ᠤᠢᠷᠠᠳᠤ ᠂ ᠥᠪᠥᠷ
ᠮᠣᠩᠭᠣᠯ ᠤᠨ ᠵᠠᠮ ᠬᠠᠷᠢᠯᠴᠠᠭᠠᠨ ᠤ ᠪᠠᠯᠠ ᠣᠷᠣᠭᠤᠯᠤᠯᠲᠠ ᠶ᠋ᠢᠨ ᠪᠦᠯᠦᠭ᠌ᠯᠡᠯ ᠺᠤᠮᠫᠠᠨᠢ ᠨᠠᠮ ᠤᠨ ᠬᠣᠷᠢᠶᠠᠨ
ᠤ(ᠥᠷᠭᠡᠳᠭᠡᠭ᠌ᠰᠡᠨ)ᠬᠤᠷᠠᠯ ᠬᠤᠷᠠᠯᠳᠤᠭᠤᠯᠵᠤ ᠂ ᠨᠠᠮ ᠤᠨ ᠠᠷᠪᠠ ᠶᠢᠰᠦᠳᠦᠭᠡᠷ ᠬᠤᠭᠤᠴᠠᠭᠠᠨ
ᠤ ᠲᠥᠪ ᠬᠣᠷᠢᠶᠠᠨ ᠤ ᠵᠢᠷᠭᠤᠳᠤᠭᠠᠷ ᠪᠥᠬᠥᠳᠡ ᠬᠤᠷᠠᠯ ᠤᠨ ᠵᠣᠷᠢᠭ ᠰᠠᠨᠠᠭ᠎ᠠ ᠶ᠋ᠢ ᠤᠯᠠᠮᠵᠢᠯᠠᠨ ᠰᠤᠷᠤᠯᠴᠠᠪᠠ
᠃
ᠬᠤᠷᠠᠯ ᠡᠴᠡ ᠂ ᠥᠪᠥᠷ ᠮᠣᠩᠭᠣᠯ ᠤᠨ ᠵᠠᠮ ᠬᠠᠷᠢᠯᠴᠠᠭᠠᠨ ᠤ ᠪᠡᠯᠡ ᠣᠷᠣᠭᠤᠯᠤᠯᠲᠠ
ᠶ᠋ᠢᠨ ᠪᠦᠯᠦᠭ᠌ᠯᠡᠯ ᠺᠤᠮᠫᠠᠨᠢ ᠵᠢᠴᠢ ᠡᠯ᠎ᠡ ᠬᠠᠷᠢᠶ᠎ᠠ ᠠᠵᠤ ᠠᠬᠤᠢᠯᠠᠯ ᠤᠨ ᠬᠢᠨ ᠨᠠᠮ ᠤᠨ ᠠᠷᠪᠠ ᠶᠢᠰᠦᠳᠦᠭᠡᠷ
ᠬᠤᠭᠤᠴᠠᠭᠠᠨ ᠤ ᠲᠥᠪ ᠬᠣᠷᠢᠶᠠᠨ ᠤ ᠵᠢᠷᠭᠤᠳᠤᠭᠠᠷ ᠪᠦᠬᠦᠳᠠ ᠬᠤᠷᠠᠯ ᠤᠨ ᠵᠣᠷᠢᠭ ᠰᠠᠨᠠᠭ᠎ᠠ ᠶ᠋ᠢ ᠰᠤᠷᠤᠯᠴᠠᠨ
ᠤᠬᠠᠭᠤᠯᠵᠤ ᠲᠤᠭᠤᠱᠢᠯᠠᠭᠤᠯᠬᠤ ᠶ᠋ᠢ ᠣᠳᠣᠬᠠᠨ ᠤ ᠪᠠ ᠬᠣᠢᠱᠢᠳᠠ ᠶ᠋ᠢᠨ ᠨᠢᠭᠡ ᠬᠤᠭᠤᠴᠠᠭᠠᠨ ᠤ ᠭᠣᠣᠯᠳᠠᠯᠭᠠᠲᠠᠶ
ᠠᠵᠢᠯ ᠪᠣᠯᠭᠠᠵᠤ ᠂ ᠴᠠᠭ ᠲᠤᠬᠠᠢᠳᠤ ᠨᠢ ᠰᠤᠷᠤᠯᠴᠠᠵᠥ᠍ ᠰᠤᠳᠤᠯᠤᠨ ᠶᠠᠷᠢᠯᠴᠠᠬᠤ ᠠᠵᠢᠯ ᠢ ᠵᠣᠬᠢᠶᠠᠨ ᠪᠠᠢᠭᠤᠯᠵᠤ
᠂ ᠴᠠᠭ ᠲᠤᠬᠠᠢ ᠳᠤ ᠨᠢ ᠭᠣᠣᠯ ᠰᠡᠳᠦᠪᠲᠦ ᠤᠬᠠᠭᠤᠯᠤᠨ ᠲᠠᠢᠯᠪᠤᠷᠢᠯᠠᠯᠲᠠ ᠬᠢᠵᠦ᠍ ᠂ ᠤᠯᠠᠨ ᠬᠡᠯᠪᠡᠷᠢ ᠶ᠋ᠢᠨ
