ᠲᠠᠷᠢᠮᠠᠯ᠎ᠤᠨ ᠦᠢᠯᠡᠰ
2022-02-18 16:58:41
ᠵᠣᠬᠢᠶᠠᠭ᠍ᠴᠢ᠄
ᠴᠠᠩ ᠶᠠᠨ ᠵᠢᠶᠦ᠋ᠨ
ᠣᠩᠱᠢᠭ᠍ᠰᠠᠨ ᠣᠳᠠᠭ᠎ᠠ᠄
★★★☆☆

ᠲᠠᠷᠢᠮᠠᠯ᠎ᠤᠨ ᠦᠢᠯᠡᠰ

ᠬᠢᠳᠠᠳ ᠨᠡᠷ᠎ᠡ᠄ 种植业

ᠲᠠᠷᠢᠮᠠᠯ᠎ᠤᠨ ᠦᠢᠯᠡᠰ ᠪᠣᠯ ᠲᠠᠷᠢᠶᠠᠯᠠᠩ᠎ᠤᠨ ᠭᠣᠣᠯ ᠪᠦᠷᠢᠯᠳᠦᠬᠦᠨ ᠬᠡᠰᠡᠭ᠎ᠦᠨ ᠨᠢᠭᠡ ᠮᠥᠨ᠃ ᠤᠷᠭᠤᠮᠠᠯ᠎ᠤᠨ ᠠᠮᠢᠳᠤᠷᠠᠯ᠎ᠤᠨ ᠴᠢᠳᠠᠪᠤᠷᠢ᠎ᠶ᠋ᠢ ᠠᠱᠢᠭ᠍ᠯᠠᠵᠤ᠂ ᠬᠥᠮᠦᠨ᠎ᠦ ᠬᠦᠴᠦ᠍᠎ᠪᠡᠷ ᠪᠣᠢᠵᠢᠭᠤᠯᠬᠤ᠎ᠪᠠᠷ ᠳᠠᠮᠵᠢᠨ ᠠᠮᠤ ᠪᠤᠳᠠᠭ᠎ᠠ᠂ ᠬᠣᠯᠢᠱᠢᠨ ᠢᠳᠡᠭᠡᠨ᠂ ᠲᠡᠵᠢᠭᠡᠯ ᠪᠣᠷᠳᠣᠭ᠎ᠠ ᠪᠠ᠎ᠠᠵᠤ ᠦᠢᠯᠡᠳᠪᠦᠷᠢ᠎ᠶ᠋ᠢᠨ ᠲᠦᠭᠦᠬᠡᠶ ᠮᠠᠲ᠋ᠧᠷᠢᠶᠠᠯ᠎ᠢ ᠤᠯᠬᠤ ᠨᠡᠢᠭᠡᠮ ᠎ᠦᠨ ᠦᠢᠯᠡᠳᠪᠦᠷᠢᠯᠡᠯ᠎ᠦᠨ ᠰᠠᠯᠠᠭ᠎ᠠ ᠮᠥᠴᠢᠷ᠎ᠢ ᠵᠢᠭᠠᠵᠤ ᠪᠠᠢᠨ᠎ᠠ᠃ ᠡᠭᠦᠨ᠎ᠳᠦ ᠡᠯ᠎ᠡ ᠵᠦᠢᠯ᠎ᠦᠨ ᠲᠠᠷᠢᠮᠠᠯ᠂ ᠣᠶ ᠮᠣᠳᠣ᠂ ᠵᠢᠮᠢᠰ᠎ᠦᠨ ᠮᠣᠳᠣ᠂ ᠡᠮ ᠪᠠ ᠦᠵᠡᠮᠦᠷᠢ᠎ᠶ᠋ᠢᠨ ᠤᠷᠭᠤᠮᠠᠯ᠎ᠢ ᠳᠠᠷᠢᠵᠤ ᠪᠣᠢᠵᠢᠭᠤᠯᠬᠤ᠎ᠶ᠋ᠢ ᠪᠠᠭ᠍ᠲᠠᠭᠠᠨ᠎ᠠ᠃ ᠪᠠᠰᠠ᠂ ᠠᠮᠤ ᠪᠤᠳᠠᠭᠠᠨ᠎ᠤ ᠲᠠᠷᠢᠮᠠᠯ᠂ ᠠᠵᠤ ᠠᠬᠤᠶ᠎ᠶ᠋ᠢᠨ ᠲᠠᠷᠢᠮᠠᠯ᠂ ᠢᠳᠡᠱᠢᠨ ᠨᠣᠭᠣᠭᠠᠨ᠎ᠤ ᠲᠠᠷᠢᠮᠠᠯ᠂ ᠨᠣᠭᠣᠭᠠᠨ ᠪᠣᠷᠳᠣᠭᠤᠷ ᠎ᠤᠨ ᠲᠠᠷᠢᠮᠠᠯ᠂ ᠲᠡᠵᠢᠭᠡᠯ ᠡᠪᠡᠰᠦ᠂ ᠴᠡᠴᠡᠭ ᠡᠪᠡᠰᠦ ᠵᠡᠷᠭᠡ ᠴᠡᠴᠡᠷᠯᠢᠭ ᠎ᠦᠨ ᠲᠠᠷᠢᠮᠠᠯ ᠪᠠᠢᠨ᠎ᠠ᠃ ᠮᠠᠨ ᠤᠯᠤᠰ᠎ᠲᠤ ᠶᠡᠷᠦ᠍᠎ᠳᠡᠭᠡᠨ ᠠᠮᠤ ᠪᠤᠳᠠᠭ᠎ᠠ᠂ ᠬᠥᠪᠥᠩ᠂ ᠲᠣᠰᠣ᠂ ᠱᠢᠬᠢᠷ᠂ ᠣᠯᠣᠰᠣ᠂ ᠮᠢᠨᠳᠠᠰᠤ᠂ ᠲᠠᠮᠠᠬᠢ᠂ ᠴᠠᠶ᠂ ᠵᠢᠮᠢᠰ᠂ ᠡᠮ᠂ ᠡᠯᠳᠡᠪ ᠵᠦᠢᠯ᠎ᠦᠨ ᠲᠠᠷᠢᠮᠠᠯ᠎ᠤᠨ ᠦᠢᠯᠡᠳᠪᠦᠷᠢᠯᠡᠯ ᠎ᠢ ᠵᠢᠭᠠᠳᠠᠭ᠃

ᠲᠠᠷᠢᠮᠠᠯ᠎ᠤᠨ ᠦᠢᠯᠡᠰ ᠎ᠤᠨ ᠣᠨᠴᠠᠯᠢᠭ

ᠭᠠᠵᠠᠷ ᠱᠢᠷᠣᠶ᠎ᠪᠠᠷ ᠦᠨᠳᠦᠰᠦᠨ ᠦᠢᠯᠡᠳᠪᠦᠷᠢᠯᠡᠯ᠎ᠦᠨ ᠬᠡᠷᠡᠭ᠌ᠰᠡᠯ ᠪᠣᠯᠭᠠᠵᠤ᠂ ᠲᠠᠷᠢᠮᠠᠯ᠎ᠤᠨ ᠠᠮᠢᠳᠤ ᠪᠣᠳᠠᠰ᠎ᠤᠨ ᠴᠢᠳᠠᠮᠵᠢ᠎ᠶ᠋ᠢ ᠠᠱᠢᠭ᠍ᠯᠠᠨ ᠨᠡᠷᠡᠨ᠎ᠦ ᠡᠨᠧᠷᠭᠢ᠎ᠶ᠋ᠢ ᠬᠢᠮᠢ᠎ᠶ᠋ᠢᠨ ᠳᠠᠯᠳᠠ ᠴᠢᠳᠠᠪᠤᠷᠢ ᠪᠠ ᠲᠠᠷᠢᠶᠠᠯᠠᠩ᠎ᠤᠨ ᠪᠦᠲᠦᠭᠡᠭ᠌ᠳᠡᠬᠦᠨ ᠪᠣᠯᠭᠠᠨ ᠬᠤᠪᠢᠷᠠᠭᠤᠯᠤᠨ᠎ᠠ᠃ ᠲᠡᠭᠦᠨ ᠎ᠦ ᠮᠥᠨ ᠴᠢᠨᠠᠷ᠎ᠠᠴᠠ ᠠᠪᠴᠤ᠌ ᠬᠡᠯᠡᠪᠡᠯ᠂ ᠲᠠᠷᠢᠮᠠᠯ᠎ᠤᠨ ᠦᠢᠯᠡᠰ ᠪᠣᠯ ᠭᠠᠵᠠᠷ ᠱᠢᠷᠣᠶ᠎ᠪᠠᠷ ᠴᠢᠬᠤᠯᠠ ᠦᠢᠯᠡᠳᠪᠦᠷᠢᠯᠡᠯ᠎ᠦᠨ ᠬᠡᠷᠡᠭ᠌ᠰᠡᠯ ᠪᠣᠯᠭᠠᠵᠤ᠂ ᠨᠣᠭᠣᠭᠠᠨ ᠤᠷᠭᠤᠮᠠᠯ᠎ᠢ ᠠᠱᠢᠭ᠍ᠯᠠᠵᠦ᠂ ᠭᠡᠷᠡᠯ᠎ᠦᠨ ᠨᠡᠢᠯᠡᠯᠭᠡ᠎ᠶ᠋ᠢᠨ ᠦᠢᠯᠡᠳᠦᠯ᠎ᠢᠶᠡᠷ ᠳᠠᠮᠵᠢᠭᠤᠯᠤᠨ ᠪᠠᠢᠭᠠᠯᠢ ᠶᠢᠷᠲᠢᠨᠴᠦ᠍᠎ᠳᠡᠬᠢ ᠨᠡᠭᠦᠷᠡᠰᠦᠲᠥ᠋ᠷᠥᠭ᠌ᠴᠢ᠎ᠶ᠋ᠢᠨ ᠳᠠᠪᠬᠤᠷ ᠢᠰᠦᠯ᠂ ᠤᠰᠤ ᠪᠠ ᠡᠷᠦᠳᠡᠰᠦ᠎ᠶ᠋ᠢ ᠣᠷᠭᠠᠨᠢᠭ ᠪᠣᠳᠠᠰ ᠪᠣᠯᠭᠠᠨ ᠨᠡᠢᠯᠡᠭᠦᠯᠬᠦ᠌᠎ᠶ᠋ᠢᠨ ᠬᠠᠮᠲᠤ ᠨᠡᠷᠡᠨ᠎ᠦ ᠡᠨᠧᠷᠭᠢ᠎ᠶ᠋ᠢ ᠬᠢᠮᠢ᠎ᠶ᠋ᠢᠨ ᠡᠨᠧᠷᠭᠢ ᠪᠣᠯᠭᠠᠨ ᠬᠤᠪᠢᠷᠠᠭᠤᠯᠵᠤ ᠣᠷᠭᠠᠨᠢᠭ ᠪᠣᠳᠠᠰ ᠳᠣᠲᠣᠷ᠎ᠠ ᠬᠠᠳᠠᠭᠠᠯᠠᠳᠠᠭ᠃ ᠲᠡᠷᠡ ᠨᠢ ᠠᠯᠢᠪᠠ ᠤᠷᠭᠤᠮᠠᠯ᠎ᠤᠨ ᠪᠦᠲᠦᠭᠡᠭ᠌ᠳᠡᠬᠦᠨ᠎ᠢᠶᠡᠷ ᠢᠳᠡᠭᠡᠨ᠎ᠦ ᠪᠣᠳᠠᠰ᠎ᠤᠨ ᠢᠷᠡᠯᠲᠡ ᠪᠣᠯᠭᠠᠵᠤ᠂ ᠮᠥᠨ ᠴᠦ᠍ ᠬᠥᠮᠦᠨ ᠲᠥᠷᠥᠯᠬᠢᠲᠡᠨ᠎ᠦ ᠠᠮᠢ ᠨᠠᠰᠤᠨ᠎ᠤ ᠠᠵᠢᠯᠯᠠᠭ᠎ᠠ᠎ᠶ᠋ᠢᠨ ᠪᠣᠳᠠᠰ᠎ᠤᠨ ᠰᠠᠭᠤᠷᠢ ᠪᠣᠯᠳᠠᠭ᠃ ᠲᠠᠷᠢᠮᠠᠯ᠎ᠤᠨ ᠦᠢᠯᠡᠰ ᠪᠣᠯ ᠲᠤᠮᠤ ᠲᠠᠷᠢᠶᠠᠯᠠᠩ᠎ᠤᠨ ᠴᠢᠬᠤᠯᠠ ᠰᠠᠭᠤᠷᠢ ᠮᠥᠨ᠂ ᠲᠡᠷᠡ ᠨᠢ ᠬᠥᠮᠦᠨ ᠲᠥᠷᠥᠯᠬᠢᠲᠡᠨ᠎ᠦ ᠲᠦᠱᠢᠭ᠌ᠯᠡᠨ ᠠᠮᠢᠳᠤᠷᠠᠵᠤ ᠪᠠᠢᠭ᠎ᠠ ᠢᠳᠡᠭᠡᠨ ᠪᠠ ᠠᠮᠢᠳᠤᠷᠠᠯ᠎ᠤᠨ ᠬᠡᠷᠡᠭ᠌ᠰᠡᠯ᠎ᠦᠨ ᠭᠣᠣᠯ ᠢᠷᠡᠯᠳᠡ ᠪᠣᠯᠬᠤ᠎ᠪᠠᠷ ᠪᠠᠷᠠᠬᠤ ᠦᠭᠡᠢ ᠪᠠᠰᠠ ᠬᠦᠩᠭᠡᠨ ᠠᠵᠤ ᠦᠢᠯᠡᠳᠪᠦᠷᠢ ᠨᠡᠬᠡᠮᠡᠯ᠎ᠦᠨ ᠠᠵᠤ ᠦᠢᠯᠡᠳᠪᠦᠷᠢ᠂ ᠢᠳᠡᠭᠡᠨ᠎ᠦ ᠠᠵᠤ ᠦᠢᠯᠡᠳᠪᠦᠷᠢ᠎ᠳᠦ ᠲᠦᠭᠦᠬᠡᠢ ᠡᠳ᠋ ᠬᠠᠩᠭᠠᠵᠤ᠂ ᠮᠠᠯ ᠠᠵᠤ ᠠᠬᠤᠢ ᠪᠠ ᠵᠢᠭᠠᠰᠤᠨ ᠠᠵᠤ ᠠᠬᠤᠢ᠎ᠳᠤ ᠲᠡᠵᠢᠭᠡᠯ ᠪᠣᠷᠳᠣᠭ᠎ᠠ ᠬᠠᠩᠭᠠᠳᠠᠭ᠃ ᠡᠭᠦᠨ᠎ᠦ ᠬᠠᠮᠲᠤ᠂ ᠲᠠᠷᠢᠮᠠᠯ᠎ᠤᠨ ᠦᠢᠯᠡᠰ᠎ᠦᠨ ᠲᠠᠷᠬᠠᠯᠲᠠ ᠪᠠ ᠬᠥᠭ᠌ᠵᠢᠯᠲᠡ ᠨᠢ ᠤᠯᠤᠰ ᠠᠷᠠᠳ᠎ᠤᠨ ᠠᠵᠤ ᠠᠬᠤᠢ᠎ᠶ᠋ᠢᠨ ᠡᠯ᠎ᠡ ᠰᠠᠯᠠᠭ᠎ᠠ ᠮᠥᠴᠢᠷ᠎ᠲᠦ ᠱᠢᠭᠤᠳ ᠨᠥᠯᠥᠭᠡ ᠦᠵᠡᠭᠦᠯᠳᠡᠭ᠃ ᠳᠤᠮᠳᠠᠳᠤ ᠤᠯᠤᠰ᠎ᠤᠨ ᠲᠠᠷᠢᠮᠠᠯ᠎ᠤᠨ ᠦᠢᠯᠡᠰ ᠥᠨᠢ ᠤᠳᠠᠭᠠᠨ ᠲᠡᠦᠬᠡ᠎ᠲᠡᠶ᠂ ᠳᠤᠮᠳᠠᠳᠤ ᠤᠯᠤᠰ᠎ᠤᠨ ᠲᠠᠷᠢᠶᠠᠯᠠᠩ᠎ᠳᠠᠬᠢ ᠲᠠᠷᠢᠮᠠᠯ᠎ᠤᠨ ᠦᠢᠯᠡᠰ᠎ᠦᠨ ᠬᠤᠪᠢ᠎ᠶ᠋ᠢᠨ ᠵᠢᠩ ᠨᠡᠯᠢᠶᠡᠳ ᠶᠡᠬᠡ᠂ ᠦᠢᠯᠡᠳᠬᠦᠨ᠎ᠦ᠎ᠦᠷᠳᠡᠭ᠎ᠨᠢ ᠶᠡᠷᠦ᠍᠎ᠳᠡᠭᠡᠨ ᠲᠠᠷᠢᠶᠠᠯᠠᠩ᠎ᠤᠨ ᠶᠡᠷᠦᠩᠬᠡᠶ ᠦᠢᠯᠡᠳᠬᠦᠨ᠎ᠦ ᠦᠷᠳᠡᠭ᠎ᠦᠨ 50% ᠡᠴᠡ ᠳᠡᠭᠡᠭ᠌ᠰᠢᠬᠢ᠎ᠶ᠋ᠢ ᠡᠵᠡᠯᠡᠵᠦ᠍᠂ ᠲᠣᠭ᠍ᠲᠠᠭᠤᠨ᠎ᠢᠶᠠᠷ ᠬᠥᠭ᠌ᠵᠢᠵᠦ᠍᠂ ᠢᠯᠠᠩᠭᠤᠶ᠎ᠠ ᠠᠮᠤ ᠪᠤᠳᠠᠭᠠᠨ᠎ᠤ ᠲᠠᠷᠢᠮᠠᠯ᠎ᠤᠨ ᠦᠢᠯᠡᠳᠪᠦᠷᠢᠯᠡᠯ᠎ᠦᠨ ᠬᠥᠭ᠌ᠵᠢᠯᠲᠡ ᠨᠢ ᠮᠠᠯ ᠠᠵᠤ ᠠᠬᠤᠶ᠂ ᠠᠵᠤ ᠦᠢᠯᠡᠳᠪᠦᠷᠢ᠎ᠶ᠋ᠢᠨ ᠬᠥᠭ᠌ᠵᠢᠯᠲᠡ ᠪᠣᠯᠤᠨ ᠠᠷᠠᠳ᠎ᠤᠨ ᠠᠮᠢᠳᠤᠷᠠᠯ᠎ᠤᠨ ᠲᠦᠪᠱᠢᠨ᠎ᠦ ᠳᠡᠭᠡᠭ᠌ᠰᠢᠯᠡᠯᠲᠡ᠎ᠳᠦ ᠪᠦᠷ ᠴᠢᠬᠤᠯᠠ ᠠᠴᠢ ᠬᠣᠯᠪᠣᠭ᠍ᠳᠠᠯ᠎ᠲᠠᠶ ᠶᠤᠮ᠃

ᠬᠦᠭ᠌ᠵᠢᠯᠲᠡ

ᠲᠠᠷᠢᠮᠠᠯ᠎ᠤᠨ ᠦᠢᠯᠡᠰ ᠱᠢᠨ᠎ᠡ ᠴᠢᠯᠠᠭᠤᠨ ᠵᠡᠪᠰᠡᠭ᠎ᠦᠨ ᠦᠶ᠎ᠡ᠎ᠳᠦ ᠪᠤᠶ ᠪᠣᠯᠪᠠ᠃ ᠪᠠᠷᠤᠭ 200 ᠲᠦᠮᠡᠨ ᠵᠢᠯ᠎ᠦᠨ ᠬᠠᠭᠤᠴᠢᠨ ᠴᠢᠯᠠᠭᠤᠨ ᠵᠡᠪᠰᠡᠭ᠎ᠦᠨ ᠦᠶ᠎ᠡ᠎ᠳᠦ᠂ ᠦᠢᠯᠡᠳᠪᠦᠷᠢᠯᠡᠯ᠎ᠦᠨ ᠬᠦᠴᠦᠨ ᠲᠤᠢᠯ᠎ᠤᠨ ᠳᠣᠣᠷ᠎ᠠ ᠪᠣᠯᠬᠣᠷ᠂ ᠬᠥᠮᠦᠰ ᠵᠥᠪᠬᠡᠨ ᠲᠡᠭᠦᠵᠦ᠍ ᠴᠤᠭ᠍ᠯᠠᠭᠤᠯᠬᠤ᠎ᠪᠠ ᠠᠩ ᠠᠩᠨᠠᠵᠤ ᠠᠮᠢᠳᠤᠷᠠᠵᠤ ᠪᠠᠢᠪᠠ᠃ ᠭᠡᠪᠡᠴᠦ᠍ ᠣᠷᠳᠣ ᠬᠤᠭᠤᠴᠠᠭᠠᠨ᠎ᠤ ᠲᠡᠭᠦᠵᠦ᠍ ᠴᠤᠭ᠍ᠯᠠᠭᠤᠯᠬᠤ ᠶᠠᠪᠤᠴᠠ᠎ᠳᠤ ᠬᠥᠮᠦᠰ ᠵᠠᠷᠢᠮ ᠤᠷᠭᠤᠮᠠᠯ᠎ᠤᠨ ᠠᠮᠢᠳᠤᠷᠠᠯ᠎ᠤᠨ ᠳᠠᠳᠭᠠᠯ᠎ᠢ ᠠᠭᠠᠵᠢᠮ᠎ᠢᠶᠠᠷ ᠣᠢᠯᠠᠭᠠᠵᠤ᠂ ᠳᠠᠷᠢᠵᠤ ᠤᠷᠭᠤᠭᠤᠯᠬᠤ ᠮᠡᠷᠭᠡᠵᠢᠯ᠎ᠢ ᠰᠣᠷᠣᠭ᠍ᠰᠠᠨ᠎ᠠᠴᠠ ᠪᠠᠯᠠᠷ ᠡᠷᠲᠡᠨ᠎ᠦ ᠳᠠᠷᠢᠵᠤ ᠤᠷᠭᠤᠭᠤᠯᠬᠤ ᠦᠶ᠋ᠯᠡᠰ ᠪᠣᠶ ᠪᠣᠯᠵᠠᠶ᠃ ᠬᠣᠵᠢᠮ ᠨᠢ ᠦᠢᠯᠡᠳᠪᠦᠷᠢᠯᠡᠯ᠎ᠦᠨ ᠬᠦᠴᠦᠨ᠎ᠦ ᠬᠥᠭ᠌ᠵᠢᠯᠲᠡ᠎ᠶ᠋ᠢ ᠳᠠᠭᠠᠯᠳᠤᠨ ᠲᠠᠷᠢᠮᠠᠯ᠎ᠤᠨ ᠦᠢᠯᠡᠰ ᠲᠠᠰᠤᠷᠠᠯᠲᠠ ᠦᠭᠡᠢ ᠳᠠᠪᠱᠢᠵᠠᠢ᠃ ᠡᠨᠡ ᠨᠢ ᠭᠣᠣᠯᠳᠠᠭᠤ ᠲᠠᠷᠢᠮᠠᠯ᠎ᠤᠨ ᠲᠦᠷᠦᠯ ᠵᠦᠢᠯ ᠨᠡᠮᠡᠭ᠌ᠳᠡᠬᠦ᠌᠂ ᠲᠠᠯᠠᠪᠠᠢ ᠨᠢᠭᠡᠴᠢ᠎ᠶ᠋ᠢᠨ ᠤᠨᠠᠯᠲᠠ ᠳᠡᠭᠡᠭ᠌ᠰᠢᠯᠡᠬᠦ᠌᠂ ᠲᠠᠷᠢᠬᠤ ᠲᠠᠯᠠᠪᠠᠢ ᠥᠷᠭᠡᠳᠬᠦ᠌᠂ ᠶᠡᠷᠦᠩᠬᠡᠢ ᠤᠨᠠᠯᠲᠠ ᠨᠡᠮᠡᠭ᠌ᠳᠡᠬᠦ᠌᠂ ᠦᠢᠯᠡᠳᠬᠦᠨ᠎ᠦ ᠶᠠᠰᠤ ᠴᠢᠨᠠᠷ ᠰᠠᠢᠵᠢᠷᠠᠬᠤ ᠵᠡᠷᠭᠡ ᠲᠠᠯ᠎ᠠ᠎ᠪᠠᠷ ᠢᠯᠡᠷᠡᠵᠦ᠍ ᠪᠠᠢᠨ᠎ᠠ᠃

ᠪᠠᠢᠷᠢ ᠰᠠᠭᠤᠷᠢ

ᠲᠠᠷᠢᠮᠠᠯ᠎ᠤᠨ ᠦᠢᠯᠡᠰ ᠪᠦᠬᠦᠢᠯᠡ ᠲᠠᠷᠢᠶᠠᠯᠠᠩ᠎ᠳᠤ ᠣᠨᠴᠠᠭᠠᠢ ᠴᠢᠬᠤᠯᠠ ᠪᠠᠢᠷᠢ᠎ᠶ᠋ᠢ ᠡᠵᠡᠯᠡᠵᠦ᠍᠂ ᠲᠡᠷᠡ ᠨᠢ ᠪᠦᠬᠦᠢᠯᠡ ᠲᠠᠷᠢᠶᠠᠯᠠᠩ᠎ᠤᠨ ᠰᠠᠭᠤᠷᠢ ᠮᠥᠨ᠃ ᠤᠴᠢᠷ ᠨᠢ ᠵᠥᠪᠬᠡᠨ ᠨᠣᠭᠣᠭᠠᠨ ᠤᠷᠭᠤᠮᠠᠯ ᠯᠠ ᠠᠭᠠᠷ ᠮᠠᠨᠳᠠᠯ ᠳᠣᠲᠣᠷ᠎ᠠ᠎ᠠᠴᠠ ᠨᠡᠭᠦᠷᠡᠰᠦᠲᠥ᠋ᠷᠥᠭ᠌ᠴᠢ᠎ᠶ᠋ᠢᠨ ᠳᠠᠪᠬᠤᠷ ᠢᠰᠦᠯ᠎ᠢ ᠱᠢᠩᠭᠡᠭᠡᠨ ᠠᠪᠴᠤ᠌ ᠬᠥᠷᠥᠰᠥᠨ ᠳᠣᠲᠣᠷ᠎ᠠ᠎ᠠᠴᠠ ᠣᠷᠭᠠᠨᠢᠭ ᠪᠤᠰᠤ ᠳᠠᠪᠤᠰᠤ ᠪᠠ ᠤᠰᠤ᠎ᠶ᠋ᠢ ᠱᠢᠩᠭᠡᠭᠡᠨ ᠠᠪᠴᠤ᠌ ᠭᠡᠷᠡᠯ᠎ᠦᠨ ᠨᠡᠢᠯᠡᠯᠭᠡ᠎ᠪᠡᠷ ᠨᠡᠷᠡᠨ᠎ᠦ ᠡᠨᠧᠷᠭᠢ᠎ᠶ᠋ᠢ ᠣᠷᠭᠠᠨᠢᠭ ᠡᠨᠧᠷᠭᠢ ᠪᠣᠯᠭᠠᠨ ᠬᠤᠪᠢᠷᠠᠭᠤᠯᠵᠤ ᠣᠷᠭᠠᠨᠢᠭ ᠪᠤᠰᠤ ᠪᠣᠳᠠᠰ᠎ᠢ ᠣᠷᠭᠠᠨᠢᠭ ᠪᠣᠳᠠᠰ ᠪᠣᠯᠭᠠᠨ ᠬᠤᠪᠢᠷᠠᠭᠤᠯᠳᠠᠭ᠃ ᠮᠠᠯ ᠵᠢᠭᠦᠷᠲᠡᠨ ᠪᠣᠯ ᠭᠣᠣᠯᠳᠠᠭᠤ ᠤᠷᠭᠤᠮᠠᠯ᠎ᠤᠨ ᠴᠢᠨᠠᠷᠲᠠᠶ ᠪᠦᠲᠦᠭᠡᠭ᠌ᠳᠡᠬᠦᠨ᠎ᠢᠶᠡᠷ ᠢᠳᠡᠰᠢ ᠪᠣᠯᠭᠠᠵᠤ᠂ ᠤᠷᠭᠤᠮᠠᠯ᠎ᠢ ᠠᠮᠢᠲᠠᠨ᠎ᠤ ᠡᠨᠧᠷᠭᠢ ᠪᠣᠯᠭᠠᠨ ᠬᠤᠪᠢᠷᠠᠭᠤᠯᠤᠨ᠎ᠠ᠂ ᠬᠠᠷᠢᠨ ᠣᠷᠭᠠᠨᠢᠭ ᠪᠤᠰᠤ ᠪᠣᠳᠠᠰ᠎ᠢ ᠣᠷᠭᠠᠨᠢᠭ ᠪᠣᠳᠠᠰ ᠪᠣᠯᠭᠠᠨ ᠨᠡᠢᠯᠡᠭᠦᠯᠵᠦ᠍ ᠳᠡᠢᠯᠬᠦ᠌ ᠦᠭᠡᠢ᠃

ᠢᠷᠡᠯᠳᠡ᠄ ᠪᠠᠢ ᠳᠦ ᠪᠠᠢ ᠺᠧ ᠰᠦᠯᠵᠢᠶ᠎ᠡ

ᠡᠮᠬᠢᠯᠡᠭᠴᠢ᠄ ᠴᠠᠡᠭ ᠶᠠᠨ ᠵᠢᠶᠦ᠋ᠨ

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠤᠶᠤᠯᠲᠦ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2023 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄tn@mgyxw.net   蒙ICP备10000005号