ᠲᠤᠮᠤ ᠤᠯᠤᠰ᠎ᠤᠨ ᠱᠢᠨ᠎ᠡ᠎ᠶ᠋ᠢ ᠡᠭᠦᠳᠬᠦ᠌᠎ᠶ᠋ᠢ ᠬᠡᠷᠬᠢᠨ ᠪᠡᠶᠡᠯᠡᠭᠦᠯᠬᠦ ᠪᠤᠢ ? ᠲᠥᠯᠥᠭᠡᠯᠡᠭ᠌ᠴᠢᠳ ᠭᠡᠱᠢᠭᠦᠳ ᠢᠩᠭᠢᠵᠦ᠍ ᠬᠡᠯᠡᠪᠡ !
2022-03-10 10:08:44
ᠵᠣᠬᠢᠶᠠᠭ᠍ᠴᠢ᠄
ᠱᠢᠨᠬᠤᠸᠠ ᠬᠣᠷᠢᠶᠠᠨ᠎ᠤ ᠰᠤᠷᠪᠤᠯᠵᠢᠯᠠᠭ᠍ᠴᠢ ᠬ᠍ᠦ ᠵᠸ ᠳ᠋ᠦᠩ ᠷᠦᠢ ᠹᠸᠩ ᠲᠢᠶᠠᠨ ᠵᠦᠩ ᠴᠢᠤᠸᠠᠨ
ᠣᠩᠱᠢᠭ᠍ᠰᠠᠨ ᠣᠳᠠᠭ᠎ᠠ᠄
★★★☆☆

ᠤᠯᠤᠰ᠎ᠤᠨ᠎ᠪᠠᠢᠯᠳᠤᠬᠤ ᠪᠤᠳᠤᠯᠭ᠎ᠠ᠎ᠶ᠋ᠢᠨ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠬᠦᠴᠦᠨ ᠲᠦᠷᠭᠡᠨ ᠪᠤᠵᠠᠭᠠᠢᠷᠠᠵᠤ᠂ ᠵᠠᠩᠭᠢᠯᠠᠭ᠎ᠠ᠎ᠶ᠋ᠢᠨ ᠭᠣᠣᠯᠯᠠᠬᠤ ᠮᠡᠷᠭᠡᠵᠢᠯ᠎ᠦᠨ ᠪᠣᠭᠣᠮᠲᠠ ᠱᠢᠪᠲᠤᠯᠬᠤ ᠠᠵᠢᠯ ᠴᠢᠬᠤᠯᠠ ᠠᠬᠢᠴᠠ᠎ᠲᠠᠶ ᠪᠤᠯᠵᠤ᠂ ᠬᠥᠮᠦᠨ ᠰᠠᠭᠤᠯᠭᠠᠭ᠍ᠰᠠᠨ ᠰᠠᠨᠰᠠᠷ᠎ᠤᠨ ᠠᠶᠠᠯᠠᠯ᠂ ᠭᠠᠯ ᠭᠠᠷᠠᠭ᠎ᠢ ᠬᠠᠢᠨ ᠬᠡᠮᠵᠢᠬᠦ᠌᠂ ᠡᠬᠢ ᠪᠠᠶᠠᠯᠢᠭ᠎ᠢ ᠬᠠᠢᠨ ᠱᠢᠨᠵᠢᠯᠡᠬᠦ᠌᠂ ᠡᠨᠧᠷᠭᠢ᠎ᠶ᠋ᠢᠨ ᠢᠨᠵᠧᠨᠧᠷᠢᠩ ᠵᠡᠷᠭᠡ ᠬᠦᠷᠢᠶᠡᠨ᠎ᠳᠦ ᠱᠢᠨ᠎ᠡ ᠱᠢᠪᠲᠤᠯᠤᠯᠲᠠ ᠭᠠᠷᠭᠠᠪᠠ ᠁ ᠥᠩᠭᠡᠷᠡᠭ᠌ᠰᠡᠨ ᠨᠢᠭᠡ ᠵᠢᠯ᠎ᠳᠦ᠂ ᠮᠠᠨ᠎ᠤ ᠤᠯᠤᠰ᠎ᠤᠨ ᠴᠢᠬᠤᠯᠠ ᠶᠡᠬᠡ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠦᠷ᠎ᠡ ᠪᠦᠲᠦᠭᠡᠯ ᠲᠠᠰᠤᠷᠠᠯᠳᠠ ᠦᠭᠡᠢ ᠴᠣᠯᠭᠣᠷᠠᠨ ᠭᠠᠷᠴᠤ᠌᠂ ᠱᠢᠨ᠎ᠡ᠎ᠶ᠋ᠢ ᠡᠭᠦᠳᠬᠦ᠌ ᠴᠢᠳᠠᠪᠤᠷᠢ ᠤᠯᠠᠮ ᠨᠢᠭᠡ ᠠᠯᠬᠤᠮ ᠴᠢᠩᠭᠠᠷᠠᠪᠠ᠃

ᠢᠷᠡᠭᠡᠳᠦᠶ᠎ᠳᠦ᠂ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠴᠢᠳᠠᠪᠤᠷᠢᠲᠠᠨ᠎ᠢ ᠬᠡᠷᠬᠢᠨ ᠬᠡᠷᠡᠭ᠌ᠯᠡᠬᠦ᠌ ᠪᠣᠶ? ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌ ᠴᠢᠳᠠᠪᠤᠷᠢ᠎ᠶ᠋ᠢ ᠬᠡᠷᠬᠢᠨ ᠳᠡᠭᠡᠭ᠌ᠰᠢᠯᠡᠭᠦᠯᠬᠦ᠌ ᠪᠤᠢ? ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌᠎ᠶ᠋ᠢᠨ ᠲᠤᠯᠭᠠᠭᠤᠷᠢᠯᠠᠨ ᠳᠠᠭᠠᠭᠤᠯᠬᠤ ᠦᠢᠯᠡᠳᠦᠯ᠎ᠢ ᠬᠡᠷᠬᠢᠨ ᠴᠢᠩᠭᠠᠳᠭᠠᠬᠤ ᠪᠤᠢ? ᠱᠢᠨᠵᠢᠯᠡᠬᠦ᠌᠎ᠤᠬᠠᠭᠠᠨ᠎ᠲᠸᠭᠨᠢᠭ᠎ᠮᠡᠷᠭᠡᠵᠢᠯ᠎ᠦᠨ᠎ᠬᠦᠷᠢᠶᠡᠨ᠎ᠦ ᠲᠥᠯᠥᠭᠡᠯᠡᠭ᠌ᠴᠢᠳ ᠭᠡᠱᠢᠭᠦᠳ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌ ᠬᠠᠯᠠᠮᠱᠢᠯ ᠠᠰᠠᠭᠤᠳᠠᠯ᠎ᠤᠨ ᠲᠣᠭᠣᠷᠢᠨ᠎ᠳᠤ ᠱᠢᠨᠬᠤᠸᠠ ᠬᠣᠷᠢᠶᠠᠨ᠎ᠤ ᠰᠤᠷᠪᠤᠯᠵᠢᠯᠠᠭ᠍ᠴᠢ᠎ᠶ᠋ᠢᠨ ᠲᠤᠰᠭᠠᠢ ᠰᠤᠷᠪᠤᠯᠵᠢᠯᠠᠭ᠎ᠠ᠎ᠶ᠋ᠢ ᠬᠦᠯᠢᠶᠡᠪᠡ᠃


ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠴᠢᠳᠠᠪᠤᠷᠢᠲᠠᠨ᠎ᠢ ᠬᠡᠷᠬᠢᠨ ᠬᠡᠷᠡᠭ᠌ᠯᠡᠬᠦ᠌ ᠪᠤᠢ?


