《 ᠶᠡᠷᠦᠩᠬᠡᠢ ᠱᠦᠵᠢ ᠰᠠᠨᠠᠭ᠎ᠠ ᠠᠮᠤᠷ ᠪᠠᠢᠭᠠᠷᠠᠢ᠂ ᠪᠢᠳᠡ ᠠᠨᠠᠷ᠎ᠤᠨ ᠦᠷ᠎ᠡ ᠱᠢᠭ ᠨᠢᠭ᠍ᠲᠠᠷᠠᠨ ᠪᠦᠯᠬᠦᠮᠳᠡᠨ᠎ᠠ ! 》
2022-02-28 09:35:30
ᠵᠣᠬᠢᠶᠠᠭ᠍ᠴᠢ᠄
ᠬᠤᠤ ᠵᠢᠶᠠ ᠯᠢ
ᠣᠩᠱᠢᠭ᠍ᠰᠠᠨ ᠣᠳᠠᠭ᠎ᠠ᠄
★★★☆☆


QQ图片20220228092135.png

 

     ᠪᠦᠬᠦ᠌ ᠤᠯᠤᠰ᠎ᠤᠨ ᠠᠷᠠᠳ᠎ᠤᠨ ᠲᠦᠯᠦᠭᠡᠯᠡᠭ᠌ᠴᠢ ᠨᠠᠷᠠᠨᠳᠤᠶᠠᠭ᠎ᠠ


2018 ᠎ᠣᠨ᠎ᠤ 3 ᠰᠠᠷ᠎ᠠ᠎ᠶ᠋ᠢᠨ 5 ᠤ᠋ ᠡᠳᠦᠷ᠂ ᠥᠪᠥᠷ ᠎ᠮᠣᠩᠭᠣᠯ ᠎ᠤᠨ ᠎ᠥᠪᠡᠷᠲᠡᠭᠡᠨ ᠎ᠵᠠᠰᠠᠬᠤ ᠎ᠣᠷᠣᠨ᠎ᠤ ᠦᠨᠳᠦᠰᠦᠲᠡᠨ᠎ᠨᠦᠭᠦᠳ᠎ᠦᠨ 2400 ᠲᠦᠮᠡᠨ ᠠᠷᠠᠳ ᠲᠦᠮᠡᠨ ᠢ᠋ ᠲᠦᠯᠦᠭᠡᠯᠡᠨ ᠶᠡᠷᠦᠩᠬᠡᠢ ᠱᠦᠵᠢ ᠰᠢ ᠵᠢᠨ ᠫᠢᠩ᠎ᠳᠦ ᠬᠠᠳᠠᠭ ᠡᠷᠬᠦᠪᠡ᠃

2021 ᠣᠨ᠎ᠤ 3 ᠰᠠᠷ᠎ᠠ᠎ᠶ᠋ᠢᠨ 5 ᠤ᠋ ᠡᠳᠦᠷ᠂ ᠶᠡᠷᠦᠩᠬᠡᠶ ᠱᠦᠵᠢ ᠳ᠋ᠤ ᠠᠵᠢᠯ᠎ᠤᠨ ᠬᠠᠷᠢᠭᠤ ᠮᠡᠳᠡᠭᠦᠯᠦᠯᠲᠡ ᠬᠢᠪᠠ᠃

ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠲᠥᠯᠥᠭᠡᠯᠡᠭ᠌ᠴᠢ᠂ ᠪᠠᠶᠠᠨᠨᠠᠭᠤᠷ ᠬᠤᠳᠠ᠎ᠶ᠋ᠢᠨ ᠤᠷᠠᠳ᠎ᠤᠨ ᠡᠮᠦᠨᠡᠲᠦ ᠬᠣᠱᠢᠭᠤᠨ᠎ᠤ ᠮᠣᠩᠭᠣᠯ ᠦᠨᠳᠦᠰᠦᠲᠡᠨ᠎ᠦ ᠪᠠᠭ᠎ᠠ ᠰᠤᠷᠭᠠᠭᠤᠯᠢ᠎ᠶ᠋ᠢᠨ ᠪᠠᠭ᠍ᠰᠢ ᠨᠠᠷᠠᠨᠲᠤᠶᠠᠭ᠎ᠠ᠄ 《ᠡᠨᠡ ᠪᠣᠯ ᠮᠢᠨᠦ᠍ ᠨᠢᠭᠡ ᠨᠠᠰᠤᠨ᠎ᠤ ᠢᠷᠠᠭᠤ ᠠᠯᠳᠠᠷ ᠮᠥᠨ! 》 ᠭᠡᠵᠤ ᠳᠤᠭᠳᠤᠯᠤᠨ ᠬᠡᠯᠡᠪᠠ᠃

