ᠥᠪᠥᠷ ᠮᠣᠩᠭᠣᠯ ᠤ᠋ᠨ ᠠᠵᠤ ᠦᠶ᠋ᠯᠡᠳᠪᠦᠷᠢ ᠶ᠋ᠢᠨ ᠠᠵᠤ ᠠᠬᠤᠶ ᠶ᠋ᠢᠨ ᠴᠢᠨᠠᠷ ᠰᠠᠢᠲᠠᠶ ᠬᠥᠭ᠌ᠵᠢᠯᠲᠡ ᠶ᠋ᠢᠨ ᠬᠠᠮᠤᠭ ᠤ᠋ᠨ ᠴᠢᠩᠭ᠎ᠠ ᠠᠶᠠᠰ ᠢ᠋ ᠴᠢᠪᠬᠠᠳᠠᠨ᠎ᠠ
2022-02-26 10:43:19
ᠵᠣᠬᠢᠶᠠᠭ᠍ᠴᠢ᠄
ᠬᠣ᠌ ᠹᠠᠩ ᠱᠢᠤᠢ ᠱᠢᠶᠤᠤ ᠯᠠᠨ
ᠣᠩᠱᠢᠭ᠍ᠰᠠᠨ ᠣᠳᠠᠭ᠎ᠠ᠄
★★★☆☆

《ᠥᠪᠥᠷ ᠮᠣᠩᠭᠣᠯ ᠠᠮᠢ ᠠᠬᠤᠶ ᠶ᠋ᠢ ᠤᠷᠢᠳ ᠶ᠋ᠢᠡᠷ ᠪᠣᠳᠣᠯᠬᠢᠯᠠᠬᠤ ᠪᠣᠬᠢᠷᠲᠤᠯ ᠥᠬᠡᠶ ᠬᠥᠭ᠌ᠵᠢᠬᠦᠯᠬᠦ ᠪᠡᠷ ᠤᠳᠤᠷᠢᠳᠤᠮᠵᠢ ᠪᠣᠯᠭᠠᠭ᠍ᠰᠠᠨ ᠴᠢᠨᠠᠷ ᠰᠠᠢᠲᠠᠶ ᠬᠥᠭ᠌ᠵᠢᠯᠲᠡ ᠶ᠋ᠢᠨ ᠱᠢᠨ᠎ᠡ ᠵᠠᠮ ᠶ᠋ᠢᠡᠷ ᠵᠠᠮᠨᠠᠨ᠂ ᠣᠳᠣᠬᠢᠴᠢᠯᠠᠭ᠍ᠰᠠᠨ ᠠᠵᠤ ᠠᠬᠤᠶ ᠶ᠋ᠢᠨ ᠱᠢᠰᠲ᠋ᠧᠮ ᠢ᠋ ᠪᠠᠢᠭᠤᠯᠬᠤ ᠳ᠋ᠤ᠂ ᠭᠤᠤᠯ ᠲᠡᠢᠨ ᠤ᠋ ᠲᠠᠯᠠᠪᠤᠷ ᠭᠤᠤᠯ ᠵᠢᠭ᠍ᠰᠠᠭᠠᠯ ᠤ᠋ᠨ ᠭᠠᠵᠠᠷ ᠨᠢ ᠠᠵᠤ ᠦᠶ᠋ᠯᠡᠳᠪᠦᠷᠢ ᠳ᠋ᠤ ᠪᠠᠢᠵᠦ᠂ ᠭᠤᠤᠯᠳᠠᠯᠭ᠎ᠠ ᠬᠦᠴᠢᠷᠳᠡᠯ ᠪᠠ ᠱᠢᠪᠲᠤᠯᠤᠯᠲᠠ ᠶ᠋ᠢᠨ ᠴᠡᠭ᠎ᠨᠢ ᠴᠦ᠍ ᠠᠵᠤ ᠦᠶ᠋ᠯᠡᠳᠪᠦᠷᠢ ᠳ᠋ᠤ ᠪᠠᠢᠨ᠎ᠠ᠃ ᠠᠵᠤ ᠠᠬᠤᠢ ᠶ᠋ᠢᠨ ᠬᠡᠯᠪᠡᠷᠢ ᠵᠢ ᠬᠤᠪᠢᠷᠠᠭᠤᠯᠤᠨ ᠲᠡᠰ ᠳᠡᠪᠱᠢᠭᠦᠯᠬᠦ ᠶ᠋ᠢ ᠠᠬᠢᠭᠤᠯᠬᠤ ᠳ᠋ᠤ ᠴᠤ᠌ ᠲᠡᠷᠡ᠂ ᠠᠵᠤ ᠠᠬᠤᠢ ᠶ᠋ᠢᠨ ᠲᠣᠭ᠍ᠲᠠᠭᠤᠨ ᠨᠡᠮᠡᠭ᠌ᠳᠡᠯ ᠢ᠋ ᠪᠠᠲᠤᠯᠠᠭ᠍ᠤ ᠳ᠋ᠤ ᠴᠤ᠌ ᠲᠡᠷᠡ᠂ ᠡᠷᠬᠡᠪᠰᠢ ᠠᠵᠤ ᠦᠢᠯᠡᠳᠪᠦᠷᠢ ᠶ᠋ᠢᠨ ᠠᠵᠤ ᠠᠬᠤᠢ ᠶ᠋ᠢ ᠢᠮᠠᠭ᠍ᠲᠠ ᠲᠤᠪᠤᠢ᠌ᠮ᠎ᠠ ᠪᠠᠢᠷᠢᠨ ᠳ᠋ᠤ ᠲᠠᠯᠪᠢᠵᠤ᠂ ᠪᠣᠳᠠᠲᠤ ᠴᠣᠭ᠍ᠴᠠ ᠶ᠋ᠢᠨ ᠠᠵᠤ ᠠᠬᠤᠢ᠂  ᠢᠯᠠᠩᠭᠤᠶ᠎ᠠ ᠦᠢᠯᠡᠳᠬᠦ᠌ ᠦᠢᠯᠡᠰ ᠢ᠋ ᠴᠢᠩᠭ᠎ᠠ ᠠᠳᠭᠤᠬᠤ ᠬᠡᠷᠡᠭ᠌ᠲᠡᠢ》 ᠬᠡᠵᠤ 2 ᠰᠠᠷ᠎ᠠ ᠶ᠋ᠢᠨ 21 ᠤ᠋ ᠡᠳᠦᠷ᠂ ᠪᠥᠬᠥ᠌ ᠣᠷᠣᠨ ᠤ᠋ ᠠᠵᠤ ᠦᠶ᠋ᠯᠡᠳᠪᠦᠷᠢ ᠶ᠋ᠢᠨ ᠠᠵᠤ ᠠᠬᠤᠶ ᠶ᠋ᠢᠨ ᠴᠢᠨᠠᠷ ᠰᠠᠢᠲᠠᠶ ᠬᠥᠭ᠌ᠵᠢᠯᠲᠡ ᠶ᠋ᠢᠨ ᠶᠡᠬᠡ ᠬᠤᠷᠠᠯ ᠡᠴᠡ ᠥᠪᠥᠷ ᠮᠣᠩᠭᠣᠯ ᠤ᠋ᠨ《ᠠᠵᠤ ᠦᠶ᠋ᠯᠡᠳᠪᠦᠷᠢ ᠶ᠋ᠢ ᠬᠥᠭ᠌ᠵᠢᠭᠦᠯᠦᠨ ᠮᠠᠨᠳᠤᠭᠤᠯᠬᠤ ᠲᠥᠯᠥᠪᠯᠡᠭᠡ》 ᠶ᠋ᠢ ᠢᠳᠡ ᠬᠦᠭ ᠲᠠᠢ ᠳᠤᠷᠠᠳᠤᠨ ᠭᠠᠷᠭᠠᠵᠠᠢ ᠃

ᠡᠨᠡ ᠤᠳᠠᠭ᠎ᠠ ᠶ᠋ᠢᠨ ᠶᠡᠬᠡ ᠬᠤᠷᠠᠯ ᠪᠣᠯ ᠠᠵᠤ ᠦᠢᠯᠡᠳᠪᠦᠷᠢ ᠶ᠋ᠢᠨ ᠬᠥᠭ᠌ᠵᠢᠯᠲᠡ ᠳ᠋ᠤ ᠲᠠᠬᠢᠨ ᠲᠠᠢ᠌ᠴᠢᠯᠠᠯᠳᠠ ᠬᠢᠵᠦ᠍᠂ ᠡᠷᠴᠢᠮ ᠢ᠋ ᠨᠢ ᠲᠠᠬᠢᠨ ᠴᠢᠩᠭᠠᠯᠠᠭᠰᠠᠨ ᠨᠢᠭᠡ ᠤᠳᠠᠭ᠎ᠠ ᠶ᠋ᠢᠨ ᠪᠠᠢᠷᠢᠯᠠᠭᠤᠯᠤᠯᠲᠠ ᠶ᠋ᠢᠨ ᠬᠤᠷᠠᠯ ᠪᠠᠢᠵᠤ᠂ ᠥᠪᠥᠷ ᠮᠣᠩᠭᠣᠯ ᠤ᠋ᠨ ᠡᠬᠢᠨ᠎ᠤ ᠠᠯᠬᠤᠮ ᠳ᠋ᠠᠭᠠᠨ ᠳᠠᠷᠤᠢ ᠬᠤᠷᠳᠤᠴᠠ ᠪᠡᠨ ᠨᠡᠮᠡᠵᠦ᠂ ᠡᠬᠢᠨ᠎ᠤ ᠭᠠᠷᠤᠭ᠎ᠠ ᠳ᠋ᠠᠭᠠᠨ ᠳᠠᠷᠤᠢ ᠲᠡᠷᠢᠭᠦᠨ ᠳ᠋ᠤ ᠣᠷᠣᠬᠤ ᠪᠡᠷ ᠴᠢᠷᠮᠠᠢᠬᠤ ᠢᠯᠡ ᠲᠣᠳᠣ ᠣᠪᠣᠷ ᠪᠣᠯᠤᠨ ᠡᠷᠴᠢ ᠵᠣᠷᠢᠭ ᠢ᠋ ᠬᠠᠷᠠᠭᠤᠯᠤᠭᠰᠠᠨ ᠪᠠᠢᠨ᠎ᠠ᠃

《ᠠᠵᠤ ᠦᠶ᠋ᠯᠡᠳᠪᠦᠷᠢ ᠶ᠋ᠢ ᠬᠥᠭ᠌ᠵᠢᠭᠦᠯᠦᠨ ᠮᠠᠨᠳᠤᠭᠤᠯᠬᠤ ᠲᠥᠯᠥᠪᠯᠡᠭᠡ》 ᠳ᠋ᠤ ᠢᠯᠡ ᠲᠣᠳᠣᠷᠬᠠᠶ ᠲᠥᠷᠥ ᠶ᠋ᠢᠨ ᠪᠣᠳᠣᠯᠭ᠎ᠠ ᠶ᠋ᠢᠨ ᠴᠢᠨᠠᠷᠲᠠᠶ ᠲᠣᠬᠢᠷᠠᠭᠤᠯᠤᠯᠲᠠ ᠬᠢᠵᠦ᠍᠂ ᠠᠵᠤ ᠦᠶ᠋ᠯᠡᠳᠪᠦᠷᠢ ᠶ᠋ᠢᠨ ᠠᠵᠤ ᠠᠬᠤᠶ ᠵᠢ ᠬᠡᠪᠴᠢᠶᠠᠵᠢᠬᠦᠯᠬᠦ᠂ ᠪᠦᠲᠦᠴᠡ ᠶ᠋ᠢᠨ ᠲᠠᠰ ᠳᠠᠪᠬᠤᠷᠭ᠎ᠠ ᠵᠢ ᠳᠡᠭᠡᠭᠰᠢᠯᠡᠬᠦᠯᠬᠦ᠂ ᠶᠠᠰᠤ ᠴᠢᠨᠠᠷ ᠢ᠋ ᠰᠢᠨ᠎ᠠ ᠳᠡᠭ᠌ᠲᠡᠷ ᠲᠦ᠍ ᠭᠠᠷᠭᠠᠬᠤ ᠲᠠᠯ᠎ᠠ ᠪᠡᠷ 《ᠭᠤᠤᠯᠳᠠᠯᠭ᠎ᠠ ᠶ᠋ᠢ ᠵᠢᠷᠦᠵᠤ ᠲᠣᠭ᠍ᠲᠠᠭᠠᠨ》᠂ ᠬᠤᠯᠪᠤᠭᠳᠠᠯ ᠪᠥᠬᠥᠶ ᠠᠵᠤ ᠦᠶ᠋ᠯᠡᠰ ᠤ᠋ᠨ ᠳᠡᠭᠡᠳᠦ ᠲᠠᠰᠵᠢᠬᠦ᠂ ᠤᠶᠤᠨᠴᠢᠯᠠᠬᠤ᠂ ᠪᠣᠬᠢᠷᠲᠤᠯ ᠦᠭᠡᠢ ᠪᠤᠯᠬᠤ ᠶ᠋ᠢ ᠠᠬᠢᠭᠤᠯᠬᠤ ᠲᠠᠯ᠎ᠠ ᠪᠡᠷ 《ᠡᠷᠴᠢᠮᠳᠠᠢ ᠠᠷᠭ᠎ᠠ ᠬᠡᠮᠵᠢᠶ᠎ᠡ》 ᠵᠢ ᠨᠡᠢᠳᠡᠯᠡᠵᠠᠢ ᠃

ᠦᠢᠯᠡᠳᠬᠦ᠌ ᠦᠢᠯᠡᠰ ᠤ᠋ᠨ ᠳᠡᠭᠡᠳᠦ ᠲᠡᠰᠵᠢᠭᠰᠡᠨ᠂ ᠤᠶᠤᠨᠴᠢᠯᠠᠭᠰᠠᠨ᠂ ᠪᠣᠬᠢᠷᠲᠤᠯ ᠦᠭᠡᠢ ᠬᠥᠭ᠌ᠵᠢᠯᠳᠠ ᠶ᠋ᠢ ᠠᠬᠢᠭᠤᠯᠬᠤ ᠲᠠᠯ᠎ᠠ ᠪᠡᠷ᠂ ᠥᠪᠡᠷᠲᠡᠭᠡᠨ ᠵᠠᠰᠠᠬᠤ ᠣᠷᠣᠨ ᠡᠴᠡ 《ᠦᠢᠯᠡᠳᠬᠦ᠌ ᠦᠢᠯᠡᠰ ᠤ᠋ᠨ ᠳᠡᠭᠡᠳᠦ ᠲᠡᠰᠵᠢᠭᠰᠡᠨ᠂ ᠤᠶᠤᠨᠴᠢᠯᠠᠭᠰᠠᠨ᠂ ᠪᠣᠬᠢᠷᠲᠤᠯ ᠦᠭᠡᠢ ᠬᠥᠭ᠌ᠵᠢᠯᠳᠠ ᠶ᠋ᠢ ᠠᠬᠢᠭᠤᠯᠬᠤ ᠲᠤᠬᠠᠢ ᠰᠠᠨᠠᠯ》 ᠵᠢᠴᠢ ᠢᠵᠢ ᠪᠦᠷᠢᠳᠦᠭᠰᠡᠨ ᠲᠥᠰᠦᠯ ᠢ᠋ ᠲᠣᠭ᠍ᠲᠠᠭᠠᠨ ᠨᠡᠢᠲᠡᠯᠡᠵᠦ᠍᠂ ᠣᠳᠣᠬᠠᠨ ᠤ᠋ ᠪᠠ ᠬᠣᠢᠱᠢᠳᠠ ᠶ᠋ᠢᠨ ᠨᠢᠭᠡ ᠬᠤᠭᠤᠴᠠᠭᠠᠨ ᠤ᠋ ᠦᠪᠦᠷ ᠮᠤᠩᠭᠤᠯ ᠤ᠋ᠨ ᠦᠢᠯᠡᠳᠬᠦ᠌ ᠦᠢᠯᠡᠰ ᠤ᠋ᠨ ᠴᠢᠨᠠᠷ ᠰᠠᠢᠲᠠᠢ ᠬᠥᠭ᠌ᠵᠢᠯᠲᠡ ᠶ᠋ᠢ ᠠᠬᠢᠭᠤᠯᠬᠤ ᠬᠠᠷᠠᠯᠲᠠ ᠡᠭᠦᠷᠭᠡ ᠶ᠋ᠢ ᠲᠣᠳᠣᠷᠬᠠᠢᠯᠠᠪᠠ᠃ 3 ᠠᠵᠢᠯᠯᠠᠭᠠᠨ ᠤ᠋ ᠲᠥᠯᠥᠪᠯᠡᠭᠡ᠂ 8 ᠬᠡᠷᠡᠭ᠌ᠵᠢᠭᠦᠯᠬᠦ᠌ ᠲᠥᠰᠦᠯ ᠪᠠ 1 ᠢᠵᠢ ᠳᠡᠮᠵᠢᠯᠭᠡ ᠶ᠋ᠢᠨ ᠲᠥᠷᠥ ᠶ᠋ᠢᠨ ᠪᠣᠳᠣᠯᠭ᠎ᠠ ᠨᠢ ᠦᠶ᠋ᠯᠡᠳᠬᠦ᠌ ᠦᠶ᠋ᠯᠡᠰ ᠤ᠋ᠨ ᠳᠡᠭᠡᠳᠦ ᠳᠡᠰᠵᠢᠭᠰᠡᠨ᠂ ᠤᠶᠤᠨᠴᠢᠯᠠᠭ᠍ᠰᠠᠨ᠂  ᠪᠣᠬᠢᠷᠲᠤᠯ ᠥᠬᠡᠶ ᠬᠥᠭ᠌ᠵᠢᠯᠲᠡ ᠶ᠋ᠢ ᠠᠬᠢᠭᠤᠯᠬᠤ ᠱᠢᠨ᠎ᠡ 《ᠵᠠᠮ ᠱᠤᠭᠤᠮ ᠤ᠋ᠨ ᠵᠢᠷᠤᠭ》 ᠢ᠋ ᠵᠢᠷᠤᠵᠤ ᠦᠭᠪᠡ ᠃

ᠡᠨᠧᠷᠭᠢ ᠶ᠋ᠢᠨ ᠠᠵᠤ ᠦᠶ᠋ᠯᠡᠳᠪᠦᠷᠢ ᠶ᠋ᠢᠨ ᠬᠥᠭ᠌ᠵᠢᠯᠲᠡ ᠶ᠋ᠢ ᠠᠬᠢᠭᠤᠯᠬᠤ ᠲᠠᠯ᠎ᠠ ᠪᠡᠷ᠂ ᠥᠪᠡᠷᠲᠡᠭᠡᠨ ᠵᠠᠰᠠᠬᠤ ᠣᠷᠣᠨ ᠡᠴᠡ ᠨᠡᠭᠦᠷᠡᠰᠦ᠂ ᠰᠠᠯᠬᠢᠨ ᠬᠦᠴᠦᠨ ᠤ᠋ ᠴᠠᠬᠢᠯᠭᠠᠨ ᠬᠡᠷᠡᠯᠴᠢ ᠴᠡᠨᠡᠭ ᠤ᠋ᠨ ᠱᠢᠨ᠎ᠡ ᠡᠨᠧᠷᠭᠢ᠂ ᠤᠰᠤᠲᠥ᠋ᠷᠥᠭ᠌ᠴᠢ ᠡᠨᠧᠷᠭᠢ᠂ ᠱᠢᠨ᠎ᠡ ᠬᠡᠯᠪᠡᠷᠢ ᠶ᠋ᠢᠨ ᠨᠥᠭᠡᠴᠡ ᠡᠨᠧᠷᠭᠢ ᠶ᠋ᠢᠨ ᠲᠤᠬᠠᠶ 4 《ᠰᠠᠨᠠᠯ》 ᠢ᠋ ᠨᠡᠢᠲᠡᠯᠡᠵᠦ᠍᠂ 《ᠣᠲᠣ ᠦᠶ᠎ᠡ ᠶ᠋ᠢᠨ ᠡᠨᠧᠷᠭᠢ ᠶ᠋ᠢᠨ ᠠᠵᠤ ᠠᠬᠤᠶ ᠶ᠋ᠢᠨ ᠠᠵᠢᠯ ᠢ᠋ ᠰᠠᠢᠲᠤᠷ ᠬᠢᠬᠦ᠌》 ᠲᠣᠭᠣᠷᠢᠨ ᠳ᠋ᠤ ᠡᠨᠧᠷᠭᠢ ᠶ᠋ᠢᠨ ᠭᠤᠤᠯ ᠪᠤᠯᠬᠤ ᠠᠵᠢᠯ ᠲᠥᠷᠥᠯ ᠤ᠋ᠨ ᠴᠢᠨᠠᠷ ᠰᠠᠢᠲᠠᠶ ᠬᠥᠭ᠌ᠵᠢᠯᠲᠡ ᠶ᠋ᠢᠨ ᠰᠡᠳᠭᠢᠮᠵᠢ᠂ ᠬᠠᠷᠠᠯᠲᠠ᠂ ᠵᠠᠷᠴᠢᠮ᠂ ᠠᠷᠭ᠎ᠠ ᠵᠠᠮ ᠢ᠋ ᠳᠤᠷᠠᠳᠴᠤ᠌᠂ ᠢᠯᠠᠩᠭᠤᠶ᠎ᠠ ᠱᠢᠨ᠎ᠡ ᠡᠨᠧᠷᠭᠢ ᠶ᠋ᠢᠨ ᠬᠥᠭ᠌ᠵᠢᠯᠲᠡ ᠶ᠋ᠢᠨ ᠲᠥᠯᠥᠪᠵᠢᠭᠦᠯᠭᠡ᠂  ᠨᠡᠭᠡᠭᠡᠨ ᠬᠥᠭ᠌ᠵᠢᠭᠦᠯᠬᠦ᠌ ᠪᠠᠢᠷᠢᠱᠢᠭᠤᠯᠤᠯᠲᠠ᠂ ᠲᠣᠬᠢᠷᠠᠭᠤᠯᠤᠯᠲᠠ ᠶ᠋ᠢᠨ ᠵᠠᠷᠴᠢᠮ ᠪᠠ ᠠᠷᠭ᠎ᠠ ᠵᠡᠷᠭᠡ ᠳ᠋ᠤ ᠬᠠᠨᠳᠤᠯᠭᠠᠲᠤ ᠴᠢᠨᠠᠷᠲᠠᠶ ᠪᠠᠢᠷᠢᠯᠠᠭᠤᠯᠤᠯᠲᠠ ᠬᠢᠪᠠ ᠃

ᠶᠡᠬᠡ ᠬᠤᠷᠠᠯ ᠬᠤᠷᠠᠯᠳᠤᠭ᠍ᠰᠠᠨ ᠤ᠋ 2 ᠡᠳᠦᠷ ᠤ᠋ᠨ ᠳᠠᠷᠠᠭ᠎ᠠ᠂ ᠥᠪᠡᠷᠲᠡᠭᠡᠨ ᠵᠠᠰᠠᠬᠤ ᠣᠷᠣᠨ ᠤ᠋ ᠠᠵᠤ ᠦᠶ᠋ᠯᠡᠳᠪᠦᠷᠢ ᠪᠠ ᠮᠡᠳᠡᠭᠡ ᠵᠠᠩᠬᠢᠴᠢᠯᠠᠯᠳᠠ ᠶ᠋ᠢᠨ ᠲᠢᠩᠬᠢᠮ ᠳᠠᠷᠤᠢ ᠰᠣᠨᠢᠨ ᠮᠡᠳᠡᠭᠡ ᠨᠡᠢᠲᠡᠯᠡᠬᠦ᠌ ᠬᠤᠷᠠᠯ ᠬᠢᠵᠦ᠍᠂ ᠦᠶ᠋ᠯᠡᠳᠬᠦ᠌ ᠦᠶ᠋ᠯᠡᠰ ᠤ᠋ᠨ ᠳᠡᠭᠡᠳᠦ ᠳᠡᠰᠵᠢᠭᠰᠡᠨ᠂ ᠤᠶᠤᠨᠴᠢᠯᠠᠭᠰᠠᠨ᠂ ᠪᠣᠬᠢᠷᠲᠤᠯ ᠥᠬᠡᠶ ᠬᠥᠭ᠌ᠵᠢᠯᠲᠡ ᠶ᠋ᠢ ᠳᠡᠮᠵᠢᠬᠦ᠌ 30 ᠵᠤᠷᠪᠤᠰ ᠲᠥᠷᠥ ᠶ᠋ᠢᠨ ᠪᠣᠳᠣᠯᠭ᠎ᠠ ᠠᠷᠭ᠎ᠠ ᠬᠡᠮᠵᠢᠶ᠎ᠡ ᠶ᠋ᠢᠨ ᠲᠤᠬᠠᠢ ᠨᠠᠷᠢᠨ ᠲᠠᠢᠯᠤᠮᠵᠢ ᠬᠢᠵᠠᠢ ᠃

ᠤᠯᠤᠰ ᠤ᠋ᠨ ᠲᠠᠰ ᠤ᠋ᠨ ᠦᠶ᠋ᠯᠡᠳᠬᠦ᠌ ᠦᠶ᠋ᠯᠡᠰ ᠤ᠋ᠨ ᠱᠢᠨ᠎ᠡ ᠶ᠋ᠢ ᠡᠭᠦᠳᠬᠦ᠌ ᠲᠥᠪ ᠲᠦ᠍ 1000 ᠲᠦᠮᠡᠨ ᠲᠥᠭᠥᠷᠢᠭ ᠤ᠋ᠨ ᠰᠤᠳᠤᠯᠵᠤ ᠨᠡᠭᠡᠭᠡᠬᠦ᠌ ᠵᠠᠷᠤᠳᠠᠯ ᠤ᠋ᠨ ᠨᠥᠬᠥᠪᠥᠷᠢ ᠣᠯᠭᠣᠨ᠎ᠠ; ᠰᠢᠨ᠎ᠠ ᠪᠡᠷ ᠪᠠᠢᠭᠤᠯᠤᠭᠳᠠᠭᠰᠠᠨ ᠥᠪᠡᠷᠲᠡᠭᠡᠨ ᠵᠠᠰᠠᠬᠤ ᠣᠷᠣᠨ ᠤ᠋ ᠦᠶ᠋ᠯᠡᠳᠬᠦ᠌ ᠦᠶ᠋ᠯᠡᠰ ᠤ᠋ᠨ ᠱᠢᠨ᠎ᠡ ᠶ᠋ᠢ ᠡᠭᠦᠳᠬᠦ᠌ ᠲᠥᠪ ᠲᠦ᠍ 500 ᠲᠦᠮᠡᠨ ᠲᠥᠭᠥᠷᠢᠭ ᠤ᠋ᠨ ᠨᠢᠭᠡ ᠯᠡ ᠤᠳᠠᠭ᠎ᠠ ᠶ᠋ᠢᠨ ᠴᠢᠨᠠᠷᠲᠠᠶ ᠰᠤᠳᠤᠯᠵᠤ ᠨᠡᠭᠡᠭᠡᠬᠦ᠌ ᠵᠠᠷᠤᠳᠠᠯ ᠤ᠋ᠨ ᠨᠥᠬᠥᠪᠥᠷᠢ ᠣᠯᠭᠣᠨ᠎ᠠ; ᠱᠢᠨ᠎ᠡ ᠪᠡᠷ ᠦᠨᠡᠯᠡᠨ ᠲᠣᠭ᠍ᠲᠠᠭᠠᠭ᠍ᠰᠠᠨ ᠥᠪᠡᠷᠲᠡᠭᠡᠨ ᠵᠠᠰᠠᠬᠤ ᠣᠷᠣᠨ ᠤ᠋ ᠲᠠᠰ ᠤ᠋ᠨ ᠠᠵᠤ ᠠᠬᠤᠢᠯᠠᠯ ᠤ᠋ᠨ ᠮᠡᠷᠭᠡᠵᠢᠯ ᠤ᠋ᠨ ᠲᠥᠪ ᠲᠦ᠍ 50 ᠲᠦᠮᠡᠨ ᠲᠥᠭᠥᠷᠢᠭ ᠤ᠋ᠨ ᠨᠢᠭᠡ ᠯᠡ ᠤᠳᠠᠭ᠎ᠠ ᠶ᠋ᠢᠨ ᠴᠢᠨᠠᠷᠲᠠᠶ ᠰᠤᠳᠤᠯᠵᠤ ᠨᠡᠭᠡᠭᠡᠬᠦ᠌ ᠵᠠᠷᠤᠳᠠᠯ ᠤ᠋ᠨ ᠨᠥᠬᠥᠪᠥᠷᠢ ᠣᠯᠭᠣᠨ᠎ᠠ ᠁ 30 ᠵᠤᠷᠪᠤᠰ ᠳᠡᠮᠵᠢᠯᠭᠡ ᠶ᠋ᠢᠨ ᠲᠥᠷᠥ ᠶ᠋ᠢᠨ ᠪᠣᠳᠣᠯᠭ᠎ᠠ ᠶ᠋ᠢᠨ ᠵᠤᠷᠪᠤᠰ ᠪᠤᠯᠭᠠᠨ ᠨᠢ ᠦᠨᠡᠨ ᠪᠣᠳᠠᠲᠠᠶ ᠠᠷᠭ᠎ᠠ ᠬᠡᠮᠵᠢᠶ᠎ᠠ ᠪᠠᠢᠵᠤ᠂ ᠦᠶ᠋ᠯᠡᠳᠬᠦ᠌ ᠦᠶ᠋ᠯᠡᠰ ᠤ᠋ᠨ ᠴᠢᠨᠠᠷ ᠰᠠᠢᠲᠠᠶ ᠬᠥᠭ᠌ᠵᠢᠯᠲᠡ ᠶ᠋ᠢ ᠠᠬᠢᠭᠤᠯᠬᠤ ᠲᠠᠯ᠎ᠠ ᠪᠡᠷ ᠨᠡᠭᠡᠷᠡᠨ ᠶᠡᠬᠡ ᠬᠦᠴᠦ᠍ ᠲᠠᠯᠪᠢᠭᠰᠠᠨ ᠠᠵᠢ᠃

《ᠪᠥᠬᠥ᠌ ᠣᠷᠣᠨ ᠤ᠋ ᠠᠵᠤ ᠦᠶ᠋ᠯᠡᠳᠪᠦᠷᠢ ᠶ᠋ᠢᠨ ᠠᠵᠤ ᠠᠬᠤᠶ ᠶ᠋ᠢᠨ ᠴᠢᠨᠠᠷ ᠰᠠᠢᠲᠠᠶ ᠬᠥᠭ᠌ᠵᠢᠯᠲᠡ ᠶ᠋ᠢᠨ ᠶᠡᠬᠡ ᠬᠤᠷᠠᠯ ᠳ᠋ᠤ 3 ᠲᠤᠪᠤᠢᠮ᠎ᠠ ᠤᠨᠴᠠᠯᠢᠭ ᠪᠤᠢ᠂ ᠨᠢᠭᠡᠳᠦᠭᠡᠷ ᠨᠢ ᠳᠠᠷᠤᠢ ᠴᠢᠨᠠᠷ ᠰᠠᠢᠲᠠᠶ ᠬᠥᠭ᠌ᠵᠢᠯᠲᠡ ᠶ᠋ᠢᠨ ᠭᠤᠤᠯ ᠰᠡᠳᠦᠪ ᠢ᠋ ᠳᠣᠪᠣᠢᠯᠭᠠᠭᠰᠠᠨ ᠳ᠋ᠤ ᠪᠠᠢᠨ᠎ᠠ》 ᠭᠡᠵᠦ᠍ ᠥᠪᠡᠷᠲᠡᠭᠡᠨ ᠵᠠᠰᠠᠬᠤ ᠣᠷᠣᠨ ᠤ᠋ ᠠᠵᠤ ᠦᠶ᠋ᠯᠡᠳᠪᠦᠷᠢ ᠪᠠ ᠮᠡᠳᠡᠭᠡ ᠵᠠᠩᠬᠵᠢᠯᠳᠠ ᠶ᠋ᠢᠨ ᠲᠢᠩᠬᠢᠮ ᠤ᠋ᠨ ᠳᠠᠷᠤᠭ᠎ᠠ ᠯᠢ ᠵᠥᠩ ᠺᠠᠶ ᠬᠡᠯᠡᠨ᠎ᠠ ᠃

