ᠮᠠᠨ ᠤ᠋ ᠤᠷᠤᠨ ᠠᠵᠤ ᠠᠬᠤᠢᠯᠠᠯ ᠡᠷᠭᠢᠯᠡᠬᠦ᠌ ᠶᠠᠪᠤᠴᠠ ᠶ᠋ᠢ ᠰᠢᠯᠢᠳᠡᠭᠵᠢᠭᠦᠯᠦᠬᠡᠳ ᠪᠠᠶᠠᠷᠯᠠᠭᠤᠰᠢᠳᠠᠢ ᠠᠮᠵᠢᠯᠳᠠ ᠤᠯᠪᠠ
2022-02-06 07:59:39
ᠵᠣᠬᠢᠶᠠᠭ᠍ᠴᠢ᠄
ᠼᠠᠢ ᠬᠤᠡᠭ
ᠣᠩᠱᠢᠭ᠍ᠰᠠᠨ ᠣᠳᠠᠭ᠎ᠠ᠄
★★★☆☆

ᠪᠤᠯᠤᠩ ᠨᠡᠭᠡᠭᠡᠬᠦ ᠦᠭᠡ᠄ 《ᠤᠰᠤ ᠭᠦᠨ ᠪᠤᠯᠬᠤ ᠲᠤᠰᠤᠮ ᠵᠢᠭᠠᠰᠤ ᠵᠢᠷᠠᠭᠠᠬᠠᠢ ᠪᠠᠶᠠᠰᠴᠤ᠌᠂ ᠬᠤᠳᠠ ᠬᠦᠴᠦᠷᠬᠡᠭ ᠲᠤᠮᠤ ᠪᠤᠯᠬᠤ ᠲᠤᠰᠤᠮ ᠠᠷᠠᠯᠵᠢᠶ᠎ᠠ ᠬᠤᠳᠠᠯᠳᠤᠭ᠎ᠠ ᠬᠦᠭᠵᠢᠶᠡᠨ ᠲᠠᠢ ᠪᠤᠯᠤᠮᠤᠢ》᠃ ᠬᠤᠳᠠᠯᠳᠤᠭ᠎ᠠ ᠡᠷᠬᠢᠯᠡᠬᠦ᠌ ᠣᠷᠴᠢᠨ ᠨᠥᠬᠥᠴᠡᠯ ᠪᠣᠯ ᠨᠢᠬᠡ ᠭᠠᠵᠠᠷ ᠣᠷᠣᠨ ᠤ᠋ ᠦᠷᠢᠰᠦᠯᠳᠦᠬᠦ᠌ ᠬᠦᠴᠦᠨ ᠤ᠋ ᠵᠠᠩᠭᠢᠯᠠᠭ᠎ᠠ ᠶ᠋ᠢᠨ ᠡᠯᠧᠮᠧᠨ᠋ᠲ ᠮᠦᠨ᠂ ᠲᠡᠷᠡ ᠨᠢ ᠬᠥᠭ᠌ᠵᠢᠯᠲᠡ ᠲᠠᠢ ᠬᠣᠯᠪᠣᠭ᠍ᠳᠠᠵᠤ ᠂ ᠢᠷᠡᠭᠡᠳᠦᠢ ᠶ᠋ᠢ ᠲᠣᠭ᠍ᠲᠠᠭᠠᠵᠤ ᠪᠠᠢᠳᠠᠭ ᠶᠤᠮ᠃ ᠲᠤᠰ ᠰᠣᠨᠢᠨ ᠡᠨᠡ ᠡᠳᠦᠷ ᠡᠴᠡ ᠡᠬᠢᠯᠡᠨ 《ᠬᠤᠳᠠᠯᠳᠤᠭ᠎ᠠ ᠡᠷᠬᠢᠯᠡᠬᠦ᠌ ᠣᠷᠴᠢᠨ ᠨᠥᠬᠥᠴᠡᠯ ᠢ᠋ ᠱᠢᠯᠢᠳᠡᠭ᠌ᠵᠢᠭᠦᠯᠦᠨ᠎ᠠ· ᠥᠪᠥᠷ ᠮᠣᠩᠭᠣᠯ᠎ᠤᠨ ᠠᠵᠢᠯᠯᠠᠭ᠎ᠠ》ᠭᠡᠬᠦ ᠪᠤᠯᠤᠩ ᠨᠡᠭᠡᠭᠡᠵᠦ᠍᠂ ᠪᠦᠬᠦ ᠤᠷᠤᠨ ᠤ᠋ ᠡᠯ᠎ᠡ ᠭᠠᠵᠠᠷ ᠡᠯ᠎ᠡ ᠰᠠᠯᠠᠭ᠎ᠠ ᠮᠥᠴᠢᠷ ᠤ᠋ᠨ ᠬᠢᠨ ᠲᠥᠪ ᠶᠣᠰᠣ ᠶ᠋ᠢ ᠪᠠᠷᠢᠮᠲᠠᠯᠠᠨ ᠱᠢᠨ᠎ᠡ ᠶ᠋ᠢ ᠡᠭᠦᠳᠴᠦ᠍᠂ ᠬᠤᠳᠠᠯᠳᠤᠭ᠎ᠠ ᠡᠷᠬᠢᠯᠡᠬᠦ᠌ ᠣᠷᠴᠢᠨ ᠨᠥᠬᠥᠴᠡᠯ ᠢ᠋ ᠲᠠᠰᠤᠷᠠᠯᠳᠠ ᠦᠭᠡᠢ ᠱᠢᠯᠢᠳᠡᠭ᠌ᠵᠢᠭᠦᠯᠦᠭᠰᠡᠨ ᠱᠢᠨ᠎ᠡ ᠵᠢᠳᠬᠦᠯ ᠴᠢᠷᠮᠠᠢᠯᠭ᠎ᠠ ᠂ ᠱᠢᠨ᠎ᠡ ᠳᠦᠷᠰᠦ ᠪᠠᠢᠳᠠᠯ ᠢ᠋ ᠲᠥᠪᠯᠡᠷᠡᠭᠦᠯᠦᠨ ᠮᠡᠳᠡᠬᠡᠯᠡᠵᠤ ᠂ ᠤᠷᠤᠨ ᠳᠠᠶᠠᠭᠠᠷ ᠲᠦ᠍ ᠬᠤᠳᠠᠯᠳᠤᠭ᠎ᠠ ᠡᠷᠬᠢᠯᠡᠬᠦ᠌ ᠣᠷᠴᠢᠨ ᠨᠥᠬᠥᠴᠡᠯ ᠢ᠋ ᠱᠢᠯᠢᠳᠡᠭ᠌ᠵᠢᠭᠦᠯᠬᠦ᠌ ᠰᠠᠢ᠌ᠨ ᠰᠠᠢᠬᠠᠨ ᠠᠭᠤᠷ ᠠᠮᠢᠰᠭᠤᠯ ᠢ᠋ ᠪᠤᠢ ᠪᠣᠯᠭᠠᠨ᠂ ᠬᠤᠳᠠᠯᠳᠤᠭ᠎ᠠ ᠡᠷᠬᠢᠯᠡᠬᠦ᠌ ᠣᠷᠴᠢᠨ ᠨᠥᠬᠥᠴᠡᠯ ᠢ᠋ ᠱᠢᠯᠢᠳᠡᠭ᠌ᠵᠢᠭᠦᠯᠬᠦ᠌ ᠲᠤᠬᠠᠢ ᠨᠡᠢᠭᠡᠮ ᠨᠡᠢᠳᠡ ᠶ᠋ᠢᠨ ᠣᠷᠣᠯᠴᠠᠬᠤ ᠬᠡᠮᠵᠢᠶ᠎ᠡ ᠪᠠ ᠤᠯᠠᠨ ᠲᠦᠮᠡᠨ ᠤ᠋ ᠣᠢᠯᠠᠭᠠᠬᠤ ᠬᠡᠮᠵᠢᠶ᠎ᠡ ᠶ᠋ᠢ ᠳᠡᠭᠡᠭ᠌ᠰᠢᠯᠡᠭᠦᠯᠵᠦ᠍ ᠂ ᠠᠵᠤ ᠠᠬᠤᠢᠯᠠᠯ ᠤ᠋ᠨ ᠬᠢᠨ ᠤ᠋ ᠪᠡᠯᠡ ᠣᠷᠣᠭᠤᠯᠵᠤ ᠦᠢᠯᠡᠰ ᠶ᠋ᠢᠡᠨ ᠬᠥᠭ᠌ᠵᠢᠭᠦᠯᠬᠦ᠌ ᠬᠠᠯᠠᠭᠤᠨ ᠰᠡᠳᠭᠢᠯᠭᠡ ᠶ᠋ᠢ ᠬᠥᠭ᠌ᠵᠢᠭᠡᠬᠦ᠌ ᠶ᠋ᠢ ᠵᠤᠷᠢᠯ᠎ᠠ᠃ ᠠᠩᠬᠠᠷᠤᠨ ᠤᠩᠰᠢᠮᠤ !                                         

          — ᠨᠠᠢᠷᠠᠭᠤᠯᠤᠭᠴᠢ ᠡᠴᠡ


ᠪᠤᠭᠤᠲᠤ ᠬᠣᠲᠠ ᠵᠢᠨ ᠵᠠᠰᠠᠭ ᠤ᠋ᠨ ᠶᠠᠪᠤᠳᠠᠯ ᠤ᠋ᠨ ᠦᠶ᠋ᠯᠡᠴᠢᠯᠡᠭᠡᠨ ᠤ᠋ ᠲᠢᠩᠬᠢᠮ ᠤ᠋ᠨ ᠠᠥ᠋ᠲ᠋ᠤ᠋ ᠦᠨᠡᠮᠯᠡᠯ ᠳᠠᠷᠤᠮᠠᠯᠯᠠᠬᠤ ᠮᠠᠰᠢᠨ ᠤ᠋ ᠬᠠᠵᠠᠭᠤ ᠳ᠋ᠤ᠂ ᠰᠠᠶᠢᠬᠠᠨ ᠳᠠᠷᠤᠮᠠᠯᠯᠠᠵᠤ ᠭᠠᠷᠭᠠᠭ᠍ᠰᠠᠨ ᠡᠵᠡᠩᠨᠡᠯᠲᠡ ᠵᠢᠨ ᠦᠨᠡᠮᠯᠡᠯ ᠵᠢᠡᠨ ᠪᠠᠷᠢᠵᠤ ᠵᠤᠭᠰᠤᠭᠰᠠᠨ ᠥᠪᠥᠷ ᠮᠣᠩᠭᠣᠯ ᠤ᠋ᠨ ᠹᠸᠩ ᠷᠠᠨ ᠠᠷᠠᠯᠵᠢᠶ᠎ᠠ ᠬᠤᠳᠠᠯᠳᠤᠭᠠᠨ ᠤ᠋ ᠬᠢᠵᠠᠭᠠᠷᠲᠤ ᠺᠣᠮᠫᠠᠨᠢ ᠵᠢᠨ ᠬᠠᠷᠢᠭᠤᠴᠠᠯᠭᠠᠲᠠᠨ ᠮᠠ ᠬᠤᠢ᠄《ᠤᠤᠯ ᠳ᠋ᠠᠭᠠᠨ ᠺᠣᠮᠫᠠᠨᠢ ᠡᠷᠬᠢᠯᠡᠬᠦ ᠭᠠᠷ ᠬᠦᠢᠴᠡᠳᠬᠡᠯ ᠢ᠋ ᠮᠠᠰᠢ ᠣᠯᠠᠨ ᠭᠠᠵᠠᠷ ᠲᠦ᠍ ᠬᠦᠷᠴᠦ ᠬᠦᠢᠴᠡᠳᠬᠡᠬᠦ ᠴᠢᠬᠤᠯᠠᠳᠠᠢ ᠭᠡᠵᠦ᠍ ᠪᠤᠳᠤᠵᠤ ᠪᠠᠢᠭ᠍ᠰᠠᠨ ᠶᠤᠮ᠃ ᠬᠠᠷᠢᠨ ᠡᠨᠳᠡ ᠢᠷᠡᠬᠡᠳ〈ᠨᠢᠭᠡ ᠰᠦᠯᠵᠢᠶ᠎ᠡ ᠪᠡᠷ ᠨᠡᠢᠳᠡᠮ ᠭᠦᠶ᠋ᠴᠡᠳᠭᠡᠬᠦ᠌〉ᠲᠠᠪᠴᠠᠩ ᠵᠢᠡᠷ ᠳᠠᠮᠵᠢᠨ ᠰᠠᠯᠠᠭ᠎ᠠ ᠮᠥᠴᠢᠷ ᠠᠯᠤᠰᠯᠠᠨ ᠬᠠᠮᠲᠤᠷᠠᠨ ᠭᠦᠶ᠋ᠴᠡᠳᠭᠡᠬᠦ᠌᠂ ᠠᠵᠤ ᠠᠬᠤᠢᠯᠠᠯ ᠳᠠᠩᠰᠠᠯᠠᠭᠤᠯᠬᠤ᠂ ᠲᠠᠮᠠᠭ᠎ᠠ ᠰᠡᠢᠯᠵᠤ ᠦᠶ᠋ᠯᠡᠳᠬᠦ᠌᠂ ᠡᠵᠡᠩᠨᠡᠯᠲᠡ ᠵᠢᠨ ᠦᠨᠡᠮᠯᠡᠯ ᠳᠠᠷᠤᠮᠠᠯᠯᠠᠬᠤ ᠵᠡᠷᠬᠡ ᠶ᠋ᠢ ᠨᠢᠬᠡ ᠯᠡ ᠲᠠᠬᠡᠷ᠎ᠠ ᠪᠡᠶᠡᠯᠡᠭᠦᠯᠵᠦ᠍᠂ ᠬᠠᠭᠠᠰ ᠡᠳᠦᠷ ᠪᠣᠯᠤᠭ᠎ᠠ ᠥᠬᠡᠶ ᠪᠡᠷ ᠪᠦᠬᠦᠨ ᠢ᠋ ᠲᠢᠬ ᠲᠠᠭ ᠲᠠᠭᠤᠰᠬᠠᠴᠢᠬᠠᠵᠠᠢ᠂ ᠦᠨᠡᠬᠡᠷ ᠲᠥᠬᠥᠮ ᠪᠤᠯᠤᠭᠰᠠᠨ ᠡ !》 ᠭᠡᠵᠦ ᠪᠠᠶᠠᠷᠲᠠᠢ ᠶᠠᠷᠢᠨ᠎ᠠ ᠃

