— ᠥᠩᠭᠡᠷᠡᠭ᠌ᠰᠡᠨ ᠨᠢᠭᠡ ᠵᠢᠯ ᠳ᠋ᠤ᠂ ᠥᠪᠥᠷ ᠮᠣᠩᠭᠣᠯ ᠤ᠋ᠨ ᠤᠢ ᠱᠢᠭᠤᠢ ᠵᠢᠨ ᠠᠵᠤ ᠦᠢᠯᠡᠳᠪᠦᠷᠢ ᠵᠢᠨ ᠪᠦᠯᠦᠭ᠌ᠯᠡᠯ ᠶᠡᠬᠡ ᠬᠢᠩᠭᠠᠨ ᠳᠠᠪᠠᠭ᠎ᠠ ᠵᠢᠨ ᠠᠮᠢ ᠠᠬᠤᠢ ᠵᠢᠨ ᠪᠠᠢᠭᠤᠯᠤᠯᠲᠠ ᠶ᠋ᠢ ᠴᠢᠩᠭᠠᠳᠭᠠᠬᠤ ᠶ᠋ᠢ ᠱᠢᠨ᠎ᠡ ᠴᠠᠭ ᠦᠶ᠎ᠡ ᠵᠢᠨ ᠴᠢᠬᠤᠯᠠ ᠶᠡᠬᠡ ᠤᠯᠤᠰ ᠲᠦᠷᠦ᠍ ᠵᠢᠨ ᠡᠭᠦᠷᠭᠡ ᠪᠠ ᠴᠢᠬᠤᠯᠠ ᠶᠡᠬᠡ ᠠᠷᠠᠳ ᠤ᠋ᠨ ᠠᠮᠢᠳᠤᠷᠠᠯ ᠤ᠋ᠨ ᠪᠣᠳᠠᠲᠤ ᠶᠠᠪᠤᠳᠠᠯ ᠪᠣᠯᠭᠠᠭᠰᠠᠨ ᠶᠤᠮ᠃ ᠱᠢᠨᠡᠪᠡᠷ ᠵᠠᠰᠠᠭ᠍ᠰᠠᠨᠲᠦᠢᠮᠡᠷᠢᠰᠡᠷᠭᠡᠢᠯᠡᠵᠦᠪᠠᠴᠢᠮᠪᠠᠢᠳᠠᠯ ᠢ᠋ ᠠᠷᠭᠠᠴᠠᠭᠠᠬᠤ ᠵᠠᠮ ᠱᠢᠭᠤᠢᠲᠤ ᠣᠷᠣᠨ ᠤ᠋ ᠠᠭᠤᠯᠠᠨ ᠳᠤᠮᠳᠠ ᠮᠤᠷᠤᠯᠵᠠᠵᠤ᠂ ᠠᠪᠤᠷᠭᠤ ᠯᠣᠣ ᠮᠡᠲᠤ ᠬᠠᠷᠠᠭ᠍ᠳᠠᠨᠠ᠃ ᠲᠦᠢᠮᠡᠷ ᠰᠡᠷᠭᠡᠢᠯᠡᠬᠦ᠌ ᠪᠠᠴᠢᠮ ᠪᠠᠢᠳᠠᠯ ᠢ᠋ ᠠᠷᠭᠠᠴᠠᠭᠠᠬᠤ ᠵᠠᠮ᠂ ᠤᠢ ᠰᠢᠭᠤᠢ ᠵᠢᠨ ᠳᠠᠭᠠᠯᠳᠠ ᠠᠵᠤ ᠠᠬᠤᠢ ᠵᠢᠨ ᠵᠠᠩᠭᠢᠯᠠᠭ᠎ᠠ ᠴᠡᠭ ᠤ᠋ᠨ ᠵᠠᠮ᠂ ᠤᠢᠲᠤ ᠤᠷᠤᠨ ᠤ᠋ ᠳᠤᠲᠤᠭᠠᠳᠤ ᠬᠡᠰᠡᠭ ᠢ᠋ ᠭᠠᠳᠠᠭ᠍ᠰᠢ ᠬᠣᠯᠪᠣᠬᠤ ᠵᠠᠮ ᠢ᠋ ᠥᠭᠡᠷᠡᠴᠢᠯᠡᠨ ᠵᠠᠰᠠᠬᠤ ᠵᠡᠷᠭᠡ ᠠᠵᠢᠯ ᠢ᠋ ᠪᠡᠶᠡᠯᠡᠭᠦᠯᠵᠦ᠍᠂ 10 ᠳ᠋ᠦᠩᠱᠢᠭᠤᠷ ᠭᠠᠷᠤᠶ ᠲᠥᠭᠥᠷᠢᠭ ᠤ᠋ᠨ ᠪᠡᠯᠡ ᠮᠦᠨᠭᠬᠦ ᠣᠷᠣᠭᠤᠯᠤᠭᠰᠠᠨ ᠶᠤᠮ ᠬᠡᠵᠤ ᠪᠦᠬᠦ ᠤᠯᠤᠰᠤᠨ ᠠᠷᠠᠤᠨᠤᠨ ᠲᠦᠯᠦᠬᠡᠯᠡᠭᠴᠢ᠂ ᠦᠪᠤᠷ ᠮᠤᠨᠭᠭᠤᠯᠤᠨ ᠤᠢ ᠰᠢᠭᠤᠢ ᠵᠢᠨ ᠠᠵᠤ ᠦᠢᠯᠡᠤᠨᠪᠤᠷᠢ ᠵᠢᠨ ᠪᠦᠯᠦᠭᠯᠡᠯᠤᠨ ᠮᠠᠨ ᠬᠦᠢ ᠤᠢ ᠱᠢᠭᠤᠢ ᠵᠢᠨ ᠲᠤᠪᠴᠢᠶ᠎ᠡ ᠵᠢᠨ ᠬᠢᠵᠠᠭᠠᠷᠲᠤ ᠺᠣᠮᠫᠠᠨᠢ ᠵᠢᠨ ᠪᠸᠢ ᠠᠨ ᠤᠢ ᠱᠢᠭᠤᠢ ᠵᠢᠨ ᠲᠠᠯᠠᠪᠠᠢ ᠵᠢᠨ ᠠᠵᠢᠯᠳᠠᠨ ᠵᠧᠦ ᠢ ᠵᠧ ᠬᠡᠯᠡᠵᠤ ᠪᠠᠢᠪᠠ᠃

