
ᠶᠡᠷᠦᠩᠬᠡᠢ ᠱᠦᠵᠢ ᠰᠢ ᠵᠢᠨ ᠫᠢᠩ ᠠᠷᠪᠠᠨ ᠭᠤᠷᠪᠠᠳᠤᠭᠠᠷ ᠬᠤᠭᠤᠴᠠᠭᠠᠨ᠎ᠤ᠋ ᠪᠥᠬᠥ᠌
ᠤᠯᠤᠰ᠎ᠤ᠋ᠨ ᠠᠷᠠᠳ᠎ᠤ᠋ᠨ ᠲᠥᠯᠥᠭᠡᠯᠡᠭ᠌ᠴᠢᠳ᠎ᠤ᠋ᠨ ᠶᠡᠬᠡ ᠬᠤᠷᠠᠯ᠎ᠤ᠋ᠨ ᠲᠠᠪᠤᠳᠤᠭᠠᠷ ᠬᠤᠷᠠᠯ᠎ᠤ᠋ᠨ ᠥᠪᠥᠷ ᠮᠣᠩᠭᠣᠯ᠎ᠤ᠋ᠨ
ᠲᠥᠯᠥᠭᠡᠯᠡᠭ᠌ᠴᠢᠳ᠎ᠤ᠋ᠨ ᠪᠦᠯᠬᠦᠮᠦ᠋ᠨ ᠬᠢᠨᠠᠨ ᠵᠥᠪᠯᠡᠬᠦᠳ᠋ᠦ᠍ ᠣᠷᠣᠯᠴᠠᠬᠤᠳ᠋ᠠᠭᠠᠨ᠂ ᠱᠢᠨ᠎ᠡ ᠬᠥᠭ᠌ᠵᠢᠯᠲᠡ᠎ᠶᠢᠨ
ᠣᠢᠯᠠᠭᠠᠭ᠍ᠳᠠᠬᠤᠨ ᠢ᠋ ᠪᠦᠷᠢᠨ ᠪᠦᠲᠦᠨ᠂ ᠵᠦᠪ ᠣᠨᠣᠪᠴᠢᠲᠠᠢ᠂ ᠪᠦᠬᠦ᠌ ᠲᠠᠯ᠎ᠠ᠎ᠪᠠᠷ ᠲᠤᠭᠤᠰᠢᠯᠠᠭᠤᠯᠵᠤ᠂ ᠱᠢᠨ᠎ᠡ
ᠬᠥᠭ᠌ᠵᠢᠯᠲᠡ᠎ᠶᠢᠨ ᠪᠠᠢᠷᠢᠱᠢᠯᠢ᠋ ᠲᠦᠷᠭᠡᠳᠭᠡᠨ ᠪᠠᠢᠭᠤᠯᠵᠤ᠂ ᠴᠢᠨᠠᠷ ᠰᠠᠢᠲᠠᠢ ᠬᠥᠭ᠌ᠵᠢᠯᠲᠡ᠎ᠶᠢ ᠠᠬᠢᠭᠤᠯᠵᠤ᠂
ᠱᠢᠨᠵᠢᠯᠡᠬᠦ᠌ ᠤᠬᠠᠭᠠᠨ ᠲᠧᠭᠨᠢᠭ ᠮᠡᠷᠭᠡᠵᠢᠯ᠎ᠦ᠋ᠨ ᠪᠡᠶ᠎ᠡ᠎ᠪᠡᠨ ᠳᠠᠭᠠᠭᠠᠵᠤ ᠬᠦᠴᠦᠷᠬᠡᠭ᠌ᠵᠢᠬᠦ᠎ᠶᠢ ᠲᠦᠷᠭᠡᠳᠭᠡᠨ
ᠪᠡᠶᠡᠯᠡᠭᠦᠯᠳᠡᠭ ᠯᠡ ᠶᠦ᠍ᠮ ᠪᠣᠯ᠂ ᠪᠢᠳᠡ ᠯᠠᠪᠲᠠᠢ ᠮᠠᠨ᠎ᠤ᠋ ᠤᠯᠤᠰ᠎ᠤ᠋ᠨ ᠬᠥᠭ᠌ᠵᠢᠯᠲᠡ᠎ᠶᠢᠨ ᠥᠷᠢᠰᠦᠯᠳᠦᠬᠦ᠌