ᠡᠨᠡ ᠵᠢᠯ᠎ᠦᠨ ᠵᠠᠰᠠᠭ᠎ᠤᠨ ᠣᠷᠳᠣᠨ᠎ᠤ ᠠᠵᠢᠯ᠎ᠤᠨ ᠢᠯᠡᠳᠭᠡᠯ᠎ᠳᠦ᠂ ᠳᠡᠯᠡᠬᠡᠶ᠎ᠶ᠋ᠢᠨ ᠴᠢᠬᠤᠯᠠ ᠴᠢᠳᠠᠪᠤᠷᠢᠲᠠᠨ᠎ᠤ ᠲᠥᠪ ᠪᠣᠯᠤᠨ ᠱᠢᠨ᠎ᠡ᠎ᠶ᠋ᠢ ᠡᠭᠦᠳᠬᠦ᠌ ᠥᠨᠳᠥᠷᠯᠢᠭ᠎ᠢ ᠲᠦᠷᠭᠡᠳᠭᠡᠨ ᠪᠠᠢᠭᠤᠯᠵᠤ᠂ ᠴᠢᠳᠠᠪᠤᠷᠢᠲᠠᠨ᠎ᠤ ᠬᠥᠭ᠌ᠵᠢᠯᠲᠡ᠎ᠶ᠋ᠢᠨ ᠪᠠᠢᠭᠤᠯᠤᠮᠵᠢ ᠲᠣᠭ᠍ᠲᠠᠴᠠ᠎ᠶ᠋ᠢ ᠲᠡᠭᠦᠯᠳᠡᠷᠵᠢᠭᠦᠯᠵᠦ᠍᠂ ᠱᠢᠨᠵᠢᠯᠡᠬᠦ᠌ ᠤᠬᠠᠭᠠᠨ᠎ᠤ ᠰᠤᠳᠤᠯᠭᠠᠨ᠎ᠤ ᠵᠠᠯᠠᠭᠤ ᠠᠵᠢᠯᠲᠠᠳ᠎ᠢ ᠳᠡᠮᠵᠢᠬᠦ᠌ ᠡᠷᠴᠢᠮ᠎ᠢᠶᠡᠨ ᠴᠢᠩᠭᠠᠷᠠᠭᠤᠯᠵᠤ᠂ ᠡᠯ᠎ᠡ ᠲᠥᠷᠥᠯ᠎ᠦᠨ ᠴᠢᠳᠠᠪᠤᠷᠢᠲᠠᠨ᠎ᠤ ᠨᠢᠭᠡ ᠰᠡᠳᠭᠢᠯ᠎ᠢᠶᠡᠷ ᠰᠤᠳᠤᠯᠵᠤ᠂ ᠠᠪᠢᠶᠠᠰ ᠴᠢᠳᠠᠪᠤᠷᠢ᠎ᠪᠠᠨ ᠭᠦᠶ᠋ᠴᠡᠳ ᠪᠠᠳᠠᠷᠠᠭᠤᠯᠬᠤ᠎ᠶᠢ ᠲᠡᠮᠵᠢᠨ᠎ᠠ ᠭᠡᠵᠦ᠍ ᠳᠤᠷᠠᠳᠪᠠ᠃

ᠡᠭᠦᠨ᠎ᠤ ᠲᠤᠬᠠᠢ᠂ ᠪᠦᠬᠦ᠌ ᠤᠯᠤᠰ᠎ᠤᠨ ᠤᠯᠤᠰ ᠲᠦᠷᠦ᠍᠎ᠶ᠋ᠢᠨ ᠵᠥᠪᠯᠡᠯᠭᠡᠨ᠎ᠦ ᠪᠠᠢᠩᠭᠤ᠎ᠶ᠋ᠢᠨ ᠭᠡᠱᠢᠭᠦᠨ᠂ ᠳᠤᠮᠳᠠᠳᠤ ᠤᠯᠤᠰ᠎ᠤᠨ ᠱᠢᠨᠵᠢᠯᠡᠬᠦ᠌ ᠤᠬᠠᠭᠠᠨ᠎ᠤ ᠬᠦᠷᠢᠶᠡᠯᠡᠩ᠎ᠦᠨ ᠠᠺᠠᠳᠧᠮᠢᠴᠢ ᠶᠤᠸᠠᠨ ᠶᠠ ᠱᠢᠶᠠᠩ᠄ 《ᠨᠢᠭᠡ ᠤᠯᠤᠰ᠎ᠤᠨ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠥᠷᠢᠰᠥᠯᠳᠦᠭᠡᠨ᠎ᠦ ᠵᠠᠩᠭᠢᠯᠠᠭ᠎ᠠ ᠨᠢ ᠴᠢᠳᠠᠪᠤᠷᠢᠲᠠᠨ᠎ᠢ ᠬᠥᠮᠦᠵᠢᠭᠦᠯᠬᠦ᠌᠂ ᠴᠢᠳᠠᠪᠤᠷᠢᠲᠠᠨ᠎ᠤ ᠥᠷᠢᠰᠥᠯᠳᠦᠭᠡᠨ᠎ᠳᠦ ᠪᠤᠢ》ᠭᠡᠵᠦ ᠶᠠᠷᠢᠪᠠ᠃ 《ᠵᠣᠷᠢᠭ᠍ᠲᠠᠶ᠎ᠪᠠᠷ ᠱᠢᠨ᠎ᠡ᠎ᠶ᠋ᠢ ᠡᠭᠦᠳᠴᠦ᠍᠂ ᠵᠣᠷᠢᠭ᠍ᠲᠠᠶ᠎ᠪᠠᠷ ᠰᠤᠪᠢᠵᠤ ᠰᠡᠳᠭᠢᠨ᠂ ᠱᠢᠨᠵᠢᠯᠡᠬᠦ᠌ ᠤᠬᠠᠭᠠᠨᠴᠢ ᠵᠣᠷᠢᠭ ᠰᠠᠨᠠᠭ᠎ᠠ᠎ᠶ᠋ᠢ ᠪᠠᠷᠢᠮᠲᠠᠯᠠᠵᠤ᠂ ᠥᠪᠡᠷ᠎ᠦᠨ ᠬᠢᠬᠦ᠌ ᠳᠤᠷᠠᠲᠠᠶ ᠠᠵᠢᠯ᠎ᠢᠶᠠᠨ ᠵᠣᠷᠢᠭ᠍ᠲᠠᠶ ᠬᠢᠬᠦ᠌ ᠬᠡᠷᠡᠭ᠌ᠲᠡᠶ》᠃ ᠢᠩᠭᠢᠬᠦ ᠳ᠋ᠦ ᠵᠠᠪᠠᠯ ᠰᠠᠢ᠌ᠨ ᠣᠷᠴᠢᠨ ᠲᠣᠭᠣᠷᠢᠨ᠎ᠢ ᠪᠤᠢ ᠪᠣᠯᠭᠠᠵᠤ᠂ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠠᠵᠢᠯᠲᠠᠳ᠎ᠢ ᠦᠨᠡᠨ ᠬᠦ᠌ ᠰᠡᠳᠭᠢᠯ ᠠᠮᠤᠷ ᠰᠤᠳᠤᠯᠭᠠᠨ ᠬᠢᠯᠭᠡᠬᠦ᠌ ᠬᠡᠷᠡᠭ᠌ᠲᠡᠢ ᠭᠡᠵᠦ᠍ ᠶᠤᠸᠠᠨ ᠶᠠ ᠱᠢᠶᠠᠩ ᠤᠷᠢᠶᠠᠯᠠᠪᠠ᠃

