ᠲᠡᠮᠡᠴᠡᠯ ᠂ ᠠᠭᠤᠤ ᠲᠡᠦᠬᠡ᠎ᠶ᠋ᠢ ᠪᠢᠴᠢᠭ᠌ᠯᠡᠨ᠎ᠡ; ᠠᠶᠠᠨ᠂ ᠱᠢᠨ᠎ᠡ ᠤᠷᠤᠭ᠍ᠰᠢᠯᠠᠯᠲᠠ᠎ᠶ᠋ᠢ ᠤᠷᠢᠶᠠᠯᠠᠨ᠎ᠠ᠃
《ᠶᠡᠷᠦᠩᠬᠡᠶ ᠱᠦᠵᠢ ᠰᠢ ᠵᠢᠨ ᠫᠢᠩ᠎ᠦᠨ ᠥᠪᠥᠷ ᠮᠣᠩᠭᠣᠯ᠎ᠤᠨ ᠲᠤᠬᠠᠶ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠣᠯᠠᠪᠤᠷᠢ᠎ᠶ᠋ᠢᠨ ᠵᠣᠷᠢᠭ ᠰᠠᠨᠠᠭ᠎ᠠ᠎ᠶ᠋ᠢ ᠭᠦᠨᠵᠡᠭᠡᠶ ᠰᠤᠷᠤᠯᠴᠠᠨ ᠲᠤᠭᠤᠱᠢᠯᠠᠭᠤᠯᠵᠤ᠂ ᠬᠡᠬᠦᠳᠡᠭ ᠴᠡᠭᠡᠵᠢᠨ᠎ᠳᠡᠭᠡᠨ ᠪᠥᠬᠥ᠌ ᠲᠠᠯ᠎ᠠ ᠵᠢ ᠪᠤᠳᠤᠯᠬᠢᠯᠡᠨ ᠠᠵᠤ ᠦᠶ᠋ᠯᠡᠳᠪᠦᠷᠢ᠎ᠶ᠋ᠢ ᠠᠳᠭᠤᠵᠤ᠂ ᠪᠥᠬᠥ᠌ ᠬᠦᠴᠦᠨ᠎ᠢᠶᠡᠷ᠎ᠢᠶᠡᠨ ᠠᠵᠤ ᠦᠶ᠋ᠯᠡᠳᠪᠦᠷᠢ᠎ᠶ᠋ᠢ ᠠᠳᠭᠤᠵᠤ᠂ ᠠᠵᠤ ᠦᠶ᠋ᠯᠡᠳᠪᠦᠷᠢ᠎ᠶ᠋ᠢᠨ ᠠᠵᠤ ᠠᠬᠤᠶ᠎ᠶ᠋ᠢᠨ ᠲᠣᠭ᠍ᠲᠠᠭᠤᠨ ᠡᠷᠭᠢᠯᠳᠠ ᠪᠠ ᠶᠠᠰᠤ ᠴᠢᠨᠠᠷ᠎ᠢ ᠳᠡᠭᠡᠭ᠌ᠰᠢᠯᠡᠭᠦᠯᠦᠨ ᠲᠠᠰ ᠳᠡᠪᠱᠢᠭᠦᠯᠬᠦ᠌᠎ᠶ᠋ᠢ ᠠᠬᠢᠭᠤᠯᠵᠤ᠂ᠪᠣᠳᠠᠲᠤᠴᠣᠭ᠍ᠴᠠᠶ᠋ᠢᠨᠠᠵᠤᠠᠬᠤᠶᠶ᠋ᠢᠲᠠᠰᠤᠷᠠᠯᠲᠠᠥᠬᠡᠶ ᠪᠣᠳᠠᠲᠠᠢᠵᠢᠭᠤᠯᠤᠨ ᠬᠦᠴᠦᠷᠬᠡᠭ᠌ᠵᠢᠭᠦᠯᠵᠦ᠍ ᠱᠢᠯᠢᠳᠡᠭ᠌ᠵᠢᠭᠦᠯᠵᠦ ᠂ ᠪᠥᠬᠥ᠌ ᠣᠷᠣᠨ᠎ᠤ ᠠᠵᠤ ᠠᠬᠤᠶ᠎ᠶ᠋ᠢᠨ ᠳᠤᠬᠳᠠᠭᠤᠨ᠎ᠢᠶᠠᠷ ᠠᠯᠤᠰ ᠠᠶᠠᠯᠠᠬᠤ᠎ᠳᠤ ᠪᠠᠲᠤ ᠪᠠᠬᠢ ᠰᠠᠭᠤᠷᠢ ᠲᠠᠯᠪᠢᠵᠤ ᠥᠭ᠌ᠬᠦ ᠬᠡᠷᠡᠭ᠌ᠲᠡᠶ》᠃ 2 ᠰᠠᠷ᠎ᠠ᠎ᠶ᠋ᠢᠨ 21 ᠤ᠋ ᠡᠳᠦᠷ ᠬᠤᠷᠠᠯᠳᠤᠭ᠍ᠰᠠᠨ ᠪᠥᠬᠥ᠌ ᠣᠷᠣᠨ᠎ᠤ ᠠᠵᠤ ᠦᠶ᠋ᠯᠡᠳᠪᠦᠷᠢ᠎ᠶ᠋ᠢᠨ ᠠᠵᠤ ᠠᠬᠤᠶ᠎ᠶ᠋ᠢᠨ ᠴᠢᠨᠠᠷ ᠰᠠᠢᠲᠠᠶ ᠬᠥᠭ᠌ᠵᠢᠯᠲᠡ᠎ᠶ᠋ᠢᠨ ᠶᠡᠬᠡ ᠬᠤᠷᠠᠯ ᠳᠡᠭᠡᠷ᠎ᠡ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠱᠦᠵᠢ᠂ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ᠎ᠶ᠋ᠢᠨ ᠬᠣᠷᠢᠶᠠᠨ᠎ᠤ ᠡᠷᠬᠢᠯᠡᠭ᠌ᠴᠢ ᠱ᠌ᠢ ᠲᠠᠢ ᠹᠸᠩ᠎ᠤᠨ ᠶᠠᠷᠢᠶ᠎ᠠ ᠢᠳᠡ ᠬᠦᠴᠦᠲᠡᠶ ᠪᠠᠢᠯ᠎ᠠ᠃