ᠵᠸᠤ ᠢ ᠡᠸ ᠤᠢ ᠰᠢᠭᠤᠢ ᠵᠢᠨ ᠠᠷᠠᠴᠢᠯᠠᠨ ᠪᠤᠢᠵᠢᠭᠤᠯᠬᠤ ᠰᠠᠭᠤᠷᠢᠨᠳᠤ ᠬᠤᠶᠠᠷ ᠬᠤᠷᠠᠯᠤᠨ ᠵᠤᠷᠢᠭ ᠰᠠᠨᠠᠭ᠎ᠠ ᠵᠢ ᠤᠬᠠᠭᠤᠯᠤᠨ ᠲᠠᠢᠯᠪᠤᠷᠢᠯᠠᠵᠤ ᠪᠠᠢᠭ᠎ᠠ ᠨᠢ
ᠵᠤᠷᠪᠤᠰ ᠵᠤᠷᠪᠤᠰ ᠴᠢᠮᠡᠭᠡ ᠬᠤᠯᠪᠤᠭᠠᠨ ᠤ᠋ ᠤᠲᠠᠰᠤ ᠶᠠᠭ ᠯᠠ ᠰᠦᠯᠵᠢᠯᠳᠦᠨ ᠨᠡᠪᠳᠡᠷᠡᠭᠰᠡᠨ《ᠮᠡᠳᠡᠬᠡ ᠴᠢᠮᠡᠭᠡ ᠵᠢᠨ ᠬᠤᠷᠳᠤᠨ ᠤ᠋ ᠵᠠᠰᠠᠮᠠᠯ ᠵᠠᠮ》 ᠮᠡᠲᠤ ᠨᠡᠩ ᠤᠯᠠᠨ ᠤᠢ ᠱᠢᠭᠤᠢ ᠵᠢᠨ ᠲᠠᠯᠠᠪᠠᠢ ᠳ᠋ᠤ 4G ᠰᠦᠯᠵᠢᠶᠡᠲᠡᠶ ᠪᠣᠯᠭᠠᠵᠠᠢ᠃ ᠡᠨᠡ ᠨᠢᠭᠡ ᠵᠢᠯ ᠳ᠋ᠤ᠂ ᠴᠠᠬᠢᠯᠭᠠᠨ ᠬᠣᠯᠪᠣᠭᠠᠨ ᠤ᠋ ᠲᠦᠭᠡᠮᠡᠯ ᠦᠶ᠋ᠯᠡᠴᠢᠯᠡᠭᠡ ᠵᠢᠨ ᠲᠤᠷᠱᠢᠯᠲᠠ ᠵᠢᠨ ᠲᠥᠷᠥᠯ ᠵᠦᠶ᠋ᠯ ᠵᠥᠪᠱᠢᠶᠡᠷᠡᠭ᠌ᠳᠡᠵᠦ᠍᠂ 4G ᠴᠢᠮᠡᠭᠡ ᠬᠣᠯᠪᠣᠭᠠᠨ ᠤ᠋ ᠰᠠᠭᠤᠷᠢ ᠥᠷᠲᠡᠭᠡ ᠵᠢ 121 ᠪᠠᠢᠭᠤᠯᠬᠤ ᠶ᠋ᠢ ᠳᠠᠭᠠᠯᠳᠤᠨ᠂ ᠠᠭ᠍ᠯᠠᠭ ᠠᠭᠤᠯᠠ ᠭᠦᠨ ᠣᠶᠳᠤ ᠴᠤ᠌ ᠮᠡᠳᠡᠬᠡ ᠴᠢᠮᠡᠭᠡ ᠨᠡᠪᠲᠡᠷᠡᠬᠦ ᠪᠣᠯᠪᠠ᠃
ᠡᠨᠡ ᠪᠣᠯ 2021 ᠣᠨᠳᠤ ᠥᠪᠥᠷ ᠮᠣᠩᠭᠣᠯ ᠤ᠋ᠨ ᠶᠡᠬᠡ ᠬᠢᠩᠭᠠᠨ ᠳᠠᠪᠠᠭ᠎ᠠ ᠵᠢᠨ ᠱᠢᠭᠤᠢᠲᠤ ᠣᠷᠣᠨᠳᠤ ᠭᠠᠷᠤᠭ᠍ᠰᠠᠨ ᠬᠣᠶᠠᠷ ᠴᠢᠬᠤᠯᠠ ᠶᠡᠬᠡ ᠬᠤᠪᠢᠷᠠᠯᠲᠠ ᠪᠣᠯᠤᠨ᠎ᠠ᠃ ᠡᠨᠡ ᠬᠦ᠌ ᠬᠤᠪᠢᠷᠠᠯᠲᠠ ᠨᠢ ᠨᠢᠳᠤᠨᠤᠨ ᠤ᠋ ᠪᠦᠬᠦ᠌ ᠤᠯᠤᠰ ᠤ᠋ᠨ ᠬᠣᠶᠠᠷ ᠬᠤᠷᠠᠯ ᠳᠡᠭᠡᠷ᠎ᠡ ᠪᠦᠬᠦ᠌ ᠤᠯᠤᠰ ᠤ᠋ᠨ ᠠᠷᠠᠳ ᠤ᠋ᠨ ᠲᠥᠯᠥᠭᠡᠯᠡᠭ᠌ᠴᠢᠳ ᠤ᠋ᠨ ᠶᠡᠬᠡ ᠬᠤᠷᠠᠯ ᠤ᠋ᠨ ᠲᠥᠯᠥᠭᠡᠯᠡᠭ᠌ᠴᠢ ᠵᠧᠦ ᠢ ᠵᠧ ᠵᠢᠨ ᠳᠤᠷᠠᠳᠤᠭ᠍ᠰᠠᠨ ᠬᠣᠶᠠᠷ ᠰᠠᠨᠠᠭᠤᠯᠭᠠᠠᠴᠠ ᠪᠣᠯᠤᠭ᠍ᠰᠠᠨ ᠶᠤᠮ᠃