ᠬᠦᠴᠦᠨ ᠪᠠ ᠦᠷᠭᠦᠯᠵᠢᠯᠡᠬᠦ᠌ ᠬᠦᠴᠦᠨ᠎ᠢ ᠲᠠᠰᠤᠷᠠᠯᠲᠠ ᠦᠭᠡᠢ ᠳᠡᠭᠡᠭ᠌ᠰᠢᠯᠡᠭᠦᠯᠵᠦ᠍᠂ ᠡᠳᠦᠷ ᠢᠷᠡᠬᠦᠶ᠎ᠡ ᠱᠢᠷᠦᠭᠦᠰᠴᠦ᠍
ᠪᠠᠢᠭ᠎ᠠ ᠣᠯᠠᠨ ᠤᠯᠤᠰ᠎ᠤ᠋ᠨ ᠥᠷᠢᠰᠦᠯᠳᠦᠭᠡᠨᠦ᠌ ᠳᠤᠮᠳᠠ ᠰᠠᠨᠠᠭᠠᠴᠢᠯᠠᠭᠠᠲᠤ ᠪᠠᠢᠷᠢ᠎ᠶᠢ ᠡᠵᠡᠮᠳᠡᠵᠦ᠍᠂ ᠢᠷᠡᠭᠡᠳᠦᠢ᠎ᠵᠢᠨ
ᠢᠯᠠᠯᠳᠠ ᠵᠢ ᠣᠯᠵᠤ ᠴᠢᠳᠠᠬᠤ ᠶᠤᠮ ᠭᠡᠵᠦ᠍ ᠴᠢᠬᠤᠯᠠᠴᠢᠯᠠᠪᠠ᠃
《ᠶᠡᠷᠦᠩᠬᠡᠢ ᠱᠦᠵᠢ᠎ᠶᠢᠨ ᠴᠢᠬᠤᠯᠠ ᠶᠠᠷᠢᠶ᠎ᠠ ᠨᠠᠳᠠ ᠵᠢ ᠶᠡᠬᠡ ᠪᠡᠷ ᠵᠣᠷᠢᠭ᠍ᠵᠢᠭᠤᠯᠤᠭᠰᠠᠨ
ᠪᠦᠭᠡᠳ ᠮᠦᠷᠦᠨ ᠳ᠋ᠡᠬᠢ ᠡᠬᠦᠷᠭᠡ ᠬᠦᠨᠳᠦ ᠪᠠᠢᠬᠤ ᠵᠢ ᠮᠡᠳᠡᠷᠡᠬᠦᠯᠦᠯ᠎ᠡ》 ᠬᠡᠵᠦ ᠪᠦᠬᠦ᠌ ᠤᠯᠤᠰ᠎ᠤ᠋ᠨ ᠤᠯᠤᠰ ᠲᠥᠷᠥ᠎ᠶᠢᠨ ᠵᠥᠪᠯᠡᠯᠭᠡᠨᠦ᠌ ᠭᠡᠱᠢᠭᠦᠨ᠂ ᠥᠪᠡᠷᠲᠡᠭᠡᠨ
ᠵᠠᠰᠠᠬᠤ ᠣᠷᠣᠨ᠎ᠤ᠋ ᠱᠢᠨᠵᠢᠯᠡᠬᠦ᠌ ᠤᠬᠠᠭᠠᠨ ᠲᠧᠭᠨᠢᠭ ᠮᠡᠷᠭᠡᠵᠢᠯ᠎ᠦ᠋ᠨ ᠲᠢᠩᠬᠢᠮᠦ᠋ᠨ ᠳᠠᠷᠤᠭ᠎ᠠ ᠰᠦᠨ ᠵᠢᠶᠦ᠋ᠨ
