ᠤᠷᠮᠠᠰᠢᠨ ᠵᠤᠷᠢᠬᠵᠢᠬᠤᠶ᠎ᠠ ᠡᠷᠴᠢ ᠬᠦᠴᠦᠨ ᠲᠡᠭᠦᠯᠳᠡᠷ ᠪᠦᠯᠬᠦᠮᠳᠡᠨ ᠳᠡᠮᠡᠴᠡᠬᠦᠶ᠎ᠡ ᠤᠮᠠᠷᠠᠲᠤ ᠬᠢᠯᠢ ᠦᠵᠡᠰᠬᠦᠯᠡᠩ — ᠪᠦᠬᠦ ᠣᠷᠣᠨ᠎ᠤ ᠬᠦᠳᠡᠬᠡ ᠳᠤᠰᠬᠤᠨ ᠮᠠᠯᠵᠢᠬᠤ ᠣᠷᠣᠨ ᠵᠡᠭᠡᠯᠢ ᠭᠤᠳᠤᠮᠵᠢ ᠨᠡᠢᠭᠡᠮ ᠲᠣᠭᠣᠷᠢᠭ᠋᠎ᠤᠨ ᠺᠠᠳ᠋ᠷ ᠤᠯᠠᠨ ᠲᠦᠮᠡᠨ ᠶᠡᠷᠦᠩᠬᠡᠢ ᠱᠦᠵᠢ ᠰᠢ᠎ᠶᠢᠨ ᠫᠢᠩ᠎ᠤᠨ ᠥᠪᠥᠷ ᠮᠣᠩᠭᠣᠯ᠎ᠤᠨ ᠲᠥᠯᠥᠭᠡᠯᠡᠭᠴᠢᠳ᠎ᠦᠨ ᠪᠦᠯᠬᠦᠮ᠎ᠦᠨ ᠬᠢᠨᠠᠨ ᠵᠥᠪᠯᠡᠬᠦ᠎ᠳᠦ ᠣᠷᠤᠯᠴᠠᠬᠤ ᠦᠶ᠎ᠡ᠎ᠶᠢᠨ ᠴᠢᠬᠤᠯᠠ ᠶᠠᠷᠢᠶ᠎ᠠ᠎ᠶᠢ ᠬᠥᠭᠵᠢᠶᠡᠨᠲᠡᠢ ᠶᠠᠷᠢᠯᠴᠠᠪᠠ
2022-03-10 08:58:02
ᠵᠣᠬᠢᠶᠠᠭ᠍ᠴᠢ᠄
ᠣᠩᠱᠢᠭ᠍ᠰᠠᠨ ᠣᠳᠠᠭ᠎ᠠ᠄
★★★☆☆

ᠶᠡᠷᠦᠩᠬᠡᠢ ᠱᠦᠵᠢ ᠰᠢ᠎ᠶᠢᠨ ᠫᠢᠩ᠎ᠤᠨ 3 ᠰᠠᠷ᠎ᠠ᠎ᠶᠢᠨ 5 ᠤ᠋ ᠦᠳᠡ᠎ᠶᠢᠨ ᠬᠣᠢᠨ᠎ᠠ ᠥᠪᠥᠷ ᠮᠣᠩᠭᠣᠯ᠎ᠤᠨ ᠲᠥᠯᠥᠭᠡᠯᠡᠭᠴᠢᠳ᠎ᠦᠨ ᠪᠦᠯᠬᠦᠮ᠎ᠦᠨ ᠬᠢᠨᠠᠨ ᠵᠥᠪᠯᠡᠬᠦ᠎ᠳᠦ ᠣᠷᠤᠯᠴᠠᠬᠤ ᠦᠶ᠎ᠡ᠎ᠶᠢᠨ ᠴᠢᠬᠤᠯᠠ ᠶᠠᠷᠢᠶ᠎ᠠ ᠨᠢ ᠮᠠᠨ᠎ᠤ ᠣᠷᠣᠨ᠎ᠤ ᠬᠦᠳᠡᠬᠡ ᠳᠤᠰᠬᠤᠨ ᠮᠠᠯᠵᠢᠬᠤ ᠣᠷᠣᠨ ᠵᠡᠭᠡᠯᠢ ᠭᠤᠳᠤᠮᠵᠢ ᠨᠡᠢᠭᠡᠮ ᠲᠣᠭᠣᠷᠢᠭ᠋᠎ᠤᠨ ᠺᠠᠳ᠋ᠷ ᠤᠯᠠᠨ ᠲᠦᠮᠡᠨ᠎ᠦ ᠳᠤᠮᠳᠠ ᠴᠢᠩᠭ᠎ᠠ ᠲᠤᠰᠬᠠᠯ ᠭᠠᠷᠪᠠ᠃ ᠤᠯᠠᠨ᠎ᠢᠶᠠᠷ᠎ᠢᠶᠠᠨ ᠤᠷᠮᠠᠰᠢᠨ ᠵᠣᠷᠢᠭ᠍ᠵᠢᠵᠤ᠂ ᠶᠡᠷᠦᠩᠬᠡᠢ ᠱᠦᠵᠢ᠎ᠶᠢᠨ ᠨᠠᠶ᠋ᠢᠳᠠᠯᠭ᠎ᠠ᠎ᠶᠢ ᠪᠠᠲᠤ ᠴᠡᠭᠡᠵᠢᠯᠡᠵᠦ᠂ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ᠎ᠢ ᠪᠠᠲᠤ ᠴᠤᠬᠴᠠᠯᠠᠵᠥ᠂ ᠪᠦᠯᠬᠦᠮᠳᠡᠨ ᠲᠡᠮᠡᠴᠡᠵᠦ᠂ ᠦᠨᠡᠨ ᠬᠦ᠌ ᠠᠳᠬᠤᠨ ᠪᠣᠳᠠᠲᠠᠢ ᠠᠵᠢᠯᠯᠠᠵᠤ᠂ ᠡᠬᠡ ᠤᠯᠤᠰ᠎ᠤᠨ ᠤᠮᠠᠷᠠᠲᠤ᠎ᠶᠢᠨ ᠦᠵᠡᠮᠵᠢ᠎ᠶᠢᠨ ᠣᠷᠣᠨ᠎ᠢ ᠨᠡᠩ ᠦᠵᠡᠰᠬᠦᠯᠡᠩᠲᠦ ᠰᠠᠢᠬᠠᠨ ᠪᠣᠯᠭᠠᠨ ᠪᠦᠲᠦᠭᠡᠨ ᠪᠠᠢᠭᠤᠯᠵᠤ᠂ ᠰᠢᠨ᠎ᠡ ᠴᠠᠭ ᠦᠶ᠎ᠡ᠎ᠶᠢᠨ ᠥᠪᠥᠷ ᠮᠣᠩᠭᠣᠯ᠎ᠤᠨ ᠴᠢᠨᠠᠷ ᠰᠠᠢᠲᠠᠢ ᠬᠥᠭᠵᠢᠯᠲᠡ᠎ᠶᠢᠨ ᠰᠢᠨ᠎ᠡ ᠬᠠᠭᠤᠳᠠᠰᠤ᠎ᠶᠢ ᠪᠢᠴᠢᠭᠯᠡᠨ᠎ᠡ ᠭᠡᠵᠦ ᠢᠯᠡᠳᠬᠡᠵᠡᠭᠡᠪᠡ᠃

《ᠶᠡᠷᠦᠩᠬᠡᠢ ᠱᠦᠵᠢ ᠰᠢ᠎ᠶᠢᠨ ᠫᠢᠩ ᠥᠪᠥᠷ ᠮᠣᠩᠭᠣᠯ᠎ᠤᠨ ᠲᠥᠯᠥᠭᠡᠯᠡᠭᠴᠢᠳ᠎ᠦᠨ ᠪᠦᠯᠬᠦᠮ᠎ᠤᠨ ᠬᠢᠨᠠᠨ ᠵᠥᠪᠯᠡᠬᠦ᠎ᠳ᠋ᠤ ᠤᠷᠤᠯᠴᠠᠬᠤ ᠳ᠋ᠠᠭᠠᠨ᠂ ᠦᠨᠳᠦᠰᠦᠲᠡᠨ᠎ᠦ ᠪᠦᠯᠬᠦᠮᠳᠡᠯ ᠪᠣᠯ ᠮᠠᠨ᠎ᠤ ᠤᠯᠤᠰ᠎ᠤᠨ ᠦᠨᠳᠦᠰᠦᠲᠡᠨ ᠎ᠨᠦᠭᠦᠳ᠎ᠦᠨ ᠠᠷᠠᠳ ᠲᠦᠮᠡᠨ᠎ᠦ ᠠᠮᠢᠨ ᠰᠤᠳᠠᠰᠤ ᠮᠥᠨ᠂ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ ᠪᠣᠯ ᠦᠨᠳᠦᠰᠦᠲᠡᠨ᠎ᠦ ᠪᠦᠯᠬᠦᠮᠳᠡᠯ᠎ᠦᠨ ᠦᠨᠳᠦᠰᠦ ᠮᠥᠨ ᠭᠡᠵᠦ ᠴᠢᠬᠤᠯᠠᠴᠢᠯᠠᠪᠠ᠃ ᠦᠨᠳᠦᠰᠦᠨ ᠱᠠᠲᠤᠨ᠎ᠤ ᠨᠡᠢᠭᠡᠮ ᠲᠣᠭᠣᠷᠢᠭ᠋᠎ᠤᠨ ᠠᠵᠢᠯᠲᠠᠨ ᠪᠣᠯᠤᠭᠰᠠᠨ᠎ᠤ ᠬᠤᠪᠢ᠎ᠳᠤ᠂ ᠪᠢ ᠦᠨᠳᠦᠰᠦᠲᠡᠨ ᠎ᠦ ᠪᠦᠯᠬᠦᠮᠳᠡᠯ᠎ᠦᠨ ᠠᠵᠢᠯ᠎ᠤᠨ ᠮᠠᠨ᠎ᠤ ᠤᠯᠤᠰ᠎ᠲᠡᠬᠢ ᠴᠢᠬᠤᠯᠠ ᠠᠴᠢ ᠬᠣᠯᠪᠣᠭᠳᠠᠯ᠎ᠢ ᠣᠢᠯᠠᠭᠠᠵᠤ ᠪᠠᠢᠨ᠎ᠠ᠃ ᠬᠣᠢᠰᠢᠳᠠ᠎ᠶᠢᠨ ᠠᠵᠢᠯ ᠳᠤᠮᠳᠠ᠎ᠪᠠᠨ ᠪᠢ ᠤᠯᠤᠰ᠎ᠤᠨ ᠨᠡᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ᠌᠎ᠢ ᠳᠡᠯᠭᠡᠷᠡᠭᠦᠯᠦᠨ ᠲᠦᠭᠡᠮᠡᠯᠵᠢᠭᠦᠯᠬᠦ ᠠᠵᠢᠯ᠎ᠢ ᠨᠠᠷᠢᠨ ᠬᠢᠨᠠᠮᠠᠭᠠᠢ ᠰᠠᠢᠲᠤᠷ ᠬᠢᠵᠦ᠂ ᠤᠯᠤᠰ᠎ᠤᠨ ᠨᠢᠭᠡᠳᠦᠯᠲᠡᠢ ᠨᠠᠢᠷᠠᠭᠤᠯᠤᠭᠰᠠᠨ ᠵᠢᠭᠠᠬᠤ ᠮᠠᠲᠧᠷᠢᠶᠠᠯ᠎ᠢ ᠬᠡᠷᠡᠭᠯᠡᠬᠦ᠎ᠶᠢ ᠪᠦᠬᠦ ᠲᠠᠯ᠎ᠠ᠎ᠪᠠᠷ ᠬᠡᠷᠡᠭᠵᠢᠭᠦᠯᠵᠦ᠂ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ᠎ᠢ ᠪᠠᠲᠤᠳᠬᠠᠨ᠎ᠠ》 ᠭᠡᠵᠦ ᠤᠯᠠᠭᠠᠨᠴᠠᠪ ᠬᠤᠳᠠ᠎ᠶᠢᠨ ᠴᠠᠬᠠᠷ ᠪᠠᠷᠠᠭᠤᠨ ᠭᠠᠷᠤᠨ ᠡᠮᠦᠨᠡᠲᠦ ᠬᠣᠰᠢᠭᠤᠨ᠎ᠤ ᠲᠡᠭᠰᠢᠪᠤᠯᠠᠬ  ᠪᠠᠯᠭᠠᠰᠤᠨ᠎ᠤ ᠰᠢᠨ᠎ᠡ ᠴᠠᠭ ᠦᠶ᠎ᠡ ᠨᠡᠢᠭᠡᠮ ᠲᠣᠭᠣᠷᠢᠭ᠋᠎ᠤᠨ ᠨᠠᠮ᠎ᠤᠨ ᠡᠭᠦᠷ᠎ᠦᠨ ᠳᠡᠳ᠋ ᠱᠦᠵᠢ ᠳᠦ ᠵᠢᠶᠠᠨ ᠰᠢᠶᠠ ᠬᠡᠯᠡᠪᠡ᠃

《ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ᠎ᠢ ᠪᠠᠲᠤ ᠴᠤᠬᠴᠠᠯᠠᠬᠤ᠎ᠳᠤ ᠨᠢᠳᠦᠨ᠎ᠳᠦ ᠦᠵᠡᠭᠳᠡᠮ᠎ᠡ᠂ ᠭᠠᠷ᠎ᠲᠤ ᠪᠠᠷᠢᠭ᠍ᠳᠠᠮ᠎ᠠ ᠠᠵᠢᠯ᠎ᠢ ᠬᠢᠬᠦ᠎ᠪᠡᠷ ᠪᠠᠷᠠᠬᠤ ᠦᠭᠡᠢ ᠪᠠᠰᠠ ᠶᠡᠬᠡ ᠬᠡᠮᠵᠢᠶᠡᠨ᠎ᠦ 〈ᠵᠦᠭᠡᠯᠡᠨ ᠬᠤᠷ᠎ᠠ ᠳᠦᠮᠡᠨ ᠪᠤᠳᠠᠰ᠎ᠢ ᠤᠮᠳᠠᠯᠠᠬᠤ〉 ᠶᠠᠪᠤᠳᠠᠯ᠎ᠢ ᠬᠢᠬᠦ ᠬᠡᠷᠡᠭᠲᠡᠢ᠂ ᠡᠨᠡ ᠦᠭᠡ ᠨᠢ ᠪᠢᠳᠡᠨ᠎ᠳᠦ ᠴᠢᠭᠯᠡᠯ᠎ᠢ ᠵᠢᠭᠠᠵᠤ ᠥᠭᠭᠦᠭᠰᠡᠨ᠎ᠢᠶᠡᠷ ᠪᠠᠷᠠᠬᠤ ᠦᠭᠡᠢ ᠨᠡᠩ ᠴᠤ᠌ ᠪᠢᠳᠡᠨ᠎ᠳᠦ ᠠᠷᠭ᠎ᠠ ᠤᠬᠠᠭᠠᠨ ᠵᠢᠭᠠᠵᠤ ᠥᠭᠴᠡᠢ》᠃ ᠣᠷᠳᠣᠰ ᠬᠤᠳᠠ᠎ᠶᠢᠨ ᠤᠳᠤᠭ᠎ᠤᠨ ᠡᠮᠦᠨᠡᠲᠦ ᠬᠣᠰᠢᠭᠤᠨ᠎ᠤ ᠱᠠᠩᠬᠠᠢ᠎ᠶᠢᠨ ᠰᠦᠮ᠎ᠡ ᠪᠠᠯᠭᠠᠰᠤᠨ᠎ᠤ ᠮᠠ ᠯᠠᠨ ᠬᠤᠸᠠ ᠨᠡᠢᠭᠡᠮ ᠲᠣᠭᠣᠷᠢᠭ᠋᠎ᠤᠨ ᠨᠠᠮ᠎ᠤᠨ ᠡᠭᠦᠷ᠎ᠦᠨ ᠱᠦᠵᠢ᠂ ᠰᠠᠭᠤᠭᠠᠯᠢ ᠠᠷᠠᠳ᠎ᠤᠨ ᠵᠥᠪᠯᠡᠯ᠎ᠦᠨ ᠡᠷᠬᠢᠯᠡᠭᠴᠢ ᠪᠦᠦ ᠶᠠ ᠬᠤᠢ᠂ ᠦᠨᠳᠦᠰᠦᠨ ᠱᠠᠲᠤᠨ᠎ᠤ ᠺᠠᠳ᠋ᠷ ᠪᠣᠯᠤᠭᠰᠠᠨ᠎ᠤ ᠬᠤᠪᠢ᠎ᠳᠤ᠂ ᠦᠨᠳᠦᠰᠦᠲᠡᠨ᠎ᠦ ᠪᠦᠯᠬᠦᠮᠳᠡᠯ᠎ᠢ ᠰᠠᠢᠲᠤᠷ ᠬᠠᠮᠠᠭᠠᠯᠠᠵᠤ᠂ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ᠎ᠢ ᠪᠠᠲᠤ ᠴᠤᠬᠴᠠᠯᠠᠬᠤ ᠪᠣᠯ ᠪᠢᠳᠡᠨ᠎ᠦ ᠬᠥᠮᠥᠨ ᠨᠢᠭᠡ  ᠪᠦᠷᠢ᠎ᠶᠢᠨ ᠬᠠᠮᠲᠤ᠎ᠶᠢᠨ ᠬᠠᠷᠢᠭᠤᠴᠠᠯᠭ᠎ᠠ ᠪᠣᠯᠣᠨ᠎ᠠ ᠭᠡᠵᠦ ᠢᠯᠡᠳᠬᠡᠪᠡ᠃

ᠪᠠᠶᠠᠨᠨᠠᠭᠤᠷ ᠬᠤᠳᠠ᠎ᠶᠢᠨ ᠤᠷᠠᠳ᠎ᠤᠨ ᠡᠮᠦᠨᠡᠲᠦ ᠬᠣᠰᠢᠭᠤᠨ᠎ᠤ ᠮᠤᠨᠠ ᠠᠭᠤᠯᠠ ᠪᠠᠯᠭᠠᠰᠤ᠎ᠶᠢᠨ ᠳ᠋ᠦᠩ ᠹᠸᠩ ᠢ ᠨᠡᠢᠭᠡᠮ ᠲᠣᠭᠣᠷᠢᠭ᠋᠎ᠤᠨ ᠨᠠᠮ᠎ᠤᠨ ᠡᠭᠦᠷ᠎ᠦᠨ ᠱᠦᠵᠢ ᠴᠢᠶᠣᠤ ᠰᠢᠶᠣᠣ ᠰᠢᠶᠠ᠄ 《ᠨᠡᠢᠭᠡᠮ ᠲᠣᠭᠣᠷᠢᠭ᠋᠎ᠤᠨ ᠠᠵᠢᠯᠲᠠᠨ ᠪᠣᠯᠤᠭᠰᠠᠨ᠎ᠤ ᠬᠤᠪᠢ᠎ᠳᠤ᠂ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ᠎ᠢ ᠪᠠᠲᠤ ᠴᠤᠬᠴᠠᠯᠠᠬᠤ ᠶᠠᠪᠤᠳᠠᠯ᠎ᠢ ᠨᠡᠢᠭᠡᠮ ᠲᠣᠭᠣᠷᠢᠭ᠋᠎ᠤᠨ ᠠᠵᠢᠯ᠎ᠤᠨ ᠡᠯ᠎ᠡ ᠲᠠᠯ᠎ᠠ᠎ᠳᠤ ᠲᠤᠭᠤᠰᠢᠯᠠᠭᠤᠯᠬᠤ ᠪᠣᠯ ᠮᠠᠨ᠎ᠤ ᠠᠵᠢᠯᠯᠠᠵᠥ ᠴᠢᠷᠮᠠᠢᠬᠤ ᠴᠢᠭᠯᠡᠯ ᠪᠣᠯᠣᠨ᠎ᠠ᠃ 〈ᠤᠯᠠᠭᠠᠨ ᠦᠩᠭᠡ〉 ᠪᠣᠯ ᠬᠠᠮᠤᠭ᠎ᠤᠨ ᠭᠣᠶᠣ᠌᠂ ᠬᠠᠮᠤᠭ᠎ᠤᠨ ᠰᠠᠢᠬᠠᠨ ᠥᠩᠭᠡ ᠮᠥᠨ᠂ ᠪᠠᠰᠠ ᠴᠤ᠌ ᠡᠪ ᠬᠠᠮᠲᠤ ᠨᠠᠮ᠎ᠤᠨ ᠭᠡᠰᠢᠭᠦᠨ᠎ᠦ ᠠᠮᠢᠳᠤᠷᠠᠯ᠎ᠤᠨ ᠳᠡᠪᠢᠰᠬᠡᠷ ᠥᠩᠭᠡ ᠮᠥᠨ᠃ ᠮᠠᠨ᠎ᠤ ᠨᠡᠢᠭᠡᠮ ᠲᠣᠭᠣᠷᠢᠭ᠋᠎ᠤᠨ ᠬᠢᠨ ᠨᠠᠮ᠎ᠤᠨ ᠲᠡᠦᠬᠡ᠎ᠶᠢᠨ ᠰᠤᠷᠤᠯᠴᠠᠯᠭ᠎ᠠ ᠬᠥᠮᠦᠵᠢᠯ᠎ᠦᠨ ᠦᠷ᠎ᠡ ᠪᠦᠲᠦᠭᠡᠯ᠎ᠢ ᠪᠡᠬᠢᠵᠢᠭᠦᠯᠦᠨ ᠥᠷᠭᠡᠳᠬᠡᠵᠦ᠂ ᠬᠤᠪᠢᠰᠬᠠᠯᠳᠦ ᠤᠯᠠᠮᠵᠢᠯᠠᠯ᠎ᠤᠨ ᠡᠬᠢ ᠪᠠᠶᠠᠯᠢᠭ᠋᠎ᠢ ᠠᠭᠤᠳᠠᠯᠵᠤ᠂ ᠬᠤᠪᠢᠰᠬᠠᠯ᠎ᠤᠨ ᠬᠥᠮᠦᠵᠢᠯ᠎ᠦᠨ ᠵᠢᠭ᠍ᠰᠠᠭᠠᠯ᠎ᠤᠨ ᠭᠠᠵᠠᠷ᠎ᠢ ᠨᠢᠮᠪᠠᠢ ᠪᠠᠢᠭᠤᠯᠵᠤ᠂ ᠤᠯᠠᠨ ᠲᠦᠮᠡᠨ᠎ᠲᠠᠢ ᠣᠢᠷᠠᠲᠤᠨ ᠨᠠᠮ᠎ᠤᠨ ᠲᠠᠭᠤ ᠬᠤᠭᠤᠯᠠᠢ ᠵᠢ ᠳᠠᠮᠵᠢᠭᠤᠯᠤᠨ᠎ᠠ》 ᠭᠡᠵᠦ ᠬᠡᠯᠡᠪᠡ᠃

