ᠪᠥᠬᠥ ᠤᠯᠤᠰ᠎ᠤᠨ ᠤᠯᠤᠰ ᠲᠥᠷᠥ᠍᠎ᠶᠢᠨ ᠵᠥᠪᠯᠡᠯᠭᠡᠨ᠎ᠦ ᠠᠷᠪᠠᠨ ᠭᠤᠷᠪᠠᠳᠤᠭᠠᠷ ᠬᠤᠭᠤᠴᠠᠭᠠᠨ᠎ᠤ ᠬᠤᠷᠢᠶᠠᠨ᠎ᠤ ᠲᠠᠪᠤᠳᠤᠭᠠᠷ ᠬᠤᠷᠠᠯ ᠲᠡᠭᠦᠰᠪᠡ
2022-03-11 08:49:51
ᠵᠣᠬᠢᠶᠠᠭ᠍ᠴᠢ᠄
ᠣᠩᠱᠢᠭ᠍ᠰᠠᠨ ᠣᠳᠠᠭ᠎ᠠ᠄
★★★☆☆

ᠰᠢ᠎ᠶᠢᠨ ᠫᠢᠩ  ᠯᠢ ᠺᠸ ᠴᠢᠶᠠᠩ  ᠯᠢ ᠵᠠᠨ ᠱᠸ᠋  ᠸᠠᠩ ᠬ᠍ᠸ᠋ ᠨᠢᠩ  ᠵᠤᠤ ᠯᠸ ᠵᠢᠢ  ᠬᠠᠨ ᠵᠧᠩ  ᠸᠠᠩ ᠴᠢ ᠱᠠᠨ  ᠬᠤᠷᠠᠯ ᠳ᠋ᠤ ᠣᠷᠣᠯᠴᠠᠵᠥ    ᠸᠠᠩ ᠶᠠᠩ ᠶᠠᠷᠢᠶ᠎ᠠ ᠲᠠᠯᠪᠢᠵᠠᠢ

ᠰᠢᠨᠬᠤᠸᠠ ᠬᠣᠷᠢᠶᠠᠨ᠎ᠤ ᠪᠡᠭᠡᠵᠢᠩ᠎ᠦᠨ 3 ᠰᠠᠷ᠎ᠠ᠎ᠶᠢᠨ 10 ᠎ᠤ᠋ ᠴᠠᠬᠢᠯᠭᠠᠨ ᠮᠡᠳᠡᠭᠡ  ᠳᠤᠮᠳᠠᠳᠤ ᠤᠯᠤᠰ᠎ᠤᠨ ᠠᠷᠠᠳ᠎ᠤᠨ ᠤᠯᠤᠰ ᠲᠦᠷᠦ᠎ᠶᠢᠨ ᠵᠥᠪᠯᠡᠯᠭᠡᠨ᠎ᠦ ᠠᠷᠪᠠᠨ ᠭᠤᠷᠪᠠᠳᠤᠭᠠᠷ ᠬᠤᠭᠤᠴᠠᠭᠠᠨ᠎ᠤ ᠪᠦᠬᠦ ᠤᠯᠤᠰ᠎ᠤᠨ ᠬᠣᠷᠢᠶᠠᠨ᠎ᠤ ᠲᠠᠪᠤᠳᠤᠭᠠᠷ ᠬᠤᠷᠠᠯ ᠡᠯ᠎ᠡ ᠵᠥᠪᠯᠡᠬᠦ ᠵᠦᠢᠯ᠎ᠢᠶᠡᠨ ᠠᠮᠵᠢᠯᠲᠠ᠎ᠲᠠᠢ ᠵᠦᠪᠯᠡᠵᠥ ᠳᠠᠭᠤᠰᠬᠠᠭᠠᠳ᠂ 10 ᠤ᠋ ᠦᠳᠡ᠎ᠶᠢᠨ ᠡᠮᠦᠨ᠎ᠡ ᠠᠷᠠᠳ᠎ᠤᠨ ᠶᠡᠬᠡ ᠬᠤᠷᠠᠯ᠎ᠤᠨ ᠳᠠᠩᠬᠢᠮ ᠳ᠋ᠤ ᠳᠡᠬᠦᠰᠪᠡ᠃ ᠬᠤᠷᠠᠯ ᠡᠴᠡ᠂ ᠠᠷᠠᠳ᠎ᠤᠨ ᠤᠯᠤᠰ ᠲᠥᠷᠥ᠍᠎ᠶᠢᠨ ᠵᠥᠪᠯᠡᠯᠭᠡᠨ᠎ᠦ ᠡᠯ᠎ᠡ ᠱᠠᠲᠤᠨ᠎ᠤ ᠵᠣᠬᠢᠶᠠᠨ ᠪᠠᠢᠭᠤᠯᠤᠯᠲᠠ᠂ ᠡᠯ᠎ᠡ ᠣᠷᠣᠯᠴᠠᠬᠴᠢ ᠨᠢᠭᠡᠴᠢ ᠪᠤᠯᠤᠨ ᠥᠷᠭᠡᠨ ᠣᠯᠠᠨ ᠤᠯᠤᠰ ᠲᠥᠷᠥ᠍᠎ᠶᠢᠨ ᠵᠥᠪᠯᠡᠯᠭᠡᠨ᠎ᠦ ᠭᠡᠰᠢᠭᠦᠨ ᠰᠢ᠎ᠶᠢᠨ ᠫᠢᠩ ᠨᠥᠬᠥᠷ᠎ᠢᠶᠡᠷ ᠭᠣᠣᠯ ᠪᠣᠯᠭᠠᠭᠰᠠᠨ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶᠠᠨ᠎ᠤ ᠲᠣᠭᠣᠷᠢᠨ᠎ᠳᠤ ᠨᠡᠩ ᠨᠢᠭ᠍ᠲᠠᠷᠠᠨ ᠪᠦᠯᠬᠦᠮᠳᠡᠵᠦ᠂ ᠡᠷᠡᠯᠬᠡᠭᠯᠡᠨ ᠳᠡᠮᠡᠴᠡᠵᠥ᠂ ᠡᠷᠡᠰ ᠰᠢᠭᠤᠷᠬᠠᠢ ᠪᠡᠷ ᠤᠷᠤᠭᠰᠢᠯᠠᠵᠤ᠂ ᠪᠣᠳᠠᠲᠤ ᠠᠵᠢᠯᠯᠠᠭ᠎ᠠ᠎ᠪᠠᠷ᠎ᠢᠶᠠᠨ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠬᠣᠷᠢᠳᠤᠭᠠᠷ ᠶᠡᠬᠡ ᠬᠤᠷᠠᠯ᠎ᠤᠨ ᠠᠮᠵᠢᠯᠲᠠ᠎ᠲᠠᠢ ᠬᠤᠷᠠᠯᠳᠤᠬᠤ᠎ᠶᠢ ᠤᠭᠲᠤᠵᠤ᠂ ᠨᠡᠢᠭᠡᠮ ᠵᠢᠷᠤᠮᠳᠤ ᠣᠳᠣᠬᠢᠴᠢᠯᠠᠭᠰᠠᠨ ᠤᠯᠤᠰ᠎ᠢ ᠪᠦᠬᠦ ᠲᠠᠯ᠎ᠠ᠎ᠪᠠᠷ ᠪᠦᠲᠦᠭᠡᠨ ᠪᠠᠶ᠋ᠢᠭᠤᠯᠬᠤ ᠰᠢᠨ᠎ᠡ ᠢᠯᠠᠯᠲᠠ᠎ᠶᠢ ᠲᠡᠮᠡᠴᠡᠨ ᠣᠯᠬᠤ᠂ ᠳᠤᠮᠳᠠᠳᠤ᠎ᠶᠢᠨ ᠦᠨᠳᠦᠰᠦᠲᠡᠨ᠎ᠦ ᠠᠭᠤᠤ ᠶᠡᠬᠡ ᠰᠡᠷᠭᠦᠨ ᠮᠠᠨᠳᠤᠯᠲᠠ᠎ᠶᠢᠨ ᠳᠤᠮᠳᠠᠳᠤ᠎ᠶᠢᠨ ᠵᠡᠭᠦᠳᠦ᠎ᠶᠢ ᠲᠡᠷᠭᠡᠯᠰᠢᠭᠦᠯᠬᠦ᠎ᠳᠦ ᠨᠡᠩ ᠶᠡᠬᠡ ᠰᠢᠨ᠎ᠡ ᠬᠤᠪᠢ ᠨᠡᠮᠡᠷᠢ ᠦᠵᠡᠭᠦᠯᠳᠦᠬᠡᠢ ᠬᠡᠵᠥ ᠤᠷᠢᠶᠠᠯᠠᠪᠠ᠃


QQ图片20220311084716.png


3 ᠰᠠᠷ᠎ᠠ᠎ᠶᠢᠨ 10 ᠎ᠤ᠋ ᠡᠳᠦᠷ᠂ ᠲᠤᠮᠲᠠᠲᠤ ᠤᠯᠤᠰ᠎ᠤᠨ ᠠᠷᠠᠳ᠎ᠤᠨ ᠤᠯᠤᠰ ᠲᠥᠷᠥ᠍᠎ᠶᠢᠨ ᠵᠥᠪᠯᠡᠯᠭᠡᠨ᠎ᠦ ᠠᠷᠪᠠᠨ ᠭᠤᠷᠪᠠᠳᠤᠭᠠᠷ ᠬᠤᠭᠤᠴᠠᠭᠠᠨ᠎ᠤ ᠪᠥᠬᠥ ᠤᠯᠤᠰ᠎ᠤᠨ ᠬᠤᠷᠢᠶᠠᠨ᠎ᠤ ᠲᠠᠪᠤᠳᠤᠭᠠᠷ ᠬᠤᠷᠠᠯ ᠪᠡᠬᠡᠵᠢᠩ ᠎ᠳᠤ ᠲᠡᠭᠦᠰᠪᠡ᠃ ᠰᠢ᠎ᠶᠢᠨ ᠫᠢᠩ᠂ ᠯᠢ ᠺᠸ ᠴᠢᠶᠠᠩ᠂ ᠯᠢ ᠵᠠᠨ ᠱᠸ᠋᠂ ᠸᠠᠩ ᠬ᠍ᠸ᠋ ᠨᠢᠩ᠂ ᠵᠤᠤ ᠯᠸ ᠵᠢᠢ᠂ ᠬᠠᠨ ᠵᠧᠩ᠂ ᠸᠠᠩ ᠴᠢ ᠱᠠᠨ ᠨᠠᠷ ᠲᠡᠷᠢᠬᠥᠯᠡᠭᠴᠢᠳ᠎ᠤᠨ ᠲᠠᠢᠰᠠᠠ᠎ᠳᠤ ᠰᠠᠭᠠᠲᠠᠵᠤ ᠂ ᠸᠠᠩ ᠶᠠᠩ ᠶᠠᠷᠢᠶ᠎ᠠ ᠲᠠᠯᠪᠢᠵᠠᠢ᠃

ᠰᠢᠨᠬᠤᠧᠠ ᠬᠤᠷᠢᠶᠠᠨ᠎ᠤ ᠰᠤᠷᠪᠤᠯᠵᠢᠯᠠᠬᠴᠢ ᠵᠢᠤᠢ ᠫᠸᠩ  ᠰᠡᠬᠦᠳᠡᠷᠯᠡᠪᠡ


ᠬᠤᠷᠠᠯ᠎ᠢ ᠪᠦᠬᠦ ᠤᠯᠤᠰ᠎ᠤᠨ ᠤᠯᠤᠰ ᠲᠦᠷᠦ᠎ᠶᠢᠨ ᠵᠥᠪᠯᠡᠯᠭᠡᠨ᠎ᠦ ᠲᠡᠷᠢᠭᠦᠯᠡᠭᠴᠢ ᠸᠠᠩ ᠶᠠᠩ ᠡᠷᠬᠢᠯᠡᠪᠡ᠃ ᠪᠥᠬᠥ ᠤᠯᠤᠰ᠎ᠤᠨ ᠤᠯᠤᠰ ᠲᠥᠷᠥ᠍᠎ᠶᠢᠨ ᠵᠥᠪᠯᠡᠯᠭᠡᠨ᠎ᠦ ᠳᠡᠳ᠋ ᠲᠡᠷᠢᠭᠦᠯᠡᠭᠴᠢ ᠵᠠᠩ ᠴᠢᠩ ᠯᠢ᠂ ᠯᠢᠦ ᠴᠢ ᠪᠦᠦ᠂  ᠫᠠᠪᠠᠯᠠ· ᠭᠸᠯᠸᠭᠨᠠᠮᠵᠢᠯ᠂ ᠸᠠᠨ ᠭᠠᠩ᠂ ᠾᠧ ᠾᠧᠦ ᠬᠤᠸᠠ᠂ ᠯᠦ᠍ ᠵᠠᠨ ᠬᠥᠩ᠂ ᠮᠠ ᠪᠢᠶᠣᠣ᠂ ᠴᠧᠨ ᠰᠢᠶᠣᠣ ᠭᠤᠸᠠᠩ᠂ ᠯᠢᠶᠠᠩ ᠵᠧᠨ ᠶᠢᠩ᠂ ᠰᠢᠶᠠ ᠪᠦᠦ ᠯᠦᠩ᠂ ᠯᠢ ᠪᠢᠨ᠂ ᠪᠠᠭᠠᠲᠤᠷ᠂ ᠸᠠᠩ ᠶᠦᠩ ᠴᠢᠩ᠂ ᠾᠧ ᠯᠢ ᠹᠧᠩ᠂ ᠰᠸ᠋ ᠬᠣᠶ᠂ ᠵᠧᠩ ᠵᠢᠶᠠᠨ ᠪᠠᠩ᠂ ᠬᠥ ᠱᠧᠩ ᠽᠦ᠍᠂ ᠯᠢᠦ ᠰᠢᠨ ᠴᠧᠩ᠂ ᠾᠧ ᠸᠧᠢ᠂ ᠱᠣᠸ᠋ ᠬᠣᠩ᠂ ᠭᠣᠸ᠋ ᠶᠦᠨ ᠯᠦᠩ ᠲᠡᠷᠢᠭᠦᠯᠡᠭᠴᠢᠳ᠎ᠤᠨ ᠲᠠᠢᠰᠠᠨ᠎ᠤ ᠡᠮᠦᠨ᠎ᠡ ᠮᠥᠷ᠎ᠲᠦ ᠰᠠᠭᠠᠲᠠᠪᠠ᠃

