ᠴᠠᠭᠠᠨ ᠢᠳᠡᠭᠡᠨ᠎ᠦ᠌ ᠠᠵᠢᠯ ᠲᠥᠷᠥᠯ ᠡᠴᠨ ᠢᠷᠡᠭ᠌ᠰᠡᠨ ᠪᠥᠬᠥ᠌ ᠤᠯᠤᠰ᠎ᠤ᠋ᠨ ᠠᠷᠠᠳ᠎ᠤ᠋ᠨ
ᠲᠥᠯᠥᠭᠡᠯᠡᠭ᠌ᠴᠢᠳ ᠤ᠋ᠨ ᠶᠡᠬᠡ ᠬᠤᠷᠠᠯ᠎ᠤ᠋ᠨ ᠲᠥᠯᠥᠭᠡᠯᠡᠭ᠌ᠴᠢ ᠯᠢ ᠼᠦᠢ ᡁᠢ ᠠᠵᠢᠯ ᠲᠥᠷᠥᠯ᠎ᠦ᠋ᠨ ᠵᠢᠡᠨ ᠬᠥᠭ᠌ᠵᠢᠯᠲᠡ᠎ᠵᠢ
ᠠᠩᠬᠠᠷᠤᠭᠰᠠᠭᠠᠷ ᠢᠷᠡᠭᠰᠡᠨ ᠶᠤᠮ᠃ ᠡᠨᠡ ᠵᠢᠯ ᠲᠡᠷᠡ ᠠᠩᠬᠠᠷᠤᠯ ᠵᠢᠡᠨ ᠴᠠᠭᠠᠨ ᠢᠳᠡᠭᠡᠨ᠎ᠤ ᠦᠢᠯᠡᠰ᠎ᠦ᠋ᠨ ᠪᠦᠬᠦ᠌
ᠠᠵᠤ ᠦᠢᠯᠡᠰ᠎ᠦ᠋ᠨ ᠬᠡᠯᠬᠢᠶ᠎ᠡ ᠵᠢ ᠪᠠᠢᠭᠤᠯᠬᠤ ᠳ᠋ᠤ ᠬᠠᠨᠳᠤᠭᠤᠯᠤᠯ᠎ᠠ᠃ ᠶᠡᠷᠦᠩᠬᠡᠢ ᠱᠦᠵᠢ ᠰᠢ᠎ᠶᠢᠨ ᠫᠢᠩ ᠠᠷᠪᠠᠨ ᠭᠤᠷᠪᠠᠳᠤᠭᠠᠷ ᠬᠤᠭᠤᠴᠠᠭᠠᠨ᠎ᠤ᠋ ᠪᠦᠬᠦ᠌ ᠤᠯᠤᠰ᠎ᠤ᠋ᠨ ᠠᠷᠠᠳ᠎ᠤ᠋ᠨ ᠲᠥᠯᠥᠭᠡᠯᠡᠭ᠌ᠴᠢᠳ᠎ᠤ᠋ᠨ ᠶᠡᠬᠡ ᠬᠤᠷᠠᠯ᠎ᠤ᠋ᠨ ᠲᠠᠪᠤᠳᠤᠭᠠᠷ ᠬᠤᠷᠠᠯ᠎ᠤ᠋ᠨ ᠥᠪᠥᠷ ᠮᠣᠩᠭᠣᠯ᠎ᠤ᠋ᠨ
ᠲᠥᠯᠥᠭᠡᠯᠡᠭ᠌ᠴᠢᠳ᠎ᠦᠨ ᠪᠦᠯᠬᠦᠮᠦ᠋ᠨ ᠬᠢᠨᠠᠨ ᠵᠥᠪᠯᠡᠬᠦᠳ᠋ᠦ᠍ ᠣᠷᠣᠯᠴᠠᠬᠤᠳ᠋ᠠᠭᠠᠨ᠂ 〈ᠬᠣᠣᠰ ᠨᠡᠭᠦᠷᠡᠰᠦᠳᠦ᠋ᠷᠦᠭ᠌ᠴᠢ〉 ᠵᠢᠨ ᠬᠠᠷᠠᠯᠲᠠ᠎ᠶᠢ
ᠣᠯᠠᠨᠲᠠ ᠳᠤᠷᠠᠳᠴᠤ᠌᠂ ᠨᠡᠭᠦᠷᠡᠰᠦᠲᠥ᠋ᠷᠥᠭ᠌ᠴᠢ ᠵᠢᠨ ᠭᠠᠳᠠᠭᠰᠢᠯᠠᠭᠤᠯᠤᠯᠳᠠ᠎ᠶᠢ ᠪᠠᠭᠠᠰᠬᠠᠬᠤ᠎ᠶᠢᠨ ᠵᠡᠷᠭᠡ ᠪᠡᠷ ᠠᠵᠤ ᠦᠢᠯᠡᠰ᠎ᠦ᠋ᠨ ᠬᠡᠯᠬᠢᠶ᠎ᠡ ᠬᠠᠩᠭᠠᠯᠭ᠎ᠠ ᠵᠢᠨ ᠬᠡᠯᠬᠢᠶ᠎ᠡ ᠵᠢᠨ ᠠᠮᠤᠷ ᠲᠦᠪᠱᠢᠨ᠂ ᠠᠮᠤ ᠪᠤᠳᠠᠭᠠᠨ᠎ᠤ᠋ ᠠᠮᠤᠷ
ᠲᠦᠪᠱᠢᠨ᠎ᠢ᠋ ᠪᠠᠲᠤᠯᠠᠬᠤ ᠬᠡᠷᠡᠭ᠌ᠲᠡᠢ ᠭᠡᠵᠦ᠍ ᠴᠢᠬᠤᠯᠠᠴᠢᠯᠠᠪᠠ᠃ ᠡᠨᠡ ᠨᠢ ᠴᠠᠭᠠᠨ ᠢᠳᠡᠭᠡᠨ᠎ᠤ ᠦᠢᠯᠡᠰ᠎ᠤ᠋ᠨ ᠬᠥᠭ᠌ᠵᠢᠯᠦ᠋ᠨ ᠴᠢᠭᠯᠡᠯ ᠢ᠋ ᠲᠣᠳᠣᠷᠬᠠᠢᠯᠠᠵᠤ ᠦᠭ᠌ᠭᠦᠭ᠌ᠰᠡᠨ ᠪᠠᠢᠨ᠎ᠠ》
ᠬᠡᠪᠡ᠃

《ᠴᠠᠭᠠᠨ ᠢᠳᠡᠭᠡᠨ᠎ᠤ ᠦᠢᠯᠡᠰ᠎ᠦ᠋ᠨ ᠪᠣᠬᠢᠷᠲᠤᠯ ᠥᠬᠡᠢ ᠪᠠᠭ᠎ᠠ ᠨᠡᠭᠦᠷᠡᠰᠦᠲᠥ᠋ᠷᠦᠭ᠌ᠴᠢᠲᠦ
ᠬᠥᠭ᠌ᠵᠢᠯᠲᠡ᠎ᠶᠢ ᠠᠬᠢᠭᠤᠯᠬᠤ᠎ᠳ᠋ᠤ᠂ ᠳᠡᠭᠡᠳᠦ ᠤᠷᠤᠰᠭᠠᠯ᠎ᠤ᠋ᠨ ᠲᠠᠷᠢᠶᠠᠯᠠᠩ ᠮᠠᠯ ᠠᠵᠤ ᠠᠬᠤᠢ᠎ᠶᠢᠨ ᠬᠥᠭ᠌ᠵᠢᠯᠲᠡ
ᠭᠡᠬᠦ᠌ ᠡᠨᠡ ᠬᠦ᠌ ᠵᠠᠩᠭᠢᠯᠠᠭ᠎ᠠ᠎ᠶᠢᠨ ᠭᠣᠭ᠍ᠴᠣᠭ᠎ᠠ᠎ᠶᠢ ᠰᠠᠢᠲᠤᠷ ᠡᠵᠡᠮᠱᠢᠬᠦ᠌ ᠬᠡᠷᠡᠭ᠌ᠲᠡᠢ᠃ ᠣᠢᠷ᠎ᠠ᠎ᠶᠢᠨ
ᠵᠢᠯ᠎ᠦ᠋ᠨ ᠲᠤᠷᠰᠢ᠂ ᠮᠠᠨ᠎ᠤ᠋ ᠤᠯᠤᠰ᠎ᠤ᠋ᠨ ᠲᠠᠷᠢᠶᠠᠯᠠᠩ ᠮᠠᠯ ᠠᠵᠤ ᠠᠬᠤᠢ ᠴᠢᠨᠠᠷ ᠰᠠᠢᠲᠠᠢ ᠬᠥᠭ᠌ᠵᠢᠭ᠌ᠰᠡᠨ ᠪᠣᠯᠪᠠᠴᠤ᠌
