠴᠡᠳᠭᠡᠯ ᠲᠤᠭ᠎ᠠ
ᠢᠷᠡᠯᠳᠡ
ᠠᠷᠪᠠᠨ ᠨᠠᠢ᠍ᠮᠠᠳᠤᠭᠠᠷ ᠶᠡᠬᠡ ᠬᠤᠷᠠᠯ᠎ᠤᠨ ᠢᠯᠡᠳᠭᠡᠯ
ᠨᠠᠮ᠎ᠤᠨ
ᠠᠷᠪᠠᠨ ᠨᠠᠢ᠍ᠮᠠᠳᠤᠭᠠᠷ ᠶᠡᠬᠡ ᠬᠤᠷᠠᠯ᠎ᠤᠨ ᠢᠯᠡᠳᠭᠡᠯ᠎ᠳᠦ ᠴᠢᠨᠡᠭᠡᠯᠢᠭ ᠨᠡᠢᠭᠡᠮ᠎ᠢ ᠪᠦᠬᠦ᠌ ᠲᠠᠯ᠎ᠠ᠎ᠪᠠᠷ 《ᠪᠡᠶᠡᠯᠡᠬᠦᠯᠦᠨ᠎ᠡ》 ᠭᠡᠵᠦ᠍ ᠠᠩᠬ᠎ᠠ ᠤᠳᠠᠭ᠎ᠠ
ᠳᠤᠷᠠᠳᠤᠨ ᠭᠠᠷᠭᠠᠪᠠ᠃ 《ᠪᠦᠲᠦᠭᠡᠨ ᠪᠠᠢᠭᠤᠯᠬᠤ》 ᠪᠠ 《ᠪᠡᠶᠡᠯᠡᠬᠦᠯᠬᠦ》 ᠭᠡᠳᠡᠭ ᠨᠢ ᠨᠢᠭᠡ ᠯᠡ
ᠦᠭᠡ᠎ᠶ᠋ᠢᠨ ᠵᠥᠷᠢᠶ᠎ᠡ᠎ᠲᠡᠶ ᠪᠣᠯᠪᠠᠴᠤ᠌ ᠠᠯᠤᠰ ᠬᠡᠳᠦ᠍᠎ᠶ᠋ᠢᠨ ᠠᠴᠢ ᠬᠣᠯᠪᠣᠭ᠍ᠳᠠᠯ᠎ᠲᠠᠶ ᠶᠤᠮ᠃
《ᠴᠢᠨᠡᠭᠡᠯᠢᠭ
ᠨᠡᠢᠭᠡᠮ》 ᠪᠣᠯ ᠳ᠋ᠧᠩ ᠱᠢᠶᠤᠤ ᠫᠢᠩ᠎ᠦᠨ 20 ᠳ᠋ᠤᠭᠠᠷ ᠵᠠᠭᠤᠨ᠎ᠤ ᠳᠠᠯᠠᠭᠠᠳ ᠣᠨ᠎ᠤ ᠰᠡᠭᠦᠯᠴᠢ
ᠨᠠᠶᠠᠭᠠᠳ ᠣᠨ᠎ᠤ ᠡᠬᠢ᠎ᠪᠡᠷ ᠳᠤᠮᠳᠠᠳᠤ ᠤᠯᠤᠰ᠎ᠤᠨ ᠠᠵᠤ ᠠᠬᠤᠶ ᠨᠡᠢᠭᠡᠮ᠎ᠦᠨ ᠬᠥᠭ᠌ᠵᠢᠯᠲᠡ᠎ᠶ᠋ᠢᠨ ᠵᠢᠷᠤᠭ
ᠲᠥᠰᠦᠪ᠎ᠢ ᠲᠥᠯᠥᠪᠵᠢᠭᠦᠯᠬᠦ᠌ ᠦᠶ᠎ᠡ᠎ᠳᠦ ᠳᠤᠷᠠᠳᠤᠭ᠍ᠰᠠᠨ ᠪᠠᠢᠯᠳᠤᠬᠤ ᠪᠣᠳᠣᠯᠭ᠎ᠠ᠎ᠶ᠋ᠢᠨ ᠲᠥᠰᠦᠪᠯᠡᠯ