ᠤᠯᠤᠰ ᠠᠷᠠᠳ᠎ᠤᠨ ᠠᠵᠤ ᠠᠬᠤᠢ᠎ᠳᠤ ᠠᠪᠴᠤ᠌ ᠬᠡᠯᠡᠪᠡᠯ᠂ ᠠᠵᠤ ᠦᠢᠯᠡᠳᠪᠦᠷᠢ ᠨᠢ ᠲᠤᠢᠯ᠎ᠤᠨ ᠴᠢᠬᠤᠯᠠ ᠠᠴᠢ ᠬᠤᠯᠪᠤᠬᠳᠠᠯ ᠳᠠᠢ ᠪᠠᠢᠳᠠᠭ᠃ ᠠᠵᠤ ᠦᠢᠯᠡᠳᠪᠦᠷᠢ ᠬᠦᠴᠦᠷᠬᠡᠭ᠌ᠵᠢᠪᠡᠯ ᠠᠵᠤ ᠠᠬᠤᠢ ᠰᠠᠶᠢ ᠬᠦᠴᠦᠷᠬᠡᠭ᠌ᠵᠢᠵᠦ᠍ ᠴᠢᠳᠠᠨ᠎ᠠ! ᠥᠪᠥᠷ ᠮᠣᠩᠭᠣᠯ ᠠᠮᠢ ᠠᠬᠤᠶ᠎ᠶ᠋ᠢ ᠤᠷᠢᠳ᠎ᠢᠶᠠᠷ ᠪᠣᠳᠣᠯᠬᠢᠯᠠᠬᠤ ᠪᠣᠬᠢᠷᠲᠤᠯ ᠥᠬᠡᠶ ᠬᠥᠭ᠌ᠵᠢᠬᠦᠯᠬᠦ᠎ᠪᠡᠷ ᠤᠳᠤᠷᠢᠳᠤᠮᠵᠢ ᠪᠣᠯᠭᠠᠭ᠍ᠰᠠᠨ ᠴᠢᠨᠠᠷ ᠰᠠᠢᠲᠠᠶ ᠬᠥᠭ᠌ᠵᠢᠯᠲᠡ᠎ᠶ᠋ᠢᠨ ᠱᠢᠨ᠎ᠡ ᠵᠠᠮ᠎ᠢᠶᠠᠷ ᠵᠠᠮᠨᠠᠵᠤ᠂ ᠣᠳᠣᠬᠢᠴᠢᠯᠠᠭ᠍ᠰᠠᠨ ᠠᠵᠤ ᠠᠬᠤᠶ᠎ᠶ᠋ᠢᠨ ᠱᠢᠰᠲ᠋ᠧᠮ᠎ᠢ ᠪᠠᠢᠭᠤᠯᠬᠤ ᠳ᠋ᠤ ᠭᠤᠤᠯ ᠲᠡᠢᠨ᠎ᠦ ᠲᠠᠯᠠᠪᠤᠷ ᠪᠠ ᠭᠤᠤᠯ ᠵᠢᠭ᠍ᠰᠠᠭᠠᠯ᠎ᠤᠨ ᠭᠠᠵᠠᠷ᠎ᠨᠢ ᠠᠵᠤ ᠦᠶ᠋ᠯᠡᠳᠪᠦᠷᠢ ᠳ᠋ᠤ ᠪᠠᠢᠨ᠎ᠠ᠂ ᠭᠤᠤᠯᠳᠠᠯᠭ᠎ᠠ᠎ᠲᠠᠶ ᠬᠦᠴᠢᠷᠳᠡᠯ ᠴᠡᠭ ᠪᠣᠯᠤᠨ ᠱᠢᠪᠲᠤᠯᠤᠯᠲᠠ᠎ᠶ᠋ᠢᠨ ᠴᠡᠭ᠎ᠨᠢ ᠴᠦ᠍ ᠠᠵᠤ ᠦᠶ᠋ᠯᠡᠳᠪᠦᠷᠢ᠎ᠳᠦ ᠪᠠᠢᠨ᠎ᠠ᠃
ᠪᠣᠳᠠᠲᠤ ᠴᠣᠭ᠍ᠴᠠ᠎ᠶ᠋ᠢᠨ ᠠᠵᠤ ᠠᠬᠤᠢ ᠢᠯᠠᠩᠭᠤᠶ᠎ᠠ ᠦᠢᠯᠡᠳᠬᠦ᠌ ᠦᠢᠯᠡᠰ᠎ᠢ ᠬᠡᠷᠬᠢᠨ ᠴᠢᠩᠭ᠎ᠠ ᠠᠳᠭᠤᠵᠤ ᠴᠢᠳᠠᠬᠤ ᠪᠤᠢ? ᠠᠵᠤ ᠦᠢᠯᠡᠳᠪᠦᠷᠢᠬᠡᠬᠦ 《ᠨᠢᠷᠤᠭᠤ ᠳᠤᠯᠭᠠᠭᠤᠷᠢ》 ᠶ᠋ᠢ ᠬᠡᠷᠬᠢᠨ ᠦᠨᠡᠨ ᠬᠦ᠌ ᠬᠠᠲᠠᠭᠤᠵᠢᠭᠤᠯᠬᠤ ᠪᠤᠢ? ᠴᠠᠭᠠᠨ ᠰᠠᠷ᠎ᠠ ᠡᠬᠢᠯᠡᠮᠡᠭ᠌ᠴᠡ᠂ ᠥᠪᠥᠷ ᠮᠣᠩᠭᠣᠯ ᠴᠢᠩᠭ᠎ᠠ ᠬᠦᠴᠦᠲᠡᠢ ᠬᠠᠷᠢᠭᠤᠯᠲᠠ ᠥᠭ᠌ᠪᠡ ——
ᠪᠥᠬᠥ᠌ ᠣᠷᠣᠨ᠎ᠤ ᠠᠵᠤ ᠦᠶ᠋ᠯᠡᠳᠪᠦᠷᠢ᠎ᠶ᠋ᠢᠨ ᠠᠵᠤ ᠠᠬᠤᠶ᠎ᠶ᠋ᠢᠨ ᠴᠢᠨᠠᠷ ᠰᠠᠢᠲᠠᠶ ᠬᠥᠭ᠌ᠵᠢᠯᠲᠡ᠎ᠶ᠋ᠢᠨ ᠶᠡᠬᠡ ᠬᠤᠷᠠᠯ ᠡᠴᠡ ᠥᠪᠡᠷᠲᠡᠭᠡᠨ ᠵᠠᠰᠠᠬᠤ ᠣᠷᠣᠨ᠎ᠤ ᠡᠨᠧᠷᠭᠢ᠎ᠶ᠋ᠢᠨ ᠠᠵᠤ ᠦᠶ᠋ᠯᠡᠳᠪᠦᠷᠢ᠂ ᠦᠶ᠋ᠯᠡᠳᠬᠦ᠌ ᠦᠶ᠋ᠯᠡᠰ᠎ᠦᠨ ᠴᠢᠨᠠᠷ ᠰᠠᠢᠲᠠᠶ ᠬᠥᠭ᠌ᠵᠢᠯᠲᠡ᠎ᠶ᠋ᠢ ᠠᠬᠢᠭᠤᠯᠬᠤ ᠭᠤᠤᠯᠳᠠᠯᠭ᠎ᠠ᠎ᠲᠠᠶ ᠡᠭᠦᠷᠭᠡ ᠪᠣᠯᠤᠨ ᠲᠥᠷᠥ᠎ᠶ᠋ᠢᠨ ᠪᠣᠳᠣᠯᠭ᠎ᠠ᠎ᠶ᠋ᠢᠨ ᠲᠣᠬᠢᠷᠠᠭᠤᠯᠤᠯᠲᠠ᠎ᠶ᠋ᠢ ᠵᠠᠷᠯᠠᠵᠤ᠂ ᠠᠵᠤ ᠦᠶ᠋ᠯᠡᠳᠪᠦᠷᠢ᠎ᠶ᠋ᠢᠨ ᠠᠵᠤ ᠠᠬᠤᠢᠯᠠᠯ ᠪᠣᠯᠤᠨ ᠠᠵᠤ ᠦᠶ᠋ᠯᠡᠳᠪᠦᠷᠢ᠎ᠶ᠋ᠢᠨ ᠬᠦᠷᠢᠶᠡᠯᠡᠩ ᠲᠣᠭᠣᠷᠢᠭ᠎ᠤᠨ ᠴᠢᠨᠠᠷ ᠰᠠᠢᠲᠠᠶ ᠬᠥᠭ᠌ᠵᠢᠯᠲᠡ᠎ᠶ᠋ᠢ ᠳᠡᠮᠵᠢᠬᠦ᠌ ᠲᠤᠬᠠᠶ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ᠎ᠤ ᠲᠣᠭ᠍ᠲᠠᠭᠠᠯ᠎ᠢ ᠤᠩᠱᠢᠨ ᠨᠡᠢᠲᠡᠯᠡᠪᠡ᠃