ᠲᠠᠷᠢᠶᠠᠯᠠᠩ ᠮᠠᠯ ᠠᠵᠤ ᠠᠬᠤᠢ᠎ᠶᠢᠨ ᠨᠡᠭᠦᠷᠡᠰᠦᠲᠥ᠋ᠷᠥᠭ᠌ᠴᠢ ᠵᠢᠨ ᠭᠠᠳᠠᠭ᠍ᠰᠢᠯᠠᠭᠤᠯᠤᠯᠳᠠ ᠵᠢᠨ ᠪᠦᠷᠢᠳᠭᠡᠯᠦ᠋ᠨ
ᠱᠢᠰᠲ᠋ᠧᠮ ᠲᠡᠭᠦᠯᠳᠡᠷ ᠪᠤᠰᠤ᠂ ᠠᠵᠢᠯ ᠲᠥᠷᠥᠯ᠎ᠦ᠋ᠨ ᠪᠡᠶ᠎ᠡ ᠪᠠᠨ ᠲᠠᠭᠠᠭᠠᠵᠤ ᠪᠣᠬᠢᠷᠲᠤᠯ ᠭᠠᠳᠠᠭ᠍ᠰᠢᠯᠠᠭᠤᠯᠬᠤ᠎ᠶᠢ ᠪᠠᠭᠠᠰᠭᠠᠬᠤ ᠬᠥᠳᠡᠯᠭᠡᠬᠦ᠌ ᠬᠦᠴᠦᠨ ᠬᠦᠷᠦᠯᠴᠡᠬᠦ᠌ ᠥᠬᠡᠢ᠂ ᠬᠠᠮ ᠴᠢᠳᠠᠪᠤᠷᠢᠲᠠᠨ ᠳᠤᠲᠠᠮᠠᠭ ᠵᠡᠷᠭᠡ ᠠᠰᠠᠭᠤᠳᠠᠯ
ᠵᠡᠷᠭᠡ ᠪᠡᠷ ᠣᠷᠣᠱᠢᠵᠤ ᠪᠠᠢᠨ᠎ᠠ》 ᠬᠡᠵᠦ ᠯᠢ ᠼᠦᠢ ᡁᠢ ᠬᠡᠯᠡᠪᠡ᠃ ᠲᠡᠷᠡ᠂
ᠡᠳᠡᠭᠡᠷ ᠠᠰᠠᠭᠤᠳᠠᠯ ᠨᠢ ᠲᠠᠷᠢᠶᠠᠯᠠᠩ ᠮᠠᠯ ᠠᠵᠤ ᠠᠬᠤᠢ᠎ᠶᠢᠨ ᠪᠠᠭ᠎ᠠ ᠨᠡᠭᠦᠷᠡᠰᠦᠲᠥ᠋ᠷᠥᠭ᠌ᠴᠢᠳᠦᠲᠡᠢᠰᠢ ᠬᠡᠯᠪᠡᠷᠢ ᠪᠡᠨ ᠬᠤᠪᠢᠷᠠᠭᠤᠯᠬᠤ ᠠᠯᠬᠤᠴᠠ᠎ᠶᠢ ᠨᠥᠯᠥᠭᠡᠯᠡᠵᠦ᠍ ᠪᠣᠢ ᠬᠡᠪᠡ᠃
ᠡᠳᠡᠭᠡᠷ ᠠᠰᠠᠭᠤᠳᠠᠯ᠎ᠳ᠋ᠤ ᠴᠢᠭ᠌ᠯᠡᠭᠦᠯᠦᠨ᠂ ᠨᠢᠳᠤᠨᠤᠨ ᠵᠢᠯ ᠯᠢ ᠼᠦᠢ ᡁᠢ ᠭᠦᠨᠵᠡᠭᠡᠢ ᠪᠠᠢᠴᠠᠭᠠᠨ ᠰᠤᠳᠤᠯᠤᠯᠲᠠ ᠬᠢᠵᠦ᠍᠂ ᠦᠪᠡᠷ᠎ᠤᠨ ᠬᠣᠷᠢ ᠭᠠᠷᠤᠢ ᠵᠢᠯ᠎ᠦ᠋ᠨ ᠠᠵᠢᠯ᠎ᠤ᠋ᠨ ᠲᠤᠷᠱᠢᠯᠭ᠎ᠠ᠎ᠲᠠᠢ᠎ᠪᠠᠨ
ᠤᠶᠠᠯᠳᠤᠭᠤᠯᠤᠨ ᠡᠨᠡ ᠵᠢᠯ᠎ᠦ᠋ᠨ ᠬᠣᠶᠠᠷ ᠬᠤᠷᠠᠯ ᠲᠡᠭᠡᠷ᠎ᠡ ᠦᠪᠡᠷᠮᠢᠴᠡ ᠰᠠᠨᠠᠭᠤᠯᠭ᠎ᠠ ᠪᠠᠨ ᠳᠤᠷᠠᠳᠴᠠᠢ᠃ ᠲᠠᠷᠤᠢ᠂
ᠲᠠᠷᠢᠶᠠᠯᠠᠩ ᠮᠠᠯ ᠠᠵᠤ ᠠᠬᠤᠢ᠎ᠶᠢᠨ ᠠᠵᠤ ᠠᠬᠤᠢᠯᠠᠯ᠎ᠤᠨ ᠲᠠᠷᠢᠵᠤ ᠲᠡᠵᠢᠭᠡᠬᠦ᠎ᠶᠢ ᠤᠶᠠᠯᠳᠤᠭᠤᠯᠬᠤ ᠵᠢ ᠵᠤᠷᠢᠬᠵᠢᠭᠤᠯᠵᠤ᠂ ᠪᠡᠯᠴᠢᠭᠡᠷ᠎ᠤᠨ ᠰᠡᠷᠬᠦᠭᠡᠯᠳᠡᠳ᠋ᠤ ᠣᠷᠣᠯᠴᠠᠭᠤᠯᠵᠤ᠂
ᠨᠤᠲᠤᠭ ᠪᠡᠯᠴᠢᠬᠡᠷ᠎ᠤ᠋ᠨ ᠠᠮᠢ ᠠᠬᠤᠢ᠎ᠶᠢᠨ ᠬᠠᠮᠠᠭᠠᠯᠠᠯᠳᠠ ᠪᠦᠲᠦᠭᠡᠨ ᠪᠠᠢᠭᠤᠯᠤᠯᠲᠠ᠎ᠶᠢ ᠴᠢᠩᠭᠠᠳᠭᠠᠬᠤ᠎ᠶᠢᠨ
ᠬᠠᠮᠲᠤ᠂ ᠪᠡᠯᠴᠢᠬᠡᠷ ᠤ᠋ᠨ ᠬᠠᠮᠢᠶᠠᠷᠤᠯᠲᠠ
ᠪᠠ ᠲᠡᠵᠢᠭᠡᠯ ᠡᠪᠡᠰᠦᠨᠦ᠌ᠲᠥᠷᠥᠯ ᠵᠦᠢᠯ᠎ᠢ ᠰᠠᠢᠵᠢᠷᠠᠭᠤᠯᠬᠤ᠂
ᠲᠡᠵᠢᠭᠡᠯ ᠪᠣᠷᠳᠣᠭ᠎ᠠ᠎ᠶᠢ ᠬᠣᠯᠢᠯᠳᠤᠭᠤᠯᠬᠤ ᠵᠡᠷᠭᠡ ᠠᠷᠭ᠎ᠠ᠎ᠪᠠᠷ ᠦᠢᠯᠡᠳᠪᠦᠷᠢᠯᠡᠯ᠎ᠦ᠋ᠨ ᠦᠷ᠎ᠡ ᠠᠱᠢᠭ᠎ᠢ᠋ ᠳᠡᠭᠡᠭ᠌ᠰᠢᠯᠡᠭᠦᠯᠵᠦ᠍᠂ ᠮᠠᠯᠵᠢᠯ᠎ᠤᠨ ᠲᠠᠯᠠᠪᠠᠢ ᠵᠢ ᠴᠢᠨᠠᠷ ᠰᠠᠢᠲᠠᠢ ᠨᠡᠭᠦᠷᠡᠰᠦᠲᠦ᠋ᠷᠦᠭ᠌ᠴᠢ ᠬᠤᠷᠠᠮᠳᠤᠭᠤᠯᠬᠤ ᠰᠢᠰᠲᠸᠮ