ᠰᠢ᠎ᠶᠢᠨ ᠫᠢᠩ᠂ ᠯᠢ ᠺᠸ ᠴᠢᠶᠠᠩ᠂ ᠯᠢ ᠵᠠᠨ ᠱᠸ᠋᠂ ᠸᠠᠩ ᠬ᠍ᠸ᠋ ᠨᠢᠩ᠂ ᠵᠤᠤ ᠯᠸ ᠵᠢᠢ᠂ ᠬᠠᠨ ᠵᠧᠩ᠂ ᠸᠠᠩ ᠴᠢ ᠱᠠᠨ ᠨᠠᠷ ᠲᠡᠷᠢᠭᠦᠯᠡᠭᠴᠢᠳ᠎ᠤᠨ ᠲᠠᠢᠰᠠᠨ᠎ᠳᠤ ᠰᠠᠭᠠᠲᠠᠪᠠ᠃

ᠦᠳᠡ᠎ᠶ᠋ᠢᠨ ᠡᠮᠦᠨᠡᠬᠢ 9 ᠴᠠᠭ᠎ᠲᠤ᠌᠂ ᠲᠡᠭᠦᠰᠭᠦ ᠬᠤᠷᠠᠯ ᠡᠬᠢᠯᠡᠪᠡ᠃ ᠸᠠᠩ ᠶᠠᠩ᠂ ᠳᠤᠮᠳᠠᠳᠤ ᠤᠯᠤᠰ᠎ᠤᠨ ᠠᠷᠠᠳ᠎ᠤᠨ ᠤᠯᠤᠰ ᠲᠦᠷᠦ᠍᠎ᠶ᠋ᠢᠨ ᠵᠥᠪᠯᠡᠯᠭᠡᠨ᠎ᠦ ᠠᠷᠪᠠᠨ ᠭᠤᠷᠪᠠᠳᠤᠭᠠᠷ ᠬᠤᠭᠤᠴᠠᠭᠠᠨ᠎ᠤ ᠪᠦᠬᠦ᠌ ᠤᠯᠤᠰ᠎ᠤᠨ ᠬᠣᠷᠢᠶᠠᠨ ᠎ᠤ ᠲᠠᠪᠤᠳᠤᠭᠠᠷ ᠬᠤᠷᠠᠯ᠎ᠳᠤ ᠣᠷᠣᠯᠴᠠᠬᠤ ᠶᠣᠰᠣᠲᠠᠢ ᠭᠡᠱᠢᠭᠦᠨ 2157 ᠬᠥᠮᠦᠨ᠂ ᠪᠣᠳᠠᠲᠠᠢ ᠣᠷᠣᠯᠴᠠᠭ᠍ᠰᠠᠨ ᠨᠢ 1969 ᠬᠥᠮᠦᠨ ᠪᠠᠢᠵᠤ᠂ ᠬᠠᠤᠯᠢ᠎ᠳᠤ ᠲᠣᠭ᠍ᠲᠠᠭᠠᠭ᠍ᠰᠠᠨ ᠬᠥᠮᠦᠨ᠎ᠦ ᠲᠣᠭ᠎ᠠ᠎ᠳᠤ ᠨᠡᠢᠴᠡᠨ᠎ᠡ ᠭᠡᠵᠦ᠍ ᠨᠡᠢᠲᠡᠯᠡᠪᠡ᠃


QQ图片20220311084727.png


3 ᠰᠠᠷ᠎ᠠ᠎ᠶᠢᠨ 10 ᠎ᠤ᠋ ᠡᠳᠦᠷ᠂ ᠳᠤᠮᠳᠠᠳᠤ ᠤᠯᠤᠰ᠎ᠤᠨ ᠠᠷᠠᠳ᠎ᠤᠨ ᠤᠯᠤᠰ ᠲᠦᠷᠦ᠎ᠶᠢᠨ ᠵᠥᠪᠯᠡᠯᠭᠡᠨ᠎ᠦ ᠠᠷᠪᠠᠨ ᠭᠤᠷᠪᠠᠳᠤᠭᠠᠷ ᠬᠤᠭᠤᠴᠠᠭᠠᠨ᠎ᠤ ᠪᠦᠬᠦ ᠤᠯᠤᠰ᠎ᠤᠨ ᠬᠣᠷᠢᠶᠠᠨ᠎ᠤ ᠲᠠᠪᠤᠳᠤᠭᠠᠷ ᠬᠤᠷᠠᠯ ᠪᠡᠬᠡᠵᠢᠩ ᠎ᠤᠨ ᠠᠷᠠᠳ ᠎ᠤᠨ ᠶᠡᠬᠡ ᠬᠤᠷᠠᠯ ᠎ᠤᠨ ᠲᠠᠡᠭᠭᠢᠮ᠎ᠳ᠋ᠤ ᠳᠡᠬᠦᠰᠪᠡ᠃ ᠪᠥᠬᠥ ᠤᠯᠤᠰ᠎ᠤᠨ ᠤᠯᠤᠰ ᠲᠥᠷᠥ᠍᠎ᠶᠢᠨ ᠵᠥᠪᠯᠡᠯᠭᠡᠨ᠎ᠦ ᠲᠡᠷᠢᠬᠥᠯᠡᠭᠴᠢ ᠸᠠᠩ ᠶᠠᠩ ᠲᠡᠬᠦᠰᠬᠦ ᠬᠤᠷᠠᠯ᠎ᠢ ᠡᠷᠬᠢᠯᠡᠭᠰᠡᠨ ᠪᠦᠬᠡᠳ ᠶᠠᠷᠢᠶ᠎ᠠ ᠲᠠᠯᠪᠢᠪᠠ᠃      

ᠰᠢᠨᠬᠤᠧᠠ ᠬᠤᠷᠢᠶᠠᠨ᠎ᠤ ᠰᠤᠷᠪᠤᠯᠵᠢᠯᠠᠬᠴᠢ  ᠬᠤᠧᠠᠩ ᠵᠢᠩ ᠸᠧᠨ  ᠰᠡᠬᠦᠳᠡᠷᠯᠡᠪᠡ


