ᠥᠪᠥᠷ
ᠮᠣᠩᠭᠣᠯ᠎ᠤᠨ ᠠᠵᠤ ᠦᠶ᠋ᠯᠡᠳᠪᠦᠷᠢ᠎ᠶ᠋ᠢᠨ ᠠᠵᠤ ᠠᠬᠤᠶ᠎ᠶ᠋ᠢᠨ ᠴᠢᠨᠠᠷ ᠰᠠᠢᠲᠠᠶ ᠬᠥᠭ᠌ᠵᠢᠯᠲᠡ᠎ᠶ᠋ᠢ ᠠᠬᠢᠭᠤᠯᠬᠤ᠎ᠳᠤ
ᠡᠷᠬᠡᠪᠰᠢ ᠭᠤᠤᠯᠳᠠᠯᠭ᠎ᠠ ᠲᠠᠢ ᠡᠭᠦᠷᠭᠡ᠎ᠳᠦ ᠠᠩᠬᠠᠷᠤᠯ᠎ᠢᠶᠠᠨ ᠲᠥᠪᠯᠡᠷᠡᠭᠦᠯᠵᠦ᠍᠂ ᠭᠤᠤᠯᠳᠠᠯᠭ᠎ᠠ᠎ᠲᠠᠶ ᠠᠵᠢᠯ᠎ᠢ ᠰᠠᠢᠲᠤᠷ ᠠᠳᠭᠤᠵᠤ᠂ ᠪᠥᠬᠥ᠌ ᠲᠠᠯ᠎ᠠ ᠡᠴᠡ ᠪᠠᠢᠳᠠᠯ᠎ᠢ ᠲᠥᠯᠥᠪᠵᠢᠭᠦᠯᠵᠦ᠍᠂ ᠵᠠᠩᠭᠢᠯᠠᠭ᠎ᠠ᠎ᠶ᠋ᠢᠨ
ᠭᠠᠵᠠᠷ᠎ᠲᠤ ᠠᠷᠭ᠎ᠠ ᠪᠤᠳᠤᠯᠭ᠎ᠠ ᠬᠡᠷᠡᠭᠵᠢᠭᠦᠯᠵᠤ᠂ ᠪᠦᠲᠦᠴᠡ᠎ᠶ᠋ᠢ
ᠲᠣᠬᠢᠷᠠᠭᠤᠯᠵᠤ᠂ ᠪᠠᠢᠷᠢᠱᠢᠭᠤᠯᠤᠯᠲᠠ᠎ᠶ᠋ᠢ ᠱᠢᠯᠢᠳᠡᠭ᠌ᠵᠢᠭᠦᠯᠵᠦ᠍᠂ ᠠᠵᠤ ᠠᠬᠤᠢᠯᠠᠯ᠎ᠢ ᠲᠡᠳᠬᠦᠵᠦ᠍᠂ ᠬᠡᠯᠬᠢᠶ᠎ᠡ᠎ᠶ᠋ᠢ ᠬᠦᠴᠦᠷᠬᠡᠭ᠌ᠵᠢᠭᠦᠯᠵᠦ᠍᠂
ᠠᠵᠤ ᠦᠶ᠋ᠯᠡᠳᠪᠦᠷᠢ᠎ᠶ᠋ᠢᠨ ᠠᠵᠤ ᠠᠬᠤᠶ᠎ᠶ᠋ᠢᠨ ᠲᠣᠭ᠍ᠲᠠᠭᠤᠨ ᠡᠷᠭᠢᠯᠲᠡ ᠵᠢ ᠠᠬᠢᠭᠤᠯᠵᠤ᠂ ᠶᠠᠰᠤ ᠴᠢᠨᠠᠷ᠎ᠢ ᠳᠡᠭᠡᠭ᠌ᠰᠢᠯᠡᠭᠦᠯᠦᠨ
ᠲᠠᠰ ᠳᠡᠪᠱᠢᠭᠦᠯᠬᠦ᠌ ᠬᠡᠷᠡᠭ᠌ᠲᠡᠶ᠃
ᠪᠥᠬᠥ᠌
ᠣᠷᠣᠨ᠎ᠤ ᠠᠵᠤ ᠦᠶ᠋ᠯᠡᠳᠪᠦᠷᠢ᠎ᠶ᠋ᠢᠨ ᠠᠵᠤ ᠠᠬᠤᠶ᠎ᠶ᠋ᠢᠨ ᠴᠢᠨᠠᠷ ᠰᠠᠢᠲᠠᠶ ᠬᠥᠭ᠌ᠵᠢᠯᠲᠡ᠎ᠶ᠋ᠢᠨ ᠶᠡᠬᠡ ᠬᠤᠷᠠᠯ᠎ᠡᠴᠡ᠂
ᠠᠵᠤ ᠠᠬᠤᠢᠯᠠᠯ᠎ᠢ ᠲᠣᠭ᠍ᠲᠠᠪᠤᠷᠢᠵᠢᠭᠤᠯᠤᠨ ᠬᠤᠳᠠᠯᠳᠤᠭᠠᠴᠢᠨ᠎ᠢ ᠠᠮᠤᠷᠵᠢᠭᠤᠯᠬᠤ ᠵᠢᠨ ᠲᠣᠭᠣᠷᠢᠨ᠎ᠳᠤ᠂ ᠠᠵᠤ ᠦᠶ᠋ᠯᠡᠳᠪᠦᠷᠢ᠎ᠶ᠋ᠢᠨ
ᠠᠵᠤ ᠠᠬᠤᠢᠯᠠᠯ᠎ᠢ ᠬᠠᠪᠰᠤᠷᠤᠨ ᠬᠦᠴᠢᠷᠳᠡᠯ᠎ᠢ᠎ᠨᠢ ᠱᠢᠶ᠋ᠳᠪᠦᠷᠢᠯᠡᠨ ᠥᠭ᠌ᠴᠦ᠂ ᠢᠲᠡᠭᠡᠯ ᠵᠤᠷᠢᠭ᠎ᠢ᠎ᠨᠢ ᠬᠥᠪᠴᠢᠯᠡᠬᠦ᠌
ᠬᠡᠷᠡᠭ᠌ᠲᠡᠶ; ᠱᠢᠯᠢᠳᠡᠭ᠎ᠢ ᠪᠣᠢᠵᠢᠭᠤᠯᠵᠤ
ᠦᠷ᠎ᠡ ᠠᠱᠢᠭ᠎ᠢ ᠨᠡᠮᠡᠭ᠌ᠳᠡᠭᠦᠯᠬᠦ᠌ ᠵᠢᠨ ᠲᠤᠭᠤᠷᠢᠨ ᠳ᠋ᠤ᠂ ᠠᠵᠤ ᠦᠢᠯᠡᠳᠪᠦᠷᠢ᠎ᠶ᠋ᠢᠨ ᠪᠡᠯᠡ ᠣᠷᠣᠭᠤᠯᠤᠯᠲᠠ᠎ᠶ᠋ᠢ ᠲᠣᠭ᠍ᠲᠠᠪᠤᠷᠢᠵᠢᠭᠤᠯᠤᠨ
ᠥᠷᠭᠡᠳᠭᠡᠬᠦ ᠬᠡᠷᠡᠭᠳᠠᠢ; ᠬᠡᠯᠬᠢᠶ᠎ᠡ᠎ᠶ᠋ᠢ ᠨᠥᠬᠥᠪᠥᠷᠢᠯᠡᠵᠦ᠍