ᠪᠤᠯᠭᠠᠨ ᠴᠤᠬᠴᠠᠯᠠᠵᠤ᠂ ᠨᠡᠭᠦᠷᠡᠰᠦᠲᠦ᠋ᠷᠦᠭ᠌ᠴᠢ ᠵᠢᠨ ᠭᠠᠳᠠᠭᠰᠢᠯᠠᠭᠤᠯᠤᠯᠳᠠ᠎ᠶᠢ ᠪᠦᠲᠦᠮᠵᠢᠲᠡᠢ ᠪᠠᠭᠤᠷᠠᠭᠤᠯᠬᠤ᠂
ᠠᠵᠤ ᠠᠬᠤᠢ᠎ᠶᠢᠨ ᠦᠷ᠎ᠡ ᠠᠱᠢᠭ᠎ᠢ᠋ ᠵᠡᠷᠭᠡᠳᠡ ᠴᠢᠬᠤᠯᠠᠴᠢᠯᠠᠵᠤ᠂
ᠲᠠᠷᠢᠶᠠᠯᠠᠩ ᠮᠠᠯ ᠠᠵᠤ ᠠᠬᠤᠢ᠎ᠶᠢᠨ ᠠᠵᠤ ᠠᠬᠤᠢᠯᠠᠯ᠎ᠤ᠋ᠨ ᠬᠢᠨ ᠤ᠋ ᠰᠠᠢᠨ ᠳᠤᠷ᠎ᠠ ᠡᠴᠡ᠎ᠪᠡᠨ ᠭᠠᠳᠠᠭ᠍ᠰᠢᠯᠠᠭᠤᠯᠤᠯᠲᠠ᠎ᠶᠢ
ᠪᠠᠭᠠᠰᠭᠠᠬᠤ᠎ᠶᠢ ᠠᠬᠢᠭᠤᠯᠪᠠᠯ ᠵᠤᠬᠢᠨ᠎ᠠ᠃
ᠡᠭᠦᠨ᠎ᠦ᠌ ᠬᠠᠮᠲᠤ᠂ ᠯᠢ ᠼᠦᠢ ᡁᠢ ᠪᠠᠰᠠ ᠲᠠᠷᠢᠶᠠᠯᠠᠩ ᠮᠠᠯ ᠠᠵᠤ ᠠᠬᠤᠢ᠎ᠶᠢᠨ
ᠨᠡᠭᠦᠷᠡᠰᠦᠲᠥ᠋ᠷᠥᠭ᠌ᠴᠢ ᠵᠢᠨ ᠭᠠᠳᠠᠭ᠍ᠰᠢᠯᠠᠭᠤᠯᠤᠯᠳᠠᠵᠢᠨᠪᠦᠷᠢᠳᠭᠡᠯᠦ᠋ᠨᠱᠢᠰᠲ᠋ᠧᠮᠢ᠋ᠲᠡᠭᠦᠯᠳᠡᠷᠵᠢᠭᠦᠯᠵᠦ᠍᠂ᠲᠠᠷᠢᠶᠠᠯᠠᠩᠮᠠᠯᠠᠵᠤ ᠠᠬᠤᠢ᠎ᠶᠢᠨ ᠨᠡᠭᠦᠷᠡᠰᠦᠲᠥ᠋ᠷᠥᠭ᠌ᠴᠢ ᠵᠢᠨ ᠭᠠᠳᠠᠭ᠍ᠰᠢᠯᠠᠭᠤᠯᠤᠯᠳᠠ᠎ᠶᠢ ᠪᠠᠭᠠᠰᠭᠠᠬᠤᠳ᠋ᠤ
