ᠪᠤᠯᠤᠩ ᠨᠡᠭᠡᠭᠡᠬᠦ᠌ ᠦᠭᠡ
ᠶᠡᠷᠦᠩᠬᠡᠶ ᠱᠦᠵᠢ ᠰᠢ ᠵᠢᠨ ᠫᠢᠩ ᠥᠪᠥᠷ ᠮᠣᠩᠭᠣᠯ᠎ᠤᠨ ᠦᠨᠳᠦᠰᠦᠲᠡᠨ᠎ᠨᠦᠭᠦᠳ᠎ᠦᠨ ᠠᠷᠠᠳ ᠲᠦᠮᠡᠨ᠎ᠢ ᠢᠮᠠᠭ᠍ᠲᠠ ᠭᠦᠨ ᠰᠠᠨᠠᠭᠠᠯᠵᠠᠵᠤ᠂ᠥᠪᠥᠷ ᠮᠣᠩᠭᠣᠯ᠎ᠤᠨ ᠡᠯ᠎ᠡ ᠵᠦᠶ᠋ᠯ᠎ᠦᠨ ᠠᠵᠢᠯ ᠦᠶ᠋ᠯᠡᠰ᠎ᠦᠨ ᠬᠥᠭ᠌ᠵᠢᠯᠲᠡ᠎ᠶ᠋ᠢ ᠳᠡᠭᠡᠳᠦ ᠬᠡᠮᠵᠢᠶ᠎ᠡ᠎ᠪᠡᠷ ᠴᠢᠬᠤᠯᠠᠴᠢᠯᠠᠵᠤ᠂ ᠨᠠᠮ᠎ᠤᠨ ᠠᠷᠪᠠᠨ ᠨᠠᠶ᠋ᠮᠠᠳᠤᠭᠠᠷ ᠶᠡᠬᠡ ᠬᠤᠷᠠᠯ᠎ᠡᠴᠡ ᠨᠠᠭᠠᠰᠢ ᠤᠷᠢᠳ ᠬᠣᠵᠢᠳ ᠬᠣᠶᠠᠷ ᠤᠳᠠᠭ᠎ᠠ ᠮᠠᠨ᠎ᠤ ᠣᠷᠣᠨ᠎ᠳᠤ ᠢᠷᠡᠵᠦ᠍ ᠱᠢᠨᠵᠢᠯᠡᠨ ᠪᠠᠢᠴᠠᠭᠠᠵᠤ᠂ ᠥᠪᠥᠷ ᠮᠣᠩᠭᠣᠯ᠎ᠳᠤ ᠠᠷᠪᠠᠨ ᠭᠤᠷᠪᠠᠳᠤᠭᠠᠷ ᠬᠤᠭᠤᠴᠠᠭᠠᠨ᠎ᠤ ᠪᠥᠬᠥ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠲᠥᠯᠥᠭᠡᠯᠡᠭ᠌ᠴᠢ᠎ᠶ᠋ᠢᠨ ᠰᠣᠩᠭᠣᠭᠤᠯᠢ᠎ᠳᠤ ᠣᠷᠣᠯᠴᠠᠭ᠍ᠰᠠᠨ ᠪᠥᠭᠡᠳ ᠳᠥᠷᠪᠡᠨ ᠵᠢᠯ ᠳᠠᠷᠠᠭᠠᠯᠠᠨ ᠥᠪᠥᠷ ᠮᠣᠩᠭᠣᠯ᠎ᠤᠨ ᠲᠥᠯᠥᠭᠡᠯᠡᠭ᠌ᠴᠢᠳ᠎ᠦᠨ ᠪᠦᠯᠬᠦᠮ᠎ᠦᠨ ᠬᠢᠨᠠᠨ ᠵᠥᠪᠯᠡᠬᠦ᠌᠎ᠳᠦ ᠣᠷᠣᠯᠴᠠᠵᠤ᠂ ᠠᠯᠢ ᠣᠯᠠᠨ ᠴᠢᠬᠤᠯᠠ ᠶᠠᠷᠢᠶ᠎ᠠ ᠲᠠᠯᠪᠢᠵᠤ᠂ ᠠᠯᠢ ᠣᠯᠠᠨ ᠴᠢᠬᠤᠯᠠ ᠵᠢᠭᠠᠪᠤᠷᠢ ᠴᠣᠬᠣᠯᠠᠪᠤᠷᠢ ᠥᠭ᠌ᠴᠦ᠂ ᠱᠢᠨ᠎ᠡ ᠴᠠᠭ ᠦᠶ᠎ᠡ᠎ᠶ᠋ᠢᠨ ᠥᠪᠥᠷ ᠮᠣᠩᠭᠣᠯ᠎ᠤᠨ ᠠᠵᠢᠯ᠎ᠢ ᠰᠠᠢᠲᠤᠷ ᠬᠢᠬᠦ᠌᠎ᠳᠦ ᠤᠷᠤᠭ᠍ᠰᠢᠯᠠᠬᠤ ᠴᠢᠭ᠌ᠯᠡᠯ᠎ᠢ ᠲᠣᠳᠣᠷᠬᠠᠶ ᠵᠢᠭᠠᠵᠤ᠂ ᠦᠨᠳᠦᠰᠦᠨ ᠵᠢᠷᠤᠮᠯᠠᠯ ᠬᠠᠩᠭᠠᠵᠤ᠂ ᠬᠦᠴᠦᠷᠬᠡᠭ ᠶᠡᠬᠡ ᠬᠥᠳᠡᠯᠭᠡᠬᠦ᠌ ᠬᠦᠴᠦᠨ ᠨᠡᠮᠡᠷᠢᠯᠡᠪᠡ᠃
ᠡᠪᠡᠰᠦ ᠮᠣᠳᠣ ᠨᠠᠬᠢᠶᠠᠯᠠᠵᠤ ᠬᠦᠰᠡᠯ᠎ᠤᠨ ᠬᠠᠪᠤᠷ ᠠᠢᠰᠤᠢ᠃ 2022 ᠣᠨ᠎ᠤ ᠪᠥᠬᠥ᠌ ᠤᠯᠤᠰ᠎ᠤᠨ ᠬᠣᠶᠠᠷ ᠬᠤᠷᠠᠯ ᠤᠳᠠᠯ ᠥᠬᠡᠶ ᠬᠤᠷᠠᠯᠳᠤᠬᠤ ᠲᠠᠱᠢᠷᠠᠮ᠎ᠳᠤ᠂ ᠲᠤᠰ ᠰᠣᠨᠢᠨ 《ᠬᠠᠪᠤᠷ᠎ᠤᠨ ᠪᠣᠯᠵᠣᠭ᠎ᠠ — ᠬᠦᠰᠡᠯ ᠨᠠᠢᠳᠠᠯᠭ᠎ᠠ᠎ᠶ᠋ᠢ ᠨᠢ ᠪᠠᠲᠤ ᠴᠡᠭᠡᠵᠢᠯᠡᠵᠦ᠍ ᠠᠴᠢ ᠡᠨᠡᠷᠢᠯ᠎ᠳᠦᠨᠢ ᠲᠠᠯᠠᠷᠬᠠᠵᠤ ᠡᠷᠡᠮᠡᠬᠡᠢᠯᠡᠨ ᠤᠷᠤᠭ᠍ᠰᠢᠯᠠᠶ᠎ᠠ》 ᠭᠡᠬᠦ᠌ ᠶᠡᠷᠦᠩᠬᠡᠢ ᠪᠤᠯᠤᠩ ᠨᠠᠭᠡᠭᠡᠵᠤ᠂ 《 ᠶᠡᠷᠦᠩᠬᠡᠶ ᠱᠦᠵᠢ᠂ ᠪᠢᠳᠡ ᠲᠠᠨ᠎ᠳᠤ ᠬᠠᠷᠢᠭᠤ ᠮᠡᠳᠡᠬᠦᠯᠵᠤ ᠪᠠᠢᠨ᠎ᠠ》 ᠱᠢᠷᠢᠰ ᠦᠯᠢᠭᠡᠷ᠂ 《ᠪᠢᠳᠡᠨ᠎ᠦ ᠬᠠᠷᠢᠭᠤᠴᠠᠯᠭ᠎ᠠ ᠪᠠ ᠡᠭᠦᠷᠭᠡ》 ᠱᠢᠷᠢᠰ ᠣᠨᠴᠠ ᠮᠡᠳᠡᠬᠡᠯᠡᠯ᠂ 《ᠬᠠᠪᠤᠷ᠎ᠤᠨ ᠪᠣᠯᠵᠣᠭ᠎ᠠ — ᠶᠡᠷᠦᠩᠬᠡᠢ ᠱᠦᠵᠢ᠎ᠶ᠋ᠢᠨ ᠥᠪᠥᠷ ᠮᠣᠩᠭᠣᠯ᠎ᠤᠨ ᠲᠥᠯᠥᠭᠡᠯᠡᠭ᠌ᠴᠢᠳ᠎ᠦᠨ ᠪᠦᠯᠬᠦᠮ᠎ᠳᠦ ᠪᠠᠢᠬᠰᠠᠨ ᠲᠠᠪᠤᠨ ᠵᠢᠯ》 ᠣᠨᠴᠠᠭᠠᠢ ᠮᠡᠳᠡᠭᠡᠯᠡᠯ ᠵᠡᠷᠭᠡ ᠵᠢ ᠮᠡᠳᠡᠬᠡᠯᠡᠵᠥ᠂ ᠥᠪᠥᠷ ᠮᠣᠩᠭᠣᠯ᠎ᠤᠨ ᠦᠨᠳᠦᠰᠦᠲᠡᠨ᠎ᠨᠦᠭᠦᠳ᠎ᠦᠨ ᠠᠷᠠᠳ ᠲᠦᠮᠡᠨ᠎ᠤ ᠰᠢ ᠵᠢᠨ ᠫᠢᠩ ᠨᠥᠬᠥᠷ᠎ᠢᠶᠡᠷ ᠭᠣᠣᠯ ᠪᠣᠯᠭᠠᠭ᠍ᠰᠠᠨ ᠨᠠᠮ᠎ᠤᠨ ᠲᠥᠪ ᠬᠣᠷᠢᠶᠠᠨ᠎ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠴᠥᠬᠥᠷᠡᠰᠢ ᠦᠭᠡᠢ ᠪᠠᠲᠤ ᠴᠣᠭ᠍ᠴᠠᠯᠠᠵᠥ᠂ ᠠᠮᠢ ᠠᠬᠤᠶ᠎ᠶ᠋ᠢ ᠤᠷᠢᠳ ᠵᠢᠡᠷ ᠪᠤᠳᠤᠯᠬᠢᠯᠠᠬᠤ᠂ ᠪᠣᠬᠢᠷᠲᠤᠯ ᠦᠭᠡᠢ ᠬᠥᠭ᠌ᠵᠢᠬᠦᠯᠬᠦ᠎ᠪᠡᠷ ᠤᠳᠤᠷᠢᠳᠤᠮᠵᠢ ᠪᠣᠯᠭᠠᠭ᠍ᠰᠠᠨ ᠴᠢᠨᠠᠷ ᠰᠠᠢᠲᠠᠢ ᠬᠥᠭ᠌ᠵᠢᠯᠲᠡ᠎ᠶ᠋ᠢᠨ ᠱᠢᠨ᠎ᠡ ᠵᠠᠮ ᠵᠢᠡᠷ ᠭᠤᠢᠪᠢᠰᠢ ᠦᠭᠡᠢ ᠵᠠᠮᠨᠠᠵᠥ᠂ ᠪᠠᠢᠯᠳᠤᠬᠤ ᠪᠣᠳᠣᠯᠭ᠎ᠠ᠎ᠶ᠋ᠢᠨ ᠪᠠᠢᠷᠢ ᠲᠣᠭ᠍ᠲᠠᠭᠠᠯᠲᠠ᠎ᠶ᠋ᠢ ᠡᠵᠡᠮᠳᠡᠨ᠂ ᠪᠠᠢᠯᠳᠤᠬᠤ ᠪᠣᠳᠣᠯᠭ᠎ᠠ᠎ᠶ᠋ᠢᠨ ᠲᠣᠭ᠍ᠲᠠᠯ ᠬᠦᠴᠦᠨ᠎ᠢᠶᠡᠨ ᠪᠠᠲᠤᠯᠠᠵᠥ᠂ ᠠᠵᠢᠯᠯᠠᠭᠠᠨ᠎ᠤ ᠬᠥᠲᠥᠯᠪᠦᠷᠢ᠎ᠶ᠋ᠢ ᠵᠢᠷᠤᠮᠯᠠᠨ᠂ ᠡᠭᠦᠷᠭᠡ ᠬᠠᠷᠢᠭᠤᠴᠠᠯᠭ᠎ᠠ᠎ᠪᠠᠨ ᠵᠣᠷᠢᠭ᠍ᠲᠠᠶ ᠡᠭᠦᠷᠭᠡᠯᠡᠭᠰᠡᠨ ᠠᠮᠢᠳᠤᠯᠢᠭ ᠦᠶ᠋ᠯᠡᠳᠦᠯᠭᠡ ᠵᠢ ᠮᠡᠳᠡᠬᠡᠯᠡᠬᠦ ᠪᠡᠷ ᠪᠤᠯᠪᠠ᠃ ᠠᠩᠬᠠᠷᠤᠯ ᠵᠢᠡᠨ ᠬᠠᠨᠳᠤᠭᠤᠯᠤᠭᠠᠷᠠᠢ᠃

ᠵᠠᠩ ᠭᠦᠸᠧ ᠯᠢ ᠬᠡᠬᠡᠷ᠎ᠡ ᠵᠢᠨ ᠦᠵᠦᠮ᠎ᠦᠨ ᠰᠠᠯᠠᠭ᠎ᠠ ᠨᠠᠮᠠᠭ᠎ᠠ ᠵᠢ ᠵᠠᠰᠠᠵᠥ ᠪᠠᠢᠭ᠎ᠠ ᠨᠢ
《ᠠᠮᠢᠳᠤᠷᠠᠯ ᠶᠠᠪᠤᠬᠤ ᠲᠤᠲᠤᠮ ᠥᠭᠡᠳᠡᠯᠡᠵᠤ ᠪᠠᠢᠨ᠎ᠠ ! ᠶᠡᠷᠦᠩᠬᠡᠶ ᠱᠦᠵᠢ ᠰᠠᠨᠠᠭ᠎ᠠ ᠠᠮᠤᠷ ᠪᠠᠢᠭᠠᠷᠠᠶ !》
ᠴᠠᠭᠠᠨ ᠰᠠᠷ᠎ᠠ᠎ᠶ᠋ᠢᠨ ᠬᠣᠷᠢᠨ ᠭᠤᠷᠪᠠᠨ᠎ᠳᠤ᠂ ᠤᠯᠠᠭᠠᠨᠬᠠᠳᠠ ᠬᠤᠳᠠ᠎ᠶ᠋ᠢᠨ ᠬᠠᠷᠠᠴᠢᠨ ᠬᠣᠱᠢᠭᠤᠨ᠎ᠤ ᠡᠾᠧ ᠨᠠᠨ ᠵᠡᠭᠡᠯᠢ ᠭᠤᠳᠤᠮᠵᠢ᠎ᠶ᠋ᠢᠨ ᠡᠮᠡᠭᠡᠯ ᠠᠭᠤᠯᠠ ᠲᠣᠰᠭᠣᠨ᠎ᠤ ᠵᠠᠩ ᠭᠦᠸᠧ ᠯᠢ᠎ᠶ᠋ᠢᠨ ᠬᠢᠨ ᠳ᠋ᠤ᠃
ᠤᠯᠠᠭᠠᠨ ᠳ᠋ᠧᠩᠯᠦ᠍᠂ ᠴᠠᠭᠠᠨ ᠰᠠᠷ᠎ᠠ᠎ᠶ᠋ᠢᠨ ᠬᠣᠣᠰ ᠤᠶᠠᠩᠭ᠎ᠠ᠂ ᠡᠭᠦᠳᠡᠨ ᠬᠠᠵᠠᠭᠤ᠎ᠳᠤ ᠨᠠᠮᠢᠷᠠᠭ᠍ᠰᠠᠨ ᠲᠠᠪᠤᠨ ᠣᠳᠣᠲᠤ ᠤᠯᠠᠭᠠᠨ ᠲᠤᠭ᠂ ᠬᠦᠷᠢᠶᠡᠨ ᠬᠡᠷᠡᠮ ᠳᠡᠭᠡᠷ᠎ᠡ ᠨᠠᠭᠠᠭ᠍ᠰᠠᠨ 《ᠦᠨᠳᠦᠰᠦᠲᠡᠨ᠎ᠦ ᠪᠦᠯᠬᠦᠮᠳᠡᠯ᠎ᠦᠨ ᠭᠡᠷ ᠪᠦᠯᠢ》 ᠂ 《 ᠬᠠᠮᠤᠭ᠎ᠤᠨ ᠭᠤᠶᠤ ᠭᠡᠷ ᠪᠦᠯᠢ 》 ᠂ 《ᠦᠵᠡᠰᠭᠦᠯᠡᠩᠲᠦ ᠰᠠᠢᠬᠠᠨ ᠬᠦᠷᠢᠶ᠎ᠡ ᠬᠠᠰᠢᠶᠠᠨ᠎ᠤ ᠵᠢᠱ᠌ᠢᠢ᠎ᠡ ᠦᠵᠡᠭᠦᠯᠬᠦ᠌ ᠡᠷᠦᠬᠡ》 ᠂ 《 ᠢᠷᠠᠭᠤ ᠠᠯᠳᠠᠷᠲᠤ ᠭᠡᠷ ᠪᠦᠯᠢ 》 ᠵᠡᠷᠭᠡ ᠫᠠᠢᠰᠠ ᠢᠯᠡᠷᠬᠡᠢᠯᠡᠯ᠂ ᠬᠦᠷᠢᠶᠡᠨ᠎ᠳᠦ ᠡᠮᠬᠢ ᠲᠢᠭᠯᠢᠮ᠎ᠲᠠᠶ ᠡᠩᠨᠡᠷᠡᠭᠰᠡᠨ ᠮᠣᠲ᠋ᠣᠷ ᠲᠡᠷᠭᠡ᠂ ᠭᠤᠷᠪᠠᠨ ᠬᠦᠷᠳᠦᠲᠦ ᠲᠡᠷᠭᠡ᠂ ᠴᠠᠬᠢᠯᠭᠠᠨ ᠬᠥᠳᠡᠯᠭᠡᠭᠦᠷᠲᠦ ᠮᠠᠱᠢᠨ ᠲᠡᠷᠭᠡ ᠨᠢ ᠡᠨᠡ ᠬᠦ᠌ ᠭᠡᠷ ᠪᠦᠯᠢ᠎ᠶ᠋ᠢᠨ ᠠᠮᠢᠳᠤᠷᠠᠯ ᠡᠳᠦᠷ᠎ᠡᠴᠡ ᠡᠳᠦᠷ ᠥᠭᠡᠳᠡᠯᠡᠨ ᠰᠠᠢᠵᠢᠷᠠᠵᠤ ᠪᠠᠢᠭ᠎ᠠ ᠪᠠᠢᠳᠠᠯ᠎ᠢ ᠴᠢᠮᠡᠭᠡ ᠦᠭᠡᠢ ᠬᠦᠦᠷᠨᠢᠨᠠ᠃