ᠴᠢᠨᠠᠷ ᠰᠠᠢᠲᠠᠶ ᠬᠥᠭ᠌ᠵᠢᠯᠲᠡ ᠪᠡᠷ ᠱᠠᠭᠠᠷᠳᠠᠯᠭ᠎ᠠ ᠪᠣᠯᠭᠠᠨ 2022 ᠣᠨ ᠤ᠋ ᠥᠪᠥᠷ ᠮᠣᠩᠭᠣᠯ ᠤ᠋ᠨ ᠠᠵᠤ ᠦᠶ᠋ᠯᠡᠳᠪᠦᠷᠢ ᠶ᠋ᠢᠨ ᠠᠵᠤ ᠠᠬᠤᠶ ᠶ᠋ᠢᠨ ᠬᠥᠭ᠌ᠵᠢᠯᠲᠡ ᠶ᠋ᠢᠨ ᠴᠢᠭ᠌ᠯᠡᠯ ᠨᠡᠩ ᠲᠤᠳᠤᠷᠬᠠᠢ ᠪᠤᠯᠪᠠ — ᠲᠥᠷᠥ ᠶ᠋ᠢᠨ ᠪᠣᠳᠣᠯᠭ᠎ᠠ ᠶ᠋ᠢᠨ ᠳᠡᠮᠵᠢᠯᠭᠡ ᠶ᠋ᠢᠨ ᠡᠷᠴᠢᠮ ᠢ᠋ ᠴᠢᠩᠭᠠᠷᠠᠭᠤᠯᠵᠤ᠂ ᠨᠠᠩ ᠣᠯᠠᠨ ᠦᠨᠡᠨ ᠪᠣᠳᠠᠲᠠᠶ ᠠᠷᠭ᠎ᠠ ᠬᠡᠮᠵᠢᠶ᠎ᠠ᠂ ᠨᠠᠩ ᠱᠢᠯᠢᠳᠡᠭ ᠰᠠᠢᠨ ᠵᠠᠰᠠᠭ ᠤ᠋ᠨ ᠶᠠᠪᠤᠳᠠᠯ ᠤ᠋ᠨ ᠦᠶ᠋ᠯᠡᠴᠢᠯᠡᠭᠡ ᠪᠡᠷ ᠠᠵᠤ ᠠᠬᠤᠢᠯᠠᠯ ᠤ᠋ᠨ ᠱᠢᠨ᠎ᠡ ᠶ᠋ᠢ ᠡᠭᠦᠳᠦᠨ ᠬᠥᠭ᠌ᠵᠢᠬᠦ᠌ ᠶ᠋ᠢ ᠳᠡᠮᠵᠢᠨ᠎ᠡ ᠃

ᠴᠢᠨᠠᠷ ᠰᠠᠢᠲᠠᠶ ᠬᠥᠭ᠌ᠵᠢᠯᠲᠡ ᠪᠡᠷ ᠱᠠᠭᠠᠷᠳᠠᠯᠭ᠎ᠠ ᠪᠣᠯᠭᠠᠨ 2022 ᠣᠨ ᠤ᠋ ᠥᠪᠥᠷ ᠮᠣᠩᠭᠣᠯ ᠤ᠋ᠨ ᠠᠵᠤ ᠦᠶ᠋ᠯᠡᠳᠪᠦᠷᠢ ᠶ᠋ᠢᠨ ᠠᠵᠤ ᠠᠬᠤᠶ ᠶ᠋ᠢᠨ ᠬᠥᠭ᠌ᠵᠢᠯᠲᠡ ᠶ᠋ᠢᠨ ᠵᠠᠮ ᠨᠠᠩ ᠲᠣᠳᠣᠷᠬᠠᠶ ᠪᠣᠯᠪᠠ — ᠪᠦᠲᠦᠴᠡ ᠶ᠋ᠢ ᠲᠣᠬᠢᠷᠠᠭᠤᠯᠬᠤ᠂ ᠪᠠᠢᠷᠢᠱᠢᠭᠤᠯᠤᠯᠲᠠ ᠶ᠋ᠢ ᠱᠢᠯᠢᠳᠡᠭ᠌ᠵᠢᠭᠦᠯᠬᠦ᠌᠂ ᠠᠵᠤ ᠠᠬᠤᠢᠯᠠᠯ ᠢ᠋ ᠲᠡᠳᠬᠦᠬᠦ᠌᠂ ᠠᠵᠤ ᠦᠢᠯᠡᠰ᠎ᠤᠨ ᠬᠡᠯᠬᠢᠶ᠎ᠡ ᠶ᠋ᠢ ᠬᠦᠴᠦᠷᠬᠡᠭ᠌ᠵᠢᠭᠦᠯᠬᠦ᠌ ᠵᠢ ᠲᠦᠷᠭᠡᠳᠭᠡᠵᠦ᠍᠂ ᠠᠵᠤ ᠦᠶ᠋ᠯᠡᠳᠪᠦᠷᠢ ᠶ᠋ᠢᠨ ᠠᠵᠤ ᠦᠶ᠋ᠯᠡᠰ ᠤ᠋ᠨ ᠲᠠᠰ ᠳᠠᠪᠬᠤᠷᠭ᠎ᠠ ᠪᠠ ᠪᠦᠬᠦᠯᠢ ᠴᠣᠭ᠍ᠴᠠ ᠶ᠋ᠢᠨ ᠬᠡᠪ ᠴᠢᠨᠠᠷ ᠢ᠋ ᠦᠨᠡᠨ ᠬᠦ᠌ ᠳᠡᠭᠡᠭ᠌ᠰᠢᠯᠡᠭᠦᠯᠤᠨ᠎ᠠ ᠃

《ᠠᠵᠤ ᠦᠶ᠋ᠯᠡᠳᠪᠦᠷᠢ ᠶ᠋ᠢᠨ ᠮᠣᠳᠣ》 ᠶ᠋ᠢ ᠲᠦᠷᠭᠡᠨ ᠬᠦᠴᠦᠷᠬᠡᠭᠵᠢᠭᠦᠯᠦᠨ ᠪᠤᠵᠠᠭᠠᠢᠷᠠᠭᠤᠯᠵᠤ᠂《ᠠᠵᠤ ᠦᠶ᠋ᠯᠡᠰ ᠤ᠋ᠨ ᠣᠶ》ᠶ᠋ᠢ ᠲᠦᠷᠭᠡᠨ ᠢᠭᠴᠤ ᠰᠠᠬᠤᠯᠢᠭ ᠪᠤᠯᠭᠠᠨ᠎ᠠ᠃ ᠥᠪᠡᠷᠲᠡᠭᠡᠨ ᠵᠠᠰᠠᠬᠤ ᠣᠷᠣᠨ ᠡᠴᠡ ᠪᠠᠰᠠ《2022 ᠣᠨ ᠳ᠋ᠤ ᠲᠣᠭ᠍ᠲᠠᠭᠤᠨ ᠤ᠋ ᠳᠤᠮᠳᠠ ᠤᠷᠤᠭ᠍ᠰᠢᠯᠠᠨ ᠳᠠᠪᠱᠢᠬᠤ ᠶ᠋ᠢ ᠪᠠᠷᠢᠮᠲᠠᠯᠠᠵᠤ ᠠᠵᠤ ᠦᠶ᠋ᠯᠡᠰ ᠤ᠋ᠨ ᠴᠢᠨᠠᠷ ᠰᠠᠢᠲᠠᠶ ᠬᠥᠭ᠌ᠵᠢᠯᠲᠡ ᠶ᠋ᠢ ᠠᠬᠢᠭᠤᠯᠬᠤ ᠲᠥᠷᠥ ᠶ᠋ᠢᠨ ᠪᠣᠳᠣᠯᠭ᠎ᠠ ᠶ᠋ᠢᠨ ᠨᠠᠷᠢᠨ ᠲᠠᠩᠰᠠ》 ᠶ᠋ᠢ ᠲᠦᠪ ᠴᠢᠩᠭ᠎ᠠ ᠪᠡᠷ ᠨᠡᠢᠳᠡᠯᠡᠨ᠂ 130 ᠵᠤᠷᠪᠤᠰ ᠲᠥᠷᠥ ᠶ᠋ᠢᠨ ᠪᠣᠳᠣᠯᠭ᠎ᠠ᠎ᠪᠡᠷ ᠰᠤᠳᠠᠯ ᠢ᠋ ᠨᠢ ᠤᠨᠤᠪᠴᠢᠳᠠᠢ ᠪᠠᠷᠢᠵᠦ᠂ ᠴᠢᠭᠯᠡᠯ ᠢ᠋ ᠢᠯᠡ ᠲᠣᠳᠣ ᠵᠢᠭᠠᠵᠤ ᠭᠠᠷᠭᠠᠪᠠ — ᠥᠪᠥᠷ ᠮᠣᠩᠭᠣᠯ ᠳ᠋ᠤ ᠪᠠᠢᠭᠤᠯᠤᠭ᠍ᠰᠠᠨ ᠪᠠᠷᠠᠭᠤᠨ ᠣᠷᠣᠨ ᠢ᠋ ᠶᠡᠬᠡ ᠪᠡᠷ ᠨᠡᠭᠡᠭᠡᠨ ᠬᠥᠭ᠌ᠵᠢᠭᠦᠯᠬᠦ᠌ ᠬᠠᠷᠠᠭᠠᠯᠵᠠᠯ ᠤ᠋ᠨ ᠲᠥᠷᠥ ᠶ᠋ᠢᠨ ᠪᠣᠳᠣᠯᠭ᠎ᠠ ᠶ᠋ᠢᠨ ᠨᠥᠬᠥᠴᠡᠯ ᠳ᠋ᠤ ᠨᠡᠢᠴᠡᠬᠦ᠌ ᠵᠣᠷᠢᠭ᠍ᠵᠢᠭᠤᠯᠬᠤ ᠲᠥᠷᠥᠯ ᠤ᠋ᠨ ᠠᠵᠤ ᠦᠶ᠋ᠯᠡᠰ ᠤ᠋ᠨ ᠠᠵᠤ ᠠᠬᠤᠢᠯᠠᠯ ᠪᠣᠯᠤᠨ ᠦᠨᠡᠯᠡᠨ ᠲᠣᠭ᠍ᠲᠠᠭᠠᠭ᠍ᠰᠠᠨ ᠨᠥᠬᠥᠴᠡᠯ ᠳᠤᠭᠳᠠᠭᠠᠯ ᠳ᠋ᠤ ᠨᠡᠢᠴᠡᠬᠦ᠌ ᠳᠡᠭᠡᠳᠦ ᠱᠢᠨ᠎ᠡ ᠮᠡᠷᠭᠡᠵᠢᠯ ᠤ᠋ᠨ ᠠᠵᠤ ᠠᠬᠤᠢᠯᠠᠯ ᠡᠴᠡ 15% ᠶ᠋ᠢᠨ ᠭᠠᠢᠯᠢ ᠶ᠋ᠢᠨ ᠨᠣᠷᠮ᠎ᠠ ᠪᠡᠷ ᠠᠵᠤ ᠠᠬᠤᠢᠯᠠᠯ ᠤ᠋ᠨ ᠠᠰᠢᠭ ᠣᠯᠵᠠᠪᠤᠷᠢ ᠶ᠋ᠢᠨ ᠭᠠᠢᠯᠢ ᠶ᠋ᠢ ᠬᠠᠰᠤᠵᠤ ᠲᠠᠲᠠᠪᠤᠷᠢᠯᠠᠨ᠎ᠠ ᠃

5G ᠵᠡᠷᠭᠡ ᠱᠢᠨ᠎ᠡ ᠨᠢᠭᠡ ᠦᠶ᠎ᠡ ᠶ᠋ᠢᠨ ᠮᠡᠳᠡᠭᠡ ᠵᠠᠩᠭᠢ ᠶ᠋ᠢᠨ ᠮᠡᠷᠭᠡᠵᠢᠯ ᠤ᠋ᠨ ᠠᠵᠤ ᠦᠶ᠋ᠯᠡᠳᠪᠦᠷᠢ ᠶ᠋ᠢᠨ ᠬᠦᠷᠢᠶᠡᠨ ᠳ᠋ᠡᠬᠢ ᠨᠡᠢᠲᠡᠯᠢᠭ ᠬᠡᠷᠡᠭ᠌ᠯᠡᠭᠡᠨ ᠤ᠋ ᠲᠠᠯᠠᠪᠤᠷ ᠤ᠋ᠨ ᠲᠥᠷᠥᠯ ᠵᠦᠶ᠋ᠯ ᠳ᠋ᠤ᠂ ᠪᠣᠳᠠᠲᠠᠶ ᠪᠡᠶᠡᠯᠡᠭᠦᠯᠦᠭ᠌ᠰᠡᠨ ᠪᠠᠯᠠ ᠣᠷᠣᠭᠤᠯᠤᠯᠲᠠ ᠶ᠋ᠢᠨ ᠬᠡᠮᠵᠢᠶ᠎ᠠ ᠶ᠋ᠢᠨ 20% ᠶ᠋ᠢᠡᠷ᠂  ᠲᠠᠩ ᠭᠠᠭ᠍ᠴᠠ ᠲᠥᠷᠥᠯ ᠵᠦᠶ᠋ᠯ ᠳ᠋ᠤ ᠬᠠᠮᠤᠭ ᠤ᠋ᠨ ᠶᠡᠬᠡ ᠳ᠋ᠡᠭᠡᠨ 500 ᠲᠦᠮᠡᠨ ᠲᠥᠭᠥᠷᠢᠭ ᠡᠴᠡ ᠬᠡᠲᠦᠷᠡᠭᠦᠯᠬᠦ ᠥᠬᠡᠶ ᠪᠠᠢᠬᠤ ᠪᠠᠷᠢᠮᠵᠢᠶ᠎ᠠ ᠶᠣᠰᠣᠭᠠᠷ ᠱᠠᠩᠨᠠᠯ ᠨᠥᠬᠥᠪᠥᠷᠢ ᠣᠯᠭᠣᠨ᠎ᠠ᠃