ᠵᠤᠬᠢᠬᠤ ᠲᠥᠷᠥ᠎ᠶᠢᠨ ᠪᠣᠳᠣᠯᠭ᠎ᠠ᠎ᠶᠢᠨ ᠲᠤᠯᠭᠠᠭᠤᠷᠢᠯᠠᠯ ᠬᠠᠩᠭᠠᠵᠤ᠂ ᠲᠣᠳᠣᠷᠬᠠᠢ ᠱᠠᠭᠠᠷᠳᠠᠯᠭ᠎ᠠ ᠪᠠ ᠬᠢᠵᠠᠭᠠᠷᠯᠠᠬᠤ ᠵᠢᠭᠠᠯᠳᠠ ᠲᠣᠭ᠎ᠠ ᠵᠢ ᠳᠤᠷᠠᠳᠤᠨ ᠭᠠᠷᠭᠠᠪᠠᠯ ᠵᠤᠬᠢᠨ᠎ᠠ; ᠨᠡᠭᠦᠷᠡᠰᠦᠲᠥ᠋ᠷᠥᠭ᠌ᠴᠢ ᠵᠢ
ᠰᠠᠭᠠᠷᠮᠠᠬᠵᠢᠭᠤᠯᠬᠤ ᠵᠠᠮ ᠱᠤᠭᠤᠮ᠎ᠤ᠋ᠨ ᠵᠢᠷᠤᠭ᠎ᠢ ᠲᠣᠭ᠍ᠲᠠᠭᠠᠵᠤ᠂
ᠲᠠᠷᠢᠶᠠᠯᠠᠩ ᠮᠠᠯ ᠠᠵᠤ ᠠᠬᠤᠢ᠎ᠶᠢᠨ ᠪᠦᠬᠦᠢᠯᠡ ᠠᠵᠤ ᠦᠢᠯᠡᠰ᠎ᠦ᠋ᠨ ᠬᠡᠯᠬᠢᠶᠡᠨ᠎ᠤ ᠨᠡᠭᠦᠷᠡᠰᠦᠲᠥ᠋ᠷᠥᠭ᠌ᠴᠢ ᠵᠢᠨ
ᠭᠠᠳᠠᠭᠰᠢᠯᠠᠭᠤᠯᠤᠯᠳᠠ ᠵᠢ ᠪᠠᠭᠤᠷᠠᠭᠤᠯᠬᠤ ᠪᠦᠳᠦᠮᠵᠢᠳᠡᠢ ᠭᠠᠷᠳᠠᠴᠠ ᠵᠢ ᠡᠷᠢᠵᠦ
ᠤᠯᠪᠠᠯ ᠵᠤᠬᠢᠨ᠎ᠠ; 《ᠲᠠᠷᠢᠶᠠᠯᠠᠩ
ᠮᠠᠯ ᠠᠵᠤ ᠠᠬᠤᠢ + ᠨᠡᠭᠦᠷᠡᠰᠦᠲᠥ᠋ᠷᠥᠭ᠌ᠴᠢ ᠵᠢᠨ ᠭᠠᠳᠠᠭᠰᠢᠯᠠᠭᠤᠯᠤᠯᠳᠠ ᠵᠢ ᠪᠠᠭᠤᠷᠠᠭᠤᠯᠬᠤ 》 ᠬᠠᠮ ᠴᠢᠳᠠᠪᠤᠷᠢᠲᠠᠨ᠎ᠢ᠋ ᠲᠦᠷᠭᠡᠳᠭᠡᠨ
ᠬᠥᠮᠦᠵᠢᠭᠦᠯᠵᠦ᠍᠂ ᠳᠡᠭᠡᠳᠦ ᠵᠡᠷᠭᠡ᠎ᠶᠢᠨ ᠰᠤᠷᠭᠠᠭᠤᠯᠢ᠎ᠶᠢᠨ ᠲᠠᠷᠢᠶᠠᠯᠠᠩ ᠮᠠᠯ ᠠᠵᠤ ᠠᠬᠤᠢ᠎ᠶᠢᠨ ᠨᠡᠭᠦᠷᠡᠰᠦᠲᠥ᠋ᠷᠥᠭ᠌ᠴᠢ ᠵᠢ ᠰᠠᠭᠠᠷᠮᠠᠬᠵᠢᠭᠤᠯᠬᠤ ᠶᠠᠪᠤᠴᠠᠳ᠋ᠠᠬᠢ ᠬᠠᠯᠠᠮᠱᠢᠯ ᠠᠰᠠᠭᠤᠳᠠᠯ᠂ ᠬᠦᠴᠢᠷ ᠠᠰᠠᠭᠤᠳᠠᠯ᠎ᠳ᠋ᠤ ᠴᠢᠭ᠌ᠯᠡᠭᠦᠯᠦᠨ ᠰᠤᠳᠤᠯᠭᠠᠨ ᠥᠷᠨᠢᠭᠦᠯᠬᠦ᠎ᠶᠢ ᠳᠡᠮᠵᠢᠵᠦ᠍᠂