ᠬᠡᠯᠬᠢᠶ᠎ᠡ᠎ᠶ᠋ᠢ ᠬᠦᠴᠦᠷᠬᠡᠭ᠌ᠵᠢᠭᠦᠯᠬᠦ᠌᠎ᠶ᠋ᠢᠨ ᠲᠣᠭᠣᠷᠢᠨ᠎ᠳᠤ᠂ ᠠᠵᠤ ᠦᠶ᠋ᠯᠡᠰ᠎ᠦᠨ ᠬᠡᠯᠬᠢᠶ᠎ᠡ᠂ ᠬᠠᠩᠭᠠᠯᠭ᠎ᠠ᠎ᠶ᠋ᠢᠨ ᠬᠡᠯᠬᠢᠶ᠎ᠡ᠎ᠶ᠋ᠢ ᠱᠢᠯᠢᠳᠡᠭ᠌ᠵᠢᠭᠦᠯᠦᠨ ᠲᠣᠭ᠍ᠲᠠᠪᠤᠷᠢᠵᠢᠭᠤᠯᠬᠤ
ᠬᠡᠷᠡᠭ᠌ᠲᠡᠶ; ᠠᠵᠤ ᠦᠶ᠋ᠯᠡᠳᠪᠦᠷᠢᠵᠢᠯᠲᠡ
ᠬᠢᠭᠡᠳ ᠮᠡᠳᠡᠭᠡ ᠵᠠᠩᠭᠢᠵᠢᠯᠲᠠ᠎ᠶ᠋ᠢ ᠠᠭᠤᠰᠤᠯᠴᠠᠭᠤᠯᠬᠤ᠎ᠶ᠋ᠢᠨ ᠲᠣᠭᠣᠷᠢᠨ᠎ᠳᠤ᠂ ᠠᠵᠤ ᠦᠶ᠋ᠯᠡᠳᠪᠦᠷᠢ᠎ᠶ᠋ᠢᠨ ᠲᠣᠭᠠᠴᠢᠯᠠᠯᠳᠠ
ᠲᠡᠢᠰᠢ ᠪᠠᠨ ᠬᠡᠯᠪᠡᠷᠢ᠎ᠪᠡᠨ ᠬᠤᠪᠢᠷᠠᠭᠤᠯᠬᠤ᠎ᠶ᠋ᠢ ᠭᠦᠨᠵᠡᠭᠡᠶ ᠠᠬᠢᠭᠤᠯᠬᠤ ᠬᠡᠷᠡᠭᠳᠠᠢ; ᠡᠨᠧᠷᠭᠢ ᠠᠷᠪᠢᠯᠠᠵᠤ
ᠨᠡᠭᠦᠷᠡᠰᠦᠲᠥ᠋ᠷᠥᠭ᠌ᠴᠢ ᠵᠢᠨ ᠭᠠᠳᠠᠭᠰᠢᠯᠠᠭᠤᠯᠤᠯᠳᠠ ᠵᠢ ᠪᠠᠭᠠᠰᠭᠠᠬᠤ᠎ᠶ᠋ᠢᠨ ᠲᠣᠭᠣᠷᠢᠨ᠎ᠳᠤ᠂ ᠠᠵᠤ ᠦᠶ᠋ᠯᠡᠳᠪᠦᠷᠢ᠎ᠶ᠋ᠢᠨ ᠪᠣᠬᠢᠷᠲᠤᠯ ᠥᠬᠡᠶ ᠪᠠᠭ᠎ᠠ ᠨᠡᠭᠦᠷᠡᠰᠦᠲᠥ᠋ᠷᠥᠭ᠌ᠴᠢᠳᠤ
ᠲᠡᠢᠰᠢ ᠪᠠᠨ ᠬᠡᠯᠪᠡᠷᠢ ᠪᠠᠨ ᠬᠤᠪᠢᠷᠠᠭᠤᠯᠬᠤ ᠵᠢ ᠲᠦᠷᠭᠡᠳᠭᠡᠬᠦ ᠬᠡᠷᠡᠭᠳᠠᠢ; ᠡᠷᠴᠢᠮᠵᠢᠭᠰᠡᠨ ᠥᠨᠳᠥᠷ
ᠪᠦᠲᠦᠮᠵᠢᠲᠡᠶ ᠪᠠᠢᠬᠤ ᠵᠢᠨ ᠲᠣᠭᠣᠷᠢᠨ᠎ᠳᠤ᠂ ᠠᠵᠤ ᠦᠶ᠋ᠯᠡᠳᠪᠦᠷᠢ᠎ᠶ᠋ᠢᠨ
ᠬᠦᠷᠢᠶᠡᠯᠡᠩ ᠲᠣᠭᠣᠷᠢᠭ᠎ᠤᠨ ᠴᠢᠨᠠᠷ ᠰᠠᠢᠲᠠᠶ ᠬᠥᠭ᠌ᠵᠢᠯᠲᠡ᠎ᠶ᠋ᠢ ᠠᠬᠢᠭᠤᠯᠬᠤ ᠬᠡᠷᠡᠭᠳᠠᠢ ᠭᠡᠵᠤ ᠳᠤᠳᠤᠷᠬᠠᠢ
ᠳᠤᠷᠠᠳᠴᠠᠢ᠃ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ᠎ᠦᠨ᠎ᠬᠢᠨ ᠭᠤᠤᠯᠳᠠᠯᠭ᠎ᠠ᠎ᠲᠠᠶ ᠡᠭᠦᠷᠭᠡ᠎ᠳᠦ ᠠᠩᠬᠠᠷᠤᠯ᠎ᠢᠶᠠᠨ
ᠲᠥᠪᠯᠡᠷᠡᠭᠦᠯᠵᠦ᠍᠂ ᠲᠥᠷᠥ᠎ᠶ᠋ᠢᠨ ᠪᠣᠳᠣᠯᠭ᠎ᠠ᠎ᠶ᠋ᠢᠨ ᠨᠠᠢᠳᠠᠪᠤᠷᠢᠵᠢᠭᠤᠯᠤᠯᠲᠠ᠎ᠶ᠋ᠢ ᠴᠢᠩᠭ᠎ᠠ ᠠᠳᠭᠤᠵᠤ᠂ ᠲᠥᠷᠥ᠎ᠶ᠋ᠢᠨ
ᠪᠣᠳᠣᠯᠭ᠎ᠠ᠎ᠶ᠋ᠢ ᠦᠳᠳᠡᠷ ᠲᠦᠷᠭᠡᠨ ᠨᠠᠢᠳᠠᠪᠤᠷᠢᠵᠢᠭᠤᠯᠵᠤ᠂ ᠠᠵᠤ ᠠᠬᠤᠢᠯᠠᠯ᠎ᠳᠤ ᠲᠦᠷᠭᠡᠨ ᠠᠱᠢᠭ ᠬᠦᠷᠲᠡᠭᠡᠬᠦ᠌
