ᠬᠡᠬᠦᠳᠡᠭ ᠴᠡᠭᠡᠵᠢᠨ ᠳ᠋ᠡᠭᠡᠨ ᠤᠯᠤᠰ ᠤ᠋ᠨ ᠶᠡᠬᠡ ᠶᠠᠪᠤᠳᠠᠯ ᠢ᠋ ᠪᠠᠭᠲᠠᠭᠠᠵᠤ ᠬᠥᠬᠡᠮᠳᠦᠭ ᠨᠤᠭᠤᠭᠠᠨ ᠠᠭᠤᠯᠠ ᠤᠰᠤ ᠵᠢ ᠰᠠᠬᠢᠨ ᠬᠠᠮᠠᠭᠠᠯᠠᠨ᠎ᠠ
2022-02-28 09:25:20
ᠵᠣᠬᠢᠶᠠᠭ᠍ᠴᠢ᠄
ᠬ᠍ᠣ ᠹᠠᠩ ᠾᠦᠸᠧ ᠰᠢᠶᠣᠤ ᠴᠢᠩ
ᠣᠩᠱᠢᠭ᠍ᠰᠠᠨ ᠣᠳᠠᠭ᠎ᠠ᠄
★★★☆☆

ᠡᠬᠡ ᠤᠯᠤᠰ ᠤ᠋ᠨ ᠭᠠᠵᠠᠷ ᠤ᠋ᠨ ᠵᠢᠷᠤᠭ ᠳᠡᠭᠡᠷ᠎ᠡ ᠥᠪᠥᠷ ᠮᠣᠩᠭᠣᠯ ᠶᠠᠭ ᠯᠠ ᠤᠷᠤᠭᠰᠢ ᠳᠠᠪᠬᠢᠭ᠎ᠠ 《ᠠᠵᠢᠨᠠᠢ ᠬᠦᠯᠦᠭ》 ᠮᠡᠲᠦ ᠪᠠᠢᠵᠤ᠂ ᠬᠥᠬᠡᠮᠳᠦᠭ ᠨᠣᠭᠣᠭᠠᠨ ᠠᠭᠤᠯᠠ ᠤᠰᠤ ᠵᠢ ᠠᠴᠢᠶᠠᠯᠠᠨ ᠦᠤᠷᠰᠡᠨ᠎ᠠ᠃ ᠡᠨᠡ ᠬᠦ᠌ ᠬᠥᠬᠡᠮᠳᠦᠭ ᠨᠣᠭᠣᠭᠠᠨ ᠠᠭᠤᠯᠠ ᠤᠰᠤ ᠪᠤᠯ ᠪᠦᠬᠦ ᠣᠷᠣᠨ ᠤ᠋ ᠦᠨᠳᠦᠰᠦᠲᠡᠨ ᠨᠦ᠍ᠭᠦᠳ ᠤ᠋ᠨ ᠠᠷᠠᠳ ᠲᠦᠮᠡᠨ ᠤ᠋ ᠣᠷᠣᠰᠢᠨ ᠲᠣᠭᠲᠠᠨᠢᠬᠤ ᠪᠠ ᠬᠥᠭᠵᠢᠬᠦ ᠲᠠᠢ ᠬᠤᠯᠪᠤᠭᠳᠠᠭᠰᠠᠨ᠂ ᠭᠦᠨ ᠵᠤᠵᠠᠭᠠᠨ ᠬᠠᠢᠷ᠎ᠠ ᠰᠡᠳᠭᠢᠯᠭᠡ ᠪᠠᠨ ᠰᠢᠩᠬᠡᠬᠡᠭᠰᠡᠨ ᠦᠵᠡᠰᠭᠦᠯᠡᠩᠳᠤ ᠰᠠᠢᠬᠠᠨ ᠭᠡᠷ ᠣᠷᠣᠨ ᠪᠣᠯᠬᠤ ᠪᠠᠷ ᠪᠠᠷᠠᠬᠤ ᠦᠭᠡᠢ ᠪᠠᠰᠠ ᠤᠮᠠᠷᠠᠲᠤ ᠣᠷᠣᠨ᠂ ᠵᠡᠭᠦᠨ ᠬᠣᠢᠲᠤ ᠣᠷᠣᠨ᠂ ᠪᠠᠷᠠᠭᠤᠨ ᠬᠣᠢᠲᠤ ᠣᠷᠣᠨ᠂ ᠴᠢᠨᠠᠭᠰᠢᠯᠠᠪᠠᠯ ᠪᠦᠬᠦ ᠤᠯᠤᠰ ᠤ᠋ᠨ ᠠᠮᠢ ᠠᠬᠤᠢ ᠵᠢᠨ ᠠᠮᠤᠷ ᠲᠦᠪᠰᠢᠨ ᠲᠠᠢ ᠴᠦ᠍ ᠬᠣᠯᠪᠣᠭᠳᠠᠬᠤ ᠠᠵᠢ᠃

《ᠥᠪᠥᠷ ᠮᠣᠩᠭᠣᠯ ᠶᠡᠬᠡ ᠲᠠᠯ᠎ᠠ ᠵᠢ ᠡᠷᠬᠢᠮᠯᠡᠨ᠂ ᠡᠭᠦᠷᠭᠡ ᠬᠠᠷᠢᠭᠤᠴᠠᠯᠭ᠎ᠠ ᠡᠭᠦᠷᠭᠡᠯᠡᠬᠦ ᠳ᠋ᠦ᠍ ᠡᠷᠬᠡᠪᠰᠢ ᠤᠯᠤᠰ ᠤ᠋ᠨ ᠠᠮᠢ ᠠᠬᠤᠢ ᠵᠢᠨ ᠠᠮᠤᠷ ᠲᠦᠪᠰᠢᠨ ᠢ᠋ ᠬᠠᠮᠠᠭᠠᠯᠠᠬᠤ ᠴᠢᠬᠤᠯᠠ ᠶᠡᠬᠡ ᠤᠯᠤᠰ ᠲᠥᠷᠥ ᠵᠢᠨ ᠬᠠᠷᠢᠭᠤᠴᠠᠯᠭ᠎ᠠ ᠵᠢ ᠡᠭᠦᠷᠭᠡᠯᠡᠵᠦ ᠰᠠᠢᠲᠤᠷ ᠭᠦᠢᠴᠡᠳᠭᠡᠬᠦ ᠬᠡᠷᠡᠭᠲᠡᠢ》 ᠭᠡᠵᠤ ᠥᠪᠡᠷᠲᠡᠭᠡᠨ ᠵᠠᠰᠠᠬᠤ ᠣᠷᠣᠨ ᠤ᠋ ᠠᠷᠪᠠᠨ ᠨᠢᠭᠡᠳᠦᠭᠡᠷ ᠤᠳᠠᠭ᠎ᠠ ᠵᠢᠨ ᠨᠠᠮ ᠤ᠋ᠨ ᠲᠥᠯᠥᠭᠡᠯᠡᠭᠴᠢᠳ ᠤ᠋ᠨ ᠶᠡᠬᠡ ᠬᠤᠷᠠᠯ ᠡᠴᠡ ᠨᠡᠢᠭᠡᠮ ᠵᠢᠷᠤᠮᠳᠤ ᠣᠳᠣᠬᠢᠴᠢᠯᠠᠭᠰᠠᠨ ᠤᠯᠤᠰ ᠢ᠋ ᠪᠦᠬᠦ ᠲᠠᠯ᠎ᠠ ᠪᠠᠷ ᠪᠦᠲᠦᠭᠡᠨ ᠪᠠᠢᠭᠤᠯᠬᠤ ᠰᠢᠨ᠎ᠡ ᠠᠶᠠᠨ ᠵᠠᠮ ᠳ᠋ᠠᠬᠢ ᠥᠪᠥᠷ ᠮᠣᠩᠭᠣᠯ ᠤ᠋ᠨ ᠴᠢᠬᠤᠯᠠ ᠶᠡᠬᠡ ᠬᠠᠷᠢᠭᠤᠴᠠᠯᠭ᠎ᠠ ᠪᠣᠯᠤᠨ ᠢᠷᠠᠭᠤ ᠠᠯᠳᠠᠷᠲᠤ ᠡᠭᠦᠷᠭᠡ ᠵᠢ ᠴᠢᠨᠠᠭᠰᠢᠳᠠ ᠲᠣᠳᠣᠷᠬᠠᠢᠯᠠᠪᠠ᠃ ᠡᠨᠡ ᠨᠢ ᠮᠥᠨ ᠴᠥ᠍ ᠨᠠᠮ ᠪᠣᠯᠤᠨ ᠤᠯᠤᠰ ᠤ᠋ᠨ ᠠᠵᠢᠯ ᠤ᠋ᠨ ᠶᠡᠬᠡ ᠲᠠᠯ᠎ᠠ ᠡᠴᠡ ᠡᠭᠦᠰᠦᠨ᠂ ᠬᠡᠬᠦᠳᠡᠭ ᠴᠡᠬᠡᠵᠢᠨ ᠳ᠋ᠡᠬᠡᠨ 《ᠤᠯᠤᠰ ᠤ᠋ᠨ ᠶᠡᠬᠡ ᠶᠠᠪᠤᠳᠠᠯ》 ᠢ᠋ ᠪᠠᠭᠲᠠᠭᠠᠵᠤ᠂ 《ᠤᠯᠤᠰ ᠤ᠋ᠨ ᠶᠡᠬᠡ ᠶᠠᠪᠤᠳᠠᠯ》 ᠤ᠋ᠨ ᠳᠤᠮᠳᠠ ᠡᠴᠡ ᠣᠯᠤᠭᠰᠠᠨ ᠦᠪᠤᠷ ᠮᠤᠩᠭᠤᠯ ᠤ᠋ᠨ ᠲᠤᠬᠠᠢ ᠪᠠᠢᠷᠢ ᠲᠣᠭᠲᠠᠭᠠᠯᠲᠠ ᠪᠤᠯᠬᠤ ᠶᠤᠮ᠃

ᠡᠭᠦᠷᠭᠡ ᠬᠠᠷᠢᠭᠤᠴᠠᠯᠭ᠎ᠠ ᠪᠠᠨ ᠵᠣᠷᠢᠭᠲᠠᠢ ᠡᠭᠦᠷᠭᠡᠯᠡᠵᠦ᠂ ᠡᠷᠡᠰ ᠪᠠᠳᠤ ᠪᠡᠷ ᠤᠷᠤᠭᠰᠢᠯᠠᠨ᠎ᠠ᠃ ᠶᠡᠷᠦᠩᠬᠡᠢ ᠱᠦᠵᠢ ᠰᠢ ᠵᠢᠨ ᠫᠢᠩ ᠤ᠋ᠨ ᠴᠢᠬᠤᠯᠠ ᠵᠢᠭᠠᠪᠤᠷᠢ ᠵᠢᠨ ᠵᠤᠷᠢᠭ ᠰᠠᠨᠠᠭ᠎ᠠ ᠪᠤᠯᠤᠨ ᠨᠠᠮ ᠤ᠋ᠨ ᠲᠦᠪ ᠬᠤᠷᠢᠶᠠᠨ ᠤ᠋ ᠪᠠᠢᠯᠳᠤᠬᠤ ᠪᠤᠳᠤᠯᠭ᠎ᠠ ᠵᠢᠨ ᠪᠠᠢᠷᠢᠯᠠᠭᠤᠯᠤᠯᠳᠠ ᠵᠢ ᠨᠠᠢᠳᠠᠪᠤᠷᠢᠵᠢᠭᠤᠯᠵᠤ᠂ ᠪᠠᠭᠠᠲᠤᠷ ᠡᠷ᠎ᠡ ᠪᠠᠭᠤᠤ ᠪᠠᠨ ᠴᠠᠪᠴᠢᠬᠤ ᠰᠥᠰᠥ ᠵᠣᠷᠢᠭ ᠵᠢᠨᠷ ᠠᠮᠢ ᠠᠬᠤᠢ ᠣᠷᠴᠢᠨ ᠲᠣᠭᠣᠷᠢᠨ ᠢ᠋ ᠬᠣᠬᠢᠷᠠᠭᠤᠯᠬᠤ ᠴᠢᠨᠠᠭᠰᠢᠯᠠᠪᠠᠯ ᠡᠪᠳᠡᠬᠦ ᠬᠥᠭᠵᠢᠯᠲᠡ ᠵᠢᠨ ᠵᠠᠭᠪᠤᠷ ᠢ᠋ ᠡᠷᠡᠰ ᠲᠠᠶᠠᠭᠳᠠᠵᠤ᠂ ᠥᠴᠦᠬᠡᠨ ᠴᠦ᠍ ᠦᠯᠦ ᠬᠦᠯᠢᠴᠡᠬᠦ ᠣᠪᠣᠷ ᠵᠢᠨᠷ ᠠᠮᠢ ᠠᠬᠤᠢ ᠣᠷᠴᠢᠨ ᠲᠣᠭᠣᠷᠢᠨ ᠤ᠋ ᠬᠦᠷᠢᠶ᠎ᠡ ᠴᠠᠷᠠᠭᠠᠨ ᠳ᠋ᠡᠬᠢ ᠳᠣᠪᠣᠢᠮ᠎ᠠ ᠠᠰᠠᠭᠤᠳᠠᠯ ᠢ᠋ ᠰᠢᠢᠳᠪᠦᠷᠢᠯᠡᠨ᠂ ᠤᠳᠠᠭᠠᠨ ᠳᠠᠭᠠᠭᠠᠮᠠᠭᠠᠢ ᠠᠵᠢᠯᠯᠠᠭ᠎ᠠ ᠪᠠᠷ ᠵᠢᠨᠨ ᠠᠮᠢ ᠠᠬᠤᠢ ᠣᠷᠴᠢᠨ ᠲᠣᠭᠣᠷᠢᠨ ᠤ᠋ ᠰᠢᠷᠬ᠎ᠠ ᠰᠤᠷᠪᠢ ᠵᠢ ᠵᠠᠰᠠᠨ ᠰᠡᠷᠭᠦᠭᠡᠨ᠎ᠡ᠃ ᠡᠨᠡ ᠳᠤᠬᠠᠢ ᠥᠪᠥᠷ ᠮᠣᠩᠭᠣᠯ ᠤ᠋ᠨ ᠠᠯᠬᠤᠴᠠ ᠣᠨᠣᠴᠠᠲᠠᠢ ᠮᠦᠷᠳᠡᠭᠡᠨ ᠲᠦᠷᠭᠡᠨ ᠪᠠᠢᠯ᠎ᠠ᠃

 

ᠪᠣᠬᠢᠷᠲᠤᠯ ᠦᠭᠡᠢ ᠣᠢᠯᠠᠭᠠᠭᠳᠠᠬᠤᠨ ᠢ᠋ ᠪᠠᠲᠤ ᠴᠤᠭᠴᠠᠯᠠᠯ᠎ᠠ  — ᠠᠮᠢ ᠠᠬᠤᠢ ᠣᠷᠴᠢᠨ ᠲᠣᠭᠣᠷᠢᠨ ᠤ᠋ ᠬᠠᠮᠠᠭᠠᠯᠠᠯᠳᠠ ᠵᠢ ᠳᠡᠢᠯᠦᠩᠭᠦᠢ ᠪᠠᠢᠷᠢᠨ ᠳ᠋ᠦ᠍ ᠲᠠᠯᠪᠢᠪᠠ

 

