ᠬᠣᠣᠰ ᠡᠷᠭᠢᠯᠲᠡ
2022-02-16 18:02:26
ᠵᠣᠬᠢᠶᠠᠭ᠍ᠴᠢ᠄
ᠣᠩᠱᠢᠭ᠍ᠰᠠᠨ ᠣᠳᠠᠭ᠎ᠠ᠄
★★★☆☆

ᠬᠣᠣᠰ ᠡᠷᠬᠢᠯᠳᠡ ᠭᠡᠳᠡᠭ ᠨᠢ ᠶᠡᠷᠦ᠍᠎ᠳᠡᠭᠡᠨ ᠤᠯᠤᠰ᠎ᠤᠨ ᠳᠣᠲᠣᠭᠠᠳᠤ ᠭᠠᠳᠠᠭᠠᠳᠤ᠎ᠶ᠋ᠢᠨ ᠬᠣᠣᠰ ᠡᠷᠬᠢᠯᠳᠡ᠎ᠶᠢ ᠵᠢᠭᠠᠨ᠎ᠠ᠃

2020 ᠣᠨ᠎ᠤ 4 ᠰᠠᠷ᠎ᠠ᠎ᠶ᠋ᠢᠨ 10᠎ᠤ ᠡᠳᠦᠷ᠂ ᠲᠥᠪ᠎ᠦᠨ ᠡᠳ᠋᠎ᠦᠨ ᠵᠠᠰᠠᠭ ᠠᠵᠤ ᠠᠬᠤᠢ᠎ᠶ᠋ᠢᠨ ᠵᠥᠪᠯᠡᠯ᠎ᠦᠨ ᠳᠣᠯᠣᠳᠤᠭᠠᠷ ᠤᠳᠠᠭ᠎ᠠ᠎ᠶ᠋ᠢᠨ ᠬᠤᠷᠠᠯ ᠳᠡᠭᠡᠷ᠎ᠡ ᠶᠡᠷᠦᠩᠬᠡᠢ ᠱᠦᠵᠢ ᠰᠢ ᠵᠢᠨ ᠫᠢᠩ᠂ ᠤᠯᠤᠰ᠎ᠤᠨ ᠳᠣᠲᠣᠭᠠᠳᠤ᠎ᠶ᠋ᠢᠨ ᠶᠡᠬᠡ ᠡᠷᠬᠢᠯᠳᠡ ᠪᠡᠷ ᠭᠣᠣᠯ ᠴᠣᠭ᠍ᠴᠠ ᠪᠣᠯᠭᠠᠭ᠍ᠰᠠᠨ᠂ ᠤᠯᠤᠰ᠎ᠤᠨ ᠳᠣᠲᠣᠭᠠᠳᠤ ᠭᠠᠳᠠᠭᠠᠳᠤ᠎ᠶ᠋ᠢᠨ ᠬᠣᠣᠰ ᠡᠷᠬᠢᠯᠳᠡ᠎ᠶᠢ ᠬᠠᠷᠢᠯᠴᠠᠨ ᠠᠬᠢᠭᠤᠯᠤᠭ᠍ᠰᠠᠨ ᠱᠢᠨ᠎ᠡ ᠬᠥᠭ᠌ᠵᠢᠯᠲᠡ᠎ᠶ᠋ᠢᠨ ᠪᠠᠢᠷᠢᠱᠢᠯ᠎ᠢ ᠪᠠᠢᠭᠤᠯᠬᠤ ᠬᠡᠷᠡᠭ᠌ᠲᠡᠢ ᠭᠡᠵᠦ᠍ ᠴᠢᠬᠤᠯᠠᠴᠢᠯᠠᠪᠠ᠃

ᠬᠢᠲᠠᠳ ᠨᠡᠷ᠎ᠡ᠄双循环

ᠠᠩᠭᠯᠢ ᠨᠡᠷ᠎ᠡ᠄ dual circulation

ᠭᠠᠷᠴᠠᠭ

ᠲᠤᠷᠠᠲᠤᠭᠰᠠᠨ ᠠᠬᠤᠢ ᠪᠠᠢᠲᠠᠯ

ᠬᠦᠭᠵᠢᠯᠳᠡ᠎ᠶᠢᠨ ᠪᠠᠢᠲᠠᠯ

ᠬᠦᠭᠵᠢᠯᠳᠡ᠎ᠶᠢᠨ ᠪᠠᠢᠷᠢᠰᠢᠯ

ᠲᠤᠷᠠᠲᠤᠭᠰᠠᠨ ᠠᠬᠤᠢ ᠪᠠᠢᠲᠠᠯ

2020 ᠣᠨ᠎ᠤ 10 ᠰᠠᠷ᠎ᠠ᠎ᠶ᠋ᠢᠨ 22 ᠎ᠤᠨ ᠡᠳᠦᠷ᠂ JDL ᠵᠢᠩ ᠳ᠋ᠦᠩ ᠪᠠᠷᠠᠭᠠᠨ᠎ᠤ ᠭᠦᠶ᠋ᠯᠭᠡᠭᠡ᠎ᠶ᠋ᠢᠨ ᠭᠤᠤᠯᠯᠠᠨ ᠡᠷᠭᠢᠯᠡᠭ᠌ᠰᠡᠨ 2020 ᠣᠨ᠎ᠤ ᠪᠥᠬᠥ᠌ ᠪᠥᠮᠪᠥᠷᠴᠡᠭ᠎ᠦᠨ ᠣᠶᠤᠨᠲᠦ ᠪᠠᠷᠠᠭᠠᠨ᠎ᠤ ᠭᠦᠶ᠋ᠯᠭᠡᠭᠡ᠎ᠶ᠋ᠢᠨ ᠲᠦᠷᠦᠭᠦᠴᠦᠳ᠎ᠦᠨ ᠬᠤᠷᠠᠯ ( GSSC ) ᠳᠡᠭᠡᠷ᠎ᠡ᠂ ᠠᠵᠤ ᠠᠬᠤᠶ᠎ᠶ᠋ᠢᠨ ᠤᠬᠠᠭᠠᠨᠲᠠᠨ ᠂ ᠪᠡᠭᠡᠵᠢᠩ ᠶᠡᠬᠡ ᠰᠤᠷᠭᠠᠭᠤᠯᠢ᠎ᠶ᠋ᠢᠨ ᠤᠯᠤᠰ᠎ᠤᠨ ᠬᠥᠭ᠌ᠵᠢᠯᠲᠡ᠎ᠶ᠋ᠢᠨ ᠰᠤᠳᠤᠯᠭᠠᠨ᠎ᠤ ᠬᠦᠷᠢᠶᠡᠯᠡᠩ᠎ᠦᠨ ᠨᠡᠷ᠎ᠡ ᠬᠦᠨᠳᠦᠲᠦ ᠵᠠᠬᠢᠷᠤᠯ ᠯᠢᠨ ᠢ ᠹᠦ᠋ ᠬᠤᠤᠰ ᠡᠷᠬᠢᠯᠳᠡ᠎ᠶᠢᠨ ᠱᠢᠨ᠎ᠡ ᠬᠥᠭ᠌ᠵᠢᠯᠲᠡ᠎ᠶ᠋ᠢᠨ ᠪᠠᠢᠷᠢᠱᠢᠯ᠎ᠤᠨ ᠭᠤᠷᠪᠠᠨ ᠶᠡᠬᠡ ᠠᠰᠠᠭᠤᠳᠠᠯ᠎ᠳᠤ ᠲᠠᠢᠯᠤᠮᠵᠢ ᠬᠢᠪᠠ᠃

ᠲᠡᠷᠡ᠄ 《ᠮᠠᠨ᠎ᠤ ᠤᠯᠤᠰ ᠶᠠᠭᠤᠨ᠎ᠳᠤ ᠬᠤᠤᠰ ᠡᠷᠬᠢᠯᠳᠡ᠎ᠶᠢᠨ ᠱᠢᠨ᠎ᠡ ᠬᠥᠭ᠌ᠵᠢᠯᠲᠡ᠎ᠶ᠋ᠢᠨ ᠪᠠᠢᠷᠢᠱᠢᠯ᠎ᠢ ᠳᠤᠷᠠᠳᠤᠭ᠍ᠰᠠᠨ ᠪᠣᠶ? ᠡᠨᠡ ᠨᠢ ᠳᠤᠮᠳᠠᠳᠤ ᠤᠯᠤᠰ᠎ᠤᠨ ᠠᠵᠤ ᠠᠬᠤᠶ᠎ᠶ᠋ᠢᠨ ᠬᠥᠭ᠌ᠵᠢᠯᠲᠡ᠎ᠶ᠋ᠢᠨ ᠬᠤᠪᠢᠷᠠᠯᠲᠠ᠎ᠶ᠋ᠢ ᠲᠤᠰᠭᠠᠵᠤ ᠪᠠᠢᠬᠤ ᠪᠥᠭᠡᠳ ᠠᠵᠤ ᠠᠬᠤᠶ᠎ᠶ᠋ᠢᠨ ᠬᠥᠭ᠌ᠵᠢᠯᠲᠡ᠎ᠶ᠋ᠢᠨ ᠦᠨᠳᠦᠰᠦᠨ ᠵᠢᠮ᠎ᠡ ᠶᠣᠰᠣ᠎ᠲᠠᠶ ᠨᠡᠢᠴᠡᠵᠦ᠍ ᠪᠠᠢᠨ᠎ᠠ᠄ ᠠᠵᠤ ᠠᠬᠤᠶ᠎ᠶ᠋ᠢᠨ ᠬᠡᠪᠴᠢᠶ᠎ᠡ ᠬᠡᠳᠦᠶ ᠶᠡᠬᠡ ᠪᠣᠯ ᠤᠯᠤᠰ᠎ᠤᠨ ᠳᠣᠲᠣᠭᠠᠳᠤ᠎ᠶ᠋ᠢᠨ ᠡᠷᠬᠢᠯᠳᠡ᠎ᠶᠢᠨ ᠬᠤᠪᠢ᠎ᠶ᠋ᠢᠨ ᠵᠢᠩ ᠲᠡᠳᠦᠶ ᠥᠨᠳᠥᠷ ᠪᠣᠯᠤᠨ᠎ᠠ᠃ ᠦᠢᠯᠡᠴᠢᠯᠡᠭᠡᠨ᠎ᠦ ᠦᠢᠯᠡᠰ᠎ᠦᠨ ᠬᠤᠪᠢ᠎ᠶ᠋ᠢᠨ ᠵᠢᠩ ᠬᠡᠳᠦᠢ ᠶᠡᠬᠡ ᠪᠣᠯ ᠤᠯᠤᠰ᠎ᠤᠨ ᠳᠣᠲᠣᠭᠠᠳᠤ᠎ᠶ᠋ᠢᠨ ᠡᠷᠬᠢᠯᠳᠡ᠎ᠶᠢᠨ ᠬᠤᠪᠢ᠎ᠶ᠋ᠢᠨ ᠵᠢᠩ ᠲᠡᠳᠦᠢ ᠶᠡᠬᠡ ᠪᠠᠢᠳᠠᠭ》 ᠬᠡᠪᠡ᠃