ᠴᠢᠩ ᠬᠡᠯᠡᠪᠡ᠃ ᠪᠥᠬᠥ᠌ ᠤᠯᠤᠰ᠎ᠤ᠋ᠨ ᠤᠯᠤᠰ ᠲᠥᠷᠥ᠎ᠶᠢᠨ ᠵᠥᠪᠯᠡᠯᠭᠡᠨᠦ᠌ ᠭᠡᠱᠢᠭᠦᠨᠦ᠌ ᠲᠤᠱᠢᠶᠠᠯᠢ᠋ ᠡᠭᠦᠷᠭᠡᠯᠡᠭ᠌ᠰᠡᠨ᠎ᠡᠴᠡ ᠨᠡᠭᠠᠰᠢ
ᠰᠦᠨ ᠵᠢᠶᠦ᠋ᠨ ᠴᠢᠩ ᠱᠢᠨᠵᠢᠯᠡᠬᠦ᠌ ᠤᠬᠠᠭᠠᠨ ᠲᠧᠭᠨᠢᠭ ᠮᠡᠷᠭᠡᠵᠢᠯ᠎ᠦ᠋ᠨ
ᠱᠢᠨ᠎ᠡ᠎ᠶᠢ ᠡᠭᠦᠳᠬᠦ᠌ ᠠᠵᠢᠯ᠎ᠤ᠋ᠨ ᠲᠣᠭᠣᠷᠢᠨᠳ᠋ᠤ《ᠭᠡᠱᠢᠭᠦᠨᠦ᠌ ᠲᠠᠰᠬᠠᠯ》 ᠵᠢᠡᠨ ᠰᠠᠢᠲᠤᠷ ᠬᠢᠵᠦ᠍᠂ ᠱᠢᠨ᠎ᠡ᠎ᠶᠢ ᠡᠭᠦᠳᠬᠦ᠎ᠪᠡᠷ ᠬᠥᠭ᠌ᠵᠢᠯᠲᠡ᠎ᠶᠢᠨ ᠬᠥᠳᠡᠯᠭᠡᠭᠦᠷ
ᠪᠣᠯᠭᠠᠬᠤ ᠪᠠᠢᠯᠳᠤᠬᠤ ᠪᠣᠳᠣᠯᠭ᠎ᠠ᠎ᠶᠢᠨ ᠲᠣᠭᠣᠷᠢᠨᠳ᠋ᠤ ᠤᠷᠢᠳ ᠬᠣᠵᠢᠳ 13 ᠬᠣᠯᠪᠣᠭ᠍ᠳᠠᠯ ᠪᠦᠬᠦᠢ ᠰᠠᠨᠠᠯ ᠳᠤᠷᠠᠳᠤᠯᠭ᠎ᠠ ᠰᠠᠨᠠᠭᠤᠯᠭᠠᠳᠤᠷᠠᠳᠪᠠ᠃ ᠲᠤᠰ ᠤᠳᠠᠭ᠎ᠠ᠎ᠶᠢᠨ ᠬᠤᠷᠠᠯ᠎ᠳ᠋ᠤ ᠤᠷᠤᠯᠴᠠᠬᠤ
ᠳ᠋ᠠᠭᠠᠨ ᠲᠡᠷᠡ᠄ ᠤᠯᠤᠰ ᠡᠴᠡ ᠥᠪᠥᠷ ᠮᠣᠩᠭᠣᠯ᠎ᠤ᠋ᠨ ᠣᠷᠣᠨ ᠪᠦᠰᠡ᠎ᠶᠢᠨ ᠱᠢᠨ᠎ᠡ᠎ᠶᠢ ᠡᠭᠦᠳᠬᠦ᠌ ᠬᠥᠭ᠌ᠵᠢᠯᠲᠡ᠎ᠶᠢᠨ
