ᠸᠠᠩ ᠶᠠᠩ ᠬᠤᠷᠠᠯᠢ ᠡᠷᠬᠢᠯᠡᠵᠠᠢ
ᠰᠢᠨᠬᠤᠸᠠ ᠬᠤᠷᠢᠶᠠᠨ ᠤ᠋ ᠪᠡᠬᠡᠵᠢᠩ ᠤ᠋ᠨ 3 ᠰᠠᠷ᠎ᠠ ᠵᠢᠨ 9 ᠤ᠋ ᠴᠠᠬᠢᠯᠭᠠᠨ ᠮᠡᠳᠡᠬᠡ ᠤᠯᠤᠰ ᠲᠦᠷᠦ ᠵᠢᠨ ᠵᠦᠪᠯᠡᠯᠬᠡᠨ ᠤ᠋ ᠠᠷᠪᠠᠨ ᠭᠤᠷᠪᠠᠳᠤᠭᠠᠷ ᠬᠤᠭᠤᠴᠠᠭᠠᠨ ᠤ᠋ ᠪᠦᠬᠦ ᠤᠯᠤᠰ ᠤ᠋ᠨ ᠬᠤᠷᠢᠶᠠᠨᠤ ᠪᠠᠢᠩᠭᠤ ᠵᠢᠨ ᠬᠤᠷᠢᠶ᠎ᠠ ᠵᠢᠨ ᠬᠤᠷᠢᠨ ᠨᠢᠬᠡᠳᠦᠬᠡᠷ ᠬᠤᠷᠠᠯ 9 ᠤ᠋ ᠦᠳᠡ ᠵᠢᠨ ᠬᠤᠢᠨ᠎ᠠ ᠪᠡᠬᠡᠵᠢᠩ ᠳ᠋ᠤ ᠬᠤᠷᠠᠯᠳᠤᠪᠠ᠃ ᠨᠠᠮ ᠤ᠋ᠨ ᠲᠦᠪ ᠬᠤᠷᠢᠶ᠎ᠠ ᠵᠢᠨ ᠤᠯᠤᠰ ᠲᠦᠷᠦ
ᠵᠢᠨ ᠲᠤᠪᠴᠢᠶ᠎ᠠ ᠵᠢᠨ ᠪᠠᠢᠩᠭᠤ ᠵᠢᠨ ᠬᠡᠰᠢᠬᠦᠨ᠂ ᠪᠦᠬᠦ ᠤᠯᠤᠰ ᠤ᠋ᠨ ᠤᠯᠤᠰ ᠲᠦᠷᠦ ᠵᠢᠨ ᠵᠦᠪᠯᠡᠯᠬᠡᠨ ᠤ᠋ ᠲᠡᠷᠢᠬᠦᠯᠡᠭᠴᠢ ᠸᠠᠩ ᠶᠠᠩ ᠬᠤᠷᠠᠯ ᠢ᠋ ᠡᠷᠬᠢᠯᠡᠪᠡ᠃
ᠬᠤᠷᠠᠯ ᠡᠴᠨ᠂ ᠪᠦᠬᠦ ᠤᠯᠤᠰ ᠤ᠋ᠨ ᠤᠯᠤᠰ ᠲᠦᠷᠦ ᠵᠢᠨ ᠵᠦᠪᠯᠡᠯᠬᠡᠨ ᠤ᠋ ᠠᠷᠪᠠᠨ ᠭᠤᠷᠪᠠᠳᠤᠭᠠᠷ ᠬᠤᠭᠤᠴᠠᠭᠠᠨ ᠤ᠋ ᠬᠤᠷᠢᠶᠠᠨᠤ ᠲᠠᠪᠤᠳᠤᠭᠠᠷ ᠬᠤᠷᠠᠯ ᠤ᠋ᠨ ᠬᠠᠮᠢᠶ᠎ᠠ ᠪᠦᠬᠦᠢ ᠪᠢᠴᠢᠭ ᠮᠠᠲᠸᠷᠢᠶᠠᠯ ᠤ᠋ᠨ ᠲᠦᠰᠦᠯ ᠢ᠋ ᠶᠠᠷᠢᠯᠴᠠᠭᠰᠠᠨ ᠪᠠ ᠵᠠᠰᠠᠪᠤᠷᠢ ᠤᠷᠤᠭᠤᠯᠤᠬᠰᠠᠨ ᠪᠠᠢᠳᠠᠯ ᠤ᠋ᠨ ᠳᠤᠬᠠᠢ ᠬᠠᠷᠢᠭᠤ ᠮᠡᠳᠡᠬᠦᠯᠦᠯᠳᠡ ᠵᠢ ᠰᠤᠨᠤᠰᠴᠤ᠂ ᠪᠠᠢᠩᠭᠤ ᠵᠢᠨ ᠬᠤᠷᠢᠶᠠᠨ ᠤ᠋ ᠠᠵᠢᠯ ᠤ᠋ᠨ ᠮᠡᠳᠡᠬᠦᠯᠦᠯᠳᠡ ᠵᠢᠨ ᠲᠤᠬᠠᠢ ᠤᠯᠤᠰ ᠲᠦᠷᠦ ᠵᠢᠨ ᠵᠦᠪᠯᠡᠯᠬᠡᠨ ᠤ᠋ ᠠᠷᠪᠠᠨ ᠭᠤᠷᠪᠠᠳᠤᠭᠠᠷ ᠬᠤᠭᠤᠴᠠᠭᠠᠨ
ᠤ᠋ ᠪᠦᠬᠦ ᠤᠯᠤᠰ ᠤ᠋ᠨ ᠬᠤᠷᠢᠶᠠᠨᠤ ᠲᠠᠪᠤᠳᠤᠭᠠᠷ ᠬᠤᠷᠠᠯ ᠤ᠋ᠨ ᠰᠢᠢᠳᠪᠦᠷᠢ (ᠲᠦᠰᠦᠯ)᠂ ᠤᠯᠤᠰ ᠲᠦᠷᠦ ᠵᠢᠨ ᠵᠦᠪᠯᠡᠯᠬᠡᠨ ᠤ᠋ ᠠᠷᠪᠠᠨ ᠭᠤᠷᠪᠠᠳᠤᠭᠠᠷ ᠬᠤᠭᠤᠴᠠᠭᠠᠨ ᠤ᠋ ᠲᠦᠷᠪᠡᠳᠦᠬᠡᠷ ᠬᠤᠷᠠᠯ ᠡᠴᠨ ᠨᠠᠭᠠᠰᠢᠬᠢ ᠰᠠᠨᠠᠯ ᠲᠤᠷᠠᠳᠤᠯᠭ᠎ᠠ ᠵᠢᠨ ᠠᠵᠢᠯ ᠤ᠋ᠨ ᠪᠠᠢᠳᠠᠯ ᠤ᠋ᠨ ᠮᠡᠳᠡᠬᠦᠯᠦᠯᠳᠡ ᠵᠢᠨ ᠲᠤᠬᠠᠢ ᠤᠯᠤᠰ ᠲᠦᠷᠦ ᠵᠢᠨ ᠵᠦᠪᠯᠡᠯᠬᠡᠨ ᠤ᠋ ᠠᠷᠪᠠᠨ ᠭᠤᠷᠪᠠᠳᠤᠭᠠᠷ ᠬᠤᠭᠤᠴᠠᠭᠠᠨ ᠤ᠋ ᠪᠦᠬᠦ ᠤᠯᠤᠰᠤᠨ ᠬᠤᠷᠢᠶᠠᠨᠤ
ᠲᠠᠪᠤᠳᠤᠭᠠᠷ ᠬᠤᠷᠠᠯᠤᠨ ᠰᠢᠢᠳᠪᠦᠷᠢ(ᠲᠦᠰᠦᠯ)᠂ ᠤᠯᠤᠰ ᠲᠦᠷᠦ ᠵᠢᠨ ᠵᠦᠪᠯᠡᠯᠬᠡᠨ
ᠤ᠋ ᠠᠷᠪᠠᠨ ᠭᠤᠷᠪᠠᠳᠤᠭᠠᠷ ᠬᠤᠭᠤᠴᠠᠭᠠᠨ ᠤ᠋ ᠲᠠᠪᠤᠳᠤᠭᠠᠷ ᠬᠤᠷᠠᠯ ᠤ᠋ᠨ ᠰᠠᠨᠠᠯ ᠲᠤᠷᠠᠳᠤᠯᠭ᠎ᠠ ᠵᠢ ᠬᠢᠨᠠᠨ ᠪᠠᠢᠴᠠᠭᠠᠬᠰᠠᠨ ᠪᠠᠢᠳᠠᠯ ᠤ᠋ᠨ ᠲᠤᠬᠠᠢ ᠤᠯᠤᠰ ᠲᠦᠷᠦ ᠵᠢᠨ
