ᠵᠢᠭᠠᠰᠤᠨ ᠠᠵᠦ ᠠᠬᠤᠢ
ᠬᠢᠳᠠᠳ ᠨᠡᠷ᠎ᠡ᠄ 渔业
ᠵᠢᠭᠠᠰᠤᠨ ᠠᠵᠦ ᠠᠬᠤᠢ ᠭᠡᠳᠡᠭ ᠨᠢ ᠵᠢᠭᠠᠰᠤ ᠠᠩᠨᠠᠵᠤ ᠱᠦᠭᠦᠬᠦ᠌ ᠪᠠ ᠪᠤᠰᠤᠳ ᠤᠰᠦᠠ᠎ᠤ ᠠᠮᠢᠳᠡᠠ ᠵᠢᠴᠢ ᠲᠡᠯᠡᠢ᠎ᠶ᠋ᠢᠨ ᠵᠠᠮᠠᠭ᠎ᠤᠨ ᠲᠦᠷᠦᠯ ᠵᠡᠷᠭᠡ ᠤᠰᠦᠠ᠎ᠤ ᠤᠷᠭᠤᠮᠠᠯ᠎ᠢ ᠲᠡᠵᠢᠭᠡᠨ ᠦᠷᠡᠵᠢᠭᠦᠯᠵᠦ᠍ ᠤᠰᠦᠠ ᠭᠠᠷᠤᠯᠲᠠ᠎ᠶ᠋ᠢ ᠤᠯᠬᠤ ᠨᠡᠢᠭᠡᠮ᠎ᠦᠨ ᠦᠢᠯᠡᠳᠪᠦᠷᠢᠯᠡᠯ᠎ᠦᠨ ᠰᠠᠯᠠᠭ᠎ᠠ ᠮᠥᠴᠢᠷ᠎ᠢ ᠵᠢᠭᠠᠵᠤ ᠪᠠᠢᠨ᠎ᠠ᠂ ᠪᠠᠰᠠ ᠤᠰᠤᠨ᠎ᠤ ᠠᠵᠦ ᠠᠬᠤᠢ ᠬᠡᠳᠡᠭ᠃
ᠶᠡᠷᠦ᠍᠎ᠳᠡᠭᠡᠨ ᠳᠠᠯᠠᠶ ᠲᠠᠩᠭᠢᠰ᠎ᠤᠨ ᠵᠢᠭᠠᠰᠤᠨ ᠠᠵᠤ ᠠᠬᠤᠶ᠂ ᠴᠡᠩᠭᠡᠭ ᠤᠰᠤᠨ᠎ᠤ ᠵᠢᠭᠠᠰᠤᠨ ᠠᠵᠤ ᠠᠬᠤᠶ ᠭᠡᠵᠦ᠍ ᠬᠤᠪᠢᠶᠠᠳᠠᠭ᠃ ᠵᠢᠭᠠᠰᠤᠨ ᠠᠵᠤ ᠠᠬᠤᠢ ᠨᠢ ᠠᠷᠠᠳ᠎ᠤᠨ ᠠᠮᠢᠳᠤᠷᠠᠯ ᠪᠠ ᠤᠯᠤᠰ᠎ᠤᠨ ᠪᠦᠳᠦᠭᠡᠠ ᠪᠠᠢᠭᠤᠯᠤᠯᠲᠠ᠎ᠳᠤ ᠢᠳᠡᠭᠡᠨ ᠪᠠ ᠠᠵᠤ ᠦᠢᠯᠡᠳᠪᠦᠷᠢ᠎ᠶ᠋ᠢᠨ ᠲᠦᠭᠦᠬᠡᠢ ᠡᠳ᠋᠎ᠢ ᠬᠠᠩᠭᠠᠵᠤ ᠪᠣᠯᠤᠨ᠎ᠠ᠃ ᠤᠰᠤᠨ ᠣᠷᠣᠨ᠎ᠢ ᠨᠡᠭᠡᠭᠡᠨ ᠠᠱᠢᠭ᠍ᠯᠠᠬᠤ᠂ ᠠᠩᠨᠠᠵᠤ ᠱᠦᠭᠦᠬᠦ᠌ ᠪᠠ ᠬᠥᠮᠦᠨ᠎ᠦ ᠬᠦᠴᠦ᠍᠎ᠪᠡᠷ ᠲᠡᠵᠢᠭᠡᠨ ᠦᠷᠡᠵᠢᠭᠦᠯᠬᠦ᠌ ᠡᠯ᠎ᠡ ᠵᠦᠢᠯ᠎ᠦᠨ ᠠᠵᠤ ᠠᠬᠤᠶ᠎ᠶ᠋ᠢᠨ ᠦᠨ᠎ᠡ ᠥᠷᠲᠡᠭ ᠲᠡᠶ ᠤᠰᠤᠨ᠎ᠤ ᠠᠮᠢᠲᠠᠨ ᠤᠷᠭᠤᠮᠠᠯ᠎ᠢ ᠲᠡᠭᠦᠵᠦ᠍ ᠴᠤᠭ᠍ᠯᠠᠭᠤᠯᠤᠨ ᠤᠰᠤᠨ ᠤ ᠭᠠᠷᠤᠯᠲᠠ ᠣᠯᠬᠤ ᠨᠡᠢᠭᠡᠮ᠎ᠦᠨ ᠦᠢᠯᠡᠳᠪᠦᠷᠢᠯᠡᠯ᠎ᠦᠨ ᠰᠠᠯᠠᠭ᠎ᠠ ᠮᠥᠴᠢᠷ᠎ᠢ ᠵᠢᠭᠠᠵᠤ ᠪᠠᠢᠨ᠎ᠠ᠃ ᠳᠠᠯᠠᠶ ᠲᠠᠩᠭᠢᠰ᠎ᠤᠨ ᠵᠢᠭᠠᠰᠤᠨ ᠠᠵᠤ ᠠᠬᠤᠶ ᠪᠠ ᠴᠡᠩᠭᠡᠭ ᠤᠰᠤᠨ᠎ᠤ ᠵᠢᠭᠠᠰᠤᠨ ᠠᠵᠤ ᠠᠬᠤᠶ ᠭᠡᠵᠦ᠍ ᠬᠤᠪᠢᠶᠠᠵᠤ ᠪᠣᠯᠤᠨ᠎ᠠ᠃ ᠦᠢᠯᠡᠳᠪᠦᠷᠢᠯᠡᠯ᠎ᠦᠨ ᠣᠨᠴᠠᠯᠢᠭ᠎ᠢᠶᠠᠷ ᠨᠢ ᠲᠡᠵᠢᠭᠡᠨ ᠦᠷᠡᠵᠢᠭᠦᠯᠬᠦ᠌ ᠦᠢᠯᠡᠰ ᠪᠠ ᠠᠩᠨᠠᠵᠤ ᠱᠦᠭᠦᠬᠦ᠌ ᠦᠢᠯᠡᠰ ᠭᠡᠵᠦ᠍ ᠬᠤᠪᠢᠶᠠᠳᠠᠭ᠃
ᠵᠢᠭᠠᠰᠤᠨ ᠠᠵᠦ ᠠᠬᠤᠢ ᠵᠢᠨ ᠰᠤᠳᠤᠯᠤᠯ
ᠵᠢᠭᠠᠰᠤᠨ ᠠᠵᠦ ᠠᠬᠤᠢ ᠵᠢᠨ ᠤᠬᠠᠭᠠᠨ ᠪᠣᠯ ᠵᠢᠭᠠᠰᠤᠨ ᠠᠵᠦ ᠠᠬᠤᠢ ᠵᠢᠨᠦᠢᠯᠡᠳᠪᠦᠷᠢᠯᠡᠯ᠂ ᠠᠩᠨᠠᠵᠤ ᠱᠦᠭᠦᠬᠦ᠌᠂ ᠲᠡᠵᠢᠭᠡᠨ ᠦᠷᠡᠵᠢᠭᠦᠯᠬᠦ᠌᠎ᠶ᠋ᠢ ᠰᠤᠳᠤᠯᠬᠤ ᠱᠢᠨᠵᠢᠯᠡᠬᠦ᠌ ᠤᠬᠠᠭᠠᠨ ᠮᠥᠨ᠃ ᠠᠮᠢᠳᠤ ᠪᠣᠳᠠᠰ᠎ᠤᠨ ᠤᠬᠠᠭᠠᠨ᠂ ᠠᠮᠢ ᠠᠬᠤᠶ᠎ᠶ᠋ᠢᠨ ᠤᠬᠠᠭᠠᠨ᠂ ᠳᠠᠯᠠᠢ ᠲᠠᠩᠭᠢᠰ ᠤᠨ ᠤᠬᠠᠭᠠᠨ᠂ ᠠᠵᠤ ᠠᠬᠤᠶ᠎ᠶ᠋ᠢᠨ ᠤᠬᠠᠭᠠᠨ ᠪᠠ ᠬᠠᠮᠢᠶᠠᠷᠤᠯᠲᠠ᠎ᠶ᠋ᠢᠨ ᠤᠬᠠᠭᠠᠨ᠎ᠤ ᠮᠡᠳᠡᠯᠭᠡ᠎ᠲᠡᠶ ᠬᠣᠯᠪᠣᠭ᠍ᠳᠠᠨ᠎ᠠ᠃ ᠳᠠᠯᠠᠶ ᠲᠠᠩᠭᠢᠰ ᠳᠣᠲᠣᠷ᠎ᠠ ᠡᠯᠪᠡᠭ ᠪᠠᠶᠠᠯᠢᠭ ᠵᠢᠭᠠᠰᠤᠨ᠎ᠤ ᠲᠥᠷᠥᠯ ᠪᠠᠢᠵᠤ᠂ ᠵᠢᠭᠠᠰᠤᠨ᠎ᠤ ᠲᠥᠷᠥᠯ᠎ᠦᠨ ᠡᠬᠢ ᠪᠠᠶᠠᠯᠢᠭ ᠨᠢ ᠠᠭᠠᠵᠢᠮ᠎ᠢᠶᠠᠷ ᠬᠥᠮᠦᠰ᠎ᠦᠨ ᠤᠭᠤᠷᠠᠭ᠎ᠤᠨ ᠭᠣᠣᠯ ᠢᠷᠡᠯᠲᠡ ᠪᠣᠯᠤᠭ᠍ᠰᠠᠨ ᠪᠠᠢᠨ᠎ᠠ᠃ ᠡᠭᠦᠨ᠎ᠦ ᠬᠠᠮᠲᠤ᠂ ᠵᠢᠭᠠᠰᠤᠨ ᠠᠵᠦ ᠠᠬᠤᠢ ᠪᠣᠯ ᠳᠤᠮᠳᠠᠳᠤ ᠤᠯᠤᠰ ᠤᠨ ᠤᠯᠤᠰ ᠠᠷᠠᠳ᠎ᠤᠨ ᠠᠵᠤ ᠠᠬᠤᠶ᠎ᠶ᠋ᠢᠨ ᠳᠣᠲᠣᠷᠠᠬᠢ ᠨᠢᠭᠡᠨ ᠴᠢᠬᠤᠯᠠ ᠪᠦᠷᠢᠯᠳᠦᠬᠦᠨ ᠬᠡᠰᠡᠭ ᠪᠠᠢᠵᠤ᠂ ᠮᠠᠨ᠎ᠤ ᠤᠯᠤᠰ ᠪᠣᠯ ᠳᠡᠯᠡᠬᠡᠶ ᠳᠡᠭᠡᠷᠡᠬᠢ ᠬᠠᠮᠤᠭ᠎ᠤᠨ ᠲᠣᠮᠣ ᠵᠢᠭᠠᠰᠤᠨ ᠠᠵᠦ ᠠᠬᠤᠢ ᠵᠢᠨ ᠦᠢᠯᠡᠳᠪᠦᠷᠢᠯᠡᠯ᠎ᠦᠨ ᠤᠯᠤᠰ ᠮᠥᠨ᠃ ᠥᠭᠡᠷᠡᠴᠢᠯᠡᠯᠲᠡ ᠨᠡᠭᠡᠭᠡᠯᠲᠡ ᠬᠢᠭ᠌ᠰᠡᠨ᠎ᠡᠴᠡ ᠨᠠᠭᠠᠰᠢ᠂ ᠵᠢᠭᠠᠰᠤᠨ ᠠᠵᠦ ᠠᠬᠤᠢ ᠵᠢᠨ ᠭᠠᠷᠤᠯᠲᠠ ᠦᠳᠲᠡᠷ ᠲᠦᠷᠭᠡᠨ ᠨᠡᠮᠡᠭ᠌ᠳᠡᠵᠦ᠍᠂ ᠳᠤᠮᠳᠠᠳᠤ ᠤᠯᠤᠰ᠎ᠠᠴᠠ ᠭᠠᠳᠠᠨᠠᠬᠢ ᠳᠡᠯᠡᠬᠡᠶ᠎ᠶ᠋ᠢᠨ ᠵᠢᠭᠠᠰᠤᠨ ᠠᠵᠦ ᠠᠬᠤᠢ ᠵᠢᠨ ᠭᠠᠷᠤᠯᠲᠠ 1980 ᠣᠨ᠎ᠠᠴᠠ ᠬᠣᠢᠰᠢ ᠲᠣᠭ᠍ᠲᠠᠭᠤᠨ ᠪᠣᠯᠬᠤ᠎ᠶ᠋ᠢᠨ ᠬᠠᠮᠲᠤ ᠠᠭᠠᠵᠢᠮ᠎ᠢᠶᠠᠷ ᠳᠣᠷᠣᠭ᠍ᠰᠢᠯᠠᠬᠤ ᠬᠠᠨᠳᠤᠰᠢ᠎ᠲᠠᠶ ᠪᠣᠯᠵᠤ᠂ 2003 ᠣᠨ᠎ᠳᠤ ᠳᠤᠮᠳᠠᠳᠤ ᠤᠯᠤᠰ᠎ᠤᠨ ᠵᠢᠭᠠᠰᠤᠨ᠎ᠤ ᠠᠵᠦ ᠦᠢᠯᠡᠰ᠎ᠤᠨ ᠶᠡᠷᠦᠩᠬᠡᠢ ᠭᠠᠷᠤᠯᠲᠠ 4704.6 ᠲᠦᠮᠡᠨ ᠲᠣᠨ᠎ᠳᠤ ᠬᠦᠷᠴᠦ᠍᠂ ᠲᠦᠷᠦᠭᠦᠦ ᠵᠢᠯ᠎ᠦᠨ ᠬᠢ ᠡᠴᠡ 3% ᠪᠡᠷ ᠨᠡᠮᠡᠭ᠌ᠳᠡᠵᠡᠢ᠃ ᠶᠡᠷᠦᠩᠬᠡᠶ ᠭᠠᠷᠭᠠᠯᠲᠠ᠎ᠶ᠋ᠢᠨ ᠳᠣᠲᠣᠷ᠎ᠠ ᠠᠩᠨᠠᠵᠤ ᠱᠦᠭᠦᠬᠦ᠌ ᠭᠠᠷᠤᠯᠲᠠ 1649.2 ᠲᠦᠮᠡᠨ ᠲᠣᠨ ᠪᠠᠢᠵᠤ᠂ ᠪᠠᠷᠤᠭ ᠶᠡᠷᠦᠩᠬᠡᠶ ᠭᠠᠷᠤᠯᠲᠠ᠎ᠶ᠋ᠢᠨ 35%᠎ᠶ᠋ᠢ ᠡᠵᠡᠯᠡᠨ᠎ᠡ᠃ ᠵᠢᠭᠠᠰᠤᠨ ᠠᠵᠦ ᠠᠬᠤᠢ ᠨᠢ ᠪᠠᠰᠠ ᠮᠠᠨ᠎ᠤ ᠤᠯᠤᠰ᠎ᠤᠨ ᠬᠥᠳᠡᠭᠡ ᠲᠣᠰᠭᠣᠨ᠎ᠤ ᠬᠥᠭ᠌ᠵᠢᠯᠲᠡ ᠪᠠ ᠲᠠᠷᠢᠶᠠᠴᠢᠨ᠎ᠤ ᠣᠷᠣᠯᠭ᠎ᠠ᠎ᠶ᠋ᠢ ᠳᠡᠭᠡᠭ᠌ᠰᠢᠯᠡᠭᠦᠯᠬᠦ᠌᠎ᠳᠦ ᠲᠤᠢᠯ᠎ᠤᠨ ᠴᠢᠬᠤᠯᠠ ᠦᠢᠯᠡᠳᠦᠯ᠎ᠲᠡᠶ ᠪᠦᠭᠡᠳ ᠲᠡᠷᠡ ᠨᠢ ᠮᠠᠨ᠎ᠤ ᠤᠯᠤᠰ᠎ᠤᠨ ᠠᠮᠤ ᠪᠤᠳᠠᠭᠠᠨ᠎ᠤ ᠠᠮᠤᠷ ᠲᠦᠪᠱᠢᠨ᠎ᠳᠦ ᠴᠢᠬᠤᠯᠠ ᠨᠥᠯᠥᠭᠡ ᠲᠠᠢ ᠪᠢᠯᠡ᠃