ᠪᠣᠯᠤᠨ᠎ᠠ᠃ ᠳᠤᠮᠳᠠᠳᠤ ᠤᠯᠤᠰ᠎ᠤᠨ ᠣᠨᠴᠠᠯᠢᠭ ᠲᠠᠢ ᠨᠡᠢᠭᠡᠮ ᠵᠢᠷᠤᠮ᠎ᠤᠨ ᠪᠦᠲᠦᠭᠡᠨ ᠪᠠᠢᠭᠤᠯᠤᠯᠲᠠ᠎ᠶ᠋ᠢᠨ
ᠦᠢᠯᠡᠰ᠎ᠦᠨ ᠭᠦᠨᠵᠡᠭᠡᠢᠷᠡᠬᠦ᠌᠎ᠶ᠋ᠢ ᠳᠠᠭᠠᠯᠳᠤᠨ᠂ ᠲᠡᠭᠦᠨ᠎ᠦ ᠠᠭᠤᠯᠤᠭ᠍ᠳᠠᠬᠤᠨ ᠪᠠ ᠠᠴᠢ ᠬᠣᠯᠪᠣᠭ᠍ᠳᠠᠯ ᠨᠢ
ᠲᠠᠰᠤᠷᠠᠯᠲᠠ ᠦᠭᠡᠢ ᠪᠠᠶᠠᠯᠢᠭ᠍ᠵᠢᠨ ᠬᠥᠭ᠌ᠵᠢᠪᠡ᠃ 20 ᠳ᠋ᠤᠭᠠᠷ ᠵᠠᠭᠤᠨ᠎ᠤ ᠰᠡᠭᠦᠯᠴᠢ᠎ᠪᠡᠷ ᠴᠢᠨᠡᠭᠡᠯᠢᠭ ᠨᠡᠢᠭᠡᠮ᠎ᠢ ᠦᠨᠳᠦᠰᠦᠨ᠎ᠳᠡᠭᠡᠨ
ᠪᠡᠶᠡᠯᠡᠭᠦᠯᠦᠭ᠌ᠰᠡᠨ ᠪᠠᠢᠳᠠᠯ ᠳᠣᠣᠷ᠎ᠠ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠠᠷᠪᠠᠨ
ᠨᠠᠢ᠍ᠮᠠᠳᠤᠭᠠᠷ ᠶᠡᠬᠡ ᠬᠤᠷᠠᠯ᠎ᠤᠨ ᠢᠯᠡᠳᠭᠡᠯ᠎ᠳᠦ 《ᠴᠢᠨᠡᠭᠡᠯᠢᠭ ᠨᠡᠢᠭᠡᠮ᠎ᠢ ᠪᠦᠬᠦ᠌ ᠲᠠᠯ᠎ᠠ᠎ᠪᠠᠷ ᠪᠡᠶᠡᠯᠡᠬᠦᠯᠬᠦ》᠎ᠶ᠋ᠢ ᠲᠣᠳᠣᠷᠬᠠᠢ ᠳᠤᠷᠠᠳᠤᠨ ᠭᠠᠷᠭᠠᠪᠠ᠃
ᠠᠷᠪᠠ
ᠶᠢᠰᠦᠳᠦᠭᠡᠷ ᠶᠡᠬᠡ ᠬᠤᠷᠠᠯ᠎ᠤᠨ ᠢᠯᠡᠳᠭᠡᠯ
2017 ᠣᠨ᠎ᠤ 10 ᠰᠠᠷ᠎ᠠ᠎ᠶ᠋ᠢᠨ 18᠎ᠤ ᠡᠳᠦᠷ᠂ ᠶᠡᠷᠦᠨᠭᠭᠡᠢ ᠱᠦᠵᠢ ᠰᠢ ᠵᠢᠨ ᠫᠢᠩ 《ᠪᠢᠳᠡ ᠴᠢᠨᠡᠭᠡᠯᠢᠭ ᠨᠡᠢᠭᠡᠮ᠎ᠢ
ᠪᠦᠬᠦ᠌ ᠲᠠᠯ᠎ᠠ᠎ᠪᠠᠷ ᠪᠡᠶᠡᠯᠡᠭᠦᠯᠵᠦ᠍᠂ ᠨᠢᠭᠡᠳᠦᠭᠡᠷ ᠵᠠᠭᠤᠨ ᠵᠢᠯ᠎ᠦᠨ ᠲᠡᠮᠡᠴᠡᠬᠦ᠌ ᠬᠠᠷᠠᠯᠲᠠ᠎ᠶ᠋ᠢ
ᠪᠡᠶᠡᠯᠡᠭᠦᠯᠬᠦ᠌᠎ᠪᠡᠷ ᠪᠠᠷᠠᠬᠤ ᠦᠬᠡᠢ᠂ ᠢᠯᠠᠯᠲᠠ᠎ᠶ᠋ᠢᠨ ᠡᠷᠴᠢᠨ ᠳᠡᠭᠡᠷ᠎ᠡ᠎ᠪᠡᠨ ᠨᠡᠢᠭᠡᠮ ᠵᠢᠷᠤᠮ᠎ᠤᠨ
ᠣᠳᠣᠬᠢᠴᠢᠯᠠᠭ᠍ᠰᠠᠨ ᠤᠯᠤᠰ᠎ᠢ ᠪᠦᠬᠦ᠌ ᠲᠠᠯ᠎ᠠ᠎ᠪᠠᠷ ᠪᠦᠳᠦᠭᠡᠨ ᠪᠠᠢᠭᠤᠯᠬᠤ ᠱᠢᠨ᠎ᠡ ᠠᠶᠠᠨ᠎ᠢᠶᠠᠨ
ᠡᠬᠢᠯᠡᠭᠦᠯᠵᠦ᠍᠂ ᠬᠣᠶᠠᠳᠤᠭᠠᠷ ᠵᠠᠭᠤᠨ ᠵᠢᠯ᠎ᠦᠨ ᠲᠡᠮᠡᠴᠡᠬᠦ᠌ ᠬᠠᠷᠠᠯᠲᠠ ᠲᠡᠢᠰᠢ ᠤᠷᠤᠭ᠍ᠰᠢᠯᠠᠬᠤ
ᠬᠡᠷᠡᠭ᠌ᠲᠡᠢ》 ᠬᠡᠪᠡ᠃
ᠰᠢ
ᠵᠢᠨ ᠫᠢᠩ᠂ ᠤᠯᠤᠰ᠎ᠤᠨ ᠳᠣᠲᠣᠭᠠᠳᠤ ᠭᠠᠳᠠᠭᠠᠳᠤ᠎ᠶ᠋ᠢᠨ ᠪᠠᠢᠳᠠᠯ ᠪᠣᠯᠤᠨ ᠮᠠᠨ᠎ᠤ ᠤᠯᠤᠰ᠎ᠤᠨ
ᠬᠥᠭ᠌ᠵᠢᠯᠲᠡ᠎ᠶ᠋ᠢᠨ ᠨᠥᠬᠥᠴᠡᠯ᠎ᠢ ᠶᠡᠷᠦᠩᠬᠡᠢᠯᠡᠨ ᠵᠠᠳᠠᠯᠵᠤ᠂ 2020 ᠣᠨ᠎ᠠᠴᠠ ᠲᠤᠰ ᠵᠠᠭᠤᠨ᠎ᠤ ᠳᠤᠮᠳᠠᠴᠢ ᠦᠶ᠎ᠡ ᠪᠣᠯᠲᠠᠯ᠎ᠠ ᠬᠣᠶᠠᠷ ᠱᠠᠳᠤ ᠬᠤᠪᠢᠶᠠᠨ ᠬᠠᠷᠠᠯᠲᠠ
ᠲᠤᠭᠲᠠᠭᠠᠪᠠ᠃
ᠨᠢᠭᠡᠳᠦᠭᠡᠷ
ᠱᠠᠲᠤ᠎ᠨᠢ᠂ 2020 ᠣᠨ᠎ᠠᠴᠠ 2035 ᠤᠨ ᠪᠣᠯᠲᠠᠯ᠎ᠠ᠂ ᠴᠢᠨᠡᠭᠡᠯᠢᠭ