ᠡᠨᠡ ᠬᠦ᠌ ᠢᠷᠠᠭᠤ ᠠᠯᠳᠠᠷ ᠨᠢ ᠵᠦᠪᠬᠡᠨ ᠨᠠᠷᠠᠨᠲᠤᠶᠠᠭ᠎ᠠ ᠵᠢᠨ ᠬᠢ ᠯᠠ ᠪᠢᠰᠢ᠂ ᠲᠡᠭᠦᠨ ᠤ᠋ ᠬᠠᠮᠲᠤ ᠠᠵᠢᠯᠯᠠᠬᠰᠠᠳ ᠪᠠ ᠰᠣᠷᠣᠭ᠍ᠴᠢᠳ ᠨᠢ ᠴᠤ᠌ ᠤᠮᠤᠭᠰᠢᠵᠤ᠂ ᠴᠢᠨᠠᠭᠰᠢᠯᠠᠭᠠᠳ ᠲᠡᠭᠦᠨ᠎ᠦ ᠨᠤᠲᠤᠭ ᠤᠰᠤ ᠵᠢᠨ ᠬᠢᠨ ᠴᠤ᠌ ᠳᠤᠭᠳᠤᠯᠤᠨ ᠪᠠᠶᠠᠷᠯᠠᠯᠳᠤᠭᠰᠠᠨ ᠶᠤᠮ᠃

2021 ᠣᠨ᠎ᠤ ᠬᠣᠶᠠᠷ ᠬᠤᠷᠠᠯ ᠲᠡᠭᠦᠰᠴᠤ ᠨᠠᠷᠠᠨᠲᠤᠶᠠᠭ᠎ᠠ ᠨᠤᠲᠤᠭ᠎ᠲᠠᠭᠠᠨ ᠪᠤᠴᠠᠭ᠍ᠰᠠᠨ᠎ᠤ ᠳᠠᠷᠠᠭ᠎ᠠ᠂ ᠪᠠᠢᠭᠤᠯᠭ᠎ᠠ᠂ ᠠᠵᠤ ᠠᠬᠤᠢᠯᠠᠯ᠂ ᠰᠤᠷᠭᠠᠭᠤᠯᠢ ᠵᠡᠷᠭᠡ ᠨᠢᠭᠡᠴᠢ ᠬᠣᠢᠨ᠎ᠠ ᠬᠣᠢᠨ᠎ᠠ᠎ᠡᠴᠡ᠎ᠪᠠᠨ ᠲᠡᠭᠦᠨ᠎ᠢ ᠤᠷᠢᠵᠤ ᠤᠬᠠᠭᠤᠯᠭ᠎ᠠ ᠲᠠᠢᠯᠪᠤᠷᠢᠯᠠᠯᠳᠠ ᠬᠢᠯᠭᠡᠵᠤ᠂ ᠣᠯᠠᠨ᠎ᠢᠶᠠᠷ᠎ᠢᠶᠠᠨ ᠲᠡᠭᠦᠨ᠎ᠦ ᠶᠡᠷᠦᠩᠬᠡᠶ ᠱᠦᠵᠢ᠎ᠳᠦ ᠬᠠᠷᠢᠭᠤ ᠮᠡᠳᠡᠭᠦᠯᠦᠯᠲᠡ ᠬᠢᠬᠦ᠌ ᠦᠶ᠎ᠡ᠎ᠶ᠋ᠢᠨ ᠲᠥᠷᠥᠭ᠌ᠳᠡᠯ᠎ᠢ ᠰᠣᠨᠣᠰᠴᠤ ᠪᠢᠯᠡ᠃