ᠳᠤᠮᠳᠠ ᠨᠢᠭᠡᠨᠲᠡ ᠪᠦᠷᠢᠯᠳᠦᠭᠦᠯᠦᠭ᠌ᠰᠡᠨ ᠱᠢᠨ᠎ᠡ᠎ᠶᠢ ᠡᠭᠦᠳᠬᠦ᠌ ᠰᠠᠭᠤᠷᠢ᠂ ᠬᠠᠷᠢᠴᠠᠩᠭᠤᠢ ᠳᠠᠪᠠᠭᠤᠯᠢᠭ ᠵᠢᠴᠢ
ᠬᠠᠷᠠᠬᠠᠨ ᠬᠦᠭᠵᠢᠬᠡᠳᠦᠢ ᠭᠠᠵᠠᠷ ᠣᠷᠣᠨ᠎ᠳ᠋ᠤ ᠱᠢᠨᠵᠢᠯᠡᠬᠦ᠌ ᠤᠬᠠᠭᠠᠨ ᠲᠧᠭᠨᠢᠭ ᠮᠡᠷᠭᠡᠵᠢᠯ᠎ᠦ᠋ᠨ ᠱᠢᠨ᠎ᠡ᠎ᠶᠢ
ᠡᠭᠦᠳᠬᠦ᠌ ᠪᠡᠷ ᠴᠢᠨᠠᠷ ᠰᠠᠢᠲᠠᠢ ᠬᠥᠭ᠌ᠵᠢᠯᠲᠡ᠎ᠶᠢᠨ ᠵᠠᠮ᠎ᠢ᠋ ᠰᠦᠪᠡᠭ᠌ᠴᠢᠯᠡᠬᠦᠳ᠋ᠤ ᠳᠤᠯᠭᠠᠭᠤᠷᠢᠯᠠᠯ ᠬᠠᠩᠭᠠᠬᠤ
ᠠᠷᠭ᠎ᠠ ᠵᠠᠮ᠎ᠢ ᠰᠤᠪᠢᠬᠤ ᠵᠢᠨ ᠴᠢᠬᠤᠯᠠ ᠠᠴᠢ ᠬᠣᠯᠪᠣᠭ᠍ᠳᠠᠯᠢ᠋ ᠨᠢᠭᠡᠳᠦᠯᠲᠡᠢ ᠲᠥᠯᠥᠪᠯᠡᠨ ᠪᠣᠳᠣᠯᠬᠢᠯᠠᠵᠤ᠂
ᠥᠪᠥᠷ ᠮᠣᠩᠭᠣᠯ᠎ᠤ᠋ᠨ ᠬᠥᠬᠡᠬᠣᠲᠠ ᠪᠤᠭᠤᠲᠤ ᠣᠷᠳᠣᠰ᠎ᠤ᠋ᠨ ᠤᠯᠤᠰ᠎ᠤ᠋ᠨ ᠪᠡᠶ᠎ᠡ᠎ᠪᠡᠨ ᠳᠠᠭᠠᠭᠠᠵᠤ ᠱᠢᠨ᠎ᠡ᠎ᠶᠢ ᠡᠭᠦᠳᠬᠦ᠌
ᠵᠢᠱ᠌ᠢᠶ᠎ᠡ ᠦᠵᠡᠭᠦᠯᠬᠦ᠌ ᠣᠷᠣᠨ᠎ᠤ ᠪᠠᠢᠭᠤᠯᠤᠯᠳᠠ᠎ᠶᠢ ᠶᠡᠬᠡ
ᠪᠡᠷ ᠳᠡᠮᠵᠢᠬᠦ ᠲᠤᠬᠠᠢ ᠰᠠᠨᠠᠭᠤᠯᠭ᠎ᠠ ᠭᠠᠷᠭᠠᠪᠠ᠃
ᠰᠦᠨ ᠵᠢᠶᠦ᠋ᠨ ᠴᠢᠩᠦ᠋ᠨ ᠦᠵᠡᠬᠦ᠎ᠪᠡᠷ᠂ ᠥᠪᠥᠷ ᠮᠣᠩᠭᠣᠯ᠎ᠳ᠋ᠤ ᠬᠥᠬᠡᠬᠣᠲᠠ ᠪᠤᠭᠤᠲᠤ