ᠵᠢ ᠪᠠᠳᠤᠯᠠᠬᠤ ᠬᠡᠷᠡᠭ᠌ᠲᠡᠶ ᠬᠡᠵᠤ ᠲᠤᠳᠤᠷᠬᠠᠢ ᠵᠢᠭᠠᠵᠤ ᠭᠠᠷᠭᠠᠵᠠᠢ᠃
ᠠᠵᠤ
ᠦᠢᠯᠡᠳᠪᠦᠷᠢ᠎ᠶ᠋ᠢᠨ ᠠᠵᠤ ᠠᠬᠤᠢᠯᠠᠯ ᠪᠣᠯ ᠠᠵᠤ ᠦᠢᠯᠡᠳᠪᠦᠷᠢ᠎ᠶ᠋ᠢᠨ ᠠᠵᠤ ᠠᠬᠤᠢ᠎ᠶ᠋ᠢᠨ ᠬᠤᠮᠠᠬᠢ ᠭᠣᠣᠯ ᠴᠣᠭ᠍ᠴᠠ
ᠮᠥᠨ᠂ ᠠᠵᠤ ᠦᠢᠯᠡᠳᠪᠦᠷᠢ᠎ᠶ᠋ᠢᠨ ᠠᠵᠤ ᠠᠬᠤᠢ᠎ᠶ᠋ᠢᠨ ᠨᠡᠮᠡᠭ᠌ᠳᠡᠯ᠎ᠢ
ᠲᠣᠭ᠍ᠲᠠᠪᠤᠷᠢᠵᠢᠭᠤᠯᠬᠤ ᠭᠡᠰᠡᠨ ᠦᠭᠡᠢ᠂ ᠠᠵᠤ ᠦᠢᠯᠡᠳᠪᠦᠷᠢ᠎ᠶ᠋ᠢᠨ
ᠴᠢᠨᠠᠷ ᠰᠠᠢᠲᠠᠢ ᠬᠥᠭ᠌ᠵᠢᠯᠲᠡ ᠵᠢ ᠠᠬᠢᠭᠤᠯᠬᠤ ᠭᠡᠰᠡᠨ ᠦᠭᠡᠢ᠂ ᠲᠡᠷᠢᠭᠦᠨ ᠴᠢᠬᠤᠯᠠ ᠡᠭᠦᠷᠭᠡ ᠪᠣᠯ ᠴᠦᠮ ᠠᠵᠤ ᠦᠢᠯᠡᠳᠪᠦᠷᠢ᠎ᠶ᠋ᠢᠨ
ᠠᠵᠤ ᠠᠬᠤᠢᠯᠠᠯ᠎ᠢ ᠲᠣᠭ᠍ᠲᠠᠪᠤᠷᠢᠵᠢᠭᠤᠯᠵᠤ᠂ ᠠᠵᠤ ᠦᠢᠯᠡᠳᠪᠦᠷᠢ᠎ᠶ᠋ᠢᠨ ᠠᠵᠤ ᠠᠬᠤᠢᠯᠠᠯ᠎ᠢ ᠪᠤᠵᠠᠭᠠᠢᠷᠠᠭᠤᠯᠵᠤ᠂ ᠠᠵᠤ ᠦᠢᠯᠡᠳᠪᠦᠷᠢ᠎ᠶ᠋ᠢᠨ ᠠᠵᠤ ᠠᠬᠤᠢ᠎ᠶ᠋ᠢᠨ ᠬᠤᠮᠠᠬᠢ ᠭᠣᠣᠯ ᠴᠣᠭ᠍ᠴᠠ᠎ᠶ᠋ᠢᠨ ᠠᠮᠢᠵᠢᠷᠠᠯ᠎ᠤᠨ ᠬᠦᠴᠦᠨ᠎ᠢ ᠨᠡᠮᠡᠭ᠌ᠳᠡᠭᠦᠯᠬᠦ᠌
ᠶᠠᠪᠤᠳᠠᠯ ᠪᠣᠯᠤᠨ᠎ᠠ᠃ ᠡᠢᠮᠦ ᠡᠴᠡ ᠪᠢᠳᠡ ᠪᠦᠬᠦ᠌ ᠠᠵᠤ ᠦᠢᠯᠡᠰ᠎ᠦᠨ ᠬᠡᠯᠬᠢᠶ᠎ᠠ᠎ᠶ᠋ᠢᠨ ᠬᠠᠷᠠᠭᠠᠰᠤ ᠡᠴᠡ ᠠᠵᠤ
ᠠᠬᠤᠢᠯᠠᠯ᠎ᠳᠤ ᠠᠱᠢᠭ ᠬᠦᠷᠲᠡᠭᠡᠵᠦ᠍ ᠠᠵᠤ ᠠᠬᠤᠢᠯᠠᠯ᠎ᠢ ᠲᠣᠭ᠍ᠲᠠᠪᠤᠷᠢᠵᠢᠭᠤᠯᠬᠤ ᠲᠦᠷᠦ᠍᠎ᠶ᠋ᠢᠨ ᠪᠤᠳᠤᠯᠭ᠎ᠠ ᠠᠷᠭ᠎ᠠ
ᠬᠡᠮᠵᠢᠶ᠎ᠠ᠎ᠶ᠋ᠢ ᠰᠤᠳᠤᠯᠤᠨ ᠨᠠᠢᠳᠠᠪᠤᠷᠢᠵᠢᠭᠤᠯᠵᠤ᠂ ᠴᠠᠭ ᠪᠠ ᠪᠠᠢᠳᠠᠯ᠎ᠳᠤ ᠲᠤᠬᠢᠷᠠᠭᠤᠯᠤᠨ ᠨᠡᠩ ᠤᠯᠠᠨ ᠬᠠᠨᠳᠤᠯᠭᠠᠳᠤ
ᠴᠢᠨᠠᠷᠲᠠᠢ ᠬᠠᠪᠰᠤᠷᠤᠨ ᠲᠡᠳᠬᠦᠬᠦ᠌ ᠠᠷᠭ᠎ᠠ ᠬᠡᠮᠵᠢᠶ᠎ᠠ ᠵᠢ ᠲᠣᠭ᠍ᠲᠠᠭᠠᠵᠤ᠂ ᠠᠵᠤ ᠠᠬᠤᠢᠯᠠᠯ᠎ᠢ ᠬᠠᠪᠰᠤᠷᠤᠨ
ᠬᠦᠴᠢᠷᠳᠡᠯ᠎ᠢ ᠨᠢ ᠱᠢᠢᠳᠪᠦᠷᠢᠯᠡᠨ ᠥᠭ᠌ᠴᠦ᠂ ᠢᠲᠡᠭᠡᠯᠵᠤᠷᠢᠭᠢ ᠨᠢ ᠬᠥᠪᠴᠢᠯᠡᠬᠦ᠌ ᠬᠡᠷᠡᠭᠳᠠᠢ᠃ ᠭᠠᠢᠯᠢ ᠰᠦᠢᠳᠭᠡᠯ᠎ᠦᠨ