ᠢᠯᠠᠩᠭᠤᠶ᠎ᠠ ᠲᠠᠷᠢᠶᠠᠯᠠᠩ ᠮᠠᠯ ᠠᠵᠤ ᠠᠬᠤᠢ ᠳ᠋ᠤ ᠬᠠᠨᠳᠤᠭᠤᠯᠤᠬᠰᠠᠨ ᠨᠡᠭᠦᠷᠡᠰᠦᠲᠥ᠋ᠷᠥᠭ᠌ᠴᠢ ᠵᠢᠨ ᠠᠷᠠᠯᠵᠢᠶ᠎ᠠ᠂ ᠨᠡᠭᠦᠷᠡᠰᠦᠲᠥ᠋ᠷᠥᠭ᠌ᠴᠢ ᠵᠢ ᠰᠠᠭᠠᠷᠮᠠᠬᠵᠢᠭᠤᠯᠬᠤ ᠵᠢ ᠵᠠᠬ᠎ᠠ ᠲᠡᠯᠬᠡᠬᠦᠷᠴᠢᠯᠡᠬᠦ ᠠᠷᠭ᠎ᠠ ᠵᠠᠮ ᠢ᠋
ᠴᠢᠨᠠᠬᠰᠢᠳᠠ ᠬᠠᠢᠨ ᠰᠦᠪᠡᠭᠴᠢᠯᠡᠵᠦ᠂ ᠠᠵᠢᠯ ᠲᠥᠷᠥᠯ᠎ᠦ᠋ᠨ
ᠪᠠᠭ᠎ᠠ ᠨᠡᠭᠦᠷᠡᠰᠦᠲᠥ᠋ᠷᠥᠭ᠌ᠴᠢᠳᠦ ᠬᠥᠭ᠌ᠵᠢᠯᠲᠡ᠎ᠶᠢᠨ ᠣᠨᠣᠯ᠎ᠤ᠋ᠨ ᠱᠢᠰᠲ᠋ᠧᠮ᠎ᠢ᠋ ᠲᠡᠭᠦᠯᠳᠡᠷᠵᠢᠭᠦᠯᠪᠡᠯ ᠵᠤᠬᠢᠨ᠎ᠠ
ᠬᠡᠬᠦ ᠰᠠᠨᠠᠭᠤᠯᠭ᠎ᠠ ᠭᠠᠷᠭᠠᠪᠠ᠃
《ᠨᠤᠮᠢᠨ ᠨᠤᠭᠤᠭᠠᠨ ᠪᠣᠯ ᠥᠪᠥᠷ ᠮᠣᠩᠭᠣᠯ᠎ᠤ᠋ᠨ
ᠴᠢᠨᠠᠷ ᠰᠠᠢᠳᠠᠢ ᠬᠥᠭ᠌ᠵᠢᠯᠳᠡ᠎ᠵᠢᠨ ᠲᠠᠪᠠᠭᠤᠯᠢᠭ ᠪᠤᠯᠤᠨ᠎ᠠ᠂ ᠮᠥᠨ ᠴᠸ᠋ ᠲᠤᠮᠳᠠᠳᠤ
ᠤᠯᠤᠰ ᠤ᠋ᠨ ᠴᠠᠭᠠᠨ ᠢᠳᠡᠬᠡᠨ᠎ᠤ ᠦᠢᠯᠡᠰ ᠤ᠋ᠨ ᠴᠢᠨᠠᠷ
ᠴᠢᠨᠠᠷᠲᠠᠢ ᠬᠥᠭ᠌ᠵᠢᠯᠳᠡ᠎ᠵᠢᠨ ᠲᠠᠪᠠᠭᠤᠯᠢᠭ ᠮᠦᠨ᠂ 〈ᠬᠤᠤᠰ ᠨᠡᠭᠦᠷᠡᠰᠦᠲᠥ᠋ᠷᠥᠭ᠌ᠴᠢ〉