《ᠪᠢ ᠶᠡᠷᠦᠩᠬᠡᠢ ᠱᠦᠵᠢ ᠰᠢ᠎ᠶᠢᠨ ᠫᠢᠩ᠎ᠤᠨ ᠴᠢᠬᠤᠯᠠ ᠶᠠᠷᠢᠶᠠᠨ᠎ᠤ ᠵᠣᠷᠢᠭ᠋ ᠰᠠᠨᠠᠭ᠎ᠠ᠎ᠪᠠᠷ ᠵᠢᠯᠣᠭᠣᠳᠤᠯᠭ᠎ᠠ ᠪᠣᠯᠭᠠᠵᠤ᠂ ᠦᠨᠳᠦᠰᠦᠲᠡᠨ᠎ᠦ ᠪᠦᠯᠬᠦᠮᠳᠡᠯ ᠳᠠᠪᠰᠢᠯᠲᠠ ᠶ᠋ᠢᠨ ᠵᠢᠱ᠌ᠢᠶ᠎ᠡ ᠦᠵᠡᠭᠦᠯᠬᠦ ᠨᠡᠢᠭᠡᠮ ᠲᠣᠭᠣᠷᠢᠭ᠋ ᠢ᠋ ᠡᠭᠦᠳᠦᠨ ᠪᠠᠶ᠋ᠢᠭᠤᠯᠬᠤ᠎ᠪᠠᠷ ᠭᠠᠷᠳᠠᠴᠠ ᠪᠣᠯᠭᠠᠵᠤ᠂ ᠨᠡᠢᠭᠡᠮ ᠲᠣᠭᠣᠷᠢᠭ᠋᠎ᠤᠨ ᠦᠵᠡᠯ ᠰᠠᠨᠠᠭ᠎ᠠ ᠤᠯᠤᠰ ᠲᠥᠷᠥ᠍ ᠶ᠋ᠢᠨ ᠠᠵᠢᠯ ᠢ᠋ ᠲᠠᠰᠤᠷᠠᠯᠲᠠ ᠦᠭᠡᠢ ᠴᠢᠩᠭᠠᠳᠬᠠᠨ᠂ ᠨᠡᠢᠭᠡᠮ ᠲᠣᠭᠣᠷᠢᠭ᠋ ᠢ᠋ ᠦᠨᠳᠦᠰᠦᠲᠡᠨ᠎ᠦ ᠪᠦᠯᠬᠦᠮᠳᠡᠯ ᠳᠠᠪᠰᠢᠯᠲᠠ ᠶ᠋ᠢᠨ ᠭᠣᠣᠯ ᠵᠢᠭ᠍ᠰᠠᠭᠠᠯ᠎ᠤᠨ ᠭᠠᠵᠠᠷ ᠪᠣᠯᠭᠠᠨ ᠪᠦᠲᠦᠭᠡᠨ ᠪᠠᠶ᠋ᠢᠭᠤᠯᠬᠤ᠎ᠪᠠᠷ ᠴᠢᠷᠮᠠᠢᠨ᠎ᠠ》᠃ ᠰᠢᠯᠢ᠎ᠶᠢᠨ ᠭᠣᠣᠯ ᠠᠢᠮᠠᠭ᠎ᠤᠨ ᠰᠢᠯᠢᠩᠬᠣᠲᠠ᠎ᠶᠢᠨ ᠴᠤᠭᠯᠠᠭᠠᠨ ᠵᠡᠭᠡᠯᠢ ᠭᠤᠳᠤᠮᠵᠢ᠎ᠶᠢᠨ ᠠᠢ ᠮᠢᠨ ᠨᠡᠢᠭᠡᠮ᠎ᠲᠣᠭᠣᠷᠢᠭ᠋᠎ᠤᠨ᠎ᠨᠠᠮ᠎ᠤᠨ᠎ᠬᠣᠷᠢᠶᠠᠨ᠎ᠤ᠎ᠱᠦᠵᠢ᠂᠎ᠡᠷᠬᠢᠯᠡᠭᠴᠢ᠎ᠯᠢ᠎ᠵᠢᠶᠠ᠂ ᠨᠡᠢᠭᠡᠮ ᠲᠣᠭᠣᠷᠢᠭ᠋ ᠪᠣᠯ ᠦᠨᠳᠦᠰᠦᠲᠡᠨ᠎ᠨᠦᠭᠦᠳ᠎ᠦᠨ ᠠᠷᠠᠳ ᠤᠯᠠᠨ᠎ᠤ ᠬᠠᠮᠲᠤ᠎ᠶᠢᠨ ᠭᠡᠷ ᠣᠷᠣᠨ ᠮᠥᠨ᠂ ᠨᠡᠢᠭᠡᠮ ᠲᠣᠭᠣᠷᠢᠭ᠋᠎ᠤᠨ ᠠᠵᠢᠯ ᠲᠦᠭ ᠲᠦᠮᠡᠨ ᠠᠢᠯ ᠡᠷᠤᠭᠡ᠎ᠳᠦ ᠬᠣᠯᠪᠣᠭᠳᠠᠵᠤ ᠪᠠᠢᠳᠠᠭ᠂ ᠪᠢᠳᠡ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ᠎ᠢ ᠪᠠᠳᠤ ᠴᠤᠬᠴᠠᠯᠠᠬᠤ ᠡᠨᠡ ᠬᠦ᠌ ᠭᠣᠣᠯ ᠰᠢᠵᠢᠮ᠎ᠢ ᠨᠡᠢᠭᠡᠮ ᠲᠣᠭᠣᠷᠢᠭ᠋᠎ᠤᠨ ᠠᠵᠢᠯ᠎ᠤᠨ ᠬᠠᠮᠤᠭ᠎ᠤᠨ ᠲᠣᠪᠣᠢᠮ᠎ᠠ ᠪᠠᠢᠷᠢᠨ᠎ᠳᠤ ᠲᠠᠯᠪᠢᠵᠤ᠂ ᠦᠨᠳᠦᠰᠦᠲᠡᠨ᠎ᠦ ᠪᠦᠯᠬᠦᠮᠳᠡᠯ᠎ᠢ ᠪᠦᠬᠥ ᠬᠦᠴᠦᠨ᠎ᠢᠶᠡᠷ᠎ᠢᠶᠡᠨ ᠰᠠᠢᠲᠤᠷ ᠬᠠᠮᠠᠭᠠᠯᠠᠵᠤ᠂ ᠠᠷᠠᠳ ᠲᠦᠮᠡᠨ᠎ᠢ ᠰᠡᠳᠬᠢᠯ ᠵᠢᠷᠦᠬᠡᠨ ᠳ᠋ᠡᠬᠡᠨ ᠳᠡᠬᠡᠳᠤᠯᠡᠵᠥ᠂ ᠪᠦᠬᠥ ᠬᠦᠴᠦᠨ᠎ᠢᠶᠡᠷ᠎ᠢᠶᠡᠨ ᠤᠯᠠᠨ ᠲᠦᠮᠡᠨ᠎ᠦ ᠬᠦᠴᠢᠷ ᠵᠣᠪᠠᠭᠤᠷᠢ᠎ᠶᠢ ᠰᠢᠢᠳᠪᠦᠷᠢᠯᠡᠵᠦ ᠥᠭᠬᠦᠨ᠎ᠠ ᠬᠡᠪᠡ᠃

ᠪᠥᠬᠥ᠌ ᠤᠯᠤᠰ᠎ᠤᠨ ᠦᠨᠳᠦᠰᠦᠲᠡᠨ᠎ᠦ ᠪᠦᠯᠬᠦᠮᠳᠡᠯ ᠳᠠᠪᠱᠢᠯᠲᠠ᠎ᠶ᠋ᠢᠨ ᠵᠢᠱ᠌ᠢᠶᠡᠴᠢ ᠨᠡᠢᠭᠡᠮ ᠲᠣᠭᠣᠷᠢᠭ ᠪᠣᠯᠤᠭ᠍ᠰᠠᠨ᠎ᠤ ᠬᠤᠪᠢ᠎ᠳᠤ᠂ ᠣᠢᠷ᠎ᠠ᠎ᠶ᠋ᠢᠨ ᠵᠢᠯ᠎ᠳ᠋ᠤ᠂ ᠬᠢᠩᠭᠠᠨ ᠠᠢᠮᠠᠭ᠎ᠤᠨ ᠬᠣᠷᠴᠢᠨ ᠪᠠᠷᠠᠭᠤᠨ ᠭᠠᠷᠤᠨ ᠡᠮᠦᠨᠡᠲᠦ ᠬᠣᠱᠢᠭᠤᠨ᠎ᠤ ᠰᠢᠩ ᠺᠸ ᠨᠡᠢᠭᠡᠮ ᠲᠣᠭᠣᠷᠢᠭ ᠵᠠᠯᠭᠠᠭ᠎ᠠ᠎ᠪᠠᠷ 《ᠦᠨᠳᠦᠰᠦᠲᠡᠨ᠎ᠨᠦᠭᠦᠳ ᠪᠦᠯᠬᠦᠮᠳᠡᠨ ᠨᠢᠭᠡ ᠬᠡᠷ᠎ᠦᠨ ᠬᠥᠮᠦᠨ ᠮᠠᠳᠤ ᠲᠤᠳᠤᠨᠤ》᠂ 《ᠨᠡᠢᠭᠡᠮ ᠲᠣᠭᠣᠷᠢᠭ᠎ᠤᠨ ᠬᠥᠷᠰᠢ ᠵᠡᠷᠭᠡᠯᠡᠳᠡᠭᠡ᠎ᠶ᠋ᠢᠨ ᠪᠠᠶᠠᠷ》 ᠵᠡᠷᠭᠡ ᠱᠢᠷᠢᠰ ᠠᠵᠢᠯᠯᠠᠭ᠎ᠠ ᠥᠷᠨᠢᠭᠦᠯᠵᠦ᠍᠂ ᠨᠡᠢᠭᠡᠮ ᠲᠣᠭᠣᠷᠢᠭ᠎ᠤᠨ ᠦᠨᠳᠦᠰᠦᠲᠡᠨ᠎ᠦ ᠪᠦᠯᠬᠦᠮᠳᠡᠯ᠎ᠢ ᠡᠭᠦᠳᠦᠨ ᠪᠠᠢᠭᠤᠯᠬᠤ ᠠᠵᠢᠯ᠎ᠤᠨ ᠦᠵᠡᠰᠬᠦᠯᠡᠨᠭᠳᠤ ᠰᠠᠢᠬᠠᠨ ᠨᠡᠷ᠎ᠡ᠎ᠶ᠋ᠢᠨ ᠬᠠᠭᠤᠳᠠᠰᠤ ᠪᠣᠯᠤᠭ᠍ᠰᠠᠨ ᠪᠠᠢᠨ᠎ᠠ᠃ 《ᠮᠠᠨ᠎ᠤ ᠰᠢᠩ ᠺᠸ  ᠨᠡᠢᠭᠡᠮ ᠲᠣᠭᠣᠷᠢᠭ᠎ᠤᠨ ᠬᠢᠨ ᠶᠡᠷᠤᠨᠭᠭᠡᠢ ᠱᠦᠵᠢ ᠰᠢ᠎ᠶ᠋ᠢᠨ ᠫᠢᠩ᠎ᠤᠨ ᠦᠨᠳᠦᠰᠦᠲᠡᠨ᠎ᠦ ᠠᠵᠢᠯ᠎ᠤᠨ ᠲᠤᠬᠠᠶ ᠴᠢᠬᠤᠯᠠ ᠥᠭᠦᠯᠡᠯᠲᠡ᠎ᠶ᠋ᠢ ᠲᠠᠰᠤᠷᠠᠯᠲᠠ ᠦᠭᠡᠶ ᠭᠦᠨᠵᠡᠭᠡᠶ ᠲᠤᠭᠤᠰᠢᠯᠠᠭᠤᠯᠤᠨ ᠨᠠᠢᠳᠠᠪᠤᠷᠢᠵᠢᠭᠤᠯᠵᠤ᠂ ᠦᠨᠳᠦᠰᠦᠲᠡᠨ᠎ᠦ ᠪᠦᠯᠬᠦᠮᠳᠡᠯ ᠲᠠᠪᠱᠢᠯᠳᠠ᠎ᠶ᠋ᠢ ᠡᠭᠦᠳᠦᠨ ᠪᠠᠢᠭᠤᠯᠬᠤ ᠠᠵᠢᠯ᠎ᠢ ᠦᠷᠭᠦᠯᠵᠢᠯᠡᠨ ᠴᠢᠬᠤᠯᠠ ᠪᠠᠢᠷᠢᠨ᠎ᠳᠤ ᠲᠠᠯᠪᠢᠵᠤ᠂ ᠦᠨᠳᠦᠰᠦᠲᠡᠨ᠎ᠨᠦᠭᠦᠳ᠎ᠦᠨ ᠤᠯᠠᠨ ᠲᠦᠮᠡᠨ᠎ᠢ ᠬᠥᠲᠥᠯᠥᠨ ᠵᠢᠯᠣᠭᠣᠳᠴᠤ᠌ ᠪᠠᠢᠭᠠᠳ ᠵᠢᠷᠭᠠᠯ ᠵᠣᠪᠠᠯᠠᠩ᠎ᠢᠶᠠᠨ ᠬᠠᠮᠲᠤᠳᠭᠠᠬᠤ᠂ ᠠᠯᠳᠠᠷ ᠭᠤᠳᠤᠮᠰᠢᠭ ᠵᠢᠡᠨ ᠬᠠᠮᠲᠤᠳᠭᠠᠬᠤ᠂ ᠦᠬᠦᠵᠦ᠍ ᠰᠡᠭᠡᠬᠦ᠌᠎ᠪᠡᠨ ᠬᠠᠮᠲᠤᠳᠭᠠᠬᠤ᠂ ᠬᠤᠪᠢ ᠵᠠᠶᠠᠭ᠎ᠠ᠎ᠪᠠᠨ ᠬᠠᠮᠲᠤᠳᠭᠠᠬᠤ ᠬᠠᠮᠲᠤ᠎ᠶ᠋ᠢᠨ ᠴᠣᠭ᠍ᠴᠠ᠎ᠶ᠋ᠢᠨ ᠣᠢᠯᠠᠭᠠᠭ᠍ᠳᠠᠬᠤᠨ᠎ᠢ ᠪᠠᠲᠤ ᠪᠡᠬᠢ ᠪᠤᠢ ᠪᠣᠯᠭᠠᠵᠤ᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠦᠵᠡᠯ ᠰᠠᠨᠠᠭᠠᠨ᠎ᠤ ᠰᠠᠭᠤᠷᠢ᠎ᠶ᠋ᠢ ᠲᠠᠰᠤᠷᠠᠯᠳᠠ ᠦᠭᠡᠢ ᠪᠡᠬᠢᠵᠢᠭᠦᠯᠵᠦ᠍᠂ ᠦᠨᠳᠦᠰᠦᠲᠡᠨ᠎ᠨᠦᠭᠦᠳ᠎ᠦᠨ ᠳᠤᠮᠳᠠᠳᠤ᠎ᠶ᠋ᠢᠨ ᠦᠨᠳᠦᠰᠦᠲᠡᠨ᠎ᠦ ᠶᠡᠬᠡ ᠭᠡᠷ ᠪᠦᠯᠢ᠎ᠳᠦ ᠠᠨᠠᠷ᠎ᠤᠨ ᠦᠷ᠎ᠡ ᠱᠢᠭ ᠨᠢᠭ᠍ᠲᠠᠷᠠᠨ ᠪᠦᠯᠬᠦᠮᠳᠡᠬᠦ᠌᠎ᠶ᠋ᠢ ᠠᠬᠢᠭᠤᠯᠤᠨ᠎ᠠ》 ᠭᠡᠵᠦ᠍  ᠰᠢᠩ ᠺᠸ  ᠨᠡᠢᠭᠡᠮ ᠲᠣᠭᠣᠷᠢᠭ᠎ᠤᠨ ᠨᠠᠮ᠎ᠤᠨ ᠬᠣᠷᠢᠶᠠᠨ᠎ᠤ ᠱᠦᠵᠢ ᠶᠤᠸᠠᠨ ᠱ᠌ᠢ ᠶᠢᠩ ᠬᠡᠯᠡᠪᠡ᠃ 

ᠠᠯᠠᠱᠠ ᠠᠢᠮᠠᠭ᠎ᠤᠨ ᠠᠯᠠᠱᠠ ᠵᠡᠭᠦᠨ ᠬᠣᠱᠢᠭᠤᠨ᠎ᠤ ᠯᠤᠸᠠᠨ ᠵᠢᠩ ᠲᠠᠨ ᠠᠮᠢ ᠠᠬᠤᠢ᠎ᠶ᠋ᠢᠨ ᠨᠡᠭᠦᠳᠡᠯ ᠠᠷᠠᠳ᠎ᠤᠨ ᠵᠢᠱ᠌ᠢᠢ᠎ᠡ ᠦᠵᠡᠭᠦᠯᠬᠦ᠌ ᠲᠣᠭᠣᠷᠢᠭ᠎ᠤᠨ ᠲᠩᠷᠢ ᠡᠯᠡᠰᠤ ᠪᠠᠯᠭᠠᠰᠤᠨ᠎ᠤ ᠤᠯᠠᠭᠠᠨᠬᠠᠳᠠ ᠭᠠᠴᠠᠭᠠᠨ᠎ᠤ ᠨᠠᠮ᠎ᠤᠨ ᠡᠭᠦᠷ᠎ᠦᠨ ᠱᠦᠵᠢ ᠯᠢ ᠱᠢᠶᠦ᠋ᠩ ᠶᠢᠩ᠄ 《ᠶᠡᠷᠦᠩᠬᠡᠢ ᠱᠦᠵᠢ ᠰᠢ᠎ᠶ᠋ᠢᠨ ᠫᠢᠩ᠎ᠤᠨ ᠴᠢᠬᠤᠯᠠ ᠶᠠᠷᠢᠶ᠎ᠠ ᠬᠥᠮᠦᠰ᠎ᠢ ᠤᠷᠮᠠᠰᠢᠭᠤᠯᠤᠨ ᠵᠣᠷᠢᠭ᠍ᠵᠢᠭᠤᠯᠤᠨ᠎ᠠ᠃ ᠣᠢᠷ᠎ᠠ᠎ᠶ᠋ᠢᠨ ᠵᠢᠯ᠎ᠦᠳ᠎ᠲᠦ᠂ ᠮᠠᠨ᠎ᠤ ᠭᠠᠴᠠᠭᠠᠨ᠎ᠤ ᠬᠢᠨ ᠦᠨᠳᠦᠰᠦᠲᠡᠨ᠎ᠦ ᠪᠦᠯᠬᠦᠮᠳᠡᠯ ᠳᠠᠪᠱᠢᠯᠲᠠ᠎ᠶ᠋ᠢ ᠠᠵᠤ ᠦᠶ᠋ᠯᠡᠰ᠎ᠦᠨ ᠬᠥᠭ᠌ᠵᠢᠯᠲᠡ᠎ᠲᠡᠶ ᠭᠦᠨᠵᠡᠭᠡᠶ ᠠᠭᠤᠰᠤᠯᠴᠠᠭᠤᠯᠵᠤ᠂〈ᠨᠠᠮ᠎ᠤᠨ ᠡᠭᠦᠷ + ᠲᠤᠰᠬᠠᠢ ᠬᠣᠷᠱᠢᠶ᠎ᠠ〉ᠵᠢᠨ ᠵᠢᠭᠤᠯᠴᠢᠯᠠᠯ᠎ᠤᠨ ᠬᠥᠭ᠌ᠵᠢᠯᠲᠡ᠎ᠶ᠋ᠢᠨ ᠵᠠᠭ᠍ᠪᠤᠷ᠎ᠢ ᠬᠠᠢᠨ ᠰᠦᠪᠡᠭ᠌ᠴᠢᠯᠠᠨ ᠭᠠᠷᠭᠠᠵᠤ᠂ ᠣᠲᠣ ᠭᠠᠴᠠᠭᠠᠨ᠎ᠤ ᠦᠨᠳᠦᠰᠦᠲᠡᠨ᠎ᠨᠦᠭᠦᠳ᠎ᠦᠨ ᠣᠯᠠᠨ ᠲᠦᠮᠡᠨ ᠴᠥᠮ〈ᠵᠢᠭᠤᠯᠴᠢᠯᠠᠯ᠎ᠤᠨ ᠦᠢᠯᠡᠰ〉 ᠡᠴᠡ ᠠᠰᠢᠭ ᠬᠦᠷᠳᠡᠭᠰᠡᠨ ᠪᠠᠢᠨ᠎ᠠ ᠃ ᠬᠣᠢᠱᠢᠳᠠ᠎ᠶ᠋ᠢᠨ ᠠᠵᠢᠯ᠎ᠤᠨ ᠳᠤᠮᠳᠠ᠎ᠪᠠᠨ ᠪᠢᠳᠡ ᠶᠡᠷᠦᠩᠬᠡᠶ ᠱᠦᠵᠢ ᠰᠢ᠎ᠶ᠋ᠢᠨ ᠫᠢᠩ᠎ᠤᠨ ᠬᠦᠰᠡᠯ ᠨᠠᠢᠳᠠᠯᠭ᠎ᠠ᠎ᠶ᠋ᠢ ᠪᠠᠲᠤ ᠴᠡᠭᠡᠵᠢᠯᠡᠵᠦ᠍᠂ ᠦᠨᠳᠦᠰᠦᠲᠡᠨ᠎ᠨᠦᠭᠦᠳ᠎ᠦᠨ ᠤᠯᠠᠨ ᠲᠦᠮᠡᠨ᠎ᠢ ᠨᠡᠩ ᠨᠢᠭ᠍ᠲᠠᠷᠠᠨ ᠪᠦᠯᠬᠦᠮᠳᠡᠭᠦᠯᠵᠦ᠍᠂ ᠭᠠᠷ ᠬᠣᠯᠪᠣᠯᠴᠠᠨ᠂ ᠮᠥᠷᠥ᠍ ᠵᠡᠷᠭᠡᠴᠠᠵᠤ᠂ ᠭᠠᠴᠠᠭᠠᠨ᠎ᠤ ᠨᠡᠩ ᠰᠠᠢ᠌ᠨ ᠰᠠᠢᠬᠠᠨ ᠢᠷᠡᠭᠡᠳᠦᠶ᠎ᠶ᠋ᠢᠨ ᠲᠥᠯᠥᠭᠡ ᠬᠠᠮᠲᠤ᠎ᠪᠠᠷ ᠴᠢᠷᠮᠠᠢᠨ ᠲᠡᠮᠡᠴᠡᠨ᠎ᠠ》 ᠭᠡᠵᠦ᠍ ᠬᠡᠯᠡᠪᠡ᠃

ᠬᠢᠩᠭᠠᠨ ᠠᠢᠮᠠᠭ᠎ᠤᠨ ᠲᠦᠴᠢᠦᠸᠠᠨ ᠱᠢᠶᠠᠨ᠎ᠤ᠎ᠶ᠋ᠢᠨ ᠨᠦᠩ ᠲᠠᠷᠢᠶᠠᠯᠠᠩ᠎ᠤᠨ ᠲᠤᠰᠭᠠᠢ ᠬᠤᠷᠱᠢᠶ᠎ᠠ᠎ᠶ᠋ᠢᠨ ᠬᠡᠷᠡᠭ ᠡᠷᠬᠢᠯᠡᠭ᠌ᠴᠢᠳ᠎ᠦᠨ ᠳᠠᠷᠤᠭ᠎ᠠ ᠬᠦᠩ ᠱᠢᠶᠤᠤ ᠫᠸᠩ ᠲᠤᠰᠬᠠᠢ ᠬᠤᠷᠰᠢᠶ᠎ᠠ ᠵᠢᠨ ᠭᠡᠱᠢᠭᠦᠳ ᠲᠠᠢ ᠪᠠᠨ ᠬᠠᠮᠳᠤ ᠶᠡᠷᠦᠡᠭᠭᠡᠢ ᠱᠦᠵᠢ ᠰᠢ᠎ᠶ᠋ᠢᠨ ᠫᠢᠩ᠎ᠤᠨ ᠥᠪᠥᠷ ᠮᠣᠩᠭᠣᠯ᠎ᠤᠨ ᠲᠥᠯᠥᠭᠡᠯᠡᠭ᠌ᠴᠢᠳ᠎ᠦᠨ ᠪᠦᠯᠬᠦᠮ᠎ᠦᠨ ᠬᠢᠨᠠᠨ ᠵᠥᠪᠯᠡᠬᠦ᠌᠎ᠳᠦ ᠣᠷᠣᠯᠴᠠᠬᠤ ᠦᠶ᠎ᠡ᠎ᠶ᠋ᠢᠨ ᠴᠢᠬᠤᠯᠠ ᠶᠠᠷᠢᠶ᠎ᠠ᠎ᠶ᠋ᠢ ᠨᠠᠷᠢᠨ ᠬᠢᠨᠠᠮᠠᠭᠠᠢ ᠰᠣᠨᠣᠰᠤᠭᠠᠳ ᠤᠯᠠᠨ᠎ᠢᠶᠠᠷ᠎ᠢᠶᠠᠨ᠂ ᠶᠡᠷᠦᠩᠬᠡᠢ ᠱᠦᠵᠢ᠎ᠶ᠋ᠢᠨ ᠬᠦᠰᠡᠯ ᠨᠠᠢᠳᠠᠯᠭ᠎ᠠ᠎ᠶ᠋ᠢ ᠪᠠᠲᠤ ᠴᠡᠭᠡᠵᠢᠯᠡᠵᠦ᠍᠂ ᠲᠤᠰᠬᠠᠢ ᠬᠤᠷᠱᠢᠶ᠎ᠠ᠎ᠶ᠋ᠢ ᠭᠡᠱᠢᠭᠦᠳ᠎ᠤᠨ《ᠪᠠᠶᠠᠵᠢᠯ᠎ᠤᠨ ᠬᠤᠷᠱᠢᠶ᠎ᠠ》 ᠪᠣᠯᠭᠠᠵᠤ᠂ ᠤᠯᠠᠨ᠎ᠢ ᠳᠠᠭᠠᠭᠤᠯᠤᠨ ᠱᠢᠬᠢᠷ ᠯᠤᠤᠪᠠᠩ ᠲᠠᠷᠢᠬᠤ ᠠᠵᠢᠯ᠎ᠢ ᠦᠷᠭᠦᠯᠵᠢᠯᠡᠨ ᠰᠠᠢᠲᠤᠷ ᠬᠢᠵᠦ᠍᠂ ᠪᠠᠶᠠᠵᠢᠨ ᠴᠢᠨᠡᠭᠡᠯᠢᠭ᠌ᠵᠢᠬᠦ᠌ 《ᠵᠣᠯ ᠵᠢᠷᠭᠠᠯᠲᠤ ᠦᠢᠯᠡᠰ》 ᠢ᠋ ᠬᠠᠮᠲᠤ ᠪᠠᠷ ᠡᠬᠢᠯᠡᠭᠦᠯᠦᠨ᠎ᠡ ᠭᠡᠵᠦ᠍ ᠢᠯᠡᠳᠭᠡᠵᠡᠭᠡᠪᠡ᠃ 《ᠡᠨᠡ ᠵᠢᠯ ᠮᠠᠨ᠎ᠤ ᠲᠤᠰᠬᠠᠢ ᠬᠣᠷᠱᠢᠶ᠎ᠠ ᠭᠠᠵᠠᠷ ᠱᠢᠷᠣᠶ᠎ᠵᠢ ᠡᠵᠡᠩᠨᠡᠬᠦ ᠡᠷᠭᠡ ᠵᠢ ᠰᠢᠯᠵᠢᠬᠦᠯᠬᠦ ᠵᠢ ᠨᠡᠮᠡᠭ᠌ᠳᠡᠭᠦᠯᠵᠦ᠍᠂ ᠨᠠᠩ ᠣᠯᠠᠨ ᠭᠡᠱᠢᠭᠦᠳ᠎ᠢ ᠲᠤᠰᠬᠠᠢ ᠬᠣᠷᠱᠢᠶ᠎ᠠ᠎ᠳᠤ ᠣᠷᠣᠭᠤᠯᠤᠨ᠂ ᠬᠠᠪᠤᠷ᠎ᠤᠨ ᠲᠠᠷᠢᠶᠠᠯᠠᠭ᠎ᠠ᠎ᠶ᠋ᠢᠨ ᠪᠥᠬᠥ᠌ ᠶᠠᠪᠤᠴᠠ᠎ᠳᠤ ᠮᠠᠱᠢᠨᠴᠢᠯᠠᠭ᠍ᠰᠠᠨ ᠲᠠᠷᠢᠶᠠᠯᠠᠭ᠎ᠠ᠎ᠶ᠋ᠢ ᠪᠠᠲᠤᠯᠠᠵᠤ᠂ ᠠᠮᠤ ᠪᠤᠳᠠᠭᠠᠨ᠎ᠤ ᠤᠨᠠᠯᠲᠠ᠎ᠶ᠋ᠢ ᠲᠣᠭ᠍ᠲᠠᠪᠤᠷᠢᠵᠢᠭᠤᠯᠤᠨ ᠬᠠᠩᠭᠠᠯᠭ᠎ᠠ᠎ᠶ᠋ᠢ ᠪᠠᠲᠤᠯᠠᠬᠤ᠎ᠶ᠋ᠢ ᠦᠨᠡᠨ ᠬᠦ᠌ ᠪᠡᠶᠡᠯᠡᠭᠦᠯᠵᠤ᠂ ᠠᠵᠤ ᠦᠶ᠋ᠯᠡᠰ᠎ᠦᠨ ᠬᠡᠯᠬᠢᠶ᠎ᠡ᠎ᠶ᠋ᠢ ᠤᠷᠲᠤᠳᠭᠠᠨ ᠬᠥᠭ᠌ᠵᠢᠭᠦᠯᠬᠦ᠌ ᠬᠠᠷᠠᠯᠲᠠ᠎ᠶ᠋ᠢ ᠪᠡᠶᠡᠯᠡᠭᠦᠯᠦᠨ᠎ᠡ》 ᠭᠡᠵᠦ᠍ ᠬᠦᠩ ᠰᠢᠶᠤᠤ ᠫᠸᠩ ᠰᠡᠳᠭᠢᠯ ᠳᠣᠭ᠍ᠳᠣᠯᠤᠨ ᠬᠡᠯᠡᠪᠡ ᠃