《ᠰᠢᠯᠢ ᠵᠢᠨ ᠭᠤᠤᠯ ᠠᠢᠮᠠᠭ ᠨᠤᠲᠤᠭ ᠪᠡᠯᠴᠢᠭᠡᠷ ᠤ᠋ᠨ ᠠᠮᠢ ᠠᠬᠤᠢ ᠵᠢᠨ ᠬᠠᠮᠠᠭᠠᠯᠠᠯᠳᠠ ᠵᠢ ᠦᠷᠭᠦᠯᠵᠢᠯᠡᠨ ᠲᠡᠷᠢᠭᠦᠨ ᠴᠢᠬᠤᠯᠠ ᠪᠥᠭᠡᠳ ᠳᠡᠢᠯᠦᠩᠭᠦᠢ ᠡᠭᠦᠷᠭᠡ ᠪᠠᠨ ᠪᠣᠯᠭᠠᠨ᠎ᠠ》 ᠭᠡᠵᠤ ᠥᠪᠡᠷᠲᠡᠭᠡᠨ ᠵᠠᠰᠠᠬᠤ ᠣᠷᠣᠨ ᠤ᠋ ᠠᠷᠪᠠᠨ ᠨᠢᠭᠡᠳᠦᠭᠡᠷ ᠤᠳᠠᠭ᠎ᠠ ᠵᠢᠨ ᠨᠠᠮ ᠤ᠋ᠨ ᠲᠥᠯᠥᠭᠡᠯᠡᠭᠴᠢᠳ ᠤ᠋ᠨ ᠶᠡᠬᠡ ᠬᠤᠷᠠᠯ ᠳᠡᠭᠡᠷ᠎ᠡ ᠰᠢᠯᠢ ᠵᠢᠨ ᠭᠤᠤᠯ ᠠᠢᠮᠠᠭ ᠤ᠋ᠨ ᠨᠠᠮ ᠤ᠋ᠨ ᠬᠣᠷᠢᠶᠠᠨ ᠤ᠋ ᠳᠡᠳ᠋ ᠱᠦᠵᠢ᠂ ᠠᠢᠮᠠᠭ ᠤ᠋ᠨ ᠳᠠᠷᠤᠭ᠎ᠠ ᠯᠦᠸᠧ ᠴᠢᠩ ᠬᠡᠯᠡᠯ᠎ᠡ᠃

2020 ᠣᠨ ᠤ᠋ ᠪᠦᠬᠦ ᠤᠯᠤᠰ ᠤ᠋ᠨ ᠬᠣᠶᠠᠷ ᠬᠤᠷᠠᠯ ᠲᠠᠬᠡᠷᠡᠬᠢ ᠶᠡᠷᠤᠩᠬᠡᠢ ᠱᠦᠵᠢ ᠬᠢᠬᠡᠳ ᠪᠦᠬᠦ ᠤᠯᠤᠰ ᠤ᠋ᠨ ᠠᠷᠠᠳ ᠤ᠋ᠨ ᠲᠥᠯᠥᠭᠡᠯᠡᠭᠴᠢ᠂ ᠲᠤᠬᠠᠢ ᠵᠢᠨ ᠦᠶ᠎ᠡ ᠵᠢᠨ ᠰᠢᠯᠢ ᠵᠢᠨ ᠭᠤᠤᠯ ᠠᠢᠮᠠᠭ ᠤ᠋ᠨ ᠨᠠᠮ ᠤ᠋ᠨ ᠬᠣᠷᠢᠶᠠᠨ ᠤ᠋ ᠳᠡᠳ᠋ ᠱᠦᠵᠢ᠂ ᠠᠢᠮᠠᠭ ᠤ᠋ᠨ ᠳᠠᠷᠤᠭ᠎ᠠ ᠪᠠᠢᠭᠰᠠᠨ ᠾᠦᠸᠧ ᠵᠣᠣ ᠯᠢᠶᠠᠩ ᠤ᠋ᠨ ᠶᠠᠷᠢᠯᠴᠠᠭ᠎ᠠ ᠴᠢᠬᠢᠨ ᠳ᠋ᠤ ᠬᠠᠩᠬᠢᠨᠠᠭᠰᠠᠭᠠᠷ᠄ 《ᠬᠣᠵᠢᠮ ᠳᠠᠬᠢᠵᠤ ᠤᠷᠤᠭᠤᠯᠬᠤ ᠥᠬᠡᠢ?》 — ᠶᠡᠷᠦᠩᠬᠡᠢ ᠱᠦᠵᠢ ᠵᠢᠨ ᠬᠡᠯᠡᠵᠦ ᠪᠠᠢᠭ᠎ᠠ ᠪᠣᠯ ᠨᠤᠲᠤᠭ ᠪᠡᠯᠴᠢᠭᠡᠷ ᠳᠡᠭᠡᠷ᠎ᠡ ᠳᠠᠬᠢᠵᠤ ᠠᠭᠤᠷᠬᠠᠢ ᠵᠢ ᠨᠡᠭᠡᠭᠡᠨ ᠠᠰᠢᠭᠯᠠᠬᠤ ᠲᠦᠷᠦᠯ ᠵᠦᠢᠯ ᠢ᠋ ᠰᠢᠨ᠎ᠡ ᠪᠠᠷ ᠤᠷᠤᠭᠤᠯᠬᠤ ᠦᠭᠡᠢ ᠭᠡᠰᠡᠨ ᠶᠠᠪᠤᠳᠠᠯ ᠪᠣᠯᠤᠨ᠎ᠠ᠃ 《ᠳᠠᠬᠢᠵᠤ ᠣᠷᠣᠭᠤᠯᠬᠤ ᠥᠬᠡᠢ! ᠪᠦᠬᠦ ᠠᠢᠮᠠᠭ ᠤ᠋ᠨ 60% ᠡᠴᠡ ᠳᠡᠭᠡᠭᠰᠢᠬᠢ ᠣᠷᠣᠨ ᠪᠦᠰᠡ ᠵᠢ ᠴᠥᠮ ᠠᠮᠢ ᠠᠬᠤᠢ ᠵᠢᠨ ᠬᠠᠮᠠᠭᠠᠯᠠᠯᠲᠠ ᠵᠢᠨ ᠤᠯᠠᠭᠠᠨ ᠱᠤᠭᠤᠮ ᠤ᠋ᠨ ᠬᠡᠪᠴᠢᠶᠡᠨ ᠳ᠋ᠦ᠍ ᠣᠷᠣᠭᠤᠯᠪᠠ》᠃

《ᠠᠮᠢ ᠠᠬᠤᠢ ᠣᠷᠴᠢᠨ ᠳᠤᠭᠤᠷᠢᠨ ᠢ᠋ ᠨᠢᠳᠦᠨ ᠴᠡᠴᠡᠭᠡᠢ ᠪᠠᠨ ᠰᠢᠭ ᠬᠠᠮᠠᠭᠠᠯᠠᠵᠤ᠂ ᠠᠮᠢ ᠨᠠᠰᠤ ᠲᠠᠢ ᠠᠳᠠᠯᠢ ᠪᠠᠷ ᠠᠮᠢ ᠠᠬᠤᠢ ᠣᠷᠴᠢᠨ ᠳᠤᠭᠤᠷᠢᠨ ᠳ᠋ᠦ᠍ ᠬᠠᠨᠳᠤᠵᠤ᠂ ᠶᠠᠭᠠᠬᠢᠭᠰᠠᠨ ᠴᠦ᠍ ᠣᠷᠴᠢᠨ ᠳᠤᠭᠤᠷᠢᠨ ᠢ᠋ ᠦᠷᠡᠭᠳᠡᠭᠦᠯᠵᠦ ᠪᠠᠢᠭᠠᠳ ᠠᠵᠤ ᠠᠬᠤᠢ ᠵᠢᠨ ᠨᠢᠭᠡᠨ ᠴᠠᠭ ᠤ᠋ᠨ ᠨᠡᠮᠡᠭᠳᠡᠯ ᠢ᠋ ᠰᠣᠯᠢᠵᠤ ᠪᠣᠯᠬᠤ ᠥᠬᠡᠢ》᠃

《ᠠᠵᠤ ᠠᠬᠤᠢ ᠵᠢᠨ ᠪᠦᠲᠦᠭᠡᠨ ᠪᠠᠢᠭᠤᠯᠤᠯᠲᠠ ᠪᠣᠯᠤᠨ ᠠᠮᠢ ᠠᠬᠤᠢ ᠣᠷᠴᠢᠨ ᠳᠤᠭᠤᠷᠢᠨ ᠤ᠋ ᠬᠠᠮᠠᠭᠠᠯᠠᠯᠲᠠ ᠬᠣᠭᠣᠷᠣᠨᠳᠣ ᠪᠠᠨ ᠵᠥᠷᠢᠴᠡᠯ ᠭᠠᠷᠬᠤ ᠳ᠋ᠦ᠍ ᠬᠦᠷᠪᠡᠯ᠂ ᠥᠴᠦᠬᠡᠨ ᠴᠦ᠍ ᠲᠠᠲᠠᠭᠠᠯᠵᠠᠬᠤ ᠥᠬᠡᠢ ᠪᠠᠷ ᠠᠮᠢ ᠠᠬᠤᠢ ᠣᠷᠴᠢᠨ ᠳᠤᠭᠤᠷᠢᠨ ᠢ᠋ ᠲᠡᠷᠢᠭᠦᠨ ᠳ᠋ᠦ᠍ ᠲᠠᠯᠪᠢᠨ᠎ᠠ》᠃

ᠥᠪᠡᠷᠲᠡᠭᠡᠨ ᠵᠠᠰᠠᠬᠤ ᠣᠷᠣᠨ ᠡᠴᠡ ᠠᠢᠮᠠᠭ ᠬᠣᠲᠠ ᠬᠦᠷᠲᠡᠯ᠎ᠡ᠂ ᠳᠠᠬᠢᠨ ᠦᠨᠳᠦᠰᠦᠨ ᠱᠠᠳᠤ ᠬᠦᠷᠲᠡᠯ᠎ᠡ᠂ ᠠᠮᠢ ᠠᠬᠤᠢ ᠣᠷᠴᠢᠨ ᠲᠣᠭᠣᠷᠢᠨ ᠢ᠋ ᠬᠠᠮᠠᠭᠠᠯᠠᠯᠳᠠ ᠵᠢ ᠢᠮᠠᠭᠲᠠ ᠳᠡᠢᠯᠦᠩᠭᠦᠢ ᠪᠠᠢᠷᠢᠨ ᠳ᠋ᠦ᠍ ᠲᠠᠯᠪᠢᠬᠤ ᠨᠢ ᠨᠢᠭᠡᠨᠲᠡ ᠬᠦᠮᠦᠰ ᠤ᠋ᠨ ᠬᠠᠮᠲᠤ ᠵᠢᠨ ᠲᠠᠨᠢᠯᠲᠠ ᠪᠣᠯᠵᠤ᠂ ᠠᠮᠢ ᠠᠬᠤᠢ ᠵᠢ ᠤᠷᠢᠳ ᠵᠢᠡᠷ ᠪᠤᠳᠤᠯᠬᠢᠯᠠᠬᠤ ᠪᠣᠬᠢᠷᠲᠤᠯ ᠦᠭᠡᠢ ᠬᠥᠭᠵᠢᠭᠦᠯᠬᠦ ᠣᠢᠯᠠᠭᠠᠭᠳᠠᠬᠤᠨ ᠠᠯᠢ ᠬᠡᠳᠦᠢᠨ ᠦᠨᠳᠦᠰᠦ ᠬᠠᠳᠭᠤᠴᠢᠬᠠᠵᠠᠢ᠃

ᠠᠮᠢ ᠠᠬᠤᠢ ᠵᠢᠨ ᠤᠯᠠᠭᠠᠨ ᠱᠤᠭᠤᠮ ᠢ᠋ ᠬᠥᠨᠳᠡᠵᠦ ᠪᠣᠯᠣᠰᠢ ᠦᠭᠡᠢ《ᠥᠨᠳᠥᠷ ᠬᠦᠴᠦᠳᠡᠯᠳᠦ ᠴᠠᠬᠢᠯᠭᠠᠨ ᠤᠳᠠᠰᠤ》 ᠪᠣᠯᠭᠠᠪᠠ — ᠤᠯᠤᠰ ᠤ᠋ᠨ ᠭᠠᠵᠠᠷ ᠰᠢᠷᠣᠢ ᠵᠢᠨ ᠣᠷᠣᠨ ᠵᠠᠢ ᠵᠢᠨ ᠪᠠᠢᠷᠢᠰᠢᠭᠤᠯᠤᠯᠲᠠ ᠵᠢ ᠰᠢᠯᠢᠳᠡᠭᠵᠢᠭᠦᠯᠵᠦ᠂ ᠪᠦᠬᠦ ᠣᠷᠣᠨ ᠤ᠋ 87% ᠵᠢᠨ ᠲᠠᠯᠠᠪᠠᠢ ᠵᠢ ᠨᠡᠭᠡᠭᠡᠨ ᠬᠥᠭᠵᠢᠭᠦᠯᠬᠦ ᠵᠢ ᠬᠢᠵᠠᠭᠠᠷᠯᠠᠬᠤ ᠣᠷᠣᠨ ᠪᠦᠰᠡ ᠳ᠋ᠦ᠍ ᠣᠷᠣᠭᠤᠯᠵᠤ᠂ 51% ᠵᠢᠨ ᠲᠠᠯᠠᠪᠠᠢ ᠵᠢ ᠠᠮᠢ ᠠᠬᠤᠢ ᠵᠢᠨ ᠬᠠᠮᠠᠭᠠᠯᠠᠯᠲᠠ ᠵᠢᠨ ᠤᠯᠠᠭᠠᠨ ᠱᠤᠭᠤᠮ ᠳ᠋ᠦ᠍ ᠣᠷᠣᠭᠤᠯᠪᠠ᠃ ᠤᠯᠠᠭᠠᠨ ᠱᠤᠭᠤᠮ ᠤ᠋ᠨ ᠳᠣᠲᠣᠷ᠎ᠠ ᠴᠢᠩᠭ᠎ᠠ ᠬᠠᠮᠢᠶᠠᠷᠤᠨ ᠡᠵᠡᠮᠳᠡᠬᠦ ᠵᠢ ᠬᠡᠷᠡᠭᠵᠢᠭᠦᠯᠵᠦ᠂ ᠪᠠᠢᠭᠠᠯᠢ ᠵᠢᠨ ᠠᠮᠢ ᠠᠬᠤᠢ ᠵᠢᠨ ᠲᠡᠩᠴᠡᠭᠦᠷᠢ ᠵᠢ ᠡᠪᠳᠡᠬᠦ ᠨᠡᠭᠡᠭᠡᠨ ᠬᠥᠭᠵᠢᠭᠦᠯᠦᠯᠲᠡ ᠬᠢᠬᠦ ᠦᠭᠡᠢ᠂ ᠣᠷᠴᠢᠨ ᠲᠣᠭᠣᠷᠢᠨ ᠤ᠋ ᠳᠠᠭᠠᠭᠠᠴᠠ ᠡᠴᠡ ᠬᠡᠳᠦᠷᠡᠭᠰᠡᠨ ᠢᠨᠵᠧᠨᠧᠷᠢᠩ ᠤ᠋ᠨ ᠪᠦᠳᠦᠭᠡᠨ ᠪᠠᠢᠭᠤᠯᠤᠯᠳᠠ ᠬᠢᠭᠦ ᠦᠭᠡᠢ᠂ ᠡᠬᠢ ᠪᠠᠶᠠᠯᠢᠭ ᠤ᠋ᠨ ᠳᠠᠭᠠᠭᠠᠴᠠ ᠡᠴᠡ ᠬᠡᠳᠦᠷᠡᠭᠰᠡᠨ ᠲᠥᠷᠥᠯ ᠵᠦᠢᠯ ᠤ᠋ᠨ ᠪᠦᠳᠦᠭᠡᠨ ᠪᠠᠢᠭᠤᠯᠤᠯᠳᠠ ᠬᠢᠭᠦ ᠦᠭᠡᠢ᠃