ᠰᠠᠶᠢᠬᠠᠨ ᠬᠡᠬᠡᠷ᠎ᠡ ᠵᠢᠨ ᠦᠵᠦᠮ᠎ᠦᠨ ᠲᠠᠷᠢᠶ᠎ᠠ ᠡᠴᠡ ᠰᠠᠯᠠᠭ᠎ᠠ ᠬᠠᠢᠴᠢᠯᠠᠵᠤ ᠠᠪᠴᠢᠷᠠᠭ᠍ᠰᠠᠨ ᠵᠠᠩ ᠭᠦᠸᠧ ᠯᠢ ᠱᠠᠬᠠᠶ᠎ᠶ᠋ᠢᠨ ᠤᠯᠠ ᠳᠡᠬᠡᠷᠡᠬᠢ ᠱᠢᠪᠠᠷ ᠱᠢᠷᠣᠶᠴᠡᠪᠡᠷᠯᠡᠵᠦ᠍᠂ ᠬᠦᠭᠰᠢᠨ ᠨᠢ ᠲᠣᠭᠣᠭᠠᠨ ᠭᠡᠷ᠎ᠲᠡᠬᠡᠨ ᠪᠠᠩᠰᠢ ᠪᠠᠷᠢᠬᠤ ᠭᠡᠵᠦ᠍ ᠶᠠᠭᠠᠷᠠᠨ᠎ᠠ᠃ ᠤᠳᠠᠯ ᠦᠭᠡᠢ᠂ ᠨᠢᠭᠡ ᠫᠢᠯᠠ ᠬᠠᠯᠠᠭᠤᠨ ᠪᠠᠩᠰᠢ ᠱᠢᠷᠡᠭᠡᠨ ᠳ᠋ᠦ ᠦᠷᠦᠭᠳᠡᠯᠠ᠃
《ᠥᠩᠭᠡᠷᠡᠭ᠌ᠰᠡᠨ᠎ᠳᠦ ᠰᠢᠨᠡᠯᠡᠵᠦ ᠴᠠᠭᠠᠯᠠᠬᠤ ᠪᠡᠷ ᠯᠡ ᠰᠠᠶᠢ ᠪᠠᠩᠰᠢ ᠤᠯᠵᠤ ᠢᠳᠡᠳᠡᠭ ᠪᠠᠢᠭ᠍ᠰᠠᠨ᠂ ᠤᠳᠤ ᠪᠠᠩᠰᠢ ᠨᠢᠭᠡᠨᠳᠡ ᠡᠳᠦᠷ ᠲᠤᠳᠤᠮ᠎ᠤᠨ ᠡᠩ᠎ᠤᠨ ᠢᠳᠡᠭᠡᠨ ᠪᠣᠯᠵᠠᠢ》 ᠭᠡᠵᠦ᠍ ᠬᠡᠯᠡᠭᠡᠳ ᠡᠪᠦᠭᠡᠨ ᠡᠮᠡᠭᠡᠨ ᠬᠤᠶᠠᠭᠤᠯᠠ ᠬᠡᠷᠡᠮ ᠳᠡᠭᠡᠷ᠎ᠡ ᠡᠯᠭᠦᠭᠡᠰᠦᠳᠡᠢ ᠰᠡᠭᠦᠳᠡᠷ᠎ᠦᠨ ᠬᠠᠪᠢᠰᠤ᠎ᠶ᠋ᠢ ᠥᠪᠡᠷ᠎ᠦᠨ ᠡᠷᠬᠡ ᠦᠭᠡᠢ ᠬᠠᠷᠠᠨ᠎ᠠ᠃ ᠲᠡᠨᠳᠡ 20 ᠭᠠᠷᠤᠢ ᠭᠡᠷᠡᠯ ᠵᠢᠷᠤᠭ ᠪᠤᠢ᠂ ᠡᠨᠡ ᠪᠣᠯ ᠶᠡᠷᠦᠩᠬᠡᠢ ᠱᠦᠵᠢ ᠲᠡᠳᠡᠨ᠎ᠦ ᠭᠡᠷ᠎ᠲᠦ ᠢᠷᠡᠬᠦ᠌ ᠦᠶ᠎ᠡ᠎ᠳᠦ ᠦᠯᠡᠳᠡᠭᠡᠭ᠌ᠰᠡᠨ ᠡᠷᠬᠢᠮ ᠨᠠᠨᠳᠢᠨ ᠡᠷᠭᠢᠴᠡᠭᠦᠯᠦᠯ ᠪᠢᠯᠡ᠃
2019 ᠣᠨ᠎ᠤ 7 ᠰᠠᠷ᠎ᠠ᠎ᠶ᠋ᠢᠨ 15 ᠤ᠋ ᠡᠳᠦᠷ ᠪᠣᠯ ᠵᠠᠩ ᠭᠦᠸᠧ ᠯᠢ᠎ᠶ᠋ᠢᠨ ᠨᠢᠭᠡ ᠭᠡᠷ᠎ᠦᠨ ᠬᠢᠨ᠎ᠦ ᠬᠠᠮᠤᠭ᠎ᠤᠨ ᠪᠠᠶᠠᠷᠲᠠᠢ᠂ ᠬᠠᠮᠤᠭ᠎ᠤᠨ ᠰᠡᠳᠭᠢᠯ ᠬᠥᠳᠡᠯᠤᠮᠡ᠂ ᠬᠠᠮᠤᠭ᠎ᠤᠨ ᠮᠠᠷᠲᠠᠭ᠍ᠳᠠᠰᠢ ᠦᠭᠡᠢ ᠡᠳᠦᠷ ᠪᠣᠯᠤᠨ᠎ᠠ᠃ ᠡᠨᠡ ᠡᠳᠦᠷ᠂ ᠶᠡᠷᠦᠩᠬᠡᠢ ᠱᠦᠵᠢ ᠰᠢ ᠵᠢᠨ ᠫᠢᠩ ᠲᠡᠳᠡᠨᠦᠬᠡᠷ ᠲᠸ᠋ ᠢᠷᠡᠵᠥ᠍᠂ ᠣᠷᠣᠯᠭ᠎ᠠ᠎ᠶ᠋ᠢ ᠨᠢ ᠠᠰᠠᠭᠤᠵᠤ᠂ ᠵᠣᠭᠣᠭ ᠳᠡᠯᠭᠡᠵᠦ᠍᠂ ᠬᠦᠷᠢᠶ᠎ᠡ ᠬᠠᠱᠢᠶ᠎ᠠ᠎ᠶ᠋ᠢ ᠨᠢ ᠦᠵᠡᠵᠥ ᠁ ᠵᠠᠩ ᠬᠦᠸᠸ ᠯᠢ ᠵᠢᠨ ᠨᠢᠬᠡ ᠬᠡᠷ ᠵᠢᠴᠢ ᠳᠤᠬᠠᠢ ᠵᠢᠨ ᠭᠠᠵᠠᠷ᠎ᠤᠨ ᠺᠠᠳ᠋ᠷ ᠤᠯᠠᠨ ᠳᠦᠮᠡᠨ᠎ᠤ ᠳᠦᠯᠦᠬᠡᠯᠡᠭᠴᠢ ᠳᠠᠢ ᠳᠤᠳᠤᠨᠤ ᠪᠡᠷ ᠶᠠᠷᠢᠯᠴᠠᠪᠠ᠃ ᠶᠡᠷᠦᠩᠬᠡᠢ ᠱᠦᠵᠢ ᠵᠢᠨ ᠬᠥᠳᠡᠭᠡ ᠲᠣᠰᠭᠣᠨ᠎ᠤ ᠣᠷᠣᠱᠢᠨ ᠰᠠᠭᠤᠷᠢᠱᠢᠬᠤ ᠣᠷᠴᠢᠨ ᠲᠣᠭᠣᠷᠢᠨ᠎ᠢ ᠰᠠᠢᠵᠢᠷᠠᠭᠤᠯᠬᠤ ᠂ ᠦᠵᠡᠰᠭᠦᠯᠡᠩᠲᠦ ᠰᠠᠢᠬᠠᠨ ᠬᠥᠳᠡᠭᠡ ᠲᠣᠰᠭᠣᠨ᠎ᠢ ᠪᠦᠳᠦᠭᠡᠨ ᠪᠠᠢᠭᠤᠯᠬᠤ ᠳᠤᠬᠠᠢ ᠬᠦᠰᠡᠯ ᠡᠷᠡᠮᠡᠯᠵᠡᠯ ᠨᠢ ᠬᠥᠮᠦᠰ᠎ᠲᠦ ᠬᠦᠴᠦᠨ ᠴᠢᠳᠠᠯ ᠣᠯᠭᠣᠵᠤ᠂ ᠬᠥᠮᠦᠰ᠎ᠢ ᠤᠷᠮᠠᠱᠢᠭᠤᠯᠤᠨ ᠵᠣᠷᠢᠭ᠍ᠵᠢᠭᠤᠯᠵᠠᠢ᠃
ᠬᠣᠶᠠᠷ ᠵᠢᠯ ᠭᠠᠷᠤᠶ᠎ᠶ᠋ᠢᠨ ᠲᠤᠷᠰᠢ᠂ ᠵᠠᠩ ᠭᠦᠸᠧ ᠯᠢ᠎ᠶ᠋ᠢᠨ ᠭᠡᠷ ᠲᠸ᠋ ᠪᠠᠶᠠᠷᠲᠤ ᠶᠠᠪᠤᠳᠠᠯ ᠲᠠᠰᠤᠯᠳᠠᠭ᠎ᠠ ᠦᠬᠡᠢ᠃ ᠣᠮᠪᠣᠯᠣ ᠥᠬᠢᠨ ᠲᠠᠢ ᠪᠤᠯᠤᠭᠰᠠᠨ ᠪᠦᠭᠡᠳ ᠪᠠᠰᠠ ᠡᠨᠧᠷᠭᠢ ᠠᠷᠪᠢᠯᠠᠵᠤ ᠣᠷᠴᠢᠨ ᠲᠣᠭᠣᠷᠢᠨ᠎ᠢ ᠬᠠᠮᠠᠭᠠᠯᠠᠬᠤ ᠴᠠᠬᠢᠯᠭᠠᠨ ᠬᠥᠳᠡᠯᠭᠡᠭᠦᠷᠲᠦ ᠮᠠᠱᠢᠨ ᠲᠡᠷᠭᠡ ᠬᠤᠳᠠᠯᠳᠤᠨ ᠠᠪᠴᠠᠶ᠂ 4 ᠮᠥ᠍ ᠬᠡᠭᠡᠷ᠎ᠡ᠎ᠶ᠋ᠢᠨ ᠦᠵᠦᠮ᠂ 3 ᠮᠥ᠍ ᠡᠯᠳᠡᠪ ᠠᠮᠤ᠎ᠶ᠋ᠢᠨ ᠣᠷᠣᠯᠭ᠎ᠠ᠎ᠡᠴᠡ ᠭᠠᠳᠠᠨ᠎ᠠ᠂ ᠨᠠᠮᠤᠷ ᠵᠢᠭᠠᠬᠠᠨ ᠬᠡᠭᠡᠷ᠎ᠡ᠎ᠶ᠋ᠢᠨ ᠪᠠᠷᠠᠭ᠎ᠠ ᠬᠤᠳᠠᠯᠳᠤᠵᠤ᠂ ᠲᠠᠷᠢᠶᠠᠯᠠᠩ᠎ᠤᠨ ᠰᠡᠯᠡᠭᠦᠦ ᠴᠠᠭ᠎ᠲᠠᠭᠠᠨ ᠬᠦᠴᠦ᠍ ᠶᠠᠪᠤᠵᠤ᠂ ᠵᠢᠯ᠎ᠦᠨ ᠳᠣᠯᠣᠭ᠎ᠠ ᠨᠠᠶ᠋ᠮᠠᠨ ᠲᠦᠮᠡᠨ ᠲᠥᠭᠥᠷᠢᠭ᠎ᠦᠨ ᠣᠷᠣᠯᠭ᠎ᠠ ᠤᠯᠬᠤ ᠪᠤᠯᠵᠠᠢ᠃
《ᠮᠠᠨᠠᠢᠬᠢᠨ ᠳᠥᠷᠪᠡᠨ ᠦᠶ᠎ᠡ᠎ᠪᠡᠷ᠎ᠢᠶᠡᠨ ᠬᠠᠮᠲᠤ ᠠᠮᠢᠳᠤᠷᠠᠵᠤ᠂ ᠬᠢᠲᠠᠳ ᠦᠨᠳᠦᠰᠦᠲᠡᠨ᠂ ᠮᠣᠩᠭᠣᠯ ᠦᠨᠳᠦᠰᠦᠲᠡᠨ᠂ ᠮᠠᠨᠵᠤ ᠦᠨᠳᠦᠰᠦᠲᠡᠨ 3 ᠦᠨᠳᠦᠰᠦᠳᠡᠨ᠎ᠤ ᠬᠦᠮᠦᠨ ᠠᠮᠠ ᠪᠡᠷ ᠪᠦᠷᠢᠯᠳᠦᠭᠰᠡᠨ 11 ᠠᠮᠠ ᠪᠦᠯᠢ ᠪᠢᠯᠡ᠃ ᠪᠢᠳᠠ ᠪᠣᠯ ᠤᠯᠠᠨ ᠦᠨᠳᠦᠰᠦᠲᠡᠨ᠎ᠲᠡᠶ ᠭᠡᠷ ᠪᠦᠯᠢ᠂ ᠭᠡᠷ ᠪᠦᠯᠢ᠎ᠶ᠋ᠢᠨ ᠪᠦᠷᠢᠯᠳᠦᠬᠦᠨ ᠬᠣᠭᠣᠷᠣᠨᠳᠣ᠎ᠪᠠᠨ ᠡᠶ᠎ᠡ ᠨᠠᠢᠷᠰᠠᠭ ᠶᠠᠪᠤᠯᠴᠠᠵᠤ᠂ ᠬᠡᠦᠬᠡᠳ᠎ᠦᠳ ᠡᠯᠪᠡᠷᠢᠯᠵᠢᠷᠤᠮ ᠲᠡᠶ᠂ ᠵᠢᠯ ᠴᠠᠭᠠᠨ ᠰᠠᠷ᠎ᠠ ᠪᠠᠶᠠᠷ ᠳᠤᠷᠠᠰᠭᠠᠯ᠎ᠤᠨ ᠡᠳᠦᠷ ᠪᠣᠯᠬᠤ ᠪᠦᠷᠢ ᠡᠵᠢ ᠠᠪᠤ ᠡᠯᠢᠭᠡᠨ ᠰᠠᠳᠤᠨ᠎ᠢᠶᠡᠨ ᠡᠷᠬᠢᠵᠦ ᠦᠵᠡᠳᠡᠭ᠂ ᠡᠨᠡ ᠵᠢᠯ᠎ᠦᠨ ᠴᠠᠭᠠᠨ ᠰᠠᠷ᠎ᠠ ᠪᠠᠰᠠ ᠪᠦᠭᠦᠳᠡᠭᠡᠷ ᠵᠢᠡᠨ ᠬᠦᠷ ᠬᠥᠭ᠌ᠵᠢᠶᠡᠨᠲᠡᠶ ᠱᠢᠨᠡᠯᠡᠵᠡᠢ᠃ ᠶᠡᠷᠦᠩᠬᠡᠢ ᠱᠦᠵᠢ ᠰᠢ ᠵᠢᠨ ᠫᠢᠩ ᠢᠷᠡᠬᠦ᠌᠎ᠳᠡᠭᠡᠨ ᠮᠠᠨᠠᠢᠬᠢ᠎ᠶᠢ ᠬᠡᠷ ᠪᠦᠯᠢ᠎ᠪᠡᠷ᠎ᠢᠶᠡᠨ ᠡᠶ᠎ᠡ ᠨᠠᠢᠷᠰᠠᠭ ᠬᠠᠮᠲᠤ ᠠᠮᠢᠳᠤᠷᠠᠵᠤ ᠪᠠᠢᠨ᠎ᠠ ᠭᠡᠵᠦ ᠮᠠᠭ᠍ᠲᠠᠨ ᠰᠠᠢᠱᠢᠶᠠᠵᠤ ᠥᠩᠭᠡᠷᠡᠵᠡᠢ》᠃ ᠲᠠᠯ᠎ᠠ ᠲᠦᠭᠦᠵᠦ ᠪᠠᠢᠭ᠎ᠠ ᠵᠠᠩ ᠭᠦᠸᠧ ᠯᠢ ᠦᠷ᠎ᠡ ᠬᠡᠤᠬᠡᠳ ᠵᠢᠡᠨ ᠶᠠᠷᠢᠬᠤ᠎ᠳᠤ᠂ ᠦᠭᠡ ᠶᠠᠷᠢᠶ᠎ᠠ᠎ᠳᠤᠨᠢ ᠵᠣᠯ ᠵᠢᠷᠭᠠᠯᠲᠤ ᠲᠦᠷᠦᠭ᠌ᠳᠡᠯ᠎ᠢᠶᠡᠷ ᠪᠢᠯᠬᠠᠮ᠎ᠠ ᠪᠠᠢᠯ᠎ᠠ᠃
ᠶᠡᠷᠦᠩᠬᠡᠢ ᠱᠦᠵᠢ᠎ᠶ᠋ᠢᠨ ᠬᠦᠷᠴᠦ᠍ ᠢᠷᠡᠭ᠌ᠰᠡᠨ ᠨᠢ ᠵᠠᠩ ᠭᠦᠸᠧ ᠯᠢ᠎ᠶ᠋ᠢᠨ ᠬᠢᠨ᠎ᠳᠦ ᠱᠢᠨ᠎ᠡ ᠬᠤᠪᠢᠷᠠᠯᠲᠠ ᠠᠪᠴᠢᠷᠠᠭ᠍ᠰᠠᠨ᠎ᠢᠶᠠᠷ ᠪᠠᠷᠠᠬᠤ ᠦᠭᠡᠢ᠂ ᠮᠠ ᠠᠨ ᠱᠠᠨ ᠲᠣᠰᠭᠣᠨᠢ᠋ ᠴᠤ᠌ ᠬᠤᠯᠠ ᠤᠢ᠍ᠢᠷ᠎ᠠ᠎ᠳᠠᠭᠠᠨ ᠠᠯᠳᠠᠷᠱᠢᠭᠤᠯᠵᠠᠢ᠃ ᠬᠣᠶᠠᠷ ᠵᠢᠯ ᠭᠠᠷᠤᠢ᠎ᠶ᠋ᠢᠨ ᠬᠤᠭᠤᠴᠠᠭᠠᠨ᠎ᠳᠤ᠂ ᠮᠠ ᠠᠨ ᠱᠠᠨ ᠲᠣᠰᠭᠣᠨ ᠶᠠᠳᠠᠭᠤ ᠠᠭᠤᠯᠠᠨ ᠭᠤᠤ ᠡᠴᠡ᠎ᠪᠠᠨ ᠪᠦᠬᠦ᠌ ᠤᠯᠤᠰ᠎ᠤᠨ ᠪᠣᠯᠪᠠᠰᠤᠨ ᠲᠣᠰᠭᠣᠨ ᠪᠠᠯᠭᠠᠰᠤ ᠪᠣᠯᠤᠨ ᠬᠤᠪᠢᠷᠠᠵᠤ᠂ ᠪᠦᠬᠦ᠌ ᠤᠯᠤᠰ᠎ᠤᠨ ᠬᠥᠳᠡᠭᠡ ᠲᠣᠰᠭᠣᠨ᠎ᠤ ᠵᠠᠰᠠᠯᠲᠠ᠎ᠶ᠋ᠢᠨ ᠵᠢᠱ᠌ᠢᠢ᠎ᠡ ᠦᠵᠡᠭᠦᠯᠬᠦ᠌ ᠲᠣᠰᠭᠣᠨ᠂ ᠪᠦᠬᠦ᠌ ᠤᠯᠤᠰ᠎ᠤᠨ ᠤᠢ ᠱᠢᠭᠤᠢᠳᠤ ᠬᠥᠳᠡᠭᠡ ᠲᠣᠰᠭᠣᠨ᠂ ᠪᠦᠬᠦ᠌ ᠤᠯᠤᠰ᠎ᠤᠨ ᠵᠢᠭᠤᠯᠴᠢᠯᠠᠯ᠎ᠤᠨ ᠰᠦᠯᠵᠢᠶᠡᠨ ᠲᠡᠭᠡᠷᠡᠬᠢ ᠬᠠᠯᠠᠮᠰᠢᠯ᠎ᠳᠤ ᠲᠣᠰᠭᠣᠨ ᠪᠤᠯᠵᠤ᠂ ᠮᠠ ᠠᠨ ᠱᠠᠨ ᠲᠣᠰᠭᠣᠨ ᠪᠠᠰᠠ ᠤᠯᠤᠰ᠎ᠤᠨ 3A ᠲᠡᠰ᠎ᠤᠨ ᠤᠢ ᠱᠢᠭᠤᠢ᠎ᠶ᠋ᠢᠨ ᠴᠡᠴᠡᠷᠯᠢᠭ ᠪᠣᠯᠵᠠᠢ᠃ ᠲᠣᠰᠭᠣᠨ᠎ᠤ ᠨᠠᠮ᠎ᠤᠨ ᠬᠣᠷᠢᠶᠠᠨ᠎ᠤ ᠱᠦᠵᠢ ᠯᠢᠦ ᠶᠧ ᠶᠠᠩ ᠤᠨ ᠲᠠᠨᠢᠯᠴᠠᠭᠤᠯᠤᠭᠰᠠᠨ ᠵᠢᠡᠷ᠂ ᠲᠣᠰᠭᠣᠨ᠎ᠤ ᠬᠣᠶᠠᠷ ᠵᠥᠪᠯᠡᠯ᠎ᠦᠨ ᠤᠳᠤᠷᠢᠳᠭᠤ ᠪᠠᠭ ᠲᠦᠷᠦᠯ ᠵᠦᠢᠯ᠎ᠢ ᠨᠠᠷᠢᠨ ᠬᠢᠨᠠᠮᠠᠭᠠᠢ ᠲᠥᠯᠥᠪᠵᠢᠭᠦᠯᠵᠦ᠍᠂ ᠦᠵᠦᠮ᠎ᠦᠨ ᠠᠵᠤ ᠦᠢᠯᠡᠰ᠎ᠲᠦ ᠴᠢᠭ᠌ᠯᠡᠭᠦᠯᠦᠨ᠂ ᠦᠵᠦᠮ᠎ᠦᠨ ᠲᠦᠷᠦᠯ ᠵᠦᠢᠯ᠎ᠢ ᠰᠠᠢᠵᠢᠷᠠᠭᠤᠯᠵᠤ᠂ ᠬᠤᠷᠱᠢᠶ᠎ᠠ ᠪᠠᠢᠭᠤᠯᠤᠨ᠂ ᠲᠠᠭᠠᠭᠤᠯᠤᠬ᠍ᠴᠢ ᠠᠵᠤ ᠠᠬᠤᠢᠯᠠᠯ᠎ᠲᠠᠶ ᠬᠠᠮᠲᠤᠷᠠᠵᠤ ᠨᠠᠷᠢᠯᠢᠭ ᠭᠦᠨᠵᠡᠭᠡᠢ ᠡᠳ᠋ᠱᠢᠭᠦᠯᠵᠦ᠍᠂ ᠦᠢᠯᠡᠳᠪᠦᠷᠢᠯᠡᠬᠦ ᠲᠠᠷᠢᠬᠤ᠎ᠡᠴᠡ ᠡᠬᠢᠯᠡᠨ ᠦᠵᠦᠮ᠎ᠦᠨ ᠠᠷᠢᠬᠢ ᠡᠳ᠋ᠱᠢᠭᠦᠯᠬᠦ᠌ ᠠᠵᠤ ᠦᠢᠯᠡᠰ᠎ᠦᠨ ᠬᠡᠯᠬᠢᠶ᠎ᠡ᠎ᠶ᠋ᠢ ᠪᠦᠷᠢᠯᠳᠦᠭᠦᠯᠪᠡ; ᠵᠢᠭᠤᠯᠴᠢᠯᠠᠯ᠎ᠤᠨ ᠦᠢᠯᠡᠰ᠎ᠦᠨ ᠲᠣᠭᠣᠷᠢᠨ᠎ᠳᠤ᠂ ᠵᠢᠭᠤᠯᠴᠢᠯᠠᠯ᠎ᠤᠨ ᠰᠠᠭᠤᠷᠢ ᠲᠦᠭᠦᠭᠡᠷᠦᠮᠵᠢ᠎ᠶ᠋ᠢ ᠲᠡᠭᠦᠯᠳᠡᠷᠵᠢᠭᠦᠯᠵᠦ᠍᠂ ᠠᠮᠢ ᠠᠬᠤᠶ᠎ᠶ᠋ᠢᠨ ᠵᠢᠭᠤᠯᠴᠢᠯᠠᠯ᠂ ᠠᠷᠠᠳ᠎ᠤᠨ ᠵᠠᠩ ᠦᠢᠯᠡ᠎ᠶ᠋ᠢᠨ ᠵᠢᠭᠤᠯᠴᠢᠯᠠᠯ ᠵᠡᠷᠭᠡ ᠱᠢᠷᠢᠰ ᠵᠢᠭᠤᠯᠴᠢᠯᠠᠯ᠎ᠤᠨ ᠦᠢᠯᠡᠳᠬᠦᠨ᠎ᠢ ᠨᠡᠭᠡᠭᠡᠨ ᠬᠥᠭ᠌ᠵᠢᠭᠦᠯᠪᠡ; ᠬᠣᠭ ᠨᠣᠪᠰᠢ᠎ᠶ᠋ᠢ ᠲᠥᠷᠥᠯ ᠠᠩᠬᠢᠯᠠᠬᠤ᠂ ᠵᠣᠷᠯᠣᠩ᠎ᠤᠨ ᠬᠤᠪᠢᠰᠭᠠᠯ ᠪᠠ ᠲᠣᠰᠭᠣᠨ᠎ᠤ ᠳᠦᠷᠰᠦ ᠪᠠᠢᠳᠠᠯ᠎ᠢ ᠰᠠᠢᠵᠢᠷᠠᠭᠤᠯᠬᠤ ᠢᠨᠵᠧᠨᠧᠷᠢᠩ᠎ᠢ ᠴᠦ᠍ ᠦᠷᠭᠦᠯᠵᠢᠯᠡᠨ ᠬᠡᠷᠡᠭ᠌ᠵᠢᠭᠦᠯᠵᠦ᠍ ᠪᠠᠢᠭ᠎ᠠ ᠁ ᠲᠣᠰᠭᠣᠨ᠎ᠤ ᠠᠵᠤ ᠦᠶ᠋ᠯᠡᠰ᠎ᠦᠨ ᠬᠥᠭ᠌ᠵᠢᠯᠲᠡ ᠲᠦᠷᠭᠡᠨ᠎ᠤ ᠵᠠᠮ᠎ᠳᠤ ᠣᠷᠣᠵᠤ᠂ ᠨᠢᠳᠤᠨᠤᠨ ᠳ᠋ᠤ ᠲᠣᠰᠭᠣᠨ᠎ᠤ ᠠᠷᠠᠳ᠎ᠤᠨ ᠬᠥᠮᠦᠨ ᠳᠤᠮᠳᠠᠴᠢ ᠡᠵᠡᠮᠳᠡᠵᠦ᠍ ᠪᠣᠯᠬᠤ ᠣᠷᠣᠯᠭ᠎ᠠ 1.5 ᠲᠦᠮᠡᠨ ᠲᠥᠭᠥᠷᠢᠭ᠎ᠢ ᠳᠠᠪᠠᠵᠤ᠂ 3 ᠵᠢᠯ᠎ᠦᠨ ᠡᠮᠦᠨᠡᠬᠢ ᠡᠴᠡ 2 ᠳᠠᠬᠢᠨ ᠢᠯᠡᠭᠦᠦ ᠪᠣᠯᠵᠠᠶ᠃
《ᠠᠮᠢᠳᠤᠷᠠᠯ ᠡᠳᠦᠷ᠎ᠡᠴᠡ ᠡᠳᠦᠷ ᠥᠭᠡᠳᠡᠯᠡᠵᠦ᠍ ᠪᠠᠢᠨ᠎ᠠ! ᠶᠡᠷᠦᠩᠬᠡᠶ ᠱᠦᠵᠢ ᠰᠠᠨᠠᠭ᠎ᠠ ᠠᠮᠤᠷ ᠪᠠᠢᠭᠠᠷᠠᠶ! ᠪᠢ ᠦᠷᠭᠦᠯᠵᠢᠯᠡᠨ ᠬᠤᠪᠢᠰᠬᠠᠯ ᠤ᠋ᠨ ᠲᠠᠢᠯᠪᠤᠷᠢᠯᠠᠭ᠍ᠴᠢ ᠪᠣᠯᠵᠤ᠂ ᠮᠠ ᠠᠨ ᠱᠠᠨ ᠲᠣᠰᠭᠣᠨ᠎ᠤ ᠦᠯᠢᠭᠡᠷ᠎ᠢ ᠰᠠᠢᠬᠠᠨ ᠶᠠᠷᠢᠵᠤ᠂ ᠠᠭᠤᠯᠠᠨ ᠦᠵᠦᠮ᠎ᠢ ᠰᠠᠢᠳᠤᠷ ᠲᠠᠷᠢᠵᠤ᠂ ᠵᠣᠯ ᠵᠢᠷᠭᠠᠯ᠎ᠤᠨ ᠦᠷ᠎ᠡ ᠵᠢᠮᠢᠰ ᠢ ᠲᠠᠷᠢᠨ᠎ᠠ᠃ ᠶᠡᠷᠦᠩᠬᠡᠶ ᠱᠦᠵᠢ᠎ᠶ᠋ᠢᠨ ᠴᠢᠯᠥᠭᠡᠵᠠᠪ ᠢᠶᠡᠷ᠎ᠢᠶᠡᠨ ᠪᠢᠳᠡᠨ᠎ᠦ ᠵᠣᠯ ᠵᠢᠷᠭᠠᠯᠲᠤ ᠠᠮᠢᠳᠤᠷᠠᠯ᠎ᠢ ᠡᠷᠬᠢᠵᠦ ᠦᠵᠡᠬᠦ᠌ ᠪᠡᠷ ᠢᠷᠡᠬᠦ᠎ᠶ᠋ᠢ ᠬᠦᠰᠡᠨ ᠪᠠᠷᠠᠯᠠᠵᠤ ᠪᠠᠢᠨ᠎ᠠ》᠃ ᠵᠠᠩ ᠭᠦᠸᠧ ᠯᠢ ᠡᠷ᠎ᠡ ᠡᠮ᠎ᠡ ᠬᠣᠶᠠᠭᠤᠯᠠ ᠪᠠᠶᠠᠷ ᠪᠠᠶᠠᠰᠤᠯ᠎ᠢᠶᠠᠨ ᠰᠤᠷᠪᠤᠯᠵᠢᠯᠠᠭᠴᠢ ᠲᠠᠢ ᠬᠤᠪᠢᠶᠠᠯᠴᠠᠬᠤ ᠳ᠋ᠤ ᠵᠢᠷᠭᠠᠯ᠎ᠤᠨ ᠮᠦᠰᠢᠶᠡᠳᠦ ᠴᠢᠷᠠᠢᠳᠦᠢᠬᠦᠷᠡᠩ ᠲᠣᠳᠣᠷᠠᠵᠥ ᠪᠠᠢᠯ᠎ᠠ᠃