ᠦᠢᠯᠡᠴᠢᠯᠡᠭᠡ᠎ᠶ᠋ᠢ ᠱᠢᠯᠢᠳᠡᠭ᠌ᠵᠢᠭᠦᠯᠵᠦ᠍᠂ ᠳᠤᠮᠳᠠ ᠪᠠᠭ᠎ᠠ
ᠵᠢᠵᠢᠭ ᠠᠵᠤ ᠠᠬᠤᠢᠯᠠᠯ᠎ᠤᠨ ᠪᠡᠯᠡ ᠬᠤᠷᠠᠮᠳᠤᠭᠤᠯᠬᠤ᠎ᠳᠤ ᠬᠦᠴᠢᠷ ᠪᠠᠢᠬᠤ ᠠᠰᠠᠭᠤᠳᠠᠯ᠎ᠢ ᠤᠯᠠᠮ ᠴᠢᠨᠠᠭ᠍ᠰᠢᠳᠠ
ᠰᠠᠢᠲᠤᠷ ᠱᠢᠢᠳᠪᠦᠷᠢᠯᠡᠵᠦ᠍᠂ ᠵᠤᠷᠢᠭᠤᠳᠠ ᠪᠡᠷ ᠵᠤᠭᠤᠰ ᠦᠷᠢᠳᠦᠬᠦ ᠪᠠ ᠥᠷᠢ ᠱᠢᠷᠢ᠎ᠡᠴᠡ ᠳᠤᠳᠠᠭᠠᠬᠤ ᠠᠵᠢᠯᠯᠠᠭ᠎ᠠ᠎ᠳᠤ
ᠴᠢᠩᠭ᠎ᠠ ᠴᠣᠬᠢᠯᠲᠠ ᠥᠭ᠌ᠴᠦ᠂ ᠬᠤᠳᠠᠯᠳᠤᠭ᠎ᠠ ᠡᠷᠬᠢᠯᠡᠬᠦ᠌ ᠰᠠᠢ᠌ᠨ ᠰᠠᠢᠬᠠᠨ ᠣᠷᠴᠢᠨ ᠨᠦᠬᠦᠴᠡᠯ᠎ᠢᠶᠠᠷ ᠠᠵᠤ ᠦᠢᠯᠡᠳᠪᠦᠷᠢ᠎ᠶ᠋ᠢᠨ
ᠬᠥᠭ᠌ᠵᠢᠯᠲᠡ᠎ᠶ᠋ᠢᠨ 《ᠬᠠᠲᠠᠭᠤ ᠪᠣᠳᠠᠲᠤ ᠬᠦᠴᠦᠨ》 ᠢ᠋ ᠬᠥᠭ᠌ᠵᠢᠭᠡᠬᠦ᠌
ᠬᠡᠷᠡᠭ᠌ᠲᠡᠢ᠃
ᠥᠨᠥᠳᠦᠷ᠎ᠤᠨ
ᠪᠠᠯᠠ ᠣᠷᠣᠭᠤᠯᠤᠯᠲᠠ᠎ᠶ᠋ᠢᠨ ᠪᠦᠲᠦᠴᠡ ᠪᠣᠯ ᠮᠠᠷᠭᠠᠰᠢ᠎ᠶ᠋ᠢᠨ ᠠᠵᠤ ᠦᠢᠯᠡᠰ᠎ᠦᠨ ᠪᠦᠲᠦᠴᠡ᠂ ᠥᠨᠥᠳᠦᠷ ᠤᠨ ᠪᠠᠯᠠ ᠣᠷᠣᠭᠤᠯᠤᠯᠲᠠ᠎ᠶ᠋ᠢᠨ ᠴᠢᠨᠠᠷ ᠴᠢᠨᠰᠠᠭ᠎ᠠ
ᠪᠣᠯ ᠮᠠᠷᠭᠠᠰᠢ᠎ᠶ᠋ᠢᠨ ᠠᠵᠤ ᠦᠢᠯᠡᠰ᠎ᠦᠨ ᠬᠢᠷᠢ ᠲᠦᠪᠱᠢᠨ ᠮᠦᠨ᠃
ᠠᠵᠤ ᠦᠢᠯᠡᠳᠪᠦᠷᠢ᠎ᠶ᠋ᠢᠨ ᠪᠡᠯᠡ ᠣᠷᠣᠭᠤᠯᠤᠯᠲᠠ ᠨᠢ ᠠᠵᠤ ᠠᠬᠤᠢ᠎ᠶ᠋ᠢᠨ ᠶᠠᠰᠤ
ᠴᠢᠨᠠᠷ᠎ᠢ ᠳᠡᠭᠡᠭ᠌ᠰᠢᠯᠡᠭᠦᠯᠵᠦ᠍ ᠦᠷ᠎ᠡ ᠠᠱᠢᠭ᠎ᠢ ᠨᠡᠮᠡᠭ᠌ᠳᠡᠭᠦᠯᠬᠦ᠌᠎ᠳᠦ ᠲᠤᠢᠯ᠎ᠤᠨ ᠴᠢᠬᠤᠯᠠ ᠶᠤᠮ᠂ ᠡᠷᠬᠡᠪᠰᠢ
ᠳᠡᠭᠡᠳᠦ ᠬᠡᠮᠵᠢᠶ᠎ᠠ᠎ᠪᠡᠷ ᠴᠢᠬᠤᠯᠠᠴᠢᠯᠠᠵᠤ᠂ ᠪᠣᠳᠠᠲᠠᠢ ᠠᠳᠭᠤᠵᠤ ᠰᠠᠢᠲᠤᠷ ᠠᠳᠭᠤᠬᠤ ᠬᠡᠷᠡᠭ᠌ᠲᠡᠢ᠃ ᠠᠵᠤ ᠦᠢᠯᠡᠳᠪᠦᠷᠢ᠎ᠶ᠋ᠢᠨ
ᠪᠡᠯᠡ ᠣᠷᠣᠭᠤᠯᠤᠯᠲᠠ᠎ᠶ᠋ᠢ ᠲᠣᠭ᠍ᠲᠠᠪᠤᠷᠢᠵᠢᠭᠤᠯᠤᠨ ᠥᠷᠭᠡᠳᠭᠡᠬᠦ᠌᠎ᠳᠦ᠂ ᠶᠠᠭᠤᠨ ᠤ᠋ ᠡᠮᠦᠨ᠎ᠠ ᠲᠥᠷᠥ᠎ᠶ᠋ᠢᠨ ᠪᠣᠳᠣᠯᠭ᠎ᠠ᠎ᠪᠠᠷ
ᠬᠥᠲᠥᠯᠥᠨ ᠵᠢᠯᠣᠭᠣᠳᠭᠤ᠎ᠶ᠋ᠢ ᠭᠣᠣᠯᠴᠢᠯᠠᠨ ᠴᠢᠩᠭᠠᠳᠭᠠᠵᠤ᠂ ᠡᠭᠦᠨ ᠤ᠋ ᠳᠠᠷᠠᠭᠠᠬᠢ ᠬᠢᠨᠠᠯᠲᠠ ᠬᠠᠮᠢᠶᠠᠷᠤᠯᠲᠠ