ᠰᠤᠷᠤᠯᠴᠠᠵᠥ᠍ ᠤᠬᠠᠭᠤᠯᠬᠤ ᠠᠷᠭ᠎ᠠ ᠬᠡᠯᠪᠡᠷᠢ ᠪᠡᠷ ᠳᠠᠮᠵᠢᠭᠤᠯᠤᠨ᠂ ᠪᠦᠬᠦ᠌ ᠪᠦᠯᠦᠭ᠌ᠯᠡᠯ ᠺᠤᠮᠫᠠᠨᠢ ᠳᠦ ᠰᠤᠷᠤᠯᠴᠠᠵᠥ᠍
ᠤᠬᠠᠭᠤᠯᠬᠤ ᠬᠠᠯᠠᠭᠤᠨ ᠥᠷᠨᠢᠯᠲᠡ ᠭᠠᠷᠭᠠᠬᠤ ᠬᠡᠷᠡᠭᠲᠡᠢ ᠭᠡᠵᠦ᠍ ᠱᠠᠭᠠᠷᠳᠠᠪᠠ ᠃
ᠬᠤᠷᠠᠯ ᠡᠴᠡ ᠂ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ
ᠬᠣᠷᠢᠶᠠᠨ ᠤ ᠵᠢᠷᠭᠤᠳᠤᠭᠠᠷ ᠪᠥᠬᠥᠳᠡ ᠬᠤᠷᠠᠯ ᠤᠨ ᠵᠣᠷᠢᠭ
ᠰᠠᠨᠠᠭᠠᠨ ᠤ ᠮᠥᠨ ᠴᠢᠨᠠᠷ ᠢ ᠣᠨᠣᠪᠴᠢᠲᠠᠶ ᠡᠵᠡᠮᠳᠡᠵᠦ᠍ ᠂ ᠦᠵᠡᠯ ᠰᠠᠨᠠᠭ᠎ᠠ ᠪᠠ ᠦᠶ᠋ᠯᠡ ᠠᠵᠢᠯᠯᠠᠭ᠎ᠠ ᠪᠠᠨ
ᠪᠥᠬᠥᠳᠡ ᠬᠤᠷᠠᠯ ᠤᠨ ᠵᠣᠷᠢᠭ ᠰᠠᠨᠠᠭ᠎ᠠ ᠳᠡᠭᠡᠷ᠎ᠡ ᠨᠢᠭᠡᠳᠭᠡᠵᠦ᠍ ᠂ ᠳᠤᠮᠳᠠᠳᠤ ᠤᠯᠤᠰ ᠤᠨ ᠡᠪ ᠬᠠᠮᠲᠤ ᠨᠠᠮ
ᠤᠨ ᠵᠠᠭᠤᠨ ᠵᠢᠯ ᠦᠨ ᠲᠡᠮᠡᠴᠡᠯ ᠦᠨ ᠲᠡᠦᠬᠡᠲᠦ ᠠᠴᠢ ᠬᠣᠯᠪᠣᠭ᠍ᠳᠠᠯ ᠢ ᠭᠦᠨᠵᠡᠭᠡᠶ ᠣᠢᠯᠠᠭᠠᠵᠤ ᠂ ᠰᠤᠷᠤᠯᠴᠠᠨ
ᠤᠬᠠᠭᠤᠯᠵᠤ ᠲᠤᠭᠤᠱᠢᠯᠠᠭᠤᠯᠬᠤ ᠲᠠᠯ᠎ᠠ ᠪᠠᠷ ᠴᠢᠩᠭ᠎ᠠ ᠠᠳᠭᠤᠨ ᠪᠣᠳᠠᠲᠠᠶ ᠬᠢᠬᠦ ᠬᠡᠷᠡᠭᠲᠡᠢ ᠃ ᠤᠳᠤᠷᠢᠳᠭᠤ
ᠪᠠᠭ ᠤᠨ ᠪᠦᠷᠢᠯᠳᠦᠬᠦᠨ ᠤᠷᠢᠳ ᠢᠶᠠᠷ ᠰᠤᠷᠤᠯᠴᠠᠵᠤ ᠂ ᠤᠷᠢᠳ ᠢᠶᠠᠷ ᠬᠦᠳᠡᠯᠦᠯᠴᠡᠬᠦ ᠶ᠋ᠢ ᠪᠠᠷᠢᠮᠲᠠᠯᠠᠵᠤ
