ᠸᠠᠩ ᠶᠠᠩ ᠲᠠᠢᠸᠠᠨ ᠤ᠋ ᠲᠦᠯᠦᠭᠡᠯᠡᠭᠴᠢᠳ ᠤ᠋ᠨ ᠪᠦᠯᠬᠦᠮ ᠤ᠋ᠨ ᠬᠢᠨᠠᠨ ᠵᠦᠪᠯᠡᠬᠦ ᠳ᠋ᠤ ᠤᠷᠤᠯᠴᠠᠪᠠ
2022-03-10 09:20:56
ᠵᠣᠬᠢᠶᠠᠭ᠍ᠴᠢ᠄
ᠣᠩᠱᠢᠭ᠍ᠰᠠᠨ ᠣᠳᠠᠭ᠎ᠠ᠄
★★★☆☆

ᠰᠢᠨᠬᠤᠸᠠ ᠬᠤᠷᠢᠶᠠᠨ ᠤ᠋ ᠪᠡᠭᠡᠵᠢᠩ ᠤ᠋ᠨ 3 ᠰᠠᠷ᠎ᠠ ᠢ᠋ᠢᠨ 9 ᠎ᠤ᠋ ᠴᠠᠬᠢᠯᠭᠠᠨ ᠮᠡᠲᠡᠭᠡ  ᠲᠤᠮᠲᠠᠲᠤ ᠤᠯᠤᠰ ᠤ᠋ᠨ ᠡᠪ ᠬᠠᠮᠲᠦ ᠨᠠᠮ ᠤ᠋ᠨ ᠲᠦᠪ ᠬᠤᠷᠢᠶ᠎ᠠ ᠢ᠋ᠢᠨ ᠤᠯᠤᠰ ᠲᠦᠷᠦ ᠢ᠋ᠢᠨ ᠲᠤᠪᠴᠢᠶ᠎ᠠ ᠢ᠋ᠢᠨ ᠪᠠᠢᠩᠭᠤ ᠢ᠋ᠢᠨ ᠬᠡᠰᠢᠭᠦᠨ᠂ ᠪᠦᠬᠦ ᠤᠯᠤᠰ ᠤ᠋ᠨ ᠤᠯᠤᠰ ᠲᠦᠷᠦ ᠢ᠋ᠢᠨ ᠵᠦᠪᠯᠡᠯᠭᠡᠨ ᠤ᠋ ᠲᠡᠷᠢᠭᠦᠯᠡᠭᠴᠢ ᠸᠠᠩ ᠶᠠᠩ 9 ᠤ᠋ ᠦᠲᠡ ᠢ᠋ᠢᠨ ᠡᠮᠦᠨ᠎ᠡ ᠠᠷᠪᠠᠨ ᠭᠤᠷᠪᠠᠳᠤᠭᠠᠷ ᠬᠤᠭᠤᠴᠠᠭᠠᠨ ᠤ᠋ ᠪᠦᠬᠦ ᠤᠯᠤᠰ ᠤ᠋ᠨ ᠠᠷᠠᠳ ᠤ᠋ᠨ ᠲᠦᠯᠦᠭᠡᠯᠡᠭᠴᠢᠳ ᠤ᠋ᠨ ᠶᠡᠬᠡ ᠬᠤᠷᠠᠯ ᠤ᠋ᠨ ᠲᠠᠪᠤᠳᠤᠭᠠᠷ ᠬᠤᠷᠠᠯ ᠤ᠋ᠨ ᠲᠠᠢᠸᠠᠨ ᠤ᠋ ᠲᠦᠯᠦᠭᠡᠯᠡᠭᠴᠢᠳ ᠤ᠋ᠨ ᠪᠦᠯᠬᠦᠮ ᠤ᠋ᠨ ᠬᠢᠨᠠᠨ ᠵᠦᠪᠯᠡᠬᠦ ᠳ᠋ᠤ ᠤᠷᠤᠯᠴᠠᠪᠠ᠃ ᠴᠸᠨ ᠵᠢᠶᠦ᠋ᠨ᠂ ᠹᠦ ᡁᠢ ᠭᠤᠸᠠᠨ᠂ ᠯᠢᠶᠠᠩ ᡁᠢ ᠴᠢᠶᠠᠩ ᠵᠡᠷᠭᠡ ᠲᠦᠯᠦᠭᠡᠯᠡᠭᠴᠢ ᠢ᠋ᠢᠨ ᠦᠭᠡ ᠬᠡᠯᠡᠬᠦ ᠵᠢ ᠰᠤᠨᠤᠰᠤᠬᠰᠠᠨ ᠤ᠋ ᠲᠠᠷᠠᠭ᠎ᠠ᠂ ᠸᠠᠩ ᠶᠠᠩ᠂ ᠦᠩᠭᠡᠷᠡᠭᠰᠡᠨ ᠨᠢᠭᠡ ᠵᠢᠯ ᠳ᠋ᠤ᠂ ᠰᠢ ᠵᠢᠨ ᠫᠢᠩ ᠨᠦᠬᠦᠷ ᠢ᠋ᠢᠡᠷ ᠭᠤᠤᠯ ᠪᠤᠯᠭᠠᠬᠰᠠᠨ ᠨᠠᠮ ᠤ᠋ᠨ ᠲᠦᠪ ᠬᠤᠷᠢᠶ᠎ᠠ ᠢ᠋ᠢᠨ ᠪᠠᠲᠦ ᠴᠢᠩᠭ᠎ᠠ ᠤᠳᠤᠷᠢᠳᠤᠯᠭ᠎ᠠ ᠲᠤᠤᠷ᠎ᠠ᠂ ᠲᠠᠢᠸᠠᠨ ᠤ᠋ ᠲᠤᠬᠠᠢ ᠠᠵᠢᠯ ᠦᠷ᠎ᠡ ᠪᠦᠲᠦᠮᠵᠢᠲᠡᠢ ᠪᠦᠭᠡᠳ ᠲᠤᠬᠲᠠᠭᠤᠨ ᠤ᠋ ᠲᠤᠮᠲᠠ ᠤᠷᠤᠬᠰᠢᠯᠠᠬᠰᠠᠨ ᠪᠠᠢᠨ᠎ᠠ᠃ ᠤᠳᠤᠬᠠᠨ ᠤ᠋ ᠲᠡᠯᠡᠬᠡᠢ ᠶᠢᠷᠳᠢᠨᠴᠦ ᠵᠢᠨ ᠤᠯᠠᠷᠢᠯ ᠬᠤᠪᠢᠰᠤᠯᠲᠠ ᠤᠷᠢᠳ ᠪᠠᠢᠭ᠎ᠠ ᠦᠭᠡᠢ ᠲᠦᠷᠬᠡᠳᠴᠦ᠂ ᠲᠠᠢᠸᠠᠨ ᠤ᠋ ᠲᠤᠬᠲᠠᠪᠤᠷᠢ ᠦᠭᠡᠢ ᠲᠤᠬᠲᠠᠭᠠᠯᠳᠦ ᠪᠤᠰᠤ ᠴᠢᠨᠠᠷ ᠨᠡᠮᠡᠭᠲᠡᠵᠦ ᠪᠤᠢ᠂ ᠬᠡᠪᠡᠴᠤ  ᠴᠠᠬ᠂ ᠬᠠᠨᠳᠤᠰᠢ᠂ ᠵᠢᠷᠦᠮ ᠢᠮᠠᠬᠲᠠ ᠪᠢᠲᠡᠨ ᠤ᠋ ᠲᠠᠯ᠎ᠠ᠎ᠳᠤ ᠪᠠᠢᠲᠠᠭ᠂ ᠪᠢᠲᠡ ᠡᠯ᠎ᠡ ᠵᠦᠢᠯ ᠤ᠋ᠨ ᠪᠤᠳᠤᠯᠢᠶᠠᠨᠲᠠᠢ ᠪᠠᠢᠲᠠᠯ ᠢ᠋ ᠠᠷᠭᠠᠴᠠᠭᠠᠬᠤ ᠶᠡᠷᠦᠩᠬᠡᠢᠯᠡᠭᠰᠡᠨ ᠪᠤᠲᠠᠲᠤ ᠬᠦᠴᠦᠨ ᠪᠠ ᠵᠠᠪᠠᠯ ᠢᠯᠠᠬᠤ ᠢᠲᠡᠭᠡᠯ ᠲᠠᠢ ᠪᠠᠢᠨ᠎ᠠ᠃ ᠰᠢᠨ᠎ᠡ ᠴᠠᠬ ᠦᠶ᠎ᠡ ᠢ᠋ᠢᠨ ᠨᠠᠮ ᠤ᠋ᠨ ᠲᠠᠢᠸᠠᠨ ᠤ᠋ ᠠᠰᠠᠭᠤᠲᠠᠯ ᠢ᠋ ᠰᠢᠢᠳᠪᠦᠷᠢᠯᠡᠬᠦ ᠶᠡᠷᠦᠩᠬᠡᠢ ᠴᠢᠭᠯᠡᠯᠲᠡ ᠪᠠ ᠨᠠᠮ ᠤ᠋ᠨ ᠲᠦᠪ ᠬᠤᠷᠢᠶ᠎ᠠ ᠢ᠋ᠢᠨ ᠲᠠᠢᠸᠠᠨ ᠤ᠋ ᠲᠤᠬᠠᠢ ᠠᠵᠢᠯ᠎ᠤᠨ ᠰᠢᠢᠳᠪᠦᠷᠢᠲᠦ ᠪᠤᠳᠤᠯᠭ᠎ᠠ ᠪᠠᠢᠷᠢᠯᠠᠭᠤᠯᠤᠯᠲᠠ ᠵᠢ ᠲᠤᠭᠤᠰᠢᠯᠠᠭᠤᠯᠵᠦ᠂ ᠬᠤᠷᠢᠭ᠎ᠠ ᠱᠤᠭᠤᠮ ᠤ᠋ᠨ ᠰᠡᠳᠬᠢᠬᠦᠢ ᠵᠢ ᠪᠠᠲᠦ ᠪᠤᠢ ᠪᠤᠯᠭᠠᠵᠦ᠂ ᠲᠡᠮᠡᠴᠡᠯ ᠤ᠋ᠨ ᠵᠤᠷᠢᠭ ᠰᠠᠨᠠᠭ᠎ᠠ ᠵᠢ ᠪᠠᠲᠠᠷᠠᠭᠤᠯᠵᠦ᠂ ᠨᠢᠭᠡ ᠲᠤᠮᠲᠠᠲᠤ ᠤᠯᠤᠰ ᠤ᠋ᠨ ᠵᠠᠷᠴᠢᠮ ᠪᠤᠯᠤᠨ 《ᠶᠡᠷᠡᠨ ᠬᠤᠶᠠᠷ ᠤᠨ ᠤ᠋ ᠬᠠᠮᠲᠦ ᠢ᠋ᠢᠨ ᠲᠠᠨᠢᠯᠲᠠ》 ᠵᠢ ᠪᠠᠷᠢᠮᠲᠠᠯᠠᠵᠦ᠂ 《ᠲᠠᠢᠸᠠᠨ ᠢ᠋ ᠲᠤᠰᠠᠭᠠᠷᠯᠠᠭᠤᠯᠬᠤ》 ᠬᠠᠭᠠᠴᠠᠭᠤᠯᠬᠤ ᠠᠵᠢᠯᠯᠠᠭ᠎ᠠ ᠵᠢ ᠡᠷᠡᠰ ᠡᠰᠡᠷᠭᠦᠴᠡᠵᠦ᠂ ᠭᠠᠲᠠᠭᠠᠲᠦ ᠢ᠋ᠢᠨ ᠬᠦᠴᠦᠨ ᠤ᠋ ᠬᠠᠯᠲᠠᠯᠭ᠎ᠠ ᠵᠢ ᠡᠷᠡᠰ ᠡᠰᠡᠷᠭᠦᠴᠡᠵᠦ᠂ ᠲᠠᠢᠸᠠᠨ ᠬᠤᠭᠤᠯᠠᠢ ᠵᠢᠨ ᠬᠤᠶᠠᠷ ᠬᠦᠪᠡᠭᠡ ᠵᠢᠨ ᠬᠠᠷᠢᠴᠠᠭᠠᠨ᠎ᠤ ᠡᠩᠭᠡ ᠲᠠᠢᠪᠤᠩ ᠢ᠋ᠢᠡᠷ ᠬᠦᠭᠵᠢᠬᠦ᠂ ᠠᠭᠤᠰᠤᠯᠴᠠᠨ ᠬᠦᠭᠵᠢᠬᠦ ᠵᠢ ᠯᠠᠪᠲᠠᠭᠤᠨ ᠪᠠᠲᠤᠲᠠᠢ ᠠᠬᠢᠭᠤᠯᠬᠤ ᠬᠡᠷᠡᠭᠲᠡᠢ᠃ ᠲᠠᠢᠸᠠᠨ ᠬᠤᠭᠤᠯᠠᠢ ᠵᠢᠨ ᠬᠤᠶᠠᠷ ᠬᠦᠪᠡᠭᠡ ᠵᠢᠨ ᠠᠬ᠎ᠠ ᠲᠡᠭᠦᠦ ᠨᠠᠷ ᠲᠡᠦᠬᠡ ᠢ᠋ᠢᠨ ᠶᠡᠬᠡ ᠬᠠᠨᠳᠤᠰᠢ ᠵᠢ ᠡᠵᠡᠮᠲᠡᠵᠦ᠂ ᠦᠨᠳᠦᠰᠦᠲᠡᠨ ᠤ᠋ ᠶᠡᠬᠡ ᠵᠢᠷᠦᠮ ᠢ᠋ ᠡᠷᠡᠰ ᠰᠠᠬᠢᠵᠦ᠂ ᠲᠠᠢᠸᠠᠨ᠎ᠬᠤᠭᠤᠯᠠᠢ ᠵᠢᠨ ᠬᠤᠶᠠᠷ ᠬᠦᠪᠡᠭᠡ ᠵᠢᠨ ᠠᠬ᠎ᠠ ᠲᠡᠭᠦᠦ ᠨᠠᠷ ᠤ᠋ᠨ ᠪᠤᠶᠠᠨ ᠵᠢᠷᠭᠠᠯ ᠢ᠋ ᠨᠡᠮᠡᠭᠲᠡᠭᠦᠯᠬᠦ ᠠᠷᠭ᠎ᠠ ᠪᠤᠳᠤᠯᠭ᠎ᠠ ᠵᠢ ᠢᠯᠡᠭᠦᠭᠡᠨ ᠰᠦᠪᠡᠭᠴᠢᠯᠡᠵᠦ᠂ ᠰᠤᠯᠢᠯᠴᠠᠭ᠎ᠠ ᠬᠠᠮᠳᠤᠷᠠᠯᠴᠠᠭ᠎ᠠ ᠵᠢ ᠴᠢᠩᠭᠠᠳᠬᠠᠬᠤ ᠶᠠᠪᠤᠲᠠᠯ ᠢ᠋ ᠢᠯᠡᠭᠦᠭᠡᠨ ᠬᠢᠵᠦ᠂ ᠰᠡᠳᠬᠢᠯ ᠰᠠᠨᠠᠭ᠎ᠠ ᠪᠠᠨ ᠤᠯᠤᠯᠴᠠᠬᠤ ᠠᠷᠭ᠎ᠠ ᠠᠪᠴᠠᠯ ᠢ᠋ ᠢᠯᠡᠭᠦᠭᠡᠨ ᠠᠬᠢᠭᠤᠯᠵᠦ᠂ ᠡᠬᠡ ᠤᠯᠤᠰ ᠤ᠋ᠨ ᠨᠢᠭᠡᠲᠦᠯ ᠤ᠋ᠨ ᠶᠡᠬᠡ ᠦᠢᠯᠡᠰ᠂ ᠦᠨᠳᠦᠰᠦᠲᠡᠨ ᠤ᠋ ᠰᠡᠷᠭᠦᠨ ᠮᠠᠨᠲᠤᠯᠲᠠ ᠢ᠋ᠢᠨ ᠠᠭᠤᠤ ᠦᠢᠯᠡᠰ ᠢ᠋ ᠭᠠᠷ ᠬᠤᠯᠪᠤᠨ ᠬᠠᠮᠲᠦ ᠪᠡᠷ ᠠᠬᠢᠭᠤᠯᠬᠤ ᠬᠡᠷᠡᠭᠲᠡᠢ ᠬᠡᠵᠦ ᠵᠢᠭᠠᠵᠦ ᠭᠠᠷᠭᠠᠪᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠪᠣᠣ ᠮᠧᠢ ᠷᠥᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠬᠠᠮᠢᠶ᠎ᠡ ᠪᠦᠬᠦᠢ ᠰᠣᠨᠢᠨ

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号