ᠪᠣᠯᠤᠨ ᠦᠢᠯᠡᠴᠢᠯᠡᠭᠡ᠎ᠵᠢ ᠰᠠᠢᠲᠤᠷ ᠬᠢᠵᠦ᠍᠂ ᠠᠵᠤ ᠠᠬᠤᠢᠯᠠᠯ᠎ᠤᠨ ᠪᠡᠯᠡ ᠣᠷᠣᠭᠤᠯᠤᠯᠲᠠ᠎ᠶ᠋ᠢᠨ ᠬᠥᠳᠡᠯᠭᠡᠬᠦ᠌
ᠬᠦᠴᠦᠨ ᠪᠣᠯᠤᠨ ᠠᠮᠢᠵᠢᠷᠠᠯ᠎ᠤᠨ ᠬᠦᠴᠦᠨ᠎ᠢ ᠬᠥᠭ᠌ᠵᠢᠭᠡᠬᠦ᠌ ᠬᠡᠷᠡᠭ᠌ᠲᠡᠶ᠃ ᠡᠯ᠎ᠡ ᠱᠠᠲᠤ ᠡᠯ᠎ᠡ ᠰᠠᠯᠠᠭ᠎ᠠ ᠮᠥᠴᠢᠷ᠎ᠦᠳ
ᠪᠠᠯᠠ ᠣᠷᠣᠭᠤᠯᠤᠯᠲᠠ᠎ᠶ᠋ᠢᠨ ᠣᠷᠴᠢᠨ ᠨᠥᠬᠥᠴᠡᠯ᠎ᠢ ᠱᠢᠯᠢᠳᠡᠭ᠌ᠵᠢᠭᠦᠯᠵᠦ᠍᠂ 《ᠨᠢᠭᠡ ᠰᠦᠯᠵᠢᠶ᠎ᠡ᠎ᠪᠡᠷ ᠪᠦᠬᠦᠨ᠎ᠢ
ᠭᠦᠶ᠋ᠴᠡᠳᠭᠡᠬᠦ᠌》 ᠪᠠᠷ ᠲᠥᠷᠥᠯ ᠵᠦᠶ᠋ᠯ᠎ᠢ ᠬᠢᠨᠠᠨ ᠵᠥᠪᠱᠢᠶᠡᠷᠡᠬᠦ᠌ ᠦᠷ᠎ᠡ
ᠪᠦᠲᠦᠮᠵᠢ᠎ᠶ᠋ᠢ ᠳᠡᠭᠡᠭ᠌ᠰᠢᠯᠡᠭᠦᠯᠬᠦ ᠭᠡᠷᠡᠭᠳᠠᠢ; ᠲᠦᠷᠦᠯ ᠵᠦᠢᠯ᠎ᠦᠨ
ᠨᠥᠭᠡᠴᠡ᠎ᠶ᠋ᠢ ᠱᠢᠯᠢᠳᠡᠭ᠌ᠵᠢᠭᠦᠯᠵᠦ᠍᠂ ᠬᠤᠯᠠ ᠤᠢ᠍ᠢᠷ᠎ᠠ᠎ᠶ᠋ᠢ ᠤᠶᠠᠯᠳᠤᠭᠤᠯᠤᠭ᠍ᠰᠠᠨ᠂ ᠱᠠᠳᠤᠯᠢᠭ ᠮᠠᠶᠢᠭ᠎ᠤᠨ
ᠵᠠᠯᠭᠠᠯᠳᠤᠨ ᠦᠷᠬᠦᠯᠵᠢᠯᠡᠭᠰᠡᠨ ᠨᠥᠭᠡᠴᠡ᠎ᠶ᠋ᠢᠨ ᠪᠠᠢᠷᠢᠱᠢᠯ᠎ᠢ ᠪᠦᠷᠢᠯᠳᠦᠭᠦᠯᠬᠦ᠌᠎ᠶ᠋ᠢ ᠠᠬᠢᠭᠤᠯᠬᠤ ᠬᠡᠷᠡᠭ᠌ᠲᠡᠢ᠃
ᠱᠢᠨ᠎ᠡ ᠡᠨᠧᠷᠭᠢ ᠪᠣᠯ ᠣᠳᠣᠬᠠᠨ᠎ᠤ ᠠᠵᠤ ᠦᠶ᠋ᠯᠡᠳᠪᠦᠷᠢ᠎ᠶ᠋ᠢᠨ ᠪᠡᠯᠡ ᠣᠷᠣᠭᠤᠯᠤᠯᠲᠠ᠎ᠶ᠋ᠢᠨ ᠭᠤᠤᠯᠳᠠᠯᠭ᠎ᠠ ᠪᠠ
ᠬᠠᠯᠠᠮᠱᠢᠯ ᠪᠣᠯᠤᠨ᠎ᠠ᠃ ᠪᠠᠢᠯᠳᠤᠬᠤ ᠪᠤᠳᠤᠯᠭ᠎ᠠ᠎ᠶ᠋ᠢᠨ ᠠᠵᠠ ᠲᠣᠬᠢᠶᠠᠯ᠎ᠢ ᠠᠮᠵᠢᠵᠤ᠂ ᠤᠷᠢᠳ᠎ᠢᠶᠡᠷ ᠬᠦᠳᠡᠯᠬᠦ
ᠰᠢᠳᠠᠷ᠎ᠠ ᠵᠢ ᠰᠠᠢᠲᠤᠷ ᠲᠠᠯᠪᠢᠵᠤ᠂ ᠰᠠᠨᠠᠭᠠᠴᠢᠯᠠᠭᠠᠲᠤ ᠳᠠᠢᠯᠠᠯᠳᠤᠭᠠᠨ᠎ᠢ ᠰᠠᠢᠲᠤᠷ ᠬᠢᠵᠦ᠍᠂ ᠱᠢᠨ᠎ᠡ ᠡᠨᠧᠷᠭᠢ᠎ᠶ᠋ᠢ
ᠨᠡᠭᠡᠭᠡᠨ ᠠᠱᠢᠭ᠍ᠯᠠᠬᠤ ᠪᠠ ᠲᠣᠨᠣᠭ᠍ᠯᠠᠯ ᠦᠢᠯᠡᠳᠬᠦ᠌ ᠲᠦᠷᠦᠯ ᠵᠦᠢᠯ᠎ᠦᠨ ᠪᠦᠳᠦᠭᠡᠨ ᠪᠠᠢᠭᠤᠯᠤᠯᠲᠠ᠎ᠶ᠋ᠢ ᠨᠢᠭᠡᠳᠦᠯᠲᠡᠢ
ᠲᠥᠯᠥᠪᠵᠢᠭᠦᠯᠦᠨ ᠠᠬᠢᠭᠤᠯᠬᠤ ᠬᠡᠷᠡᠭ᠌ᠲᠡᠢ᠃ ᠠᠵᠤ ᠠᠬᠤᠢᠯᠠᠯ᠎ᠤᠨ ᠮᠡᠷᠭᠡᠵᠢᠯ᠎ᠦᠨ ᠥᠭᠡᠷᠡᠴᠢᠯᠡᠯᠲᠡ ᠪᠠ ᠲᠥᠬᠥᠭᠡᠷᠦᠮᠵᠢ᠎ᠶ᠋ᠢᠨ