58 ᠨᠠᠰᠤᠲᠠᠢ ᠵᠧᠦ ᠢ ᠵᠧ ᠪᠣᠯ ᠥᠪᠥᠷ ᠮᠣᠩᠭᠣᠯ ᠤ᠋ᠨ ᠤᠢ ᠱᠢᠭᠤᠢ ᠵᠢᠨ ᠠᠵᠤ ᠦᠢᠯᠡᠳᠪᠦᠷᠢ ᠵᠢᠨ ᠪᠦᠯᠦᠭ᠌ᠯᠡᠯ ᠤ᠋ᠨ ᠮᠠᠨ ᠬᠦᠢ ᠤᠢ ᠱᠢᠭᠤᠢ ᠵᠢᠨ ᠲᠤᠪᠴᠢᠶ᠎ᠡ ᠵᠢᠨ ᠬᠢᠵᠠᠭᠠᠷᠲᠤ ᠺᠣᠮᠫᠠᠨᠢ ᠵᠢᠨ ᠪᠸᠢ ᠠᠨ ᠤᠢ ᠱᠢᠭᠤᠢ ᠵᠢᠨ ᠲᠠᠯᠠᠪᠠᠢ ᠵᠢᠨ ᠳᠣᠯᠣᠳᠤᠭᠠᠷ ᠪᠠᠭ᠎ᠠ ᠠᠩᠬᠢ ᠵᠢᠨ ᠠᠵᠢᠯᠯᠠᠬᠤ ᠠᠩᠬᠢ ᠵᠢᠨ ᠳᠠᠷᠤᠭ᠎ᠠ ᠪᠣᠯᠤᠨ᠎ᠠ᠂ ᠲᠡᠷᠡ ᠱᠢᠭᠤᠢᠲᠤ ᠣᠷᠣᠨᠳᠤ ᠬᠠᠭᠠᠰ ᠨᠠᠰᠤᠪᠠᠷ ᠵᠢᠡᠨ ᠠᠵᠢᠯᠯᠠᠵᠠᠢ᠃ 2018 ᠣᠨᠳᠤ ᠪᠦᠬᠦ᠌ ᠤᠯᠤᠰ ᠤ᠋ᠨ ᠠᠷᠠᠳ ᠤ᠋ᠨ ᠲᠥᠯᠥᠭᠡᠯᠡᠭ᠌ᠴᠢᠳ ᠤ᠋ᠨ ᠶᠡᠬᠡ ᠬᠤᠷᠠᠯ ᠤ᠋ᠨ ᠲᠥᠯᠥᠭᠡᠯᠡᠭ᠌ᠴᠢᠪᠡᠷ ᠰᠣᠩᠭᠣᠭ᠍ᠳᠠᠵᠤ᠂ ᠤᠢ ᠱᠢᠭᠤᠢ ᠵᠢᠨ ᠣᠷᠣᠨ ᠤ᠋ ᠬᠥᠭ᠌ᠵᠢᠯᠲᠡ ᠶ᠋ᠢ ᠬᠡᠷᠬᠢᠨ ᠠᠬᠢᠭᠤᠯᠬᠤ ᠲᠤᠬᠠᠢ ᠪᠠᠢᠴᠠᠭᠠᠨ ᠰᠤᠳᠤᠯᠬᠤ ᠳᠡᠭᠡᠷ᠎ᠡ ᠭᠣᠣᠯ ᠬᠦᠴᠦ᠍ᠪᠡᠨ ᠲᠠᠯᠪᠢᠪᠠ᠃
2021 ᠣᠨ ᠤ᠋ 3 ᠰᠠᠷ᠎ᠠ ᠵᠢᠨ 5 ᠤ᠋ ᠦᠳᠡ ᠵᠢᠨ ᠬᠣᠢᠨ᠎ᠠ᠂ ᠶᠡᠷᠦᠩᠬᠡᠶ ᠱᠦᠵᠢ ᠰᠢ ᠵᠢᠨ ᠫᠢᠩ ᠠᠷᠪᠠᠨ ᠭᠤᠷᠪᠠᠳᠤᠭᠠᠷ ᠬᠤᠭᠤᠴᠠᠭᠠᠨ ᠤ᠋ ᠪᠥᠬᠥ᠌ ᠤᠯᠤᠰ ᠤ᠋ᠨ ᠠᠷᠠᠳ ᠤ᠋ᠨ ᠲᠥᠯᠥᠭᠡᠯᠡᠭ᠌ᠴᠢᠳ ᠤ᠋ᠨ ᠶᠡᠬᠡ ᠬᠤᠷᠠᠯ ᠤ᠋ᠨ ᠳᠥᠷᠪᠡᠳᠦᠭᠡᠷ ᠬᠤᠷᠠᠯ ᠤ᠋ᠨ ᠥᠪᠥᠷ ᠮᠣᠩᠭᠣᠯ ᠤ᠋ᠨ ᠲᠥᠯᠥᠭᠡᠯᠡᠭ᠌ᠴᠢᠳ ᠤ᠋ᠨ ᠪᠦᠯᠬᠦᠮ ᠤ᠋ᠨ ᠬᠢᠨᠠᠨ ᠵᠥᠪᠯᠡᠬᠦ᠌ ᠳ᠋ᠤ ᠣᠷᠣᠯᠴᠠᠬᠤ ᠳ᠋ᠤ᠂ 5 ᠲᠥᠯᠥᠭᠡᠯᠡᠭ᠌ᠴᠢ ᠬᠠᠮᠢᠶ᠎ᠠ ᠪᠥᠬᠥᠶ ᠠᠰᠠᠭᠤᠳᠠᠯ ᠤ᠋ᠨ ᠲᠤᠬᠠᠶ ᠦᠭᠡ ᠬᠡᠯᠡᠬᠦ ᠳ᠋ᠤ ᠵᠧᠸ᠋ ᠢ ᠵᠧ ᠴᠤ᠌ ᠪᠠᠢᠯᠴᠠᠪᠠ᠃ 《 ᠪᠢ ᠥᠪᠡᠷ ᠤ᠋ᠨ 〈 ᠮᠣᠳᠣ ᠣᠭ᠍ᠲᠣᠯᠤᠭ᠍ᠴᠢ〉 ᠪᠠᠢᠭ᠍ᠰᠠᠨᠠᠴᠠᠪᠠᠨ 