ᠲᠦᠩᠯᠢᠶᠣᠤ ᠬᠤᠲᠠ᠎ᠶ᠋ᠢᠨ ᠺᠠᠢᠯᠦ᠍ ᠱᠢᠶᠠᠨ᠎ᠤ ᠵᠢᠷᠭᠠᠯᠠᠩᠲᠤ ᠪᠠᠯᠭᠠᠰᠤᠨ᠎ᠤ ᠵᠠᠮ᠎ᠤᠨ ᠬᠤᠢᠳᠤ ᠠᠢᠯ ᠲᠣᠰᠭᠣᠨ᠎ᠤ ᠪᠠᠶᠠᠵᠢᠯ᠎ᠤᠨ ᠲᠠᠭᠠᠭᠤᠯᠤᠬ᠍ᠴᠢ ᡂᠢ ᠮᠢᠨ᠄ 《ᠪᠢ 2017 ᠣᠨ᠎ᠡᠴᠡ ᠡᠬᠢᠯᠡᠨ ᠪᠤᠭᠤ ᠲᠡᠵᠢᠭᠡᠵᠦ᠍᠂ ᠨᠠᠮ᠎ᠤᠨ ᠠᠷᠠᠳ᠎ᠲᠤ ᠠᠱᠢᠭ ᠬᠦᠷᠲᠡᠭᠡᠬᠦ᠌ ᠲᠦᠷᠦ᠍᠎ᠶ᠋ᠢᠨ ᠪᠤᠳᠤᠯᠭ᠎ᠠ᠎ᠶ᠋ᠢᠨ ᠵᠢᠯᠤᠭᠤᠳᠤᠯᠭ᠎ᠠ ᠳᠣᠣᠷ᠎ᠠ᠂ ᠪᠤᠭᠤ᠎ᠶ᠋ᠢᠨ ᠲᠣᠭ᠎ᠠ ᠬᠠᠮᠤᠭ ᠠᠩᠬᠠᠨ᠎ᠤ ᠠᠷᠪᠠᠨ ᠬᠡᠳᠦᠨ ᠪᠤᠭᠤ᠎ᠡᠴᠡ᠎ᠪᠠᠨ ᠤᠳᠤ 170 ᠪᠤᠯᠵᠤ ᠨᠡᠮᠡᠭᠳᠡᠵᠤ᠂ ᠵᠢᠯ᠎ᠦᠨ ᠴᠡᠪᠡᠷ ᠣᠷᠣᠯᠭ᠎ᠠ 50 ᠲᠦᠮᠡᠨ ᠲᠥᠭᠥᠷᠢᠭ ᠣᠷᠴᠢᠮ᠎ᠳᠤ ᠬᠦᠷᠴᠦ᠍᠂ ᠠᠮᠢᠳᠤᠷᠠᠯ ᠡᠳᠦᠷ ᠢᠷᠡᠬᠦᠶ᠎ᠡ ᠥᠭᠡᠳᠡᠯᠡᠵᠦ᠍ ᠪᠠᠢᠨ᠎ᠠ᠃ ᠨᠢᠭᠡᠨ ᠡᠪ ᠬᠠᠮᠲᠤ ᠨᠠᠮ᠎ᠤᠨ ᠭᠡᠱᠢᠭᠦᠨ ᠪᠣᠯᠤᠭ᠍ᠰᠠᠨ᠎ᠤ ᠬᠤᠪᠢ᠎ᠳᠤ᠂ ᠪᠢ ᠯᠠᠪᠲᠠᠢ ᠶᠡᠷᠦᠩᠬᠡᠢ ᠱᠦᠵᠢ᠎ᠶ᠋ᠢᠨ ᠴᠢᠩ ᠰᠡᠳᠭᠢᠯ᠎ᠦᠨ ᠬᠦᠰᠡᠯ ᠨᠠᠢᠳᠠᠯᠭ᠎ᠠ᠎ᠶ᠋ᠢ ᠡᠷᠡᠮᠡᠭᠡᠢᠯᠡᠨ ᠤᠷᠤᠭ᠍ᠰᠢᠯᠠᠬᠤ ᠬᠥᠳᠡᠯᠭᠡᠬᠦ᠌ ᠬᠦᠴᠦᠨ ᠪᠣᠯᠭᠠᠵᠤ᠂ ᠨᠠᠮ᠎ᠤᠨ ᠭᠡᠱᠢᠭᠦᠨ᠎ᠦ ᠬᠣᠱᠢᠭᠤᠴᠢ ᠵᠢᠱ᠌ᠢᠶᠡᠴᠢ ᠦᠢᠯᠡᠳᠦᠯ᠎ᠢ ᠭᠦᠢᠴᠡᠳ ᠪᠠᠳᠠᠷᠠᠭᠤᠯᠵᠤ᠂ ᠬᠦᠰᠡᠯ ᠡᠷᠡᠮᠡᠯᠵᠡᠯ᠎ᠲᠡᠶ ᠤᠯᠠᠨ ᠲᠦᠮᠡᠨ᠎ᠢ ᠲᠠᠢ᠌ᠴᠢᠯᠠᠨ ᠪᠤᠭᠤ ᠲᠡᠵᠢᠭᠡᠬᠦ᠌ ᠠᠵᠤ ᠦᠢᠯᠡᠰ᠎ᠢ ᠰᠠᠢᠲᠤᠷ ᠬᠥᠭ᠌ᠵᠢᠭᠦᠯᠵᠦ᠍᠂  ᠨᠡᠩ ᠤᠯᠠᠨ ᠠᠷᠠᠳ ᠲᠦᠮᠡᠨ᠎ᠳᠦ ᠦᠨ᠎ᠡ ᠲᠥᠯᠥᠪᠦᠷᠢ ᠦᠭᠡᠢ᠎ᠪᠡᠷ ᠬᠠᠪᠰᠤᠷᠤᠯᠭ᠎ᠠ ᠦᠵᠡᠭᠦᠯᠵᠦ᠍᠂ ᠨᠡᠩ ᠤᠯᠠᠨ  ᠠᠷᠠᠳ ᠲᠦᠮᠡᠨ᠎ᠢ ᠲᠠᠢ᠌ᠴᠢᠯᠠᠨ ᠪᠠᠶᠠᠵᠢᠭᠤᠯᠵᠤ᠂ ᠰᠠᠢ᠌ᠨ ᠰᠠᠢᠬᠠᠨ ᠠᠮᠢᠳᠤᠷᠠᠯ᠎ᠢ ᠬᠠᠮᠲᠤ ᠪᠠᠷ ᠴᠣᠭ᠍ᠴᠠᠯᠠᠨ᠎ᠠ》 ᠭᠡᠵᠦ᠍ ᠬᠡᠯᠡᠪᠡ᠃