ᠱᠢᠨᠡᠴᠢᠯᠡᠯᠲᠡ᠎ᠶ᠋ᠢ ᠳᠡᠮᠵᠢᠬᠦ᠌ ᠪᠣᠯ ᠠᠵᠤ ᠠᠬᠤᠢ᠎ᠶ᠋ᠢᠨ ᠨᠡᠮᠡᠭ᠌ᠳᠡᠯ᠎ᠢ ᠳᠠᠢᠴᠢᠯᠠᠬᠤ ᠪᠦᠲᠦᠮᠵᠢᠲᠡᠢ ᠠᠷᠭ᠎ᠠ
ᠪᠠᠷᠢᠯ ᠮᠥᠨ᠃ ᠲᠥᠷᠥ᠎ᠶ᠋ᠢᠨ ᠪᠣᠳᠣᠯᠭ᠎ᠠ ᠪᠡᠷ ᠤᠷᠮᠠᠰᠢᠭᠤᠯᠬᠤ ᠵᠢ ᠴᠢᠩᠭᠠᠳᠭᠠᠵᠤ᠂ ᠨᠡᠢᠭᠡᠮ᠎ᠦᠨ ᠬᠥᠷᠥᠩᠭᠡ᠎ᠶ᠋ᠢ
ᠬᠦᠶᠦᠯᠬᠡᠵᠤ᠂ ᠠᠵᠤ ᠦᠶ᠋ᠯᠡᠳᠪᠦᠷᠢ᠎ᠶ᠋ᠢᠨ ᠮᠡᠷᠭᠡᠵᠢᠯ᠎ᠦᠨ ᠥᠭᠡᠷᠡᠴᠢᠯᠡᠯᠲᠡ᠎ᠶ᠋ᠢᠨ ᠪᠠᠯᠠ ᠣᠷᠣᠭᠤᠯᠤᠯᠲᠠ᠎ᠶ᠋ᠢ
ᠨᠡᠮᠡᠭᠳᠡᠬᠦᠯᠬᠦ᠌ ᠬᠡᠷᠡᠭ᠌ᠲᠡᠶ᠃
ᠠᠵᠤ ᠦᠢᠯᠡᠳᠪᠦᠷᠢ᠎ᠶ᠋ᠢᠨ ᠠᠵᠤ ᠠᠬᠤᠢ᠎ᠶ᠋ᠢᠨ ᠴᠢᠨᠠᠷ ᠰᠠᠢᠲᠠᠢ ᠬᠥᠭ᠌ᠵᠢᠯᠲᠡ᠎ᠶ᠋ᠢ
ᠠᠬᠢᠭᠤᠯᠬᠤ᠎ᠳᠤ 《ᠲᠣᠭ᠍ᠲᠠᠭᠤᠨ ᠪᠠᠢᠯᠭᠠᠬᠤ》 ᠬᠣᠷᠢᠭ᠎ᠠ ᠱᠤᠭᠤᠮ᠎ᠢ
ᠪᠠᠲᠤ ᠰᠠᠬᠢᠵᠤ᠂ ᠨᠡᠩ ᠴᠤ᠌ 《ᠤᠷᠤᠭ᠍ᠰᠢᠯᠠᠨ ᠲᠠᠪᠰᠢᠬᠤ》 ᠠᠵᠢᠯ᠎ᠢ ᠰᠠᠢᠲᠤᠷ ᠬᠢᠬᠦ᠌ ᠬᠡᠷᠡᠭ᠌ᠲᠡᠢ᠃ ᠬᠡᠯᠬᠢᠶᠡᠶ᠋ᠢᠨᠥᠬᠥᠪᠥᠷᠢᠯᠡᠵᠦ᠍ᠬᠡᠯᠬᠢᠶᠡᠶ᠋ᠢ
ᠴᠢᠩᠭᠠᠳᠭᠠᠬᠤ᠎ᠶ᠋ᠢᠨ ᠲᠣᠭᠣᠷᠢᠨ᠎ᠳᠤ ᠨᠠᠷᠢᠯᠢᠭ ᠭᠦᠨᠵᠡᠭᠡᠶ ᠡᠳ᠋ᠱᠢᠭᠦᠯᠤᠨ ᠪᠤᠯᠪᠠᠰᠤᠷᠠᠭᠤᠯᠬᠤ᠎ᠶ᠋ᠢ ᠶᠡᠬᠡᠪᠡᠷ
ᠬᠥᠭ᠌ᠵᠢᠭᠦᠯᠵᠦ᠍᠂ ᠨᠠᠷᠢᠯᠢᠭ ᠣᠨᠣᠴᠠᠲᠠᠶ᠎ᠪᠠᠷ ᠠᠷᠠᠯᠵᠢᠶᠠᠴᠢᠨ ᠤᠷᠢᠬᠤ᠎ᠶ᠋ᠢ ᠭᠦᠨᠵᠡᠭᠡᠶ ᠥᠷᠨᠢᠭᠦᠯᠵᠦ᠍᠂ ᠭᠤᠤᠯᠳᠠᠯᠭ᠎ᠠ᠎ᠲᠠᠶ
ᠠᠵᠤ ᠦᠶ᠋ᠯᠡᠰ᠎ᠦᠨ ᠬᠡᠯᠬᠢᠶ᠎ᠡ᠎ᠶ᠋ᠢᠨ ᠲᠦᠭ᠌ᠵᠢᠷᠡᠯ ᠪᠠ ᠬᠣᠷᠢᠭ᠎ᠠ ᠴᠡᠭ᠎ᠢ ᠨᠡᠪᠲᠡᠷᠡᠭᠦᠯᠵᠦ᠍᠂ 《ᠲᠤᠰᠭᠠᠢᠵᠢᠬᠰᠡᠨ ᠨᠠᠷᠢᠯᠢᠭᠵᠢᠬᠰᠡᠨ
ᠤᠨᠴᠠᠯᠢᠬᠵᠢᠭᠰᠡᠨ ᠱᠢᠨ᠎ᠡ》 ᠠᠵᠤ ᠠᠬᠤᠢᠯᠠᠯ᠎ᠢ ᠪᠣᠢᠵᠢᠭᠤᠯᠬᠤ ᠡᠷᠴᠢᠮ᠎ᠢᠶᠡᠨ
ᠴᠢᠩᠭᠠᠷᠠᠭᠤᠯᠵᠤ᠂ ᠠᠵᠤ ᠦᠶ᠋ᠯᠡᠰ᠎ᠦᠨ ᠬᠡᠯᠬᠢᠶ᠎ᠡ ᠵᠢᠡᠴᠦᠰᠤᠨ ᠭᠡᠯᠬᠢᠶ᠎ᠠ ᠲᠡᠢᠰᠢ ᠤᠷᠲᠤᠳᠭᠠᠬᠤ᠂ ᠥᠷᠲᠡᠭ᠎ᠦᠨ
ᠬᠡᠯᠬᠢᠶ᠎ᠡ᠎ᠶ᠋ᠢ ᠳᠤᠮᠳᠠ ᠳᠡᠭᠡᠳᠦ ᠲᠠᠰ ᠲᠡᠢᠰᠢ ᠳᠡᠭᠡᠭ᠌ᠰᠢᠯᠡᠭᠦᠯᠬᠦ᠌᠎ᠶ᠋ᠢ ᠠᠬᠢᠭᠤᠯᠬᠤ ᠬᠡᠷᠡᠭ᠌ᠲᠡᠶ᠃ ᠠᠵᠤ