ᠣᠷᠳᠣᠰ᠎ᠤ᠋ᠨ ᠤᠯᠤᠰ᠎ᠤ᠋ᠨ ᠪᠡᠶ᠎ᠡ᠎ᠪᠡᠨ ᠳᠠᠭᠠᠭᠠᠵᠤ ᠱᠢᠨ᠎ᠡ᠎ᠶᠢ ᠡᠭᠦᠳᠬᠦ᠌ ᠵᠢᠱ᠌ᠢᠶ᠎ᠡ ᠦᠵᠡᠭᠦᠯᠬᠦ᠌ ᠣᠷᠣᠨ᠎ᠢ᠋ ᠪᠠᠢᠷᠢᠰᠢᠭᠤᠯᠤᠨ ᠪᠠᠢᠭᠤᠯᠬᠤ ᠪᠤᠯ ᠶᠡᠷᠦᠩᠬᠡᠢ ᠱᠦᠵᠢ ᠰᠢ ᠵᠢᠨ
ᠫᠢᠩᠦ᠋ᠨ ᠥᠪᠥᠷ ᠮᠣᠩᠭᠣᠯ᠎ᠤᠨ ᠳᠤᠬᠠᠢ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠣᠯᠠᠪᠤᠷᠢ᠎ᠶᠢᠨ ᠵᠣᠷᠢᠭ ᠰᠠᠨᠠᠭ᠎ᠠ᠎ᠶᠢ ᠲᠤᠭᠤᠰᠢᠯᠠᠭᠤᠯᠤᠨ ᠨᠠᠢᠳᠠᠪᠤᠷᠢᠵᠢᠭᠤᠯᠬᠤ
ᠵᠢᠨ ᠳᠣᠲᠣᠭᠠᠳᠤ ᠱᠠᠭᠠᠷᠳᠠᠯᠭ᠎ᠠ ᠪᠤᠯᠤᠨ᠎ᠠ᠂ ᠮᠦᠨ ᠴᠤ᠌ ᠬᠠᠷᠠᠬᠠᠨ ᠬᠦᠭᠵᠢᠬᠡᠳᠦᠢ ᠭᠠᠵᠠᠷ ᠣᠷᠣᠨ᠎ᠤ᠋ ᠴᠢᠨᠠᠷ
ᠰᠠᠢᠲᠠᠢ ᠬᠥᠭ᠌ᠵᠢᠯᠲᠡ᠎ᠶᠢ ᠰᠦᠪᠡᠭ᠌ᠴᠢᠯᠡᠬᠦ᠌ ᠠᠮᠢᠳᠤᠯᠢᠭ ᠦᠢᠯᠡᠳᠦᠯᠭᠡ ᠪᠣᠯᠬᠤ ᠪᠥᠭᠡᠳ ᠣᠷᠣᠨ ᠪᠦᠰᠡ᠎ᠶᠢᠨ ᠱᠢᠨ᠎ᠡ᠎ᠶᠢ
ᠡᠭᠦᠳᠬᠦ᠌ ᠬᠥᠭ᠌ᠵᠢᠯᠲᠡ᠎ᠶᠢᠨ ᠪᠠᠢᠳᠠᠯ᠎ᠤ᠋ᠨ ᠬᠡᠷᠡᠭ᠌ᠴᠡᠭᠡ ᠱᠠᠭᠠᠷᠳᠠᠯᠭ᠎ᠠ ᠪᠣᠯᠤᠨ᠎ᠠ᠃ ᠵᠣᠬᠢᠬᠤ ᠣᠷᠣᠨ ᠪᠦᠰᠡ᠎ᠶᠢᠨ
