ᠰᠢᠨ᠎ᠠ ᠴᠠᠭ ᠦᠶ᠎ᠡ ᠵᠢᠨ ᠦᠪᠤᠷ ᠮᠤᠨᠭᠭᠤᠯ᠎ᠤᠨ ᠴᠢᠨᠠᠷ ᠰᠠᠢᠳᠠᠢ ᠬᠦᠭᠵᠢᠯᠳᠠ ᠵᠢᠨ ᠰᠢᠨ᠎ᠠ ᠬᠠᠭᠤᠳᠠᠰᠤ ᠵᠢ ᠪᠢᠴᠢᠭᠯᠡᠰᠦᠭᠡᠢ — ᠶᠡᠷᠦᠩᠬᠡᠢ ᠱᠦᠵᠢ ᠰᠢ᠎ᠶ᠋ᠢᠨ ᠫᠢᠩ᠎ᠤᠨ ᠥᠪᠥᠷ ᠮᠣᠩᠭᠣᠯ᠎ᠤᠨ ᠲᠥᠯᠥᠭᠡᠯᠡᠭ᠌ᠴᠢᠳ᠎ᠦᠨ ᠪᠦᠯᠬᠦᠮ᠎ᠦᠨ ᠬᠢᠨᠠᠨ ᠵᠥᠪᠯᠡᠬᠦ᠌᠎ᠳᠦ ᠣᠷᠣᠯᠴᠠᠬᠤ ᠦᠶ᠎ᠡ᠎ᠶ᠋ᠢᠨ ᠴᠢᠬᠤᠯᠠ ᠶᠠᠷᠢᠶᠠᠨ᠎ᠤ ᠵᠣᠷᠢᠭ ᠰᠠᠨᠠᠭ᠎ᠠ᠎ᠶ᠋ᠢ ᠨᠠᠷᠢᠨ ᠬᠢᠨᠠᠮᠠᠭᠠᠢ ᠰᠤᠷᠤᠯᠴᠠᠨ ᠲᠤᠭᠤᠰᠢᠯᠠᠭᠤᠯᠬᠤ ᠲᠤᠬᠠᠢ ᠲᠠᠪᠤᠨᠲᠠ ᠥᠭᠦᠯᠡᠬᠦ᠌ ᠨᠢ
2022-03-10 09:06:01
ᠵᠣᠬᠢᠶᠠᠭ᠍ᠴᠢ᠄
ᠦᠪᠦᠷ ᠮᠤᠩᠭᠤᠯ᠎ᠤᠨ ᠡᠳᠦᠷ᠎ᠦᠨ ᠰᠣᠨᠢᠨ᠎ᠤ ᠱᠢᠭᠦᠮᠵᠢᠯᠡᠭ᠌ᠴᠢ
ᠣᠩᠱᠢᠭ᠍ᠰᠠᠨ ᠣᠳᠠᠭ᠎ᠠ᠄
★★★☆☆

ᠴᠢᠩ ᠰᠡᠳᠭᠢᠯ᠎ᠦᠨ ᠬᠠᠯᠠᠮᠵᠢᠯᠠᠯ ᠨᠢ ᠰᠡᠳᠭᠢᠯ᠎ᠢ ᠳᠤᠯᠠᠭᠠᠴᠠᠭᠤᠯᠵᠤ᠂ ᠴᠢᠩ ᠰᠡᠳᠭᠢᠯ᠎ᠦᠨ ᠬᠦᠰᠡᠯ ᠨᠠᠢᠳᠠᠯᠭ᠎ᠠ ᠨᠢ ᠬᠥᠮᠦᠰ᠎ᠢ ᠤᠷᠮᠠᠰᠢᠭᠤᠯᠤᠨ᠎ᠠ᠃ ᠶᠡᠷᠦᠩᠬᠡᠶ ᠱᠦᠵᠢ ᠰᠢ᠎ᠶ᠋ᠢᠨ ᠫᠢᠩ ᠠᠷᠪᠠᠨ ᠭᠤᠷᠪᠠᠳᠤᠭᠠᠷ ᠬᠤᠭᠤᠴᠠᠭᠠᠨ᠎ᠤ ᠪᠥᠬᠥ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠲᠠᠪᠤᠳᠤᠭᠠᠷ ᠬᠤᠷᠠᠯ᠎ᠤᠨ ᠥᠪᠥᠷ ᠮᠣᠩᠭᠣᠯ᠎ᠤᠨ ᠲᠥᠯᠥᠭᠡᠯᠡᠭ᠌ᠴᠢᠳ᠎ᠦᠨ ᠪᠦᠯᠬᠦᠮ᠎ᠦᠨ ᠬᠢᠨᠠᠨ ᠵᠦᠪᠯᠡᠬᠦ᠎ᠳᠤ ᠤᠷᠤᠯᠴᠠᠬᠤ ᠳ᠋ᠠᠭᠠᠨ᠂ ᠥᠪᠥᠷ ᠮᠣᠩᠭᠣᠯ 《ᠨᠠᠮ᠎ᠤᠨ ᠲᠥᠪ ᠬᠣᠷᠢᠶᠠᠨ᠎ᠤ ᠱᠢᠢᠳᠪᠦᠷᠢᠲᠦ ᠪᠤᠳᠤᠯᠭ᠎ᠠ ᠪᠠᠢᠷᠢᠯᠠᠭᠤᠯᠤᠯᠲᠠ᠎ᠶ᠋ᠢ ᠡᠷᠡᠰ ᠲᠤᠭᠤᠱᠢᠯᠠᠭᠤᠯᠵᠥ᠂ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌ ᠪᠠ ᠠᠵᠤ ᠠᠬᠤᠢ ᠨᠡᠢᠭᠡᠮ᠎ᠦᠨ ᠬᠥᠭ᠌ᠵᠢᠯᠲᠡ᠎ᠶ᠋ᠢᠨ ᠡᠯ᠎ᠡ ᠵᠦᠢᠯ᠎ᠦᠨ ᠠᠵᠢᠯ᠎ᠢ ᠨᠢᠭᠡᠳᠦᠯᠲᠡᠢ ᠲᠥᠯᠥᠪᠵᠢᠭᠦᠯᠦᠨ ᠰᠠᠢᠲᠤᠷ ᠠᠳᠭᠤᠵᠥ᠂ ᠠᠮᠢ ᠠᠬᠤᠶ᠎ᠶ᠋ᠢ ᠤᠷᠢᠳ ᠵᠢᠡᠷ ᠪᠤᠳᠤᠯᠬᠢᠯᠬᠠᠤ  ᠪᠣᠬᠢᠷᠲᠤᠯ ᠦᠭᠡᠢ ᠬᠥᠭ᠌ᠵᠢᠬᠦᠯᠬᠦ᠎ᠪᠡᠷ ᠤᠳᠤᠷᠢᠳᠤᠮᠵᠢ ᠪᠣᠯᠭᠠᠭ᠍ᠰᠠᠨ ᠴᠢᠨᠠᠷ ᠰᠠᠢᠲᠠᠢ ᠬᠥᠭ᠌ᠵᠢᠯᠲᠡ᠎ᠶ᠋ᠢᠨ ᠱᠢᠨ᠎ᠡ ᠵᠠᠮ ᠵᠢᠡᠷ ᠡᠷᠡᠰ ᠭᠤᠢᠪᠢᠰᠢ ᠦᠬᠡᠢ ᠵᠠᠮᠨᠠᠬᠤ ᠭᠡᠷᠡᠭᠳᠠᠢ》᠂ 《ᠡᠬᠡ ᠤᠯᠤᠰ᠎ᠤᠨ ᠤᠮᠠᠷᠠᠲᠤ᠎ᠶ᠋ᠢᠨ ᠦᠵᠡᠮᠵᠢ᠎ᠶ᠋ᠢᠨ ᠣᠷᠣᠨ᠎ᠢᠶᠠᠨ ᠨᠠᠩ ᠦᠵᠡᠰᠭᠦᠯᠡᠩᠲᠦ ᠰᠠᠢᠬᠠᠨ ᠪᠣᠯᠭᠠᠨ ᠪᠥᠲᠥᠭᠡᠨ ᠪᠠᠢᠭᠤᠯᠵᠥ᠂ ᠱᠢᠨ᠎ᠡ ᠴᠠᠭ ᠦᠶ᠎ᠡ᠎ᠶ᠋ᠢᠨ ᠥᠪᠥᠷ ᠮᠣᠩᠭᠣᠯ᠎ᠤᠨ ᠴᠢᠨᠠᠷ ᠰᠠᠢᠲᠠᠢ ᠬᠥᠭ᠌ᠵᠢᠯᠲᠡ᠎ᠶ᠋ᠢᠨ ᠱᠢᠨ᠎ᠡ ᠬᠠᠭᠤᠳᠠᠰᠤ᠎ᠶ᠋ᠢ ᠪᠢᠴᠢᠭ᠌ᠯᠡᠬᠦ ᠬᠡᠷᠡᠭ᠌ᠲᠡᠢ》 ᠭᠡᠵᠤ ᠴᠢᠬᠤᠯᠠᠴᠢᠯᠠᠪᠠ᠃ ᠶᠡᠷᠦᠩᠬᠡᠢ ᠱᠦᠵᠢ᠎ᠶ᠋ᠢᠨ ᠴᠢᠬᠤᠯᠠ ᠶᠠᠷᠢᠶ᠎ᠠ ᠨᠢ ᠪᠢᠳᠡᠨ᠎ᠦ ᠱᠢᠨ᠎ᠡ ᠠᠶᠠᠨ᠎ᠳᠤ ᠡᠷᠡᠮᠡᠭᠡᠢᠯᠡᠨ ᠤᠷᠤᠭ᠍ᠰᠢᠯᠠᠵᠤ᠂ ᠱᠢᠨ᠎ᠡ ᠴᠠᠭ ᠦᠶ᠎ᠡ᠎ᠳᠦ ᠭᠠᠪᠢᠶ᠎ᠠ ᠪᠠᠢᠭᠤᠯᠬᠤ᠎ᠳᠤ ᠤᠷᠤᠭ᠍ᠰᠢᠯᠠᠯᠲᠠ᠎ᠶ᠋ᠢᠨ ᠴᠢᠭ᠌ᠯᠡᠯ᠎ᠢ ᠳᠠᠬᠢᠨᠲᠠ ᠲᠣᠳᠣᠷᠬᠠᠢ ᠵᠢᠭᠠᠵᠤ᠂ ᠬᠦᠴᠦᠷᠬᠡᠭ ᠶᠡᠬᠡ ᠬᠥᠳᠡᠯᠭᠡᠬᠦ᠌ ᠬᠦᠴᠦᠨ᠎ᠢ ᠨᠡᠮᠡᠷᠢᠯᠡᠪᠠ᠃

ᠨᠡᠢᠭᠡᠮ ᠵᠢᠷᠤᠮ ᠎ᠤᠨ ᠣᠳᠣᠬᠢᠴᠢᠯᠠᠯᠲᠠ᠎ᠶ᠋ᠢ ᠪᠦᠬᠦ᠌ ᠲᠠᠯ᠎ᠠ᠎ᠪᠠᠷ ᠪᠦᠳᠦᠭᠡᠨ ᠪᠠᠢᠭᠤᠯᠬᠤ ᠱᠢᠨ᠎ᠡ ᠠᠶᠠᠨ᠎ᠳᠤ ᠮᠣᠷᠳᠠᠬᠤ ᠎ᠳᠤ ᠥᠪᠥᠷ ᠮᠣᠩᠭᠣᠯ ᠡᠭᠦᠷᠭᠡᠯᠡᠵᠦ᠍ ᠪᠠᠢᠭ᠎ᠠ ᠴᠢᠬᠤᠯᠠ ᠶᠡᠬᠡ ᠬᠠᠷᠢᠭᠤᠴᠠᠯᠭ᠎ᠠ ᠪᠣᠯᠤᠨ ᠢᠷᠠᠭᠤ ᠠᠯᠳᠠᠷᠲᠤ ᠡᠭᠦᠷᠭᠡ᠎ᠪᠡᠨ ᠰᠠᠢᠲᠤᠷ ᠭᠦᠢᠴᠡᠳᠭᠡᠬᠦ ᠭᠡᠷᠡᠭᠲᠡᠢ᠂ ᠡᠷᠬᠡᠪᠰᠢ ᠠᠮᠢ ᠠᠬᠤᠢ᠎ᠶ᠋ᠢ ᠤᠷᠢᠳ ᠵᠢᠡᠷ ᠪᠤᠳᠤᠯᠬᠢᠯᠠᠬᠤ ᠪᠣᠬᠢᠷᠲᠤᠯ ᠦᠭᠡᠢ ᠬᠥᠭ᠌ᠵᠢᠬᠦᠯᠬᠦ᠎ᠪᠡᠷ ᠤᠳᠤᠷᠢᠳᠤᠮᠵᠢ ᠪᠣᠯᠭᠠᠭ᠍ᠰᠠᠨ ᠴᠢᠨᠠᠷ ᠰᠠᠢᠲᠠᠢ ᠬᠥᠭ᠌ᠵᠢᠯᠲᠡ᠎ᠶ᠋ᠢᠨ ᠱᠢᠨ᠎ᠡ ᠵᠠᠮ᠎ᠢᠶᠠᠷ ᠡᠷᠡᠰ ᠭᠤᠢᠪᠢᠰᠢ ᠦᠭᠡᠢ ᠵᠠᠮᠨᠠᠬᠤ ᠬᠡᠷᠡᠭ᠌ᠲᠡᠢ᠃ ᠡᠨᠡ ᠪᠣᠯ ᠶᠡᠷᠦᠩᠬᠡᠶ ᠱᠦᠵᠢ ᠰᠢ᠎ᠶ᠋ᠢᠨ ᠫᠢᠩ ᠪᠣᠯᠤᠨ ᠨᠠᠮ᠎ᠤᠨ ᠲᠥᠪ ᠬᠣᠷᠢᠶ᠎ᠠ ᠡᠴᠡ ᠱᠢᠨ᠎ᠡ ᠴᠠᠭ ᠦᠶ᠎ᠡ᠎ᠶ᠋ᠢᠨ ᠥᠪᠥᠷ ᠮᠣᠩᠭᠣᠯ᠎ᠤᠨ ᠬᠥᠭ᠌ᠵᠢᠯᠲᠡ᠎ᠳᠦ ᠲᠠᠯᠪᠢᠭ᠍ᠰᠠᠨ ᠴᠢᠩ ᠰᠡᠳᠭᠢᠯ᠎ᠦᠨ ᠬᠦᠰᠡᠯ ᠨᠠᠢᠳᠠᠯᠭ᠎ᠠ ᠮᠥᠨ᠂ ᠴᠢᠬᠤᠯᠠ ᠶᠡᠬᠡ ᠤᠯᠤᠰ ᠲᠥᠷᠥ᠎ᠶ᠋ᠢᠨ ᠱᠠᠭᠠᠷᠳᠠᠯᠭ᠎ᠠ ᠮᠥᠨ᠂ ᠥᠴᠦᠬᠡᠨ ᠴᠦ᠍ ᠬᠠᠰᠢ ᠶᠠᠰᠢ ᠬᠠᠨᠳᠤᠵᠤ ᠪᠣᠯᠬᠤ ᠥᠬᠡᠶ᠃ ᠡᠨᠡ ᠬᠦ᠌ ᠰᠢᠨ᠎ᠡ ᠵᠠᠮ᠎ᠢᠶᠠᠷ ᠰᠠᠢᠲᠤᠷ ᠵᠠᠮᠨᠠᠬᠤ ᠨᠢ ᠵᠢᠮ᠎ᠡ ᠶᠣᠰᠣᠨ᠎ᠤ ᠬᠠᠨᠳᠤᠰᠢ᠂ ᠴᠠᠭ᠎ᠤᠨ ᠪᠠᠢᠳᠠᠯ᠎ᠤᠨ ᠬᠠᠨᠳᠤᠰᠢ᠂ ᠠᠷᠠᠳ ᠲᠦᠮᠡᠨ᠎ᠦ ᠬᠦᠰᠡᠯ ᠡᠷᠡᠮᠡᠯᠵᠡᠯ ᠮᠥᠨ᠃ ᠶᠡᠷᠦᠩᠬᠡᠢ ᠱᠦᠵᠢ ᠰᠢ᠎ᠶᠢᠨ ᠫᠢᠩ  ᠤ᠋ᠨ ᠴᠢᠬᠤᠯᠠ ᠶᠠᠷᠢᠶᠠᠨ᠎ᠤ ᠵᠣᠷᠢᠭ᠋ ᠰᠠᠨᠠᠭ᠎ᠠ᠎ᠶᠢ ᠲᠡᠷᠡ ᠶᠤᠰᠤᠭᠠᠷ ᠨᠢ ᠲᠤᠭᠤᠰᠢᠯᠠᠭᠤᠯᠤᠨ ᠨᠠᠢᠳᠠᠪᠤᠷᠢᠵᠢᠭᠤᠯᠬᠤ᠎ᠳᠤ᠂ ᠰᠢᠨ᠎ᠡ ᠬᠥᠭᠵᠢᠯᠲᠡ᠎ᠶᠢᠨ ᠱᠠᠲᠤᠨ᠎ᠳᠤ ᠰᠠᠭᠤᠷᠢᠯᠠᠵᠤ᠂ ᠰᠢᠨ᠎ᠡ ᠬᠥᠭᠵᠢᠯᠲᠡ᠎ᠶᠢᠨ ᠣᠢᠯᠠᠭᠠᠭᠳᠠᠬᠤᠨ᠎ᠢ ᠪᠦᠷᠢᠨ ᠪᠦᠲᠦᠨ᠂ ᠣᠨᠣᠪᠴᠢᠲᠠᠢ᠂ ᠪᠦᠬᠦ ᠲᠠᠯ᠎ᠠ᠎ᠪᠠᠷ ᠲᠤᠭᠤᠰᠢᠯᠠᠭᠤᠯᠵᠤ᠂ ᠰᠢᠨ᠎ᠡ ᠬᠥᠭᠵᠢᠯᠲᠡ᠎ᠶᠢᠨ ᠪᠠᠢᠷᠢᠰᠢᠯ᠎ᠳᠤ ᠦᠢᠯᠡᠴᠢᠯᠡᠬᠦ ᠪᠠ ᠠᠭᠤᠰᠤᠯᠴᠠᠬᠤ ᠪᠡᠷ ᠬᠦᠴᠦᠯᠡᠨ᠂ ᠴᠢᠨᠠᠷ ᠰᠠᠢᠲᠠᠢ ᠬᠥᠭᠵᠢᠯᠲᠡ᠎ᠶᠢᠨ ᠰᠢᠨ᠎ᠡ ᠵᠠᠮ᠎ᠢᠶᠠᠷ ᠯᠠᠪᠳᠠᠭᠤᠨ ᠪᠠᠲᠤᠲᠠᠢ ᠰᠠᠢᠲᠤᠷ ᠵᠠᠮᠨᠠᠬᠤ ᠬᠡᠷᠡᠭᠲᠡᠢ᠃

ᠥᠪᠥᠷ ᠮᠣᠩᠭᠣᠯ᠎ᠤᠨ ᠠᠵᠤ ᠠᠬᠤᠢ ᠶᠠᠭ ᠲᠤᠢᠯ᠎ᠤᠨ ᠬᠦᠴᠢᠷ ᠪᠡᠷᠬᠡᠰᠢᠶᠡᠯ᠎ᠲᠠᠢ ᠪᠥᠭᠡᠳ ᠲᠤᠢᠯ᠎ᠤᠨ ᠴᠢᠬᠤᠯᠠ ᠬᠡᠯᠪᠡᠷᠢ᠎ᠪᠡᠨ ᠬᠤᠪᠢᠷᠠᠭᠤᠯᠬᠤ ᠬᠤᠭᠤᠴᠠᠭᠠᠨ᠎ᠳᠤ ᠣᠷᠣᠰᠢᠵᠤ ᠪᠠᠢᠨ᠎ᠠ᠂ ᠡᠷᠬᠡᠪᠰᠢ ᠪᠣᠬᠢᠷᠳᠤᠯ ᠦᠭᠡᠢ ᠬᠦᠭᠵᠢᠯᠲᠡ᠂ ᠴᠢᠨᠠᠷ ᠰᠠᠢᠲᠠᠢ ᠬᠥᠭᠵᠢᠯᠲᠡ᠎ᠶᠢ ᠭᠤᠢᠪᠢᠰᠢ ᠦᠭᠡᠢ ᠪᠠᠷᠢᠮᠲᠠᠯᠠᠬᠤ ᠬᠡᠷᠡᠭᠲᠡᠢ᠃ ᠴᠢᠨᠠᠷ ᠰᠠᠢᠲᠠᠢ ᠬᠥᠭᠵᠢᠯᠲᠡ᠎ᠶᠢᠨ ᠰᠢᠨ᠎ᠡ ᠵᠠᠮ ᠪᠣᠯ ᠬᠥᠭᠵᠢᠯᠲᠡ᠎ᠶᠢᠨ ᠣᠢᠯᠠᠭᠠᠭᠳᠠᠬᠤᠨ᠂ ᠬᠥᠭᠵᠢᠯᠲᠡ᠎ᠶᠢᠨ ᠠᠷᠭ᠎ᠠ ᠵᠠᠮ᠂ ᠬᠥᠭᠵᠢᠯᠲᠡ᠎ᠶᠢᠨ ᠠᠷᠭ᠎ᠠ ᠬᠡᠯᠪᠡᠷᠢ᠂ ᠬᠥᠭᠵᠢᠯᠲᠡ᠎ᠶᠢᠨ ᠬᠠᠷᠠᠯᠲᠠ᠎ᠶᠢᠨ ᠪᠦᠬᠦ ᠲᠠᠯ᠎ᠠ᠎ᠶᠢᠨ ᠬᠤᠪᠢᠷᠠᠯᠲᠠ ᠮᠦᠨ᠂ ᠪᠦᠬᠦ ᠲᠠᠯ᠎ᠠ᠎ᠶᠢᠨ ᠴᠢᠨᠠᠷᠲᠠᠢ᠂ ᠪᠠᠢᠯᠳᠤᠬᠤ ᠪᠣᠳᠣᠯᠭ᠎ᠠ᠎ᠶᠢᠨ ᠴᠢᠨᠠᠷᠲᠠᠢ᠂ ᠤᠷᠳᠤ ᠬᠤᠭᠤᠴᠠᠭᠠᠨ᠎ᠤ ᠴᠢᠨᠠᠷᠲᠠᠢ ᠱᠠᠭᠠᠷᠳᠠᠯᠭ᠎ᠠ ᠮᠦᠨ᠂ ᠪᠤᠢ ᠪᠦᠬᠦᠢ ᠬᠦᠷᠢᠶ᠎ᠡ᠂ ᠪᠤᠢ ᠪᠦᠬᠦᠢ ᠣᠷᠣᠨ ᠪᠦᠰᠡ᠂ ᠪᠤᠢ ᠪᠦᠬᠦᠢ ᠠᠵᠤ ᠦᠢᠯᠡᠰ᠂ ᠪᠤᠢ ᠪᠦᠬᠦᠢ ᠠᠵᠢᠯ ᠲᠦᠷᠦᠯ᠎ᠦᠨ ᠬᠢᠨ ᠴᠥᠮ ᠡᠭᠦᠨ᠎ᠳᠦ ᠠᠩᠬᠠᠷᠤᠯ᠎ᠢᠶᠠᠨ ᠲᠥᠪᠯᠡᠷᠡᠭᠦᠯᠦᠨ ᠬᠦᠴᠦᠯᠡᠵᠦ᠂ ᠡᠯ᠎ᠡ ᠵᠦᠢᠯ᠎ᠦᠨ ᠴᠢᠬᠤᠯᠠ ᠶᠡᠬᠡ ᠬᠠᠷᠠᠯᠲᠠ ᠡᠭᠦᠷᠭᠡ᠂ ᠴᠢᠬᠤᠯᠠ ᠶᠡᠬᠡ ᠲᠦᠷᠦ᠎ᠶᠢᠨ ᠪᠣᠳᠣᠯᠭ᠎ᠠ ᠠᠷᠭ᠎ᠠ ᠬᠡᠮᠵᠢᠶ᠎ᠡ᠂ ᠴᠢᠬᠤᠯᠠ ᠶᠡᠬᠡ ᠢᠨᠵᠧᠨᠧᠷᠢᠩ  ᠲᠦᠷᠦᠯ ᠵᠦᠢᠯ᠎ᠢ ᠴᠥᠮ᠎ᠡᠨᠡ᠎ᠬᠦ᠌᠎ᠪᠠᠢᠷᠢᠰᠢᠭᠤᠯᠤᠯᠲᠠ᠎ᠶᠤᠰᠤᠭᠠᠷ᠎ᠥᠷᠨᠢᠭᠦᠯᠬᠦ ᠬᠡᠷᠡᠭᠲᠡᠢ᠃ ᠪᠦᠬᠦ ᠣᠷᠣᠨ᠎ᠢᠶᠠᠷ᠎ᠢᠶᠠᠨ ᠤᠯᠤᠰ ᠲᠥᠷᠥ᠍᠎ᠶᠢᠨ ᠵᠣᠭᠰᠣᠴᠠ᠎ᠪᠠᠨ ᠳᠡᠭᠡᠭᠰᠢᠯᠡᠭᠦᠯᠵᠦ᠂ ᠪᠠᠢᠯᠳᠤᠬᠤ ᠪᠣᠳᠣᠯᠭ᠎ᠠ᠎ᠶᠢᠨ ᠲᠣᠭᠲᠠᠯ ᠬᠦᠴᠦᠨ᠎ᠢᠶᠡᠨ ᠪᠠᠲᠤᠯᠠᠵᠤ᠂ ᠠᠮᠢ ᠠᠬᠤᠢ᠎ᠶᠢ ᠤᠷᠢᠳ ᠵᠢᠡᠷ ᠪᠤᠳᠤᠯᠬᠢᠯᠠᠬᠤ ᠤᠯᠤᠰ ᠲᠥᠷᠥ᠍᠎ᠶᠢᠨ ᠤᠳᠤᠷᠢᠳᠤᠮᠵᠢ ᠪᠠ ᠥᠷᠲᠡᠭ᠎ᠦᠨ ᠬᠥᠭᠡᠭᠡᠴᠡᠯᠳᠦᠯ᠎ᠢᠶᠡᠨ ᠪᠠᠲᠤᠳᠬᠠᠵᠤ᠂ ᠠᠵᠤ ᠠᠬᠤᠢ᠎ᠶᠢᠨ ᠬᠥᠭᠵᠢᠯᠲᠡ᠎ᠶᠢ ᠡᠬᠢ ᠪᠠᠶᠠᠯᠢᠭ᠋᠎ᠲᠤ ᠲᠦᠰᠢᠭᠯᠡᠬᠦ ᠬᠡᠯᠪᠡᠷᠢ᠎ᠡᠴᠡ ᠰᠢᠨ᠎ᠡ᠎ᠶᠢ ᠡᠭᠦᠳᠬᠦ᠎ᠪᠡᠷ ᠬᠥᠳᠡᠯᠭᠡᠭᠦᠷ ᠪᠣᠯᠭᠠᠬᠤ ᠬᠡᠯᠪᠡᠷᠢ ᠲᠡᠢᠰᠢ ᠬᠤᠪᠢᠷᠠᠭᠤᠯᠬᠤ᠂ ᠪᠦᠳᠦᠭᠦᠯᠢᠭ ᠪᠥᠭᠡᠳ ᠶᠡᠬᠡ ᠨᠡᠭᠦᠷᠡᠰᠦᠲᠥ᠋ᠷᠥᠭᠴᠢᠲᠦ ᠬᠡᠯᠪᠡᠷᠢ᠎ᠡᠴᠡ ᠪᠣᠬᠢᠷᠳᠤᠯ ᠦᠭᠡᠢ ᠪᠠᠭ᠎ᠠ ᠨᠡᠭᠦᠷᠡᠰᠦᠲᠥ᠋ᠷᠥᠭᠴᠢᠲᠦ ᠬᠡᠯᠪᠡᠷᠢ ᠲᠡᠢᠰᠢ ᠬᠤᠪᠢᠷᠠᠭᠤᠯᠬᠤ᠂ ᠲᠠᠷᠠᠬᠠᠢ ᠪᠤᠲᠠᠷᠬᠠᠢ ᠦᠷ᠎ᠡ ᠠᠰᠢᠭ᠋᠎ᠢᠶᠠᠷ ᠳᠣᠣᠷ᠎ᠠ ᠬᠡᠯᠪᠡᠷᠢ᠎ᠡᠴᠡ ᠡᠷᠴᠢᠮᠵᠢᠭᠦᠯᠦᠭᠰᠡᠨ ᠥᠨᠳᠥᠷ ᠦᠷ᠎ᠡ ᠠᠰᠢᠭ᠋᠎ᠲᠠᠢ ᠬᠡᠯᠪᠡᠷᠢ ᠲᠡᠢᠰᠢ ᠬᠤᠪᠢᠷᠠᠭᠤᠯᠬᠤ᠎ᠶᠢ ᠠᠬᠢᠭᠤᠯᠵᠤ᠂ ᠠᠮᠢ ᠠᠬᠤᠢ᠎ᠶᠢ ᠤᠷᠢᠳ ᠵᠢᠡᠷ ᠪᠤᠳᠤᠯᠬᠢᠯᠠᠬᠤ᠂ ᠪᠣᠬᠢᠷᠳᠤᠯ ᠦᠭᠡᠢ ᠬᠥᠭᠵᠢᠬᠦᠯᠬᠦ ᠱᠠᠭᠠᠷᠳᠠᠯᠭ᠎ᠠ᠎ᠳᠤ ᠵᠣᠬᠢᠴᠠᠬᠤ ᠦᠭᠡᠢ ᠨᠡᠶ᠋ᠢᠴᠡᠬᠦ ᠦᠭᠡᠢ ᠴᠢᠨᠠᠭᠰᠢᠯᠠᠪᠠᠯ ᠲᠡᠭᠦᠨ᠎ᠡᠴᠡ ᠲᠡᠷᠰᠯᠡᠭᠰᠡᠨ ᠦᠵᠡᠯ ᠰᠠᠨᠠᠭ᠎ᠠ ᠣᠢᠯᠠᠭᠠᠭᠳᠠᠬᠤᠨ᠂ ᠦᠢᠯᠡ ᠠᠵᠢᠯᠯᠠᠭ᠎ᠠ᠎ᠶᠢᠨ ᠠᠷᠭ᠎ᠠ ᠬᠡᠯᠪᠡᠷᠢ᠂ ᠬᠥᠭᠵᠢᠯᠲᠡ᠎ᠶᠢᠨ ᠵᠠᠭᠪᠤᠷ᠎ᠢ ᠡᠷᠡᠰ ᠲᠣᠬᠢᠷᠠᠭᠤᠯᠵᠤ᠂ ᠵᠠᠯᠠᠷᠠᠭᠤᠯᠬᠤ ᠪᠠ ᠲᠠᠶᠠᠭᠳᠠᠵᠤ᠂ ᠶᠡᠷᠦᠩᠬᠡᠢ ᠱᠦᠵᠢ ᠰᠢ᠎ᠶᠢᠨ ᠫᠢᠩ ᠤ᠋ᠨ ᠴᠢᠬᠤᠯᠠ ᠶᠠᠷᠢᠶᠠᠨ᠎ᠤ ᠵᠣᠷᠢᠭ᠋ ᠰᠠᠨᠠᠭ᠎ᠠ᠎ᠶᠢ ᠦᠨᠡᠨ ᠬᠦ᠌ ᠪᠣᠳᠠᠲᠠᠢ᠎ᠳᠤ ᠨᠠᠢᠳᠠᠪᠤᠷᠢᠵᠢᠭᠤᠯᠵᠤ᠂ ᠮᠡᠳᠡᠬᠦ ᠬᠢᠬᠦ᠎ᠶᠢ ᠨᠢᠭᠡᠳᠬᠡᠬᠦ᠂ ᠴᠦᠬᠦᠷᠡᠰᠢ ᠦᠭᠡᠢ ᠪᠠᠷᠢᠮᠳᠠᠯᠠᠬᠤ᠎ᠶᠢ ᠦᠨᠡᠨ ᠬᠦ᠌ ᠪᠡᠶᠡᠯᠡᠭᠦᠯᠬᠦ ᠬᠡᠷᠡᠭᠲᠡᠢ᠃

ᠰᠢᠨ᠎ᠡ ᠴᠠᠭ ᠦᠶ᠎ᠡ᠎ᠶᠢᠨ ᠥᠪᠥᠷ ᠮᠣᠩᠭᠣᠯ᠎ᠤᠨ ᠠᠵᠢᠯ᠎ᠢ ᠰᠠᠢᠲᠤᠷ ᠬᠢᠵᠦ᠂ ᠴᠢᠨᠠᠷ ᠰᠠᠢᠲᠠᠢ ᠬᠥᠭᠵᠢᠯᠲᠡ᠎ᠶᠢᠨ ᠰᠢᠨ᠎ᠡ ᠵᠠᠮ᠎ᠢᠶᠠᠷ ᠰᠠᠢᠲᠤᠷ ᠵᠠᠮᠨᠠᠬᠤ᠎ᠳᠤ᠂ ᠬᠠᠷᠢᠭᠤᠴᠠᠯᠭ᠎ᠠ ᠡᠭᠦᠷᠭᠡᠯᠡᠯ ᠵᠢᠨᠨ ᠮᠡᠲᠡᠵᠦ ᠡᠭᠦᠷᠭᠡ ᠬᠠᠷᠢᠭᠤᠴᠠᠯᠭ᠎ᠠ᠎ᠪᠠᠨ ᠭᠦᠢᠴᠡᠳᠬᠡᠵᠦ᠂ ᠶᠡᠬᠡ ᠲᠠᠯ᠎ᠠ ᠡᠴᠡ ᠰᠡᠳᠬᠢᠠ ᠠᠵᠢᠯᠯᠠᠬᠤ ᠵᠢ ᠱᠠᠭᠠᠷᠲᠠᠨ᠎ᠠ᠃ ᠱᠢᠰᠲ᠋ᠧᠮ᠎ᠦᠨ ᠦᠵᠡᠯᠲᠡ᠎ᠪᠡᠨ ᠴᠢᠩᠭᠠᠳᠭᠠᠵᠤ᠂ ᠲᠣᠭ᠍ᠲᠠᠭᠤᠨ᠎ᠤ ᠳᠤᠮᠳᠠ ᠤᠷᠤᠭ᠍ᠰᠢᠯᠠᠨ ᠲᠠᠪᠱᠢᠬᠤ᠂ ᠠᠯᠬᠤᠮ ᠠᠯᠬᠤᠮ᠎ᠢᠶᠠᠷ ᠪᠡᠶᠡᠯᠡᠭᠦᠯᠬᠦ᠎ᠶ᠋ᠢ ᠪᠠᠷᠢᠮᠲᠠᠯᠠᠵᠤ᠂ ᠨᠡᠭᠦᠷᠡᠰᠦᠲᠥ᠋ᠷᠥᠭ᠌ᠴᠢ ᠵᠢᠨ ᠭᠠᠳᠠᠬᠰᠢᠯᠠᠭᠤᠯᠤᠯᠳᠠ ᠵᠢᠨ ᠬᠡᠮᠵᠢᠶ᠎ᠡ ᠵᠢ ᠪᠠᠭᠤᠷᠠᠭᠤᠯᠬᠤ᠂ ᠪᠣᠬᠢᠷᠲᠤᠯ᠎ᠢ ᠪᠠᠭᠠᠰᠭᠠᠬᠤ᠂ ᠨᠣᠭᠣᠭᠠᠷᠠᠭᠤᠯᠤᠯᠲᠠ᠎ᠶ᠋ᠢ ᠥᠷᠭᠡᠳᠭᠡᠬᠦ᠌᠂ ᠨᠡᠮᠡᠭ᠌ᠳᠡᠯ᠎ᠢ ᠬᠠᠮᠵᠢᠯᠴᠠᠭᠤᠯᠤᠨ ᠠᠬᠢᠭᠤᠯᠬᠤ᠎ᠶ᠋ᠢ ᠪᠠᠷᠢᠮᠲᠠᠯᠠᠵᠤ᠂ ᠨᠡᠭᠦᠷᠡᠰᠦᠲᠥ᠋ᠷᠥᠭ᠌ᠴᠢ ᠵᠢᠨ ᠭᠠᠳᠠᠬᠰᠢᠯᠠᠭᠤᠯᠤᠯᠳᠠ ᠵᠢᠨ ᠬᠡᠮᠵᠢᠶ᠎ᠡ ᠵᠢ ᠪᠠᠭᠤᠷᠠᠭᠤᠯᠬᠤ᠎ᠶ᠋ᠢᠨ ᠬᠠᠮᠲᠤ ᠡᠨᠧᠷᠭᠢ᠎ᠶ᠋ᠢᠨ ᠠᠮᠤᠷ ᠲᠦᠪᠱᠢᠨ᠂ ᠠᠵᠤ ᠦᠢᠯᠡᠰ᠎ᠦᠨ ᠬᠡᠯᠬᠢᠶ᠎ᠡ ᠬᠠᠩᠭᠠᠯᠭ᠎ᠠ᠎ᠶ᠋ᠢᠨ ᠬᠡᠯᠬᠢᠶ᠎ᠡ᠎ᠶ᠋ᠢᠨ ᠠᠮᠤᠷ ᠲᠦᠪᠱᠢᠨ᠂ ᠠᠮᠤ ᠪᠤᠳᠠᠭᠠᠨ᠎ᠤ ᠠᠮᠤᠷ ᠲᠦᠪᠱᠢᠨ᠎ᠢ ᠪᠠᠲᠤᠯᠠᠬᠤ ᠬᠡᠷᠡᠭᠲᠡᠢ᠃ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌ ᠪᠠ ᠠᠵᠤ ᠠᠬᠤᠶ ᠨᠡᠢᠭᠡᠮ᠎ᠦᠨ ᠬᠥᠭ᠌ᠵᠢᠯᠲᠡ᠎ᠶ᠋ᠢ ᠨᠢᠭᠡᠳᠦᠯᠲᠡᠶ ᠲᠥᠯᠥᠪᠵᠢᠭᠦᠯᠦᠨ ᠰᠠᠢᠲᠤᠷ ᠠᠳᠭᠤᠵᠤ᠂ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌᠎ᠶ᠋ᠢ ᠪᠠᠢᠩᠭᠤᠵᠢᠭᠤᠯᠬᠤ ᠡᠯ᠎ᠡ ᠵᠦᠶ᠋ᠯ᠎ᠦᠨ ᠠᠷᠭ᠎ᠠ ᠬᠡᠮᠵᠢᠶ᠎ᠡ᠎ᠶ᠋ᠢ ᠰᠠᠢᠲᠤᠷ ᠨᠠᠢᠳᠠᠪᠤᠷᠢᠵᠢᠭᠤᠯᠵᠤ᠂ ᠰᠡᠷᠭᠡᠢᠯᠡᠨ ᠡᠵᠡᠮᠳᠡᠬᠦ᠌᠎ᠶ᠋ᠢ ᠪᠠᠢᠩᠭᠤᠵᠢᠭᠤᠯᠬᠤ ᠪᠠ ᠭᠡᠨᠡᠳᠲᠡ ᠡᠭᠦᠰᠭᠦ ᠬᠢᠵᠢᠭ᠎ᠦᠨ ᠪᠠᠢᠳᠠᠯ᠎ᠢ ᠪᠠᠴᠢᠮ ᠠᠷᠭᠠᠴᠠᠭᠠᠨ ᠱᠢᠶ᠋ᠳᠪᠦᠷᠢᠯᠡᠬᠦ᠌ ᠲᠣᠭ᠍ᠲᠠᠴᠠ᠎ᠶ᠋ᠢ ᠲᠡᠭᠦᠯᠳᠡᠷᠵᠢᠭᠦᠯᠵᠦ᠍᠂ ᠬᠢᠯᠢ᠎ᠶ᠋ᠢᠨ ᠪᠣᠭᠣᠮᠲᠠ᠎ᠶ᠋ᠢᠨ ᠭᠠᠵᠠᠷ ᠣᠷᠣᠨ᠎ᠤ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌ ᠡᠨᠡ ᠬᠦ᠌ ᠭᠤᠤᠯᠳᠠᠯᠭ᠎ᠠ᠎ᠶ᠋ᠢ ᠳᠣᠪᠣᠢᠯᠭᠠᠵᠤ᠂ ᠬᠢᠵᠢᠭ᠎ᠦᠨ ᠪᠠᠢᠳᠠᠯ ᠶᠡᠬᠡ ᠬᠡᠪᠴᠢᠶ᠎ᠡ᠎ᠪᠡᠷ ᠳᠠᠬᠢᠨ ᠡᠭᠦᠰᠭᠦ ᠥᠬᠡᠶ ᠪᠠᠢᠬᠤ ᠬᠣᠷᠢᠭ᠎ᠠ ᠱᠤᠭᠤᠮ᠎ᠢ ᠪᠠᠳᠣ ᠰᠠᠬᠢᠬᠣ  ᠬᠡᠷᠡᠭᠲᠡᠢ᠃

ᠠᠯᠤᠰ᠎ᠤᠨ ᠲᠥᠰᠥᠪ᠎ᠢ ᠵᠢᠷᠤᠭᠯᠠᠵᠤ᠂ ᠰᠠᠯᠬᠢ ᠳᠠᠪᠠᠯᠭᠠᠨ᠎ᠢ ᠵᠦᠰᠦᠨ ᠤᠷᠤᠭᠰᠢᠯᠠᠨ᠎ᠠ; ᠬᠦᠨᠳᠦ ᠡᠭᠦᠷᠭᠡ᠎ᠶᠢ ᠡᠭᠦᠷᠭᠡᠯᠡᠵᠦ ᠪᠠᠢᠭ᠎ᠠ ᠪᠣᠯᠬᠣᠷ᠂ ᠨᠡᠩ ᠴᠦ᠍ ᠬᠤᠷᠲᠤᠨ ᠮᠤᠷᠢᠨ ᠳ᠋ᠤ ᠲᠠᠰᠢᠭᠤᠷ ᠲᠠᠯᠪᠢᠬᠤ ᠭᠡᠷᠡᠭᠲᠡᠢ᠃ ᠪᠢᠳᠡ ᠶᠡᠷᠦᠩᠬᠡᠢ ᠱᠦᠵᠢ ᠰᠢ᠎ᠶᠢᠨ ᠫᠢᠩ᠎ᠤᠨ ᠴᠢᠬᠤᠯᠠ ᠶᠠᠷᠢᠶᠠᠨ᠎ᠤ ᠵᠣᠷᠢᠭ᠋ ᠰᠠᠨᠠᠭ᠎ᠠ᠎ᠶᠢ ᠡᠷᠡᠰ ᠭᠤᠢᠪᠢᠰᠢ ᠦᠭᠡᠢ ᠪᠠᠷ ᠠᠯᠢᠪᠠ ᠠᠵᠢᠯ᠎ᠤᠨ᠎ᠢᠶᠠᠨ ᠦᠨᠳᠦᠰᠦᠨ ᠵᠢᠷᠤᠮᠯᠠᠯ ᠪᠣᠯᠭᠠᠵᠤ᠂ ᠴᠤᠬ ᠪᠠᠳᠠᠷᠠᠩᠭᠤᠢ ᠮᠡᠷᠡᠢᠨ ᠴᠢᠷᠮᠠᠢᠵᠤ᠂ ᠰᠢᠨᠲᠠᠷᠠᠰᠢ ᠦᠭᠡᠢ ᠴᠢᠷᠮᠠᠢᠨ ᠠᠵᠢᠯᠯᠠᠵᠤ᠂ ᠢᠮᠠᠭᠲᠠ  ᠴᠤᠴᠠᠯᠲᠠ ᠦᠭᠡᠢ ᠴᠢᠷᠮᠠᠢᠬᠤ ᠪᠠᠢᠲᠠᠯ᠂ ᠡᠭᠦᠷᠭᠡᠯᠡᠯ ᠡᠬᠦᠷᠭᠡᠯᠡᠡ ᠵᠢᠳᠭᠦᠨ ᠴᠢᠷᠮᠠᠢᠬᠤ ᠡᠷᠴᠢᠮ᠂ ᠦᠨᠡᠡ ᠬᠦ᠌ ᠠᠳᠬᠤᠵᠦ ᠪᠤᠲᠠᠲᠠᠢ ᠠᠵᠢᠯᠯᠠᠬᠤ ᠤᠪᠤᠷ ᠵᠢᠨᠷ᠂ ᠰᠢᠨᠲᠠᠷᠠᠰᠢ ᠦᠭᠡᠢ ᠴᠢᠷᠮᠠᠢᠵᠦ᠂ ᠵᠤᠷᠢᠭᠰᠠᠠ ᠳ᠋ᠠᠭᠠᠠ ᠬᠦᠷᠬᠦ ᠦᠭᠡᠢ ᠪᠤᠯ ᠵᠤᠷᠢᠭ ᠦᠯᠦ ᠮᠤᠬᠤᠵᠦ᠂ ᠡᠬᠡ ᠤᠯᠤᠰ᠎ᠤᠨ ᠤᠮᠠᠷᠠᠲᠤ᠎ᠶᠢᠨ ᠦᠵᠡᠮᠵᠢ᠎ᠶᠢᠨ ᠣᠷᠣᠨ᠎ᠢᠶᠠᠨ ᠨᠡᠩ ᠦᠵᠡᠰᠬᠦᠯᠡᠩᠲᠦ ᠰᠠᠢᠬᠠᠨ ᠪᠣᠯᠭᠠᠨ ᠪᠦᠲᠦᠭᠡᠨ ᠪᠠᠢᠭᠤᠯᠵᠤ᠂ ᠰᠢᠨ᠎ᠡ ᠴᠠᠭ ᠦᠶ᠎ᠡ᠎ᠶᠢᠨ ᠥᠪᠥᠷ ᠮᠣᠩᠭᠣᠯ᠎ᠤᠨ ᠴᠢᠨᠠᠷ ᠰᠠᠢᠲᠠᠢ ᠬᠥᠭᠵᠢᠯᠲᠡ᠎ᠶᠢᠨ ᠰᠢᠨ᠎ᠡ ᠬᠠᠭᠤᠳᠠᠰᠤ᠎ᠶᠢ ᠪᠢᠴᠢᠭᠯᠡᠰᠦᠭᠡᠢ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠪᠣᠣ ᠮᠧᠢ ᠷᠥᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠬᠠᠮᠢᠶ᠎ᠡ ᠪᠦᠬᠦᠢ ᠰᠣᠨᠢᠨ

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号