ᠨᠡᠢᠭᠡᠮ᠎ᠢ ᠪᠦᠬᠦ᠌ ᠲᠠᠯ᠎ᠠ᠎ᠪᠠᠷ ᠪᠡᠶᠡᠯᠡᠭᠦᠯᠦᠭ᠌ᠰᠡᠨ ᠰᠠᠭᠤᠷᠢᠨ ᠳᠡᠭᠡᠷ᠎ᠡ ᠳᠠᠬᠢᠭᠠᠳ ᠠᠷᠪᠠᠨ ᠲᠠᠪᠤᠨ
ᠵᠢᠯ ᠲᠡᠮᠡᠴᠡᠵᠦ᠍᠂ ᠨᠡᠢᠭᠡᠮ ᠵᠢᠷᠤᠮ᠎ᠤᠨ ᠣᠳᠣᠬᠢᠴᠢᠯᠠᠯᠲᠠ᠎ᠶ᠋ᠢ ᠦᠨᠳᠦᠰᠦᠨ᠎ᠳᠡᠭᠡᠨ ᠪᠡᠶᠡᠯᠡᠭᠦᠯᠦᠨ᠎ᠡ᠃
ᠬᠣᠶᠠᠳᠤᠭᠠᠷ
ᠱᠠᠳᠤ ᠨᠢ᠂ 2035 ᠣᠨ᠎ᠠᠴᠠ ᠲᠤᠰ ᠵᠠᠭᠤᠨ᠎ᠤ ᠳᠤᠮᠳᠠᠴᠢ
ᠦᠶ᠎ᠡ ᠪᠣᠯᠲᠠᠯ᠎ᠠ ᠣᠳᠣᠬᠢᠴᠢᠯᠠᠯᠲᠠ᠎ᠶ᠋ᠢ ᠦᠨᠳᠦᠰᠦᠨ᠎ᠳᠡᠭᠡᠨ ᠪᠡᠶᠡᠯᠡᠭᠦᠯᠦᠭ᠌ᠰᠡᠨ ᠰᠠᠭᠤᠷᠢᠨ ᠳᠡᠭᠡᠷ᠎ᠡ ᠲᠠᠬᠢᠭᠠᠳ
ᠠᠷᠪᠠᠨ ᠲᠠᠪᠤᠨ ᠵᠢᠯ ᠲᠡᠮᠡᠴᠡᠵᠦ᠍᠂ ᠮᠠᠨ᠎ᠤ ᠤᠯᠤᠰ᠎ᠢᠶᠠᠨ ᠪᠠᠶᠠᠨ ᠬᠦᠴᠦᠷᠬᠡᠭ ᠠᠷᠠᠳᠴᠢᠯᠠᠭ᠍ᠰᠠᠨ
ᠪᠣᠯᠪᠠᠰᠤᠨ ᠡᠶ᠎ᠡ ᠵᠣᠬᠢᠴᠠᠩᠭᠤᠢ ᠦᠵᠡᠰᠭᠦᠯᠡᠩᠲᠦ ᠰᠠᠢᠬᠠᠨ ᠨᠡᠢᠭᠡᠮ ᠵᠢᠷᠤᠮᠲᠤ ᠣᠳᠣᠬᠢᠴᠢᠯᠠᠭ᠍ᠰᠠᠨ ᠬᠦᠴᠦᠷᠬᠡᠭ
ᠤᠯᠤᠰ ᠪᠣᠯᠭᠠᠨ ᠪᠦᠳᠦᠭᠡᠨ ᠪᠠᠢᠭᠤᠯᠤᠨ᠎ᠠ᠃
ᠶᠡᠷᠦᠨᠭᠭᠡᠢ
ᠱᠦᠵᠢ ᠰᠢ ᠵᠢᠨ ᠫᠢᠩ 《ᠴᠢᠨᠡᠭᠡᠯᠢᠭ ᠨᠡᠢᠭᠡᠮ᠎ᠢ ᠪᠦᠬᠦ᠌ ᠲᠠᠯ᠎ᠠ᠎ᠪᠠᠷ ᠪᠡᠶᠡᠯᠡᠭᠦᠯᠬᠦ᠌᠎ᠡᠴᠡ
ᠣᠳᠣᠬᠢᠴᠢᠯᠠᠯᠲᠠ᠎ᠶ᠋ᠢ ᠦᠨᠳᠦᠰᠦᠨ᠎ᠳᠡᠭᠡᠨ ᠪᠡᠶᠡᠯᠡᠭᠦᠯᠬᠦ᠌᠂ ᠲᠠᠬᠢᠭᠠᠳ ᠨᠡᠢᠭᠡᠮ ᠵᠢᠷᠤᠮ᠎ᠤᠨ