ᠡᠨᠧᠷᠭᠢ ᠠᠷᠪᠢᠯᠠᠵᠤ ᠨᠡᠭᠦᠷᠡᠰᠦᠲᠥ᠋ᠷᠥᠭᠴᠢ ᠵᠢᠨ ᠭᠠᠳᠠᠬᠰᠢᠯᠠᠭᠤᠯᠤᠯᠳᠠ ᠵᠢ ᠪᠠᠭᠠᠰᠬᠠᠬᠤ ᠵᠢ ᠳᠠᠪᠠᠵᠤ ᠪᠣᠯᠣᠰᠢ ᠦᠭᠡᠢ 《ᠬᠠᠲᠠᠭᠤ ᠭᠦᠢᠴᠡᠳᠭᠡᠯ ᠲᠣᠭ᠎ᠠ》 ᠪᠣᠯᠭᠠᠪᠠ — ᠡᠨᠧᠷᠭᠢ ᠵᠢᠨ ᠬᠣᠷᠣᠭᠳᠠᠭᠤᠯᠤᠯ ᠶᠡᠬᠡᠲᠡᠢ᠂ ᠪᠣᠬᠢᠷᠲᠤᠭᠤᠯᠤᠯ ᠶᠡᠬᠡᠲᠡᠢ ᠲᠥᠷᠥᠯ ᠵᠦᠢᠯ ᠢ᠋ ᠳᠣᠣᠷ᠎ᠠ ᠲᠦᠪᠰᠢᠨ ᠵᠢᠡᠷ᠂ ᠰᠣᠬᠣᠷ ᠪᠠᠯᠠᠢ ᠪᠠᠷ ᠬᠥᠭᠵᠢᠬᠦᠯᠬᠦ ᠵᠢ ᠡᠷᠡᠰ ᠬᠣᠷᠢᠭᠯᠠᠵᠤ᠂ ᠬᠣᠴᠣᠷᠤᠩᠭᠤᠢ ᠪᠠ ᠦᠯᠡᠭᠦᠳᠡᠭᠰᠡᠨ ᠦᠢᠯᠡᠳᠪᠦᠷᠢᠯᠡᠭᠦ ᠴᠢᠳᠠᠪᠤᠷᠢ ᠵᠢ ᠶᠡᠬᠡ ᠪᠡᠷ ᠰᠢᠭᠰᠢᠭᠳᠡᠭᠦᠯᠦᠨ ᠰᠢᠢᠳᠪᠦᠷᠢᠯᠡᠵᠦ᠂ ᠡᠨᠧᠷᠭᠢ ᠵᠢᠨ ᠡᠬᠢ ᠪᠠᠶᠠᠯᠢᠭ ᠤ᠋ᠨ ᠬᠡᠯᠪᠡᠷᠢ ᠵᠢᠨ ᠠᠵᠤ ᠦᠢᠯᠡᠰ ᠤ᠋ᠨ ᠲᠥᠷᠥᠯ ᠵᠦᠢᠯ ᠢ᠋ ᠰᠢᠨ᠎ᠡ ᠪᠠᠷ ᠪᠦᠳᠦᠬᠡᠨ ᠪᠠᠢᠭᠤᠯᠬᠤ ᠵᠢ ᠴᠢᠩᠭ᠎ᠠ ᠬᠢᠵᠠᠭᠠᠷᠯᠠᠨ᠎ᠠ ; ᠡᠨᠧᠷᠭᠢ ᠵᠢᠨ ᠬᠣᠷᠣᠭᠳᠠᠭᠤᠯᠤᠯ ᠤ᠋ᠨ ᠨᠡᠮᠡᠭᠳᠡᠯ ᠪᠠ ᠡᠷᠴᠢᠮ ᠢ᠋ ᠴᠢᠩᠭ᠎ᠠ ᠡᠵᠡᠮᠳᠡᠵᠤ᠂ ᠤᠯᠤᠰ ᠤ᠋ᠨ ᠭᠤᠤᠯᠳᠠᠯᠭ᠎ᠠ ᠲᠠᠢ ᠠᠮᠢ ᠠᠬᠤᠢ ᠵᠢᠨ ᠴᠢᠳᠠᠮᠵᠢᠲᠤ ᠣᠷᠣᠨ ᠤ᠋ ᠠᠵᠤ ᠦᠢᠯᠡᠰ ᠢ᠋ ᠵᠥᠪᠰᠢᠶᠡᠷᠡᠬᠦ ᠵᠢᠨ ᠨᠠᠵᠠᠭᠠᠢ ᠲᠠᠯ᠎ᠠ ᠵᠢᠨ ᠲᠣᠳᠣᠷᠬᠠᠢ ᠬᠠᠭᠤᠳᠠᠰᠤ ᠵᠢ ᠴᠢᠩᠭ᠎ᠠ ᠬᠡᠷᠡᠭᠵᠢᠭᠦᠯᠵᠦ᠂ ᠪᠣᠬᠢᠷᠲᠤᠯ ᠲᠠᠢ ᠠᠵᠤ ᠠᠬᠤᠢᠯᠠᠯ ᠢ᠋ ᠲᠡᠪᠴᠢᠵᠦ᠂ ᠡᠨᠧᠷᠭᠢ ᠵᠢᠨ ᠬᠣᠷᠣᠭᠳᠠᠭᠤᠯᠤᠯ ᠤ᠋ᠨ ᠪᠠᠷᠢᠮᠵᠢᠶ᠎ᠠ ᠡᠴᠡ ᠬᠡᠲᠦᠷᠡᠭᠰᠡᠨ ᠠᠵᠤ ᠠᠬᠤᠢᠯᠠᠯ ᠢ᠋ ᠴᠢᠩᠭ᠎ᠠ ᠬᠢᠵᠠᠭᠠᠷᠯᠠᠨ᠎ᠠ᠃

ᠬᠠᠤᠯᠢ ᠪᠠᠷ ᠵᠠᠰᠠᠬᠤ ᠵᠢ ᠴᠢᠩᠳᠠᠯᠠᠬᠤ 《ᠬᠠᠲᠠᠭᠤ ᠬᠦᠴᠦᠨ》 ᠢ᠋ ᠪᠣᠢ ᠪᠣᠯᠭᠠᠪᠠ — ᠬᠠᠤᠯᠢ ᠲᠣᠭᠲᠠᠭᠠᠯ ᠶᠣᠰᠣᠭᠠᠷ ᠨᠤᠲᠤᠭ ᠪᠡᠯᠴᠢᠭᠡᠷ ᠰᠢᠭᠤᠢᠲᠤ ᠭᠠᠵᠠᠷ ᠢ᠋ ᠲᠠᠲᠠᠪᠤᠷᠢᠯᠠᠨ ᠡᠵᠡᠯᠡᠬᠦ ᠲᠥᠷᠥᠯ ᠵᠦᠢᠯ ᠢ᠋ ᠬᠢᠨᠠᠨ ᠬᠠᠷᠭᠤᠭᠤᠯᠤᠨ᠎ᠠ ; ᠤᠷᠢᠳ ᠡᠮᠦᠨ᠎ᠡ ᠪᠠᠢᠭ᠎ᠠ ᠥᠬᠡᠢ ᠡᠷᠴᠢᠮ ᠵᠢᠨᠷ ᠪᠦᠬᠦ ᠤᠯᠤᠰ ᠲᠤ᠌ ᠨᠤᠲᠤᠭ ᠪᠡᠯᠴᠢᠭᠡᠷ ᠣᠢᠲᠤ ᠭᠠᠵᠠᠷ ᠢ᠋ ᠡᠪᠳᠡᠭᠰᠡᠨ ᠬᠠᠤᠯᠢ ᠲᠣᠭᠲᠠᠭᠠᠯ ᠡᠴᠡ ᠵᠥᠷᠢᠴᠡᠭᠰᠡᠨ ᠦᠢᠯᠡ ᠠᠵᠢᠯᠯᠠᠭ᠎ᠠ ᠵᠢ ᠲᠤᠰᠭᠠᠢ ᠴᠡᠭᠴᠡᠯᠡᠨ ᠵᠠᠰᠠᠬᠤ ᠠᠵᠢᠯᠯᠠᠭ᠎ᠠ ᠵᠢ ᠤᠷᠢᠳ ᠵᠢᠡᠷ ᠥᠷᠨᠢᠭᠦᠯᠵᠦ᠂ 2010 ᠣᠨ ᠡᠴᠡ ᠨᠠᠭᠠᠰᠢᠬᠢ ᠬᠠᠤᠯᠢ ᠲᠣᠭᠲᠠᠭᠠᠯ ᠡᠴᠡ ᠵᠥᠷᠢᠴᠡᠨ ᠨᠤᠲᠤᠭ ᠪᠡᠯᠴᠢᠭᠡᠷ ᠣᠢᠲᠤ ᠭᠠᠵᠠᠷ ᠢ᠋ ᠡᠪᠳᠡᠭᠰᠡᠨ ᠠᠰᠠᠭᠤᠳᠠᠯ ᠢ᠋ ᠪᠦᠬᠦ ᠲᠠᠯ᠎ᠠ ᠪᠠᠷ ᠲᠤᠢᠯᠪᠤᠷᠢᠲᠠᠢ ᠴᠡᠭᠴᠡᠯᠡᠨ ᠵᠠᠰᠠᠵᠤ᠂ ᠭᠤᠤᠯᠳᠠᠯᠭ᠎ᠠ ᠲᠠᠢ ᠬᠡᠷᠡᠭ ᠲᠦ᠍ ᠰᠡᠷᠡᠮᠵᠢᠯᠡᠭᠦᠯᠦᠨ ᠪᠣᠯᠵᠣᠨ ᠶᠠᠷᠢᠯᠴᠠᠬᠤ᠂ ᠴᠠᠭ ᠳᠤᠭᠳᠠᠭᠠᠨ ᠱᠠᠯᠠᠪᠳᠠᠭᠤᠯᠤᠨ ᠭᠦᠢᠴᠡᠳᠭᠡᠬᠦ ᠵᠢ ᠬᠡᠷᠡᠭᠵᠢᠭᠦᠯᠦᠨ᠂ 81.31 ᠲᠦᠮᠡᠨ ᠮᠦ᠍ ᠨᠤᠲᠤᠭ ᠪᠡᠯᠴᠢᠭᠡᠷ ᠣᠢᠲᠤ ᠭᠠᠵᠠᠷ ᠤ᠋ᠨ ᠤᠷᠭᠤᠮᠠᠯ ᠤ᠋ᠨ ᠪᠦᠷᠬᠦᠴᠡ ᠵᠢ ᠰᠡᠷᠭᠦᠭᠡᠵᠦ᠂ 7.35 ᠳ᠋ᠦᠩᠰᠢᠭᠤᠷ ᠲᠥᠭᠥᠷᠢᠭ ᠤ᠋ᠨ ᠲᠣᠷᠭᠠᠭᠤᠯᠢ ᠵᠢᠨ ᠮᠦᠩᠭᠦ ᠵᠢ ᠨᠡᠬᠡᠮᠵᠢᠯᠡᠨ ᠬᠤᠷᠢᠶᠠᠪᠠ᠃

ᠭᠤᠢᠪᠢᠯᠵᠠᠬᠤ ᠥᠬᠡᠢ᠂ ᠰᠤᠯᠠᠷᠠᠬᠤ ᠥᠬᠡᠢ᠂ ᠠᠭᠤᠴᠢᠯᠠᠬᠤ ᠥᠬᠡᠢ ᠪᠠᠢᠵᠤ᠂ ᠭᠤᠤᠯᠳᠠᠯᠭ᠎ᠠ ᠲᠠᠢ ᠠᠵᠢᠯ ᠲᠥᠷᠥᠯ ᠤ᠋ᠨ ᠬᠦᠷᠢᠶ᠎ᠡ ᠴᠠᠷᠠᠭᠠᠨ ᠳ᠋ᠡᠬᠢ ᠪᠣᠬᠢᠷᠲᠤᠯ ᠥᠬᠡᠢ ᠪᠡᠷ ᠬᠦᠭᠵᠢᠬᠦᠯᠬᠦ ᠥᠭᠡᠷᠡᠴᠢᠯᠡᠯᠲᠡ ᠵᠢ ᠡᠮᠬᠢ ᠵᠢᠷᠤᠮ ᠲᠠᠢ ᠠᠬᠢᠭᠤᠯᠵᠤ᠂ ᠡᠨᠧᠷᠭᠢ ᠵᠢᠨ ᠬᠣᠷᠣᠭᠳᠠᠭᠤᠯᠤᠯ ᠤ᠋ᠨ ᠨᠡᠮᠡᠭᠳᠡᠯ ᠪᠠ ᠡᠷᠴᠢᠮ ᠢ᠋ ᠡᠵᠡᠮᠳᠡᠭᠦ ᠬᠠᠲᠠᠭᠤ ᠬᠦᠯᠢᠶᠡᠰᠦᠯᠡᠯ ᠢ᠋ ᠬᠦᠴᠦᠲᠡᠢ ᠨᠠᠢᠳᠠᠪᠤᠷᠢᠵᠢᠭᠤᠯᠵᠦ᠂ 《ᠬᠣᠶᠠᠷ ᠥᠨᠳᠥᠷ》 ᠤ᠋ᠨ ᠲᠥᠷᠥᠯ ᠵᠦᠢᠯ ᠢ᠋ ᠰᠣᠬᠣᠷ ᠪᠠᠯᠠᠢ ᠪᠠᠷ ᠬᠥᠭᠵᠢᠬᠦᠯᠬᠦ ᠵᠢ ᠬᠣᠷᠢᠭᠯᠠᠭᠰᠠᠨ ᠦᠷ᠎ᠡ ᠪᠦᠲᠦᠮᠵᠢ ᠢᠯᠡᠳᠲᠡ ᠪᠠᠢᠵᠤ᠂ ᠡᠬᠢ ᠪᠠᠶᠠᠯᠢᠭ ᠣᠷᠴᠢᠨ ᠲᠣᠭᠣᠷᠢᠨ ᠤ᠋ ᠬᠦᠯᠢᠶᠡᠰᠦᠯᠡᠭᠦ ᠴᠢᠨᠠᠷᠲᠠᠢ ᠭᠦᠢᠴᠡᠳᠭᠡᠯ ᠲᠣᠭ᠎ᠠ ᠵᠢᠨ ᠡᠵᠡᠮᠳᠡᠯ ᠵᠢᠨᠨ ᠠᠯᠳᠠᠭᠰᠠᠨ ᠪᠠᠢᠳᠠᠯ ᠢ᠋ ᠬᠤᠪᠢᠷᠠᠭᠤᠯᠪᠠ᠃ ᠬᠥᠬᠡᠬᠣᠲᠠ《2021 ᠳᠤᠮᠳᠠᠳᠤ ᠤᠯᠤᠰ ᠤ᠋ᠨ ᠬᠠᠮᠤᠭ ᠤ᠋ᠨ ᠶᠡᠬᠡ ᠠᠮᠢ ᠠᠬᠤᠢ ᠵᠢᠨ ᠥᠷᠢᠰᠦᠯᠳᠦᠬᠦ ᠬᠦᠴᠦᠨ ᠲᠠᠢ ᠬᠣᠲᠠ》 ᠳ᠋ᠦ᠍ ᠰᠣᠩᠭᠣᠭᠳᠠᠨ ᠣᠷᠣᠵᠤ᠂ ᠬᠢᠩᠭᠠᠨ ᠠᠢᠮᠠᠭ ᠪᠦᠬᠦ ᠣᠷᠣᠨ ᠤ᠋ ᠠᠩᠬᠠᠳᠠᠭᠴᠢ ᠲᠤᠰᠭᠠᠢ ᠣᠷᠣᠨ ᠤ᠋ ᠳᠡᠰ ᠤ᠋ᠨ ᠬᠣᠲᠠ ᠵᠢᠨ 《 ᠬᠥᠬᠡᠮᠳᠦᠭ ᠨᠣᠭᠣᠭᠠᠨ ᠠᠭᠤᠯᠠ ᠤᠰᠤ ᠪᠣᠯ ᠠᠯᠲᠠ ᠮᠥᠩᠭᠥᠨ ᠠᠭᠤᠯᠠ》 ᠵᠢᠨ ᠦᠢᠯᠡᠳᠦᠯᠭᠡ ᠵᠢᠨ ᠰᠢᠨ᠎ᠡ ᠵᠢ ᠡᠭᠦᠳᠬᠦ ᠰᠠᠭᠤᠷᠢᠨ ᠢ᠋ ᠠᠮᠵᠢᠯᠲᠠ ᠲᠠᠢ ᠡᠭᠦᠳᠦᠨ ᠪᠠᠢᠭᠤᠯᠪᠠ᠃