ᠬᠡᠷᠬᠢᠨ ᠱᠢᠨᠵᠢᠯᠡᠬᠦ᠌ ᠤᠬᠠᠭᠠᠨ᠎ᠤ ᠰᠤᠳᠤᠯᠭᠠᠨ᠎ᠤ ᠠᠵᠢᠯᠲᠠᠳ᠎ᠤᠨ ᠨᠢᠭᠡ ᠰᠡᠳᠭᠢᠯ᠎ᠢᠶᠡᠷ ᠠᠵᠢᠯᠯᠠᠵᠤ᠂ ᠵᠣᠷᠢᠭ᠍ᠲᠠᠶ᠎ᠪᠠᠷ ᠱᠢᠨ᠎ᠡ᠎ᠶ᠋ᠢ ᠡᠭᠦᠳᠬᠦ᠌᠎ᠶ᠋ᠢ ᠤᠯᠠᠮ ᠨᠢᠭᠡ ᠠᠯᠬᠤᠮ ᠵᠣᠷᠢᠭ᠍ᠵᠢᠭᠤᠯᠬᠤ ᠪᠣᠶ? ᠪᠥᠬᠥ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠲᠥᠯᠥᠭᠡᠯᠡᠭ᠌ᠴᠢ᠂ ᠳᠤᠮᠳᠠᠳᠤ ᠤᠯᠤᠰ᠎ᠤᠨ ᠰᠠᠨᠰᠠᠷ᠎ᠤᠨ ᠠᠶᠠᠯᠠᠯ᠎ᠤᠨ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠠᠵᠤ ᠦᠶ᠋ᠯᠡᠳᠪᠦᠷᠢ᠎ᠶ᠋ᠢᠨ ᠪᠦᠯᠦᠭ᠌ᠯᠡᠯ᠎ᠦᠨ ᠰᠠᠨᠰᠠᠷ᠎ᠤᠨ ᠠᠶᠠᠯᠠᠯ᠎ᠤᠨ ᠭᠤᠷᠪᠠᠨ ᠮᠥᠷᠡᠨ᠎ᠦ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠵᠥᠪᠯᠡᠯ᠎ᠦᠨ ᠳᠡᠳ᠋ ᠡᠷᠬᠢᠯᠡᠭ᠌ᠴᠢ ᠬᠤ᠌ ᠱᠧᠩ ᠶᠦᠨ᠂ ᠪᠤᠰᠤᠳᠴᠢ ᠲᠥᠪ ᠭᠤᠤᠯᠴᠢ ᠱᠢᠨᠵᠢᠯᠡᠬᠦ᠌ ᠤᠬᠠᠭᠠᠨᠴᠢ᠂ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌ ᠶᠠᠰᠤ ᠴᠢᠨᠠᠷ᠂ ᠬᠤᠪᠢ ᠨᠡᠮᠡᠷᠢ᠂ ᠠᠮᠵᠢᠯᠲᠠ ᠪᠦᠲᠦᠮᠵᠢ᠎ᠪᠡᠷ ᠤᠳᠤᠷᠢᠳᠤᠮᠵᠢ ᠪᠣᠯᠭᠠᠭ᠍ᠰᠠᠨ ᠲᠥᠷᠥᠯ ᠬᠤᠪᠢᠶᠠᠨ ᠦᠨᠡᠯᠡᠬᠦ᠌ ᠱᠢᠰᠲ᠋ᠧᠮ᠎ᠢ ᠪᠠᠢᠭᠤᠯᠪᠠᠯ ᠵᠤᠬᠢᠨ᠎ᠠ ᠭᠡᠵᠦ ᠰᠠᠨᠠᠭᠤᠯᠵᠠᠢ᠃

《ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠱᠢᠨ᠎ᠡ᠎ᠶ᠋ᠢ ᠡᠭᠦᠳᠦᠭ᠌ᠰᠡᠨ ᠦᠷ᠎ᠡ ᠪᠦᠲᠦᠭᠡᠯ᠎ᠦᠨ ᠱᠢᠨᠵᠢᠯᠡᠬᠦ᠌ ᠤᠬᠠᠭᠠᠨᠴᠢ ᠦᠷᠳᠡᠭ᠂ ᠮᠡᠷᠭᠡᠵᠢᠯ᠎ᠦᠨ ᠦᠷᠳᠡᠭ᠂ ᠠᠵᠤ ᠠᠬᠤᠢ᠎ᠶ᠋ᠢᠨ ᠦᠷᠳᠡᠭ᠂ ᠨᠡᠢᠭᠡᠮ᠎ᠦᠨ ᠦᠷᠳᠡᠭ ᠪᠠ ᠰᠣᠶᠣᠯ᠎ᠤᠨ ᠦᠷᠳᠡᠭ᠎ᠢ ᠵᠥᠪ ᠦᠨᠡᠯᠡᠵᠦ᠍᠂ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠠᠵᠢᠯᠳᠠᠨ᠎ᠢ ᠤᠯᠤᠰ᠎ᠤᠨ ᠠᠵᠤ ᠠᠬᠤᠢ ᠨᠡᠢᠭᠡᠮ ᠴᠡᠷᠢᠭ᠎ᠦᠨ ᠶᠠᠪᠤᠳᠠᠯ ᠰᠣᠶᠣᠯ᠎ᠤᠨ ᠬᠥᠭ᠌ᠵᠢᠯᠲᠡ᠎ᠳᠦ ᠬᠤᠪᠢ ᠨᠡᠮᠡᠷᠢ ᠦᠵᠡᠭᠦᠯᠬᠦ᠌ ᠴᠢᠭ᠌ᠯᠡᠯ ᠲᠡᠢᠰᠢ ᠬᠥᠲᠥᠯᠪᠡᠯ ᠵᠤᠬᠢᠨ᠎ᠠ》 ᠭᠡᠵᠦ᠍ ᠬᠤ᠌ ᠱᠧᠩ ᠶᠦᠨ ᠬᠡᠯᠡᠪᠡ᠃

ᠪᠦᠬᠦ᠌᠎ᠤᠯᠤᠰ᠎ᠤᠨ᠎ᠤᠯᠤᠰ᠎ᠲᠦᠷᠦ᠍᠎ᠶ᠋ᠢᠨ᠎ᠵᠥᠪᠯᠡᠯᠭᠡᠨ᠎ᠦ᠎ᠭᠡᠱᠢᠭᠦᠨ᠂᠎ᠪᠡᠭᠡᠵᠢᠩ᠎ᠦᠨ᠎ᠵᠠᠮ᠎ᠬᠠᠷᠢᠯᠴᠠᠭᠠᠨ᠎ᠤ ᠶᠡᠬᠡ ᠰᠤᠷᠭᠠᠭᠤᠯᠢ᠎ᠶ᠋ᠢᠨ ᠫᠷᠤᠹᠸᠰᠰᠤᠷ ᠵᠦᠩ ᠵᠠᠩ ᠳ᠋ᠦᠢ᠂ 《ᠱᠢᠨ᠎ᠡ᠎ᠶ᠋ᠢ ᠡᠭᠦᠳᠬᠦ᠌ ᠬᠡᠯᠪᠡᠷᠢ᠎ᠶ᠋ᠢᠨ ᠤᠯᠤᠰ᠂ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠬᠦᠴᠦᠷᠬᠡᠭ᠎ᠤᠯᠤᠰ᠎ᠲᠠᠶ ᠵᠣᠬᠢᠴᠠᠭ᠍ᠰᠠᠨ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠬᠠᠮᠢᠶᠠᠷᠤᠯᠲᠠ᠎ᠶ᠋ᠢᠨ ᠱᠢᠰᠲᠸᠮ᠎ᠢ ᠪᠠᠢᠭᠤᠯᠪᠠᠯ ᠵᠤᠬᠢᠨ᠎ᠠ》 ᠭᠡᠵᠦ᠍ ᠦᠵᠡᠪᠡ᠃


ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌ ᠴᠢᠳᠠᠪᠤᠷᠢ᠎ᠶ᠋ᠢ ᠬᠡᠷᠬᠢᠨ ᠳᠡᠭᠡᠭ᠌ᠰᠢᠯᠡᠭᠦᠯᠬᠦ᠌ ᠪᠤᠢ?


ᠰᠠᠭᠤᠷᠢ ᠰᠤᠳᠤᠯᠭᠠᠨ᠎ᠤ ᠠᠷᠪᠠᠨ ᠵᠢᠯ᠎ᠦᠨ ᠲᠥᠯᠥᠪᠵᠢᠭᠦᠯᠭᠡ᠎ᠶ᠋ᠢ ᠬᠡᠷᠡᠭ᠌ᠵᠢᠭᠦᠯᠵᠦ᠍᠂ ᠤᠷᠳᠤ ᠬᠤᠭᠤᠴᠠᠭᠠᠨ᠎ᠤ ᠲᠣᠭ᠍ᠲᠠᠭᠤᠨ ᠳᠡᠮᠵᠢᠯᠭᠡ᠎ᠶ᠋ᠢ ᠴᠢᠩᠭᠠᠳᠭᠠᠨ᠎ᠠ᠃ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠪᠠᠢᠭᠤᠯᠤᠮᠵᠢ᠎ᠶ᠋ᠢᠨ ᠥᠭᠡᠷᠡᠴᠢᠯᠡᠯᠲᠡ᠎ᠶ᠋ᠢᠨ ᠭᠤᠷᠪᠠᠨ ᠵᠢᠯ᠎ᠦᠨ ᠪᠣᠭᠣᠮᠲᠠ ᠱᠢᠪᠲᠤᠯᠬᠤ ᠲᠥᠰᠦᠯ᠎ᠢ ᠬᠡᠷᠡᠭ᠌ᠵᠢᠭᠦᠯᠵᠦ᠍᠂ ᠤᠯᠤᠰ᠎ᠤᠨ ᠪᠠᠢᠯᠳᠤᠬᠤ ᠪᠤᠳᠤᠯᠭ᠎ᠠ᠎ᠶ᠋ᠢᠨ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠬᠦᠴᠦᠨ᠎ᠢ ᠴᠢᠩᠭᠠᠳᠭᠠᠵᠤ᠂ ᠤᠯᠤᠰ᠎ᠤᠨ ᠲᠤᠷᠱᠢᠯᠲᠠ᠎ᠶ᠋ᠢᠨ ᠲᠠᠰᠤᠭ ᠪᠠ ᠪᠦᠬᠦ᠌ ᠤᠯᠤᠰ᠎ᠤᠨ ᠭᠣᠣᠯᠳᠠᠯᠭ᠎ᠠ᠎ᠲᠠᠶ ᠲᠤᠷᠱᠢᠯᠲᠠ᠎ᠶ᠋ᠢᠨ ᠲᠠᠰᠤᠭ᠎ᠤᠨ ᠦᠢᠯᠡᠳᠦᠯ᠎ᠢ ᠰᠠᠢᠲᠤᠷ ᠪᠠᠳᠠᠷᠠᠭᠤᠯᠵᠤ᠂ ᠱᠢᠨᠵᠢᠯᠡᠬᠦ᠌ ᠤᠬᠠᠭᠠᠨ᠎ᠤ ᠰᠤᠳᠤᠯᠭᠠᠨ᠎ᠤ ᠬᠦᠷᠢᠶᠡᠯᠡᠩ ᠭᠠᠵᠠᠷ᠎ᠤᠨ ᠥᠭᠡᠷᠡᠴᠢᠯᠡᠯᠲᠡ᠎ᠶ᠋ᠢ ᠠᠬᠢᠭᠤᠯᠵᠤ᠂ ᠴᠢᠬᠤᠯᠠ ᠶᠡᠬᠡ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠲᠦᠷᠦᠯ ᠵᠦᠢᠯ᠎ᠢ ᠲᠣᠭ᠍ᠲᠠᠭᠠᠬᠤ ᠪᠠ ᠬᠠᠮᠢᠶᠠᠷᠬᠤ ᠠᠷᠭ᠎ᠠ ᠬᠡᠯᠪᠡᠷᠢ᠎ᠶ᠋ᠢ ᠰᠠᠢᠵᠢᠷᠠᠭᠤᠯᠤᠨ᠎ᠠ ᠁ ᠵᠠᠰᠠᠭ᠎ᠤᠨ ᠣᠷᠳᠣᠨ᠎ᠤ ᠠᠵᠢᠯ᠎ᠤᠨ ᠢᠯᠡᠳᠭᠡᠯ᠎ᠳᠦ᠂ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌ ᠴᠢᠳᠠᠪᠤᠷᠢ᠎ᠶ᠋ᠢ ᠳᠡᠭᠡᠭ᠌ᠰᠢᠯᠡᠭᠦᠯᠬᠦ᠌ ᠪᠠᠢᠷᠢᠱᠢᠭᠤᠯᠤᠯᠲᠠ ᠨᠡᠩ ᠲᠣᠳᠣᠷᠬᠠᠢ ᠪᠣᠯᠪᠠ᠃

《ᠱᠢᠨ᠎ᠡ᠎ᠶ᠋ᠢ ᠡᠭᠦᠳᠬᠦ᠌ ᠪᠣᠯ ᠬᠤᠪᠢ ᠵᠠᠶᠠᠭ᠎ᠠ᠂ ᠶᠡᠬᠡ ᠬᠠᠨᠳᠤᠰᠢ ᠮᠥᠨ》᠂ ᠪᠥᠬᠥ᠌ ᠤᠯᠤᠰ᠎ᠤᠨ ᠤᠯᠤᠰ ᠲᠥᠷᠥ᠎ᠶ᠋ᠢᠨ ᠵᠥᠪᠯᠡᠯᠭᠡᠨ᠎ᠦ ᠭᠡᠱᠢᠭᠦᠨ᠂ ᠳᠤᠮᠳᠠᠳᠤ ᠤᠯᠤᠰ᠎ᠤᠨ ᠰᠠᠨᠰᠠᠷ᠎ᠤᠨ ᠠᠶᠠᠯᠠᠯ᠎ᠤᠨ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ ᠤ᠋ᠨ ᠠᠵᠤ ᠦᠶ᠋ᠯᠡᠳᠪᠦᠷᠢ᠎ᠶ᠋ᠢᠨ ᠪᠦᠯᠦᠭ᠌ᠯᠡᠯ᠎ᠦᠨ ᠬᠣᠶᠠᠳᠤᠭᠠᠷ ᠬᠦᠷᠢᠶᠡᠯᠡᠩ᠎ᠦᠨ 25 ᠳ᠋ᠤᠭᠠᠷ ᠭᠠᠵᠠᠷ ᠤ᠋ᠨ ᠣᠨᠴᠠ ᠲᠠᠰ᠎ᠤᠨ ᠲᠤᠰᠭᠠᠶ ᠮᠡᠷᠭᠡᠵᠢᠯᠲᠡᠨ ᠳ᠋ᠦᠩ ᠱᠧᠩ ᠪᠥᠸᠧ᠎ᠶ᠋ᠢᠨ ᠦᠵᠡᠬᠦ᠌᠎ᠪᠡᠷ᠂ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠱᠢᠨ᠎ᠡ ᠡᠭᠦᠳᠦᠯᠲᠡ᠎ᠶ᠋ᠢ ᠪᠡᠶᠡᠯᠡᠭᠦᠯᠬᠦ᠌᠎ᠳᠦ ᠰᠠᠭᠤᠷᠢ ᠱᠢᠨᠵᠢᠯᠡᠬᠦ᠌ ᠤᠬᠠᠭᠠᠨ᠎ᠤ ᠰᠤᠳᠤᠯᠭᠠᠨ᠎ᠢ ᠶᠡᠬᠡ᠎ᠪᠡᠷ ᠴᠢᠩᠭᠠᠳᠭᠠᠵᠤ᠂ ᠨᠠᠩ ᠣᠯᠠᠨ 《0 ᠡᠴᠡ 1 ᠬᠥᠷᠬᠥ᠌》 ᠱᠢᠪᠲᠤᠯᠤᠯᠲᠠ᠎ᠶ᠋ᠢ ᠴᠢᠷᠮᠠᠢᠨ ᠪᠡᠶᠡᠯᠡᠭᠦᠯᠬᠦ᠌ ᠬᠡᠷᠡᠭ᠌ᠲᠡᠶ᠃

ᠤᠢ᠍ᠢᠷ᠎ᠠ᠎ᠶ᠋ᠢᠨ ᠵᠢᠯ᠎ᠡᠴᠡ᠂ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠲᠥᠯᠥᠭᠡᠯᠡᠭ᠌ᠴᠢ᠂ ᠳᠤᠮᠳᠠᠳᠤ ᠤᠯᠤᠰ᠎ᠤᠨ ᠱᠢᠨᠵᠢᠯᠡᠬᠦ᠌ ᠤᠬᠠᠭᠠᠨ᠎ᠤ ᠬᠦᠷᠢᠶᠡᠯᠡᠩ᠎ᠦᠨ ᠥᠨᠳᠥᠷ ᠡᠨᠧᠷᠭᠢ᠎ᠶ᠋ᠢᠨ ᠹᠢᠽᠢᠺ᠎ᠦᠨ ᠰᠤᠳᠤᠯᠭᠠᠨ᠎ᠤ ᠭᠠᠵᠠᠷ᠎ᠤᠨ ᠳᠠᠷᠤᠭ᠎ᠠ ᠸᠠᠩ ᠢ ᠹᠠᠩ ᠠᠺᠠᠳᠧᠮᠢᠴᠢ ᠪᠦᠯᠬᠦᠮ᠎ᠢᠶᠡᠨ ᠳᠠᠭᠠᠭᠤᠯᠤᠨ ᠳᠡᠯᠡᠬᠡᠢ᠎ᠶ᠋ᠢᠨ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠬᠤᠰᠢᠭᠤᠷᠠᠯ ᠳ᠋ᠤ ᠠᠩᠬᠠᠷᠤᠯ ᠲᠠᠯᠪᠢᠵᠤ᠂ ᠨᠸᠲ᠋ᠷᠤᠨᠢ ᠵᠢᠨ ᠰᠤᠳᠤᠯᠭᠠᠨ᠂ ᠴᠠᠭᠠᠷᠢᠭ ᠬᠡᠯᠪᠡᠷᠢ᠎ᠶ᠋ᠢᠨ ᠠᠷᠭ᠎ᠠ ᠪᠢᠯᠢᠭ ᠡᠯᠧᠺᠲ᠋ᠷᠣᠨ ᠮᠥᠷᠭᠥᠯᠳᠦᠭᠦᠯᠬᠦ᠌ ᠮᠠᠱᠢᠨ᠎ᠢ ᠵᠢᠷᠤᠵᠤ ᠲᠥᠯᠥᠪᠯᠡᠬᠦ᠌ ᠪᠠ ᠵᠠᠩᠭᠢᠯᠠᠭ᠎ᠠ᠎ᠶ᠋ᠢᠨ ᠮᠡᠷᠭᠡᠵᠢᠯ᠎ᠢ ᠤᠷᠢᠳᠴᠢᠯᠠᠨ ᠰᠤᠳᠤᠯᠬᠤ ᠵᠡᠷᠭᠡ ᠬᠦᠷᠢᠶᠡᠨ᠎ᠳᠦ ᠬᠦᠴᠦᠯᠡᠵᠦ᠍᠂ ᠠᠯᠢ ᠤᠯᠠᠨ ᠠᠬᠢᠴᠠ᠎ᠲᠠᠶ ᠪᠣᠯᠪᠠ᠃

《ᠵᠠᠷᠢᠮ ᠱᠢᠨᠵᠢᠯᠡᠬᠦ᠌ ᠤᠬᠠᠭᠠᠨ᠎ᠤ ᠰᠤᠳᠤᠯᠭᠠᠨ᠎ᠤ ᠠᠵᠢᠯᠲᠠᠨ ᠬᠠᠮᠤᠭ᠎ᠤᠨ ᠬᠦᠴᠢᠷᠲᠡᠶ᠂ ᠬᠠᠮᠤᠭ᠎ᠤᠨ ᠬᠤᠰᠢᠭᠤᠷᠠᠯ᠂ ᠬᠠᠮᠤᠭ᠎ᠤᠨ ᠱᠢᠨ᠎ᠡ᠎ᠶ᠋ᠢ ᠡᠭᠦᠳᠬᠦ᠌ ᠴᠢᠬᠤᠯᠠᠲᠠᠶ ᠠᠰᠠᠭᠤᠳᠠᠯ ᠲᠠᠢ ᠳᠡᠮᠡᠢ ᠤᠷᠤᠯᠳᠤᠬᠤ ᠦᠭᠡᠢ ᠶᠤᠮ》᠂ ᠸᠠᠩ ᠢ ᠹᠠᠩ᠎ᠤᠨ ᠦᠵᠡᠬᠦ᠌᠎ᠪᠡᠷ᠂ ᠲᠣᠭ᠍ᠲᠠᠭᠤᠨ᠎ᠢᠶᠠᠷ ᠳᠡᠮᠵᠢᠬᠦ᠌ ᠲᠣᠭ᠍ᠲᠠᠴᠠ ᠵᠢ ᠪᠠᠢᠭᠤᠯᠵᠤ᠂ ᠲᠣᠭ᠍ᠲᠠᠭᠤᠨ᠎ᠢᠶᠠᠷ ᠳᠡᠮᠵᠢᠬᠦ᠌ ᠪᠠ ᠲᠦᠷᠦᠯ ᠵᠦᠢᠯ᠎ᠦᠨ ᠥᠷᠢᠰᠥᠯᠳᠦᠭᠡᠨ᠎ᠢ ᠵᠣᠬᠢᠰᠲᠠᠢ ᠲᠡᠩᠴᠡᠭᠦᠷᠢᠲᠡᠢ ᠪᠣᠯᠭᠠᠪᠠᠯ ᠵᠤᠬᠢᠨ᠎ᠠ᠃