ᠠᠯᠢ ᠣᠯᠠᠨ ᠲᠥᠰᠦᠯ᠎ᠨᠢ ᠪᠥᠬᠥ᠌ ᠣᠷᠣᠨ᠎ᠤ ᠠᠵᠤ ᠦᠶ᠋ᠯᠡᠳᠪᠦᠷᠢ᠎ᠶ᠋ᠢᠨ ᠠᠵᠤ ᠠᠬᠤᠶ᠎ᠶ᠋ᠢᠨ ᠴᠢᠨᠠᠷ ᠰᠠᠢᠲᠠᠶ ᠬᠥᠭ᠌ᠵᠢᠯᠲᠡ᠎ᠶ᠋ᠢ ᠠᠬᠢᠭᠤᠯᠬᠤ᠎ᠳᠤ 《ᠡᠭᠦᠷᠭᠡ᠎ᠶ᠋ᠢᠨ ᠪᠢᠴᠢᠭ》 ᠪᠠᠭᠤᠯᠭᠠᠪᠠ᠄ 《ᠵᠣᠬᠢᠶᠠᠨ ᠪᠠᠢᠭᠤᠯᠤᠯᠲᠠ᠎ᠶ᠋ᠢᠨ ᠬᠦᠴᠦᠨ᠎ᠢ ᠠᠵᠤ ᠦᠶ᠋ᠯᠡᠳᠪᠦᠷᠢ ᠲᠡᠢᠰᠢ ᠬᠡᠯᠪᠡᠢᠯᠭᠡᠵᠦ᠍᠂ ᠴᠠᠭ ᠪᠠ ᠣᠶᠤᠨ ᠴᠢᠳᠠᠯ᠎ᠢᠶᠠᠨ ᠠᠵᠤ ᠦᠶ᠋ᠯᠡᠳᠪᠦᠷᠢ ᠲᠡᠢᠰᠢ ᠲᠥᠪᠯᠡᠷᠡᠭᠦᠯᠦᠨ᠂ ᠲᠥᠷᠥ᠎ᠶ᠋ᠢᠨ ᠪᠣᠳᠣᠯᠭ᠎ᠠ᠎ᠶ᠋ᠢᠨ ᠡᠬᠢ ᠪᠠᠶᠠᠯᠢᠭ᠎ᠢ ᠠᠵᠤ ᠦᠶ᠋ᠯᠡᠳᠪᠦᠷᠢ ᠲᠡᠢᠰᠢ ᠲᠥᠪᠯᠡᠷᠡᠭᠦᠯᠵᠦ᠍᠂ ᠬᠢᠨᠠᠨ ᠱᠢᠯᠭᠠᠵᠤ ᠱᠠᠩᠨᠠᠨ ᠲᠣᠷᠭᠠᠬᠤ᠎ᠶ᠋ᠢ ᠠᠵᠤ ᠦᠶ᠋ᠯᠡᠳᠪᠦᠷᠢ ᠲᠡᠢᠰᠢ ᠲᠥᠪᠯᠡᠷᠡᠭᠦᠯᠦᠨ᠂ ᠠᠵᠤ ᠦᠶ᠋ᠯᠡᠳᠪᠦᠷᠢ᠎ᠶ᠋ᠢᠨ ᠠᠵᠤ ᠠᠬᠤᠶ ᠨᠢ ᠬᠡᠪᠴᠢᠶᠡᠵᠢᠯ ᠳᠠᠢ᠂ ᠪᠦᠲᠦᠴᠡ᠎ᠨᠢ ᠲᠠᠰ ᠳᠠᠪᠬᠤᠷᠭ᠎ᠠ ᠲᠠᠢ ᠂ ᠶᠠᠰᠤ ᠴᠢᠨᠠᠷ᠎ᠨᠢ ᠰᠢᠨ᠎ᠠ ᠳᠡᠭ᠌ᠲᠡᠷ᠎ᠲᠦ ᠭᠠᠷᠬᠤ᠎ᠶ᠋ᠢ ᠠᠬᠢᠭᠤᠯᠵᠤ᠂ ᠬᠠᠮᠢᠶ᠎ᠠ ᠪᠥᠬᠥᠶ ᠠᠵᠤ ᠦᠶ᠋ᠯᠡᠰ᠎ᠢ ᠳᠡᠭᠡᠳᠦ ᠲᠠᠰᠵᠢᠬᠦᠯᠬᠦ᠂ ᠤᠶᠤᠨᠴᠢᠯᠠᠬᠤ᠂ ᠪᠣᠬᠢᠷᠲᠤᠯ ᠥᠬᠡᠢᠵᠢᠬᠦᠯᠬᠦᠶ᠋ᠢ ᠠᠬᠢᠭᠤᠯᠬᠤ ᠬᠡᠷᠡᠭᠳᠡᠢ》᠃
ᠠᠯᠢ ᠣᠯᠠᠨ ᠲᠥᠷᠥ᠎ᠶ᠋ᠢᠨ ᠪᠣᠳᠣᠯᠭ᠎ᠠ᠎ᠨᠢ ᠪᠥᠬᠥ᠌ ᠣᠷᠣᠨ᠎ᠤ ᠠᠵᠤ ᠦᠶ᠋ᠯᠡᠳᠪᠦᠷᠢ᠎ᠶ᠋ᠢᠨ ᠠᠵᠤ ᠠᠬᠤᠶ᠎ᠶ᠋ᠢᠨ ᠴᠢᠨᠠᠷ ᠰᠠᠢᠲᠠᠶ ᠬᠥᠭ᠌ᠵᠢᠯᠲᠡ᠎ᠶ᠋ᠢ ᠠᠬᠢᠭᠤᠯᠬᠤ᠎ᠳᠤ 《ᠲᠦᠷᠭᠡᠨ ᠠᠬᠢᠭᠤᠯᠬᠤ ᠳᠠᠷᠤᠪᠴᠢ》 ᠶ᠋ᠢ ᠳᠠᠷᠤᠪᠠ᠄《ᠠᠵᠤ ᠦᠶ᠋ᠯᠡᠳᠪᠦᠷᠢ᠎ᠶ᠋ᠢᠨ ᠬᠦᠷᠢᠶᠡᠯᠡᠩ ᠲᠣᠭᠣᠷᠢᠭ᠎ᠢᠶᠠᠷ ᠠᠴᠢᠶᠠᠯᠠᠪᠤᠷᠢ ᠪᠣᠯᠭᠠᠵᠤ᠂ ᠠᠵᠤ ᠦᠶ᠋ᠯᠡᠰ᠎ᠦᠨ ᠪᠦᠯᠦᠭ᠌ᠵᠢᠯ᠎ᠢᠶᠡᠷ ᠭᠠᠷᠳᠠᠴᠠ ᠪᠣᠯᠭᠠᠵᠤ᠂ ᠭᠤᠤᠯᠳᠠᠯᠭ᠎ᠠ᠎ᠲᠠᠶ ᠲᠥᠷᠥᠯ ᠵᠦᠶ᠋ᠯ᠎ᠢᠶᠡᠷ ᠲᠤᠯᠭᠠᠭᠤᠷᠢᠯᠠᠯ ᠪᠣᠯᠭᠠᠵᠤ᠂ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌᠎ᠪᠡᠷ ᠬᠥᠳᠡᠯᠭᠡᠬᠦ᠌ ᠬᠦᠴᠦᠨ ᠪᠣᠯᠭᠠᠵᠤ᠂ ᠲᠥᠷᠥ᠎ᠶ᠋ᠢᠨ ᠪᠣᠳᠣᠯᠭ᠎ᠠ ᠠᠷᠭ᠎ᠠ ᠬᠡᠮᠵᠢᠶ᠎ᠡ᠎ᠪᠡᠷ ᠪᠠᠲᠤᠯᠠᠭ᠎ᠠ ᠪᠣᠯᠭᠠᠭ᠍ᠰᠠᠨ ᠠᠵᠤ ᠦᠶ᠋ᠯᠡᠳᠪᠦᠷᠢ᠎ᠶ᠋ᠢᠨ ᠴᠢᠨᠠᠷ ᠰᠠᠢᠲᠠᠶ ᠬᠥᠭ᠌ᠵᠢᠯᠲᠡ᠎ᠶ᠋ᠢᠨ ᠱᠢᠨ᠎ᠡ ᠪᠠᠢᠷᠢᠱᠢᠯ᠎ᠢ ᠪᠦᠷᠢᠯᠳᠦᠭᠦᠯᠬᠦ ᠭᠡᠷᠡᠭᠳᠠᠢ》᠃