ᠦᠶ᠋ᠯᠡᠳᠪᠦᠷᠢ᠎ᠶ᠋ᠢᠨ ᠲᠣᠭᠠᠴᠢᠯᠠᠬᠰᠠᠨ ᠲᠡᠢᠰᠢ ᠬᠡᠯᠪᠡᠷᠢ᠎ᠪᠡᠨ ᠬᠤᠪᠢᠷᠠᠭᠤᠯᠬᠤ᠎ᠶ᠋ᠢ ᠭᠦᠨᠵᠡᠭᠡᠶ ᠠᠬᠢᠭᠤᠯᠵᠤ᠂ ᠢᠨᠲ᠋ᠧᠷ ᠰᠦᠯᠵᠢᠶᠡᠨ᠎ᠦ ᠱᠢᠨ᠎ᠡ ᠮᠡᠷᠭᠡᠵᠢᠯ᠎ᠢ ᠭᠦᠶ᠋ᠴᠡᠳ
ᠠᠱᠢᠭ᠍ᠯᠠᠨ ᠤᠯᠠᠮᠵᠢᠯᠠᠯᠲᠤ ᠠᠵᠤ ᠦᠶ᠋ᠯᠡᠰ᠎ᠢ ᠥᠭᠡᠷᠡᠴᠢᠯᠡᠨ ᠳᠡᠭᠡᠭ᠌ᠰᠢᠯᠡᠭᠦᠯᠵᠦ᠍᠂ ᠠᠵᠤ ᠦᠶ᠋ᠯᠡᠰ᠎ᠦᠨ ᠬᠥᠭ᠌ᠵᠢᠯᠲᠡ᠎ᠶ᠋ᠢᠨ ᠱᠢᠨ᠎ᠡ ᠳᠠᠪᠠᠭᠤᠯᠢᠭ ᠱᠢᠨ᠎ᠡ
ᠬᠥᠳᠡᠯᠭᠡᠬᠦ᠌ ᠡᠨᠧᠷᠭᠢ᠎ᠶ᠋ᠢ ᠴᠢᠩᠭᠠᠳᠭᠠᠬᠤ ᠬᠡᠷᠡᠭ᠌ᠲᠡᠶ᠃ ᠠᠵᠤ ᠦᠢᠯᠡᠳᠪᠦᠷᠢ᠎ᠶ᠋ᠢᠨ ᠪᠣᠬᠢᠷᠲᠤᠯ ᠦᠭᠡᠢ ᠪᠠᠭ᠎ᠠ
ᠨᠡᠭᠦᠷᠡᠰᠦᠲᠥ᠋ᠷᠥᠭ᠌ᠴᠢᠳᠤ ᠲᠡᠢᠰᠢ ᠬᠡᠯᠪᠡᠷᠢ᠎ᠪᠡᠨ ᠬᠤᠪᠢᠷᠠᠭᠤᠯᠬᠤ᠎ᠶ᠋ᠢ ᠲᠦᠷᠭᠡᠳᠭᠡᠵᠦ᠍᠂ ᠠᠵᠤ ᠦᠢᠯᠡᠳᠪᠦᠷᠢ᠎ᠶ᠋ᠢᠨ ᠬᠦᠷᠢᠶᠡᠨ᠎ᠳᠡᠬᠢ ᠨᠡᠭᠦᠷᠡᠰᠦᠲᠥ᠋ᠷᠥᠭ᠌ᠴᠢ
ᠵᠢᠨ ᠭᠠᠳᠠᠬᠰᠢᠯᠠᠭᠤᠯᠤᠯᠳᠠ ᠤᠷᠬᠢᠯ ᠬᠡᠮᠵᠢᠭᠳᠡᠯ᠎ᠳᠤ ᠬᠦᠷᠬᠦ ᠠᠵᠢᠯᠯᠠᠭ᠎ᠠ᠎ᠶ᠋ᠢ ᠭᠦᠨᠵᠡᠭᠡᠢ ᠬᠡᠷᠡᠭ᠌ᠵᠢᠭᠦᠯᠵᠦ᠍᠂
ᠵᠠᠷᠢᠮ᠎ᠢ ᠨᠢ ᠪᠠᠲᠤᠯᠠᠵᠤ ᠵᠠᠷᠢᠮ᠎ᠢ ᠨᠢ ᠪᠠᠭᠠᠰᠭᠠᠵᠤ᠂ ᠠᠷᠪᠢᠯᠠᠨ ᠭᠠᠮᠨᠠᠬᠤ᠎ᠶ᠋ᠢ ᠲᠡᠷᠢᠭᠦᠨ᠎ᠳᠦ ᠲᠠᠯᠪᠢᠬᠤ᠎ᠶ᠋ᠢ
ᠪᠠᠷᠢᠮᠲᠠᠯᠠᠵᠤ᠂ ᠡᠨᠧᠷᠭᠢ᠎ᠶ᠋ᠢᠨ ᠬᠣᠷᠣᠭ᠍ᠳᠠᠯ᠎ᠤᠨ ᠬᠣᠣᠰ ᠡᠵᠡᠮᠳᠡᠯ᠎ᠦᠨ ᠲᠦᠷᠢᠮ᠎ᠢ ᠲᠡᠭᠦᠯᠳᠡᠷᠵᠢᠭᠦᠯᠵᠦ᠍᠂
ᠡᠨᠧᠷᠭᠢ᠎ᠶ᠋ᠢᠨ ᠬᠣᠷᠣᠭ᠍ᠳᠠᠯ᠎ᠤᠨ ᠨᠠᠷᠢᠯᠢᠬ᠍ᠵᠢᠭᠤᠯᠤᠭᠰᠠᠨ᠂ ᠨᠠᠷᠢᠯᠢᠭ ᠣᠨᠣᠴᠠᠲᠠᠢ ᠬᠠᠮᠢᠶᠠᠷᠤᠯᠲᠠ᠎ᠶ᠋ᠢᠨ ᠲᠦᠪᠱᠢᠨ᠎ᠢ
ᠳᠡᠭᠡᠭ᠌ᠰᠢᠯᠡᠭᠦᠯᠬᠦ᠌ ᠬᠡᠷᠡᠭ᠌ᠲᠡᠢ᠃ ᠠᠵᠤ ᠦᠢᠯᠡᠳᠪᠦᠷᠢ᠎ᠶ᠋ᠢᠨ ᠬᠦᠷᠢᠶᠡᠯᠡᠩ ᠲᠣᠭᠣᠷᠢᠭ ᠪᠣᠯ ᠠᠵᠤ ᠦᠢᠯᠡᠳᠪᠦᠷᠢ᠎ᠶ᠋ᠢᠨ