〈ᠤᠢ ᠬᠠᠮᠠᠭᠠᠯᠠᠬᠴᠢ〉 ᠪᠣᠯᠤᠭ᠍ᠰᠠᠨ ᠥᠩᠭᠡᠷᠡᠯᠲᠡᠪᠡᠨ ᠲᠠᠨᠢᠯᠴᠠᠭᠤᠯᠤᠭ᠍ᠰᠠᠨ ᠪᠥᠭᠡᠳ ᠱᠢᠭᠤᠢᠲᠤ ᠣᠷᠣᠨ ᠤ᠋ ᠵᠠᠮ ᠨᠡᠪᠲᠡᠷᠡᠯᠭᠡ ᠵᠢᠨ ᠪᠦᠲᠦᠭᠡᠨ ᠪᠠᠢᠭᠤᠯᠤᠯᠲᠠ᠂ ᠰᠢᠭᠤᠢᠲᠤ ᠤᠷᠤᠨ ᠤ᠋ ᠴᠢᠮᠡᠭᠡ ᠬᠤᠯᠪᠤᠭᠠᠨ ᠤ᠋ ᠨᠦᠬᠦᠴᠡᠯ ᠢ᠋ ᠰᠠᠢᠵᠢᠷᠠᠭᠤᠯᠬᠤ ᠲᠤᠬᠠᠶ ᠬᠣᠶᠠᠷ ᠰᠠᠨᠠᠭᠤᠯᠭ᠎ᠠ ᠳᠤᠷᠠᠳᠴᠠᠶ》 ᠭᠡᠵᠦ ᠵᠧᠦ ᠢ ᠵᠧ ᠬᠡᠯᠡᠨ᠎ᠠ᠃ ᠡᠨᠡᠬᠦ ᠬᠣᠶᠠᠷ ᠰᠠᠨᠠᠯ ᠰᠠᠨᠠᠭᠤᠯᠭ᠎ᠠ ᠨᠢ ᠴᠥᠮ ᠶᠡᠷᠦᠩᠬᠡᠢ ᠱᠦᠵᠢ ᠰᠢ ᠵᠢᠨ ᠫᠢᠩ ᠤ᠋ᠨ ᠠᠩᠬᠠᠷᠤᠯ ᠢ᠋ ᠲᠠᠳᠠᠪᠠ᠂ 《ᠬᠢᠨᠠᠨ ᠵᠥᠪᠯᠡᠬᠦ᠌ ᠬᠤᠷᠠᠯ ᠳᠠᠭᠤᠰᠤᠭᠰᠠᠨᠦ ᠲᠠᠷᠠᠭ᠎ᠠ᠂ ᠶᠡᠷᠦᠩᠬᠡᠢ ᠱᠦᠵᠢ ᠰᠢ ᠵᠢᠨ ᠫᠢᠩ ᠬᠣᠯᠪᠣᠭ᠍ᠳᠠᠯ ᠪᠦᠬᠦᠢ ᠶᠠᠮᠤᠨ ᠵᠥᠪᠯᠡᠯᠳᠤ᠂ ᠮᠢᠨᠦ ᠰᠠᠨᠠᠭᠤᠯᠭ᠎ᠠ ᠶ᠋ᠢ ᠨᠠᠷᠢᠨ ᠬᠢᠨᠠᠮᠠᠭᠠᠢ ᠰᠣᠨᠣᠰᠴᠤ᠌᠂ ᠲᠤᠬᠢᠷᠠᠭᠤᠯᠤᠨ ᠱᠢᠢᠳᠪᠦᠷᠢᠯᠡᠬᠦ᠌ ᠬᠡᠷᠡᠭ᠌ᠲᠡᠢ ᠭᠡᠵᠤ ᠣᠨᠴᠠᠭᠠᠢᠯᠠᠨ ᠲᠤᠱᠢᠶᠠᠪᠠ》 ᠭᠡᠵᠦ ᠵᠧᠦ ᠢ ᠵᠧ ᠡᠷᠭᠢᠴᠡᠭᠦᠯᠦᠨ ᠶᠠᠷᠢᠨ᠎ᠠ᠃
ᠬᠥᠭ᠌ᠵᠢᠭᠦᠯᠦᠯᠲᠡ ᠪᠠ ᠥᠭᠡᠷᠡᠴᠢᠯᠡᠯᠲᠡ᠂ ᠣᠶ ᠱᠢᠭᠤᠶ ᠡᠪᠡᠰᠦ ᠪᠡᠯᠴᠢᠭᠡᠷ᠂ ᠵᠠᠮ ᠬᠠᠷᠢᠯᠴᠠᠭ᠎ᠠ᠂ ᠠᠵᠤ ᠦᠶ᠋ᠯᠡᠳᠪᠦᠷᠢ ᠪᠤᠯᠤᠨ ᠮᠡᠳᠡᠭᠡ ᠵᠠᠩᠭᠢᠵᠢᠯᠲᠠ ᠵᠡᠷᠭᠡ ᠬᠣᠯᠪᠣᠭ᠍ᠳᠠᠯ ᠪᠥᠬᠥᠶ ᠰᠠᠯᠠᠭ᠎ᠠ ᠮᠥᠴᠢᠷ ᠤ᠋ᠨ ᠬᠠᠮᠲᠤ ᠵᠢᠨ ᠬᠠᠯᠠᠮᠵᠢᠯᠠᠯ ᠳᠡᠮᠵᠢᠯᠭᠡ ᠳᠤᠤᠷ᠎ᠠ᠂ 2021 ᠣᠨᠳᠤ ᠥᠪᠥᠷ ᠮᠣᠩᠭᠣᠯ ᠤ᠋ᠨ ᠶᠡᠬᠡ ᠬᠢᠩᠭᠠᠨ ᠳᠠᠪᠠᠭ᠎ᠠ ᠵᠢᠨ ᠱᠢᠭᠤᠢᠲᠤ ᠣᠷᠣᠨ ᠤ᠋ ᠵᠠᠮ ᠬᠠᠷᠢᠯᠴᠠᠭ᠎ᠠ᠂ ᠴᠠᠬᠢᠯᠭᠠᠨ ᠬᠣᠯᠪᠣᠭᠠᠨ ᠤ᠋ ᠪᠥᠲᠥᠭᠡᠨ ᠪᠠᠢᠭᠤᠯᠤᠯᠲᠠ ᠴᠢᠬᠤᠯᠠ ᠶᠡᠬᠡ ᠠᠬᠢᠴᠠ ᠲᠠᠶ ᠪᠣᠯᠪᠠ᠂ ᠡᠨᠡᠨᠢ ᠮᠦᠨ ᠴᠤ᠌ ᠪᠥᠬᠥ᠌ ᠤᠯᠤᠰ ᠤ᠋ᠨ ᠠᠷᠠᠳ ᠤ᠋ᠨ ᠲᠥᠯᠥᠭᠡᠯᠡᠭ᠌ᠴᠢᠳ ᠤ᠋ᠨ ᠶᠡᠬᠡ ᠬᠤᠷᠠᠯ ᠤ᠋ᠨ ᠲᠥᠯᠥᠭᠡᠯᠡᠭ᠌ᠴᠢ ᠵᠢᠨ ᠡᠭᠦᠷᠭᠡᠯᠡᠵᠦ᠍ ᠪᠠᠢᠭ᠎ᠠ ᠴᠢᠬᠤᠯᠠ ᠶᠡᠬᠡ ᠬᠠᠷᠢᠭᠤᠴᠠᠯᠭ᠎ᠠ ᠬᠡᠳᠡᠭᠢ ᠵᠧᠦ ᠢ ᠵᠧᠳᠤ ᠮᠡᠳᠡᠷᠡᠭᠦᠯᠪᠡ᠃ 《ᠢᠯᠡᠭᠦᠬᠡᠨ ᠶᠠᠪᠤᠵᠤ᠂ ᠢᠯᠡᠭᠦᠬᠡᠨ ᠦᠵᠡᠵᠦ᠂ ᠢᠯᠡᠭᠦᠬᠡᠨ ᠰᠤᠷᠤᠯᠴᠠᠵᠤ᠂ ᠢᠯᠡᠭᠦᠬᠡᠨ ᠠᠰᠠᠭᠤᠵᠤ᠂ ᠢᠯᠡᠭᠦᠬᠡᠨ ᠪᠠᠢᠴᠠᠭᠠᠨ ᠰᠤᠳᠤᠯᠵᠤ᠂ ᠤᠯᠠᠨ ᠤ᠋ ᠬᠦᠰᠡᠯ ᠪᠤᠳᠤᠯ ᠢ᠋ ᠴᠢᠨᠠᠷ ᠰᠠᠢᠲᠠᠢ ᠰᠠᠨᠠᠯ ᠰᠠᠨᠠᠭᠤᠯᠭ᠎ᠠ ᠪᠣᠯᠭᠠᠨ ᠬᠤᠪᠢᠷᠠᠭᠤᠯᠵᠤ᠂ ᠡᠭᠦᠷᠭᠡ ᠪᠠᠨ ᠦᠨᠡᠨ ᠬᠦ᠌ ᠰᠠᠢᠲᠤᠷ ᠭᠦᠢᠴᠡᠳᠭᠡᠵᠦ᠍᠂ ᠬᠠᠷᠢᠭᠤᠴᠠᠯᠭ᠎ᠠᠪᠠᠨ ᠰᠠᠢᠲᠤᠷ ᠭᠦᠢᠴᠡᠳᠭᠡᠬᠦ᠌ ᠬᠡᠷᠡᠭ᠌ᠲᠡᠢ》᠃ ᠪᠥᠬᠥ᠌ ᠤᠯᠤᠰ ᠤ᠋ᠨ ᠠᠷᠠᠳ ᠤ᠋ᠨ ᠲᠥᠯᠥᠭᠡᠯᠡᠭ᠌ᠴᠢᠳ ᠤ᠋ᠨ ᠶᠡᠬᠡ ᠬᠤᠷᠠᠯ ᠤ᠋ᠨ ᠲᠥᠯᠥᠭᠡᠯᠡᠭ᠌ᠴᠢᠪᠡᠷ ᠰᠣᠩᠭᠣᠭ᠍ᠳᠠᠭ᠍ᠰᠠᠨ ᠡᠨᠡ ᠬᠡᠳᠦᠨ ᠵᠢᠯ ᠳ᠋ᠤ᠂ ᠱᠢᠭᠤᠢᠲᠤ ᠣᠷᠣᠨ ᠤ᠋ ᠠᠮᠢ ᠠᠬᠤᠶ ᠵᠢᠨ ᠪᠥᠲᠥᠭᠡᠨ ᠪᠠᠢᠭᠤᠯᠤᠯᠲᠠ᠂ ᠱᠢᠭᠤᠢᠲᠤ ᠣᠷᠣᠨ ᠤ᠋ ᠪᠣᠬᠢᠷᠲᠤᠯ ᠥᠬᠡᠶ ᠬᠥᠭ᠌ᠵᠢᠯᠲᠡ ᠨᠢ ᠵᠧᠸ᠋ ᠢ ᠵᠧ ᠵᠢᠨ ᠠᠩᠬᠠᠷᠤᠯ ᠤ᠋ᠨ ᠲᠥᠪ ᠪᠣᠯᠤᠭ᠍ᠰᠠᠭᠠᠷ ᠢᠷᠡᠵᠡᠶ᠃ ᠡᠨᠡ ᠵᠢᠯ ᠤ᠋ᠨ ᠪᠥᠬᠥ᠌ ᠤᠯᠤᠰ ᠤ᠋ᠨ ᠬᠣᠶᠠᠷ ᠬᠤᠷᠠᠯᠳᠤ ᠲᠡᠪᠰᠢᠭᠦᠯᠬᠦ ᠰᠠᠨᠠᠯ ᠰᠠᠨᠠᠭᠤᠯᠭ᠎ᠠ ᠪᠠᠨ ᠪᠡᠯᠡᠳᠭᠡᠬᠦ᠌ ᠵᠢᠨ ᠲᠥᠯᠥᠭᠡ᠂ ᠵᠧᠸ᠋ ᠢ ᠵᠧ ᠱᠢᠭᠤᠢᠲᠤ ᠣᠷᠣᠨᠳᠤ ᠥᠷᠭᠡᠨ ᠳᠡᠯᠭᠡᠷ ᠰᠤᠷᠪᠤᠯᠵᠢᠯᠠᠭ᠎ᠠ ᠪᠠ ᠪᠠᠢᠴᠠᠭᠠᠨ ᠰᠤᠳᠤᠯᠤᠯᠲᠠ ᠬᠢᠭ᠌ᠰᠡᠨᠦ ᠳᠠᠷᠠᠭ᠎ᠠ᠂ ᠱᠢᠭᠤᠢᠲᠤ ᠣᠷᠣᠨ ᠤ᠋ ᠪᠣᠬᠢᠷᠲᠤᠯ ᠥᠬᠡᠶ ᠴᠢᠨᠠᠷ ᠰᠠᠢᠲᠠᠶ ᠬᠥᠭ᠌ᠵᠢᠯᠲᠡ ᠶ᠋ᠢ ᠬᠡᠷᠬᠢᠨ ᠤᠯᠤᠰ ᠤ᠋ᠨ《ᠬᠤᠤᠰ ᠨᠡᠭᠦᠷᠡᠰᠦᠳᠦᠢ᠍ᠷᠦᠭ᠌ᠴᠢ》ᠶ᠋ᠢᠨ ᠪᠠᠢᠯᠳᠤᠬᠤ ᠪᠣᠳᠣᠯᠭᠠᠳᠤ ᠦᠶ᠋ᠯᠡᠴᠢᠯᠡᠭᠦᠯᠬᠦ᠌ ᠲᠠᠯᠠᠪᠠᠷ ᠠᠷᠭ᠎ᠠ ᠤᠬᠠᠭᠠᠨ ᠭᠠᠷᠭᠠᠵᠦ᠂ ᠠᠷᠭ᠎ᠠ ᠪᠤᠳᠤᠯᠭ᠎ᠠ ᠲᠡᠪᠰᠢᠭᠦᠯᠬᠦ ᠪᠡᠷ ᠪᠤᠯᠪᠠ᠃
《ᠮᠠᠨ ᠤ᠋ ᠤᠯᠤᠰ ᠤ᠋ᠨ ᠲᠠᠯᠠᠪᠠᠶᠪᠠᠷ ᠬᠠᠮᠤᠭ ᠤ᠋ᠨ ᠶᠡᠬᠡ ᠤᠯᠤᠰ ᠤ᠋ᠨ ᠥᠮᠴᠢᠯᠡᠯ ᠤ᠋ᠨ ᠱᠢᠭᠤᠢᠲᠤ ᠣᠷᠣᠨ ᠪᠣᠯᠤᠭ᠍ᠰᠠᠨ ᠤ᠋ ᠬᠤᠪᠢᠳᠤ᠂ ᠥᠪᠥᠷ ᠮᠣᠩᠭᠣᠯ ᠤ᠋ᠨ ᠶᠡᠬᠡ ᠬᠢᠩᠭᠠᠨ ᠳᠠᠪᠠᠭ᠎ᠠ ᠵᠢᠨ ᠭᠤᠤᠯᠳᠠᠯᠭᠠᠲᠠᠶ ᠤᠯᠤᠰ ᠤ᠋ᠨ ᠥᠮᠴᠢᠯᠡᠯ ᠤ᠋ᠨ ᠱᠢᠭᠤᠢᠲᠤ ᠣᠷᠣᠨ ᠤ᠋ ᠵᠢᠯ ᠤ᠋ᠨ ᠤᠷᠭᠤᠭ᠎ᠠ ᠮᠣᠳᠣᠨ ᠤ᠋ ᠬᠠᠳᠠᠭᠠᠯᠠᠭ᠍ᠳᠠᠴᠠ ᠵᠢᠨ ᠴᠡᠪᠡᠷ ᠨᠡᠮᠡᠭ᠌ᠳᠡᠯ ᠤ᠋ᠨ ᠬᠡᠮᠵᠢᠶ᠎ᠡ ᠦᠷᠭᠦᠯᠵᠢᠯᠡᠨ 2100 ᠲᠦᠮᠡ ᠭᠠᠷᠤᠢ ᠪᠣᠰᠣᠭ᠎ᠠ ᠳᠥᠷᠪᠡᠯᠵᠢᠨ ᠮᠧᠲ᠋ᠷ ᠲᠦ᠍ ᠬᠦᠷᠴᠦ᠂ 4000 ᠲᠦᠮᠡᠨ ᠲᠣᠨ ᠱᠢᠬᠠᠮ ᠨᠡᠭᠦᠷᠡᠰᠦᠲᠥ᠋ᠷᠥᠭ᠌ᠴᠢ ᠵᠢ ᠰᠠᠭᠠᠷᠮᠠᠭᠵᠢᠭᠤᠯᠬᠤ ᠣᠷᠣᠨ ᠵᠠᠶ ᠬᠠᠩᠭᠠᠵᠤ ᠲᠡᠢᠯᠦᠨᠡ》᠃ 《ᠣᠶ ᠱᠢᠭᠤᠶ ᠪᠠ ᠠᠮᠢ ᠠᠬᠤᠶ ᠵᠢᠨ ᠤᠯᠠᠭᠠᠨ ᠱᠤᠭᠤᠮ ᠢ᠋ ᠪᠠᠳᠤ ᠰᠠᠬᠢᠭᠰᠠᠨ ᠤᠷᠢᠲᠠᠯ ᠳᠤᠤᠷ᠎ᠠ᠂ ᠣᠳᠣᠬᠠᠨᠳᠤ ᠨᠡᠭᠡᠭᠡᠨ ᠬᠥᠭ᠌ᠵᠢᠭᠦᠯᠵᠦ᠍ ᠪᠣᠯᠬᠤ ᠨᠡᠭᠦᠷᠡᠰᠦᠲᠥ᠋ᠷᠥᠭ᠌ᠴᠢ ᠵᠢᠨ ᠬᠤᠷᠠᠮᠳᠤᠭᠤᠯᠭ᠎ᠠ ᠵᠢᠨ ᠣᠶ ᠵᠢᠨ ᠲᠠᠯᠠᠪᠠᠶ 260 ᠲᠦᠮᠡᠨ ᠾᠧᠺᠲ᠋ᠠᠷᠲᠤ ᠬᠦᠷᠴᠦ᠍᠂ ᠣᠨᠣᠯ ᠤ᠋ᠨ ᠦᠶᠡᠯᠡᠯ ᠤ᠋ᠨ ᠬᠤᠭᠤᠴᠠᠭᠠᠨᠳᠤ ᠵᠢᠯ ᠳᠤᠮᠳᠠᠴᠢᠪᠠᠷ 700 ᠲᠦᠮᠡᠨ ᠲᠣᠨ ᠨᠡᠭᠦᠷᠡᠰᠦᠲᠥ᠋ᠷᠥᠭ᠌ᠴᠢ ᠵᠢᠨ ᠳᠠᠪᠬᠤᠷ ᠢᠰᠦᠯ ᠤ᠋ᠨ ᠭᠠᠳᠠᠭᠰᠢᠭᠤᠯᠤᠯᠳᠠ ᠵᠢ ᠪᠠᠭᠠᠰᠬᠠᠭᠰᠠᠨ ᠲᠠᠢ ᠲᠡᠩᠴᠡᠨ᠎ᠡ》ᠭᠡᠵᠦ ᠵᠧᠦ ᠢ ᠵᠧ ᠥᠪᠡᠷ ᠤ᠋ᠨ ᠵᠢᠡᠨ ᠰᠠᠨᠠᠯ ᠰᠠᠨᠠᠭᠤᠯᠭ᠎ᠠ ᠵᠢᠨ ᠵᠢᠠᠨ ᠠᠷᠦ ᠦᠵᠡᠭᠳᠡᠯ ᠤ᠋ᠨ ᠲᠤᠬᠠᠢ ᠲᠤᠭ᠎ᠠ ᠪᠠᠷᠢᠮᠳᠠ ᠲᠠᠢ᠂ ᠨᠤᠳᠠᠯᠠᠯᠳᠠ ᠲᠠᠢ ᠰᠠᠢᠬᠠᠨ ᠶᠠᠷᠢᠵᠦ ᠭᠠᠷᠪᠠ᠃
ᠲᠡᠭᠦᠨᠤ᠋ ᠦᠵᠡᠬᠦ ᠪᠡᠷ᠂ ᠥᠪᠥᠷ ᠮᠣᠩᠭᠣᠯ ᠤ᠋ᠨ ᠶᠡᠬᠡ ᠬᠢᠩᠭᠠᠨ ᠳᠠᠪᠠᠭ᠎ᠠ ᠵᠢᠨ ᠭᠣᠣᠯᠳᠠᠯᠭᠠᠲᠠᠶ ᠤᠯᠤᠰ ᠤ᠋ᠨ ᠥᠮᠴᠢᠯᠡᠯ ᠤ᠋ᠨ ᠱᠢᠭᠤᠢᠲᠤ ᠣᠷᠣᠨᠳᠤ ᠤᠯᠤᠰ ᠤ᠋ᠨ ᠥᠮᠴᠢᠯᠡᠯ ᠤ᠋ᠨ ᠤᠢ ᠱᠢᠭᠤᠢ ᠵᠢᠨ ᠨᠡᠭᠦᠷᠡᠰᠦᠲᠥ᠋ᠷᠥᠭ᠌ᠴᠢᠵᠢᠨ ᠬᠤᠷᠠᠮᠳᠤᠭᠤᠯᠭ᠎ᠠ ᠵᠢᠨ ᠨᠦᠭᠡᠴᠡ ᠰᠠᠭᠤᠷᠢᠨ ᠤ᠋ ᠲᠤᠷᠱᠢᠯᠲᠠ ᠵᠢᠨ ᠴᠡᠭ ᠤ᠋ᠨ ᠪᠦᠳᠦᠭᠡᠨ ᠪᠠᠢᠭᠤᠯᠤᠯᠲᠠ ᠶ᠋ᠢ ᠥᠷᠨᠢᠭᠦᠯᠬᠦ᠌ ᠨᠢ ᠤᠯᠤᠰ ᠤ᠋ᠨ ᠥᠮᠴᠢᠯᠡᠯ ᠤ᠋ᠨ ᠱᠢᠭᠤᠢᠲᠤ ᠣᠷᠣᠨ ᠤ᠋ ᠠᠮᠢ ᠠᠬᠤᠢ ᠵᠢᠨ ᠴᠢᠳᠠᠮᠵᠢ ᠶ᠋ᠢ ᠪᠠᠳᠠᠷᠠᠭᠤᠯᠬᠤ᠂ ᠠᠮᠢ ᠠᠬᠤᠢ ᠵᠢᠨ ᠠᠮᠤᠷ ᠲᠦᠪᠱᠢᠨ ᠢ᠋ ᠬᠠᠮᠠᠭᠠᠯᠠᠬᠤ᠂ ᠠᠮᠢ ᠠᠬᠤᠢ ᠵᠢᠨ ᠦᠢᠯᠡᠴᠢᠯᠡᠭᠡ ᠬᠠᠩᠭᠠᠬᠤ ᠡᠭᠦᠷᠭᠡ ᠴᠢᠳᠠᠪᠬᠢ ᠵᠢᠨ ᠪᠠᠢᠷᠢ ᠲᠣᠭ᠍ᠲᠠᠭᠠᠯᠲᠠᠲᠠᠶ ᠳᠡᠭᠡᠳᠦ ᠬᠡᠮᠵᠢᠶ᠎ᠡᠪᠡᠷ ᠨᠢᠭᠡᠳᠦᠯᠲᠡᠢ ᠪᠠᠢᠵᠤ᠂ ᠤᠯᠤᠰ ᠤ᠋ᠨ ᠥᠮᠴᠢᠯᠡᠯ ᠤ᠋ᠨ ᠱᠢᠭᠤᠢᠲᠤ ᠣᠷᠣᠨ ᠤ᠋ ᠠᠵᠤ ᠠᠬᠤᠢ ᠵᠢᠨ ᠬᠡᠯᠪᠡᠷᠢ ᠶ᠋ᠢ ᠬᠤᠪᠢᠷᠠᠭᠤᠯᠤᠨ ᠠᠮᠢ ᠠᠬᠤᠢ ᠵᠢᠨ ᠦᠢᠯᠡᠳᠬᠦᠨᠦ ᠦᠷᠳᠡᠭ ᠢ᠋ ᠣᠨᠳᠣᠣᠱᠢᠭᠤᠯᠬᠤ ᠶ᠋ᠢ ᠠᠬᠢᠭᠤᠯᠬᠤ ᠴᠢᠬᠤᠯᠠ ᠠᠷᠭ᠎ᠠ ᠵᠠᠮ ᠪᠣᠯᠬᠤ ᠪᠥᠭᠡᠳ ᠱᠢᠭᠤᠢᠲᠤ ᠣᠷᠣᠨ ᠤ᠋ ᠤᠢᠱᠢᠭᠤᠢᠵᠢᠨᠶᠠᠰᠤᠴᠢᠨᠠᠷᠢ᠋ᠤᠨᠢᠨᠳᠡᠭᠡᠷᠡᠨᠢᠳᠡᠭᠡᠭ᠌ᠰᠢᠯᠡᠭᠦᠯᠬᠦ᠌ᠴᠢᠬᠤᠯᠠ ᠭᠠᠷᠳᠠᠴᠠ ᠪᠣᠯᠤᠨ᠎ᠠ᠂ ᠤᠯᠤᠰ ᠤ᠋ᠨ ᠨᠡᠭᠦᠷᠡᠰᠦᠲᠥ᠋ᠷᠥᠭ᠌ᠴᠢ ᠵᠢᠨ ᠬᠤᠷᠠᠮᠳᠤᠭᠤᠯᠭ᠎ᠠ᠂ ᠨᠡᠭᠦᠷᠡᠰᠦᠲᠥ᠋ᠷᠥᠭ᠌ᠴᠢ ᠶ᠋ᠢ ᠰᠠᠭᠠᠷᠮᠠᠭ᠍ᠵᠢᠭᠤᠯᠬᠤ ᠶ᠋ᠢ ᠲᠤᠯᠭᠠᠭᠤᠷᠢᠯᠠᠬᠤᠳᠤ ᠴᠢᠬᠤᠯᠠ ᠠᠴᠢ ᠬᠣᠯᠪᠣᠭ᠍ᠳᠠᠯᠲᠠᠶ᠃
《ᠠᠮᠢ ᠠᠬᠤᠶ ᠵᠢᠨ ᠪᠣᠯᠪᠠᠰᠤᠨ ᠤ᠋ ᠪᠠᠢᠭᠤᠯᠤᠯᠲᠠ ᠶ᠋ᠢ ᠴᠢᠩᠭᠠᠳᠭᠠᠬᠤ ᠪᠠᠢᠯᠳᠤᠬᠤ ᠪᠣᠳᠣᠯᠭ᠎ᠠ ᠵᠢᠨ ᠲᠣᠭ᠍ᠲᠠᠯ ᠬᠦᠴᠦᠨ ᠵᠢᠡᠨ ᠪᠠᠲᠤᠯᠠᠵᠤ᠂ ᠠᠮᠢ ᠠᠬᠤᠶ ᠶ᠋ᠢ ᠤᠷᠢᠳ ᠵᠢᠡᠷ ᠪᠣᠳᠣᠯᠬᠢᠯᠠᠬᠤ ᠪᠣᠬᠢᠷᠲᠤᠯ ᠥᠬᠡᠶ ᠬᠥᠭ᠌ᠵᠢᠭᠦᠯᠬᠦᠪᠡᠷ ᠤᠳᠤᠷᠢᠳᠤᠮᠵᠢ ᠪᠤᠯᠭᠠᠬᠤ ᠴᠢᠨᠠᠷ ᠰᠠᠢᠲᠠᠶ ᠬᠥᠭ᠌ᠵᠢᠯᠲᠡ ᠵᠢᠨ ᠱᠢᠨ᠎ᠡ ᠵᠠᠮ ᠢ᠋ ᠲᠠᠰᠤᠷᠠᠯᠲᠠ ᠥᠬᠡᠶ ᠬᠠᠢᠨ ᠰᠦᠪᠡᠭ᠌ᠴᠢᠯᠡᠵᠦ᠍᠂ ᠣᠲᠣ ᠦᠶ᠎ᠡ ᠵᠢᠨ ᠣᠶ ᠱᠢᠭᠤᠶ ᠶ᠋ᠢ ᠬᠥᠭ᠌ᠵᠢᠭᠦᠯᠬᠦ᠌᠂ ᠦᠵᠡᠰᠭᠦᠯᠡᠩᠲᠦ ᠰᠠᠢᠬᠠᠨ ᠱᠢᠭᠤᠢᠲᠤ ᠣᠷᠣᠨ ᠢ᠋ ᠪᠥᠲᠥᠭᠡᠨ ᠪᠠᠢᠭᠤᠯᠬᠤ᠂ ᠡᠬᠡ ᠤᠯᠤᠰ ᠤ᠋ᠨ ᠠᠮᠢ ᠠᠬᠤᠶ ᠵᠢᠨ ᠠᠮᠤᠷ ᠲᠦᠪᠱᠢᠨᠦ ᠬᠠᠯᠬᠠᠪᠴᠢ ᠶ᠋ᠢ ᠪᠠᠢᠭᠤᠯᠬᠤ ᠵᠢᠨ ᠲᠥᠯᠥᠭᠡ ᠴᠢᠷᠮᠠᠢᠨ ᠲᠡᠮᠡᠴᠡᠪᠡᠯ ᠰᠠᠶᠢ ᠱᠢᠭᠤᠢᠲᠤ ᠣᠷᠣᠨ ᠤ᠋ ᠣᠭ᠍ᠲᠠᠷᠭᠤᠶ ᠶ᠋ᠢ ᠨᠠᠩ ᠴᠡᠯᠮᠡᠭ᠂ ᠤᠰᠤ ᠶ᠋ᠢ ᠨᠠᠩ ᠲᠤᠩᠭᠠᠯᠠᠭ᠂ ᠤᠢ ᠮᠣᠳᠣ ᠶ᠋ᠢ ᠨᠠᠩ ᠨᠣᠭᠣᠭᠠᠨ᠂ ᠤᠯᠠᠨ ᠲᠦᠮᠡᠨ ᠢ᠋ ᠨᠠᠩ ᠪᠠᠶᠠᠨ ᠴᠢᠨᠡᠭᠡᠯᠢᠭ ᠪᠣᠯᠭᠠᠵᠤ ᠴᠢᠳᠠᠨ᠎ᠠ》 ᠭᠡᠵᠦ᠍ ᠵᠧᠦ ᠢ ᠵᠧ ᠬᠡᠯᠡᠨ᠎ᠡ᠃