《〈ᠪᠢ ᠪᠣᠯ ᠮᠣᠩᠭᠣᠯ ᠦᠨᠳᠦᠰᠦᠲᠡᠨ᠂ ᠭᠡᠪᠡᠴᠦ᠍ ᠪᠢ ᠶᠠᠭᠤᠨ᠎ᠤ ᠡᠮᠦᠨ᠎ᠡ ᠳᠤᠮᠳᠠᠳᠤ ᠤᠯᠤᠰ᠎ᠤᠨ ᠬᠥᠮᠦᠨ ! 〉 ᠬᠠᠷᠢᠭᠤ ᠮᠡᠳᠡᠭᠦᠯᠦᠯᠲᠡ᠎ᠳᠡᠬᠢ ᠡᠨᠡ ᠦᠭᠡ ᠶᠡᠷᠦᠩᠬᠡᠢ ᠱᠦᠵᠢ ᠵᠢᠨ ᠲᠠᠭᠠᠰᠢᠶᠠᠯ ᠢ᠋ ᠤᠯᠵᠤ᠂ ᠬᠠᠮᠤᠭ᠎ᠤᠨ ᠦᠨᠳᠦᠰᠦᠨ ᠱᠠᠲᠤᠨ᠎ᠤ ᠪᠠᠭ᠍ᠰᠢ᠎ᠶ᠋ᠢᠨ ᠲᠥᠯᠥᠭᠡᠯᠡᠭ᠌ᠴᠢ ᠪᠤᠯᠤᠭᠰᠠᠨ ᠨᠠᠳᠠ ᠳ᠋ᠤ ᠬᠢᠵᠠᠭᠠᠯᠠᠰᠢ ᠦᠭᠡᠢ ᠢᠷᠠᠭᠤ ᠠᠯᠳᠠᠷ ᠪᠣᠯᠤᠭ᠍ᠰᠠᠨ ᠪᠥᠭᠡᠳ ᠡᠨᠡ ᠬᠦ᠌ ᠦᠭᠡ᠎ᠶ᠋ᠢᠨ ᠵᠢᠩᠬᠢᠨᠢ ᠤᠳᠭ᠎ᠠ᠎ᠶ᠋ᠢ ᠳᠠᠬᠢᠨᠲᠠ ᠭᠦᠨᠵᠡᠭᠡᠢ ᠤᠢᠯᠠᠭᠠᠪᠠ》 ᠬᠡᠵᠦ ᠶᠡᠷᠦᠩᠬᠡᠶ ᠱᠦᠵᠢ᠎ᠳᠦ ᠬᠠᠷᠢᠭᠤ ᠮᠡᠳᠡᠭᠦᠯᠬᠦ᠌ ᠦᠶ᠎ᠡ᠎ᠶ᠋ᠢᠨ ᠰᠡᠳᠭᠢᠯᠭᠡ ᠪᠠ ᠲᠥᠷᠥᠭ᠌ᠳᠡᠯ᠎ᠢᠶᠡᠨ ᠨᠠᠷᠠᠨᠲᠤᠶᠠᠭ᠎ᠠ ᠨᠢᠭᠡ ᠵᠢᠯ ᠦᠩᠭᠡᠷᠡᠭᠰᠡᠨ ᠪᠤᠯᠪᠠᠴᠤ ᠲᠣᠪ ᠲᠣᠳᠣᠷᠬᠠᠶ ᠴᠡᠭᠡᠵᠢᠯᠡᠭ᠌ᠰᠡᠭᠡᠷ᠃

ᠨᠠᠷᠠᠨᠲᠤᠶᠠᠭ᠎ᠠ 2018 ᠣᠨ᠎ᠳᠤ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠲᠥᠯᠥᠭᠡᠯᠡᠭ᠌ᠴᠢ᠎ᠪᠡᠷ ᠰᠣᠩᠭᠣᠭ᠍ᠳᠠᠯ᠎ᠠ᠃ ᠲᠡᠷᠡ ᠶᠡᠷᠦᠩᠬᠡᠶ ᠱᠦᠵᠢ᠎ᠶ᠋ᠢᠨ ᠴᠢᠩ ᠰᠡᠳᠭᠢᠯ᠎ᠦᠨ ᠨᠠᠢᠳᠠᠯᠭ᠎ᠠ᠎ᠶ᠋ᠢ ᠢᠮᠠᠭ᠍ᠲᠠ ᠪᠠᠲᠤ ᠴᠡᠭᠡᠵᠢᠯᠡᠵᠦ᠍᠂ ᠠᠴᠢ ᠡᠨᠡᠷᠢᠯ᠎ᠳᠦᠨᠢ ᠲᠠᠯᠠᠷᠬᠠᠬᠤ ᠰᠡᠳᠭᠢᠯᠭᠡ ᠵᠢ ᠡᠪᠦᠷᠯᠡᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠲᠥᠯᠥᠭᠡᠯᠡᠭ᠌ᠴᠢ᠎ᠶ᠋ᠢᠨ ᠣᠭ ᠰᠠᠨᠠᠭ᠎ᠠ ᠪᠣᠯᠤᠨ ᠡᠭᠦᠷᠭᠡ ᠬᠠᠷᠢᠭᠤᠴᠠᠯᠭ᠎ᠠ᠎ᠶ᠋ᠢ ᠦᠶ᠋ᠯᠡᠳᠦᠯᠭᠡᠵᠢᠭᠦᠯᠵᠦ᠍ ᠪᠠᠢᠯ᠎ᠠ᠄ ᠲᠠᠷᠤᠢ᠂ ᠠᠮᠢ ᠠᠬᠤᠶ ᠣᠷᠴᠢᠨ ᠲᠣᠭᠣᠷᠢᠨ᠎ᠤ ᠬᠠᠮᠠᠭᠠᠯᠠᠯᠲᠠ᠎ᠶ᠋ᠢ ᠬᠠᠯᠠᠮᠵᠢᠯᠠᠨ ᠠᠩᠬᠠᠷᠬᠤ᠂ ᠬᠡᠷ ᠪᠦᠯᠢ᠎ᠶ᠋ᠢᠨ ᠰᠤᠷᠭᠠᠨ ᠬᠥᠮᠦᠵᠢᠯ᠎ᠦᠨ ᠡᠷᠡᠭᠦᠯ᠎ᠢᠶᠡᠷ ᠬᠥᠭ᠌ᠵᠢᠬᠦ᠌᠎ᠶ᠋ᠢ ᠠᠬᠢᠭᠤᠯᠬᠤ᠂ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠥᠰᠥᠭ ᠪᠢᠴᠢᠭ᠎ᠢ ᠳᠡᠯᠭᠡᠷᠡᠭᠦᠯᠦᠨ ᠬᠡᠷᠡᠭ᠌ᠯᠡᠬᠦ ᠁ ᠵᠡᠷᠭᠡ ᠪᠤᠢ᠃

ᠡᠭᠦᠨ᠎ᠳᠦ᠂ ᠬᠠᠮᠤᠭ᠎ᠤᠨ ᠪᠠᠶᠠᠷᠯᠠᠭᠤᠱᠢᠲᠠᠶ ᠨᠢ 《 ᠪᠥᠬᠥᠳᠡ ᠨᠠᠢᠷᠠᠮᠳᠠᠬᠤ ᠳᠤᠮᠳᠠᠳᠤ ᠠᠷᠠᠳ ᠤᠯᠤᠰ᠎ᠤᠨ ᠬᠡᠷ ᠪᠦᠯᠢ᠎ᠶ᠋ᠢᠨ ᠰᠤᠷᠭᠠᠨ ᠬᠥᠮᠦᠵᠢᠯ᠎ᠢ ᠠᠬᠢᠭᠤᠯᠬᠤ ᠬᠠᠤᠯᠢ 》 ᠵᠢ ᠡᠨᠡ ᠵᠢᠯ᠎ᠦᠨ 1 ᠰᠠᠷ᠎ᠠ᠎ᠶ᠋ᠢᠨ 1 ᠤ᠋ ᠡᠳᠦᠷ᠎ᠡᠴᠡ ᠡᠬᠢᠯᠡᠵᠦ᠍ ᠬᠡᠷᠡᠭ᠌ᠵᠢᠭᠦᠯᠦᠭᠰᠡᠨ ᠶᠠᠪᠤᠳᠠᠯ ᠪᠤᠯᠤᠨ᠎ᠠ᠃ ᠨᠠᠷᠠᠨᠳᠤᠶᠠᠭ᠎ᠠ ᠭᠡᠷ ᠪᠦᠯᠢ ᠵᠢᠨ ᠰᠤᠷᠭᠠᠨ ᠬᠦᠮᠦᠵᠢᠯ ᠢ᠋ ᠶᠡᠷᠦ ᠡᠴᠡ ᠠᠩᠬᠠᠷᠤᠭᠰᠠᠭᠠᠷ ᠢᠷᠡᠭᠰᠡᠨ ᠪᠦᠭᠡᠳ ᠲᠡᠷᠡ ᠠᠯᠢ ᠡᠷᠲᠡ ᠠᠷᠪᠠᠨ ᠭᠤᠷᠪᠠᠳᠤᠭᠠᠷ ᠬᠤᠭᠤᠴᠠᠭᠠᠨ᠎ᠤ ᠪᠥᠬᠥ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠠᠩᠬᠠᠳᠤᠭᠠᠷ ᠬᠤᠷᠠᠯ᠎ᠳᠤ ᠣᠷᠣᠯᠴᠠᠬᠤ ᠦᠶ᠎ᠡ᠎ᠳᠦ ᠳᠠᠷᠤᠶ ᠬᠡᠷ ᠪᠦᠯᠢ᠎ᠶ᠋ᠢᠨ ᠬᠥᠮᠦᠵᠢᠯ᠎ᠦᠨ ᠲᠤᠬᠠᠶ ᠰᠠᠨᠠᠭᠤᠯᠭ᠎ᠠ ᠳᠤᠷᠠᠳᠴᠠᠢ᠃

ᠪᠥᠬᠥ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠲᠥᠯᠥᠭᠡᠯᠡᠭ᠌ᠴᠢ ᠪᠣᠯᠤᠭ᠍ᠰᠠᠨ᠎ᠤ ᠬᠤᠪᠢ᠎ᠳᠤ᠂ ᠲᠡᠬᠦᠨ᠎ᠤ ᠬᠠᠮᠤᠭ᠎ᠤᠨ ᠶᠡᠬᠡ ᠦᠨ᠎ᠡ ᠥᠷᠲᠡᠭ ᠪᠠ ᠣᠯᠤᠯᠲᠠ ᠭᠡᠪᠡᠯ ᠥᠪᠡᠷ᠎ᠦᠨ ᠳᠤᠷᠠᠳᠤᠭᠰᠠᠨ ᠰᠠᠨᠠᠭᠤᠯᠭ᠎ᠠ᠎ᠳ᠋ᠤᠨᠢ ᠬᠠᠷᠢᠭᠤ ᠲᠤᠰᠬᠠᠯ ᠥᠭ᠌ᠭᠦᠭ᠌ᠰᠡᠨ ᠶᠠᠪᠤᠳᠠᠯ ᠪᠣᠯᠤᠨ᠎ᠠ᠃ 《ᠮᠢᠨᠦ᠍ ᠳᠤᠷᠠᠳᠤᠭᠰᠠᠨ ᠰᠠᠨᠠᠭᠤᠯᠭ᠎ᠠ ᠬᠠᠷᠢᠭᠤ ᠲᠤᠰᠭᠠᠯ ᠣᠯᠵᠤ᠂ ᠮᠢᠨᠦ᠍ ᠬᠠᠷᠢᠭᠤ ᠮᠡᠳᠡᠭᠦᠯᠦᠯᠲᠡ ᠶᠡᠷᠦᠩᠬᠡᠢ ᠱᠦᠵᠢ᠎ᠶ᠋ᠢᠨ ᠵᠥᠪᠱᠢᠶᠡᠷᠡᠯ᠎ᠢ ᠣᠯᠵᠠᠢ᠂ ᠡᠨᠡ ᠪᠣᠯ ᠮᠢᠨᠦ᠍ ᠨᠢᠭᠡ ᠨᠠᠰᠤᠨ᠎ᠤ ᠬᠠᠮᠤᠭ᠎ᠤᠨ ᠪᠠᠶᠠᠷᠯᠠᠭᠤᠱᠢᠲᠠᠢ ᠶᠠᠪᠤᠳᠠᠯ ᠪᠣᠯᠤᠨ᠎ᠠ!》᠂ 《ᠪᠢ ᠠᠷᠠᠳ᠎ᠤᠨ ᠲᠥᠯᠥᠭᠡᠯᠡᠭ᠌ᠴᠢᠳ᠎ᠦᠨ ᠶᠡᠭᠡ ᠬᠤᠷᠠᠯ᠎ᠤᠨ ᠲᠦᠯᠦᠭᠡᠯᠡᠭᠴᠢ ᠵᠢᠨ ᠠᠵᠢᠯ᠎ᠢ ᠦᠷᠭᠦᠯᠵᠢᠯᠡᠨ ᠰᠠᠢᠲᠤᠷ ᠬᠢᠨ᠎ᠠ》 ᠭᠡᠵᠤ ᠨᠠᠷᠠᠨᠳᠤᠶᠠᠭ᠎ᠠ ᠰᠡᠳᠬᠢᠯ ᠲᠤᠬᠳᠤᠯᠤᠨ ᠬᠡᠯᠡᠨ᠎ᠠ᠃

ᠳᠠᠭᠤᠤ ᠬᠥᠭ᠌ᠵᠢᠮ᠎ᠦᠨ ᠪᠠᠭ᠍ᠰᠢ ᠪᠣᠯᠤᠭ᠍ᠰᠠᠨ᠎ᠤ ᠬᠤᠪᠢ᠎ᠳᠤ᠂ ᠨᠠᠷᠠᠨᠲᠤᠶᠠᠭ᠎ᠠ ᠨᠡᠢᠳᠡᠯᠢᠭ ᠬᠡᠯᠡ᠎ᠶ᠋ᠢ ᠤᠷᠤᠰᠤᠮ᠎ᠠ ᠰᠠᠢᠬᠠᠨ ᠶᠠᠷᠢᠳᠠᠭ᠂ ᠡᠨᠡ ᠨᠢ ᠭᠣᠣᠯᠳᠠᠭᠤ ᠲᠡᠭᠦᠨ᠎ᠦ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠦᠰᠦᠭ ᠪᠢᠴᠢᠭ᠎ᠢ ᠪᠠᠷᠢᠮᠲᠠᠯᠠᠨ ᠰᠤᠷᠤᠯᠴᠠᠭ᠍ᠰᠠᠨ᠎ᠡᠴᠡ ᠪᠣᠯᠤᠭ᠍ᠰᠠᠨ ᠶᠤᠮ᠃ ᠲᠡᠷᠡ᠂ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠦᠰᠦᠭ ᠪᠢᠴᠢᠭ᠎ᠢ ᠰᠤᠷᠤᠯᠴᠠᠨ ᠡᠵᠡᠮᠱᠢᠬᠦ᠌ ᠪᠣᠯ ᠦᠨᠳᠦᠰᠦᠲᠡᠨ᠎ᠦ ᠪᠦᠯᠬᠦᠮᠳᠡᠯ᠎ᠦᠨ ᠴᠢᠬᠤᠯᠠ ᠪᠠᠲᠤᠯᠠᠭ᠎ᠠ ᠮᠥᠨ᠂ ᠴᠥᠭᠡᠨ ᠲᠣᠭᠠᠲᠤ ᠦᠨᠳᠦᠰᠦᠲᠡᠨ᠎ᠦ ᠬᠡᠦᠬᠡᠳ᠎ᠲᠦ ᠠᠪᠴᠤ᠌ ᠬᠡᠯᠡᠪᠡᠯ᠂ ᠮᠥᠨ ᠴᠦ᠍ ᠲᠡᠳᠡᠨ᠎ᠦ ᠨᠡᠩ ᠶᠡᠬᠡ ᠬᠥᠭ᠌ᠵᠢᠯᠲᠡ᠎ᠶ᠋ᠢᠨ ᠣᠷᠣᠨ ᠵᠠᠢ ᠵᠢ ᠤᠯᠬᠤ ᠴᠢᠬᠤᠯᠠ ᠬᠡᠪ ᠪᠣᠯᠪᠠᠰᠤᠷᠠᠯ ᠪᠣᠯᠤᠨ᠎ᠠ ᠭᠡᠪᠡ᠃

ᠶᠡᠷᠦᠩᠬᠡᠢ ᠱᠦᠵᠢ ᠰᠢ ᠵᠢᠨ ᠫᠢᠩ᠂ ᠰᠣᠶᠣᠯ᠎ᠤᠨ ᠬᠠᠮᠲᠤ᠎ᠶ᠋ᠢᠨ ᠲᠠᠨᠢᠯᠲᠠ ᠪᠣᠯ ᠬᠠᠮᠤᠭ᠎ᠤᠨ ᠭᠦᠨ ᠳᠠᠪᠬᠤᠷᠭ᠎ᠠ᠎ᠶ᠋ᠢᠨ ᠬᠠᠮᠲᠤ᠎ᠶ᠋ᠢᠨ ᠲᠠᠨᠢᠯᠲᠠ ᠮᠥᠨ᠂ ᠦᠨᠳᠦᠰᠦᠲᠡᠨ᠎ᠦ ᠪᠦᠯᠬᠦᠮᠳᠡᠯ᠎ᠦᠨ ᠦᠨᠳᠦᠰᠦ᠂ ᠦᠨᠳᠦᠰᠦᠲᠡᠨ᠎ᠦ ᠡᠶ᠎ᠡ ᠵᠣᠬᠢᠴᠠᠩᠭᠤᠢ᠎ᠪᠠᠢᠬᠤ ᠶ᠋ᠢᠨ ᠰᠦᠭ ᠰᠦᠨᠡᠰᠦ ᠮᠥᠨ ᠭᠡᠵᠤ ᠴᠢᠬᠤᠯᠠᠴᠢᠯᠠᠪᠠ᠃

ᠡᠭᠦᠨ᠎ᠦ ᠲᠤᠬᠠᠢ ᠨᠠᠷᠠᠨᠲᠤᠶᠠᠭ᠎ᠠ᠄《ᠦᠨᠳᠦᠰᠦᠲᠡᠨ᠎ᠦ ᠪᠦᠯᠬᠦᠮᠳᠡᠯ ᠨᠢ ᠦᠭᠡ ᠬᠡᠯᠡᠨ᠎ᠦ ᠨᠡᠪᠲᠡᠷᠡᠯᠴᠡᠭᠡ᠎ᠡᠴᠡ ᠰᠠᠯᠵᠤ ᠴᠢᠳᠠᠬᠤ ᠦᠭᠡᠢ᠃ ᠬᠡᠦᠬᠡᠳ ᠪᠣᠯ ᠤᠯᠤᠰ᠎ᠤᠨ ᠢᠷᠡᠭᠡᠳᠦᠢ ᠮᠥᠨ᠂ ᠰᠤᠷᠭᠠᠭᠤᠯᠢ ᠪᠣᠯ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠦᠰᠦᠭ ᠪᠢᠴᠢᠭ᠎ᠢ ᠳᠡᠯᠭᠡᠷᠡᠭᠦᠯᠦᠨ ᠲᠦᠭᠡᠮᠡᠯᠵᠢᠭᠦᠯᠬᠦ᠌ ᠴᠢᠬᠤᠯᠠ ᠵᠢᠭ᠍ᠰᠠᠭᠠᠯ᠎ᠤᠨ ᠭᠠᠵᠠᠷ ᠮᠥᠨ᠂ ᠪᠠᠭ᠍ᠰᠢ ᠪᠣᠯ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠦᠰᠦᠭ ᠪᠢᠴᠢᠭ᠎ᠢ ᠳᠡᠯᠭᠡᠷᠡᠭᠦᠯᠦᠨ ᠲᠦᠭᠡᠮᠡᠯᠵᠢᠭᠦᠯᠬᠦ᠌ ᠴᠢᠬᠤᠯᠠ ᠬᠥᠮᠦᠰ ᠮᠥᠨ᠃ ᠪᠠᠭ᠍ᠰᠢ ᠨᠢᠭᠡ ᠪᠦᠷᠢ ᠴᠥᠮ ᠬᠡᠦᠬᠡᠳ᠎ᠢ ᠰᠤᠷᠭᠠᠨ ᠬᠥᠮᠦᠵᠢᠭᠦᠯᠵᠦ᠍ ᠬᠦᠳᠦᠯᠦᠨ ᠵᠢᠯᠣᠭᠣᠳᠴᠤ᠌ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠦᠰᠦᠭ ᠪᠢᠴᠢᠭ᠎ᠢ ᠬᠡᠷᠡᠭ᠌ᠯᠡᠬᠦ᠌ ᠎ᠴᠢᠳᠠᠪᠤᠷᠢ ᠎ᠶ᠋ᠢ ᠨᠢ ᠳᠡᠭᠡᠭ᠌ᠰᠢᠯᠡᠭᠦᠯᠵᠦ᠍᠂ ᠦᠨᠳᠦᠰᠦᠲᠡᠨ᠎ᠦ ᠪᠦᠯᠬᠦᠮᠳᠡᠯ᠎ᠦᠨ ᠦᠷ᠎ᠡ᠎ᠶ᠋ᠢ ᠬᠡᠦᠬᠡᠳ᠎ᠦᠨ᠎ᠰᠡᠳᠭᠢᠯ᠎ᠳᠦ ᠦᠨᠳᠦᠰᠦᠯᠡᠭᠦᠯᠦᠨ ᠰᠣᠶᠣᠭᠠᠯᠠᠭᠤᠯᠪᠡᠯ ᠵᠤᠬᠢᠨ᠎ᠠ 》 ᠭᠡᠵᠤ ᠬᠦᠨ ᠰᠡᠳᠬᠢᠯᠬᠡ ᠲᠠᠢ ᠬᠡᠯᠡᠪᠠ᠃