ᠲᠡᠷᠡ ᠪᠠᠰᠠ᠂ ᠤᠯᠤᠰ᠎ᠤᠨ ᠳᠣᠲᠣᠭᠠᠳᠤ᠎ᠶ᠋ᠢᠨ ᠡᠷᠬᠢᠯᠳᠡ ᠪᠡᠷ ᠭᠣᠣᠯ ᠴᠣᠭ᠍ᠴᠠ ᠪᠣᠯᠭᠠᠬᠤ ᠪᠣᠯ ᠣᠳᠣᠬᠠᠨ᠎ᠤ ᠬᠥᠭ᠌ᠵᠢᠯᠲᠡ᠎ᠶ᠋ᠢᠨ ᠪᠠᠢᠳᠠᠯ᠎ᠤᠨ ᠲᠤᠬᠠᠢ ᠰᠡᠷᠭᠡᠭ ᠲᠠᠨᠢᠯᠲᠠ ᠪᠣᠯᠤᠨ᠎ᠠ᠂ ᠬᠥᠭ᠌ᠵᠢᠯᠲᠡ᠎ᠶ᠋ᠢᠨ ᠶᠠᠪᠤᠴᠠ᠎ᠳᠤ ᠤᠯᠤᠰ᠎ᠤᠨ ᠳᠣᠲᠣᠭᠠᠳᠤ ᠭᠠᠳᠠᠭᠠᠳᠤ᠎ᠶ᠋ᠢᠨ ᠬᠣᠶᠠᠷ ᠵᠠᠬ᠎ᠠ ᠳᠡᠯᠭᠡᠭᠦᠷ᠂ ᠬᠣᠶᠠᠷ ᠵᠦᠢᠯ᠎ᠦᠨ ᠡᠬᠢ ᠪᠠᠶᠠᠯᠢᠭ᠎ᠤᠨ ᠳᠠᠪᠠᠭᠤᠯᠢᠭ᠎ᠢ ᠭᠦᠢᠴᠡᠳ ᠠᠱᠢᠭ᠍ᠯᠠᠵᠤ᠂ ᠤᠯᠤᠰ᠎ᠤᠨ ᠳᠣᠲᠣᠭᠠᠳᠤ᠎ᠶ᠋ᠢᠨ ᠡᠷᠬᠢᠯᠳᠡ ᠪᠡᠷ ᠭᠣᠣᠯ ᠴᠣᠭ᠍ᠴᠠ ᠪᠣᠯᠭᠠᠵᠤ᠂ ᠤᠯᠤᠰ᠎ᠤᠨ ᠳᠣᠲᠣᠭᠠᠳᠤ ᠭᠠᠳᠠᠭᠠᠳᠤ᠎ᠶ᠋ᠢᠨ ᠬᠣᠣᠰ ᠡᠷᠬᠢᠯᠳᠡ᠎ᠶᠢ ᠬᠠᠷᠢᠯᠴᠠᠨ ᠠᠬᠢᠭᠤᠯᠵᠤ᠂ ᠳᠤᠮᠳᠠᠳᠤ ᠤᠯᠤᠰ᠎ᠤᠨ ᠴᠢᠨᠠᠷ ᠰᠠᠢᠲᠠᠢ ᠬᠥᠭ᠌ᠵᠢᠯᠲᠡ᠎ᠶ᠋ᠢ ᠠᠬᠢᠭᠤᠯᠬᠤ ᠬᠡᠷᠡᠭ᠌ᠲᠡᠢ ᠭᠡᠵᠦ᠍ ᠢᠯᠡᠳᠭᠡᠪᠡ᠃

ᠬᠥᠭ᠌ᠵᠢᠯᠲᠡ᠎ᠶ᠋ᠢᠨ ᠪᠠᠢᠳᠠᠯ

2020 ᠣᠨ᠎ᠤ 5 ᠰᠠᠷ᠎ᠠ᠎ᠶ᠋ᠢᠨ 14 ᠎ᠦ ᠡᠳᠦᠷ᠂ ᠨᠠᠮ᠎ᠤᠨ ᠲᠥᠪ ᠬᠣᠷᠢᠶᠠᠨ᠎ᠤ ᠤᠯᠤᠰ ᠲᠥᠷᠥ᠎ᠶ᠋ᠢᠨ ᠲᠣᠪᠴᠢᠶᠠᠨ᠎ᠤ ᠪᠠᠢᠩᠭᠤ᠎ᠶ᠋ᠢᠨ ᠬᠣᠷᠢᠶᠠᠨ᠎ᠤ ᠬᠤᠷᠠᠯ᠎ᠠᠴᠠ ᠠᠩᠬ᠎ᠠ ᠤᠳᠠᠭ᠎ᠠ 《ᠬᠠᠩᠭᠠᠯᠭ᠎ᠠ᠎ᠶ᠋ᠢᠨ ᠲᠠᠯ᠎ᠠ᠎ᠶ᠋ᠢᠨ ᠪᠦᠲᠦᠴᠡ᠎ᠶ᠋ᠢᠨ ᠴᠢᠨᠠᠷᠲᠠᠶ ᠥᠭᠡᠷᠡᠴᠢᠯᠡᠯᠲᠡ᠎ᠶ᠋ᠢ ᠭᠦᠨᠵᠡᠭᠡᠢᠷᠡᠭᠦᠯᠵᠦ᠍᠂ ᠮᠠᠨ᠎ᠤ ᠤᠯᠤᠰ᠎ᠤᠨ ᠵᠠᠬ᠎ᠠ ᠳᠡᠯᠭᠡᠭᠦᠷ᠎ᠦᠨ ᠳᠠᠪᠠᠭᠤᠯᠢᠭ ᠪᠣᠯᠤᠨ ᠳᠣᠲᠣᠭᠠᠳᠤ ᠬᠡᠷᠡᠭ᠌ᠴᠡᠭᠡ᠎ᠶ᠋ᠢᠨ ᠳᠠᠯᠳᠠ ᠬᠦᠴᠦᠨ᠎ᠢ ᠭᠦᠶ᠋ᠴᠡᠳ ᠪᠠᠳᠠᠷᠠᠭᠤᠯᠵᠤ᠂ ᠤᠯᠤᠰ᠎ᠤᠨ ᠳᠣᠲᠣᠭᠠᠳᠤ ᠭᠠᠳᠠᠭᠠᠳᠤ᠎ᠶ᠋ᠢᠨ ᠬᠤᠤᠰ ᠡᠷᠬᠢᠯᠳᠡ᠎ᠶᠢ ᠬᠠᠷᠢᠯᠴᠠᠨ ᠠᠬᠢᠭᠤᠯᠤᠭ᠍ᠰᠠᠨ ᠱᠢᠨ᠎ᠡ ᠬᠥᠭ᠌ᠵᠢᠯᠲᠡ᠎ᠶ᠋ᠢᠨ ᠪᠠᠢᠷᠢᠱᠢᠯ᠎ᠢ ᠪᠠᠢᠭᠤᠯᠤᠨ᠎ᠠ 》 ᠭᠡᠵᠦ᠍ ᠳᠤᠷᠠᠳᠤᠭ᠍ᠰᠠᠨ᠎ᠠᠴᠠ ᠨᠠᠭᠠᠰᠢ᠂ ᠱᠢᠨ᠎ᠡ ᠬᠥᠭ᠌ᠵᠢᠯᠲᠡ᠎ᠶ᠋ᠢᠨ ᠪᠠᠢᠷᠢᠱᠢᠯ᠎ᠢ ᠣᠯᠠᠨ ᠤᠳᠠᠭᠠᠨ᠎ᠤ ᠴᠢᠬᠤᠯᠠ ᠬᠤᠷᠠᠯ᠎ᠳᠤ ᠳᠤᠷᠠᠳᠴᠠᠶ᠃

2020 ᠣᠨ᠎ᠤ 8 ᠰᠠᠷ᠎ᠠ᠎ᠶ᠋ᠢᠨ 24᠎ᠦ ᠡᠳᠦᠷ᠂ ᠶᠡᠷᠦᠩᠬᠡᠢ ᠱᠦᠵᠢ ᠰᠢ ᠵᠢᠨ ᠫᠢᠩ ᠠᠵᠤ ᠠᠬᠤᠢ ᠨᠡᠢᠭᠡᠮ᠎ᠦᠨ ᠬᠦᠷᠢᠶᠡᠨ᠎ᠦ ᠲᠤᠰᠭᠠᠢ ᠮᠡᠷᠭᠡᠵᠢᠯᠲᠡᠨ᠎ᠦ ᠶᠠᠷᠢᠯᠴᠠᠬᠤ ᠬᠤᠷᠠᠯ ᠳᠡᠭᠡᠷ᠎ᠡ᠄ 《ᠤᠯᠤᠰ᠎ᠤᠨ ᠳᠣᠲᠣᠭᠠᠳᠤ᠎ᠶ᠋ᠢᠨ ᠶᠡᠬᠡ ᠡᠷᠬᠢᠯᠳᠡ ᠪᠡᠷ ᠭᠣᠣᠯ ᠴᠣᠭ᠍ᠴᠠ ᠪᠣᠯᠭᠠᠭ᠍ᠰᠠᠨ᠂ ᠤᠯᠤᠰ᠎ᠤᠨ ᠳᠣᠲᠣᠭᠠᠳᠤ ᠭᠠᠳᠠᠭᠠᠳᠤ᠎ᠶ᠋ᠢᠨ ᠬᠣᠣᠰ ᠡᠷᠬᠢᠯᠳᠡ᠎ᠶᠢ ᠬᠠᠷᠢᠯᠴᠠᠨ ᠠᠬᠢᠭᠤᠯᠤᠭ᠍ᠰᠠᠨ ᠱᠢᠨ᠎ᠡ ᠬᠥᠭ᠌ᠵᠢᠯᠲᠡ᠎ᠶ᠋ᠢᠨ ᠪᠠᠢᠷᠢᠱᠢᠯ᠎ᠢ ᠪᠦᠷᠢᠯᠳᠦᠭᠦᠯᠬᠦ᠌᠎ᠶ᠋ᠢ ᠠᠬᠢᠭᠤᠯᠬᠤ ᠬᠡᠷᠡᠭ᠌ᠲᠡᠢ᠃ ᠡᠨᠡ ᠬᠦ᠌ ᠱᠢᠨ᠎ᠡ ᠬᠥᠭ᠌ᠵᠢᠯᠲᠡ᠎ᠶ᠋ᠢᠨ ᠪᠠᠢᠷᠢᠱᠢᠯ᠎ᠢ ᠮᠠᠨ᠎ᠤ ᠤᠯᠤᠰ᠎ᠤᠨ ᠬᠥᠭ᠌ᠵᠢᠯᠲᠡ᠎ᠶ᠋ᠢᠨ ᠱᠠᠳᠤ᠂ ᠣᠷᠴᠢᠨ ᠲᠣᠭᠣᠷᠢᠨ᠂ ᠨᠥᠬᠥᠴᠡᠯ᠎ᠦᠨ ᠬᠤᠪᠢᠷᠠᠯᠲᠠ᠎ᠶ᠋ᠢ ᠦᠨᠳᠦᠰᠦᠯᠡᠵᠦ᠍ ᠳᠤᠷᠠᠳᠤᠭ᠍ᠰᠠᠨ ᠶᠤᠮ ᠂ ᠮᠠᠨ᠎ᠤ ᠤᠯᠤᠰ᠎ᠤᠨ ᠤᠯᠠᠨ ᠤᠯᠤᠰ᠎ᠤᠨ ᠬᠠᠮᠲᠤᠷᠠᠯᠴᠠᠭ᠎ᠠ ᠪᠣᠯᠤᠨ ᠥᠷᠢᠰᠥᠯᠳᠦᠭᠡᠨ᠎ᠦ ᠱᠢᠨ᠎ᠡ ᠳᠠᠪᠠᠭᠤᠯᠢᠭ᠎ᠢ ᠲᠠᠬᠢᠨ ᠴᠣᠭ᠍ᠴᠠᠯᠠᠬᠤ ᠪᠠᠢᠯᠳᠤᠬᠤ ᠪᠤᠳᠤᠯᠭ᠎ᠠ᠎ᠶ᠋ᠢᠨ ᠰᠣᠩᠭᠣᠯᠲᠠ ᠮᠥᠨ》 ᠬᠡᠪᠡ᠃