ᠬᠠᠮᠢᠶ᠎ᠠ ᠪᠦᠬᠦᠢ ᠬᠤᠯᠪᠤᠭᠠᠰᠤ
ᠠᠢᠰᠯᠠᠨᠳ᠋᠎ᠤᠨ ᠵᠢᠭᠠᠰᠤᠨ ᠠᠵᠦ ᠠᠬᠤᠢ᠃ ᠵᠢᠭᠠᠰᠤᠨ ᠠᠵᠦ ᠠᠬᠤᠢ ᠪᠣᠯ ᠠᠢᠰᠯᠠᠨᠳ᠋᠎ᠤᠨ ᠤᠯᠤᠰ ᠠᠷᠠᠳ᠎ᠤᠨ ᠠᠵᠤ ᠠᠬᠤᠶ ᠶ᠋ᠢᠨ ᠲᠤᠯᠭᠠᠭᠤᠷᠢ ᠠᠵᠤ ᠦᠢᠯᠡᠰ ᠮᠥᠨ᠂ ᠠᠢᠰᠯᠠᠨᠳ᠋᠎ᠤᠨ ᠳᠠᠯᠠᠶ᠎ᠶ᠋ᠢᠨ ᠪᠦᠲᠦᠭᠡᠭ᠌ᠳᠡᠬᠦᠨ ᠨᠢ ᠭᠠᠳᠠᠭᠠᠳᠤ᠎ᠳᠤ ᠭᠠᠷᠭᠠᠬᠤ ᠦᠢᠯᠡᠳᠬᠦᠨ ᠪᠠ ᠦᠢᠯᠡᠴᠢᠯᠡᠭᠡᠨ᠎ᠦ ᠶᠡᠷᠦᠩᠬᠡᠶ ᠥᠷᠲᠡᠭ᠎ᠦᠨ ᠳᠣᠲᠣᠷ᠎ᠠ ᠪᠠᠷᠤᠭ 50% ᠵᠢ ᠡᠵᠡᠯᠡᠵᠦ᠍᠂ ᠭᠠᠳᠠᠭᠠᠳᠤ᠎ᠳᠤ ᠭᠠᠷᠭᠠᠬᠤ ᠦᠢᠯᠡᠳᠬᠦᠨ᠎ᠦ ᠶᠡᠷᠦᠩᠬᠡᠶ ᠥᠷᠲᠡᠭ᠎ᠦᠨ ᠳᠣᠲᠣᠷ᠎ᠠ 73%᠎ᠶ᠋ᠢ ᠡᠵᠡᠯᠡᠵᠦ᠍ ᠪᠠᠢᠨ᠎ᠠ᠃ ᠠᠢᠰᠯᠠᠨᠳ᠋ ᠠᠷᠠᠯ᠎ᠤᠨ ᠡᠷᠬᠢᠨ ᠲᠣᠭᠣᠷᠢᠨ᠎ᠤ ᠲᠡᠯᠡᠶ᠎ᠶ᠋ᠢᠨ ᠣᠷᠣᠨ ᠨᠢ ᠣᠯᠠᠨ ᠵᠦᠶ᠋ᠯ᠎ᠦᠨ ᠲᠡᠯᠡᠶ᠎ᠶ᠋ᠢᠨ ᠠᠮᠢᠳᠤ ᠪᠣᠳᠠᠰ᠎ᠤᠨ ᠦᠷᠡᠵᠢᠨ ᠪᠣᠢᠵᠢᠬᠤ᠎ᠳᠤ ᠳᠣᠭᠢᠷᠠᠵᠤ᠂ ᠲᠡᠯᠡᠶ ᠲᠠᠩᠭᠢᠰ᠎ᠤᠨ ᠵᠢᠭᠠᠰᠤᠨ ᠠᠵᠦ ᠠᠬᠤᠢ ᠵᠢᠨ ᠡᠬᠢ ᠪᠠᠶᠠᠯᠢᠭ ᠲᠤᠢᠯ᠎ᠤᠨ ᠡᠯᠪᠡᠭ ᠪᠠᠢᠵᠤ᠂ ᠵᠢᠯ᠎ᠦᠨ ᠠᠩᠨᠠᠵᠤ ᠱᠦᠭᠦᠬᠦ᠌ ᠬᠡᠮᠵᠢᠶ᠎ᠡ ᠨᠢ 200 ᠲᠦᠮᠡᠨ ᠲᠣᠨ ᠣᠷᠴᠢᠮ ᠪᠠᠢᠵᠤ᠂ ᠳᠡᠯᠡᠬᠡᠶ᠎ᠳᠦ ᠠᠯᠳᠠᠷᠲᠠᠶ ᠠᠩᠨᠠᠵᠤ ᠱᠦᠭᠦᠬᠦ᠌ ᠲᠣᠮᠣ ᠤᠯᠤᠰ ᠪᠣᠯᠤᠨ᠎ᠠ᠃ ᠠᠢᠰᠯᠠᠨᠳ᠋ ᠠᠷᠠᠯ᠎ᠤᠨ ᠤᠰᠤᠨ ᠭᠠᠷᠤᠯᠲᠠ᠎ᠶ᠋ᠢᠨ ᠲᠥᠷᠥᠯ ᠵᠦᠶ᠋ᠯ ᠮᠠᠰᠢ ᠣᠯᠠᠨ᠂ ᠰᠠᠮ ᠬᠣᠷᠣᠬᠠᠶ ᠨᠠᠶ᠋ᠮᠠᠯᠵᠢ᠎ᠠᠴᠠ ᠭᠠᠳᠠᠨ᠎ᠠ ᠪᠠᠰᠠ ᠲᠤᠯᠤ ᠵᠢᠭᠠᠰᠤ᠂ ᠮᠠᠶ ᠵᠢᠭᠠᠰᠤ ᠵᠢᠴᠢᠲᠡᠯᠡᠶᠶ᠋ᠢᠨ ᠵᠠᠷᠠᠭ᠎ᠠ᠂ ᠬᠢᠵᠢᠮᠢ ᠵᠡᠷᠭᠡ ᠤᠰᠤᠨ ᠭᠠᠷᠤᠯᠲᠠ ᠪᠠᠢᠳᠠᠭ᠃ ᠠᠢᠰᠯᠠᠨᠳ᠋᠎ᠤᠨ ᠵᠢᠭᠠᠰᠤᠨ ᠠᠵᠦ ᠦᠢᠯᠡᠰ᠎ᠤᠨ ᠬᠠᠮᠢᠶᠠᠷᠤᠯᠲᠠ᠎ᠶ᠋ᠢᠨ ᠬᠠᠮᠤᠭ᠎ᠤᠨ ᠶᠡᠬᠡ ᠣᠨᠴᠠᠯᠢᠭ ᠪᠣᠯ ᠤᠯᠤᠰ᠎ᠠᠴᠠ ᠵᠢᠭᠠᠰᠤᠨ᠎ᠤ ᠠᠵᠦ ᠦᠢᠯᠡᠰ᠎ᠤᠨ ᠠᠩᠨᠠᠵᠤ ᠱᠦᠭᠦᠬᠦ᠌ ᠬᠢᠵᠠᠭᠠᠷᠲᠤ ᠲᠣᠭᠠᠨ᠎ᠤ ᠳᠦᠷᠢᠮ᠎ᠢ ᠬᠡᠷᠡᠭ᠌ᠵᠢᠭᠦᠯᠵᠦ᠍ ᠪᠠᠢᠨ᠎ᠠ᠃
ᠢᠷᠡᠯᠳᠡ᠄ ᠪᠠᠢ ᠳᠦ ᠪᠠᠢ ᠺᠧ ᠰᠦᠯᠵᠢᠶ᠎ᠡ
ᠡᠮᠬᠢᠯᠡᠭᠴᠢ᠄ ᠴᠠᠡᠭ ᠶᠠᠨ ᠵᠢᠶᠦ᠋ᠨ