ᠳᠣᠲᠣᠷ᠎ᠠ ᠱᠢᠨᠵᠢᠯᠡᠬᠦ᠌ ᠤᠬᠠᠭᠠᠨ ᠲᠧᠭᠨᠢᠭ ᠮᠡᠷᠭᠡᠵᠢᠯ᠎ᠦ᠋ᠨ ᠪᠠᠢᠭᠤᠯᠤᠮᠵᠢ ᠲᠣᠭ᠍ᠲᠠᠴᠠ᠎ᠶᠢᠨ ᠥᠭᠡᠷᠡᠴᠢᠯᠡᠯᠲᠡ᠂
ᠱᠢᠨ᠎ᠡ᠎ᠶᠢ ᠡᠭᠦᠳᠬᠦ᠌ ᠲᠥᠷᠥ᠎ᠶᠢᠨ ᠪᠣᠳᠣᠯᠭ᠎ᠠ᠎ᠶᠢᠨ ᠤᠷᠢᠳ ᠵᠢᠡᠷ ᠬᠡᠷᠡᠭᠵᠢᠬᠦᠯᠵᠦ ᠤᠷᠢᠳ ᠵᠢᠡᠷ ᠲᠤᠷᠱᠢᠬᠤ᠎ᠶᠢ
ᠥᠷᠨᠢᠭᠦᠯᠬᠦ᠎ᠪᠡᠷ ᠳᠠᠮᠵᠢᠭᠤᠯᠤᠨ᠂ ᠡᠯ᠎ᠡ ᠲᠥᠷᠥᠯ᠎ᠦ᠋ᠨ ᠱᠢᠨ᠎ᠡ᠎ᠶᠢ ᠡᠭᠦᠳᠬᠦ᠌ ᠴᠢᠬᠤᠯᠠ ᠬᠦᠴᠦᠨ ᠵᠦᠢᠯ ᠡᠬᠢ
ᠪᠠᠶᠠᠯᠢᠭ᠎ᠤᠨ ᠴᠤᠭᠯᠠᠷᠠᠯ᠎ᠢ ᠲᠦᠷᠭᠡᠳᠭᠡᠨ ᠠᠬᠢᠭᠤᠯᠵᠤ᠂ ᠡᠭᠦᠨ᠎ᠦ᠌ ᠤᠯᠠᠮᠵᠢᠡᠷ ᠣᠷᠣᠨ ᠪᠦᠰᠡ᠎ᠶᠢᠨ ᠱᠢᠨ᠎ᠡ᠎ᠶᠢ
ᠡᠭᠦᠳᠬᠦ᠌ ᠥᠨᠳᠥᠷᠯᠢᠭ ᠢ᠋ ᠴᠣᠭ᠍ᠴᠠᠯᠠᠨ ᠪᠠᠢᠭᠤᠯᠬᠤ ᠨᠢ ᠥᠪᠥᠷ ᠮᠣᠩᠭᠣᠯ᠎ᠤ᠋ᠨ ᠴᠢᠨᠠᠷ ᠰᠠᠢᠲᠠᠢ ᠬᠥᠭ᠌ᠵᠢᠯᠲᠡ᠎ᠳ᠋ᠦ᠍
ᠲᠤᠢᠯ᠎ᠤ᠋ᠨ ᠴᠢᠬᠤᠯᠠ ᠠᠴᠢ ᠬᠣᠯᠪᠣᠭ᠍ᠳᠠᠯ᠎ᠲᠠᠢ ᠶᠤᠮ᠃
ᠰᠦᠨ ᠵᠢᠶᠦ᠋ᠨ ᠴᠢᠩ᠂ ᠠᠮᠢ ᠠᠬᠤᠢ᠎ᠶᠢ ᠤᠷᠢᠳ ᠵᠢᠡᠷ ᠪᠤᠳᠤᠯᠬᠢᠯᠠᠬᠤ ᠪᠣᠬᠢᠷᠲᠤᠯ