ᠬᠦᠭᠵᠢᠯᠳᠡ᠎ᠶᠢᠨ ᠪᠠᠢᠷᠢᠰᠢᠯ

ᠤᠷᠳᠤ ᠬᠤᠭᠤᠴᠠᠭᠠᠨ᠎ᠤ ᠶᠡᠬᠡ ᠬᠠᠨᠳᠤᠰᠢ ᠪᠢᠳᠡᠨ᠎ᠢ ᠳᠣᠲᠣᠭᠠᠳᠤ ᠬᠡᠷᠡᠭ᠌ᠴᠡᠭᠡ᠎ᠪᠡᠨ ᠥᠷᠭᠡᠳᠭᠡᠬᠦ᠌ ᠡᠨᠡ ᠬᠦ᠌ ᠪᠠᠢᠯᠳᠤᠬᠤ ᠪᠤᠳᠤᠯᠭ᠎ᠠ᠎ᠶ᠋ᠢᠨ ᠦᠨᠲᠦᠰᠦᠨ ᠴᠡᠭ᠎ᠢ ᠪᠠᠲᠤ ᠡᠵᠡᠮᠳᠡᠵᠦ᠍᠂ ᠤᠯᠤᠰ᠎ᠤᠨ ᠳᠣᠲᠣᠭᠠᠳᠤ᠎ᠶ᠋ᠢᠨ ᠶᠡᠬᠡ ᠡᠷᠬᠢᠯᠳᠡ ᠪᠡᠷ ᠭᠣᠣᠯ ᠴᠣᠭ᠍ᠴᠠ ᠪᠣᠯᠭᠠᠭ᠍ᠰᠠᠨ᠂ ᠤᠯᠤᠰ᠎ᠤᠨ ᠳᠣᠲᠣᠭᠠᠳᠤ ᠭᠠᠳᠠᠭᠠᠳᠤ᠎ᠶ᠋ᠢᠨ ᠬᠣᠣᠰ ᠡᠷᠬᠢᠯᠳᠡ᠎ᠶᠢ ᠬᠠᠷᠢᠯᠴᠠᠨ ᠠᠬᠢᠭᠤᠯᠤᠭ᠍ᠰᠠᠨ ᠱᠢᠨ᠎ᠡ ᠬᠥᠭ᠌ᠵᠢᠯᠲᠡ᠎ᠶ᠋ᠢᠨ ᠪᠠᠢᠷᠢᠱᠢᠯ᠎ᠢ ᠲᠦᠷᠭᠡᠨ ᠪᠦᠷᠢᠯᠳᠦᠭᠦᠯᠬᠦ᠌᠎ᠶ᠋ᠢ ᠱᠠᠭᠠᠷᠳᠠᠵᠤ ᠪᠠᠢᠨ᠎ᠠ᠃