ᠴᠢᠨᠠᠷ ᠰᠠᠢᠲᠠᠢ ᠬᠥᠭ᠌ᠵᠢᠯᠲᠡ᠎ᠶ᠋ᠢ ᠠᠬᠢᠭᠤᠯᠬᠤ ᠭᠣᠣᠯ ᠵᠢᠭ᠍ᠰᠠᠭᠠᠯ᠎ᠤᠨ ᠭᠠᠵᠠᠷ ᠮᠥᠨ ᠪᠠᠢᠵᠤ 《ᠮᠦ᠍ ᠪᠦᠷᠢ᠎ᠶ᠋ᠢᠨ ᠤᠨᠠᠯᠲᠠ᠎ᠪᠠᠷ ᠪᠠᠭᠠᠲᠤᠷ᠎ᠢ ᠦᠨᠡᠯᠡᠬᠦ᠌》 ᠤᠳᠤᠷᠢᠳᠤᠮᠵᠢ᠎ᠶ᠋ᠢ ᠴᠢᠩᠭᠠᠳᠭᠠᠵᠤ᠂ ᠠᠵᠤ ᠦᠢᠯᠡᠳᠪᠦᠷᠢ᠎ᠶ᠋ᠢᠨ ᠬᠦᠷᠢᠶᠡᠯᠡᠩ ᠲᠣᠭᠣᠷᠢᠭ᠎ᠤᠨ
ᠦᠢᠯᠡᠳᠦᠯ ᠴᠢᠳᠠᠪᠬᠢ᠎ᠶ᠋ᠢᠨ ᠪᠠᠢᠷᠢ ᠲᠣᠭ᠍ᠲᠠᠭᠠᠯᠲᠠᠶ᠋ᠢᠨᠲᠣᠭᠣᠷᠢᠨᠳᠤᠠᠵᠤᠦᠢᠯᠡᠰᠦᠨᠬᠡᠯᠬᠢᠶᠡᠶ᠋ᠢᠪᠠᠢᠷᠢᠱᠢᠭᠤᠯᠬᠤᠶ᠋ᠢᠠᠬᠢᠭᠤᠯᠵᠤ᠂ᠳᠠᠪᠠᠭᠤᠯᠢᠭ ᠣᠨᠴᠠᠯᠢᠭ᠎ᠲᠠᠭᠠᠨ ᠰᠠᠭᠤᠷᠢᠯᠠᠨ ᠠᠵᠤ ᠦᠢᠯᠡᠰ᠎ᠦᠨ ᠬᠡᠯᠬᠢᠶ᠎ᠡ᠎ᠶ᠋ᠢᠨ
ᠳᠠᠪᠠᠭᠤᠯᠢᠭ᠎ᠢ ᠡᠭᠦᠳᠴᠦ᠍᠂ ᠬᠦᠷᠢᠶᠡᠯᠡᠩ ᠲᠣᠭᠣᠷᠢᠭ᠎ᠤᠨ ᠠᠴᠢᠶᠠᠯᠠᠬᠤ ᠴᠢᠳᠡᠪᠦᠷᠢ ᠵᠢ ᠴᠢᠩᠭᠠᠳᠭᠠᠬᠤ ᠬᠡᠷᠡᠭ᠌ᠲᠡᠢ᠃
ᠶᠡᠬᠡ ᠶᠣᠰᠣᠨ ᠠᠨ᠎ᠤ ᠪᠣᠳᠠᠲᠠᠢ ᠠᠵᠢᠯᠯᠠᠬᠤ ᠳ᠋ᠤᠷ ᠠᠮᠤᠢ᠃ ᠮᠠᠨ᠎ᠤ ᠣᠷᠣᠨ᠎ᠤ
ᠠᠵᠤ ᠦᠶ᠋ᠯᠡᠳᠪᠦᠷᠢ᠎ᠶ᠋ᠢᠨ ᠠᠵᠤ ᠠᠬᠤᠶ᠎ᠶ᠋ᠢᠨ ᠬᠡᠯᠪᠡᠷᠢ᠎ᠪᠡᠨ ᠬᠤᠪᠢᠷᠠᠭᠤᠯᠤᠨ ᠲᠠᠰ ᠳᠡᠪᠱᠢᠭᠦᠯᠬᠦ᠌᠎ᠶ᠋ᠢ ᠡᠷᠬᠡᠪᠰᠢ
ᠬᠢᠬᠦ ᠬᠡᠷᠡᠭᠳᠡᠢ ᠪᠤᠯᠵᠤ᠂ ᠥᠴᠦᠬᠡᠨ ᠴᠦ᠍ ᠬᠣᠢᠱᠢᠯᠠᠭᠤᠯᠵᠤ
ᠪᠣᠯᠬᠤ ᠥᠬᠡᠶ᠃ ᠡᠯ᠎ᠡ ᠱᠠᠲᠤ ᠡᠯ᠎ᠡ ᠰᠠᠯᠠᠭ᠎ᠠ ᠮᠥᠴᠢᠷ᠎ᠦᠨ᠎ᠬᠢᠨ ᠦᠨᠡᠨ ᠬᠦ᠌ ᠠᠳᠭᠤᠬᠤ ᠬᠠᠳᠠᠭᠤ ᠵᠤᠷᠢᠭ᠂ ᠵᠣᠷᠢᠭ᠍ᠲᠠᠶ ᠠᠳᠭᠤᠬᠤ ᠢᠳᠡ ᠬᠦᠴᠦᠨ᠂ ᠴᠢᠳᠠᠮᠠᠭᠠᠶ ᠠᠳᠭᠤᠬᠤ ᠤᠷᠠᠨ ᠠᠷᠭ᠎ᠠ᠂ ᠪᠠᠢᠩᠭᠤ ᠠᠳᠭᠤᠬᠤ ᠬᠠᠲᠠᠨ
ᠵᠣᠷᠢᠭ᠎ᠢᠶᠠᠷ ᠭᠤᠤᠯᠳᠠᠯᠭ᠎ᠠ ᠵᠢ ᠣᠨᠣᠪᠴᠢᠲᠠᠶ ᠲᠠᠨᠢᠵᠤ᠂ ᠨᠠᠢᠳᠠᠪᠤᠷᠢᠵᠢᠭᠤᠯᠤᠯᠲᠠ᠎ᠶ᠋ᠢ ᠴᠢᠩᠭ᠎ᠠ ᠠᠳᠭᠤᠵᠤ᠂ ᠬᠠᠳᠠᠭᠠᠰᠤ
ᠬᠠᠳᠠᠬᠤ ᠵᠣᠷᠢᠭ ᠰᠠᠨᠠᠭ᠎ᠠ᠎ᠪᠠᠷ ᠪᠥᠬᠥ᠌ ᠣᠷᠣᠨ᠎ᠤ ᠠᠵᠤ ᠦᠶ᠋ᠯᠡᠳᠪᠦᠷᠢ᠎ᠶ᠋ᠢᠨ ᠠᠵᠤ ᠠᠬᠤᠶ᠎ᠶ᠋ᠢᠨ ᠴᠦᠬᠦᠷᠡᠰᠢ
ᠦᠭᠡᠢ ᠵᠤᠷᠢᠭ᠎ᠢᠶᠡᠷ ᠬᠦᠴᠢᠷ᠎ᠢ ᠲᠤᠭᠤᠯᠤᠨ ᠰᠢᠨ᠎ᠠ ᠠᠮᠵᠢᠯᠳᠠ ᠡᠭᠦᠳᠴᠦ ᠴᠢᠨᠠᠷ ᠰᠠᠢᠳᠠᠢ ᠬᠥᠭ᠌ᠵᠢᠬᠦ᠌᠎ᠶ᠋ᠢ
ᠠᠬᠢᠭᠤᠯᠬᠤ ᠬᠡᠷᠡᠭ᠌ᠲᠡᠶ᠃