ᠦᠭᠡᠢ ᠬᠥᠭ᠌ᠵᠢᠬᠦᠯᠬᠦ᠎ᠪᠡᠷ ᠤᠳᠤᠷᠢᠳᠤᠮᠵᠢ ᠪᠣᠯᠭᠠᠭ᠍ᠰᠠᠨ ᠴᠢᠨᠠᠷ ᠰᠠᠢᠲᠠᠢ ᠬᠥᠭ᠌ᠵᠢᠯᠲᠡ᠎ᠶᠢᠨ ᠱᠢᠨ᠎ᠡ ᠵᠠᠮ᠎ᠵᠢᠡᠷ
ᠭᠤᠢᠪᠢᠰᠢ ᠦᠭᠡᠢ ᠵᠠᠮᠨᠠᠬᠤ ᠳ᠋ᠤ ᠥᠪᠥᠷ ᠮᠣᠩᠭᠣᠯ ᠡᠷᠬᠡᠪᠰᠢ ᠡᠨᠧᠷᠬᠢ ᠪᠠ ᠬᠦᠨᠳᠤ ᠠᠵᠤ ᠦᠢᠯᠡᠳᠪᠦᠷᠢ ᠳ᠋ᠤ ᠲᠦᠰᠢᠭᠯᠡᠭᠰᠡᠨ
ᠠᠵᠤ ᠦᠢᠯᠡᠰ᠎ᠦ᠋ᠨ ᠪᠦᠲᠦᠴᠡ᠎ᠶᠢ ᠲᠦᠷᠭᠡᠨ ᠬᠤᠪᠢᠷᠠᠭᠤᠯᠵᠤ᠂ ᠱᠢᠨ᠎ᠡ᠎ᠶᠢ ᠡᠭᠦᠳᠬᠦ᠎ᠪᠡᠷ ᠬᠥᠳᠡᠯᠭᠡᠭᠦᠷ ᠪᠣᠯᠭᠠᠬᠤ
ᠬᠥᠭ᠌ᠵᠢᠯᠲᠡ᠎ᠳ᠋ᠦ᠍ ᠨᠡᠩ ᠢᠯᠡᠭᠦᠦ ᠲᠦᠱᠢᠭ᠌ᠯᠡᠬᠦ᠌ ᠬᠡᠷᠡᠭ᠌ᠲᠡᠢ᠃ ᠪᠦᠬᠦ᠌ ᠣᠷᠣᠨ᠎ᠤ᠋ ᠬᠠᠭᠠᠰ ᠡᠴᠡ ᠢᠯᠡᠬᠦᠦ
ᠱᠢᠨ᠎ᠡ᠎ᠶᠢ ᠡᠭᠦᠳᠬᠦ᠌ ᠡᠬᠢ ᠪᠠᠶᠠᠯᠢᠭ ᠬᠥᠬᠡᠬᠣᠲᠠ ᠪᠤᠭᠤᠲᠤ
ᠣᠷᠳᠣᠰ ᠲᠸ᠋ ᠲᠥᠪᠯᠡᠷᠡᠵᠦ᠍ ᠪᠤᠢ᠂ ᠬᠥᠬᠡᠬᠣᠲᠠ ᠪᠤᠭᠤᠲᠤ ᠣᠷᠳᠣᠰ᠎ᠤ᠋ᠨ ᠤᠯᠤᠰ᠎ᠤ᠋ᠨ ᠪᠡᠶ᠎ᠡ᠎ᠪᠡᠨ ᠳᠠᠭᠠᠭᠠᠵᠤ