ᠪᠣᠬᠢᠷᠲᠤᠯ ᠦᠭᠡᠢ ᠳᠠᠪᠠᠭᠤᠯᠢᠭ ᠵᠢᠡᠨ ᠴᠢᠩᠭᠠᠳᠬᠠᠯ᠎ᠠ — ᠨᠢᠳᠤᠨ ᠴᠡᠴᠡᠭᠡᠢ ᠪᠠᠨ ᠬᠠᠮᠠᠭᠠᠯᠠᠬᠤ ᠰᠢᠬ ᠵᠢᠡᠷ ᠠᠮᠢ ᠠᠬᠤᠢ ᠣᠷᠴᠢᠨ ᠲᠣᠭᠣᠷᠢᠨ ᠢ᠋ ᠬᠠᠮᠠᠭᠠᠯᠠᠨ᠎ᠠ


2 ᠰᠠᠷ᠎ᠠ ᠵᠢᠨ 17 ᠤ᠋ ᠡᠳᠦᠷ᠂ ᠤᠯᠠᠭᠠᠨᠴᠠᠪ ᠬᠣᠲᠠ ᠵᠢᠨ ᠱᠠᠩᠳᠤ ᠰᠢᠶᠠᠨ 2022 ᠣᠨ ᠤ᠋ ᠴᠠᠭᠠᠨᠨᠠᠭᠤᠷ ᠤ᠋ᠨ ᠠᠮᠢ ᠠᠬᠤᠢ ᠵᠢ ᠬᠠᠮᠠᠭᠠᠯᠠᠬᠤ ᠪᠠ ᠵᠠᠰᠠᠨ ᠰᠡᠷᠭᠦᠭᠡᠬᠦ ᠭᠤᠷᠪᠠᠳᠤᠭᠠᠷ ᠤᠳᠠᠭ᠎ᠠ ᠵᠢᠨ ᠬᠠᠮᠲᠤᠷᠠᠭᠰᠠᠨ ᠬᠤᠷᠠᠯ ᠢ᠋ ᠬᠤᠷᠠᠯᠳᠤᠭᠤᠯᠪᠠ᠃

2 ᠰᠠᠷ᠎ᠠ ᠵᠢᠨ 23 ᠤ᠋ ᠡᠳᠦᠷ᠂ ᠱᠠᠩᠳᠤ ᠰᠢᠶᠠᠨ ᠤ᠋ ᠨᠠᠮ ᠤ᠋ᠨ ᠬᠣᠷᠢᠶᠠᠨ ᠤ᠋ ᠱᠦᠵᠢ ᠭᠣᠣ ᠶᠦᠩ ᠪᠢᠨ ᠴᠠᠭᠠᠨᠨᠠᠭᠤᠷ ᠤ᠋ᠨ ᠠᠮᠢ ᠠᠬᠤᠢ ᠵᠢ ᠬᠠᠮᠠᠭᠠᠯᠠᠬᠤ ᠪᠠ ᠵᠠᠰᠠᠨ ᠰᠡᠷᠭᠦᠭᠡᠬᠦ ᠠᠵᠢᠯ ᠤ᠋ᠨ ᠲᠤᠰᠭᠠᠢ ᠰᠡᠳᠦᠪᠲᠦ ᠬᠤᠷᠠᠯ ᠢ᠋ ᠡᠷᠬᠢᠯᠡᠨ ᠬᠤᠷᠠᠯᠳᠤᠭᠤᠯᠪᠠ᠃

ᠴᠠᠭᠠᠨ ᠰᠠᠷ᠎ᠠ ᠳᠥᠩᠭᠡᠵᠢ ᠥᠩᠭᠡᠷᠡᠯ᠎ᠡ᠂ ᠬᠣᠶᠠᠷ ᠤᠳᠠᠭ᠎ᠠ ᠵᠢᠨ ᠬᠤᠷᠠᠯ 5 ᠡᠳᠦᠷ ᠠᠯᠤᠰᠯᠠᠵᠤ᠂ ᠠᠳᠠᠯᠢᠬᠠᠨ ᠨᠢᠭᠡ ᠤᠴᠢᠷ ᠤ᠋ᠨ ᠲᠥᠯᠥᠭᠡ ᠬᠤᠷᠠᠯᠳᠤᠪᠠ᠃

ᠴᠠᠭᠠᠨᠨᠠᠭᠤᠷ ᠤᠯᠠᠭᠠᠨᠴᠠᠪ ᠬᠣᠲᠠ ᠵᠢᠨ ᠱᠠᠩᠳᠤ ᠰᠢᠶᠠᠨ ᠪᠣᠯᠤᠨ ᠾᠧᠪᠧᠢ ᠮᠣᠵᠢ ᠵᠢᠨ ᠴᠢᠭᠤᠯᠤᠯᠲᠤ ᠬᠠᠭᠠᠯᠭ᠎ᠠ ᠬᠣᠲᠠ ᠵᠢᠨ ᠱᠠᠩ ᠢ ᠰᠢᠶᠠᠨ ᠤ᠋ ᠠᠭᠤᠯᠵᠠᠷ ᠲᠤ᠌ ᠪᠠᠢᠷᠢᠯᠠᠵᠤ᠂ ᠡᠷᠭᠢᠨ ᠲᠣᠭᠣᠷᠢᠨ ᠳ᠋ᠦ᠍ᠨᠢ 10 ᠲᠦᠮᠡᠨ ᠮᠦ᠍ ᠪᠠᠢᠭᠠᠯᠢ ᠵᠢᠨ ᠪᠡᠯᠴᠢᠭᠡᠷ ᠲᠠᠢ ᠪᠠᠢᠵᠤ᠂ ᠪᠡᠭᠡᠵᠢᠩ ᠲᠢᠶᠠᠨᠵᠢᠨ ᠾᠧᠪᠧᠢ ᠣᠷᠣᠨ ᠤ᠋ ᠴᠢᠬᠤᠯᠠ ᠠᠮᠢ ᠠᠬᠤᠢ ᠵᠢᠨ ᠠᠮᠤᠷ ᠲᠦᠪᠰᠢᠨ ᠤ᠋ ᠬᠠᠯᠬᠠᠪᠴᠢ ᠪᠤᠯᠬᠤ ᠶᠤᠮ᠃ ᠣᠢᠷ᠎ᠠ ᠵᠢᠨ ᠵᠢᠯ ᠳ᠋ᠤ᠂ ᠭᠠᠩ ᠬᠠᠭᠤᠷᠠᠢ ᠪᠣᠷᠣᠭᠠᠨ ᠪᠠᠭ᠎ᠠ ᠳᠠᠢ᠂ ᠭᠠᠵᠠᠷ ᠳᠣᠣᠷᠠᠬᠢ ᠤᠰᠤ ᠵᠢ ᠬᠡᠲᠦᠷᠡᠲᠡᠯ᠎ᠡ ᠲᠠᠲᠠᠭᠰᠠᠨ ᠵᠡᠷᠭᠡ ᠰᠢᠯᠲᠠᠭᠠᠨ ᠡᠴᠡ ᠪᠣᠯᠵᠤ᠂ ᠴᠠᠭᠠᠨᠨᠠᠭᠤᠷ ᠤ᠋ᠨ ᠠᠮᠢ ᠠᠬᠤᠢ ᠮᠠᠭᠤᠳᠠᠵᠠᠢ᠃

ᠤᠢᠷ᠎ᠠ ᠵᠢᠨ ᠬᠤᠶᠠᠷ ᠵᠢᠯ ᠳ᠋ᠤ᠂ ᠥᠪᠥᠷ ᠮᠣᠩᠭᠣᠯ ᠴᠠᠭᠠᠨᠨᠠᠭᠤᠷ ᠤ᠋ᠨ ᠠᠮᠢ ᠠᠬᠤᠢ ᠵᠢ ᠬᠠᠮᠠᠭᠠᠯᠠᠬᠤ ᠪᠠ ᠵᠠᠰᠠᠨ ᠰᠡᠷᠭᠦᠭᠡᠬᠦ ᠭᠤᠤᠯ ᠴᠣᠭᠴᠠ ᠵᠢᠨ ᠬᠠᠷᠢᠭᠤᠴᠠᠯᠭ᠎ᠠ ᠵᠢ ᠡᠷᠡᠰ ᠡᠭᠦᠷᠭᠡᠯᠡᠵᠦ᠂ ᠥᠪᠥᠷ ᠮᠣᠩᠭᠣᠯ ᠾᠧᠪᠧᠢ ᠬᠣᠶᠠᠷ ᠮᠣᠵᠢ ᠣᠷᠣᠨ ᠤ᠋ ᠴᠠᠭᠠᠨᠨᠠᠭᠤᠷ ᠤ᠋ᠨ ᠨᠤᠭᠤ ᠭᠠᠵᠠᠷ ᠢ᠋ ᠬᠠᠮᠠᠭᠠᠯᠠᠬᠤ ᠪᠠ ᠵᠠᠰᠠᠨ ᠰᠡᠷᠭᠦᠭᠡᠬᠦ ᠲᠤᠰᠭᠠᠢ ᠬᠠᠮᠵᠢᠯᠴᠠᠬᠤ ᠲᠣᠭᠲᠠᠴᠠ ᠵᠢ ᠪᠠᠢᠭᠤᠯᠵᠤ᠂ ᠴᠠᠭᠠᠨᠨᠠᠭᠤᠷ ᠤ᠋ᠨ ᠥᠪᠡᠷᠲᠡᠭᠡᠨ ᠵᠠᠰᠠᠬᠤ ᠣᠷᠣᠨ ᠤ᠋ ᠨᠤᠭᠤ ᠭᠠᠵᠠᠷ ᠤ᠋ᠨ ᠴᠡᠴᠡᠷᠯᠢᠭ ᠤ᠋ᠨ ᠪᠦᠲᠦᠭᠡᠨ ᠪᠠᠢᠭᠤᠯᠤᠯᠲᠠ ᠵᠢ ᠢᠳᠡᠪᠬᠢᠲᠡᠢ ᠠᠬᠢᠭᠤᠯᠪᠠ᠃ ᠡᠭᠦᠨ ᠤ᠋ ᠬᠠᠮᠲᠤ᠂ 《ᠤᠰᠤᠨ ᠳᠠᠷᠢᠶ᠎ᠠ ᠵᠢ ᠬᠠᠭᠤᠷᠠᠢ ᠲᠠᠷᠢᠶ᠎ᠠ ᠪᠣᠯᠭᠠᠨ ᠥᠭᠡᠷᠡᠴᠢᠯᠡᠬᠦ》 ᠠᠮᠢ ᠠᠬᠤᠢ ᠵᠢ ᠰᠡᠷᠭᠦᠭᠡᠬᠦ ᠢᠨᠵᠧᠨᠧᠷᠢᠩ ᠢ᠋ ᠠᠬᠢᠭᠤᠯᠵᠤ᠂ ᠰᠠᠪᠠ ᠭᠠᠵᠠᠷ ᠤ᠋ᠨ ᠳᠣᠲᠣᠷᠠᠬᠢ ᠤᠰᠤ ᠶᠡᠬᠡ ᠬᠣᠷᠣᠭᠳᠠᠭᠤᠯᠬᠤ ᠠᠵᠤ ᠠᠬᠤᠢᠯᠠᠯ ᠳ᠋ᠦ᠍ ᠬᠢᠨᠡᠨ ᠵᠥᠪᠰᠢᠶᠡᠷᠡᠯ ᠤᠯᠭᠤᠬᠤ ᠵᠢ ᠬᠢᠵᠠᠭᠠᠷᠯᠠᠬᠤ ᠲᠥᠷᠥ ᠵᠢᠨ ᠪᠣᠳᠣᠯᠭ᠎ᠠ ᠵᠢ ᠬᠡᠷᠡᠭᠵᠢᠭᠦᠯᠵᠦ᠂ ᠥᠷᠭᠡᠳᠭᠡᠨ ᠪᠠᠢᠭᠤᠯᠬᠤ ᠲᠦᠷᠦᠯ ᠵᠦᠢᠯ ᠢ᠋ ᠨᠡᠮᠡᠭᠳᠡᠭᠦᠯᠦᠨ ᠭᠠᠵᠠᠷ ᠳᠣᠣᠷᠠᠬᠢ ᠤᠰᠤ ᠵᠢ ᠲᠠᠲᠠᠨ ᠬᠡᠷᠡᠭᠯᠡᠬᠦ ᠵᠢ ᠴᠢᠩᠭ᠎ᠠ ᠴᠠᠭᠠᠵᠠᠯᠠᠵᠤ᠂ ᠨᠠᠭᠤᠷ ᠤ᠋ᠨ ᠤᠰᠤ ᠪᠠ ᠭᠠᠵᠠᠷ ᠳᠣᠣᠷᠠᠬᠢ ᠤᠰᠤ ᠵᠢ ᠲᠠᠲᠠᠨ ᠬᠡᠷᠡᠭᠯᠡᠭᠦ ᠬᠡᠮᠵᠢᠶ᠎ᠡ ᠵᠢ ᠬᠠᠮᠤᠭ ᠤ᠋ᠨ ᠶᠡᠬᠡ ᠬᠡᠮᠵᠢᠶ᠎ᠡ ᠪᠠᠷ ᠪᠠᠭᠠᠰᠬᠠᠪᠠ᠃

ᠵᠢᠯ ᠭᠠᠷᠤᠢ ᠵᠢᠨ ᠵᠠᠰᠠᠨ ᠰᠡᠷᠭᠦᠭᠡᠯᠳᠡ ᠪᠠᠷ ᠳᠠᠮᠵᠢᠨ ᠪᠤᠷᠤᠭᠠᠨ ᠬᠤᠷ᠎ᠠ ᠡᠯᠪᠡᠭ ᠤᠯᠠᠷᠢᠯ ᠳ᠋ᠦ᠍ ᠴᠠᠭᠠᠨᠨᠠᠭᠤᠷ ᠤ᠋ᠨ ᠤᠰᠤᠨ ᠤ᠋ ᠲᠠᠯᠠᠪᠠᠢ 14.9 ᠲᠡᠭᠰᠢ ᠳᠥᠷᠪᠡᠯᠵᠢᠨ ᠺᠢᠯᠣᠮᠧᠲ᠋ᠷ ᠪᠣᠯᠲᠠᠯ᠎ᠠ ᠨᠡᠮᠡᠭᠳᠡᠵᠦ᠂ ᠡᠯ᠎ᠡ ᠲᠥᠷᠥᠯ ᠤ᠋ᠨ ᠤᠷᠭᠤᠮᠠᠯ ᠤ᠋ᠨ ᠤᠷᠭᠤᠴᠠ ᠰᠠᠢᠵᠢᠷᠠᠨ᠂ ᠠᠮᠢᠲᠠᠨ ᠤ᠋ ᠲᠥᠷᠥᠯ ᠤ᠋ᠨ ᠲᠣᠭ᠎ᠠ ᠬᠡᠮᠵᠢᠶ᠎ᠡ ᠴᠦ᠍ ᠢᠯᠡᠳᠲᠡ ᠨᠡᠮᠡᠭᠳᠡᠭᠰᠡᠨ ᠠᠵᠢ᠃

ᠪᠣᠬᠢᠷᠲᠤᠯ ᠦᠭᠡᠢ ᠵᠢᠨ ᠳᠠᠪᠠᠭᠤᠯᠢᠭ ᠢ᠋ ᠴᠢᠩᠭᠠᠳᠬᠠᠬᠤ ᠳ᠋ᠦ᠍ ᠠᠰᠢᠭᠲᠠᠢ ᠶᠤᠮ ᠪᠣᠯ ᠭᠤᠢᠪᠢᠰᠢ ᠦᠭᠡᠢ ᠠᠬᠢᠭᠤᠯᠵᠤ᠂ ᠪᠣᠬᠢᠷᠲᠤᠯ ᠦᠭᠡᠢ ᠬᠥᠭᠵᠢᠯᠲᠡ ᠵᠢ ᠠᠬᠢᠭᠤᠯᠬᠤ ᠳ᠋ᠦ᠍ ᠠᠰᠢᠭ ᠦᠭᠡᠢ ᠠᠵᠢᠯᠯᠠᠭ᠎ᠠ ᠶᠤᠮ ᠪᠣᠯ ᠡᠷᠡᠰ ᠬᠦᠴᠦᠲᠡᠢ ᠵᠠᠯᠠᠷᠠᠭᠤᠯᠵᠤ᠂ ᠥᠪᠥᠷ ᠮᠣᠩᠭᠣᠯ ᠤ᠋ᠨ ᠪᠦᠬᠦᠢᠯᠡ ᠭᠠᠵᠠᠷ ᠤᠷᠤᠨ ᠳ᠋ᠤ ᠠᠮᠢ ᠠᠬᠤᠢ ᠣᠷᠴᠢᠨ ᠲᠣᠭᠣᠷᠢᠨ ᠤ᠋ ᠬᠠᠮᠠᠭᠠᠯᠠᠯᠲᠠ ᠵᠢ ᠪᠦᠬᠦ ᠲᠠᠯ᠎ᠠ ᠪᠠᠷ ᠴᠢᠩᠭᠠᠳᠭᠠᠵᠠᠢ  —

《ᠥᠪᠥᠷ ᠮᠣᠩᠭᠣᠯ ᠤ᠋ᠨ ᠥᠪᠡᠷᠲᠡᠭᠡᠨ ᠵᠠᠰᠠᠬᠤ ᠣᠷᠣᠨ ᠤ᠋ ᠮᠠᠨ ᠤ᠋ ᠤᠯᠤᠰ ᠤ᠋ᠨ ᠤᠮᠠᠷᠠᠲᠤ ᠵᠢᠨ ᠴᠢᠬᠤᠯᠠ ᠠᠮᠢ ᠠᠬᠤᠢ ᠵᠢᠨ ᠠᠮᠤᠷ ᠲᠦᠪᠰᠢᠨ ᠤ᠋ ᠬᠠᠯᠬᠠᠪᠴᠢ ᠵᠢ ᠪᠠᠢᠭᠤᠯᠬᠤ ᠲᠥᠯᠥᠪᠵᠢᠭᠦᠯᠭᠡ (2021 — 2035 ᠣᠨ)》᠂ 《ᠥᠪᠥᠷ ᠮᠣᠩᠭᠣᠯ ᠤ᠋ᠨ ᠥᠪᠡᠷᠲᠡᠭᠡᠨ ᠵᠠᠰᠠᠬᠤ ᠣᠷᠣᠨ ᠤ᠋︿ᠠᠷᠪᠠᠨ ᠳᠥᠷᠪᠡᠳᠦᠭᠡᠷ ᠲᠠᠪᠤᠨ ᠵᠢᠯ﹀ᠤ᠋ᠨ ᠣᠢ ᠰᠢᠭᠤᠢ ᠪᠠ ᠨᠤᠲᠤᠭ ᠪᠡᠯᠴᠢᠭᠡᠷ ᠢ᠋ ᠬᠠᠮᠠᠭᠠᠯᠠᠵᠤ ᠬᠦᠭᠵᠢᠬᠦᠯᠬᠦ ᠲᠥᠯᠥᠪᠵᠢᠭᠦᠯᠭᠡ》 ᠵᠢ ᠨᠠᠢᠷᠠᠭᠤᠯᠤᠨ ᠲᠣᠭᠲᠠᠭᠠᠵᠤ᠂ ᠬᠣᠢᠰᠢᠳᠠ ᠵᠢᠨ ᠨᠢᠭᠡ ᠬᠤᠭᠤᠴᠠᠭᠠᠨ ᠤ᠋ ᠮᠠᠨ ᠤ᠋ ᠤᠯᠤᠰ ᠤ᠋ᠨ ᠤᠮᠠᠷᠠᠲᠤ ᠵᠢᠨ ᠴᠢᠬᠤᠯᠠ ᠠᠮᠢ ᠠᠬᠤᠢ ᠵᠢᠨ ᠠᠮᠤᠷ ᠲᠦᠪᠰᠢᠨ ᠤ᠋ ᠬᠠᠯᠬᠠᠪᠴᠢ ᠵᠢ ᠪᠠᠢᠭᠤᠯᠬᠤ ᠳ᠋ᠦ᠍ ᠴᠠᠭ ᠤ᠋ᠨ ᠬᠦᠰᠦᠨᠦᠭᠲᠦ ᠪᠠ ᠵᠠᠮ ᠱᠤᠭᠤᠮ ᠤ᠋ᠨ ᠵᠢᠷᠤᠭ ᠬᠠᠩᠭᠠᠪᠠ᠃

ᠠᠭᠤᠯᠠ ᠤᠰᠤ ᠣᠢ ᠰᠢᠭᠤᠢ ᠲᠠᠷᠢᠶᠠᠨ ᠭᠠᠵᠠᠷ ᠨᠠᠭᠤᠷ ᠴᠥᠭᠥᠷᠥᠮ ᠡᠪᠡᠰᠦ ᠪᠡᠯᠴᠢᠭᠡᠷ ᠡᠯᠡᠰᠦ ᠮᠠᠨᠭᠬ᠎ᠠ ᠵᠢ ᠰᠢᠰᠲ᠋ᠧᠮ ᠲᠠᠢ ᠪᠡᠷ ᠵᠠᠰᠠᠬᠤ ᠵᠢ ᠨᠢᠭᠡᠳᠦᠯᠲᠡᠢ ᠲᠥᠯᠥᠪᠵᠢᠭᠦᠯᠵᠦ᠂ ᠨᠤᠲᠤᠭ ᠪᠡᠯᠴᠢᠭᠡᠷ ᠡᠴᠡ ᠣᠢ ᠰᠢᠭᠤᠢ ᠬᠦᠷᠲᠡᠯ᠎ᠡ᠂ ᠲᠠᠴᠢᠷ ᠴᠦᠯ ᠡᠴᠡ ᠭᠣᠣᠯ ᠮᠥᠷᠡᠨ ᠨᠠᠭᠤᠷ ᠴᠥᠭᠥᠷᠥᠮ ᠨᠤᠭᠤ ᠭᠠᠵᠠᠷ ᠬᠦᠷᠲᠡᠯ᠎ᠡ᠂ ᠠᠮᠢ ᠠᠬᠤᠢ ᠵᠢ ᠬᠠᠮᠠᠭᠠᠯᠠᠵᠤ ᠰᠡᠷᠭᠦᠭᠡᠬᠦ ᠠᠯᠢ ᠣᠯᠠᠨ ᠴᠢᠬᠤᠯᠠ ᠶᠡᠬᠡ ᠢᠨᠵᠧᠨᠧᠷᠢᠩ ᠢ᠋ ᠭᠦᠨᠵᠡᠭᠡᠢ ᠬᠡᠷᠡᠭᠵᠢᠭᠦᠯᠵᠦ᠂ ᠤᠯᠤᠰ ᠤ᠋ᠨ ᠨᠤᠲᠤᠭ ᠳᠡᠪᠢᠰᠬᠡᠷ ᠢ᠋ ᠨᠣᠭᠣᠭᠠᠷᠠᠭᠤᠯᠬᠤ ᠠᠵᠢᠯᠯᠠᠭᠠᠨ ᠢ᠋ ᠰᠢᠨᠵᠢᠯᠡᠬᠦ ᠤᠬᠠᠭᠠᠨᠴᠢ ᠪᠠᠷ ᠥᠷᠨᠢᠭᠦᠯᠦᠨ᠂ ᠬᠠᠲᠤᠨ ᠭᠣᠣᠯ ᠤ᠋ᠨ ᠰᠠᠪᠠ ᠭᠠᠵᠠᠷ ᠤ᠋ᠨ ᠠᠮᠢ ᠠᠬᠤᠢ ᠵᠢᠨ ᠬᠠᠮᠠᠭᠠᠯᠠᠯᠳᠠ ᠪᠠ ᠴᠢᠨᠠᠷ ᠰᠠᠢᠲᠠᠢ ᠬᠥᠭᠵᠢᠯᠲᠡ ᠵᠢ ᠯᠠᠪᠳᠠᠭᠤᠨ ᠪᠠᠲᠤᠲᠠᠢ ᠠᠬᠢᠭᠤᠯᠪᠠ᠃ ᠦᠷᠭᠦᠯᠵᠢᠯᠡᠨ ᠶᠡᠬᠡ ᠬᠦᠴᠦ ᠣᠷᠣᠭᠤᠯᠵᠤ ᠪᠠᠢᠭᠠᠳ ᠪᠣᠬᠢᠷᠲᠤᠯ ᠢ᠋ ᠰᠡᠷᠭᠡᠢᠯᠡᠨ ᠵᠠᠰᠠᠬᠤ ᠪᠣᠭᠣᠮᠲᠠ ᠰᠢᠪᠲᠤᠯᠬᠤ ᠳᠠᠢᠯᠠᠯᠳᠤᠭᠠᠨ ᠢ᠋ ᠭᠦᠨᠵᠡᠭᠡᠢ ᠰᠠᠢᠲᠤᠷ ᠬᠢᠵᠦ᠂ ᠨᠡᠩ ᠥᠨᠳᠥᠷ ᠪᠠᠷᠢᠮᠵᠢᠶ᠎ᠠ ᠪᠠᠷ ᠬᠥᠬᠡ ᠣᠭᠲᠠᠷᠭᠤᠢ᠂ ᠬᠥᠬᠡᠮᠳᠦᠭ ᠤᠰᠤ᠂ ᠴᠡᠪᠡᠷ ᠬᠥᠷᠥᠰᠥ ᠵᠢ ᠬᠠᠮᠠᠭᠠᠯᠠᠬᠤ ᠳᠠᠢᠯᠠᠯᠳᠤᠭᠠᠨ ᠢ᠋ ᠰᠠᠢᠲᠤᠷ ᠬᠢᠭᠰᠡᠨ ᠪᠠᠢᠨ᠎ᠠ᠃

ᠭᠣᠣᠯ ᠮᠥᠷᠡᠨ ᠨᠠᠭᠤᠷ ᠴᠥᠭᠥᠷᠥᠮ ᠤ᠋ᠨ ᠳᠠᠷᠤᠭ᠎ᠠ ᠵᠢᠨ ᠳᠦᠷᠢᠮ ᠢ᠋ ᠪᠦᠬᠦ ᠲᠠᠯ᠎ᠠ ᠪᠠᠷ ᠬᠡᠷᠡᠭᠵᠢᠭᠦᠯᠵᠦ᠂ ᠭᠣᠣᠯ ᠮᠥᠷᠡᠨ᠂ ᠨᠠᠭᠤᠷ ᠴᠥᠭᠥᠷᠥᠮ ᠪᠦᠬᠦᠨ ᠳ᠋ᠤ ᠲᠤᠰᠭᠠᠢ ᠰᠠᠬᠢᠨ ᠬᠠᠮᠠᠭᠠᠯᠠᠭᠴᠢ ᠲᠠᠢ ᠪᠣᠯᠵᠠᠢ᠃ ᠲᠠᠪᠤᠨ ᠱᠠᠳᠤᠨ ᠤ᠋ ᠣᠢ ᠰᠢᠭᠤᠢ ᠵᠢᠨ ᠳᠠᠷᠤᠭ᠎ᠠ ᠵᠢᠨ ᠳᠦᠷᠢᠮ ᠤ᠋ᠨ ᠰᠢᠰᠲ᠋ᠧᠮ ᠢ᠋ ᠪᠦᠬᠦ ᠲᠠᠯ᠎ᠠ ᠪᠠᠷ ᠪᠠᠢᠭᠤᠯᠵᠤ᠂ ᠣᠢ ᠰᠢᠭᠤᠢ ᠨᠤᠲᠤᠭ ᠪᠡᠯᠴᠢᠭᠡᠷ ᠤ᠋ᠨ ᠡᠬᠢ ᠪᠠᠶᠠᠯᠢᠭ ᠤ᠋ᠨ ᠬᠠᠮᠠᠭᠠᠯᠠᠯᠲᠠ ᠵᠢ ᠣᠢ ᠰᠢᠭᠤᠢ ᠨᠤᠲᠤᠭ ᠪᠡᠯᠴᠢᠭᠡᠷ ᠤ᠋ᠨ ᠰᠠᠯᠠᠭ᠎ᠠ ᠮᠥᠴᠢᠷ ᠯᠡ ᠬᠠᠮᠢᠶᠠᠷᠴᠤ ᠪᠠᠢᠭᠰᠠᠨ ᠡᠴᠡ ᠨᠠᠮ ᠵᠠᠰᠠᠭ ᠤ᠋ᠨ ᠰᠠᠯᠠᠭ᠎ᠠ ᠮᠥᠴᠢᠷ ᠴᠤᠭ ᠵᠢᠡᠷ ᠠᠳᠭᠤᠵᠤ ᠬᠠᠮᠲᠤ ᠪᠠᠷ ᠬᠠᠮᠢᠶᠠᠷᠬᠤ ᠵᠢ ᠪᠡᠶᠡᠯᠡᠭᠦᠯᠪᠡ᠃