ᠠᠳᠠᠯᠢᠬᠠᠨ ᠦᠰᠦᠭ ᠪᠢᠴᠢᠭ᠂ ᠠᠳᠠᠯᠢᠬᠠᠨ ᠦᠭᠡ ᠬᠡᠯᠡ᠂ ᠠᠳᠠᠯᠢᠬᠠᠨ ᠰᠡᠳᠬᠢᠯ ᠲᠠᠢ ᠪᠠᠢᠬᠤ ᠭᠡᠷᠡᠭᠳᠠᠢ᠂ ᠦᠭᠡ ᠬᠡᠯᠡ ᠦᠰᠦᠭ ᠪᠢᠴᠢᠭ ᠪᠣᠯ ᠰᠡᠳᠭᠢᠯ ᠰᠠᠨᠠᠭ᠎ᠠ᠎ᠪᠠᠨ ᠨᠡᠪᠲᠡᠷᠡᠯᠴᠡᠬᠦ᠌ ᠬᠥᠭᠥᠷᠭᠡ ᠮᠥᠨ᠃ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠦᠰᠦᠭ ᠪᠢᠴᠢᠭ᠎ᠢ ᠳᠡᠯᠭᠡᠷᠡᠭᠦᠯᠦᠨ ᠲᠦᠭᠡᠮᠡᠯᠵᠢᠭᠦᠯᠬᠦ᠌ ᠨᠢ ᠰᠡᠳᠭᠢᠯ ᠤ᠋ᠨ ᠰᠣᠯᠢᠯᠴᠠᠭᠠᠨ᠎ᠤ ᠬᠠᠷᠰᠢ ᠰᠠᠭᠠᠳ᠎ᠢ ᠠᠷᠢᠯᠭᠠᠵᠤ᠂ ᠣᠢᠯᠠᠭᠠᠯᠴᠠᠭ᠎ᠠ᠎ᠪᠠᠨ ᠭᠦᠨᠵᠡᠭᠡᠢᠷᠡᠭᠦᠯᠵᠦ᠍᠂ ᠬᠠᠷᠢᠯᠴᠠᠨ ᠬᠦᠨᠳᠦᠳᠭᠡᠵᠦ᠍᠂ ᠦᠨᠳᠦᠰᠦᠲᠡᠨ᠎ᠨᠦᠭᠦᠳ᠎ᠦᠨ ᠦᠷᠳᠡᠭ᠎ᠦᠨ ᠬᠠᠷᠢᠯᠴᠠᠨ ᠨᠡᠪᠲᠡᠷᠡᠯᠴᠡᠬᠦ᠌᠂ ᠲᠠᠨᠢᠯᠳᠠ ᠬᠠᠷᠢᠯᠴᠠᠨ ᠨᠢᠭᠡᠳᠦᠯᠳᠡᠢ ᠪᠠᠢᠬᠤ᠂ ᠬᠥᠮᠦᠰ᠎ᠦᠨ ᠰᠡᠳᠭᠢᠯ᠎ᠢ ᠨᠢᠬᠳᠠᠷᠠᠭᠤᠯᠬᠤ᠂ ᠤᠶᠤᠨ ᠰᠠᠨᠠᠭᠠᠨ ᠤ᠋ ᠲᠠᠯ᠎ᠠ ᠪᠡᠷ ᠎ᠬᠠᠷᠢᠯᠴᠠᠨ ᠲᠦᠱᠢᠯᠴᠡᠬᠦ᠌ ᠵᠢ ᠠᠬᠢᠭᠤᠯᠵᠤ ᠴᠢᠳᠠᠨ᠎ᠠ᠃ ᠨᠠᠷᠠᠨᠲᠤᠶᠠᠭ᠎ᠠ᠄ 《ᠦᠨᠳᠦᠰᠦᠲᠡᠨ᠎ᠦ ᠪᠦᠯᠬᠦᠮᠳᠡᠯ ᠪᠣᠯ ᠦᠨᠳᠦᠰᠦᠲᠡᠨ᠎ᠨᠦᠭᠦᠳ᠎ᠦᠨ ᠠᠷᠠᠳ ᠲᠦᠮᠡᠨ᠎ᠦ ᠠᠮᠢᠨ ᠰᠤᠳᠠᠰᠤ ᠮᠥᠨ᠂ ᠦᠨᠳᠦᠰᠦᠲᠡᠨ᠎ᠦ ᠪᠦᠯᠬᠦᠮᠳᠡᠯ᠎ᠢ ᠬᠠᠮᠠᠭᠠᠯᠠᠬᠤ ᠪᠣᠯ ᠮᠠᠨ᠎ᠤ ᠬᠠᠮᠲᠤ᠎ᠶ᠋ᠢᠨ ᠬᠠᠷᠢᠭᠤᠴᠠᠯᠭ᠎ᠠ ᠮᠥᠨ᠃ ᠶᠡᠷᠦᠩᠬᠡᠶ ᠱᠦᠵᠢ ᠰᠠᠨᠠᠭ᠎ᠠ ᠠᠮᠤᠷ ᠪᠠᠢᠭᠠᠷᠠᠶ᠂ ᠪᠢᠳᠡ ᠬᠡᠵᠢᠶ᠎ᠡ ᠴᠦ᠍ ᠬᠡᠰᠡᠨ ᠠᠨᠠᠷ᠎ᠤᠨ ᠦᠷ᠎ᠠ ᠱᠢᠭ ᠨᠢᠭ᠍ᠲᠠᠷᠠᠨ ᠪᠦᠯᠬᠦᠮᠳᠡᠨ᠎ᠠ! 》 ᠭᠡᠪᠡ᠃