ᠣᠳᠣᠬᠢᠴᠢᠯᠠᠭ᠍ᠰᠠᠨ ᠬᠦᠴᠦᠷᠬᠡᠭ ᠤᠯᠤᠰ᠎ᠢ ᠪᠦᠬᠦ᠌ ᠲᠠᠯ᠎ᠠ᠎ᠪᠠᠷ ᠪᠡᠶᠡᠯᠡᠭᠦᠯᠬᠦ᠌ ᠬᠦᠷᠲᠡᠯ᠎ᠡ ᠪᠤᠯ ᠱᠢᠨ᠎ᠡ
ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ᠎ᠲᠠᠶ ᠨᠡᠢᠭᠡᠮ ᠵᠢᠷᠤᠮ᠎ᠤᠨ ᠬᠥᠭ᠌ᠵᠢᠯᠲᠡ᠎ᠶ᠋ᠢᠨ
ᠪᠠᠢᠯᠳᠤᠬᠤ ᠪᠤᠳᠤᠯᠭ᠎ᠠ᠎ᠶ᠋ᠢᠨ ᠲᠤᠬᠢᠷᠠᠭᠤᠯᠤᠯᠳᠠ ᠪᠣᠯᠤᠨ᠎ᠠ᠃ ᠪᠢᠳᠡ ᠱᠢᠨᠲᠠᠷᠠᠰᠢ ᠦᠭᠡᠢ ᠴᠢᠷᠮᠠᠢᠵᠤ᠂
ᠨᠡᠢᠭᠡᠮ ᠵᠢᠷᠤᠮ᠎ᠤᠨ ᠣᠳᠣᠬᠢᠴᠢᠯᠠᠯᠲᠠ᠎ᠶ᠋ᠢᠨ ᠱᠢᠨ᠎ᠡ ᠠᠶᠠᠨ᠎ᠤ ᠢᠷᠠᠭᠤ ᠭᠠᠢᠬᠠᠮᠱᠢᠭ᠍ᠲᠤ ᠬᠠᠭᠤᠳᠠᠰᠤ᠎ᠶ᠋ᠢ
ᠴᠢᠷᠮᠠᠢᠨ ᠪᠢᠴᠢᠭ᠌ᠯᠡᠬᠦ᠌ ᠬᠡᠷᠡᠭ᠌ᠲᠡᠢ》 ᠭᠡᠵᠦ ᠴᠢᠨᠭᠭᠠᠳᠬᠠᠪᠠ᠃
ᠬᠠᠷᠠᠯᠲᠠ ᠪᠠ ᠱᠠᠭᠠᠷᠳᠠᠯᠭ᠎ᠠ
ᠨᠢᠭᠡ᠎ᠳᠦ᠂
ᠠᠵᠤ ᠠᠬᠤᠢ᠎ᠶᠢᠨ ᠳᠤᠮᠳᠠ ᠳᠡᠭᠡᠳᠦ ᠬᠤᠷᠳᠤᠴᠠ᠎ᠪᠠᠷ ᠨᠡᠮᠡᠭ᠌ᠳᠡᠬᠦ᠎ᠶᠢ ᠪᠠᠲᠤᠯᠠᠨ᠎ᠠ
ᠬᠣᠶᠠᠷ᠎ᠲᠤ᠂
ᠠᠷᠠᠳ᠎ᠤᠨ ᠠᠮᠢᠳᠤᠷᠠᠯ᠎ᠤᠨ ᠲᠦᠪᠱᠢᠨ ᠪᠠ ᠶᠠᠰᠤ ᠴᠢᠨᠠᠷ᠎ᠢ ᠨᠡᠢᠳᠡᠮ ᠳᠡᠭᠡᠭ᠌ᠰᠢᠯᠡᠬᠦᠯᠦᠨ᠎ᠡ
ᠭᠤᠷᠪᠠ᠎ᠳᠤ᠂