ᠪᠦᠬᠦ᠌ ᠤᠯᠤᠰ᠎ᠤᠨ ᠤᠯᠤᠰ ᠲᠦᠷᠦ᠍᠎ᠶ᠋ᠢᠨ ᠵᠥᠪᠯᠡᠯᠭᠡᠨ᠎ᠦ ᠭᠡᠱᠢᠭᠦᠨ᠂ ᠤᠯᠤᠰ᠎ᠤᠨ ᠳᠠᠭᠠᠭᠤᠯᠢ ᠤᠳᠤᠨ᠎ᠤ ᠴᠠᠭ ᠠᠭᠤᠷ᠎ᠤᠨ ᠲᠥᠪ᠎ᠦᠨ ᠳᠡᠳ᠋ ᠡᠷᠬᠢᠯᠡᠭ᠌ᠴᠢ ᠵᠠᠩ ᠱᠢᠩ ᠶᠢᠩ᠎ᠦᠨ ᠦᠵᠡᠬᠦ᠌᠎ᠪᠡᠷ᠂ ᠤᠯᠤᠰ ᠡᠴᠡ ᠰᠠᠭᠤᠷᠢ ᠱᠢᠨᠵᠢᠯᠡᠬᠦ᠌ ᠤᠬᠠᠭᠠᠨ᠎ᠤ ᠰᠤᠳᠤᠯᠭᠠᠨ᠎ᠤ ᠬᠦᠷᠢᠶᠡᠨ᠎ᠳᠡᠬᠢ ᠣᠷᠣᠭᠤᠯᠤᠯᠲᠠ᠎ᠪᠠᠨ ᠪᠠᠰᠠ ᠴᠢᠩᠭᠠᠳᠭᠠᠬᠤ ᠴᠢᠬᠤᠯᠠᠳᠠᠢ ᠪᠠᠢᠨ᠎ᠠ᠂ ᠮᠠᠨ᠎ᠤ ᠣᠳᠣᠬᠠᠨ᠎ᠤ ᠤᠯᠤᠰ᠎ᠤᠨ ᠪᠠᠢᠳᠠᠯ ᠪᠣᠯᠤᠨ ᠠᠵᠤ ᠠᠬᠤᠢ᠎ᠶ᠋ᠢᠨ ᠬᠥᠭ᠌ᠵᠢᠯᠲᠡ᠎ᠶ᠋ᠢᠨ ᠲᠦᠪᠱᠢᠨ᠎ᠳᠦ ᠵᠣᠬᠢᠴᠠᠬᠤ ᠮᠥᠷᠲᠡᠭᠡᠨ ᠪᠠᠰᠠ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌ ᠴᠢᠳᠠᠪᠤᠷᠢ᠎ᠶ᠋ᠢ ᠬᠥᠭ᠌ᠵᠢᠭᠡᠵᠦ᠍ ᠳᠡᠢᠯᠬᠦ᠌ ᠨᠢᠭᠡ ᠵᠦᠢᠯ᠎ᠦᠨ ᠲᠣᠭ᠍ᠲᠠᠴᠠ ᠪᠠᠢᠭᠤᠯᠤᠮᠵᠢ᠎ᠶ᠋ᠢ ᠪᠠᠢᠭᠤᠯᠪᠠᠯ ᠵᠤᠬᠢᠨ᠎ᠠ᠃


ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌᠎ᠶ᠋ᠢᠨ ᠲᠤᠯᠭᠠᠭᠤᠷᠢᠯᠠᠨ ᠳᠠᠭᠠᠭᠤᠯᠬᠤ ᠦᠢᠯᠡᠳᠦᠯ᠎ᠢ ᠬᠡᠷᠬᠢᠨ ᠴᠢᠩᠭᠠᠳᠭᠠᠬᠤ ᠪᠤᠢ?


5G ᠎ᠪᠠᠷ ᠬᠥᠲᠥᠯᠥᠨ ᠳᠠᠭᠠᠭᠤᠯᠬᠤ᠂ ᠴᠥᠮ᠎ᠡ᠎ᠶ᠋ᠢᠨ ᠴᠠᠬᠢᠯᠭᠠᠨ᠎ᠢ ᠭᠠᠳᠠᠭᠠᠳᠤ᠎ᠳᠤ ᠭᠠᠷᠭᠠᠬᠤ ᠁ ᠣᠳᠣᠬᠠᠨ᠎ᠳᠤ ᠮᠠᠨ᠎ᠤ ᠤᠯᠤᠰ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌ ᠣᠯᠠᠨ ᠬᠦᠷᠢᠶᠡᠨ᠎ᠤ ᠡᠮᠦᠨ᠎ᠡ ᠡᠩᠨᠡᠭᠡᠨ᠎ᠳᠦ ᠶᠠᠪᠤᠵᠤ᠂ ᠥᠨᠳᠥᠷ ᠲᠦᠪᠱᠢᠨ ᠪᠥᠬᠥᠶ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠪᠡᠶ᠎ᠡ᠎ᠪᠡᠨ ᠳᠠᠭᠠᠭᠠᠵᠤ ᠦᠪᠡᠷ᠎ᠢᠶᠡᠨ ᠬᠦᠴᠦᠷᠬᠡᠭ᠌ᠵᠢᠬᠦ᠌᠎ᠶ᠋ᠢ ᠪᠠᠷᠢᠮᠲᠠᠯᠠᠵᠤ᠂ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌ ᠲᠤᠯᠭᠠᠭᠤᠷᠢᠯᠠᠯ᠎ᠤᠨ ᠦᠶ᠋ᠯᠡᠳᠦᠯ᠎ᠢ ᠴᠢᠩᠭᠠᠳᠭᠠᠵᠤ᠂ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌᠎ᠳᠦ ᠲᠦᠱᠢᠭ᠌ᠯᠡᠨ ᠠᠵᠤ ᠦᠶ᠋ᠯᠡᠰ᠎ᠦᠨ ᠬᠥᠭ᠌ᠵᠢᠯᠲᠡ᠎ᠶ᠋ᠢᠨ ᠲᠦᠪᠱᠢᠨ᠎ᠢ ᠳᠡᠭᠡᠭ᠌ᠰᠢᠯᠡᠭᠦᠯᠵᠦ᠍᠂ ᠱᠢᠨ᠎ᠡ ᠬᠥᠳᠡᠯᠭᠡᠬᠦ᠌ ᠡᠨᠧᠷᠭᠢ᠎ᠶ᠋ᠢ ᠪᠣᠢᠵᠢᠭᠤᠯᠤᠨ ᠪᠤᠵᠠᠭᠠᠢᠷᠠᠭᠤᠯᠵᠤ᠂ ᠱᠢᠨ᠎ᠡ᠎ᠶ᠋ᠢ ᠡᠭᠦᠳᠬᠦ᠌᠎ᠪᠡᠷ ᠬᠥᠳᠡᠯᠭᠡᠭᠦᠷ ᠪᠣᠯᠭᠠᠬᠤ ᠬᠥᠭ᠌ᠵᠢᠯᠲᠡ᠎ᠶ᠋ᠢᠨ 《ᠭᠤᠤᠯ ᠬᠥᠭ ᠠᠶᠠᠰ》 ᠪᠣᠯᠵᠠᠶ᠃

ᠵᠠᠰᠠᠭ᠎ᠤᠨ ᠣᠷᠳᠣᠨ᠎ᠤ ᠠᠵᠢᠯ᠎ᠤᠨ ᠢᠯᠡᠳᠭᠡᠯ᠎ᠳᠦ᠂ ᠠᠵᠤ ᠠᠬᠤᠢᠯᠠᠯ᠎ᠤᠨ ᠱᠢᠨ᠎ᠡ᠎ᠶ᠋ᠢ ᠡᠭᠦᠳᠬᠦ᠌ ᠭᠤᠤᠯ ᠴᠣᠭ᠍ᠴᠠ᠎ᠶ᠋ᠢᠨ ᠪᠠᠢᠷᠢ ᠰᠠᠭᠤᠷᠢ᠎ᠶ᠋ᠢ ᠴᠢᠩᠭᠠᠳᠭᠠᠵᠤ᠂ ᠵᠠᠩᠭᠢᠯᠠᠭ᠎ᠠ᠎ᠶ᠋ᠢᠨ ᠭᠤᠤᠯᠯᠠᠬᠤ ᠮᠡᠷᠭᠡᠵᠢᠯ᠎ᠦᠨ ᠪᠣᠭᠣᠮᠲᠠ ᠱᠢᠪᠲᠤᠯᠬᠤ᠎ᠶ᠋ᠢ ᠦᠷᠭᠦᠯᠵᠢᠯᠡᠨ ᠠᠬᠢᠭᠤᠯᠵᠤ᠂ ᠦᠶ᠋ᠯᠡᠳᠪᠦᠷᠢᠯᠡᠬᠦ᠌ ᠵᠢᠭᠠᠬᠤ ᠰᠤᠳᠤᠯᠬᠤ ᠬᠡᠷᠡᠭ᠌ᠯᠡᠬᠦ᠌᠎ᠶ᠋ᠢ ᠤᠶᠠᠯᠳᠤᠭᠤᠯᠬᠤ᠎ᠶ᠋ᠢ ᠭᠦᠨᠵᠡᠭᠡᠢᠷᠡᠭᠦᠯᠦᠨ᠎ᠡ ᠭᠡᠵᠦ ᠳᠤᠷᠠᠳᠤᠨ ᠭᠠᠷᠭᠠᠪᠠ᠃

ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠲᠥᠯᠥᠭᠡᠯᠡᠭ᠌ᠴᠢ᠂ ᠦᠬᠠᠨ᠎ᠤ ᠷᠦᠢ ᠺᠸ ᠭᠡᠷᠡᠯ ᠱᠢᠷᠬᠡᠭ᠎ᠦᠨ ᠯᠠᠢᠰᠧᠷ ᠮᠡᠷᠭᠡᠵᠢᠯ᠎ᠦᠨ ᠬᠤᠪᠢᠴᠠᠭᠠᠲᠤ ᠬᠢᠵᠠᠭᠠᠷᠲᠤ ᠺᠣᠮᠫᠠᠨᠢ᠎ᠶ᠋ᠢᠨ ᠳᠡᠳ᠋ ᠬᠡᠷᠡᠭ ᠮᠡᠳᠡᠭ᠌ᠴᠢᠳ᠎ᠦᠨ ᠳᠠᠷᠤᠭ᠎ᠠ ᠶᠠᠨ ᠳ᠋ᠠ ᠫᠸᠩ ᠳᠤᠮᠳᠠᠴᠢ ᠨᠠᠰᠤ ᠨᠢ 30 ᠬᠦᠷᠬᠦ᠌ ᠦᠭᠡᠢ ᠰᠤᠳᠤᠯᠭᠠᠨ᠎ᠤ ᠪᠦᠯᠬᠦᠮ᠎ᠢᠶᠡᠨ ᠳᠠᠭᠠᠭᠤᠯᠵᠤ᠂ 《ᠪᠣᠭᠣᠮᠢ》 ᠵᠢᠨ ᠬᠦᠴᠢᠷ ᠠᠰᠠᠭᠤᠳᠠᠯ᠎ᠢ ᠱᠢᠢᠳᠪᠦᠷᠢᠯᠡᠬᠦ᠌᠎ᠶ᠋ᠢᠨ ᠲᠣᠭᠣᠷᠢᠨ᠎ᠳᠤ᠂ ᠵᠣᠷᠢᠭ᠍ᠲᠠᠢ᠎ᠪᠠᠷ ᠤᠷᠤᠭ᠍ᠰᠢᠯᠠᠵᠤ᠂ ᠬᠦᠴᠢᠷ᠎ᠢ ᠲᠤᠭᠤᠯᠤᠨ ᠪᠡᠷᠬᠡ᠎ᠶ᠋ᠢ ᠳᠠᠪᠠᠵᠠᠢ᠃

《ᠠᠵᠤ ᠠᠬᠤᠢᠯᠠᠯ᠎ᠢ ᠤᠯᠠᠮ ᠴᠢᠨᠠᠭ᠍ᠰᠢᠳᠠ ᠬᠦᠴᠦᠷᠬᠡᠭ ᠶᠡᠬᠡ ᠱᠢᠨ᠎ᠡ᠎ᠶ᠋ᠢ ᠡᠭᠦᠳᠬᠦ᠌ ᠭᠣᠣᠯ ᠴᠣᠭ᠍ᠴᠠ ᠪᠣᠯᠭᠠᠨ ᠴᠣᠭ᠍ᠴᠠᠯᠠᠵᠤ᠂ ᠤᠯᠤᠰ᠎ᠤᠨ ᠪᠠᠢᠯᠳᠤᠬᠤ ᠪᠤᠳᠤᠯᠭ᠎ᠠ᠎ᠶ᠋ᠢᠨ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠬᠦᠴᠦᠨ᠎ᠢ ᠳᠡᠭᠡᠭ᠌ᠰᠢᠯᠡᠭᠦᠯᠬᠦ᠌᠎ᠳᠦ ᠬᠦᠴᠦᠨ ᠨᠡᠮᠡᠷᠢᠯᠡᠵᠦ᠍᠂ ᠴᠢᠨᠠᠷ ᠰᠠᠢᠲᠠᠢ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌᠎ᠪᠡᠷ ᠴᠢᠨᠠᠷ ᠰᠠᠢᠲᠠᠢ ᠬᠥᠭ᠌ᠵᠢᠯᠲᠡ᠎ᠶ᠋ᠢ ᠲᠤᠯᠭᠠᠭᠤᠷᠢᠯᠠᠨ ᠳᠠᠭᠠᠭᠤᠯᠪᠠᠯ ᠵᠤᠬᠢᠨ᠎ᠠ》 ᠭᠡᠵᠦ᠍ ᠶᠠᠨ ᠳ᠋ᠠ ᠫᠸᠩ ᠬᠡᠯᠡᠪᠡ᠃

ᠤᠢ᠍ᠢᠷ᠎ᠠ᠎ᠶ᠋ᠢᠨ ᠵᠢᠯ᠎ᠦᠳ᠎ᠲᠦ᠂ ᠮᠠᠨ᠎ᠤ ᠤᠯᠤᠰ᠎ᠤᠨ ᠨᠢᠭᠡ ᠪᠦᠯᠦᠭ ᠳᠡᠯᠡᠬᠡᠢ ᠳᠡᠭᠡᠷ᠎ᠡ ᠦᠷᠢᠰᠦᠯᠳᠦᠬᠦ᠌ ᠬᠦᠴᠦᠨ ᠪᠦᠬᠦᠢ ᠱᠢᠨ᠎ᠡ᠎ᠶ᠋ᠢ ᠡᠭᠦᠳᠬᠦ᠌ ᠬᠡᠯᠪᠡᠷᠢ᠎ᠶ᠋ᠢᠨ ᠠᠵᠤ ᠠᠬᠤᠢᠯᠠᠯ ᠲᠦᠷᠭᠡᠨ᠎ᠢᠶᠡᠷ ᠦᠰᠦᠨ ᠪᠣᠢᠵᠢᠵᠤ᠂ ᠠᠵᠤ ᠠᠬᠤᠢᠯᠠᠯ᠎ᠤᠨ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌ ᠭᠤᠤᠯ ᠴᠣᠭ᠍ᠴᠠ᠎ᠶ᠋ᠢᠨ ᠪᠠᠢᠷᠢ ᠰᠠᠭᠤᠷᠢ ᠡᠳᠦᠷ ᠢᠷᠡᠬᠦᠶ᠎ᠡ ᠴᠢᠩᠭᠠᠷᠠᠵᠤ᠂ ᠰᠤᠳᠤᠯᠤᠨ ᠨᠡᠭᠡᠭᠡᠬᠦ᠌ ᠣᠷᠣᠭᠤᠯᠤᠯᠲᠠ ᠵᠢᠯ ᠳᠠᠷᠠᠭᠠᠯᠠᠨ ᠨᠡᠮᠡᠭ᠌ᠳᠡᠵᠦ᠍ ᠪᠠᠢᠨ᠎ᠠ᠃