᠂ ᠵᠥᠪ ᠴᠢᠭ᠌ᠯᠡᠯ ᠢᠶᠡᠷ ᠤᠳᠤᠷᠢᠳᠤᠮᠵᠢ ᠪᠣᠯᠭᠠᠬᠤ ᠶ᠋ᠢ ᠪᠠᠲᠤ ᠡᠵᠡᠮᠳᠡᠵᠦ᠍ ᠂ ᠪᠥᠬᠥᠳᠡ ᠬᠤᠷᠠᠯ ᠤᠨ ᠵᠣᠷᠢᠭ
ᠰᠠᠨᠠᠭ᠎ᠠ ᠶ᠋ᠢ ᠥᠪᠥᠷ ᠮᠣᠩᠭᠣᠯ ᠤᠨ ᠵᠠᠮ ᠬᠠᠷᠢᠯᠴᠠᠭᠠᠨ ᠤ ᠪᠠᠯᠠ ᠣᠷᠣᠭᠤᠯᠤᠯᠲᠠ ᠶ᠋ᠢᠨ ᠪᠦᠯᠦᠭ᠌ᠯᠡᠯ ᠺᠤᠮᠫᠠᠨᠢ
ᠳᠤ ᠲᠤᠭᠤᠱᠢᠯᠠᠭᠤᠯᠤᠨ ᠨᠠᠢᠳᠠᠪᠤᠷᠢᠵᠢᠭᠤᠯᠬᠤ ᠶ᠋ᠢ ᠠᠬᠢᠭᠤᠯᠵᠤ ᠂ ᠨᠠᠮ ᠤᠨ ᠲᠡᠦᠬᠡ ᠶ᠋ᠢᠨ ᠰᠤᠷᠤᠯᠴᠠᠯᠭ᠎ᠠ
ᠬᠥᠮᠦᠵᠢᠯ ᠢ ᠭᠦᠨᠵᠡᠭᠡᠢᠷᠡᠭᠦᠯᠦᠨ ᠥᠷᠭᠡᠳᠭᠡᠬᠦ᠌ ᠶ᠋ᠢ ᠠᠬᠢᠭᠤᠯᠵᠤ ᠂ ᠪᠥᠬᠥᠳᠡ ᠬᠤᠷᠠᠯ ᠤᠨ ᠵᠣᠷᠢᠭ ᠰᠠᠨᠠᠭ᠎ᠠ
ᠶ᠋ᠢ ᠪᠦᠯᠦᠭ᠌ᠯᠡᠯ ᠺᠤᠮᠫᠠᠨᠢ ᠶᠢᠨ ᠬᠥᠭ᠌ᠵᠢᠯᠲᠡ ᠶ᠋ᠢᠨ ᠪᠠᠢᠯᠳᠤᠬᠤ ᠪᠣᠳᠣᠯᠭ᠎ᠠ ᠶ᠋ᠢ ᠪᠡᠶᠡᠯᠡᠭᠦᠯᠬᠦ᠌
ᠳᠤᠮᠳᠠ ᠦᠨᠡᠨ ᠬᠦ᠌ ᠨᠠᠢᠳᠠᠪᠤᠷᠢᠵᠢᠭᠤᠯᠵᠤ ᠂ ᠠᠵᠤ ᠠᠬᠤᠢᠯᠠᠯ
ᠤᠨ ᠥᠭᠡᠷᠡᠴᠢᠯᠡᠯᠲᠡ ᠬᠥᠭ᠌ᠵᠢᠯᠲᠡ ᠶ᠋ᠢ ᠠᠬᠢᠭᠤᠯᠬᠤ ᠪᠠ ᠲᠡᠷᠢᠭᠦᠨ ᠵᠡᠷᠭᠡ ᠶ᠋ᠢᠨ ᠵᠠᠮ ᠬᠠᠷᠢᠯᠴᠠᠭᠠᠨ ᠤ
ᠪᠠᠯᠠ ᠣᠷᠣᠭᠤᠯᠤᠯᠲᠠ ᠶ᠋ᠢᠨ ᠪᠦᠯᠦᠭ᠌ᠯᠡᠯ ᠺᠤᠮᠫᠠᠨᠢ ᠶᠢᠨ ᠪᠠᠢᠯᠳᠤᠬᠤ ᠪᠣᠳᠣᠯᠭ᠎ᠠ ᠶ᠋ᠢᠨ ᠬᠠᠷᠠᠯᠲᠠ ᠶ᠋ᠢ
ᠴᠣᠭ᠍ᠴᠠᠯᠠᠬᠤ ᠬᠦᠴᠦᠷᠬᠡᠭ ᠶᠡᠬᠡ ᠬᠥᠳᠡᠯᠭᠡᠭᠦᠷ ᠪᠣᠯᠭᠠᠨ ᠬᠤᠪᠢᠷᠠᠭᠤᠯᠬᠤ ᠬᠡᠷᠡᠭ᠌ᠲᠡᠶ ᠭᠡᠵᠦ ᠴᠢᠬᠤᠯᠠᠴᠢᠯᠠᠪᠠ᠃