ᠪᠥᠬᠥ᠌ ᠤᠯᠤᠰ᠎ᠤᠨ ᠬᠣᠶᠠᠷ ᠬᠤᠷᠠᠯ ᠤᠳᠠᠯ ᠥᠬᠡᠶ ᠬᠤᠷᠠᠯᠳᠤᠬᠤ᠎ᠬᠡᠵᠤ ᠪᠣᠶ᠂ ᠨᠠᠷᠠᠨᠲᠤᠶᠠᠭ᠎ᠠ ᠡᠳᠦᠷ ᠪᠦᠷᠢ ᠬᠣᠶᠠᠷ ᠬᠤᠷᠠᠯ ᠳ᠋ᠤ ᠳᠡᠪᠰᠢᠭᠦᠯᠬᠦ ᠰᠠᠨᠠᠭᠤᠯᠭ᠎ᠠ ᠪᠠᠨ ᠨᠠᠷᠢᠨ ᠬᠢᠨᠠᠮᠠᠭᠠᠶ ᠡᠮᠬᠢᠯᠡᠵᠦ᠍᠂ ᠲᠡᠷᠡ ᠣᠯᠠᠨ ᠲᠦᠮᠡᠨ᠎ᠦ ᠬᠦᠰᠡᠯ ᠡᠷᠡᠮᠡᠯᠵᠡᠯ᠎ᠢ ᠠᠪᠴᠤ᠂ ᠱᠢᠨ᠎ᠡ ᠠᠶᠠᠨ ᠳ᠋ᠠᠭᠠᠨ ᠮᠣᠷᠳᠠᠵᠤ᠂ ᠱᠢᠨ᠎ᠡ ᠵᠢᠳᠬᠦᠯ ᠴᠢᠷᠮᠠᠢᠯᠭ᠎ᠠ ᠭᠠᠷᠭᠠᠬᠤ ᠪᠣᠯᠤᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠪᠣᠣ ᠮᠧᠢ ᠷᠥᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠬᠠᠮᠢᠶ᠎ᠡ ᠪᠦᠬᠦᠢ ᠰᠣᠨᠢᠨ

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号