ᠵᠢᠷᠤᠭ ᠲᠥᠰᠦᠪ ᠨᠢᠭᠡᠨᠲᠡ ᠵᠢᠷᠤᠭ᠍ᠯᠠᠭᠳᠠᠵᠤ᠂ ᠲᠡᠮᠡᠴᠡᠯ ᠶᠠᠭ ᠴᠠᠭ᠎ᠲᠠᠭᠠᠨ ᠲᠤᠬᠢᠷᠡᠪᠠ! ᠠᠵᠤ ᠦᠶ᠋ᠯᠡᠳᠪᠦᠷᠢ᠎ᠶ᠋ᠢᠨ ᠠᠵᠤ ᠠᠬᠤᠶ᠎ᠶ᠋ᠢᠨ ᠴᠢᠨᠠᠷ ᠰᠠᠢᠲᠠᠶ ᠬᠥᠭ᠌ᠵᠢᠯᠲᠡ᠎ᠶ᠋ᠢᠨ ᠱᠢᠨ᠎ᠡ ᠵᠢᠷᠤᠭ ᠦᠳᠲᠡᠷ ᠲᠦᠷᠭᠡᠨ ᠳᠡᠯᠭᠡᠭ᠌ᠳᠡᠨ᠎ᠠ᠃
ᠦᠶ᠋ᠯᠡᠳᠬᠦ᠌ ᠦᠶ᠋ᠯᠡᠰ ᠪᠣᠯ ᠥᠪᠥᠷ ᠮᠣᠩᠭᠣᠯ᠎ᠤᠨ ᠠᠵᠤ ᠦᠶ᠋ᠯᠡᠳᠪᠦᠷᠢ᠎ᠶ᠋ᠢᠨ ᠠᠵᠤ ᠠᠬᠤᠶ᠎ᠶ᠋ᠢᠨ ᠴᠢᠬᠤᠯᠠ ᠲᠤᠯᠭᠠᠭᠤᠷᠢ᠂ ᠠᠵᠤ ᠦᠶ᠋ᠯᠡᠰ᠎ᠦᠨ ᠬᠡᠯᠪᠡᠷᠢ᠎ᠪᠡᠨ ᠬᠤᠪᠢᠷᠠᠭᠤᠯᠤᠨ ᠲᠠᠰ ᠳᠡᠪᠱᠢᠭᠦᠯᠬᠦ᠌᠎ᠶ᠋ᠢ ᠠᠬᠢᠭᠤᠯᠬᠤ ᠭᠤᠤᠯ ᠵᠢᠭ᠍ᠰᠠᠭᠠᠯ᠎ᠤᠨ ᠭᠠᠵᠠᠷ ᠪᠣᠯᠤᠨ᠎ᠠ᠃ ᠬᠡᠯᠪᠡᠷᠢ᠎ᠪᠡᠨ ᠬᠤᠪᠢᠷᠠᠭᠤᠯᠬᠤ ᠴᠢᠬᠤᠯᠠ ᠬᠤᠭᠤᠴᠠᠭᠠᠨ᠎ᠳᠤ ᠣᠷᠣᠱᠢᠵᠤ ᠪᠠᠢᠭ᠎ᠠ ᠥᠪᠥᠷ ᠮᠣᠩᠭᠣᠯ᠂ ᠦᠢᠯᠡᠳᠬᠦ᠌ ᠦᠢᠯᠡᠰ᠎ᠦᠨ ᠬᠥᠭ᠌ᠵᠢᠯᠲᠡ ᠭᠦᠢᠴᠡᠳ ᠪᠤᠰᠤ᠂ ᠠᠵᠤ ᠦᠢᠯᠡᠰ᠎ᠦᠨ ᠬᠡᠯᠬᠢᠶ᠎ᠡ ᠬᠠᠩᠭᠠᠯᠭ᠎ᠠ᠎ᠶ᠋ᠢᠨ ᠬᠡᠯᠬᠢᠶ᠎ᠡ᠎ᠶ᠋ᠢᠨ ᠣᠳᠣᠬᠢᠴᠢᠯᠠᠯᠲᠠ᠎ᠶ᠋ᠢᠨ ᠲᠦᠪᠱᠢᠨ ᠥᠨᠳᠥᠷ ᠪᠤᠰᠤ᠂ ᠠᠵᠤ ᠦᠢᠯᠡᠰ᠎ᠦᠨ ᠪᠦᠲᠦᠴᠡ ᠨᠢ ᠡᠨᠧᠷᠭᠢ᠎ᠳᠦ ᠲᠦᠱᠢᠭ᠌ᠯᠡᠵᠦ᠍ ᠬᠦᠨᠳᠦ᠍ ᠠᠵᠤ ᠦᠢᠯᠡᠳᠪᠤᠷᠢ᠎ᠳᠤ ᠲᠦᠱᠢᠭᠯᠡᠬᠦ᠂ ᠤᠶᠤᠨᠴᠢᠯᠠᠭ᠍ᠰᠠᠨ ᠬᠥᠭ᠌ᠵᠢᠯᠲᠡ ᠤᠳᠠᠭᠠᠱᠢᠷᠠᠭ᠍ᠰᠠᠨ ᠵᠡᠷᠭᠡ ᠲᠤᠪᠤᠢ᠌ᠮ᠎ᠠ ᠠᠰᠠᠭᠤᠳᠠᠯ᠎ᠳᠤ ᠲᠤᠯᠭᠠᠷᠠᠵᠤ ᠪᠠᠢᠨ᠎ᠠ᠃
ᠡᠭᠦᠨ᠎ᠦ ᠲᠤᠬᠠᠶ᠂ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ《ᠦᠶ᠋ᠯᠡᠳᠬᠦ᠌ ᠦᠶ᠋ᠯᠡᠰ᠎ᠦᠨ ᠳᠡᠭᠡᠳᠦ ᠲᠠᠰᠵᠢᠯᠳᠡ᠂ ᠤᠶᠤᠨᠵᠢᠯᠳᠡ᠂ ᠪᠣᠬᠢᠷᠲᠤᠯ ᠥᠬᠡᠶ ᠬᠥᠭ᠌ᠵᠢᠯᠲᠡ᠎ᠶ᠋ᠢ ᠠᠬᠢᠭᠤᠯᠬᠤ ᠲᠤᠬᠠᠶ ᠰᠠᠨᠠᠯ》 ᠵᠢᠴᠢ ᠢᠵᠢ ᠪᠥᠷᠢᠳᠦᠭᠦᠯᠬᠦ᠌ ᠲᠥᠰᠦᠯ᠎ᠢ ᠲᠣᠭ᠍ᠲᠠᠭᠠᠨ ᠨᠡᠢᠲᠡᠯᠡᠵᠦ᠍᠂ 3 ᠠᠵᠢᠯᠯᠠᠭᠠᠨ᠎ᠤ ᠲᠥᠯᠥᠪᠯᠡᠭᠡ᠂ 8 ᠬᠡᠷᠡᠭ᠌ᠵᠢᠭᠦᠯᠬᠦ᠌ ᠲᠥᠰᠦᠯ ᠪᠠ 1 ᠢᠵᠢ ᠳᠡᠮᠵᠢᠯᠭᠡ᠎ᠶ᠋ᠢᠨ ᠲᠥᠷᠥ᠎ᠶ᠋ᠢᠨ ᠪᠣᠳᠣᠯᠭ᠎ᠠ᠎ᠶ᠋ᠢ ᠪᠠᠭ᠍ᠲᠠᠭᠠᠵᠤ᠂ ᠣᠳᠣᠬᠠᠨ᠎ᠤ ᠪᠠ ᠬᠣᠢᠱᠢᠳᠠ᠎ᠶ᠋ᠢᠨ ᠨᠢᠭᠡ ᠬᠤᠭᠤᠴᠠᠭᠠᠨ᠎ᠤ ᠮᠠᠨ᠎ᠤ ᠣᠷᠣᠨ᠎ᠤ ᠦᠶ᠋ᠯᠡᠳᠬᠦ᠌ ᠦᠶ᠋ᠯᠡᠰ᠎ᠦᠨ ᠴᠢᠨᠠᠷ ᠰᠠᠢᠲᠠᠶ ᠬᠥᠭ᠌ᠵᠢᠯᠲᠡ᠎ᠶ᠋ᠢ ᠠᠬᠢᠭᠤᠯᠬᠤ ᠬᠠᠷᠠᠯᠲᠠ ᠡᠭᠦᠷᠭᠡ ᠪᠠ ᠲᠥᠷᠥ᠎ᠶ᠋ᠢᠨ ᠪᠣᠳᠣᠯᠭ᠎ᠠ ᠠᠷᠭ᠎ᠠ ᠬᠡᠮᠵᠢᠶ᠎ᠡ᠎ᠶ᠋ᠢ ᠲᠣᠳᠣᠷᠬᠠᠢᠯᠠᠵᠤ᠂ ᠦᠶ᠋ᠯᠡᠳᠬᠦ᠌ ᠦᠶ᠋ᠯᠡᠰ᠎ᠦᠨ ᠳᠡᠭᠡᠳᠦ ᠲᠠᠰᠵᠢᠯᠳᠡ᠂ ᠤᠶᠤᠨᠴᠢᠯᠠᠯᠳᠠ᠂ ᠪᠣᠬᠢᠷᠲᠤᠯ ᠥᠬᠡᠶ ᠬᠥᠭ᠌ᠵᠢᠯᠲᠡ᠎ᠶ᠋ᠢ ᠠᠬᠢᠭᠤᠯᠬᠤ᠎ᠳᠤ ᠱᠢᠨ᠎ᠡ 《ᠵᠠᠮ ᠱᠤᠭᠤᠮ᠎ᠤᠨ ᠵᠢᠷᠤᠭ》 ᠢ᠋ ᠵᠢᠷᠤᠬᠯᠠᠨ ᠲᠣᠭ᠍ᠲᠠᠭᠠᠪᠠ᠃
ᠥᠪᠥᠷ ᠮᠣᠩᠭᠣᠯ ᠪᠣᠯ ᠤᠯᠤᠰ᠎ᠤᠨ ᠴᠢᠬᠤᠯᠠ ᠡᠨᠧᠷᠭᠢ ᠪᠣᠯᠤᠨ ᠪᠠᠢᠯᠳᠤᠬᠤ ᠪᠤᠳᠤᠯᠭ᠎ᠠ᠎ᠶ᠋ᠢᠨ ᠡᠬᠢ ᠪᠠᠶᠠᠯᠢᠭ᠎ᠤᠨ ᠰᠠᠭᠤᠷᠢᠨ ᠪᠣᠯᠤᠨ᠎ᠠ᠂ ᠤᠳᠤ ᠦᠶ᠎ᠡ᠎ᠶ᠋ᠢᠨ ᠡᠨᠧᠷᠭᠢ᠎ᠶ᠋ᠢᠨ ᠠᠵᠤ ᠠᠬᠤᠢ᠎ᠶ᠋ᠢ ᠰᠠᠢᠲᠤᠷ ᠬᠥᠭ᠌ᠵᠢᠭᠦᠯᠬᠦ᠌ ᠪᠣᠯ ᠥᠪᠥᠷ ᠮᠣᠩᠭᠣᠯ᠎ᠤᠨ ᠳᠠᠪᠠᠭᠤᠯᠢᠭ᠂ ᠠᠵᠠ ᠲᠣᠬᠢᠶᠠᠯ᠂ ᠬᠠᠷᠢᠭᠤᠴᠠᠯᠭ᠎ᠠ ᠪᠣᠯᠤᠨ᠎ᠠ᠃ ᠡᠨᠧᠷᠭᠢ᠎ᠶ᠋ᠢᠨ ᠠᠵᠤ ᠦᠶ᠋ᠯᠡᠳᠪᠦᠷᠢ᠎ᠶ᠋ᠢᠨ ᠬᠥᠭ᠌ᠵᠢᠯᠲᠡ᠎ᠶ᠋ᠢ ᠠᠬᠢᠭᠤᠯᠬᠤ᠎ᠳᠤ᠂ ᠡᠷᠬᠡᠪᠰᠢ ᠪᠥᠬᠥ᠌ ᠠᠵᠤ ᠦᠶ᠋ᠯᠡᠰ᠎ᠦᠨ ᠬᠡᠯᠬᠢᠶ᠎ᠡ᠎ᠶ᠋ᠢᠨ ᠬᠥᠭ᠌ᠵᠢᠯᠲᠡ᠎ᠶ᠋ᠢ ᠪᠠᠷᠢᠮᠲᠠᠯᠠᠵᠤ᠂ ᠡᠨᠧᠷᠭᠢ᠎ᠶ᠋ᠢᠨ ᠠᠵᠤ ᠦᠶ᠋ᠯᠡᠰ᠎ᠦᠨ ᠬᠡᠯᠬᠢᠶ᠎ᠡ᠎ᠶ᠋ᠢᠨ ᠳᠡᠭᠡᠳᠦ ᠳᠤᠤᠷᠠᠳᠤ ᠭᠡᠯᠬᠢᠶ᠎ᠠ ᠵᠢᠨ ᠲᠣᠨᠣᠭ᠍ᠯᠠᠯ ᠦᠶ᠋ᠯᠡᠳᠬᠦ᠌᠂ ᠱᠢᠨ᠎ᠡ ᠮᠠᠲ᠋ᠧᠷᠢᠶᠠᠯ ᠵᠡᠷᠭᠡ ᠠᠵᠢᠯ ᠲᠥᠷᠥᠯ᠎ᠢ ᠬᠣᠯᠪᠣᠭᠠᠯᠠᠨ ᠬᠥᠭ᠌ᠵᠢᠭᠦᠯᠵᠦ᠍᠂ ᠮᠡᠷᠭᠡᠵᠢᠯ᠎ᠢ ᠰᠤᠳᠤᠯᠤᠨ ᠨᠡᠭᠡᠭᠡᠬᠦ᠌᠂ ᠠᠵᠢᠯᠯᠠᠭᠤᠯᠵᠤ ᠬᠠᠮᠠᠭᠠᠯᠠᠬᠤ ᠦᠶ᠋ᠯᠡᠴᠢᠯᠡᠭᠡ ᠵᠡᠷᠭᠡ ᠣᠲᠣ ᠦᠶ᠎ᠡ᠎ᠶ᠋ᠢᠨ ᠦᠶ᠋ᠯᠡᠴᠢᠯᠡᠭᠡᠨ᠎ᠦ ᠦᠶ᠋ᠯᠡᠰ᠎ᠦᠨ ᠬᠥᠭ᠌ᠵᠢᠯᠲᠡ᠎ᠶ᠋ᠢ ᠨᠢᠭᠡ ᠴᠤᠭ᠍ᠴᠠᠵᠢᠭᠤᠯᠤᠨ ᠠᠬᠢᠭᠤᠯᠬᠤ ᠬᠡᠷᠡᠭ᠌ᠲᠡᠶ᠃
ᠡᠭᠦᠨ᠎ᠳᠦ᠂ ᠥᠪᠡᠷᠲᠡᠭᠡᠨ ᠵᠠᠰᠠᠬᠤ ᠣᠷᠣᠨ᠎ᠡᠴᠡ ᠨᠡᠭᠦᠷᠡᠰᠦ᠂ ᠰᠠᠯᠬᠢᠨ ᠬᠦᠴᠦᠨ᠎ᠢᠶᠡᠷ ᠴᠠᠬᠢᠯᠭᠠᠨ ᠭᠠᠷᠭᠠᠬᠤ ᠬᠡᠷᠡᠯᠴᠢ ᠴᠡᠨᠡᠭ᠎ᠦᠨ ᠱᠢᠨ᠎ᠡ ᠡᠨᠧᠷᠭᠢ᠂ ᠤᠰᠤᠲᠥ᠋ᠷᠥᠭ᠌ᠴᠢ ᠵᠢᠨ ᠡᠨᠧᠷᠭᠢ᠂ ᠱᠢᠨ᠎ᠡ ᠬᠡᠯᠪᠡᠷᠢ᠎ᠶ᠋ᠢᠨ ᠨᠥᠭᠡᠴᠡ ᠵᠡᠷᠭᠡ ᠲᠠᠯ᠎ᠠ᠎ᠪᠠᠷ᠎ᠬᠢ 4《ᠰᠠᠨᠠᠯ》᠎ᠢ᠋ ᠨᠡᠢᠲᠡᠯᠡᠵᠦ᠍᠂ 《ᠣᠲᠣ ᠦᠶ᠎ᠡ᠎ᠶ᠋ᠢᠨ ᠡᠨᠧᠷᠭᠢ᠎ᠶ᠋ᠢᠨ ᠠᠵᠤ ᠠᠬᠤᠶ᠎ᠶ᠋ᠢᠨ ᠠᠵᠢᠯ ᠢ᠋ ᠰᠠᠢᠲᠤᠷ ᠬᠢᠬᠦ᠌》 ᠵᠢᠨ ᠲᠣᠭᠣᠷᠢᠨ᠎ᠳᠤ᠂ ᠡᠨᠧᠷᠭᠢ᠎ᠶ᠋ᠢᠨ ᠭᠤᠤᠯ ᠠᠵᠢᠯ ᠲᠥᠷᠥᠯ᠎ᠦᠨ ᠴᠢᠨᠠᠷ ᠰᠠᠢᠲᠠᠶ ᠬᠥᠭ᠌ᠵᠢᠯᠲᠡ᠎ᠶ᠋ᠢᠨ ᠰᠡᠳᠭᠢᠴᠡ᠂ ᠬᠠᠷᠠᠯᠲᠠ᠂ ᠵᠠᠷᠴᠢᠮ᠂ ᠠᠷᠭ᠎ᠠ ᠵᠠᠮ᠎ᠢ ᠳᠤᠷᠠᠳᠴᠤ᠌᠂ ᠢᠯᠠᠩᠭᠤᠶ᠎ᠠ ᠱᠢᠨ᠎ᠡ ᠡᠨᠧᠷᠭᠢ᠎ᠶ᠋ᠢᠨ ᠬᠥᠭ᠌ᠵᠢᠯᠲᠡ᠎ᠶ᠋ᠢᠨ ᠲᠥᠯᠥᠪᠵᠢᠭᠦᠯᠭᠡ᠂ ᠨᠡᠭᠡᠭᠡᠨ ᠬᠥᠭ᠌ᠵᠢᠭᠦᠯᠬᠦ᠌ ᠪᠠᠢᠷᠢᠱᠢᠭᠤᠯᠤᠯᠲᠠ᠂ ᠲᠣᠬᠢᠷᠠᠭᠤᠯᠤᠯᠲᠠ᠎ᠶ᠋ᠢᠨ ᠵᠠᠷᠴᠢᠮ ᠪᠣᠯᠤᠨ ᠠᠷᠭ᠎ᠠ ᠵᠡᠷᠭᠡ᠎ᠶ᠋ᠢ ᠳᠤᠷᠠᠳᠴᠤ᠌᠂ ᠲᠠᠷᠠᠭᠠᠴᠢ᠎ᠶ᠋ᠢᠨ ᠠᠯᠬᠤᠮ᠎ᠳᠤ ᠮᠠᠨ᠎ᠤ ᠣᠷᠣᠨ᠎ᠤ ᠡᠨᠧᠷᠭᠢ᠎ᠶ᠋ᠢᠨ ᠠᠵᠤ ᠦᠶ᠋ᠯᠡᠳᠪᠦᠷᠢ᠎ᠶ᠋ᠢᠨ ᠬᠥᠭ᠌ᠵᠢᠯᠲᠡ᠎ᠶ᠋ᠢ ᠠᠬᠢᠭᠤᠯᠬᠤ 《ᠪᠠᠷᠢᠯᠭ᠎ᠠ᠎ᠶ᠋ᠢᠨ ᠬᠠᠭᠤᠳᠠᠰᠤ》 ᠶ᠋ᠢ ᠲᠣᠳᠣᠷᠬᠠᠢᠯᠠᠪᠠ᠃
ᠦᠶ᠋ᠯᠡᠳᠬᠦ᠌ ᠦᠶ᠋ᠯᠡᠰ᠎ᠦᠨ ᠳᠡᠭᠡᠳᠦ ᠲᠡᠰᠵᠢᠯᠳᠡ᠂ ᠤᠶᠤᠨᠴᠢᠯᠠᠯᠳᠠ᠂ ᠪᠣᠬᠢᠷᠲᠤᠯ ᠥᠬᠡᠶ ᠬᠥᠭ᠌ᠵᠢᠯᠳᠡ᠎ᠶ᠋ᠢ ᠠᠬᠢᠭᠤᠯᠬᠤ ᠲᠠᠯ᠎ᠠ᠎ᠪᠠᠷ ᠂ ᠡᠨᠡ ᠵᠢᠯ ᠥᠪᠡᠷᠲᠡᠭᠡᠨ ᠵᠠᠰᠠᠬᠤ ᠣᠷᠣᠨ 27 ᠳ᠋ᠦᠩᠱᠢᠭᠤᠷ ᠲᠥᠭᠥᠷᠢᠭ᠎ᠦᠨ ᠭᠤᠤᠯᠳᠠᠯᠭ᠎ᠠ᠎ᠲᠠᠶ ᠠᠵᠤ ᠦᠶ᠋ᠯᠡᠰ᠎ᠦᠨ ᠬᠥᠭ᠌ᠵᠢᠯᠲᠡ᠎ᠶ᠋ᠢ ᠬᠥᠲᠥᠯᠥᠨ ᠵᠢᠯᠣᠭᠣᠳᠭᠤ ᠰᠠᠭᠤᠷᠢ ᠮᠥᠩᠭᠥ᠎ᠶ᠋ᠢ ᠱᠢᠨ᠎ᠡ᠎ᠪᠡᠷ ᠨᠡᠮᠡᠭ᠌ᠳᠡᠭᠦᠯᠬᠦ᠌᠎ᠶ᠋ᠢᠨ ᠬᠠᠮᠲᠤ 100 ᠳ᠋ᠦᠩᠱᠢᠭᠤᠷ ᠲᠥᠭᠥᠷᠢᠭ᠎ᠦᠨ ᠱᠢᠨ᠎ᠡ ᠡᠨᠧᠷᠭᠢ᠎ᠶ᠋ᠢᠨ ᠲᠣᠨᠣᠭ᠍ᠯᠠᠯ ᠦᠶ᠋ᠯᠡᠳᠬᠦ᠌ ᠠᠵᠤ ᠦᠶ᠋ᠯᠡᠰ᠎ᠦᠨ ᠰᠠᠭᠤᠷᠢ ᠮᠥᠩᠭᠥ᠌ ᠪᠠᠢᠭᠤᠯᠬᠤ᠎ᠶ᠋ᠢ ᠠᠬᠢᠭᠤᠯᠵᠤ᠂ ᠠᠵᠤ ᠦᠶ᠋ᠯᠡᠰ᠎ᠦᠨ ᠬᠡᠯᠬᠢᠶ᠎ᠡ᠎ᠶ᠋ᠢᠨ ᠴᠢᠬᠤᠯᠠ ᠶᠡᠬᠡ ᠲᠥᠷᠥᠯ ᠵᠦᠶ᠋ᠯ᠎ᠦᠨ ᠪᠥᠲᠥᠭᠡᠨ ᠪᠠᠢᠭᠤᠯᠤᠯᠲᠠ᠎ᠶ᠋ᠢ ᠭᠤᠤᠯᠳᠠᠯᠭ᠎ᠠ᠎ᠲᠠᠶ ᠳᠡᠮᠵᠢᠨ᠎ᠡ᠃ ᠪᠣᠶ ᠪᠥᠬᠥᠶ ᠬᠡᠪᠴᠢᠶᠡᠵᠢᠯ᠎ᠡᠴᠡ ᠳᠡᠭᠡᠭ᠌ᠰᠢᠬᠢ ᠠᠵᠤ ᠦᠶ᠋ᠯᠡᠳᠪᠦᠷᠢ᠎ᠶ᠋ᠢᠨ ᠠᠵᠤ ᠠᠬᠤᠢᠯᠠᠯ ᠪᠠ 《ᠲᠤᠰᠭᠠᠶ ᠨᠠᠷᠢᠯᠢᠭ ᠣᠨᠴᠠᠭᠠᠶ ᠱᠢᠨ᠎ᠡ》 ᠳᠤᠮᠳᠠ ᠪᠠᠭ᠎ᠠ ᠠᠵᠤ ᠠᠬᠤᠢᠯᠠᠯ᠎ᠳᠤ ᠲᠣᠭᠠᠴᠢᠯᠠᠭ᠍ᠰᠠᠨ ᠣᠨᠣᠱᠢᠯᠠᠯᠲᠠ᠎ᠶ᠋ᠢ ᠦᠨ᠎ᠡ ᠲᠥᠯᠥᠪᠦᠷᠢ ᠥᠬᠡᠶ᠎ᠪᠡᠷ ᠥᠷᠨᠢᠭᠦᠯᠵᠦ᠍᠂ ᠠᠵᠤ ᠠᠬᠤᠢᠯᠠᠯ᠎ᠢ ᠬᠠᠪᠰᠤᠷᠤᠨ ᠲᠣᠭᠠᠴᠢᠯᠠᠭ᠍ᠰᠠᠨ ᠥᠭᠡᠷᠡᠴᠢᠯᠡᠯᠲᠡ᠎ᠶ᠋ᠢᠨ ᠠᠷᠭ᠎ᠠ ᠬᠡᠮᠵᠢᠶ᠎ᠡ᠎ᠶ᠋ᠢ ᠲᠣᠳᠣᠷᠬᠠᠢᠯᠠᠵᠤ᠂ ᠠᠵᠤ ᠠᠬᠤᠢᠯᠠᠯ᠎ᠤᠨ ᠲᠣᠭᠠᠴᠢᠯᠠᠭ᠍ᠰᠠᠨ ᠥᠭᠡᠷᠡᠴᠢᠯᠡᠯᠲᠡ᠎ᠶ᠋ᠢᠨ ᠲᠥᠷᠥᠯ ᠵᠦᠶ᠋ᠯ᠎ᠦᠨ ᠨᠠᠷᠢᠨ ᠲᠠᠩᠰᠠ᠎ᠶ᠋ᠢ ᠪᠠᠢᠭᠤᠯᠤᠨ᠎ᠠ᠃ ᠡᠨᠧᠷᠭᠢ᠎ᠶ᠋ᠢᠨ ᠬᠣᠷᠣᠭ᠍ᠳᠠᠯ᠂ ᠤᠰᠤᠨ᠎ᠤ ᠬᠣᠷᠣᠭ᠍ᠳᠠᠯ᠎ᠤᠨ ᠣᠷᠣᠨ ᠵᠠᠶ᠎ᠶ᠋ᠢ ᠭᠠᠷᠭᠠᠵᠤ ᠲᠡᠷᠢᠭᠦᠨ᠎ᠦ ᠦᠢᠯᠡᠳᠬᠦ᠌ ᠦᠢᠯᠡᠰ᠎ᠦᠨ ᠲᠥᠷᠥᠯ ᠵᠦᠢᠯ᠎ᠢ ᠭᠣᠣᠯᠳᠠᠯᠭ᠎ᠠ᠎ᠲᠠᠶ ᠳᠡᠮᠵᠢᠨ᠎ᠡ᠃
ᠥᠪᠡᠷᠲᠡᠭᠡᠨ ᠵᠠᠰᠠᠬᠤ ᠣᠷᠣᠨ᠎ᠤ ᠡᠨᠧᠷᠭᠢ᠎ᠶ᠋ᠢᠨ ᠠᠵᠤ ᠦᠶ᠋ᠯᠡᠳᠪᠦᠷᠢ᠎ᠶ᠋ᠢᠨ ᠬᠥᠭ᠌ᠵᠢᠯᠲᠡ᠎ᠶ᠋ᠢ ᠠᠬᠢᠭᠤᠯᠬᠤ ᠲᠠᠯ᠎ᠠ᠎ᠪᠠᠷ᠂ 《ᠨᠡᠭᠦᠷᠡᠰᠦᠨ᠎ᠦ ᠠᠵᠤ ᠦᠶ᠋ᠯᠡᠳᠪᠦᠷᠢ᠎ᠶ᠋ᠢᠨ ᠴᠢᠨᠠᠷ ᠰᠠᠢᠲᠠᠶ ᠬᠥᠭ᠌ᠵᠢᠯᠲᠡ᠎ᠶ᠋ᠢ ᠠᠬᠢᠭᠤᠯᠬᠤ ᠲᠤᠬᠠᠶ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠂ ᠵᠠᠰᠠᠭ᠎ᠤᠨ ᠣᠷᠳᠣᠨ᠎ᠤ ᠰᠠᠨᠠᠯ》 ᠳ᠋ᠤ᠂ ᠲᠥᠪᠯᠡᠷᠡᠭᠦᠯᠦᠨ ᠡᠷᠴᠢᠮᠵᠢᠭᠦᠯᠦᠨ ᠬᠥᠭ᠌ᠵᠢᠭᠦᠯᠬᠦ᠌᠂ ᠠᠮᠢ ᠠᠬᠤᠶ᠎ᠶ᠋ᠢ ᠠᠭᠤᠰᠤᠯᠴᠠᠭᠤᠯᠤᠨ ᠵᠢᠱ᠌ᠢᠶ᠎ᠡ ᠦᠵᠡᠭᠦᠯᠬᠦ᠌᠂ ᠣᠶᠤᠨᠴᠢ ᠠᠵᠤ ᠦᠶ᠋ᠯᠡᠰ᠎ᠢᠶᠡᠷ ᠵᠢᠱ᠌ᠢᠶ᠎ᠡ ᠦᠵᠡᠭᠦᠯᠬᠦ᠌᠂ ᠠᠷᠢᠭᠤᠨ ᠴᠡᠪᠡᠷ ᠥᠨᠳᠥᠷ ᠪᠦᠲᠦᠮᠵᠢᠲᠡᠶ ᠠᠱᠢᠭ᠍ᠯᠠᠬᠤ᠂ ᠥᠪᠥᠷ ᠮᠣᠩᠭᠣᠯ᠎ᠤᠨ ᠨᠡᠭᠦᠷᠡᠰᠦᠨ᠎ᠦ ᠲᠥᠷᠥᠯ ᠲᠡᠮᠳᠡᠭ᠎ᠢ ᠡᠭᠦᠳᠦᠨ ᠪᠠᠢᠭᠤᠯᠬᠤ ᠵᠡᠷᠭᠡ ᠢᠨᠵᠧᠨᠧᠷᠢᠩ᠎ᠢ ᠬᠡᠷᠡᠭ᠌ᠵᠢᠭᠦᠯᠬᠦ᠌ ᠬᠡᠷᠡᠭ᠌ᠲᠡᠶ ᠭᠡᠵᠦ ᠲᠤᠷᠠᠳᠪᠠ᠃《ᠪᠥᠬᠥ᠌ ᠣᠷᠣᠨ᠎ᠤ ᠰᠠᠯᠬᠢᠨ ᠬᠦᠴᠦᠨ᠎ᠢᠶᠡᠷ ᠴᠠᠬᠢᠯᠭᠠᠨ ᠭᠠᠷᠭᠠᠬᠤ ᠬᠡᠷᠡᠯᠴᠢ ᠴᠡᠨᠡᠭ᠎ᠦᠨ ᠱᠢᠨ᠎ᠡ ᠡᠨᠧᠷᠭᠢ᠎ᠶ᠋ᠢᠨ ᠠᠵᠤ ᠦᠶ᠋ᠯᠡᠰ᠎ᠦᠨ ᠴᠢᠨᠠᠷ ᠰᠠᠢᠲᠠᠶ ᠬᠥᠭ᠌ᠵᠢᠯᠲᠡ᠎ᠶ᠋ᠢ ᠠᠬᠢᠭᠤᠯᠬᠤ ᠲᠤᠬᠠᠶ ᠰᠠᠨᠠᠯ》 ᠳ᠋ᠤ᠂ ᠱᠢᠨ᠎ᠡ ᠡᠨᠧᠷᠭᠢ᠎ᠶ᠋ᠢᠨ ᠠᠵᠤ ᠦᠶ᠋ᠯᠡᠰ᠎ᠢ ᠪᠥᠬᠥ᠌ ᠣᠷᠣᠨ᠎ᠤ ᠠᠵᠤ ᠦᠶ᠋ᠯᠡᠰ᠎ᠦᠨ ᠬᠡᠯᠪᠡᠷᠢ᠎ᠶ᠋ᠢ ᠬᠤᠪᠢᠷᠠᠭᠤᠯᠤᠨ ᠲᠠᠰ ᠳᠡᠪᠱᠢᠭᠦᠯᠬᠦ᠌ ᠪᠠ ᠪᠦᠲᠦᠴᠡ᠎ᠶ᠋ᠢᠨ ᠲᠣᠬᠢᠷᠠᠭᠤᠯᠤᠯᠲᠠ᠎ᠶ᠋ᠢᠨ ᠴᠢᠬᠤᠯᠠ ᠭᠠᠷᠳᠠᠴᠠ ᠪᠣᠯᠭᠠᠵᠤ᠂ ᠬᠡᠯᠬᠢᠶ᠎ᠡ᠎ᠶ᠋ᠢ ᠤᠷᠲᠤᠳᠭᠠᠨ ᠬᠡᠯᠬᠢᠶ᠎ᠡ᠎ᠶ᠋ᠢ ᠨᠥᠬᠥᠪᠥᠷᠢᠯᠡᠵᠦ᠍ ᠬᠡᠯᠬᠢᠶ᠎ᠡ᠎ᠶ᠋ᠢ ᠬᠦᠴᠦᠷᠬᠡᠭ᠌ᠵᠢᠭᠦᠯᠬᠦ᠌ ᠠᠵᠢᠯᠯᠠᠭ᠎ᠠ᠎ᠶ᠋ᠢ ᠭᠦᠨᠵᠡᠭᠡᠶ ᠬᠡᠷᠡᠭ᠌ᠵᠢᠭᠦᠯᠬᠦ᠌ ᠬᠡᠷᠡᠭ᠌ᠲᠡᠶ ᠭᠡᠵᠦ ᠲᠤᠷᠠᠳᠪᠠ᠃
ᠬᠠᠷᠠᠯᠲᠠ ᠨᠢ ᠴᠢᠭ᠌ᠯᠡᠯ᠎ᠢ ᠲᠣᠳᠣᠷᠬᠠᠢᠯᠠᠵᠤ᠂ ᠬᠠᠷᠠᠯᠲᠠ ᠨᠢ ᠬᠦᠴᠦᠨ ᠴᠢᠳᠠᠯ᠎ᠢ ᠨᠢᠭ᠍ᠲᠠᠷᠠᠭᠤᠯᠤᠨ᠎ᠠ᠃《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠵᠤ ᠦᠶ᠋ᠯᠡᠳᠪᠦᠷᠢ᠎ᠶ᠋ᠢᠨ ᠠᠵᠤ ᠠᠬᠤᠶ᠎ᠶ᠋ᠢᠨ ᠴᠢᠨᠠᠷ ᠰᠠᠢᠲᠠᠶ ᠬᠥᠭ᠌ᠵᠢᠯᠲᠡ᠎ᠶ᠋ᠢ ᠠᠬᠢᠭᠤᠯᠬᠤ 2022 ᠣᠨ᠎ᠤ ᠠᠵᠢᠯ᠎ᠤᠨ ᠭᠤᠤᠯᠳᠠᠯᠭ᠎ᠠ》 ᠳ᠋ᠤ᠂ 2022 ᠣᠨ᠎ᠳᠤ᠂ ᠥᠪᠡᠷᠲᠡᠭᠡᠨ ᠵᠠᠰᠠᠬᠤ ᠣᠷᠣᠨ ᠦᠶ᠋ᠯᠡᠳᠬᠦ᠌ ᠦᠶ᠋ᠯᠡᠰ᠎ᠦᠨ ᠳᠡᠭᠡᠳᠦ ᠲᠡᠰᠵᠢᠯᠳᠡ᠂ ᠤᠶᠤᠨᠴᠢᠯᠠᠯᠳᠠ᠂ ᠪᠣᠬᠢᠷᠲᠤᠯ ᠥᠬᠡᠶ ᠬᠦᠭᠵᠢᠯᠳᠡ᠎ᠶ᠋ᠢ ᠲᠦᠷᠭᠡᠳᠭᠡᠵᠦ᠍᠂ ᠠᠵᠤ ᠦᠶ᠋ᠯᠡᠳᠪᠦᠷᠢ᠎ᠶ᠋ᠢᠨ ᠪᠦᠲᠦᠴᠡ᠎ᠶ᠋ᠢᠨ ᠪᠦᠬᠦᠯᠢ ᠴᠣᠭ᠍ᠴᠠ᠎ᠶ᠋ᠢᠨ ᠱᠢᠯᠢᠳᠡᠭ᠌ᠵᠢᠯ᠂ ᠬᠡᠯᠪᠡᠷᠢ᠎ᠪᠡᠨ ᠬᠤᠪᠢᠷᠠᠭᠤᠯᠤᠨ ᠲᠠᠰ ᠳᠡᠪᠱᠢᠬᠦ᠌᠎ᠶ᠋ᠢ ᠠᠬᠢᠭᠤᠯᠵᠤ᠂ ᠠᠵᠤ ᠦᠶ᠋ᠯᠡᠳᠪᠦᠷᠢ᠎ᠶ᠋ᠢᠨ ᠠᠵᠤ ᠠᠬᠤᠶ᠎ᠶ᠋ᠢᠨ ᠴᠢᠨᠠᠷ ᠰᠠᠢᠲᠠᠶ ᠬᠥᠭ᠌ᠵᠢᠯᠲᠡ᠎ᠶ᠋ᠢᠨ ᠰᠠᠭᠤᠷᠢ᠎ᠶ᠋ᠢ ᠪᠡᠬᠢᠵᠢᠭᠦᠯᠵᠦ᠍᠂ ᠠᠵᠤ ᠦᠶ᠋ᠯᠡᠳᠪᠦᠷᠢ᠎ᠶ᠋ᠢᠨ ᠠᠵᠤ ᠠᠬᠤᠶ᠎ᠶ᠋ᠢᠨ ᠲᠣᠭ᠍ᠲᠠᠭᠤᠨ ᠪᠥᠭᠡᠳ ᠡᠷᠡᠭᠦᠯ᠎ᠢᠶᠡᠷ ᠬᠥᠭ᠌ᠵᠢᠬᠦ᠌᠎ᠶ᠋ᠢ ᠪᠠᠲᠤᠯᠠᠵᠤ᠂ ᠪᠥᠬᠥ᠌ ᠵᠢᠯ᠎ᠦᠨ ᠠᠵᠤ ᠦᠶ᠋ᠯᠡᠳᠪᠦᠷᠢ᠎ᠶ᠋ᠢᠨ ᠲᠣᠭ᠍ᠲᠠᠮᠠᠯ ᠬᠥᠷᠥᠩᠭᠡ᠎ᠶ᠋ᠢᠨ ᠪᠠᠯᠠ ᠣᠷᠣᠭᠤᠯᠤᠯᠲᠠ᠎ᠶ᠋ᠢ ᠲᠡᠭᠡᠷ᠎ᠠ ᠵᠢᠯ᠎ᠤᠨ ᠠᠳᠠᠯᠢ ᠬᠤᠭᠤᠴᠠᠭᠠᠨ᠎ᠤ᠎ᠬᠢ᠎ᠡᠴᠡ 10% ᠣᠷᠴᠢᠮ ᠨᠡᠮᠡᠭ᠌ᠳᠡᠭᠦᠯᠵᠦ᠍᠂ ᠬᠡᠪᠴᠢᠶᠡᠵᠢᠯ᠎ᠡᠴᠡ ᠳᠡᠭᠡᠭ᠌ᠰᠢᠬᠢ ᠠᠵᠤ ᠦᠶ᠋ᠯᠡᠳᠪᠦᠷᠢ᠎ᠶ᠋ᠢᠨ ᠨᠡᠮᠡᠭ᠌ᠳᠡᠯ ᠥᠷᠲᠡᠭ᠎ᠢ ᠲᠡᠭᠡᠷ᠎ᠠ ᠵᠢᠯ᠎ᠤᠨ ᠠᠳᠠᠯᠢ ᠬᠤᠭᠤᠴᠠᠭᠠᠨ᠎ᠤ᠎ᠬᠢ᠎ᠡᠴᠡ 6.5% ᠡᠴᠡ ᠳᠡᠭᠡᠭ᠌ᠰᠢ ᠨᠡᠮᠡᠭ᠌ᠳᠡᠭᠦᠯᠦᠨ᠎ᠡ᠃