ᠵᠦᠪᠯᠡᠯᠬᠡᠨᠤ ᠠᠷᠪᠠᠨ ᠭᠤᠷᠪᠠᠳᠤᠭᠠᠷ ᠬᠤᠭᠤᠴᠠᠭᠠᠨᠤ ᠪᠦᠬᠦ ᠤᠯᠤᠰᠤᠨ ᠬᠤᠷᠢᠶᠠᠨᠤ ᠰᠠᠨᠠᠯ ᠳᠤᠷᠠᠳᠤᠯᠭ᠎ᠠ
ᠵᠢᠨ ᠵᠦᠪᠯᠡᠯᠤᠨ ᠮᠡᠳᠡᠬᠦᠯᠦᠯᠳᠡ (ᠲᠦᠰᠦᠯ)᠂ ᠤᠯᠤᠰ ᠲᠦᠷᠦ ᠵᠢᠨ ᠵᠦᠪᠯᠡᠯᠬᠡᠨ ᠤ᠋ ᠠᠷᠪᠠᠨ ᠭᠤᠷᠪᠠᠳᠤᠭᠠᠷ ᠬᠤᠭᠤᠴᠠᠭᠠᠨ ᠤ᠋ ᠪᠦᠬᠦ ᠤᠯᠤᠰ ᠤ᠋ᠨ ᠬᠤᠷᠢᠶᠠᠨᠤ ᠲᠠᠪᠤᠳᠤᠭᠠᠷ ᠬᠤᠷᠠᠯ ᠤ᠋ᠨ ᠤᠯᠤᠰ ᠲᠦᠷᠦ ᠵᠢᠨ ᠰᠢᠢᠳᠪᠦᠷᠢ ( ᠲᠦᠰᠦᠯ ) ᠵᠢ ᠪᠠᠳᠤᠯᠠᠵᠤ᠂ ᠬᠤᠷᠠᠯ ᠡᠴᠡ ᠲᠡᠭᠡᠷ᠎ᠡ ᠲᠤᠷᠠᠳᠤᠬᠰᠠᠨ ᠪᠢᠴᠢᠭ ᠮᠠᠲᠸᠷᠢᠶᠠᠯ ᠤ᠋ᠨ ᠲᠦᠰᠦᠯ ᠢ᠋ 3 ᠰᠠᠷ᠎ᠠ ᠵᠢᠨ 10 ᠤ᠋ ᠦᠳᠡ ᠵᠢᠨ
ᠡᠮᠦᠨ᠎ᠡ ᠬᠤᠷᠠᠯᠳᠤᠬᠤ ᠪᠦᠬᠦ ᠤᠯᠤᠰ ᠤ᠋ᠨ ᠤᠯᠤᠰ ᠲᠦᠷᠦ ᠵᠢᠨ ᠵᠦᠪᠯᠡᠯᠬᠡᠨ ᠤ᠋ ᠠᠷᠪᠠᠨ
ᠭᠤᠷᠪᠠᠳᠤᠭᠠᠷ ᠬᠤᠭᠤᠴᠠᠭᠠᠨ ᠤ᠋ ᠲᠠᠪᠤᠳᠤᠭᠠᠷ ᠬᠤᠷᠠᠯ ᠤ᠋ᠨ ᠲᠡᠬᠦᠰᠬᠦ ᠬᠤᠷᠠᠯ ᠳ᠋ᠤ ᠳᠡᠪᠰᠢᠬᠦᠯᠵᠤ ᠬᠢᠨᠠᠨ ᠵᠦᠪᠯᠡᠬᠦᠯᠬᠦ ᠪᠡᠷ ᠲᠤᠬᠳᠠᠪᠠ᠃
ᠬᠤᠷᠠᠯ ᠡᠴᠨ ᠡᠮᠦᠨ᠎ᠡ᠂ ᠸᠠᠩ ᠶᠠᠩ ᠪᠦᠬᠦ ᠤᠯᠤᠰ ᠤ᠋ᠨ ᠤᠯᠤᠰ ᠲᠦᠷᠦ ᠵᠢᠨ ᠵᠦᠪᠯᠡᠯᠬᠡᠨ ᠤ᠋ ᠵᠢᠷᠠ ᠶᠢᠰᠦᠳᠦᠬᠡᠷ ᠤᠳᠠᠭ᠎ᠠ ᠵᠢᠨ ᠲᠡᠷᠢᠬᠦᠯᠡᠭᠴᠢᠳ
ᠤ᠋ᠨ ᠬᠤᠷᠠᠯ ᠢ᠋ ᠡᠷᠬᠢᠯᠡᠨ ᠬᠤᠷᠠᠯᠳᠤᠭᠤᠯᠵᠤ᠂ ᠪᠦᠬᠦ ᠤᠯᠤᠰ ᠤ᠋ᠨ ᠤᠯᠤᠰ ᠲᠦᠷᠦ ᠵᠢᠨ ᠵᠦᠪᠯᠡᠯᠬᠡᠨ ᠤ᠋ ᠠᠷᠪᠠᠨ ᠭᠤᠷᠪᠠᠳᠤᠭᠠᠷ
ᠬᠤᠭᠤᠴᠠᠭᠠᠨ ᠤ᠋ ᠬᠤᠷᠢᠶᠠᠨᠤ ᠲᠠᠪᠤᠳᠤᠭᠠᠷ ᠬᠤᠷᠠᠯ ᠤ᠋ᠨ ᠪᠠᠢᠳᠠᠯ ᠤ᠋ᠨ ᠲᠤᠬᠠᠢ ᠶᠡᠷᠦᠩᠬᠡᠢᠯᠡᠭᠰᠡᠨ ᠬᠠᠷᠢᠭᠤ ᠮᠡᠳᠡᠬᠦᠯᠦᠯᠳᠡ ᠵᠢ ᠰᠤᠨᠤᠰᠴᠤ᠂ ᠡᠯ᠎ᠡ ᠵᠦᠢᠯ ᠤ᠋ᠨ ᠮᠡᠳᠡᠬᠦᠯᠦᠯᠳᠡ ᠪᠤᠯᠤᠨ ᠰᠢᠢᠳᠪᠦᠷᠢ (ᠲᠦᠰᠦᠯ) ᠵᠢ ᠬᠢᠨᠠᠨ ᠵᠦᠪᠯᠡᠪᠡ᠃
ᠪᠦᠬᠦ ᠤᠯᠤᠰ ᠤ᠋ᠨ ᠤᠯᠤᠰ ᠲᠦᠷᠦ ᠵᠢᠨ ᠵᠦᠪᠯᠡᠯᠬᠡᠨ ᠤ᠋ ᠲᠡᠳ᠋
ᠲᠡᠷᠢᠬᠦᠯᠡᠭᠴᠢ ᠵᠠᠩ ᠴᠢᠩ ᠯᠢ᠂
ᠯᠢᠦ ᠴᠢ ᠪᠤᠤ᠂ ᠫᠠᠪᠠᠯᠠ· ᠭᠸᠯᠸᠭᠨᠠᠮᠵᠢᠯ᠂ ᠸᠠᠨ ᠭᠠᠩ᠂ ᠡᠾᠸ ᠡᠾᠸᠦ ᠬᠤᠸᠠ᠂ ᠯᠸ᠋ ᠵᠠᠨ ᠬᠦᠩ᠂ ᠮᠠ ᠪᠢᠶᠤᠤ᠂ ᠴᠸᠨ ᠰᠢᠶᠤᠤ ᠭᠤᠸᠠᠩ᠂ ᠯᠢᠶᠠᠩ ᠵᠸᠨ ᠶᠢᠩ᠂ ᠰᠢᠶᠠ ᠪᠤᠤ ᠯᠦᠩ᠂
ᠯᠢ ᠪᠢᠨ᠂ ᠪᠠᠭᠠᠳᠤᠷ᠂ ᠸᠠᠩ ᠶᠦᠩ ᠴᠢᠩ᠂ ᠡᠾᠸ ᠯᠢ ᠹᠸᠩ᠂
ᠰᠦ᠍ ᠬᠤᠢ᠂ ᠵᠸᠩ ᠵᠢᠶᠠᠨ ᠪᠠᠩ᠂ ᠭᠦ᠋ ᠱᠸᠩ ᠽᠦ᠍᠂
ᠯᠢᠦ ᠰᠢᠨ ᠴᠸᠩ᠂ ᠡᠾᠸ ᠸᠸᠢ᠂ ᠱᠤᠤ ᠬᠤᠩ᠂ ᠭᠤᠤ ᠶᠦᠨ ᠯᠦᠩ ᠬᠤᠷᠠᠯ ᠳ᠋ᠤ ᠤᠷᠤᠯᠴᠠᠪᠠ᠃