2021 ᠤᠨ ᠡᠴᠡ ᠨᠠᠭᠠᠰᠢ᠂ ᠮᠠᠨ ᠤ᠋ ᠤᠷᠤᠨ《ᠨᠢᠭᠡ ᠬᠦᠰᠦᠨᠦᠭ᠌ᠲᠦ᠍ ᠪᠡᠷ ᠲᠠᠭ᠍ᠯᠠᠨ ᠮᠡᠳᠡᠭᠦᠯᠬᠦ᠌》 ᠂ 《ᠨᠢᠭᠡ ᠰᠦᠯᠵᠢᠶ᠎ᠡ ᠪᠡᠷ ᠨᠡᠢᠳᠡᠮ ᠭᠦᠶ᠋ᠴᠡᠳᠭᠡᠬᠦ᠌》 ᠂ 《ᠨᠢᠭᠡ ᠯᠡ ᠤᠳᠠᠭ᠎ᠠ ᠳ᠋ᠤ ᠭᠦᠢᠴᠡᠳᠭᠡᠬᠦ》 ᠂ 《ᠮᠣᠵᠢ ᠠᠯᠤᠰᠯᠠᠨ ᠨᠡᠢᠳᠡᠮ ᠭᠦᠶ᠋ᠴᠡᠳᠭᠡᠬᠦ᠌》 ᠵᠡᠷᠭᠡ ᠥᠭᠡᠷᠡᠴᠢᠯᠡᠯᠲᠡ ᠵᠢᠨ ᠠᠷᠭ᠎ᠠ ᠬᠡᠮᠵᠢᠶ᠎ᠡ ᠪᠡᠷ ᠲᠠᠮᠵᠢᠨ ᠠᠵᠤ ᠠᠬᠤᠢᠯᠠᠯ ᠡᠷᠬᠢᠯᠡᠬᠦ ᠬᠠᠮᠢᠶ᠎ᠠ ᠪᠦᠬᠦᠢ ᠬᠦᠢᠴᠡᠳᠬᠡᠯ ᠤ᠋ᠨ ᠴᠠᠭ ᠢ᠋ ᠳᠠᠬᠢᠨ ᠪᠣᠭᠣᠨᠢᠰᠭᠠᠬᠤ᠂ ᠦᠶ᠋ᠯᠡᠴᠢᠯᠡᠭᠡ ᠶ᠋ᠢ ᠳᠠᠬᠢᠨ ᠱᠢᠯᠢᠳᠡᠭ᠌ᠵᠢᠭᠦᠯᠬᠦ᠌᠂ ᠬᠤᠳᠠᠯᠳᠤᠭ᠎ᠠ ᠡᠷᠬᠢᠯᠡᠬᠦ ᠣᠷᠴᠢᠨ ᠨᠥᠬᠥᠴᠡᠯ ᠢ᠋ ᠳᠠᠬᠢᠨ ᠰᠢᠯᠢᠳᠡᠭᠵᠢᠬᠦᠯᠬᠦ ᠶ᠋ᠢ ᠪᠦᠲᠦᠮᠵᠢᠲᠡᠶ ᠠᠬᠢᠭᠤᠯᠵᠤ᠂ ᠠᠵᠤ ᠠᠬᠤᠢᠯᠠᠯ ᠡᠷᠬᠢᠯᠡᠬᠦ ᠭᠣᠭ᠍ᠴᠣᠭ᠎ᠠ ᠂ ᠶᠠᠪᠤᠴᠠ ᠂ ᠥᠪᠡᠷ ᠤ᠋ᠨ ᠥᠷᠲᠡᠭ ᠪᠠ ᠴᠠᠭ ᠤ᠋ᠨ ᠲᠠᠯ᠎ᠠ ᠪᠡᠷ ᠦᠨᠳᠦᠰᠦᠨ ᠳ᠋ᠡᠬᠡᠨ《ᠨᠢᠭᠡ ᠭᠣᠭ᠍ᠴᠣᠭ᠎ᠠ ᠳ᠋ᠤ ᠭᠦᠢᠴᠡᠳᠭᠡᠬᠦ᠂ ᠨᠢᠭᠡ ᠰᠦᠯᠵᠢᠶ᠎ᠡ ᠪᠡᠷ ᠭᠦᠶ᠋ᠴᠡᠳᠭᠡᠬᠦ᠌᠂ ᠰᠦᠢᠳᠬᠡᠯ ᠦᠭᠡᠢ ᠪᠡᠷ ᠭᠦᠢᠴᠡᠳᠭᠡᠬᠦ᠂ ᠨᠢᠭᠡ ᠡᠳᠦᠷ ᠲᠦ᠍ ᠳᠠᠭᠤᠰᠭᠠᠬᠤ》ᠵᠢ ᠪᠡᠶᠡᠯᠡᠭᠦᠯᠵᠤ᠂ ᠵᠠᠬ᠎ᠠ ᠳᠡᠯᠭᠡᠭᠦᠷ ᠤ᠋ᠨ ᠭᠤᠤᠯ ᠴᠤᠭᠴᠠ ᠦᠷᠬᠦᠯᠵᠢᠯᠡᠨ ᠲᠤᠭᠲᠠᠭᠤᠨ ᠵᠢᠡᠷ ᠬᠦᠭᠵᠢᠬᠦ ᠰᠠᠢᠨ ᠰᠠᠢᠬᠠᠨ ᠬᠠᠨᠳᠤᠰᠢ ᠵᠢ ᠪᠠᠲᠤᠯᠠᠭᠰᠠᠨ ᠪᠠᠢᠨ᠎ᠠ᠃ ᠪᠦᠷᠢᠳᠬᠡᠯ ᠵᠢᠡᠷ ᠂ ᠤᠳᠤ ᠪᠥᠬᠥ᠌ ᠣᠷᠣᠨ ᠳ᠋ᠤ 239.1 ᠲᠦᠮᠡᠨ ᠡᠷᠦᠬᠡ ᠵᠠᠬ᠎ᠠ ᠳᠡᠯᠭᠡᠭᠦᠷ ᠤ᠋ᠨ ᠭᠤᠤᠯ ᠴᠣᠭ᠍ᠴᠠ ᠲᠠᠢ ᠪᠣᠯᠵᠠᠢ ᠂ ᠡᠭᠦᠨ ᠳ᠋ᠤ 38.6 ᠲᠦᠮᠡᠨ ᠡᠷᠦᠬᠡ ᠶ᠋ᠢ ᠱᠢᠨ᠎ᠡ ᠪᠡᠷ ᠳᠠᠩᠰᠠᠯᠠᠭᠤᠯᠵᠤ᠂ ᠲᠠᠬᠡᠷ᠎ᠠ ᠵᠢᠯ ᠤ᠋ᠨ ᠠᠳᠠᠯᠢ ᠬᠤᠭᠤᠴᠠᠭᠠᠨ ᠤ᠋᠎ᠬᠢ ᠡᠴᠡ ᠲᠣᠰ ᠲᠣᠰ 5.55% ᠪᠠ 6.9% ᠪᠠᠷ ᠨᠡᠮᠡᠭᠳᠡᠨ᠂ ᠨᠢᠳᠤᠨᠤᠨ ᠡᠳᠦᠷ ᠪᠦᠷᠢ ᠳᠤᠮᠳᠠᠴᠢ ᠪᠠᠷ 1057 ᠡᠷᠦᠬᠡ ᠵᠠᠬ᠎ᠠ ᠲᠠᠯᠬᠡᠬᠦᠷ ᠤ᠋ᠨ ᠭᠤᠤᠯ ᠴᠤᠭᠴᠠ ᠵᠢ ᠱᠢᠨ᠎ᠡ ᠪᠡᠷ ᠳᠠᠩᠰᠠᠯᠠᠭᠤᠯᠵᠤ ᠂ ᠠᠵᠤ ᠠᠬᠤᠶ ᠪᠠ ᠠᠵᠢᠯ ᠣᠯᠭᠣᠯᠲᠠ ᠵᠢᠨ ᠦᠨᠳᠦᠰᠦᠨ ᠪᠠᠢᠳᠠᠯ ᠢ᠋ ᠲᠣᠭ᠍ᠲᠠᠪᠤᠷᠢᠵᠢᠭᠤᠯᠬᠤ ᠳ᠋ᠤ ᠬᠦᠴᠦᠲᠡᠶ ᠲᠤᠯᠭᠠᠭᠤᠷᠢᠯᠠᠯ ᠬᠠᠩᠭᠠᠭᠰᠠᠨ ᠪᠠᠢᠨ᠎ᠠ ᠃

2021 ᠤᠨ ᠡᠴᠡ ᠨᠠᠭᠠᠰᠢ᠂ ᠮᠠᠨ ᠤ᠋ ᠤᠷᠤᠨ《ᠨᠢᠭᠡ ᠬᠦᠰᠦᠨᠦᠭ᠌ᠲᠦ᠍ ᠪᠡᠷ ᠲᠠᠭ᠍ᠯᠠᠨ ᠮᠡᠳᠡᠭᠦᠯᠬᠦ᠌》 ᠵᠢ ᠬᠡᠷᠡᠭ᠌ᠵᠢᠭᠦᠯᠵᠦ᠍ ᠂ ᠠᠵᠤ ᠠᠬᠤᠢᠯᠠᠯ ᠡᠷᠬᠢᠯᠡᠬᠦ ᠮᠠᠲᠸᠷᠢᠶᠠᠯ ᠲᠤᠱᠢᠶᠠᠬᠤ᠎ᠳᠠᠭᠠᠨ ᠵᠠᠬ᠎ᠠ ᠳᠡᠯᠭᠡᠭᠦᠷ ᠤ᠋ᠨ ᠬᠢᠨᠠᠯᠲᠠ ᠬᠠᠮᠢᠶᠠᠷᠤᠯᠲᠠ᠂ ᠳᠣᠲᠣᠭᠠᠳᠤ ᠶ᠋ᠢ ᠬᠠᠮᠠᠭᠠᠯᠠᠬᠤ᠂ ᠬᠥᠮᠦᠨ ᠤ᠋ ᠬᠦᠴᠦᠨ ᠤ᠋ ᠡᠬᠢ ᠪᠠᠶᠠᠯᠢᠭ ᠪᠠ ᠨᠡᠢᠭᠡᠮ ᠤ᠋ᠨ ᠪᠠᠲᠤᠯᠠᠭ᠎ᠠ ᠂ ᠣᠷᠣᠨ ᠰᠠᠭᠤᠴᠠ ᠪᠠ ᠬᠣᠲᠠ ᠬᠥᠳᠡᠭᠡ ᠵᠢᠨ ᠪᠥᠲᠥᠭᠡᠨ ᠪᠠᠢᠭᠤᠯᠤᠯᠲᠠ᠂ ᠭᠠᠢᠯᠢ ᠵᠢᠨ ᠶᠠᠪᠤᠳᠠᠯ᠂ ᠪᠠᠩᠬᠢ ᠵᠡᠷᠭᠡ ᠰᠠᠯᠠᠭ᠎ᠠ ᠮᠥᠴᠢᠷ ᠤ᠋ᠨ ᠬᠠᠤᠯᠢ ᠪᠠᠷ ᠲᠣᠭ᠍ᠲᠠᠭᠠᠭ᠍ᠰᠠᠨ ᠲᠤᠱᠢᠶᠠᠬᠤ ᠴᠢᠬᠤᠯᠠ ᠲᠠᠢ ᠮᠠᠲᠸᠷᠢᠶᠠᠯ ᠢ᠋ ᠡᠮᠬᠢᠯᠡᠨ ᠨᠡᠢᠯᠡᠭᠦᠯᠵᠦ᠍᠂ ᠨᠢᠭᠡ ᠯᠡ ᠬᠦᠰᠦᠨᠦᠭ ᠡᠴᠡ ᠠᠵᠤ ᠠᠬᠤᠢᠯᠠᠯ ᠡᠷᠭᠢᠯᠡᠬᠦ᠌ ᠵᠦᠶ᠋ᠯᠡᠰ ᠢ᠋ ᠪᠦᠬᠦᠨ ᠢ᠋ ᠮᠡᠳᠡᠵᠦ᠍ ᠪᠤᠯᠬᠤ ᠮᠦᠷᠲᠡᠭᠡᠨ ᠪᠦᠬᠦᠨ ᠢ᠋ ᠲᠠᠭ᠍ᠯᠠᠨ ᠮᠡᠳᠡᠭᠦᠯᠬᠦ ᠵᠢ ᠪᠡᠶᠡᠯᠡᠭᠦᠯᠪᠡ ;《ᠨᠢᠭᠡ ᠴᠣᠩᠬᠤᠪᠴᠢ ᠪᠠᠷ ᠭᠦᠶ᠋ᠴᠡᠳᠭᠡᠬᠦ᠌》 ᠶ᠋ᠢ ᠳᠡᠯᠭᠡᠷᠡᠭᠦᠯᠵᠦ᠍ ᠂ ᠡᠯ᠎ᠡ ᠱᠠᠲᠤᠨ ᠤ᠋ ᠵᠠᠰᠠᠭ ᠤ᠋ᠨ ᠶᠠᠪᠤᠳᠠᠯ ᠤ᠋ᠨ ᠶᠡᠬᠡ ᠲᠢᠩᠬᠢᠮ ᠳ᠋ᠤ ᠰᠠᠯᠠᠭ᠎ᠠ ᠮᠥᠴᠢᠷ ᠠᠯᠤᠰᠯᠠᠭ᠍ᠰᠠᠨ ᠶᠡᠷᠦᠩᠬᠡᠢᠯᠡᠨ ᠭᠥᠯᠢᠶᠡᠨ ᠠᠪᠴᠤ᠌ ᠱᠢᠶ᠋ᠳᠪᠦᠷᠢᠯᠡᠬᠦ᠌ ᠴᠣᠩᠬᠤᠪᠴᠢ ᠵᠢᠴᠢ ᠠᠵᠤ ᠠᠬᠤᠢᠯᠠᠯ ᠡᠷᠬᠢᠯᠡᠬᠦ ᠠᠥ᠋ᠲ᠋ᠤ᠋ ᠦᠢᠯᠡᠴᠢᠯᠡᠭᠡ ᠲᠤᠬᠢᠷᠠᠭᠤᠯᠤᠨ᠂ ᠡᠯᠧᠺᠲ᠋ᠷᠣᠨ ᠡᠵᠡᠩᠨᠡᠯᠲᠡ ᠵᠢᠨ ᠦᠨᠡᠮᠯᠡᠯ᠂ ᠦᠨᠡᠮᠯᠡᠯ ᠢ᠋ ᠲᠦᠷᠭᠡᠨ ᠬᠦᠷᠭᠡᠯᠲᠡ ᠪᠡᠷ ᠬᠦᠷᠭᠡᠬᠦ ᠵᠡᠷᠭᠡ ᠦᠶ᠋ᠯᠡᠴᠢᠯᠡᠭᠡ ᠬᠠᠩᠭᠠᠵᠤ᠂ ᠠᠯᠠᠭᠠᠨ ᠳᠡᠭᠡᠷᠡᠬᠢ《e ᠳᠡᠩᠰᠡᠯᠡᠯᠲᠡ》᠎ᠶ᠋ᠢ ᠪᠠᠩᠬᠢ ᠳ᠋ᠤ ᠣᠷᠣᠭᠤᠯᠬᠤ᠂ ᠨᠡᠢᠭᠡᠮ ᠲᠣᠭᠣᠷᠢᠭ ᠲᠦ᠍ ᠣᠷᠣᠭᠤᠯᠬᠤ᠂ ᠰᠤᠷᠭᠠᠭᠤᠯᠢ ᠵᠢᠨ ᠬᠦᠷᠢᠶᠡᠨ ᠳ᠋ᠤ ᠣᠷᠣᠭᠤᠯᠬᠤ᠂ ᠦᠶ᠋ᠯᠡᠰ ᠪᠤᠰᠬᠠᠬᠤ ᠰᠠᠭᠤᠷᠢᠨ ᠳ᠋ᠤ ᠣᠷᠣᠭᠤᠯᠬᠤ ᠶ᠋ᠢ ᠠᠬᠢᠭᠤᠯᠪᠠ ;《ᠨᠢᠭᠡ ᠰᠦᠯᠵᠢᠶ᠎ᠡ ᠪᠡᠷ ᠨᠡᠢᠳᠡᠮ ᠭᠦᠶ᠋ᠴᠡᠳᠭᠡᠬᠦ᠌》ᠶ᠋ᠢ ᠲᠠᠰ ᠳᠡᠪᠱᠢᠭᠦᠯᠵᠤ᠂ ᠳᠣᠲᠣᠭᠠᠳᠤ ᠶ᠋ᠢ ᠬᠠᠮᠠᠭᠠᠯᠠᠬᠤ ᠂ ᠬᠥᠮᠦᠨ ᠤ᠋ ᠬᠦᠴᠦᠨ ᠤ᠋ ᠡᠬᠢ ᠪᠠᠶᠠᠯᠢᠭ ᠪᠠ ᠨᠡᠢᠭᠡᠮ ᠤ᠋ᠨ ᠪᠠᠲᠤᠯᠠᠭ᠎ᠠ᠂ ᠣᠷᠣᠨ ᠰᠠᠭᠤᠴᠠ ᠪᠠ ᠬᠣᠲᠠ ᠬᠥᠳᠡᠭᠡ ᠵᠢᠨ ᠪᠥᠲᠥᠭᠡᠨ ᠪᠠᠢᠭᠤᠯᠤᠯᠲᠠ᠂ ᠭᠠᠢᠯᠢ ᠵᠢᠨ ᠶᠠᠪᠤᠳᠠᠯ ᠂ ᠪᠠᠩᠬᠢ᠎ᠵᠡᠷᠭᠡ ᠪᠠᠢᠭᠤᠯᠭ᠎ᠠ ᠨᠢᠭᠡᠴᠢ᠎ᠵᠢᠨ ᠤᠴᠢᠷ ᠶᠠᠪᠤᠳᠠᠯ ᠢ᠋ ᠨᠡᠢᠳᠡᠮ ᠭᠦᠶ᠋ᠴᠡᠳᠭᠡᠬᠦ᠌ ᠴᠢᠳᠠᠮᠵᠢ ᠶ᠋ᠢ ᠨᠡᠮᠡᠭ᠌ᠳᠡᠭᠦᠯᠵᠦ᠂ ᠭᠠᠷ ᠤᠲᠠᠰᠤᠨ ᠤ᠋ 《ᠠᠯᠠᠭᠠᠨ ᠳᠡᠭᠡᠷ᠎ᠡ ᠭᠦᠶ᠋ᠴᠡᠳᠭᠡᠬᠦ᠌》 ᠱᠢᠰᠲ᠋ᠧᠮ ᠢ᠋ ᠪᠠᠢᠭᠤᠯᠵᠤ ᠂ ᠪᠥᠬᠥ᠌ ᠶᠠᠪᠤᠴᠠ ᠳ᠋ᠤ ᠣᠶᠤᠨᠴᠢ ᠪᠠᠷ ᠬᠢᠨᠠᠨ ᠵᠥᠪᠱᠢᠶᠡᠷᠡᠬᠦ᠌᠎ᠶ᠋ᠢ ᠪᠡᠶᠡᠯᠡᠭᠦᠯᠪᠡ; 《ᠨᠢᠭᠡ ᠯᠡ ᠤᠳᠠᠭ᠎ᠠ ᠳ᠋ᠤ ᠭᠡᠷᠡᠴᠢᠯᠡᠬᠦ᠌》 ᠶ᠋ᠢ ᠬᠡᠷᠡᠭ᠌ᠵᠢᠭᠦᠯᠵᠦ᠂ ᠠᠵᠤ ᠠᠬᠤᠢᠯᠠᠯ ᠡᠷᠬᠢᠯᠡᠬᠦ ᠱᠢᠰᠲ᠋ᠧᠮ ᠳ᠋ᠤ ᠠᠵᠤ ᠠᠬᠤᠢᠯᠠᠯ ᠡᠷᠬᠢᠯᠡᠬᠦ ᠪᠡᠷ ᠭᠤᠶᠤᠴᠢᠯᠠᠭᠰᠠᠨ ᠬᠦᠮᠦᠨ ᠤ᠋ ᠬᠢᠷᠢ ᠬᠡᠮ ᠢ᠋ ᠭᠡᠷᠡᠴᠢᠯᠡᠬᠦ᠌ ᠂ ᠵᠢᠰᠦ ᠴᠢᠷᠠᠢ᠎ᠶ᠋ᠢ ᠬᠠᠷᠭᠤᠭᠤᠯᠬᠤ ᠂ ᠣᠶᠤᠨᠴᠢ ᠪᠠᠷ ᠢᠯᠭᠠᠨ ᠲᠠᠨᠢᠬᠤ ᠴᠢᠳᠠᠮᠵᠢ ᠶ᠋ᠢ ᠱᠢᠨ᠎ᠡ ᠪᠡᠷ ᠨᠡᠮᠡᠭ᠌ᠳᠡᠭᠦᠯᠵᠦ᠍᠂ ᠦᠩᠬᠡᠷᠡᠭᠰᠡᠨ ᠤ᠋ ᠠᠵᠤ ᠠᠬᠤᠢᠯᠠᠯ ᠡᠷᠬᠢᠯᠡᠬᠦ ᠪᠡᠷ ᠭᠤᠶᠤᠴᠢᠯᠠᠭᠰᠠᠨ ᠬᠦᠮᠦᠨ ᠤ᠋ ᠬᠢᠷᠢ ᠬᠡᠮ ᠢ᠋ ᠳᠠᠬᠢᠨ ᠳᠠᠪᠲᠠᠨ ᠱᠢᠯᠭᠠᠨ ᠭᠡᠷᠡᠴᠢᠯᠡᠬᠦ᠌ ᠠᠰᠠᠭᠤᠳᠠᠯ ᠢ᠋ ᠪᠦᠳᠦᠮᠵᠢᠳᠠᠢ ᠱᠢᠶ᠋ᠳᠪᠦᠷᠢᠯᠡᠵᠤ᠂ ᠭᠡᠷᠡᠴᠢᠯᠡᠬᠦ᠌ ᠭᠣᠭ᠍ᠴᠣᠭ᠎ᠠ ᠶ᠋ᠢ ᠶᠡᠬᠡ ᠪᠡᠷ ᠪᠠᠭᠠᠰᠬᠠᠪᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠪᠤᠶᠠᠨ᠌ᠦ᠌ᠨᠳᠦᠰᠦ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2023 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄tn@mgyxw.net   蒙ICP备10000005号