ᠱᠢᠨ᠎ᠡ᠎ᠶᠢ ᠡᠭᠦᠳᠬᠦ᠌ ᠵᠢᠱ᠌ᠢᠶ᠎ᠡ ᠦᠵᠡᠭᠦᠯᠬᠦ᠌ ᠣᠷᠣᠨ᠎ᠢ᠋ ᠡᠭᠦᠳᠦᠨ ᠪᠠᠢᠭᠤᠯᠬᠤ ᠨᠢ ᠱᠢᠨ᠎ᠡ᠎ᠶᠢ ᠡᠭᠦᠳᠬᠦ᠌
ᠡᠬᠢ ᠪᠠᠶᠠᠯᠢᠭ᠎ᠢ᠋ ᠨᠢᠭᠡᠳᠦᠯᠲᠡᠢ ᠲᠥᠯᠥᠪᠯᠡᠬᠦ᠌᠂ ᠣᠷᠣᠨ ᠪᠦᠰᠡ᠎ᠶᠢᠨ ᠱᠢᠨ᠎ᠡ᠎ᠶᠢ ᠡᠭᠦᠳᠬᠦ᠌ ᠬᠠᠮᠵᠢᠯᠴᠠᠭ᠎ᠠ᠎ᠶᠢ
ᠴᠢᠩᠭᠠᠷᠠᠭᠤᠯᠬᠤ᠂ ᠱᠢᠨᠵᠢᠯᠡᠬᠦ᠌ ᠤᠬᠠᠭᠠᠨ ᠲᠧᠭᠨᠢᠭ ᠮᠡᠷᠭᠡᠵᠢᠯ᠎ᠦ᠋ᠨ ᠪᠠᠢᠭᠤᠯᠤᠮᠵᠢ ᠲᠣᠭ᠍ᠲᠠᠴᠠ᠎ᠶᠢᠨ ᠱᠢᠨ᠎ᠡ᠎ᠶᠢ
ᠡᠭᠦᠳᠬᠦᠳ᠋ᠦ᠍ ᠠᠱᠢᠭ᠍ᠲᠠᠢ᠂ ᠥᠪᠥᠷ ᠮᠣᠩᠭᠣᠯ᠎ᠤ᠋ᠨ ᠠᠵᠤ ᠦᠢᠯᠡᠰ᠎ᠦ᠋ᠨ ᠬᠡᠯᠪᠡᠷᠢ᠎ᠪᠡᠨ ᠬᠤᠪᠢᠷᠠᠭᠤᠯᠤᠨ ᠳᠡᠰ
ᠳᠡᠪᠱᠢᠬᠦ᠎ᠶᠢ ᠠᠬᠢᠭᠤᠯᠬᠤ᠂ ᠣᠷᠣᠨ ᠪᠦᠰᠡ᠎ᠶᠢᠨ ᠴᠢᠨᠠᠷ ᠰᠠᠢᠲᠠᠢ ᠬᠥᠭ᠌ᠵᠢᠯᠲᠡ᠎ᠶᠢᠨ ᠴᠢᠬᠤᠯᠠ ᠨᠡᠮᠡᠭ᠌ᠳᠡᠯ᠎ᠢ
ᠪᠣᠢ ᠪᠣᠯᠭᠠᠬᠤᠳ᠋ᠤ ᠲᠤᠢᠯ᠎ᠤ᠋ᠨ ᠴᠢᠬᠤᠯᠠ ᠶᠡᠬᠡ ᠪᠠᠢᠯᠳᠤᠬᠤ ᠪᠣᠳᠣᠯᠭ᠎ᠠ᠎ᠶᠢᠨ ᠠᠴᠢ ᠬᠣᠯᠪᠣᠭ᠍ᠳᠠᠯ᠎ᠲᠠᠢ ᠶᠤᠮ
ᠭᠡᠵᠦ᠍ ᠬᠡᠯᠡᠪᠡ᠃
( ᠬᠡᠷᠡᠯ ᠵᠢᠷᠤᠭ᠎ᠢ ᠰᠦᠨ ᠵᠢᠶᠦ᠋ᠨ
ᠴᠢᠩ ᠬᠠᠩᠭᠠᠪᠠ )