《ᠤᠯᠤᠰ᠎ᠡᠴᠡ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠠᠵᠤ ᠠᠬᠤᠢᠯᠠᠯ᠎ᠢ ᠤᠯᠠᠮ ᠴᠢᠨᠠᠭ᠍ᠰᠢᠳᠠ ᠳᠡᠮᠵᠢᠨ ᠵᠣᠷᠢᠭ᠍ᠵᠢᠭᠤᠯᠬᠤ᠎ᠶ᠋ᠢ ᠳᠠᠭᠠᠯᠳᠤᠨ᠂ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠠᠵᠤ ᠠᠬᠤᠢᠯᠠᠯ᠎ᠨᠢ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌ ᠪᠠ ᠰᠤᠳᠤᠯᠤᠨ ᠨᠡᠭᠡᠭᠡᠬᠦ᠌᠎ᠳᠦ ᠨᠠᠩ ᠠᠩᠬᠠᠷᠤᠯ᠎ᠢᠶᠠᠨ ᠲᠥᠪᠯᠡᠷᠡᠭᠦᠯᠵᠦ᠍᠂ ᠠᠦ᠋ᠲ᠋ᠣ᠋ ᠵᠢᠯᠣᠭᠣᠳᠣᠯᠭ᠎ᠠ᠎ᠶ᠋ᠢ ᠪᠠᠭ᠍ᠲᠠᠭᠠᠭ᠍ᠰᠠᠨ ᠡᠯ᠎ᠡ ᠬᠦᠷᠢᠶᠡᠨ᠎ᠳᠦ ᠨᠠᠩ ᠶᠡᠬᠡ ᠱᠢᠨ᠎ᠡ᠎ᠶ᠋ᠢ ᠡᠭᠦᠳᠬᠦ᠌ ᠴᠢᠳᠠᠪᠤᠷᠢ᠎ᠶ᠋ᠢ ᠲᠠᠰᠤᠷᠠᠯᠲᠠ ᠥᠬᠡᠶ ᠬᠥᠭ᠌ᠵᠢᠭᠡᠬᠦ᠌ ᠪᠣᠯᠤᠨ᠎ᠠ》 ᠭᠡᠵᠦ ᠪᠦᠬᠦ᠌ ᠤᠯᠤᠰ᠎ᠤᠨ ᠤᠯᠤᠰ ᠲᠦᠷᠦ᠍᠎ᠶ᠋ᠢᠨ ᠵᠥᠪᠯᠡᠯᠭᠡᠨ᠎ᠦ ᠭᠡᠱᠢᠭᠦᠨ᠂ ᠪᠠᠢ ᠳ᠋ᠦ᠋᠎ᠵᠢᠨ ᠬᠡᠷᠡᠭ ᠮᠡᠳᠡᠭ᠌ᠴᠢᠳ᠎ᠦᠨ ᠳᠠᠷᠤᠭ᠎ᠠ ᠪᠥᠭᠡᠳ ᠲᠡᠷᠢᠭᠦᠨ ᠭᠦᠢᠴᠡᠳᠭᠡᠭ᠌ᠴᠢ ᠲᠤᠱᠢᠶᠠᠯᠲᠠᠨ ᠯᠢ ᠶᠠᠨ ᠬᠣᠩ ᠬᠡᠯᠡᠪᠡ᠃

ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠲᠥᠯᠥᠭᠡᠯᠡᠭ᠌ᠴᠢ᠂ ᠤᠯᠤᠰ᠎ᠤᠨ ᠠᠲ᠋ᠣᠮ᠎ᠤᠨ ᠡᠨᠧᠷᠭᠢ᠎ᠶ᠋ᠢᠨ ᠪᠠᠢᠭᠤᠯᠤᠮᠵᠢ᠎ᠶ᠋ᠢᠨ ᠳᠡᠳ᠋ ᠡᠷᠬᠢᠯᠡᠭ᠌ᠴᠢ ᠳ᠋ᠦᠩ ᠪᠦᠦ ᠲᠦᠩ᠎ᠦᠨ ᠦᠵᠡᠬᠦ᠌᠎ᠪᠡᠷ᠂ ᠢᠷᠡᠭᠡᠳᠦᠢ᠎ᠳᠦ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ ᠪᠠ ᠠᠵᠤ ᠦᠢᠯᠡᠰ᠎ᠦᠨ ᠥᠷᠢᠰᠥᠯᠳᠦᠭᠡᠨ ᠳᠤᠮᠳᠠ ᠦᠷᠢᠰᠦᠯᠳᠦᠬᠦ᠌ ᠬᠦᠴᠦᠨ᠎ᠲᠡᠶ ᠪᠣᠯᠤᠶ᠎ᠠ ᠭᠡᠪᠡᠯ ᠡᠷᠬᠡᠪᠰᠢ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠪᠡᠶ᠎ᠡ᠎ᠪᠡᠨ ᠳᠠᠭᠠᠭᠠᠵᠤ ᠥᠪᠡᠷ᠎ᠢ᠎ᠪᠡᠨ ᠬᠦᠴᠦᠷᠬᠡᠭ᠌ᠵᠢᠭᠦᠯᠬᠦ᠌ ᠵᠠᠮ᠎ᠢᠶᠠᠷ ᠵᠠᠮᠨᠠᠬᠤ ᠬᠡᠷᠡᠭ᠌ᠲᠡᠢ᠃

《ᠱᠢᠨ᠎ᠡ᠎ᠪᠡᠷ ᠮᠠᠨᠳᠤᠭ᠍ᠰᠠᠨ ᠠᠵᠤ ᠦᠶ᠋ᠯᠡᠰ᠎ᠦᠨ ᠪᠣᠶ ᠪᠣᠯᠬᠤ ᠬᠥᠳᠡᠯᠭᠡᠬᠦ᠌ ᠬᠦᠴᠦᠨ᠎ᠨᠢ ᠨᠢᠭᠡ ᠲᠠᠯ᠎ᠠ᠎ᠪᠠᠷ ᠵᠠᠬ᠎ᠠ ᠳᠡᠯᠭᠡᠭᠦᠷ᠎ᠡᠴᠡ ᠢᠷᠡᠵᠦ᠍᠂ ᠠᠵᠤ ᠠᠬᠤᠢᠯᠠᠯ᠎ᠡᠴᠡ ᠢᠷᠡᠬᠦ᠌ ᠶᠣᠰᠣᠲᠠᠶ᠂ ᠨᠥᠭᠥᠭᠡ ᠲᠠᠯ᠎ᠠ᠎ᠪᠠᠷ ᠱᠢᠨᠵᠢᠯᠡᠬᠦ᠌ ᠤᠬᠠᠭᠠᠨᠲᠠᠳ᠎ᠤᠨ ᠴᠢᠯᠥᠭᠡᠲᠡᠶ ᠬᠠᠢᠨ ᠰᠥᠪᠡᠭ᠌ᠴᠢᠯᠡᠯᠲᠡ᠎ᠡᠴᠡ ᠢᠷᠡᠬᠦ᠌ ᠶᠣᠰᠣᠲᠠᠶ᠂ ᠡᠨᠡ ᠬᠣᠶᠠᠷ ᠲᠠᠯ᠎ᠠ ᠪᠣᠯ ᠴᠥᠮ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠬᠥᠳᠡᠯᠭᠡᠬᠦ᠌ ᠬᠦᠴᠦᠨ ᠮᠥᠨ》 ᠭᠡᠵᠦ᠍ ᠳ᠋ᠦᠩ ᠪᠦᠦ ᠲᠦᠩ ᠬᠡᠯᠡᠪᠡ᠃

( ᠰᠢᠨᠬᠤᠸᠠ ᠬᠤᠷᠢᠶᠠᠨ᠎ᠤ ᠪᠡᠭᠡᠵᠢᠩ᠎ᠤᠨ 3 ᠰᠠᠷ᠎ᠠ᠎ᠶᠢᠨ 6᠎ᠤ᠋ ᠴᠠᠬᠢᠯᠭᠠᠨ ᠮᠡᠳᠡᠭᠡ)

ᠣᠷᠴᠢᠭᠤᠯᠤᠭ᠍ᠴᠢ᠄
ᠨᠠᠢᠷᠠᠭᠤᠯᠤᠭ᠍ᠴᠢ᠄ ᠪᠣᠣ ᠮᠧᠢ ᠷᠥᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠬᠠᠮᠢᠶ᠎ᠡ ᠪᠦᠬᠦᠢ ᠰᠣᠨᠢᠨ

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号