ᠠᠷᠠᠳ ᠢᠷᠭᠡᠳ᠎ᠦᠨ ᠬᠡᠪ ᠴᠢᠨᠠᠷ ᠪᠠ ᠨᠡᠢᠭᠡᠮ᠎ᠦᠨ ᠪᠣᠯᠪᠠᠰᠤᠨ᠎ᠤ ᠬᠡᠮᠵᠢᠶ᠎ᠡ᠎ᠶᠢ ᠢᠯᠡᠳᠲᠡ
ᠳᠡᠭᠡᠭ᠌ᠰᠢᠯᠡᠬᠦᠯᠦᠨ᠎ᠡ
ᠲᠦᠷᠪᠡ᠎ᠳᠦ᠂ ᠠᠮᠢ ᠠᠬᠤᠢ᠎ᠶ᠋ᠢᠨ ᠣᠷᠴᠢᠨ ᠲᠤᠭᠤᠷᠢᠨ᠎ᠤ
ᠶᠠᠰᠤ ᠴᠢᠨᠠᠷ᠎ᠢ ᠶᠡᠷᠦᠩᠬᠡᠢ᠎ᠳᠤ᠎ᠨᠢ ᠰᠠᠢᠵᠢᠷᠠᠭᠤᠯᠤᠨ᠎ᠠ
ᠲᠠᠪᠤ᠎ᠳᠤ ᠂ ᠡᠯ᠎ᠡ ᠲᠠᠯ᠎ᠠ᠎ᠶ᠋ᠢᠨ ᠲᠦᠷᠢᠮ᠎ᠢ ᠨᠡᠩ
ᠲᠡᠬᠦᠯᠳᠡᠷᠵᠢᠬᠦᠯᠦᠨ᠎ᠡ᠃
ᠲᠠᠪᠤᠨ ᠵᠦᠢᠯ᠎ᠦᠨ ᠭᠦᠢᠴᠡᠳᠭᠡᠯ ᠲᠣᠭ᠎ᠠ
ᠠᠵᠤ ᠠᠬᠤᠶ᠎ᠶ᠋ᠢᠨ ᠪᠦᠳᠦᠭᠡᠠ ᠪᠠᠢᠭᠤᠯᠤᠯᠲᠠ᠎ᠶᠢᠨ
ᠲᠠᠯ᠎ᠠ ᠪᠡᠷ
ᠬᠥᠭ᠌ᠵᠢᠯᠲᠡ᠎ᠶ᠋ᠢᠨ
ᠵᠣᠬᠢᠴᠠᠩᠭᠤᠢ ᠴᠢᠨᠠᠷ᠎ᠢ ᠴᠢᠩᠭᠠᠳᠭᠠᠵᠤ᠂ ᠠᠵᠤ ᠠᠬᠤᠢ᠎ᠶ᠋ᠢᠨ ᠰᠠᠢ᠌ᠨ ᠪᠥᠭᠡᠳ ᠲᠦᠷᠭᠡᠨ ᠬᠥᠭ᠌ᠵᠢᠯᠲᠡ᠎ᠶ᠋ᠢ
ᠴᠢᠷᠮᠠᠢᠨ ᠪᠡᠶᠡᠯᠡᠭᠦᠯᠦᠨ᠎ᠡ᠃
ᠤᠯᠤᠰ ᠲᠦᠷᠦ᠍᠎ᠶ᠋ᠢᠨ ᠪᠠᠢᠭᠤᠯᠤᠯᠲᠠ᠎ᠶᠢᠨ ᠲᠠᠯ᠎ᠠ ᠪᠡᠷ
ᠨᠡᠢᠭᠡᠮ
ᠵᠢᠷᠤᠮ᠎ᠤᠨ ᠠᠷᠠᠳᠴᠢᠯᠠᠯ᠎ᠢ ᠥᠷᠭᠡᠳᠭᠡᠵᠦ᠍᠂ ᠠᠷᠠᠳ ᠲᠦᠮᠡᠨ᠎ᠦ ᠡᠷᠬᠡ ᠠᠱᠢᠭ ᠪᠠ ᠨᠡᠢᠭᠡᠮ᠎ᠦᠨ ᠲᠥᠪ ᠭᠣᠣᠯᠴᠢ
ᠱᠢᠳᠤᠷᠭᠤ ᠶᠣᠰᠣ᠎ᠶ᠋ᠢ ᠨᠡᠩ ᠰᠠᠢᠲᠤᠷ ᠪᠠᠲᠤᠯᠠᠨ᠎ᠠ᠃