ᠡᠯ᠎ᠡ ᠭᠠᠵᠠᠷ ᠣᠷᠣᠨ ᠤ᠋ ᠬᠢᠨ ᠤ᠋ ᠰᠲ᠋ᠤᠺ ᠤ᠋ᠨ ᠡᠷᠬᠡ ᠶ᠋ᠢᠨ ᠳᠤᠬᠢᠷᠠᠭᠤᠯᠤᠯᠳᠠ᠂ ᠭᠠᠢᠯᠢ ᠶ᠋ᠢᠨ ᠠᠰᠢᠭ ᠤᠯᠵᠠᠪᠤᠷᠢ ᠶ᠋ᠢᠨ ᠬᠤᠪᠢᠶᠠᠷᠢᠯᠠᠯᠳᠠ ᠵᠡᠷᠭᠡ ᠠᠷᠭ᠎ᠠ ᠬᠡᠯᠪᠡᠷᠢ ᠪᠡᠷ ᠳᠠᠮᠵᠢᠨ ᠴᠢᠬᠤᠯᠠ ᠶᠡᠬᠡ ᠲᠥᠷᠥᠯ ᠵᠦᠶ᠋ᠯ ᠢ᠋ ᠬᠠᠮᠳᠤ ᠪᠡᠷ ᠪᠦᠳᠦᠬᠡᠨ ᠪᠠᠢᠭᠤᠯᠬᠤ ᠶ᠋ᠢ ᠵᠤᠷᠢᠭᠵᠢᠭᠤᠯᠤᠨ᠎ᠠ ᠃

ᠬᠥᠭ᠌ᠵᠢᠯᠲᠡ ᠶ᠋ᠢᠨ ᠳᠤᠲᠠᠭᠤᠳᠠᠯ ᠢ᠋ ᠱᠢᠶ᠋ᠳᠪᠦᠷᠢᠯᠡᠵᠦ᠍᠂ ᠠᠵᠤ ᠠᠬᠤᠢᠯᠠᠯ ᠤ᠋ᠨ ᠠᠮᠢᠵᠢᠷᠠᠯ ᠤ᠋ᠨ ᠬᠦᠴᠦᠨ ᠢ᠋ ᠪᠠᠳᠠᠷᠠᠭᠤᠯᠤᠨ᠎ᠠ᠃ ᠡᠢᠨ ᠬᠦ᠌ ᠠᠯᠢ ᠣᠯᠠᠨ ᠲᠥᠷᠥ ᠶ᠋ᠢᠨ ᠪᠣᠳᠣᠯᠭ᠎ᠠ ᠶ᠋ᠢᠨ ᠲᠣᠬᠢᠷᠠᠭᠤᠯᠤᠯᠲᠠ ᠨᠢ ᠥᠪᠥᠷ ᠮᠣᠩᠭᠣᠯ ᠤ᠋ᠨ ᠠᠵᠤ ᠦᠶ᠋ᠯᠡᠳᠪᠦᠷᠢ ᠶ᠋ᠢᠨ ᠴᠢᠨᠠᠷ ᠰᠠᠢᠲᠠᠶ ᠬᠥᠭ᠌ᠵᠢᠯᠲᠡ ᠶ᠋ᠢᠨ《ᠪᠤᠷᠤ ᠵᠢᠷᠤᠭ》 ᠢ᠋ ᠵᠢᠷᠤᠭ᠍ᠯᠠᠵᠠᠢ᠃ ᠥᠪᠥᠷ ᠮᠣᠩᠭᠣᠯ ᠶᠠᠭ ᠴᠢᠨᠠᠷ ᠰᠠᠢᠲᠠᠶ ᠬᠥᠭ᠌ᠵᠢᠯᠲᠡ ᠭᠡᠬᠦ᠌ ᠡᠨᠡ ᠬᠦ᠌ ᠱᠠᠭᠠᠷᠳᠠᠯᠭ᠎ᠠ ᠶ᠋ᠢ ᠴᠢᠩᠭ᠎ᠠ ᠡᠵᠡᠮᠳᠡᠨ᠂ ᠬᠠᠷᠠᠯᠲᠠ ᠵᠢᠨ ᠴᠡᠭ ᠢ᠋ ᠣᠨᠢᠯᠠᠨ ᠴᠢᠨᠠᠷ ᠰᠠᠢᠲᠠᠶ ᠬᠥᠭ᠌ᠵᠢᠯᠲᠡ ᠶ᠋ᠢᠨ ᠪᠣᠭᠣᠮᠢ ᠶ᠋ᠢ ᠡᠪᠳᠡᠵᠦ᠍᠂ ᠱᠢᠨ᠎ᠡ ᠴᠠᠭ ᠦᠶ᠎ᠡ ᠶ᠋ᠢᠨ ᠬᠥᠭ᠌ᠵᠢᠯᠲᠡ ᠶ᠋ᠢᠨ ᠱᠢᠨ᠎ᠡ ᠬᠠᠷᠢᠭᠤᠯᠲᠠ ᠶ᠋ᠢᠨ ᠬᠠᠭᠤᠳᠠᠰᠤ ᠶ᠋ᠢ ᠪᠢᠴᠢᠭ᠌ᠯᠡᠬᠦ ᠪᠡᠷ ᠡᠷᠡᠮᠡᠬᠡᠢᠯᠡᠨ ᠴᠢᠷᠮᠠᠢᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠪᠣᠣ ᠮᠧᠢ ᠷᠥᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号