ᠤᠯᠤᠰ᠎ᠤᠨ ᠳᠣᠲᠣᠭᠠᠳᠤ᠎ᠶ᠋ᠢᠨ ᠶᠡᠬᠡ ᠡᠷᠬᠢᠯᠳᠡ ᠪᠡᠷ ᠭᠣᠣᠯ ᠴᠣᠭ᠍ᠴᠠ ᠪᠣᠯᠭᠠᠭ᠍ᠰᠠᠨ᠂ ᠤᠯᠤᠰ᠎ᠤᠨ ᠳᠣᠲᠣᠭᠠᠳᠤ ᠭᠠᠳᠠᠭᠠᠳᠤ᠎ᠶ᠋ᠢᠨ ᠬᠣᠣᠰ ᠡᠷᠬᠢᠯᠳᠡ᠎ᠶᠢ ᠬᠠᠷᠢᠯᠴᠠᠨ ᠠᠬᠢᠭᠤᠯᠤᠭ᠍ᠰᠠᠨ ᠱᠢᠨ᠎ᠡ ᠬᠥᠭ᠌ᠵᠢᠯᠲᠡ᠎ᠶ᠋ᠢᠨ ᠪᠠᠢᠷᠢᠱᠢᠯ᠎ᠢ ᠲᠦᠷᠭᠡᠨ ᠪᠦᠷᠢᠯᠳᠦᠭᠦᠯᠬᠦ᠌᠎ᠶ᠋ᠢᠨ ᠵᠠᠩᠭᠢᠯᠠᠭ᠎ᠠ ᠨᠢ ᠮᠠᠨ᠎ᠤ ᠤᠯᠤᠰ᠎ᠤᠨ ᠵᠠᠬ᠎ᠠ ᠳᠡᠯᠭᠡᠭᠦᠷ᠎ᠦᠨ ᠬᠡᠪᠴᠢᠶ᠎ᠡ ᠪᠣᠯᠤᠨ ᠦᠢᠯᠡᠳᠪᠦᠷᠢᠯᠡᠯ᠎ᠦᠨ ᠱᠢᠰᠲ᠋ᠧᠮ᠎ᠦᠨ ᠳᠠᠪᠠᠭᠤᠯᠢᠭ᠎ᠢ ᠤᠯᠠᠨ ᠤᠯᠤᠰ᠎ᠤᠨ ᠬᠠᠮᠲᠤᠷᠠᠯᠴᠠᠭ᠎ᠠ ᠪᠣᠯᠤᠨ ᠥᠷᠢᠰᠥᠯᠳᠦᠭᠡᠨ᠎ᠳᠦ ᠣᠷᠣᠯᠴᠠᠬᠤ ᠱᠢᠨ᠎ᠡ ᠳᠠᠪᠠᠭᠤᠯᠢᠭ ᠪᠣᠯᠭᠠᠨ ᠬᠤᠪᠢᠷᠠᠭᠤᠯᠬᠤ᠎ᠳᠤ ᠪᠠᠢᠨ᠎ᠠ᠃ ᠡᠨᠡ ᠨᠢ ᠭᠡᠳᠤ ᠶᠡᠬᠡ ᠬᠡᠪᠴᠢᠶᠡᠨ᠎ᠦ ᠵᠠᠬ᠎ᠠ ᠳᠡᠯᠭᠡᠭᠦᠷ᠎ᠦᠨ ᠳᠠᠪᠠᠭᠤᠯᠢᠭ᠎ᠢ ᠪᠠᠳᠠᠷᠠᠭᠤᠯᠵᠤ ᠂ ᠣᠷᠣᠯᠭ᠎ᠠ᠎ᠶ᠋ᠢᠨ ᠬᠤᠪᠢᠶᠠᠷᠢᠯᠠᠯᠲᠠ᠎ᠶ᠋ᠢᠨ ᠲᠦᠷᠢᠮ᠎ᠦᠨ ᠥᠭᠡᠷᠡᠴᠢᠯᠡᠯᠲᠡ᠎ᠶ᠋ᠢ ᠲᠦᠷᠭᠡᠳᠭᠡᠵᠦ᠍᠂ ᠤᠯᠤᠰ᠎ᠤᠨ ᠳᠣᠲᠣᠭᠠᠳᠤ᠎ᠶ᠋ᠢᠨ ᠵᠠᠬ᠎ᠠ ᠳᠡᠯᠭᠡᠭᠦᠷ᠎ᠦᠨ ᠬᠡᠷᠡᠭ᠌ᠴᠡᠭᠡ᠎ᠶ᠋ᠢᠨ ᠨᠦᠭᠡᠴᠡ ᠬᠦᠴᠦᠨ᠎ᠢ ᠠᠭᠤᠳᠠᠯᠵᠤ᠂ ᠪᠦᠷᠢᠨ ᠪᠦᠲᠦᠨ ᠳᠣᠲᠣᠭᠠᠳᠤ ᠬᠡᠷᠡᠭ᠌ᠴᠡᠭᠡ᠎ᠶ᠋ᠢᠨ ᠱᠢᠰᠲ᠋ᠧᠮ᠎ᠢ ᠲᠦᠷᠭᠡᠪᠴᠢᠯᠡᠨ ᠪᠠᠢᠭᠤᠯᠬᠤ᠎ᠶ᠋ᠢ ᠱᠠᠭᠠᠷᠳᠠᠵᠤ ᠪᠠᠢᠨ᠎ᠠᠶᠡᠬᠡ ᠬᠡᠮᠵᠢᠶᠡᠨ᠎ᠦ ᠦᠢᠯᠡᠳᠪᠦᠷᠢᠯᠡᠯ᠎ᠦᠨ ᠡᠯᠧᠮᠧᠨ᠋ᠲ᠎ᠦᠨ ᠳᠠᠪᠠᠭᠤᠯᠢᠭ᠎ᠢ ᠪᠠᠳᠠᠷᠠᠭᠤᠯᠵᠤ᠂ ᠡᠯᠧᠮᠧᠨ᠋ᠲ᠎ᠢ ᠵᠠᠬ᠎ᠠ ᠳᠡᠯᠭᠡᠭᠦᠷᠴᠢᠯᠡᠨ ᠲᠤᠬᠢᠷᠠᠭᠤᠯᠬᠤ ᠥᠭᠡᠷᠡᠴᠢᠯᠡᠯᠲᠡ᠎ᠶ᠋ᠢ ᠭᠦᠨᠵᠡᠭᠡᠢᠷᠡᠭᠦᠯᠵᠦ᠂ ᠦᠢᠯᠡᠳᠪᠦᠷᠢᠯᠡᠯ᠂ ᠬᠤᠪᠢᠶᠠᠷᠢᠯᠠᠯᠲᠠ᠂ ᠭᠦᠢᠯᠭᠡᠭᠡ᠂ ᠬᠡᠷᠡᠭ᠌ᠯᠡᠭᠡ᠎ᠶ᠋ᠢᠨ ᠡᠯ᠎ᠡ ᠭᠣᠭ᠍ᠴᠣᠭ᠎ᠠ᠎ᠶ᠋ᠢ ᠨᠡᠪᠲᠡᠷᠡᠭᠦᠯᠵᠦ᠍᠂ ᠤᠯᠤᠰ᠎ᠤᠨ ᠳᠣᠲᠣᠭᠠᠳᠤ᠎ᠶ᠋ᠢᠨ ᠶᠡᠬᠡ ᠣᠷᠴᠢᠯ᠎ᠤᠨ ᠦᠷ᠎ᠡ ᠪᠦᠲᠦᠮᠵᠢ᠎ᠶ᠋ᠢ ᠳᠡᠭᠡᠭ᠌ᠰᠢᠯᠡᠭᠦᠯᠦᠨ᠎ᠡᠶᠡᠬᠡ ᠬᠡᠮᠵᠢᠶᠡᠨ᠎ᠦ ᠱᠢᠨ᠎ᠡ᠎ᠶ᠋ᠢ ᠡᠭᠦᠳᠬᠦ᠌ ᠡᠬᠢ ᠪᠠᠶᠠᠯᠢᠭ᠎ᠤᠨ ᠳᠠᠪᠠᠭᠤᠯᠢᠭ᠎ᠢ ᠪᠠᠳᠠᠷᠠᠭᠤᠯᠵᠤ᠂ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠪᠠᠢᠭᠤᠯᠤᠮᠵᠢ᠎ᠶ᠋ᠢᠨ ᠥᠭᠡᠷᠡᠴᠢᠯᠡᠯᠲᠡ᠎ᠶ᠋ᠢ ᠭᠦᠨᠵᠡᠭᠡᠢᠷᠡᠭᠦᠯᠵᠦ᠍᠂ ᠵᠠᠩᠭᠢᠯᠠᠭ᠎ᠠ᠎ᠶ᠋ᠢᠨ ᠭᠣᠣᠯᠯᠠᠬᠤ ᠮᠡᠷᠭᠡᠵᠢᠯ᠎ᠦᠨ ᠪᠣᠭᠣᠮᠲᠠ᠎ᠶᠢ ᠱᠢᠪᠲᠤᠯᠵᠤ᠂ ᠠᠵᠤ ᠦᠢᠯᠡᠰ᠎ᠦᠨ ᠦᠨᠲᠦᠰᠦᠨ ᠴᠢᠳᠠᠪᠤᠷᠢ ᠪᠣᠯᠤᠨ ᠠᠵᠤ ᠦᠢᠯᠡᠰ᠎ᠦᠨ ᠬᠡᠯᠬᠢᠶᠡᠵᠢᠯ᠎ᠤᠨ ᠣᠳᠣᠬᠢᠴᠢᠯᠠᠯᠲᠠ᠎ᠶ᠋ᠢᠨ ᠲᠦᠪᠱᠢᠨ᠎ᠢ ᠳᠡᠭᠡᠭ᠌ᠰᠢᠯᠡᠭᠦᠯᠵᠦ᠍᠂ ᠨᠡᠩ ᠤᠯᠠᠨ ᠱᠢᠨ᠎ᠡ ᠨᠡᠮᠡᠭ᠌ᠳᠡᠯ᠎ᠦᠨ ᠴᠡᠭ᠂ ᠨᠡᠮᠡᠭ᠌ᠳᠡᠯ᠎ᠦᠨ ᠲᠤᠢᠯ᠎ᠢ ᠪᠦᠷᠢᠯᠳᠦᠭᠦᠯᠵᠦ᠍᠂ ᠢᠷᠡᠭᠡᠳᠦᠢ᠎ᠶ᠋ᠢᠨ ᠬᠥᠭ᠌ᠵᠢᠯᠲᠡ᠎ᠶ᠋ᠢᠨ ᠱᠢᠨ᠎ᠡ ᠳᠠᠪᠠᠭᠤᠯᠢᠭ᠎ᠢ ᠪᠤᠢ ᠪᠣᠯᠭᠠᠨ᠎ᠠ᠃ ᠭᠠᠳᠠᠭᠠᠳᠤ ᠠᠷᠠᠯᠵᠢᠶᠠᠨ᠎ᠤ ᠲᠤᠮᠤ ᠤᠯᠤᠰ᠎ᠤᠨ ᠳᠠᠪᠠᠭᠤᠯᠢᠭ᠎ᠢ ᠪᠠᠳᠠᠷᠠᠭᠤᠯᠵᠤ᠂ ᠥᠨᠳᠥᠷ ᠲᠦᠪᠱᠢᠨ ᠪᠦᠬᠦᠢ ᠨᠡᠭᠡᠭᠡᠯᠲᠡᠲᠦ ᠮᠠᠶᠢᠭ᠎ᠤᠨ ᠠᠵᠤ ᠠᠬᠤᠢ᠎ᠶ᠋ᠢ ᠬᠥᠭ᠌ᠵᠢᠭᠦᠯᠵᠦ᠍᠂ ᠳᠣᠲᠣᠭᠠᠳᠤ ᠭᠠᠳᠠᠭᠠᠳᠤ᠎ᠶ᠋ᠢᠨ ᠵᠠᠬ᠎ᠠ ᠳᠡᠯᠭᠡᠭᠦᠷ ᠪᠣᠯᠤᠨ ᠲᠦᠷᠢᠮ᠎ᠦᠨ ᠵᠣᠯᠭᠠᠯᠴᠠᠭ᠎ᠠ᠎ᠶ᠋ᠢ ᠠᠬᠢᠭᠤᠯᠵᠤ᠂ 《ᠬᠡᠨ ᠠᠯᠢᠨ᠎ᠠᠴᠠ᠎ᠪᠠᠨ ᠰᠠᠯᠵᠤ ᠴᠢᠳᠠᠬᠤ ᠦᠭᠡᠢ》 ᠬᠠᠩᠭᠠᠯᠭ᠎ᠠ᠎ᠶ᠋ᠢᠨ ᠬᠡᠯᠬᠢᠶᠡᠵᠢᠯ᠎ᠤᠨ ᠠᠮᠢ ᠠᠬᠤᠢ᠎ᠶ᠋ᠢ ᠪᠤᠢ ᠪᠤᠯᠭᠠᠵᠦ᠂ ᠤᠯᠤᠰ᠎ᠤᠨ ᠳᠣᠲᠣᠭᠠᠳᠤ᠎ᠶ᠋ᠢᠨ ᠡᠷᠬᠢᠯᠳᠡ ᠪᠣᠯᠤᠨ ᠳᠡᠯᠡᠬᠡᠢ᠎ᠶ᠋ᠢᠨ ᠡᠷᠬᠢᠯᠳᠡ᠎ᠶᠢᠨ ᠬᠠᠷᠢᠯᠴᠠᠨ ᠠᠬᠢᠭᠤᠯᠤᠬᠰᠠᠨ ᠪᠠᠢᠲᠠᠯ᠎ᠢ ᠪᠦᠷᠢᠯᠳᠦᠭᠦᠯᠬᠦ᠌ ᠬᠡᠷᠡᠭ᠌ᠲᠡᠢ᠃