ᠰᠣᠶᠣᠯ᠎ᠤᠨ
ᠪᠠᠢᠭᠤᠯᠤᠯᠲᠠ᠎ᠶᠢᠨ ᠲᠠᠯ᠎ᠠ ᠪᠡᠷ
ᠰᠣᠶᠣᠯ᠎ᠤᠨ
ᠪᠠᠢᠭᠤᠯᠤᠯᠲᠠ᠎ᠶ᠋ᠢ ᠴᠢᠩᠭᠠᠳᠭᠠᠵᠤ᠂ ᠪᠦᠬᠦ᠌ ᠦᠨᠳᠦᠰᠦᠲᠡᠨ᠎ᠦ ᠪᠣᠯᠪᠠᠰᠤᠨ ᠬᠡᠪ ᠴᠢᠨᠠᠷ᠎ᠢ ᠢᠯᠡᠳᠲᠡ
ᠳᠡᠭᠡᠭ᠌ᠰᠢᠯᠡᠭᠦᠯᠦᠨ᠎ᠡ᠃
ᠨᠡᠢᠭᠡᠮ᠎ᠦᠨ
ᠪᠠᠢᠭᠤᠯᠤᠯᠲᠠ᠎ᠶᠢᠨ ᠲᠠᠯ᠎ᠠ ᠪᠡᠷ
ᠨᠡᠢᠭᠡᠮ᠎ᠦᠨ ᠦᠢᠯᠡᠰ᠎ᠢ
ᠲᠦᠷᠭᠡᠳᠭᠡᠨ ᠬᠥᠭ᠌ᠵᠢᠭᠦᠯᠵᠦ᠍᠂ ᠠᠷᠠᠳ᠎ᠤᠨ ᠠᠮᠢᠳᠤᠷᠠᠯ᠎ᠢ ᠪᠦᠬᠦ᠌ ᠲᠠᠯ᠎ᠠ᠎ᠪᠠᠷ ᠰᠠᠢᠵᠢᠷᠠᠭᠤᠯᠤᠨ᠎ᠠ᠃
ᠠᠮᠢ
ᠠᠬᠤᠶ᠎ᠶ᠋ᠢᠨ ᠪᠣᠯᠪᠠᠰᠤᠨ᠎ᠤ ᠪᠠᠢᠭᠤᠯᠤᠯᠲᠠ᠎ᠶᠢᠨ ᠲᠠᠯ᠎ᠠ ᠪᠡᠷ
ᠠᠮᠢ
ᠠᠬᠤᠢ᠎ᠶ᠋ᠢᠨ ᠪᠣᠯᠪᠠᠰᠤᠨ᠎ᠢ ᠪᠠᠢᠭᠤᠯᠵᠤ᠂ ᠡᠨ᠋ᠸᠷᠬᠢ ᠪᠤᠯᠤᠨ ᠡᠬᠢ ᠪᠠᠶᠠᠯᠢᠭ᠎ᠢ ᠠᠷᠪᠢᠯᠠᠬᠤ ᠪᠠ ᠠᠮᠢ
ᠠᠬᠤᠢ᠎ᠶ᠋ᠢᠨ ᠣᠷᠴᠢᠨ ᠲᠣᠭᠣᠷᠢᠨ᠎ᠢ ᠬᠠᠮᠠᠭᠠᠯᠠᠬᠤ ᠠᠵᠤ ᠦᠢᠯᠡᠰ᠎ᠤᠨ ᠪᠦᠲᠦᠴᠡ᠂ ᠨᠡᠮᠡᠭ᠌ᠳᠡᠯ᠎ᠤᠨ ᠠᠷᠭ᠎ᠠ
ᠮᠠᠶ᠍ᠢᠭ᠂ ᠬᠡᠷᠡᠭ᠌ᠯᠡᠭᠡᠨ᠎ᠤ ᠵᠠᠭ᠍ᠪᠤᠷ᠎ᠢ ᠦᠨᠳᠦᠰᠦᠨ ᠳ᠋ᠤᠨᠢ ᠪᠤᠢ ᠪᠣᠯᠭᠠᠨ᠎ᠠ᠃
ᠢᠷᠡᠯᠳᠡ᠄
ᠪᠠᠢ ᠳᠦ ᠪᠠᠢ ᠺᠸ
ᠡᠮᠬᠢᠯᠡᠭᠴᠢ᠄
ᠰᠢᠶᠠᠡᠭ ᠲᠤᠤ