ᠪᠤᠭᠤᠳᠤ ᠬᠤᠳᠠ᠎ᠶ᠋ᠢᠨ ᠳ᠋ᠦᠩ ᠾᠧ ᠲᠣᠭᠣᠷᠢᠭ᠎ᠤᠨ ᠯᠢᠦ ᠪᠦᠦ ᠶᠣᠣ ᠲᠣᠰᠭᠣᠨ᠎ᠤ ᠨᠠᠮ᠎ᠤᠨ ᠡᠭᠦᠷ᠎ᠦᠨ ᠱᠦᠵᠢ᠂ ᠲᠣᠰᠭᠣᠨ᠎ᠤ ᠠᠷᠠᠳ᠎ᠤᠨ ᠵᠥᠪᠯᠡᠯ᠎ᠦᠨ ᠡᠷᠬᠢᠯᠡᠭ᠌ᠴᠢ ᠴᠠᠩ ᠹᠸᠩ ᠶᠡᠷᠦᠩᠬᠡᠢ ᠱᠦᠵᠢ ᠰᠢ᠎ᠶ᠋ᠢᠨ ᠫᠢᠩ᠎ᠦᠨ ᠴᠢᠬᠤᠯᠠ ᠶᠠᠷᠢᠶ᠎ᠠ᠎ᠶ᠋ᠢ ᠰᠤᠷᠤᠯᠴᠠᠭ᠍ᠰᠠᠨ᠎ᠤ ᠳᠠᠷᠠᠭ᠎ᠠ ᠲᠤᠢᠯ᠎ᠢᠶᠠᠷ ᠤᠷᠮᠠᠱᠢᠨ ᠵᠣᠷᠢᠭ᠍ᠵᠢᠪᠠ᠃ ᠲᠡᠷᠡ᠄《ᠶᠡᠷᠦᠩᠬᠡᠢ ᠱᠦᠵᠢ᠎ᠶ᠋ᠢᠨ ᠬᠡᠯᠡᠭ᠌ᠰᠡᠨᠴᠢᠯᠡᠨ᠂ ᠥᠪᠥᠷ ᠮᠣᠩᠭᠣᠯ᠎ᠤᠨ ᠥᠨᠥᠳᠦᠷ ᠪᠣᠯ ᠦᠨᠳᠦᠰᠦᠲᠡᠨ᠎ᠨᠦᠭᠦᠳ᠎ᠦᠨ ᠤᠯᠠᠨ ᠲᠦᠮᠡᠨ᠎ᠦ ᠬᠠᠮᠲᠤ᠎ᠪᠠᠷ ᠲᠡᠮᠡᠴᠡᠭ᠌ᠰᠡᠨ᠎ᠦ ᠦᠷ᠎ᠡ ᠳ᠋ᠦᠩ ᠮᠥᠨ᠂ ᠥᠪᠥᠷ ᠮᠣᠩᠭᠣᠯ᠎ᠤᠨ ᠮᠠᠷᠭᠠᠰᠢ ᠮᠥᠨ ᠬᠦ᠌ ᠦᠨᠳᠦᠰᠦᠲᠡᠨ᠎ᠨᠦᠭᠦᠳ᠎ᠦᠨ ᠤᠯᠠᠨ ᠲᠦᠮᠡᠨ᠎ᠦ ᠪᠦᠯᠬᠦᠮᠳᠡᠨ ᠲᠡᠮᠡᠴᠡᠬᠦ᠌᠎ᠶ᠋ᠢ ᠱᠠᠭᠠᠷᠳᠠᠵᠤ ᠪᠠᠢᠨ᠎ᠠ᠃ ᠨᠠᠮ᠎ᠤᠨ ᠡᠭᠦᠷ᠎ᠦᠨ ᠱᠦᠵᠢ ᠪᠣᠯᠤᠭ᠍ᠰᠠᠨ᠎ᠤ ᠬᠤᠪᠢ᠎ᠳᠤ᠂ ᠪᠢ ᠪᠦᠬᠦ᠌ ᠲᠣᠰᠭᠣᠨ᠎ᠤ ᠦᠨᠳᠦᠰᠦᠲᠡᠨ᠎ᠨᠦᠭᠦᠳ᠎ᠦᠨ ᠤᠯᠠᠨ ᠲᠦᠮᠡᠨ᠎ᠢ ᠳᠠᠭᠠᠭᠤᠯᠤᠨ ᠬᠥᠳᠡᠭᠡ ᠲᠣᠰᠭᠣᠨ᠎ᠢ ᠬᠥᠭ᠌ᠵᠢᠭᠦᠯᠦᠨ ᠮᠠᠨᠳᠤᠭᠤᠯᠬᠤ ᠪᠠᠢᠯᠳᠤᠬᠤ ᠪᠤᠳᠤᠯᠭ᠎ᠠ᠎ᠶ᠋ᠢ ᠡᠷᠡᠰ ᠭᠤᠢᠪᠢᠰᠢ ᠦᠭᠡᠢ᠎ᠪᠡᠷ ᠪᠦᠬᠦ᠌ ᠲᠠᠯ᠎ᠠ᠎ᠪᠠᠷ ᠨᠠᠢᠳᠠᠪᠤᠷᠢᠵᠢᠭᠤᠯᠵᠤ᠂ ᠯᠢᠦ ᠪᠦᠦ ᠶᠣᠣ ᠲᠣᠰᠭᠣᠨ᠎ᠤ ᠦᠵᠡᠰᠭᠦᠯᠡᠩᠲᠦ ᠰᠠᠢᠬᠠᠨ ᠠᠭᠤᠯᠠ ᠤᠰᠤ᠂ ᠶᠠᠫᠣᠨ᠎ᠢ ᠡᠰᠡᠷᠭᠦᠴᠡᠬᠦ᠌ ᠲᠠᠢᠨ᠎ᠤ ᠦᠶ᠎ᠠ ᠵᠢᠨ ᠬᠠᠭᠤᠴᠢᠨ ᠪᠠᠭᠤᠷᠢ ᠵᠡᠷᠭᠡ ᠡᠬᠢ ᠪᠠᠶᠠᠯᠢᠭ᠎ᠤᠨ ᠲᠣᠭᠣᠷᠢᠨ᠎ᠳᠤ᠂ ᠰᠡᠯᠡᠭᠦᠴᠡᠨ ᠵᠢᠭᠤᠯᠴᠢᠯᠠᠬᠤ ᠵᠢᠮᠢᠰ ᠲᠡᠭᠦᠬᠦ᠂ ᠱᠢᠨᠵᠢᠯᠡᠬᠦ᠌ ᠤᠬᠠᠭᠠᠨ᠎ᠢ ᠲᠦᠭᠡᠮᠡᠯᠵᠢᠭᠦᠯᠬᠦ᠌ ᠬᠥᠮᠦᠵᠢᠯ᠂ ᠲᠠᠷᠢᠶᠠᠯᠠᠩ᠎ᠤᠨ ᠵᠢᠭᠤᠯᠴᠢᠯᠠᠯ᠂ ᠢᠳᠡᠭᠡᠨ ᠤᠮᠳᠠᠭᠠᠨ ᠬᠤᠨᠤᠭ ᠪᠠᠭᠤᠳᠠᠯ᠎ᠢ ᠨᠢᠭᠡ ᠴᠤᠬ᠍ᠴᠠᠵᠢᠭᠤᠯᠤᠬ᠍ᠰᠠᠨ ᠬᠤᠳᠠ᠎ᠶ᠋ᠢᠨ ᠲᠡᠭᠦᠷᠭᠡ᠎ᠶ᠋ᠢᠨ ᠮᠠᠶᠢᠭ᠎ᠤᠨ ᠬᠥᠳᠡᠭᠡ ᠠᠵᠤ ᠠᠬᠤᠢ ᠵᠢᠨ ᠣᠨᠴᠠᠭᠠᠢ ᠠᠵᠤ ᠦᠢᠯᠡᠰ᠎ᠢ ᠪᠠᠢᠭᠤᠯᠵᠤ᠂ ᠲᠣᠰᠭᠣᠨ᠎ᠤ ᠬᠠᠮᠲᠤ᠎ᠶ᠋ᠢᠨ ᠠᠵᠤ ᠠᠬᠤᠢ᠎ᠶ᠋ᠢ ᠲᠠᠰᠤᠷᠠᠯᠲᠠ ᠦᠭᠡᠢ ᠬᠥᠭ᠌ᠵᠢᠭᠦᠯᠦᠨ ᠪᠤᠵᠠᠭᠠᠢᠷᠠᠭᠤᠯᠵᠤ᠂ ᠲᠠᠷᠢᠶᠠᠯᠠᠩ᠎ᠤᠨ ᠤᠨᠠᠯᠲᠠ᠎ᠶ᠋ᠢ ᠲᠣᠭ᠍ᠲᠠᠪᠤᠷᠢᠵᠢᠭᠤᠯᠤᠨ ᠨᠡᠮᠡᠭ᠌ᠳᠡᠭᠦᠯᠬᠦ᠌ ᠪᠠ ᠲᠠᠷᠢᠶᠠᠴᠢᠳ᠎ᠤᠨ ᠣᠷᠣᠯᠭ᠎ᠠ᠎ᠶ᠋ᠢ ᠦᠷᠭᠦᠯᠵᠢᠯᠡᠨ ᠨᠡᠮᠡᠭ᠌ᠳᠡᠭᠦᠯᠬᠦ᠌᠎ᠶ᠋ᠢ ᠠᠬᠢᠭᠤᠯᠤᠨ᠎ᠠ》 ᠭᠡᠵᠦ᠍ ᠬᠡᠯᠡᠪᠡ᠃

《ᠶᠡᠷᠦᠩᠬᠡᠢ ᠱᠦᠵᠢ ᠰᠢ᠎ᠶᠢᠨ ᠫᠢᠩ ᠥᠪᠥᠷ ᠮᠣᠩᠭᠣᠯ᠎ᠤᠨ ᠨᠥᠬᠥᠳ᠎ᠢ ᠤᠯᠤᠰ᠎ᠤᠨ ᠠᠮᠢ ᠠᠬᠤᠢ᠎ᠶᠢᠨ ᠠᠮᠤᠷ ᠲᠦᠪᠰᠢᠨ᠂ ᠡᠨᠧᠷᠭᠢ᠎ᠶᠢᠨ ᠠᠮᠤᠷ ᠲᠦᠪᠰᠢᠨ᠂ ᠠᠮᠤ ᠪᠤᠳᠠᠭᠠᠨ᠎ᠤ ᠠᠮᠤᠷ ᠲᠦᠪᠰᠢᠨ᠂ ᠠᠵᠤ ᠦᠢᠯᠡᠰ᠎ᠦᠨ ᠠᠮᠤᠷ ᠲᠦᠪᠰᠢᠨ᠎ᠢ ᠬᠠᠮᠠᠭᠠᠯᠠᠬᠤ ᠴᠢᠬᠤᠯᠠ ᠶᠡᠬᠡ ᠤᠯᠤᠰ ᠲᠦᠷᠦ᠎ᠶᠢᠨ ᠬᠠᠷᠢᠭᠤᠴᠠᠯᠭ᠎ᠠ᠎ᠵᠢ ᠦᠨᠡᠨ᠎ᠬᠦ ᠭᠦᠢᠴᠡᠳᠬᠡᠬᠦ ᠵᠢ ᠬᠦᠰᠡᠵᠦ᠂ ᠪᠢᠳᠡᠨ ᠳ᠋ᠤ ᠠᠵᠢᠯ᠎ᠤ᠋ᠨ ᠴᠢᠭᠯᠡᠯ᠎ᠢ ᠵᠢᠭᠠᠵᠤ ᠥᠭᠬᠦᠭᠰᠡᠨ ᠪᠠᠢᠨ᠎ᠠ》᠃  ᠪᠤᠭᠤᠲᠤ ᠬᠣᠲᠠ᠎ᠶᠢᠨ ᠳ᠋ᠦᠩ ᠾᠧ ᠲᠣᠭᠣᠷᠢᠭ᠋᠎ᠤᠨ ᠲᠠᠷᠢᠶᠠᠯᠠᠩ ᠮᠠᠯ ᠠᠵᠤ ᠠᠬᠤᠢ᠎ᠪᠠ ᠬᠦᠳᠡᠭᠡ ᠲᠤᠰᠭᠤᠨ ᠮᠠᠯᠵᠢᠬᠤ ᠤᠷᠤᠨ ᠤ᠋ ᠲᠣᠪᠴᠢᠶ᠎ᠠ᠎ᠶᠢᠨ ᠳᠠᠷᠤᠭ᠎ᠠ ᠭᠦᠸᠧ ᠱᠣᠣ ᠺᠦᠨ᠂《ᠪᠢᠳᠡ ᠠᠮᠤ ᠪᠤᠳᠠᠭᠠᠨ᠎ᠤ ᠦᠢᠯᠡᠳᠪᠦᠷᠢᠯᠡᠯ ᠪᠣᠯᠣᠨ ᠴᠢᠬᠤᠯᠠ ᠲᠠᠷᠢᠶᠠᠯᠠᠩ᠎ᠤᠨ ᠪᠦᠲᠦᠭᠡᠭ᠌ᠳᠡᠭᠦᠨ ᠮᠠᠯ᠎ᠤᠨ ᠠᠱᠢᠭ ᠱᠢᠮ᠎ᠡ ᠵᠢᠨ ᠬᠠᠩᠭᠠᠯᠭ᠎ᠠ᠎ᠶᠢ ᠪᠦᠬᠦ ᠬᠦᠴᠦᠨ᠎ᠢᠶᠡᠷ᠎ᠢᠶᠡᠨ ᠰᠠᠢᠲᠤᠷ ᠠᠳᠬᠤᠵᠤ᠂ ᠲᠠᠷᠢᠶᠠᠨ ᠭᠠᠵᠠᠷ᠎ᠤᠨ ᠤᠯᠠᠭᠠᠨ ᠱᠤᠭᠤᠮ᠎ᠢ ᠴᠢᠩᠭ᠎ᠠ ᠰᠠᠬᠢᠵᠤ᠂ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠪᠠᠢᠯᠳᠤᠬᠤ ᠪᠣᠳᠣᠯᠭ᠎ᠠ᠎ᠶᠢ ᠭᠦᠨᠵᠡᠭᠡᠢ ᠬᠡᠷᠡᠭᠵᠢᠭᠦᠯᠵᠦ᠂ ᠶᠠᠳᠠᠭᠤ᠎ᠡᠴᠡ ᠠᠩᠭᠢᠵᠢᠷᠠᠭᠤᠯᠬᠤ ᠪᠣᠭᠣᠮᠲᠠ ᠰᠢᠪᠲᠤᠯᠤᠭᠰᠠᠨ ᠦᠷ᠎ᠡ ᠪᠦᠲᠦᠭᠡᠯ᠎ᠢ ᠪᠡᠬᠢᠵᠢᠭᠦᠯᠵᠦ᠂ 〈ᠠᠭᠤᠯᠠ ᠤᠰᠤ ᠤᠢ ᠮᠤᠳᠤ ᠭᠠᠵᠠᠷ ᠲᠠᠷᠢᠶ᠎ᠠ ᠨᠠᠭᠤᠷ ᠪᠦᠷᠢᠳᠤ ᠨᠤᠳᠤᠬ ᠪᠡᠯᠴᠢᠭᠡᠷ ᠡᠯᠡᠰᠦ ᠮᠠᠩᠬ᠎ᠠ〉 ᠵᠢᠨ ᠪᠦᠬᠦ ᠡᠯᠧᠮᠧᠨ᠋ᠲ᠎ᠦᠨ ᠬᠥᠭᠵᠢᠯᠲᠡ᠎ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠭᠣᠣᠯ ᠮᠥᠷᠡᠨ ᠨᠠᠭᠤᠷ ᠴᠥᠭᠥᠷᠥᠮ᠎ᠦᠨ ᠳᠠᠷᠤᠭ᠎ᠠ᠎ᠶᠢᠨ ᠳᠦᠷᠢᠮ᠂ ᠤ᠌ᠢ ᠰᠢᠭᠤᠢ᠎ᠶᠢᠨ ᠳᠠᠷᠤᠭ᠎ᠠ᠎ᠶᠢᠨ ᠳᠦᠷᠢᠮ᠎ᠢᠶᠡᠷ ᠭᠣᠣᠯᠳᠠᠯᠭ᠎ᠠ ᠪᠣᠯᠭᠠᠵᠤ᠂ ᠲᠠᠷᠢᠶᠠᠯᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠢ ᠦᠷᠭᠦᠯᠵᠢᠯᠡᠨ ᠰᠢᠯᠢᠳᠡᠭᠵᠢᠭᠦᠯᠬᠦ᠎ᠶᠢ ᠠᠬᠢᠭᠤᠯᠵᠤ᠂ ᠠᠭᠤᠯᠠ ᠨᠢ ᠨᠡᠩ ᠬᠦᠬᠡᠮᠳᠦᠭ᠂ ᠤᠰᠤ ᠨᠢ ᠨᠡᠩ ᠲᠤᠩᠭᠠᠯᠠᠭ᠂ ᠵᠢᠮᠢᠰ ᠨᠣᠭᠣᠭ᠎ᠠ ᠨᠢ ᠨᠡᠩ ᠠᠩᠬᠢᠯᠤᠮ᠎ᠠ ᠰᠠᠢᠨ ᠰᠠᠢᠬᠠᠨ ᠠᠮᠢ ᠠᠬᠤᠢ᠎ᠶᠢᠨ ᠣᠷᠣᠨ ᠵᠠᠢ᠎ᠶᠢ ᠴᠢᠷᠮᠠᠢᠨ ᠴᠣᠭᠴᠠᠯᠠᠨ᠎ᠠ》 ᠭᠡᠵᠦ ᠬᠡᠯᠡᠪᠡ᠃

ᠦᠬᠠᠢ ᠬᠤᠳᠠ᠎ᠶᠢᠨ ᠬᠠᠢᠨᠠᠨ ᠲᠣᠭᠣᠷᠢᠭ᠋᠎ᠤᠨ ᠪᠠᠶᠠᠨᠳᠤᠬᠤᠢ ᠪᠠᠯᠭᠠᠰᠤᠨ᠎ᠤ ᠨᠠᠮ᠎ᠤᠨ ᠬᠣᠷᠢᠶ᠎ᠠ᠎ᠶᠢᠨ ᠳᠡᠳ᠋ ᠱᠦᠵᠢ ᠯᠢᠦᠢ ᠶᠠᠩ᠄ 《ᠲᠠᠷᠢᠶᠠᠯᠠᠬᠤ ᠣᠷᠣᠨ᠎ᠤ ᠦᠨᠳᠦᠰᠦᠨ ᠱᠠᠲᠤᠨ᠎ᠤ ᠺᠠᠳ᠋ᠷ ᠪᠣᠯᠤᠭᠰᠠᠨ᠎ᠤ ᠬᠤᠪᠢ᠎ᠳᠤ᠂ ᠪᠢᠳᠡ ᠶᠡᠷᠦᠩᠬᠡᠢ ᠱᠦᠵᠢ ᠰᠢ᠎ᠶᠢᠨ ᠫᠢᠩ ᠤ᠋ᠨ ᠴᠢᠬᠤᠯᠠ ᠶᠠᠷᠢᠶᠠᠨ᠎ᠤ ᠵᠣᠷᠢᠭ᠋ ᠰᠠᠨᠠᠭ᠎ᠠ ᠶ᠋ᠢ ᠰᠤᠷᠤᠯᠴᠠᠨ ᠤᠬᠠᠭᠤᠯᠵᠤ ᠲᠤᠭᠤᠰᠢᠯᠠᠭᠤᠯᠬᠤ ᠵᠢ ᠣᠳᠣᠬᠠᠨ᠎ᠤ ᠴᠢᠬᠤᠯᠠ ᠤᠯᠤᠰ ᠲᠥᠷᠥ᠍ ᠶ᠋ᠢᠨ ᠡᠭᠦᠷᠭᠡ ᠪᠣᠯᠭᠠᠵᠤ᠂ ᠰᠤᠷᠤᠯᠴᠠᠯᠭ᠎ᠠ᠎ᠶᠢᠨ ᠦᠷ᠎ᠡ ᠪᠦᠲᠦᠭᠡᠯ᠎ᠢ ᠦᠨᠡᠨ᠎ᠬᠦ 〈ᠬᠦᠳᠡᠭᠡ ᠠᠵᠤ ᠠᠬᠤᠢ᠂ ᠬᠦᠳᠡᠭᠡ ᠲᠤᠰᠭᠤᠨ᠂ ᠲᠠᠷᠢᠶᠠᠴᠢᠨ〉 ᠎ᠤ᠋ ᠠᠵᠢᠯ᠎ᠢ ᠠᠬᠢᠭᠤᠯᠬᠤ ᠬᠦᠴᠦᠷᠬᠡᠭ ᠶᠡᠬᠡ ᠬᠥᠳᠡᠯᠭᠡᠭᠦ ᠬᠦᠴᠦᠨ ᠪᠣᠯᠭᠠᠨ ᠬᠤᠪᠢᠷᠠᠭᠤᠯᠵᠤ᠂ ᠲᠠᠷᠢᠶᠠᠯᠠᠬᠤ ᠣᠷᠣᠨ᠎ᠤ ᠦᠨᠳᠦᠰᠦᠨ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ᠎ᠶᠢᠨ ᠲᠠᠢ᠍ᠢᠴᠢᠨ ᠪᠡᠬᠢᠯᠡᠯᠲᠡ᠎ᠶᠢᠨ ᠦᠢᠯᠡᠳᠦᠯ᠎ᠢ ᠭᠦᠢᠴᠡᠳ ᠪᠠᠳᠠᠷᠠᠭᠤᠯᠵᠤ᠂ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ᠂ ᠠᠵᠤ ᠦᠢᠯᠡᠰ᠎ᠦᠨ ᠬᠥᠭᠵᠢᠯᠲᠡ᠂ ᠬᠥᠳᠡᠭᠡ ᠲᠣᠰᠬᠣᠨ᠎ᠤ ᠪᠦᠲᠦᠭᠡᠨ ᠪᠠᠢᠭᠤᠯᠤᠯᠲᠠ᠂ ᠬᠥᠳᠡᠭᠡ ᠲᠣᠰᠬᠣᠨ᠎ᠤ ᠵᠠᠰᠠᠯᠲᠠ᠎ᠶᠢᠨ ᠭᠣᠣᠯᠳᠠᠯᠭ᠎ᠠ᠎ᠲᠠᠢ ᠠᠵᠢᠯ᠎ᠢ ᠯᠠᠪᠳᠠᠭᠤᠨ ᠪᠠᠲᠤᠲᠠᠢ ᠰᠠᠢᠲᠤᠷ ᠬᠢᠵᠦ᠂ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ᠎ᠳᠤ ᠰᠢᠨ᠎ᠡ ᠦᠷ᠎ᠡ ᠪᠦᠲᠦᠮᠵᠢ ᠣᠯᠬᠤ᠎ᠶᠢ ᠠᠬᠢᠭᠤᠯᠤᠨ᠎ᠠ》 ᠭᠡᠵᠦ ᠬᠡᠯᠡᠪᠡ᠃

ᠲᠤᠭᠳᠤᠯᠤᠭᠰᠠᠨ ᠰᠡᠳᠬᠢᠯᠭᠡ ᠪᠤᠯᠤᠨ ᠵᠣᠷᠢᠭ᠍ᠵᠢᠭᠤᠯᠤᠯ᠂ ᠪᠠᠳᠤ ᠢᠲᠡᠭᠡᠯ ᠪᠠ ᠡᠷᠡᠰ ᠵᠤᠷᠢᠭ ᠨᠢ ᠤᠯᠠᠭᠠᠨᠬᠠᠳᠠ ᠬᠣᠲᠠ᠎ᠶᠢᠨ ᠪᠠᠭᠠᠷᠢᠨ ᠪᠠᠷᠠᠭᠤᠨ ᠬᠣᠰᠢᠭᠤᠨ᠎ᠤ ᠵᠢᠷᠭᠠᠯ᠎ᠤᠨ ᠵᠠᠮ ᠰᠤᠮᠤᠨ᠎ᠳᠤ ᠤᠳᠠᠲᠠᠯ᠎ᠠ ᠳᠠᠭᠤᠷᠢᠰᠪᠠ᠃ ᠰᠤᠮᠤᠨ᠎ᠤ ᠨᠢᠭᠡᠳᠦᠮᠡᠯ ᠹᠷᠣᠨᠲ᠎ᠤᠨ ᠭᠡᠰᠢᠭᠦᠨ᠂ ᠵᠠᠰᠠᠭ᠎ᠤᠨ ᠣᠷᠳᠣᠨ᠎ᠤ ᠳᠡᠳ᠋ ᠎ᠲᠠᠷᠤᠭ᠎ᠠ ᠶᠠᠩ ᠹᠧᠩ ᠭᠠᠩ᠂ ᠲᠡᠦᠬᠡ᠎ᠶᠢᠨ ᠰᠢᠨ᠎ᠡ ᠭᠠᠷᠤᠭ᠎ᠠ ᠳᠡᠭᠡᠷ᠎ᠡ ᠵᠣᠭᠰᠣᠵᠤ᠂ ᠵᠢᠷᠭᠠᠯ᠎ᠤᠨ ᠵᠠᠮ ᠰᠤᠮᠤ᠎ᠶᠢᠨ ᠨᠠᠮ᠎ᠤᠨ ᠬᠣᠷᠢᠶ᠎ᠠ᠂ ᠵᠠᠰᠠᠭ᠎ᠤᠨ ᠣᠷᠳᠣᠨ᠎ᠡᠴᠡ ᠨᠠᠮ᠎ᠤᠨ ᠦᠨᠳᠦᠰᠦᠲᠡᠨ᠎ᠦ ᠣᠨᠣᠯ ᠲᠥᠷᠥ᠍᠎ᠶᠢᠨ ᠪᠣᠳᠣᠯᠭ᠎ᠠ᠎ᠶᠢ ᠭᠦᠨᠵᠡᠭᠡᠢ ᠤᠬᠠᠭᠤᠯᠤᠨ ᠲᠤᠭᠤᠰᠢᠯᠠᠭᠤᠯᠵᠤ᠂ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ᠎ᠢ ᠪᠠᠲᠤ ᠴᠤᠭᠴᠠᠯᠠᠵᠤ᠂ ᠦᠨᠳᠦᠰᠦᠲᠡᠨ᠎ᠨᠦᠭᠦᠳ᠎ᠦᠨ ᠤᠯᠠᠨ ᠲᠦᠮᠡᠨ᠎ᠦ ᠨᠠᠮ᠎ᠤᠨ ᠦᠭᠡ᠎ᠶᠢ ᠰᠣᠨᠣᠰᠴᠤ᠂ ᠨᠠᠮ᠎ᠤᠨ ᠠᠴᠢ᠎ᠳᠦ ᠲᠠᠯᠠᠷᠬᠠᠵᠤ᠂ ᠨᠠᠮ᠎ᠢᠶᠠᠨ ᠲᠠᠭᠠᠬᠤ᠎ᠶᠢ ᠡᠷᠡᠰ ᠭᠤᠢᠪᠢᠰᠢ ᠦᠭᠡᠢ᠎ᠪᠡᠷ ᠬᠥᠲᠥᠯᠥᠨ ᠳᠠᠭᠠᠭᠤᠯᠵᠤ᠂ 《ᠪᠦᠬᠦ ᠤᠯᠤᠰ᠎ᠤᠨ ᠦᠨᠳᠦᠰᠦᠲᠡᠨ᠎ᠦ ᠪᠦᠯᠬᠦᠮᠳᠡᠯ ᠲᠠᠪᠰᠢᠯᠳᠠ᠎ᠶᠢ ᠡᠭᠦᠳᠦᠨ ᠪᠠᠶ᠋ᠢᠭᠤᠯᠬᠤ ᠵᠢᠱ᠌ᠢᠶ᠎ᠡ ᠦᠵᠡᠭᠦᠯᠬᠦ ᠨᠢᠭᠡᠴᠢ᠎ᠶᠢ ᠴᠢᠷᠮᠠᠢᠨ ᠪᠠᠶ᠋ᠢᠭᠤᠯᠬᠤ》 ᠪᠡᠷ ᠬᠠᠷᠠᠯᠲᠠ ᠪᠣᠯᠭᠠᠵᠤ᠂ ᠦᠨᠳᠦᠰᠦᠲᠡᠨ᠎ᠦ ᠪᠦᠯᠬᠦᠮᠳᠡᠯ ᠲᠠᠪᠰᠢᠯᠳᠠ᠎ᠶᠢ ᠡᠭᠦᠳᠦᠨ ᠪᠠᠶ᠋ᠢᠭᠤᠯᠬᠤ ᠠᠵᠢᠯᠯᠠᠭ᠎ᠠ᠎ᠶᠢ ᠪᠦᠲᠦᠭᠡᠯᠴᠢ᠎ᠪᠡᠷ ᠥᠷᠨᠢᠭᠦᠯᠵᠦ᠂ ᠠᠵᠢᠯᠯᠠᠭ᠎ᠠ᠎ᠶᠢᠨ ᠠᠭᠤᠯᠭ᠎ᠠ᠎ᠶᠢ ᠳᠠᠰᠤᠷᠠᠯᠳᠠ ᠦᠭᠡᠢ ᠪᠠᠶᠠᠯᠢᠭ᠍ᠵᠢᠭᠤᠯᠵᠤ᠂ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ᠎ᠶᠢ ᠠᠬᠢᠭᠤᠯᠬᠤ᠎ᠳᠤ ᠬᠥᠮᠥᠰ᠎ᠦᠨ ᠰᠡᠳᠬᠢᠯ᠎ᠢ ᠨᠢᠭ᠍ᠲᠠᠷᠠᠭᠤᠯᠵᠤ᠂ ᠬᠦᠴᠦᠨ ᠴᠢᠳᠠᠯ᠎ᠢ ᠨᠢᠭ᠍ᠲᠠᠷᠠᠭᠤᠯᠤᠨ᠎ᠠ ᠭᠡᠵᠦ ᠬᠡᠯᠡᠪᠡ᠃

ᠬᠥᠬᠡᠬᠣᠲᠠ᠎ᠶᠢᠨ ᠬᠣᠲᠣᠩ ᠠᠷᠠᠳ᠎ᠤᠨ ᠲᠣᠭᠣᠷᠢᠭ᠋᠎ᠤᠨ ᠰᠠᠨ ᠱᠦᠨ ᠳ᠋ᠢᠶᠠᠨ ᠨᠡᠢᠭᠡᠮ ᠲᠣᠭᠣᠷᠢᠭ᠋᠎ᠤᠨ ᠨᠠᠮ᠎ᠤᠨ ᠶᠡᠷᠦᠩᠬᠡᠢ ᠡᠭᠦᠷ᠎ᠦᠨ ᠱᠦᠵᠢ ᠯᠢ ᠢ ᡁᠢ᠂ ᠳᠠᠷᠠᠭᠠᠴᠢ᠎ᠶᠢᠨ ᠠᠯᠬᠤᠮ᠎ᠳᠤ᠂ ᠪᠦᠬᠦ ᠤᠯᠤᠰ᠎ᠤᠨ ᠲᠡᠷᠢᠭᠦᠨ᠎ᠦ ᠦᠨᠳᠦᠰᠦᠨ ᠱᠠᠲᠤᠨ᠎ᠤ ᠨᠠᠮ᠎ᠤᠨ ᠵᠤᠬᠢᠶᠠᠨ ᠪᠠᠢ᠌ᠭᠤᠯᠤᠯᠳᠠ ᠪᠤᠯᠤᠭᠰᠠᠨ ᠤ᠋ ᠬᠤᠪᠢ ᠳ᠋ᠤ᠂ ᠰᠠᠨ ᠱᠦᠨ ᠳ᠋ᠢᠶᠠᠨ ᠨᠡᠢᠭᠡᠮ ᠲᠣᠭᠣᠷᠢᠭ᠋᠎ᠤᠨ ᠬᠢᠨ ᠦᠷᠭᠦᠯᠵᠢᠯᠡᠨ《ᠬᠥᠮᠥᠰ᠎ᠦᠨ ᠰᠡᠳᠬᠢᠯ᠎ᠢ ᠨᠢᠭ᠍ᠲᠠᠷᠠᠭᠤᠯᠵᠤ᠂ ᠡᠶ᠎ᠡ ᠵᠣᠬᠢᠴᠠᠩᠭᠤᠢ᠎ᠶᠢ ᠬᠠᠮᠲᠤ ᠪᠠᠷ ᠪᠠᠶ᠋ᠢᠭᠤᠯᠬᠤ》 ᠪᠡᠷ ᠬᠠᠷᠠᠯᠲᠠ ᠪᠣᠯᠭᠠᠵᠤ᠂ ᠨᠡᠢᠭᠡᠮ ᠲᠣᠭᠣᠷᠢᠭ᠋᠎ᠤᠨ ᠦᠢᠯᠡᠴᠢᠯᠡᠭᠡᠨ᠎ᠦ ᠴᠢᠳᠠᠪᠬᠢ᠎ᠶᠢ ᠦᠷᠭᠦᠯᠵᠢᠯᠡᠨ ᠰᠢᠯᠢᠳᠡᠭᠵᠢᠭᠦᠯᠵᠦ᠂ ᠦᠢᠯᠡᠴᠢᠯᠡᠭᠡᠨ᠎ᠦ ᠬᠡᠯᠪᠡᠷᠢ᠎ᠶᠢ ᠪᠠᠶᠠᠯᠢᠭ᠍ᠵᠢᠭᠤᠯᠵᠤ᠂ ᠠᠷᠠᠳ ᠲᠦᠮᠡᠨ᠎ᠳᠦ ᠦᠢᠯᠡᠴᠢᠯᠡᠬᠦ ᠴᠢᠳᠠᠪᠤᠷᠢ ᠪᠣᠯᠣᠨ ᠬᠢᠷᠢ ᠲᠦᠪᠰᠢᠨ᠎ᠢ ᠲᠠᠰᠤᠷᠠᠯᠲᠠ ᠦᠭᠡᠢ ᠴᠢᠩᠭᠠᠳᠬᠠᠵᠤ᠂ ᠤᠯᠠᠨ ᠲᠦᠮᠡᠨ᠎ᠳᠦ ᠨᠡᠩ ᠤᠯᠠᠨ ᠨᠡᠩ ᠰᠠᠢᠨ ᠪᠣᠳᠠᠲᠤ ᠶᠠᠪᠤᠳᠠᠯ᠂ ᠰᠠᠢᠨ ᠶᠠᠪᠤᠳᠠᠯ᠂ ᠰᠡᠳᠬᠢᠯ᠎ᠢ ᠳᠤᠯᠠᠭᠠᠴᠠᠭᠤᠯᠬᠤ ᠶᠠᠪᠤᠳᠠᠯ ᠢ᠋ ᠬᠢᠵᠦ᠂ ᠰᠠᠭᠤᠭᠠᠯᠢ ᠠᠷᠠᠳ᠎ᠲᠤ ᠦᠨᠡᠨ ᠪᠣᠳᠠᠲᠠᠢ ᠬᠦᠷᠲᠡᠮᠵᠢ᠎ᠶᠢᠨ ᠲᠥᠷᠥᠭᠳᠡᠯ᠂ ᠵᠣᠯ ᠵᠢᠷᠭᠠᠯᠲᠤ ᠲᠥᠷᠥᠭᠳᠡᠯ᠂ ᠠᠮᠤᠷ ᠲᠦᠪᠰᠢᠨ᠎ᠦ ᠲᠥᠷᠥᠭᠳᠡᠯ᠎ᠢ ᠡᠳ᠋ᠯᠡᠭᠦᠯᠦᠨ᠎ᠡ ᠭᠡᠵᠦ ᠬᠡᠯᠡᠪᠡ᠃

ᠬᠥᠯᠥᠨ ᠪᠤᠢ᠍ᠢᠷ ᠬᠤᠳᠠ᠎ᠶᠢᠨ ᠬᠠᠭᠤᠴᠢᠨ ᠪᠠᠷᠭᠤ ᠬᠣᠰᠢᠭᠤᠨ᠎ᠤ ᠪᠠᠶᠠᠨ ᠬᠠᠳᠠ ᠰᠤᠮᠤ᠎ᠶᠢᠨ ᠤᠯᠠᠭᠠᠨ ᠴᠢᠯᠠᠭᠤ ᠭᠠᠴᠠᠭᠠᠨ ᠤ᠋ ᠳᠡᠳ᠋ ᠭᠠᠴᠠᠭᠠᠨ ᠲᠠᠷᠤᠭ᠎ᠠ ᠲᠸ ᠪᠠ ᠺᠦᠨ᠂ ᠪᠠᠷᠭᠤ᠎ᠶᠢᠨ ᠲᠠᠯ᠎ᠠ ᠨᠤᠲᠤᠭ᠎ᠤᠨ ᠦᠨᠳᠦᠰᠦᠲᠡᠨ᠎ᠨᠦᠭᠦᠳ᠎ᠦᠨ ᠤᠯᠠᠨ ᠲᠦᠮᠡᠨ ᠢᠮᠠᠭᠲᠠ ᠲᠦᠷᠦᠭᠰᠡᠨ ᠠᠬ᠎ᠠ ᠳᠡᠭᠦᠦ᠎ᠮᠡᠲᠦ ᠲᠤᠳᠤᠨᠤ ᠪᠡᠷ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠬᠤ᠂ ᠬᠠᠮᠳᠤ ᠠᠵᠤ ᠲᠦᠷᠦᠭᠰᠡᠭᠡᠷ ᠢᠷᠡᠵᠡᠢ᠃ ᠪᠢᠳᠠ ᠯᠠᠪᠳᠠᠢ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ᠎ᠢ ᠪᠠᠲᠤ ᠴᠤᠭᠴᠠᠯᠠᠬᠤ ᠡᠨᠡ᠎ᠬᠦ ᠭᠣᠣᠯ ᠰᠢᠵᠢᠮ᠎ᠢ ᠴᠢᠩᠭ᠎ᠠ ᠠᠳᠬᠤᠵᠤ᠂ ᠦᠨᠳᠦᠰᠦᠲᠡᠨ᠎ᠦ ᠪᠦᠯᠬᠦᠮᠳᠡᠯ᠎ᠢ ᠥᠪᠡᠷ᠎ᠦᠨ ᠨᠢᠳᠦᠨ ᠴᠡᠴᠡᠭᠡᠢ ᠰᠢᠭ᠎ᠵᠢᠡᠨ ᠬᠠᠢᠷᠠᠯᠠᠵᠤ᠂ ᠦᠨᠳᠦᠰᠦᠲᠡᠨ᠎ᠦ ᠪᠦᠯᠬᠦᠮᠳᠡᠯ᠎ᠢ ᠥᠪᠡᠷ᠎ᠦᠨ ᠠᠮᠢ ᠨᠠᠰᠤ᠎ᠪᠠᠨ ᠰᠢᠭ᠋ ᠨᠠᠨᠳᠢᠩᠨᠠᠵᠤ᠂ ᠠᠨᠠᠷ᠎ᠤᠨ ᠦᠷ᠎ᠡ ᠰᠢᠭ᠌ ᠨᠢᠭ᠍ᠲᠠ ᠪᠦᠯᠬᠦᠮᠳᠡᠵᠤ᠂ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ᠎ᠶᠢ ᠬᠠᠮᠲᠤ᠎ᠪᠠᠷ ᠠᠬᠢᠭᠤᠯᠵᠤ᠂ ᠰᠠᠢᠨ ᠰᠠᠢᠬᠠᠨ ᠠᠮᠢᠳᠤᠷᠠᠯ᠎ᠢ ᠬᠠᠮᠲᠤ ᠪᠠᠷ ᠴᠣᠭᠴᠠᠯᠠᠨ᠎ᠠ ᠭᠡᠵᠦ ᠬᠡᠯᠡᠪᠡ᠃

(ᠦᠪᠦᠷ ᠮᠤᠩᠭᠤᠯ ᠎ᠤᠨ ᠡᠳᠦᠷ ᠎ᠦᠨ ᠰᠣᠨᠢᠨ᠎ᠤ ᠰᠤᠷᠪᠤᠯᠵᠢᠯᠠᠭ᠍ᠴᠢ ᠬᠤᠸᠠᠩ ᠹᠦ ᠮᠧᠶ ᠰᠢᠶᠠᠨ᠂ ᠬᠠᠢ ᠵᠢᠶᠦ᠋ᠨ᠂ ᠬᠤᠸ᠋ ᠰᠢᠤᠸᠠᠢ ᠯᠢᠶᠠᠨ ᠂ ᠲᠡᠭᠦᠰᠪᠢᠯᠢᠭ᠌᠂ ᠪᠠᠶᠠᠰᠬᠤᠯᠠᠩ᠂ ᠪᠢᠯᠢᠭᠪᠡᠭᠠᠲᠤᠷ᠂ ᠬᠤᠷᠴᠠ᠂ ᠭᠣᠸ᠋ ᠮᠢᠨ ᠨᠠ᠂ ᠯᠢᠦ ᠬᠣᠩ ᠵᠠᠩ᠂ ᠰᠢᠤᠸᠠᠢ ᠢ ᠴᠢᠶᠦ᠋ᠨ᠂ ᠰᠥᠩ ᠠ ᠨᠠᠨ᠂ ᠵᠧᠩ ᠰᠢᠤᠸᠠᠢ ᠯᠢᠶᠠᠩ᠂ ᠬᠤᠸ᠋ ᠪᠢᠶᠣᠣ᠂  ᠸᠧᠢ ᠨᠠ᠂ ᠯᠢ ᠢᠦᠢ ᠵᠦᠸᠸ᠂ ᠳᠠᠳᠤᠯᠭ᠎ᠠ᠎ᠶᠢᠨ ᠰᠣᠷᠣᠭ᠍ᠴᠢ ᠨᠢᠶᠸ ᠰᠢᠶᠣᠣ ᠯᠢ᠂ ᠴᠢᠮᠡᠭᠡᠯᠡᠭᠴᠢ ᠯᠢ ᠵᠧᠨ )

ᠣᠷᠴᠢᠭᠤᠯᠤᠭ᠍ᠴᠢ᠄
ᠨᠠᠢᠷᠠᠭᠤᠯᠤᠭ᠍ᠴᠢ᠄ ᠪᠣᠣ ᠮᠧᠢ ᠷᠥᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠬᠠᠮᠢᠶ᠎ᠡ ᠪᠦᠬᠦᠢ ᠰᠣᠨᠢᠨ

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号