ᠶᠡᠷᠦᠩᠬᠡᠢᠯᠡᠭᠡᠳ ᠬᠡᠯᠡᠪᠡᠯ᠂ ᠱᠢᠨ᠎ᠡ ᠬᠥᠭ᠌ᠵᠢᠯᠲᠡ᠎ᠶ᠋ᠢᠨ ᠪᠠᠢᠷᠢᠱᠢᠯ᠎ᠨᠢ ᠮᠠᠨ᠎ᠤ ᠤᠯᠤᠰ᠎ᠤᠨ ᠬᠡᠷᠡᠭ᠌ᠴᠡᠭᠡ᠎ᠶ᠋ᠢᠨ ᠪᠦᠲᠦᠴᠡ᠎ᠶ᠋ᠢᠨ ᠲᠠᠰ ᠳᠡᠪᠱᠢᠬᠦ᠌ ᠪᠠ ᠬᠠᠩᠭᠠᠯᠭ᠎ᠠ᠎ᠶ᠋ᠢᠨ ᠴᠢᠳᠠᠪᠤᠷᠢ᠎ᠶ᠋ᠢᠨ ᠳᠡᠭᠡᠭ᠌ᠰᠢᠯᠡᠯᠲᠡ᠎ᠳᠦ ᠠᠱᠢᠭ᠍ᠲᠠᠶ ᠪᠠᠢᠵᠤ᠂ ᠬᠠᠩᠭᠠᠯᠭ᠎ᠠ ᠬᠡᠷᠡᠭ᠌ᠴᠡᠭᠡ᠎ᠶ᠋ᠢᠨ ᠨᠠᠩ ᠥᠨᠳᠥᠷ ᠲᠠᠰ ᠳᠠᠪᠬᠤᠷᠭ᠎ᠠ ᠂ ᠨᠠᠩ ᠥᠨᠳᠥᠷ ᠲᠦᠪᠱᠢᠨ ᠳᠡᠭᠡᠷ᠎ᠡ ᠬᠥᠳᠡᠯᠦᠩᠭᠦᠶ ᠲᠡᠩᠴᠡᠭᠦᠷᠢᠲᠡᠶ ᠪᠠᠢᠬᠤ᠎ᠶ᠋ᠢ ᠠᠬᠢᠭᠤᠯᠵᠤ ᠂ ᠴᠢᠨᠠᠷ ᠰᠠᠢᠲᠠᠶ ᠬᠥᠭ᠌ᠵᠢᠯᠲᠡ᠎ᠶ᠋ᠢᠨ ᠳᠣᠲᠣᠭᠠᠳᠤ ᠬᠥᠳᠡᠯᠭᠡᠬᠦ᠌ ᠬᠦᠴᠦᠨ᠎ᠢ ᠴᠢᠩᠭᠠᠷᠠᠭᠤᠯᠬᠤ᠎ᠳᠤ ᠠᠱᠢᠭ᠍ᠲᠠᠶ ᠶᠤᠮ᠃

ᠢᠷᠡᠯᠳᠡ᠄ ᠪᠠᠢ ᠳᠦ ᠪᠠᠢ ᠺᠸ ᠰᠦᠯᠵᠢᠶ᠎ᠠ

ᠡᠮᠬᠢᠯᠡᠭᠴᠢ᠄ ᠰᠢᠶᠠᠡᠭ ᠲᠤᠤ

ᠣᠷᠴᠢᠭᠤᠯᠤᠭ᠍ᠴᠢ᠄
ᠨᠠᠢᠷᠠᠭᠤᠯᠤᠭ᠍ᠴᠢ᠄ ᠪᠤᠶᠠᠨ᠌ᠦ᠌ᠨᠳᠦᠰᠦ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2023 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄tn@mgyxw.net   蒙ICP备10000005号