ᠤᠷᠳᠤ ᠬᠤᠭᠤᠴᠠᠭᠠᠨ ᠤ᠋ ᠵᠢᠳᠬᠦᠨ ᠴᠢᠷᠮᠠᠢᠵᠤ ᠬᠥᠬᠡᠮᠳᠦᠭ ᠨᠤᠭᠤᠭᠠᠨ ᠠᠭᠤᠯᠠ ᠤᠰᠤ ᠪᠠᠨ ᠰᠠᠬᠢᠨ ᠬᠠᠮᠠᠭᠠᠯᠠᠪᠠ᠃ ᠪᠦᠬᠦ ᠣᠷᠣᠨ ᠤ᠋ ᠣᠢ ᠰᠢᠭᠤᠢ ᠵᠢᠨ ᠪᠦᠷᠬᠦᠴᠡ ᠵᠢᠨ ᠨᠣᠷᠮ᠎ᠠ ᠪᠤᠯᠤᠨ ᠨᠤᠲᠤᠭ ᠪᠡᠯᠴᠢᠭᠡᠷ ᠤ᠋ᠨ ᠶᠡᠷᠦᠩᠬᠡᠢ ᠤᠷᠭᠤᠮᠠᠯ ᠤ᠋ᠨ ᠪᠦᠷᠬᠦᠴᠡ ᠵᠢ ᠵᠡᠷᠬᠡ ᠪᠡᠷ ᠳᠡᠭᠡᠭᠰᠢᠯᠡᠭᠦᠯᠵᠦ᠂ ᠴᠦᠯᠯᠡᠷᠬᠡᠭᠵᠢᠭᠰᠡᠨ ᠪᠠ ᠡᠯᠡᠰᠦᠷᠬᠡᠭᠵᠢᠭᠰᠡᠨ ᠭᠠᠵᠠᠷ ᠰᠢᠷᠣᠢ ᠵᠢᠨ ᠲᠠᠯᠠᠪᠠᠢ ᠵᠢ ᠵᠡᠷᠬᠡ ᠪᠡᠷ ᠪᠠᠭᠠᠰᠬᠠᠪᠠ᠃ ᠠᠮᠢ ᠠᠬᠤᠢ ᠵᠢᠨ ᠪᠠᠢᠳᠠᠯ ᠳ᠋ᠦ᠍《ᠪᠦᠬᠦᠯᠢ ᠴᠣᠭᠴᠠ ᠪᠠᠷ ᠨᠢ ᠬᠣᠷᠢᠭᠯᠠᠵᠤ᠂ ᠬᠡᠰᠡᠭ ᠲᠠᠯ᠎ᠠ ᠪᠠᠷ ᠰᠠᠢᠵᠢᠷᠠᠭᠰᠠᠨ》ᠴᠢᠬᠤᠯᠠ ᠶᠡᠬᠡ ᠬᠤᠪᠢᠷᠠᠯᠲᠠ ᠵᠢ ᠪᠡᠶᠡᠯᠡᠭᠦᠯᠪᠡ᠃ ᠠᠭᠤᠷᠬᠠᠢ ᠮᠠᠯᠳᠠᠭᠰᠠᠨ ᠡᠴᠡ ᠪᠤᠯᠵᠤ ᠰᠢᠷᠬ᠎ᠠ ᠰᠣᠷᠪᠢ ᠪᠠᠷ ᠳᠦᠭᠦᠷᠦᠭᠰᠡᠨ ᠳᠠᠯᠠᠨ ᠬᠠᠷ᠎ᠠ ᠠᠭᠤᠯᠠ ᠵᠢᠨ ᠡᠮᠦᠨ᠎ᠡ ᠪᠠᠯ ᠢ᠋ ᠰᠡᠯᠪᠢᠨ ᠵᠠᠰᠠᠬᠤ ᠪᠠ ᠨᠣᠭᠣᠭᠠᠷᠠᠭᠤᠯᠬᠤ ᠪᠠᠷ ᠳᠠᠮᠵᠢᠨ ᠡᠪᠡᠰᠦ ᠪᠡᠯᠴᠢᠭᠡᠷ ᠨᠠᠯᠤᠢᠨ ᠤᠢ ᠮᠤᠳᠤ ᠢᠭᠴᠤ ᠰᠠᠬᠤᠯᠢᠭ ᠤᠷᠭᠤᠭᠰᠠᠨ ᠭᠤᠢᠳᠠ ᠦᠵᠡᠮᠵᠢ ᠵᠢ ᠳᠠᠬᠢᠨ ᠰᠡᠷᠭᠦᠭᠡᠪᠡ᠃ 3 ᠲᠦᠮᠡᠨ ᠮᠦ᠍ ᠨᠡᠭᠦᠳᠡᠯ ᠡᠯᠡᠰᠦ ᠨᠣᠭᠣᠭᠠᠨ ᠪᠦᠷᠢᠳᠦ ᠪᠣᠯᠵᠤ᠂ 《ᠬᠠᠮᠠᠷ ᠬᠠᠳᠭᠤᠬᠤ ᠡᠪᠡᠰᠦ ᠥᠬᠡᠢ ᠬᠠᠯᠴᠠᠭᠠᠢ ᠭᠠᠵᠠᠷ》 ᠪᠠᠢᠭᠰᠠᠨ ᠦᠬᠠᠢ ᠬᠣᠲᠠ ᠵᠢᠨ ᠪᠠᠢ ᠳᠦ ᠬᠦᠢ ᠲᠤᠬᠤᠢ ᠨᠢᠬᠡᠨᠳᠡ ᠭᠠᠨᠳᠠᠷᠢ ᠠᠭᠤᠯᠠ ᠵᠢᠨ ᠠᠮᠢ ᠠᠬᠤᠢ ᠵᠢᠨ ᠪᠣᠯᠪᠠᠰᠤᠨ ᠤ᠋ ᠦᠵᠡᠮᠵᠢ ᠵᠢᠨ ᠣᠷᠣᠨ ᠵᠢᠨᠷ ᠰᠤᠯᠢᠭᠳᠠᠪᠠ᠃

ᠡᠳᠤᠢ ᠲᠡᠳᠤᠢ ᠠᠮᠵᠢᠯᠳᠠ ᠤᠯᠤᠭᠰᠠᠨ ᠴᠦ᠍ ᠵᠠᠮ ᠬᠤᠯᠠ ᠡᠬᠦᠷᠬᠡ ᠬᠦᠨᠳᠤ ᠪᠠᠢᠭᠰᠠᠭᠠᠷ᠃

《ᠪᠢᠳᠡ ᠠᠭᠤᠷᠬᠠᠢ ᠵᠢᠨ ᠣᠷᠴᠢᠨ ᠲᠣᠭᠣᠷᠢᠨ ᠢ᠋ ᠶᠡᠷᠦᠩᠬᠡᠢᠯᠡᠨ ᠵᠠᠰᠠᠬᠤ ᠪᠠ ᠪᠣᠬᠢᠷᠲᠤᠯ ᠥᠬᠡᠢ ᠠᠭᠤᠷᠬᠠᠢ ᠵᠢᠨ ᠪᠦᠲᠦᠭᠡᠨ ᠪᠠᠢᠭᠤᠯᠤᠯᠲᠠ ᠵᠢ ᠨᠡᠩ ᠶᠡᠬᠡ ᠡᠷᠴᠢᠮ ᠵᠢᠨᠷ ᠠᠬᠢᠭᠤᠯᠵᠤ᠂ 2023 ᠣᠨ ᠪᠣᠯᠬᠤ ᠳ᠋ᠦ᠍ ᠪᠣᠢ ᠪᠦᠬᠦᠢ ᠵᠠᠳᠠᠭᠠᠢ ᠠᠭᠤᠷᠬᠠᠢ ᠵᠢ ᠴᠥᠮ ᠪᠣᠬᠢᠷᠲᠤᠯ ᠥᠬᠡᠢ ᠠᠭᠤᠷᠬᠠᠢ ᠪᠤᠯᠭᠠᠨ ᠪᠦᠳᠦᠬᠡᠨ ᠪᠠᠢᠭᠤᠯᠵᠤ᠂ ᠲᠡᠦᠬᠡᠨ ᠡᠴᠡ ᠦᠯᠡᠳᠡᠭᠳᠡᠵᠦ ᠢᠷᠡᠭᠰᠡᠨ ᠬᠠᠶᠠᠭᠳᠠᠮᠠᠯ ᠨᠦᠬᠡ ᠵᠢ ᠵᠠᠰᠠᠬᠤ ᠡᠭᠦᠷᠭᠡ ᠵᠢ ᠵᠡᠷᠭᠡ ᠪᠠᠷ ᠪᠡᠶᠡᠯᠡᠭᠦᠯᠵᠦ᠂ ᠨᠣᠭᠣᠭᠠᠷᠠᠭᠤᠯᠵᠤ ᠲᠡᠢᠯᠪᠡᠯ ᠨᠤᠭᠤᠭᠠᠷᠠᠭᠤᠯᠤᠨ᠎ᠠ》 ᠭᠡᠵᠦ ᠯᠦᠸᠧ ᠴᠢᠩ ᠬᠡᠯᠡᠨ᠎ᠠ᠃

ᠥᠪᠡᠷᠲᠡᠭᠡᠨ ᠵᠠᠰᠠᠬᠤ ᠣᠷᠣᠨ ᠤ᠋ ᠣᠢ ᠰᠢᠭᠤᠢ ᠪᠠ ᠨᠤᠲᠤᠭ ᠪᠡᠯᠴᠢᠭᠡᠷ ᠤ᠋ᠨ ᠲᠣᠪᠴᠢᠢ᠎ᠠ ᠵᠢᠨ ᠳᠠᠷᠤᠭ᠎ᠠ ᠬᠣᠣ ᠶᠢᠩ᠂ ᠨᠤᠲᠤᠭ᠎ᠪᠡᠯᠴᠢᠭᠡᠷ ᠪᠠ ᠣᠢ ᠰᠢᠭᠤᠢ ᠵᠢ ᠬᠠᠮᠠᠭᠠᠯᠠᠬᠤ ᠪᠠᠷ ᠲᠡᠷᠢᠭᠦᠨ ᠴᠢᠬᠤᠯᠠ ᠡᠭᠦᠷᠭᠡ ᠪᠣᠯᠭᠠᠨ᠂ ᠨᠤᠲᠤᠭ ᠪᠡᠯᠴᠢᠭᠡᠷ ᠢ᠋ ᠬᠠᠮᠠᠭᠠᠯᠠᠬᠤ ᠬᠠᠮᠤᠭ ᠤ᠋ᠨ ᠴᠢᠩᠭ᠎ᠠ ᠳᠦᠷᠢᠮ ᠢ᠋ ᠬᠡᠷᠡᠭᠵᠢᠭᠦᠯᠵᠦ᠂ ᠶᠡᠬᠡ ᠬᠡᠪᠴᠢᠶᠡᠨ ᠤ᠋ ᠤᠯᠤᠰ ᠤ᠋ᠨ ᠨᠤᠲᠤᠭ ᠳᠡᠪᠢᠰᠬᠡᠷ ᠢ᠋ ᠨᠣᠭᠣᠭᠠᠷᠠᠭᠤᠯᠬᠤ ᠠᠵᠢᠯᠯᠠᠭᠠᠨ ᠢ᠋ ᠰᠢᠨᠵᠢᠯᠡᠬᠦ ᠤᠬᠠᠭᠠᠨᠴᠢ ᠪᠠᠷ ᠠᠬᠢᠭᠤᠯᠵᠤ᠂ ᠮᠠᠨ ᠤ᠋ ᠤᠯᠤᠰ ᠤ᠋ᠨ ᠤᠮᠠᠷᠠᠲᠤ ᠵᠢᠨ ᠴᠢᠬᠤᠯᠠ ᠠᠮᠢ ᠠᠬᠤᠢ ᠵᠢᠨ ᠠᠮᠤᠷ ᠲᠦᠪᠰᠢᠨ ᠤ᠋ ᠬᠠᠯᠬᠠᠪᠴᠢ ᠵᠢ ᠪᠡᠬᠢᠵᠢᠭᠦᠯᠬᠦ ᠳ᠋ᠦ᠍ ᠣᠢ ᠰᠢᠭᠤᠢ ᠨᠤᠲᠤᠭ ᠪᠡᠯᠴᠢᠭᠡᠷ ᠤ᠋ᠨ ᠰᠠᠯᠠᠭ᠎ᠠ ᠮᠦᠴᠢᠷ ᠤ᠋ᠨ ᠬᠦᠴᠦᠨ ᠴᠢᠳᠠᠯ ᠵᠢᠨᠨ ᠡᠷᠭᠦᠨ᠎ᠡ ᠭᠡᠵᠦ ᠢᠯᠡᠳᠭᠡᠯ᠎ᠠ᠃


ᠪᠣᠬᠢᠷᠲᠤᠯ ᠦᠭᠡᠢ ᠬᠥᠳᠡᠯᠭᠡᠬᠦ ᠬᠦᠴᠦᠨ ᠢ᠋ ᠤᠨᠳᠤᠷᠤᠭᠤᠯᠤᠯ᠎ᠠ  — ᠪᠦᠬᠦ ᠬᠦᠷᠢᠢ᠎ᠡ ᠪᠦᠬᠦ ᠶᠠᠪᠤᠴᠠ ᠳ᠋ᠤ ᠪᠣᠬᠢᠷᠲᠤᠯ ᠦᠭᠡᠢ ᠬᠦᠭᠵᠢᠯᠳᠡ ᠲᠡᠢᠰᠢ ᠬᠡᠯᠪᠡᠷᠢ ᠵᠢ ᠬᠤᠪᠢᠷᠠᠭᠤᠯᠤᠨ᠎ᠠ


ᠶᠡᠷᠦᠩᠬᠡᠢ ᠱᠦᠵᠢ ᠰᠢ ᠵᠢᠨ ᠫᠢᠩ᠂ ᠠᠵᠤ ᠠᠬᠤᠢ ᠵᠢ ᠬᠦᠭᠵᠢᠭᠦᠯᠬᠦ ᠳ᠋ᠤ ᠡᠬᠢ ᠪᠠᠶᠠᠯᠢᠭ ᠪᠠ ᠠᠮᠢ ᠠᠬᠤᠢ ᠣᠷᠴᠢᠨ ᠲᠤᠭᠤᠷᠢᠨ ᠢ᠋ ᠬᠣᠭᠣᠰᠣᠷᠠᠳᠠᠯ᠎ᠠ ᠰᠢᠪᠬᠠᠵᠤ ᠪᠤᠯᠬᠤ ᠦᠭᠡᠢ᠂ ᠠᠮᠢ ᠠᠬᠤᠢ ᠣᠷᠴᠢᠨ ᠲᠤᠭᠤᠷᠢᠨ ᠢ᠋ ᠬᠠᠮᠠᠭᠠᠯᠠᠬᠤ ᠨᠢ ᠪᠠᠰᠠ ᠠᠵᠤ ᠠᠬᠤᠢ ᠵᠢᠨ ᠬᠥᠭᠵᠢᠯᠲᠡ ᠵᠢ ᠲᠠᠶᠠᠭᠳᠠᠭᠠᠳ ᠬᠤᠪᠠᠬᠠᠢ ᠮᠤᠳᠤᠨ ᠡᠴᠡ ᠵᠢᠭᠠᠰᠤ ᠡᠷᠢᠬᠦ ᠶᠠᠪᠤᠳᠠᠯ ᠪᠢᠰᠢ᠂ ᠬᠠᠷᠢᠨ ᠬᠥᠭᠵᠢᠭᠦᠯᠬᠦ ᠳᠤᠮᠳᠠ ᠬᠠᠮᠠᠭᠠᠯᠠᠵᠤ᠂ ᠬᠠᠮᠠᠭᠠᠯᠠᠬᠤ ᠳᠤᠮᠳᠠ ᠬᠥᠭᠵᠢᠭᠦᠯᠬᠦ ᠵᠢ ᠪᠠᠷᠢᠮᠲᠠᠯᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃

ᠥᠩᠭᠡᠷᠡᠭᠰᠡᠨ ᠤ᠋ ᠤᠷᠲᠤ ᠬᠤᠭᠤᠴᠠᠭᠠᠨ᠎ᠤ᠋ ᠲᠤᠷᠰᠢᠬᠢ《ᠬᠤᠷᠳᠤᠴᠠ ᠵᠢ ᠴᠢᠬᠤᠯᠠᠴᠢᠯᠠᠵᠤ ᠶᠠᠰᠤ ᠴᠢᠨᠠᠷ ᠢ᠋ ᠬᠥᠩᠭᠡᠪᠴᠢᠯᠡᠬᠦ》 ᠬᠥᠭᠵᠢᠯᠲᠡ ᠵᠢᠨ ᠵᠠᠭᠪᠤᠷ ᠡᠴᠡ ᠪᠣᠯᠵᠤ ᠠᠮᠢ ᠠᠬᠤᠢ ᠣᠷᠴᠢᠨ ᠲᠣᠭᠣᠷᠢᠨ ᠤ᠋ ᠲᠡᠦᠬᠡ ᠵᠢᠨ ᠥᠷᠢ ᠰᠢᠷᠢ ᠵᠢ ᠦᠯᠡᠳᠡᠭᠡᠭᠰᠡᠨ ᠨᠢ ᠥᠪᠥᠷ ᠎ᠮᠣᠩᠭᠣᠯ ᠎ᠤ᠋ᠨ ᠬᠢᠨ ᠳ᠋ᠤ ᠭᠦᠨᠵᠡᠭᠡᠢ ᠲᠠᠨᠢᠯᠳᠠ ᠤᠯᠭᠤᠭᠰᠠᠨ ᠪᠠᠢᠨ᠎ᠠ᠄ ᠤᠯᠠᠮᠵᠢᠯᠠᠯᠲᠤ ᠬᠥᠭᠵᠢᠯᠲᠡ ᠵᠢᠨ ᠵᠠᠭᠪᠤᠷ ᠦᠷᠭᠦᠯᠵᠢᠯᠡᠭᠦᠶ᠎ᠠ ᠪᠡᠷᠬᠡ᠂ ᠬᠠᠭᠤᠴᠢᠨ ᠵᠠᠮ ᠮᠤᠬᠤᠷᠳᠠᠯ ᠳ᠋ᠤ ᠤᠴᠠᠷᠠᠵᠤ᠂ ᠶᠠᠭᠠᠬᠢᠭᠰᠠᠨ ᠴᠦ᠍ ᠬᠠᠭᠤᠴᠢᠨ ᠵᠠᠮ ᠵᠢᠡᠷ ᠳᠠᠬᠢᠵᠤ ᠵᠠᠮᠨᠠᠵᠤ ᠪᠣᠯᠬᠤ ᠥᠬᠡᠢ᠃ ᠬᠠᠭᠤᠴᠢᠨ ᠵᠠᠮ ᠵᠢᠡᠷ ᠲᠠᠬᠢᠨ ᠵᠠᠮᠨᠠᠬᠤ ᠵᠢ ᠠᠮᠢ ᠠᠬᠤᠢ ᠣᠷᠴᠢᠨ ᠲᠤᠭᠤᠷᠢᠨ ᠵᠥᠪᠰᠢᠶᠡᠷᠡᠬᠦ ᠥᠬᠡᠢ᠂ ᠠᠷᠠᠳ ᠣᠯᠠᠨ ᠴᠦ᠍ ᠵᠥᠪᠰᠢᠶᠡᠷᠡᠬᠦ ᠥᠬᠡᠢ ᠶᠤᠮ᠃ ᠡᠷᠬᠡᠪᠰᠢ ᠠᠮᠢ ᠠᠬᠤᠢ ᠵᠢ ᠤᠷᠢᠳ ᠵᠢᠡᠷ ᠪᠤᠳᠤᠯᠬᠢᠯᠠᠬᠤ ᠪᠣᠬᠢᠷᠲᠤᠯ ᠦᠭᠡᠢ ᠬᠥᠭᠵᠢᠬᠦᠯᠬᠦ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠢᠲᠠᠢ ᠬᠥᠭᠵᠢᠯᠲᠡ ᠵᠢᠨ ᠰᠢᠨ᠎ᠡ ᠵᠠᠮ ᠵᠢᠨᠷ ᠵᠠᠮᠨᠠᠬᠤ ᠬᠡᠷᠡᠭᠲᠡᠢ︕

ᠵᠡᠭᠦᠨᠭᠠᠷ ᠬᠤᠰᠢᠭᠤᠨ ᠤ᠋ ᠳᠠ ᠯᠥ᠍ ᠠᠵᠤ ᠦᠢᠯᠡᠳᠪᠦᠷᠢ ᠵᠢᠨ ᠬᠦᠷᠢᠶᠡᠯᠡᠩ ᠲᠣᠭᠣᠷᠢᠭ ᠤ᠋ᠨ ᠶᠦᠩ ᠵᠢᠶᠠᠩ ᠵᠢᠶᠠ ᠶᠤᠸᠠᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤ᠋ᠨ ᠬᠢᠵᠠᠭᠠᠷᠲᠤ ᠺᠣᠮᠫᠠᠨᠢ ᠵᠢᠨ ᠲᠤᠷᠰᠢᠯᠲᠠ ᠵᠢᠨ ᠲᠠᠰᠤᠭ ᠲᠤ᠌᠂ ᠮᠡᠷᠭᠡᠵᠢᠯᠳᠡᠨ ᠨᠢᠭᠡ ᠴᠣᠮᠣ ᠪᠣᠬᠢᠷ ᠤᠰᠤᠨ ᠳ᠋ᠦ᠍ ᠡᠩ ᠤ᠋ᠨ ᠲᠠᠷᠢᠯᠭ᠎ᠠ ᠵᠢᠨ ᠪᠠᠭᠠᠵᠢ ᠵᠢᠨ ᠬᠡᠮᠵᠢᠶᠡᠨ ᠤ᠋ ᠪᠥᠭᠡᠭᠡᠨᠡᠷᠡᠯ ᠾᠯᠣᠷᠲᠤ ᠬᠥᠩᠭᠡᠨᠴᠠᠭᠠᠨ ᠬᠢᠵᠦ᠂ ᠬᠡᠳᠦᠨ ᠰᠧᠺᠦ᠋ᠨ᠋ᠳ᠋ ᠤ᠋ᠨ ᠳᠠᠷᠠᠭ᠎ᠠ ᠪᠤᠬᠢᠷ ᠤᠰᠤᠨ ᠳ᠋ᠠᠬᠢ ᠬᠣᠯᠢᠴᠠ ᠨᠢ ᠤᠩᠭᠠᠷᠢᠯ ᠬᠡᠯᠪᠡᠷᠢ ᠲᠠᠢ ᠪᠣᠯᠤᠨ ᠲᠤᠨᠵᠤ᠂ ᠤᠰᠤ ᠨᠢ ᠲᠤᠩᠭᠠᠯᠠᠭᠰᠢᠴᠢᠬᠠᠪᠠ᠃ ᠪᠥᠭᠡᠭᠡᠨᠡᠷᠡᠯ ᠾᠯᠣᠷᠲᠤ ᠬᠥᠩᠭᠡᠨᠴᠠᠭᠠᠨ ᠪᠣᠯ ᠣᠳᠣᠬᠠᠨ ᠤ᠋ ᠪᠦᠬᠦ ᠳᠡᠯᠡᠬᠡᠢ ᠵᠢᠨ ᠬᠡᠪᠴᠢᠶᠡᠨ ᠳ᠋ᠦ᠍ ᠨᠡᠢᠳᠡᠮ ᠬᠡᠷᠡᠭᠯᠡᠵᠦ ᠪᠠᠢᠭ᠎ᠠ ᠥᠨᠳᠥᠷ ᠪᠦᠲᠦᠮᠵᠢᠲᠡᠢ ᠤᠰᠤ ᠰᠢᠢᠳᠪᠦᠷᠢᠯᠡᠬᠦ ᠡᠳ᠋ ᠪᠣᠯᠤᠨ᠎ᠠ᠂ ᠲᠠᠬᠡᠬᠦ ᠳ᠋ᠤ ᠲᠤᠰ ᠲᠦᠷᠦᠯ ᠵᠦᠢᠯ ᠤ᠋ᠨ ᠲᠦᠭᠦᠬᠡᠢ ᠮᠠᠲ᠋ᠧᠷᠢᠶᠠᠯ ᠪᠣᠯ ᠶᠠᠭ ᠡᠨᠡ ᠬᠦ᠌ ᠠᠵᠤ ᠦᠢᠯᠡᠳᠪᠦᠷᠢ ᠵᠢᠨ ᠬᠦᠷᠢᠶᠡᠯᠡᠩ ᠲᠣᠭᠣᠷᠢᠭ ᠡᠴᠡ ᠪᠣᠢ ᠪᠣᠯᠤᠭᠰᠠᠨ ᠨᠡᠭᠦᠷᠡᠰᠦᠨ ᠤ᠋ ᠦᠨᠡᠰᠦ᠂ ᠨᠡᠭᠦᠷᠡᠰᠦᠨ ᠤ᠋ ᠰᠢᠭᠠᠷᠤ ᠠᠵᠢ᠃

ᠶᠡᠬᠡ ᠬᠡᠮᠵᠢᠶᠡᠨ ᠤ᠋ ᠭᠡᠷᠡᠯᠴᠢ ᠴᠡᠨᠡᠭ ᠤ᠋ᠨ ᠬᠠᠪᠲᠠᠰᠤ ᠨᠠᠷᠠᠨ ᠤ᠋ ᠭᠡᠷᠡᠯ ᠢ᠋ ᠰᠢᠩᠭᠡᠭᠡᠨ ᠠᠪᠤᠭᠠᠳ ᠪᠤᠬᠢᠷᠳᠤᠯ ᠦᠭᠡᠢ ᠴᠠᠬᠢᠯᠭᠠᠨ ᠭᠠᠷᠭᠠᠨ᠎ᠠ᠂ ᠵᠤᠨ ᠤ᠋ ᠴᠠᠭ ᠪᠤᠯᠬᠤ ᠳ᠋ᠤ ᠭᠡᠷᠡᠯᠴᠢ ᠴᠡᠨᠡᠭ ᠤ᠋ᠨ ᠬᠠᠪᠲᠠᠰᠤᠨ ᠤ᠋ ᠳᠣᠣᠷ᠎ᠠ ᠲᠥᠮᠥᠰᠥ᠂ ᠡᠮ ᠤ᠋ᠨ ᠮᠠᠲ᠋ᠧᠷᠢᠶᠠᠯ ᠵᠡᠷᠭᠡ ᠠᠵᠤ ᠠᠬᠤᠢ ᠵᠢᠨ ᠲᠠᠷᠢᠮᠠᠯ ᠲᠠᠷᠢᠭᠰᠠᠨ ᠢ᠋ ᠣᠯᠵᠤ ᠬᠠᠷᠠᠳᠠᠭ᠃ ᠡᠨᠳᠡᠬᠢ ᠪᠣᠯ ᠬᠥᠪᠴᠢ ᠵᠢᠨ ᠡᠯᠡᠰᠦᠨ ᠳ᠋ᠡᠬᠢ ᠢ ᠯᠢ ᠭᠡᠷᠡᠯᠴᠢ ᠴᠡᠨᠡᠭ ᠵᠢᠨᠷ ᠡᠯᠡᠰᠦ ᠵᠢ ᠵᠠᠰᠠᠬᠤ ᠵᠢᠱ᠌ᠢᠶ᠎ᠠ ᠦᠵᠡᠭᠦᠯᠬᠦ ᠰᠠᠭᠤᠷᠢᠨ ᠪᠣᠯᠤᠨ᠎ᠠ᠃《ᠬᠠᠪᠲᠠᠰᠤᠨ ᠳᠡᠭᠡᠷ᠎ᠡ ᠴᠠᠬᠢᠯᠭᠠᠨ ᠭᠠᠷᠭᠠᠬᠤ᠂ ᠬᠠᠪᠲᠠᠰᠤᠨ ᠳᠣᠣᠷ᠎ᠠ ᠲᠠᠷᠢᠮᠠᠯ ᠲᠠᠷᠢᠬᠤ᠂ ᠬᠠᠪᠲᠠᠰᠤᠨ ᠬᠤᠭᠤᠷᠤᠨᠳᠤ ᠲᠡᠵᠢᠭᠡᠨ ᠦᠷᠡᠵᠢᠭᠦᠯᠬᠦ᠂ ᠡᠯᠡᠰᠦ ᠵᠢ ᠵᠠᠰᠠᠵᠤ ᠬᠥᠷᠥᠰᠥ ᠵᠢ ᠰᠠᠢᠵᠢᠷᠠᠭᠤᠯᠬᠤ᠂ ᠠᠵᠤ ᠦᠢᠯᠡᠰ ᠵᠢᠨᠷ ᠶᠠᠳᠠᠭᠤ ᠵᠢ ᠲᠡᠳᠭᠦᠬᠦ᠂ ᠠᠵᠤ ᠦᠢᠯᠡᠳᠪᠦᠷᠢ ᠵᠢᠨ ᠵᠢᠭᠤᠯᠴᠢᠯᠠᠯ ᠢ᠋ ᠬᠦᠭᠵᠢᠬᠦᠯᠬᠦ》 ᠵᠡᠷᠭᠡ ᠭᠡᠷᠡᠯᠴᠢ ᠴᠡᠨᠡᠭ ᠤ᠋ᠨ ᠰᠢᠨ᠎ᠡ ᠬᠡᠯᠪᠡᠷᠢ ᠵᠢᠨ ᠠᠵᠤ ᠦᠢᠯᠡᠰ ᠤ᠋ᠨ ᠵᠠᠭᠪᠤᠷ ᠨᠢ ᠯᠤᠲᠤ ᠶᠡᠬᠡ 《ᠪᠣᠬᠢᠷᠲᠤᠯ ᠦᠭᠡᠢ ᠪᠠᠩᠬᠢ》 ᠰᠢᠭ᠋ ᠪᠠᠢᠵᠤ᠂ ᠵᠢᠯ ᠤ᠋ᠨ ᠴᠠᠬᠢᠯᠭᠠᠨ ᠭᠠᠷᠭᠠᠬᠤ ᠬᠡᠮᠵᠢᠢ᠎ᠡ ᠨᠢ ᠪᠠᠷᠤᠭ 12.5 ᠳ᠋ᠦᠩᠰᠢᠭᠤᠷ ᠭᠷᠠᠳᠦ᠋ᠰ ᠲᠦ᠍ ᠬᠦᠷᠴᠦ᠂ ᠵᠢᠯ ᠪᠦᠷᠢ ᠨᠡᠭᠦᠷᠡᠰᠦᠲᠥ᠋ᠷᠥᠭᠴᠢ ᠵᠢᠨ ᠭᠠᠳᠠᠭᠰᠢᠯᠠᠭᠤᠯᠤᠯᠲᠠ ᠵᠢ 120 ᠲᠦᠮᠡᠨ ᠲᠤᠨ ᠪᠠᠭᠠᠰᠬᠠᠵᠤ ᠪᠤᠢ᠃

ᠠᠮᠢ ᠠᠬᠤᠢ ᠵᠢ ᠲᠡᠷᠢᠭᠦᠨ ᠳ᠋ᠦ᠍ ᠲᠠᠯᠪᠢᠬᠤ᠂ ᠪᠣᠬᠢᠷᠲᠤᠯ ᠦᠭᠡᠢ ᠬᠥᠭᠵᠢᠯᠲᠡ ᠵᠢᠨ ᠱᠠᠭᠠᠷᠳᠠᠯᠭ᠎ᠠ ᠳ᠋ᠦ᠍ ᠵᠣᠬᠢᠴᠠᠬᠤ ᠦᠭᠡᠢ ᠨᠡᠢᠴᠡᠬᠦ ᠦᠭᠡᠢ᠂ ᠴᠢᠨᠠᠭᠰᠢᠯᠠᠪᠠᠯ ᠲᠡᠭᠦᠨ ᠡᠴᠡ ᠵᠦᠷᠢᠴᠡᠭᠰᠡᠨ ᠦᠵᠡᠯ ᠰᠠᠨᠠᠭ᠎ᠠ ᠣᠢᠯᠠᠭᠠᠭᠳᠠᠬᠤᠨ᠂ ᠦᠢᠯᠡ ᠠᠵᠢᠯᠯᠠᠭ᠎ᠠ᠂ ᠬᠥᠭᠵᠢᠯᠲᠡ ᠵᠢᠨ ᠵᠠᠭᠪᠤᠷ ᠢ᠋ ᠡᠷᠡᠰ ᠲᠠᠶᠠᠭᠳᠠᠵᠤ᠂ ᠤᠯᠠᠮᠵᠢᠯᠠᠯᠲᠤ ᠠᠵᠤ ᠦᠢᠯᠡᠰ᠎ᠤ᠋ᠨ ᠬᠡᠯᠪᠡᠷᠢ ᠵᠢ ᠪᠣᠬᠢᠷᠲᠤᠯ ᠦᠭᠡᠢ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠪᠤᠯᠭᠠᠨ ᠬᠤᠪᠢᠷᠠᠭᠤᠯᠵᠤ᠂ ᠪᠠᠢᠯᠳᠤᠬᠤ ᠪᠣᠳᠣᠯᠭ᠎ᠠ ᠵᠢᠨ ᠴᠢᠨᠠᠷᠲᠠᠢ ᠰᠢᠨ᠎ᠡ ᠪᠠᠷ ᠮᠠᠨᠳᠤᠭᠰᠠᠨ ᠠᠵᠤ ᠦᠢᠯᠡᠰ ᠢ᠋ ᠬᠦᠴᠦᠷᠬᠡᠭᠵᠢᠨ ᠮᠠᠨᠳᠤᠭᠤᠯᠵᠤ᠂ ᠪᠦᠬᠦ ᠬᠦᠷᠢᠶ᠎ᠡ ᠪᠦᠬᠦ ᠶᠠᠪᠤᠴᠠ ᠳ᠋ᠤ ᠪᠣᠬᠢᠷᠲᠤᠯ ᠦᠭᠡᠢ ᠬᠦᠭᠵᠢᠯᠳᠡ ᠲᠡᠢᠰᠢ ᠬᠡᠯᠪᠡᠷᠢ ᠪᠠᠨ ᠬᠤᠪᠢᠷᠠᠭᠤᠯᠬᠤ ᠪᠠᠢᠳᠠᠯ ᠢ᠋ ᠪᠤᠢ ᠪᠤᠯᠭᠠᠪᠠ᠃

ᠪᠦᠬᠦ ᠣᠷᠣᠨ ᠤ᠋ ᠨᠡᠭᠦᠷᠡᠰᠦᠨ ᠤ᠋ ᠪᠤᠰᠤ ᠠᠵᠤ ᠦᠢᠯᠡᠰ ᠤ᠋ᠨ ᠨᠡᠮᠡᠭᠳᠡᠯ ᠥᠷᠲᠡᠭ ᠤ᠋ᠨ ᠬᠡᠪᠴᠢᠶᠡᠵᠢᠯ ᠡᠴᠡ ᠳᠡᠭᠡᠭᠰᠢᠬᠢ ᠠᠵᠤ ᠦᠢᠯᠡᠳᠪᠦᠷᠢ ᠳ᠋ᠡᠬᠢ ᠬᠤᠪᠢ ᠵᠢᠨ ᠵᠢᠩ 60% ᠵᠢ ᠳᠠᠪᠠᠵᠤ᠂《ᠨᠡᠭᠦᠷᠡᠰᠦ ᠪᠠᠷ ᠭᠣᠣᠯᠯᠠᠭᠤᠯᠤᠭᠰᠠᠨ》ᠪᠠᠢᠳᠠᠯ ᠳ᠋ᠦ᠍ ᠢᠯᠡᠷᠬᠡᠢ ᠬᠤᠪᠢᠷᠠᠯᠲᠠ ᠭᠠᠷᠴᠠᠢ᠃ ᠠᠮᠢ ᠠᠬᠤᠢ ᠵᠢᠨ ᠭᠡᠷᠡᠯᠴᠢ ᠴᠡᠨᠡᠭ ᠤ᠋ᠨ ᠴᠠᠬᠢᠯᠭᠠᠨ ᠬᠦᠴᠦᠨ ᠤ᠋ ᠮᠠᠰᠢᠨ ᠴᠣᠭᠴᠠᠯᠠᠪᠤᠷᠢ ᠵᠢᠨ ᠪᠠᠭᠲᠠᠭᠠᠮᠵᠢ 300 ᠲᠦᠮᠡᠨ ᠺᠢᠯᠣᠸᠠᠲ ᠎ᠢ ᠲᠠᠪᠠᠨ᠂ ᠰᠢᠨ᠎ᠡ ᠡᠨᠧᠷᠭᠢ ᠵᠢᠨ ᠮᠠᠰᠢᠨ ᠴᠣᠭᠴᠠᠯᠠᠪᠤᠷᠢ ᠵᠢᠨ ᠡᠵᠡᠯᠡᠬᠦ ᠬᠠᠷᠢᠴᠠᠯ ᠭᠤᠷᠪᠠᠨ ᠤ᠋ ᠨᠢᠭᠡ ᠬᠤᠪᠢ ᠡᠴᠡ ᠳᠡᠭᠡᠭᠰᠢ ᠪᠣᠯᠲᠠᠯ᠎ᠠ ᠨᠠᠮᠡᠭᠳᠡᠪᠡ ᠃

《ᠠᠮᠢ ᠠᠬᠤᠢ ᠵᠢᠨ ᠪᠣᠯᠪᠠᠰᠤᠨ ᠤ᠋ ᠪᠠᠢᠭᠤᠯᠤᠯᠲᠠ ᠪᠣᠯ ᠳᠤᠮᠳᠠᠳᠤ ᠵᠢᠨ ᠦᠨᠳᠦᠰᠦᠲᠡᠨ ᠤ᠋ ᠥᠨᠢᠳᠡ ᠵᠢᠨ ᠦᠷᠭᠦᠯᠵᠢᠯᠡᠬᠦ ᠬᠥᠭᠵᠢᠯᠲᠡ ᠳ᠋ᠦ᠍ ᠬᠣᠯᠪᠣᠭᠳᠠᠬᠤ ᠦᠨᠳᠦᠰᠦᠨ ᠶᠡᠬᠡ ᠪᠣᠳᠣᠯᠭ᠎ᠠ ᠮᠥᠨ᠂ ᠬᠤᠷᠳᠤᠴᠠ ᠵᠢᠨ ᠵᠠᠩᠭᠢᠷᠠᠭ᠎ᠠ᠂ ᠵᠠᠮ ᠤ᠋ᠨ ᠲᠦᠰᠢᠭᠯᠡᠯ ᠡᠴᠡ ᠲᠤᠢᠯᠪᠤᠷᠢᠲᠠᠢ ᠠᠩᠭᠢᠵᠢᠷᠠᠵᠤ᠂ ᠳᠠᠷᠤᠯᠲᠠ ᠵᠢ ᠲᠤᠯᠵᠤ ᠡᠪᠡᠷᠰᠢᠶᠡᠯ ᠢ᠋ ᠲᠡᠰᠪᠦᠷᠢᠯᠡᠨ᠂ ᠰᠢᠨ᠎ᠡ ᠵᠠᠮ ᠵᠢᠨᠷ ᠯᠠᠪᠳᠠᠭᠤᠨ ᠪᠠᠲᠤᠲᠠᠢ ᠵᠠᠮᠨᠠᠬᠤ ᠴᠢᠬᠤᠯᠠᠳᠠᠢ》 ᠭᠡᠵᠦ ᠥᠪᠥᠷ ᠮᠣᠩᠭᠣᠯ ᠤ᠋ᠨ ᠨᠠᠮ ᠤ᠋ᠨ ᠰᠤᠷᠭᠠᠭᠤᠯᠢ ᠵᠢᠨ ᠳᠡᠳ᠋ ᠵᠠᠬᠢᠷᠤᠯ ᠮᠠ ᠬᠦᠢ ᠶᠢᠩ ᠬᠡᠯᠡᠨ᠎ᠠ᠃

ᠦᠨᠡᠨ ᠪᠣᠳᠠᠲᠠᠢ ᠠᠵᠢᠯᠯᠠᠵᠤ ᠢᠷᠡᠭᠡᠳᠦᠢ ᠪᠠᠨ ᠠᠮᠵᠢᠯᠳᠠ ᠳᠠᠢ ᠤᠭᠳᠤᠨ᠎ᠠ᠃ 《ᠡᠬᠢ ᠪᠠᠶᠠᠯᠢᠭ ᠢ᠋ ᠨᠡᠭᠡᠭᠡᠨ ᠠᠰᠢᠭᠯᠠᠬᠤ᠂ ᠡᠬᠢ ᠪᠠᠶᠠᠯᠢᠭ ᠢ᠋ ᠬᠣᠷᠣᠭᠳᠠᠭᠤᠯᠬᠤ ᠳ᠋ᠦ᠍ ᠬᠡᠲᠦᠷᠬᠡᠢ ᠲᠦᠰᠢᠭᠯᠡᠬᠦ ᠠᠷᠭ᠎ᠠ ᠬᠢᠳᠡᠯ ᠢ᠋ ᠡᠷᠡᠰ ᠰᠢᠭᠤᠷᠬᠠᠢ ᠲᠠᠶᠠᠭᠳᠠᠵᠤ᠂ ᠰᠢᠨ᠎ᠡ ᠵᠢ ᠡᠭᠦᠳᠬᠦ ᠪᠠᠷ ᠬᠥᠳᠡᠯᠭᠡᠭᠦᠷ ᠪᠣᠯᠭᠠᠬᠰᠠᠨ ᠬᠥᠭᠵᠢᠯᠲᠡ ᠵᠢ ᠠᠬᠢᠭᠤᠯᠤᠨ᠎ᠠ᠃ ᠡᠨᠧᠷᠭᠢ ᠵᠢᠨ ᠬᠣᠷᠣᠭᠳᠠᠭᠤᠯᠤᠯ ᠶᠡᠬᠡᠲᠡᠢ᠂ ᠭᠠᠳᠠᠭᠰᠢᠯᠠᠭᠤᠯᠤᠯᠲᠠ ᠶᠡᠬᠡᠲᠡᠢ ᠵᠦᠢᠯᠡᠰ ᠢ᠋ ᠡᠷᠡᠰ ᠰᠢᠭᠤᠷᠬᠠᠢ ᠬᠢᠵᠠᠭᠠᠷᠯᠠᠵᠤ᠂ ᠪᠣᠬᠢᠷᠲᠤᠯ ᠦᠭᠡᠢ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠬᠥᠭᠵᠢᠯᠲᠡ ᠵᠢ ᠲᠦᠷᠭᠡᠪᠴᠢᠯᠡᠨ ᠪᠡᠶᠡᠯᠡᠭᠦᠯᠤᠨ᠎ᠠ᠃ ᠲᠠᠷᠠᠬᠠᠢ ᠪᠤᠲᠠᠷᠬᠠᠢ ᠪᠥᠭᠡᠳ ᠦᠷ᠎ᠡ ᠠᠰᠢᠭ ᠵᠢᠨᠷ ᠳᠣᠣᠷ᠎ᠠ ᠬᠡᠯᠪᠡᠷᠢ ᠵᠢᠨ ᠠᠵᠤ ᠦᠢᠯᠡᠰ ᠤ᠋ᠨ ᠬᠥᠭᠵᠢᠯᠲᠡ ᠵᠢᠨ ᠵᠠᠭᠪᠤᠷ ᠢ᠋ ᠡᠷᠡᠰ ᠰᠢᠭᠤᠷᠬᠠᠢ ᠬᠤᠪᠢᠷᠠᠭᠤᠯᠵᠤ᠂ ᠲᠥᠪᠯᠡᠷᠡᠩᠭᠦᠢ ᠪᠥᠭᠡᠳ ᠡᠷᠴᠢᠮᠯᠢᠭ ᠬᠥᠭᠵᠢᠯᠲᠡ ᠵᠢ ᠠᠬᠢᠭᠤᠯᠤᠨ᠎ᠠ》 ᠭᠡᠰᠡᠨ ᠤᠯᠠᠭᠠᠨᠬᠠᠳᠠ ᠬᠣᠲᠠ ᠵᠢᠨ ᠨᠠᠮ ᠤ᠋ᠨ ᠬᠣᠷᠢᠶᠠᠨ ᠤ᠋ ᠱᠦᠵᠢ ᠸᠠᠨ ᠴᠤᠤ ᠴᠢ ᠵᠢᠨ ᠳᠤᠷᠠᠳᠤᠭᠰᠠᠨ《ᠭᠤᠷᠪᠠᠨ ᠡᠷᠡᠰ ᠰᠢᠭᠤᠷᠬᠠᠢ》 ᠭᠠᠵᠠᠷ ᠲᠤᠰᠤᠭᠰᠠᠨ ᠠᠯᠮᠠᠰ ᠡᠷᠳᠡᠨᠢ ᠵᠢᠨ ᠲᠠᠭᠤ ᠪᠤᠯᠵᠤ ᠦᠪᠤᠷ ᠮᠤᠩᠭᠤᠯ ᠤᠷᠤᠨ ᠳ᠋ᠤ ᠬᠠᠩᠬᠢᠨᠠᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠪᠣᠣ ᠮᠧᠢ ᠷᠥᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠬᠠᠮᠢᠶ᠎ᠡ ᠪᠦᠬᠦᠢ ᠰᠣᠨᠢᠨ

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号