ᠵᠢᠨ ᠬᠠᠷᠠᠯᠳᠠ ᠵᠢ ᠪᠡᠶᠡᠯᠡᠭᠦᠯᠬᠦ᠌
ᠶᠠᠪᠤᠴᠠᠳ᠋ᠤ ᠴᠠᠭᠠᠨ ᠢᠳᠡᠭᠡᠨ ᠤ ᠠᠵᠤ ᠦᠢᠯᠡᠰ ᠤ᠋ᠨ ᠬᠢᠨ ᠢᠳᠡᠪᠬᠢᠳᠡᠢ ᠬᠦᠴᠦᠨ ᠴᠢᠳᠠᠯ᠎ᠵᠢᠡᠨ ᠡᠷᠭᠦᠬᠦ᠌ ᠬᠡᠷᠡᠭ᠌ᠲᠡᠢ》ᠬᠡᠵᠦ ᠯᠢ ᠼᠦᠢ ᡁᠢ ᠬᠡᠯᠡᠬᠦ ᠵᠢᠨ ᠬᠠᠮᠳᠤ᠄ 《ᠪᠢᠳᠡ ᠤᠯᠤᠰ᠎ᠤ᠋ᠨ 〈ᠬᠣᠣᠰ ᠨᠡᠭᠦᠷᠡᠰᠦᠲᠥ᠋ᠷᠥᠭ᠌ᠴᠢ〉ᠵᠢᠨ ᠠᠵᠢᠯ᠎ᠤ᠋ᠨ ᠲᠥᠯᠥᠪᠵᠢᠭᠦᠯᠭᠡ᠎ᠶᠢᠨ ᠪᠠᠢᠷᠢᠯᠠᠭᠤᠯᠤᠯᠲᠠ ᠶᠣᠰᠣᠭᠠᠷ᠂ ᠱᠢᠰᠲ᠋ᠧᠮᠦ᠋ᠨ ᠦᠵᠡᠯᠲᠡ᠎ᠪᠡᠨ ᠴᠢᠩᠭᠠᠳᠭᠠᠵᠤ᠂ ᠪᠦᠬᠦ᠌ ᠬᠡᠯᠬᠢᠶ᠎ᠡ ᠵᠢᠨ ᠨᠡᠭᠦᠷᠡᠰᠦᠲᠥ᠋ᠷᠥᠭ᠌ᠴᠢ ᠵᠢᠨ ᠭᠠᠳᠠᠭᠰᠢᠯᠠᠭᠤᠯᠤᠯᠳᠠ᠎ᠶᠢ
ᠪᠠᠭᠤᠷᠠᠭᠤᠯᠬᠤ ᠵᠢ ᠲᠦᠷᠭᠡᠳᠭᠡᠨ᠂ ᠨᠡᠭᠦᠷᠡᠰᠦᠲᠥ᠋ᠷᠥᠭ᠌ᠴᠢ ᠵᠢᠨ ᠭᠠᠳᠠᠭᠰᠢᠯᠠᠭᠤᠯᠤᠯᠳᠠᠦᠬᠡᠢ ᠢᠷᠡᠬᠡᠳᠦᠢ ᠵᠢ ᠡᠬᠦᠳᠦᠨ ᠴᠤᠬᠴᠠᠯᠠᠵᠤ᠂ ᠡᠬᠡ ᠤᠯᠤᠰ᠎ᠤ᠋ᠨ ᠤᠮᠠᠷᠠᠲᠤ
ᠬᠢᠯᠢ᠎ᠶᠢᠨ ᠦᠵᠡᠮᠵᠢ᠎ᠶᠢᠨ ᠣᠷᠣᠨ ᠵᠢᠡᠨ ᠨᠡᠩ ᠦᠵᠡᠰᠭᠦᠯᠡᠩᠲᠦ ᠰᠠᠢᠬᠠᠨ ᠪᠣᠯᠭᠠᠨ ᠪᠦᠲᠦᠭᠡᠨ ᠪᠠᠢᠭᠤᠯᠬᠤ ᠴᠢᠬᠤᠯᠠᠳᠠᠢ》 ᠬᠡᠪᠡ᠃