ᠬᠤᠷᠠᠯ᠎ᠡᠴᠡ ᠪᠠᠢᠩᠭᠤ᠎ᠶ᠋ᠢᠨ ᠬᠣᠷᠢᠶᠠᠨ᠎ᠤ ᠠᠵᠢᠯ᠎ᠤᠨ ᠮᠡᠳᠡᠬᠦᠯᠦᠯᠳᠠ ᠵᠢᠨ ᠲᠤᠬᠠᠢ ᠤᠯᠤᠰ ᠲᠦᠷᠦ᠍᠎ᠶ᠋ᠢᠨ ᠵᠥᠪᠯᠡᠯᠭᠡᠨ᠎ᠦ ᠠᠷᠪᠠᠨ ᠭᠤᠷᠪᠠᠳᠤᠭᠠᠷ ᠬᠤᠭᠤᠴᠠᠭᠠᠨ᠎ᠤ ᠪᠦᠬᠦ᠌ ᠤᠯᠤᠰ᠎ᠤᠨ ᠬᠣᠷᠢᠶᠠᠨ᠎ᠤ ᠲᠠᠪᠤᠳᠤᠭᠠᠷ ᠬᠤᠷᠠᠯ᠎ᠤᠨ ᠱᠢᠢᠳᠪᠦᠷᠢ᠂ ᠤᠯᠤᠰ ᠲᠦᠷᠦ᠍᠎ᠶ᠋ᠢᠨ ᠵᠥᠪᠯᠡᠯᠭᠡᠨ᠎ᠦ ᠠᠷᠪᠠᠨ ᠭᠤᠷᠪᠠᠳᠤᠭᠠᠷ ᠬᠤᠭᠤᠴᠠᠭᠠᠨ᠎ᠤ ᠪᠦᠬᠦ᠌ ᠤᠯᠤᠰ᠎ᠤᠨ ᠬᠤᠷᠢᠶᠠᠨ᠎ᠤ ᠳᠥᠷᠪᠡᠳᠦᠭᠡᠷ ᠬᠤᠷᠠᠯ᠎ᠡᠴᠡ ᠨᠠᠭᠠᠱᠢᠬᠢ ᠰᠠᠨᠠᠯ ᠳᠤᠷᠠᠳᠤᠯᠭ᠎ᠠ᠎ᠶ᠋ᠢᠨ ᠠᠵᠢᠯ᠎ᠤᠨ ᠮᠡᠳᠡᠭᠦᠯᠦᠯᠲᠡ᠎ᠶ᠋ᠢᠨ ᠲᠤᠬᠠᠢ ᠤᠯᠤᠰ ᠲᠦᠷᠦ᠍᠎ᠶ᠋ᠢᠨ ᠵᠥᠪᠯᠡᠯᠭᠡᠨ᠎ᠦ ᠠᠷᠪᠠᠨ ᠭᠤᠷᠪᠠᠳᠤᠭᠠᠷ ᠬᠤᠭᠤᠴᠠᠭᠠᠨ᠎ᠤ ᠪᠦᠬᠦ᠌ ᠤᠯᠤᠰ᠎ᠤᠨ ᠬᠣᠷᠢᠶᠠᠨ᠎ᠤ ᠲᠠᠪᠤᠳᠤᠭᠠᠷ ᠬᠤᠷᠠᠯ᠎ᠤᠨ ᠱᠢᠢᠳᠪᠦᠷᠢ᠂ ᠤᠯᠤᠰ ᠲᠦᠷᠦ ᠵᠢᠨ ᠵᠦᠪᠯᠡᠯᠭᠡᠨ᠎ᠤ ᠠᠷᠪᠡᠨ ᠭᠤᠷᠪᠠᠳᠤᠭᠠᠷ ᠬᠤᠭᠤᠴᠠᠭᠠᠨ᠎ᠤ ᠬᠤᠷᠢᠶᠠᠨ᠎ᠤ ᠲᠠᠪᠤᠳᠤᠭᠠᠷ ᠬᠤᠷᠠᠯ᠎ᠤᠨ ᠰᠠᠨᠠᠯ ᠳᠤᠷᠠᠳᠤᠯᠭ᠎ᠠ᠎ᠶ᠋ᠢ ᠬᠢᠨᠠᠨ ᠪᠠᠢᠴᠠᠭᠠᠭ᠍ᠰᠠᠨ ᠪᠠᠢᠳᠠᠯ᠎ᠤᠨ ᠲᠤᠬᠠᠢ ᠤᠯᠤᠰ ᠲᠦᠷᠦ᠍᠎ᠶ᠋ᠢᠨ ᠵᠥᠪᠯᠡᠯᠭᠡᠨ᠎ᠦ ᠠᠷᠪᠠᠨ ᠭᠤᠷᠪᠠᠳᠤᠭᠠᠷ ᠬᠤᠭᠤᠴᠠᠭᠠᠨ᠎ᠤ ᠪᠦᠬᠦ᠌ ᠤᠯᠤᠰ᠎ᠤᠨ ᠬᠣᠷᠢᠶᠠᠨ᠎ᠤ ᠰᠠᠨᠠᠯ ᠳᠤᠷᠠᠳᠤᠯᠭ᠎ᠠ᠎ᠶ᠋ᠢᠨ ᠵᠥᠪᠯᠡᠯ᠎ᠦᠨ ᠮᠡᠳᠡᠭᠦᠯᠦᠯᠲᠡ᠂ ᠤᠯᠤᠰ ᠲᠦᠷᠦ᠍᠎ᠶ᠋ᠢᠨ ᠵᠥᠪᠯᠡᠯᠭᠡᠨ᠎ᠦ ᠠᠷᠪᠠᠨ ᠭᠤᠷᠪᠠᠳᠤᠭᠠᠷ ᠬᠤᠭᠤᠴᠠᠭᠠᠨ᠎ᠤ ᠪᠦᠬᠦ᠌ ᠤᠯᠤᠰ᠎ᠤᠨ ᠬᠣᠷᠢᠶᠠᠨ᠎ᠤ ᠲᠠᠪᠤᠳᠤᠭᠠᠷ ᠬᠤᠷᠠᠯ᠎ᠤᠨ ᠤᠯᠤᠰ ᠲᠦᠷᠦ᠍᠎ᠶ᠋ᠢᠨ ᠱᠢᠢᠳᠪᠦᠷᠢ ᠵᠢ ᠪᠠᠳᠤᠯᠠᠪᠠ᠃

ᠸᠠᠩ ᠶᠠᠩ ᠶᠠᠷᠢᠶᠠᠨ᠎ᠳᠠᠭᠠᠨ᠂ ᠡᠨᠡ ᠤᠳᠠᠭ᠎ᠠ᠎ᠶ᠋ᠢᠨ ᠬᠤᠷᠠᠯ ᠨᠢ ᠢᠳᠡᠪᠬᠢ ᠬᠦᠴᠦᠨ᠎ᠢ ᠥᠷᠭᠡᠨ᠎ᠢᠶᠡᠷ ᠨᠢᠬᠳᠠᠷᠠᠭᠤᠯᠵᠤ᠂ ᠴᠤᠭ ᠵᠢᠪᠬᠤᠭ᠎ᠠ᠎ᠪᠠᠳᠠᠷᠠᠩᠭᠤᠢ᠂ ᠲᠤᠭ᠎ᠢ ᠥᠨᠳᠥᠷ ᠮᠠᠨᠳᠤᠭᠤᠯᠤᠭ᠍ᠰᠠᠨ᠂ ᠠᠷᠠᠳᠴᠢᠯᠠᠯ ᠲᠠᠢ ᠪᠦᠯᠬᠦᠮᠳᠡᠯ᠎ᠲᠡᠶ᠂ ᠦᠨᠡᠨ᠎ᠢ ᠪᠠᠷᠢᠮᠲᠠᠯᠠᠨ ᠪᠣᠳᠠᠲᠠᠢ᠎ᠶ᠋ᠢ ᠡᠷᠬᠢᠮᠯᠡᠭ᠌ᠰᠡᠨ᠂ ᠤᠬᠤᠷ ᠠᠪᠰᠠᠷᠬᠠᠨ ᠳᠥᠲᠡ ᠥᠨᠳᠥᠷ ᠪᠦᠲᠦᠮᠵᠢᠲᠡᠢ ᠶᠡᠬᠡ ᠬᠤᠷᠠᠯ ᠪᠣᠯᠵᠠᠢ᠃ ᠳᠣᠮᠳᠠᠳᠤ ᠡᠣᠯᠣᠰ᠎ᠤᠨ ᠡᠪ ᠬᠠᠮᠳᠤ ᠨᠠᠮ᠎ᠤᠨ ᠲᠥᠪ ᠬᠣᠷᠢᠶᠠᠨ᠎ᠤ ᠶᠡᠷᠦᠩᠬᠡᠶ ᠱᠦᠵᠢ᠂ ᠡᠣᠯᠣᠰ᠎ᠤᠨ ᠲᠡᠷᠢᠭᠦᠯᠡᠭ᠌ᠴᠢ᠂ ᠲᠥᠪ᠎ᠦᠨ ᠴᠡᠷᠢᠭ᠎ᠦᠨ ᠶᠠᠪᠤᠳᠠᠯ᠎ᠤᠨ ᠬᠣᠷᠢᠶᠠᠨ᠎ᠤ ᠲᠡᠷᠢᠭᠦᠯᠡᠭ᠌ᠴᠢ ᠰᠢ ᠵᠢᠨ ᠫᠢᠩ ᠵᠡᠷᠭᠡ ᠨᠠᠮ ᠪᠠ ᠲᠥᠷᠥ᠎ᠶ᠋ᠢᠨ ᠤᠳᠤᠷᠢᠳᠭᠤ ᠨᠥᠬᠥᠳ ᠶᠡᠬᠡ ᠬᠤᠷᠠᠯ᠎ᠤᠨ ᠡᠬᠢᠯᠡᠬᠦ᠌ ᠬᠤᠷᠠᠯ ᠪᠠ ᠲᠡᠭᠦᠰᠭᠦ ᠬᠤᠷᠠᠯ᠎ᠳᠤ ᠣᠷᠣᠯᠴᠠᠵᠤ᠂ ᠡᠲᠡᠭᠡᠳ ᠢᠯᠭᠠᠯ᠎ᠤᠨ ᠳᠤᠭᠤᠢᠯᠠᠩ᠎ᠳᠤ ᠭᠦᠨᠵᠡᠭᠡᠢᠷᠡᠨ ᠰᠠᠨᠠᠯ᠎ᠢ ᠰᠣᠨᠣᠰᠴᠤ᠌᠂ ᠭᠡᠱᠢᠭᠦᠳ᠎ᠲᠡᠶ ᠬᠠᠮᠲᠤ᠎ᠪᠠᠷ ᠲᠥᠷᠥ᠎ᠶ᠋ᠢᠨ ᠶᠠᠪᠤᠳᠠᠯ᠎ᠢ ᠵᠥᠪᠯᠡᠪᠡ᠃ ᠪᠦᠬᠦ᠌ ᠭᠡᠱᠢᠭᠦᠳ ᠵᠠᠰᠠᠭ᠎ᠤᠨ ᠣᠷᠳᠣᠨ᠎ᠤ ᠠᠵᠢᠯ᠎ᠤᠨ ᠢᠯᠡᠳᠭᠡᠯ ᠪᠠ ᠪᠤᠰᠤᠳ ᠮᠡᠳᠡᠬᠦᠯᠦᠯᠳᠠ ᠵᠢ ᠨᠠᠷᠢᠨ ᠬᠢᠨᠠᠮᠠᠭᠠᠶ ᠶᠠᠷᠢᠯᠴᠠᠵᠤ᠂ ᠪᠦᠬᠦ᠌ ᠤᠯᠤᠰ᠎ᠤᠨ ᠤᠯᠤᠰ ᠲᠦᠷᠦ᠍᠎ᠶ᠋ᠢᠨ ᠵᠥᠪᠯᠡᠯᠭᠡᠨ᠎ᠦ ᠪᠠᠢᠩᠭᠤ᠎ᠶ᠋ᠢᠨ ᠬᠣᠷᠢᠶᠠᠨ᠎ᠤ ᠠᠵᠢᠯ᠎ᠤᠨ ᠮᠡᠳᠡᠬᠦᠯᠦᠯᠳᠠ ᠵᠡᠷᠭᠡ ᠪᠢᠴᠢᠭ ᠮᠠᠲ᠋ᠧᠷᠢᠶᠠᠯ᠎ᠢ ᠬᠢᠨᠠᠨ ᠵᠦᠪᠯᠡᠵᠤ᠂ ᠨᠠᠮ ᠪᠠ ᠲᠦᠷᠦ᠍᠎ᠶ᠋ᠢᠨ ᠭᠣᠣᠯ ᠠᠵᠢᠯ᠎ᠲᠠᠶ ᠤᠶᠠᠯᠳᠤᠭᠤᠯᠤᠨ ᠭᠦᠨᠵᠡᠭᠡᠶ ᠵᠥᠪᠯᠡᠯᠭᠡ ᠬᠢᠵᠦ᠍ ᠵᠠᠰᠠᠭ᠎ᠤᠨ ᠶᠠᠪᠤᠳᠠᠯ᠎ᠢ ᠵᠥᠪᠯᠡᠪᠡ᠃ ᠭᠡᠱᠢᠭᠦᠳ᠂《ᠬᠣᠶᠠᠷ᠎ᠢ ᠲᠣᠭ᠍ᠲᠠᠭᠠᠬᠤ》 ᠵᠢᠨ ᠱᠢᠢᠳᠪᠦᠷᠢᠯᠡᠭ᠌ᠴᠢ ᠴᠢᠨᠠᠷᠲᠠᠢ ᠠᠴᠢ ᠬᠣᠯᠪᠣᠭ᠍ᠳᠠᠯ᠎ᠢ ᠭᠦᠨᠵᠡᠭᠡᠢ ᠣᠢᠯᠠᠭᠠᠵᠤ᠂ ᠱᠢᠨ᠎ᠡ ᠴᠠᠭ ᠦᠶ᠎ᠡ᠎ᠶ᠋ᠢᠨ ᠤᠤᠭᠠᠯ ᠡᠭᠦᠳᠦᠯᠲᠡ᠎ᠶ᠋ᠢᠨ ᠴᠢᠨᠠᠷᠲᠠᠢ ᠦᠵᠡᠯ ᠰᠠᠨᠠᠭ᠎ᠠ᠂ ᠬᠤᠪᠢᠰᠤᠯᠲᠠ᠎ᠶ᠋ᠢᠨ ᠴᠢᠨᠠᠷᠲᠠᠢ ᠦᠢᠯᠡᠳᠦᠯᠭᠡ᠂ ᠱᠢᠪᠲᠤᠯᠤᠯᠲᠠ᠎ᠶ᠋ᠢᠨ ᠴᠢᠨᠠᠷᠲᠠᠢ ᠠᠬᠢᠴᠠ᠂ ᠪᠡᠯᠭᠡ ᠳᠡᠮᠳᠡᠭ᠎ᠦᠨ ᠴᠢᠨᠠᠷᠲᠠᠢ ᠦᠷ᠎ᠡ ᠪᠦᠲᠦᠭᠡᠯ᠎ᠢ ᠭᠦᠨᠵᠡᠭᠡᠢ ᠲᠠᠨᠢᠵᠤ᠂ 《ᠬᠣᠶᠠᠷ᠎ᠢ ᠬᠠᠮᠠᠭᠠᠯᠠᠬᠤ》 ᠤᠯᠤᠰ ᠲᠦᠷᠦ᠍᠎ᠶ᠋ᠢᠨ ᠤᠬᠠᠮᠰᠠᠷ᠎ᠢᠶᠠᠨ ᠦᠨᠡᠨ ᠬᠦ᠌ ᠴᠢᠨᠭᠭᠠᠳᠬᠠᠨ᠎ᠠ᠃ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠬᠣᠷᠢᠳᠤᠭᠠᠷ ᠶᠡᠬᠡ ᠬᠤᠷᠠᠯ᠎ᠢ ᠤᠭᠲᠤᠬᠤ᠂ ᠬᠣᠷᠢᠳᠤᠭᠠᠷ ᠶᠡᠬᠡ ᠬᠤᠷᠠᠯ᠎ᠤᠨ ᠵᠣᠷᠢᠭ᠋ ᠰᠠᠨᠠᠭ᠎ᠠ᠎ᠶᠢ ᠰᠤᠷᠤᠯᠴᠠᠨ ᠤᠬᠠᠭᠤᠯᠵᠤ ᠲᠤᠭᠤᠰᠢᠯᠠᠭᠤᠯᠬᠤ᠎ᠶᠢ ᠡᠨᠡ ᠵᠢᠯ᠎ᠦᠨ ᠴᠢᠬᠤᠯᠠ ᠶᠡᠬᠡ ᠤᠯᠤᠰ ᠲᠦᠷᠦ᠎ᠶᠢᠨ ᠡᠭᠦᠷᠭᠡ ᠪᠣᠯᠭᠠᠵᠤ᠂ ᠦᠵᠡᠯ ᠰᠠᠨᠠᠭᠠᠨ᠎ᠤ ᠵᠢᠯᠣᠭᠣᠳᠤᠯᠭ᠎ᠠ᠎ᠶᠢᠨ ᠲᠠᠯ᠎ᠠ᠎ᠪᠠᠷ ᠪᠣᠳᠠᠲᠤ ᠦᠷ᠎ᠡ ᠪᠦᠲᠦᠮᠵᠢ ᠤᠯᠬᠤ᠎ᠶᠢ ᠡᠷᠬᠢᠮᠯᠡᠵᠦ᠂ ᠵᠥᠪᠯᠡᠯᠭᠡ ᠬᠢᠵᠤ ᠰᠠᠨᠠᠯ ᠰᠠᠨᠠᠭᠤᠯᠭ᠎ᠠ ᠳᠤᠷᠠᠳᠬᠤ ᠲᠠᠯ᠎ᠠ᠎ᠪᠠᠷ ᠦᠷ᠎ᠡ ᠪᠦᠲᠦᠭᠡᠯ ᠭᠠᠷᠭᠠᠵᠤ᠂ ᠶᠡᠬᠡ ᠲᠠᠯ᠎ᠠ᠎ᠳᠤ ᠦᠢᠯᠡᠴᠢᠯᠡᠬᠦ ᠲᠠᠯ᠎ᠠ᠎ᠪᠠᠷ ᠵᠢᠳᠭᠦᠯ ᠴᠢᠷᠮᠠᠢᠯᠭ᠎ᠠ ᠭᠠᠷᠭᠠᠵᠦ᠂ ᠲᠣᠭᠲᠠᠭᠤᠨ ᠡᠷᠡᠭᠦᠯ ᠠᠵᠤ ᠠᠬᠤᠢ᠎ᠶᠢᠨ ᠣᠷᠴᠢᠨ ᠨᠦᠬᠦᠴᠡᠯ᠂ ᠲᠦᠷᠦ ᠲᠦᠪᠰᠢᠨ ᠲᠦᠮᠡᠨ ᠠᠮᠤᠭᠤᠯᠠᠩ ᠨᠡᠢᠭᠡᠮ᠎ᠦᠨ ᠣᠷᠴᠢᠨ ᠨᠦᠬᠦᠴᠡᠯ᠂ ᠰᠤᠷᠲᠠᠯ ᠴᠢᠬᠡᠴᠢ ᠣᠪᠣᠷ ᠲᠥᠪ ᠤᠯᠤᠰ ᠲᠦᠷᠦ᠎ᠶᠢᠨ ᠣᠷᠴᠢᠨ ᠨᠦᠬᠦᠴᠡᠯ᠎ᠢ ᠪᠠᠲᠤᠯᠠᠬᠤ᠎ᠳᠤ ᠤᠯᠤᠰ ᠲᠦᠷᠦ᠎ᠶᠢᠨ ᠵᠥᠪᠯᠡᠯᠭᠡᠨ᠎ᠦ ᠬᠦᠴᠦᠨ ᠴᠢᠳᠠᠯ᠎ᠢᠶᠠᠨ ᠡᠷᠭᠦᠨ᠎ᠠ ᠬᠡᠵᠥ ᠰᠠᠨᠠᠯ ᠨᠢᠭᠡᠲᠡᠢ ᠢᠯᠡᠳᠬᠡᠵᠠᠬᠡᠵᠡᠢ ᠬᠡᠪᠡ᠃

ᠸᠠᠩ ᠶᠠᠩ᠂ ᠡᠨᠡ ᠵᠢᠯ ᠪᠣᠯ ᠠᠷᠪᠠᠨ ᠭᠤᠷᠪᠠᠳᠤᠭᠠᠷ ᠬᠤᠭᠤᠴᠠᠭᠠᠨ᠎ᠤ ᠪᠦᠬᠦ ᠤᠯᠤᠰ᠎ᠤᠨ ᠤᠯᠤᠰ ᠲᠦᠷᠦ᠎ᠶᠢᠨ ᠵᠥᠪᠯᠡᠯᠭᠡᠨ᠎ᠦ ᠡᠭᠦᠷᠭᠡ ᠲᠤᠰᠢᠶᠠᠯ᠎ᠢᠶᠠᠨ ᠭᠦᠢᠴᠡᠳᠬᠡᠬᠦ ᠡᠴᠤᠰ᠎ᠤᠨ ᠨᠢᠭᠡ ᠵᠢᠯ ᠪᠣᠯᠣᠨ᠎ᠠ᠃ ᠲᠤᠰ ᠬᠤᠭᠤᠴᠠᠭᠠᠨ᠎ᠤ ᠤᠯᠤᠰ ᠲᠦᠷᠦ᠎ᠶᠢᠨ ᠵᠥᠪᠯᠡᠯᠭᠡᠨ᠎ᠦ ᠠᠩᠬᠠᠳᠤᠭᠠᠷ ᠬᠤᠷᠠᠯ᠎ᠤᠨ ᠲᠡᠭᠦᠰᠬᠦ ᠬᠤᠷᠠᠯ ᠳᠡᠭᠡᠷ᠎ᠡ ᠪᠢᠳᠡ ᠳᠤᠮᠳᠠᠳᠤ ᠤᠯᠤᠰ᠎ᠤᠨ ᠠᠷᠠᠳ᠎ᠤᠨ ᠤᠯᠤᠰ ᠲᠦᠷᠦ᠎ᠶᠢᠨ᠎ᠵᠥᠪᠯᠡᠯᠭᠡᠨ᠎ᠤ᠎ᠡᠨᠡ᠎ᠬᠦ᠌᠎ᠤᠯᠤᠰ᠎ᠲᠦᠷᠦ᠎ᠶᠢᠨ ᠵᠣᠬᠢᠶᠠᠨ ᠪᠠᠢᠭᠤᠯᠤᠯᠲᠠ ᠡᠴᠡ ᠪᠢᠳᠡᠨ᠎ᠳᠦ ᠤᠯᠭᠤᠭᠰᠠᠠ ᠬᠠᠷᠢᠭᠤᠴᠠᠯᠭ᠎ᠠ᠎ᠶᠢ ᠣᠨᠣᠪᠴᠢᠲᠠᠶ ᠡᠵᠡᠮᠳᠡᠬᠦ ᠭᠡᠷᠡᠭᠲᠡᠢ ᠭᠡᠵᠦ ᠳᠤᠷᠠᠳᠤᠨ᠂ ᠡᠷᠬᠡᠪᠰᠢ ᠲᠤᠭ ᠲᠡᠮᠳᠡᠭ ᠲᠣᠳᠣᠷᠬᠠᠢ᠎ᠪᠠᠷ ᠤᠯᠤᠰ ᠲᠦᠷᠦ᠎ᠶᠢ ᠡᠷᠬᠢᠮᠯᠡᠵᠦ᠂ ᠡᠷᠬᠡᠪᠰᠢ ᠠᠷᠠᠳ ᠲᠦᠮᠡᠨ᠎ᠢᠶᠡᠷ ᠭᠣᠣᠯ ᠪᠣᠯᠭᠠᠨ ᠲᠤᠰᠢᠶᠠᠯ ᠬᠠᠷᠢᠭᠤᠴᠠᠯᠭ᠎ᠠ᠎ᠪᠠᠨ ᠭᠦᠢᠴᠡᠳᠬᠡᠵᠦ᠂ ᠡᠷᠬᠡᠪᠰᠢ ᠦᠨᠡᠨ᠎ᠢ ᠪᠠᠷᠢᠮᠲᠠᠯᠠᠨ ᠪᠣᠳᠠᠲᠠᠢ᠎ᠶᠢ ᠡᠷᠬᠢᠮᠯᠡᠵᠦ ᠵᠥᠪᠯᠡᠬᠦ ᠴᠢᠳᠠᠪᠤᠷᠢ᠎ᠶᠢᠨ ᠲᠦᠪᠰᠢᠨ᠎ᠢ ᠳᠡᠭᠡᠭᠰᠢᠯᠡᠭᠦᠯᠬᠦ ᠬᠡᠷᠡᠭᠲᠡᠢ ᠭᠡᠵᠦ ᠴᠢᠬᠤᠯᠠᠴᠢᠯᠠᠬᠰᠠᠨ ᠶᠤᠮ᠃ ᠲᠦᠷᠪᠡᠨ ᠵᠢᠯ᠎ᠦᠨ ᠲᠤᠷᠰᠢ ᠪᠢᠳᠡ ᠡᠳᠡᠭᠡᠷ ᠠᠵᠢᠯ᠎ᠤᠨ ᠵᠠᠷᠴᠢᠮ ᠪᠠ ᠣᠢᠯᠠᠭᠠᠭᠳᠠᠬᠤᠨ᠎ᠢ ᠨᠠᠷᠢᠨ ᠬᠢᠨᠠᠮᠠᠭᠠᠢ ᠦᠢᠯᠡᠳᠦᠯᠭᠡᠵᠢᠭᠦᠯᠵᠦ᠂ ᠤᠯᠤᠰ ᠲᠦᠷᠦ᠎ᠶᠢᠨ ᠴᠢᠳᠠᠪᠤᠷᠢ᠂ ᠠᠷᠠᠳ᠎ᠤᠨ ᠲᠥᠯᠥᠭᠡ ᠵᠢᠳᠬᠦᠬᠦ ᠰᠡᠳᠬᠢᠯᠭᠡ ᠪᠠ ᠵᠥᠪᠯᠡᠬᠦ ᠴᠢᠳᠠᠪᠤᠷᠢ᠎ᠪᠠᠨ ᠨᠡᠮᠡᠭᠳᠡᠭᠦᠯᠪᠡ᠃ ᠰᠢᠨ᠎ᠡ᠎ᠠᠶᠠᠨ᠎ᠳᠤ᠂᠎ᠡᠳᠡᠭᠡᠷ ᠵᠠᠷᠴᠢᠮ ᠪᠣᠯᠣᠨ ᠣᠢᠯᠠᠭᠠᠭᠳᠠᠬᠤᠨ᠎ᠢ ᠦᠢᠯᠡᠳᠦᠯᠭᠡᠵᠢᠭᠦᠯᠬᠦ᠎ᠳᠦ ᠡᠷᠬᠡᠪᠰᠢ ᠢᠮᠠᠭᠲᠠ ᠲᠤᠭᠤᠰᠢᠯᠠᠭᠤᠯᠵᠦ᠂ ᠨᠡᠩ ᠰᠠᠢᠲᠤᠷ ᠬᠢᠬᠦ ᠬᠡᠷᠡᠭᠲᠡᠢ᠃ ᠤᠯᠤᠰ ᠲᠥᠷᠥ᠍᠎ᠶᠢᠨ ᠮᠠᠭᠠᠳᠯᠠᠬᠤ ᠴᠢᠳᠠᠪᠤᠷᠢ᠂ ᠤᠯᠤᠰ ᠲᠥᠷᠥ᠍᠎ᠶᠢᠨ ᠤᠬᠠᠪᠤᠷᠢᠯᠠᠬᠤ  ᠴᠢᠳᠠᠪᠤᠷᠢ᠂ ᠤᠯᠤᠰ ᠲᠥᠷᠥ᠍᠎ᠶᠢᠨ ᠬᠦᠢᠴᠡᠳᠭᠡᠬᠦ ᠴᠢᠳᠠᠪᠤᠷᠢ᠎ᠪᠠᠨ ᠲᠠᠰᠤᠷᠠᠯᠲᠠ ᠦᠭᠡᠢ ᠴᠢᠩᠭᠠᠳᠬᠠᠵᠤ᠂ ᠦᠵᠡᠯ ᠰᠠᠨᠠᠭ᠎ᠠ ᠤᠯᠤᠰ ᠲᠦᠷᠦ ᠦᠢᠯᠡ ᠠᠵᠢᠯᠯᠠᠭ᠎ᠠ᠎ᠶᠢᠨ ᠲᠠᠯ᠎ᠠ᠎ᠪᠠᠷ ᠰᠢ᠎ᠶᠢᠨ ᠫᠢᠩ ᠨᠥᠬᠥᠷ᠎ᠢᠶᠡᠷ ᠭᠣᠣᠯ ᠪᠣᠯᠭᠠᠭᠰᠠᠨ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶ᠎ᠠ᠎ᠲᠠᠢ ᠤᠬᠠᠮᠰᠠᠷ᠎ᠠᠴᠠ᠎ᠪᠠᠨ ᠳᠡᠭᠡᠳᠦ ᠬᠡᠮᠵᠢᠶ᠎ᠡ᠎ᠪᠡᠷ ᠨᠢᠭᠡᠳᠦᠯᠲᠡᠢ ᠪᠠᠢᠵᠤ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶᠠᠨ᠎ᠤ ᠰᠢᠢᠳᠪᠦᠷᠢᠲᠦ ᠪᠣᠳᠣᠯᠭ᠎ᠠ ᠪᠠᠢᠷᠢᠯᠠᠭᠤᠯᠤᠯᠲᠠ ᠪᠠ ᠠᠷᠠᠳ᠎ᠤᠨ ᠤᠯᠤᠰ ᠲᠦᠷᠦ᠎ᠶᠢᠨ ᠵᠥᠪᠯᠡᠯᠭᠡᠨ᠎ᠦ ᠠᠵᠢᠯ᠎ᠤᠨ ᠱᠠᠭᠠᠷᠳᠠᠯᠭ᠎ᠠ᠎ᠶᠢ ᠦᠨᠡᠡ ᠬᠦ᠌ ᠨᠠᠢᠳᠠᠪᠤᠷᠢᠵᠢᠭᠤᠯᠬᠤ᠂ ᠤᠯᠤᠰ᠎ᠤᠨ ᠳᠣᠲᠣᠭᠠᠳᠤ ᠭᠠᠳᠠᠭᠠᠳᠤ᠎ᠶᠢᠨ ᠳᠤᠮᠳᠠᠳᠤ᠎ᠶᠢᠨ ᠬᠥᠪᠡᠭᠦᠳ ᠥᠬᠢᠳ᠎ᠦᠨ ᠤᠶᠤᠨ ᠤᠬᠠᠭᠠᠨ ᠪᠠ ᠬᠦᠴᠦᠨ ᠴᠢᠳᠠᠯ᠎ᠢ ᠨᠢᠭ᠍ᠲᠠᠷᠠᠭᠤᠯᠬᠤ ᠤᠯᠤᠰ ᠲᠦᠷᠦ᠎ᠶᠢᠨ ᠬᠠᠷᠢᠭᠤᠴᠠᠯᠭ᠎ᠠ᠎ᠶᠢ ᠦᠨᠡᠨ ᠬᠦ᠌ ᠡᠭᠦᠷᠭᠡᠯᠡᠬᠦ ᠬᠡᠷᠡᠭᠲᠡᠢ᠃ ᠠᠷᠠᠳ᠎ᠤᠨ ᠲᠥᠯᠥᠭᠡ ᠡᠭᠦᠷᠭᠡ ᠬᠠᠷᠢᠭᠤᠴᠠᠯᠭ᠎ᠠ᠎ᠪᠠᠨ ᠭᠦᠢᠴᠡᠳᠬᠡᠬᠦ᠎ᠶᠢ ᠪᠠᠷᠢᠮᠲᠠᠯᠠᠵᠤ᠂ ᠪᠣᠳᠠᠲᠤ ᠪᠠᠢᠳᠠᠯ᠎ᠳᠤ ᠭᠦᠨᠵᠡᠭᠡᠢᠷᠡᠨ ᠠᠷᠠᠳ᠎ᠤᠨ ᠪᠠᠢᠳᠠᠯ᠎ᠢ ᠪᠠᠢᠴᠠᠭᠠᠵᠤ᠂ ᠠᠷᠭ᠎ᠠ ᠤᠬᠠᠭᠠᠨ ᠭᠠᠷᠭᠠᠨ ᠬᠦᠴᠦᠨ ᠴᠢᠳᠠᠯ᠎ᠢᠶᠠᠨ ᠡᠷᠭᠦᠵᠦ᠂ ᠤᠷᠢᠬᠠᠨ ᠰᠠᠯᠬᠢ ᠦᠭᠬᠢᠶᠡᠮᠤᠷ ᠬᠤᠷ᠎ᠡ ᠪᠡᠷ ᠠᠷᠠᠳ᠎ᠤᠨ ᠰᠡᠳᠬᠢᠯ᠎ᠢ ᠨᠢᠭ᠍ᠲᠠᠷᠠᠭᠤᠯᠵᠤ᠂ ᠠᠷᠠᠳ ᠲᠦᠮᠡᠨ᠎ᠦ ᠭᠡᠷᠡᠭᠴᠡᠭᠡ ᠱᠠᠭᠠᠷᠳᠠᠯᠭ᠎ᠠ᠎ᠶᠢ ᠰᠣᠨᠣᠰᠴᠤ᠂ ᠠᠷᠠᠳ ᠲᠦᠮᠡᠨ᠎ᠦ ᠬᠦᠰᠡᠯ ᠱᠠᠭᠠᠷᠳᠠᠯᠭ᠎ᠠ᠎ᠶᠢ ᠲᠤᠰᠬᠠᠵᠤ᠂ ᠠᠷᠠᠳ ᠲᠦᠮᠡᠨ᠎ᠦ ᠤᠶᠤᠨ ᠤᠬᠠᠭᠠᠨ᠎ᠢ ᠲᠥᠪᠯᠡᠷᠡᠭᠦᠯᠵᠦ᠂ ᠠᠷᠠᠳ ᠲᠦᠮᠡᠨ᠎ᠦ ᠰᠠᠢᠨ ᠰᠠᠢᠬᠠᠨ ᠠᠮᠢᠳᠤᠷᠠᠯ᠎ᠤᠨ ᠲᠤᠬᠠᠢ ᠰᠢᠨ᠎ᠡ ᠬᠦᠰᠡᠯ ᠡᠷᠡᠮᠡᠯᠵᠡᠯ᠎ᠲᠠᠢ ᠨᠢᠭ᠍ᠲᠠ ᠤᠶᠠᠯᠳᠤᠭᠤᠯᠤᠨ ᠵᠠᠰᠠᠭ᠎ᠤᠨ ᠶᠠᠪᠤᠳᠠᠯ᠎ᠢ ᠵᠥᠪᠯᠡᠨ ᠰᠠᠨᠠᠯ ᠵᠥᠪᠯᠡᠯᠭᠡ ᠳᠤᠷᠠᠳᠴᠤ᠂ ᠭᠡᠰᠢᠭᠦᠳ᠎ᠦᠨ ᠳᠠᠰᠬᠠᠯ᠎ᠢ ᠳᠤᠮᠳᠠᠳᠤ᠎ᠶᠢᠨ ᠡᠬᠡ ᠭᠠᠵᠠᠷ ᠳᠡᠭᠡᠷ᠎ᠡ ᠪᠢᠴᠢᠵᠦ᠂ ᠡᠲᠡᠭᠡᠳ ᠢᠯᠭᠠᠯ ᠤᠯᠠᠨ ᠲᠦᠮᠡᠨ ᠳ᠋ᠤ᠌ ᠮᠡᠳᠡᠷᠡᠭᠳᠡᠳᠡᠯ᠎ᠠ ᠪᠢᠴᠢᠬᠦ ᠭᠡᠷᠡᠭᠲᠡᠢ᠃ ᠤᠯᠠᠮ ᠴᠢᠨᠠᠭᠰᠢᠳᠠ ᠵᠥᠪᠯᠡᠬᠦ ᠶᠠᠰᠤ ᠴᠢᠨᠠᠷ᠎ᠢ ᠳᠡᠭᠡᠭᠰᠢᠯᠡᠬᠦᠯᠤᠨ᠂ ᠵᠥᠪᠯᠡᠬᠦ ᠳᠦᠷᠢᠮ᠎ᠢ ᠪᠦᠷᠢᠨᠰᠢᠭᠦᠯᠵᠤ᠂ ᠵᠥᠪᠯᠡᠬᠦ ᠰᠣᠶᠣᠯ᠎ᠢ ᠪᠣᠢᠵᠢᠭᠤᠯᠤᠨ᠂ ᠰᠢᠨ᠎ᠡ ᠲᠤᠷᠰᠢᠯᠭ᠎ᠠ ᠪᠠ ᠠᠷᠭ᠎ᠠ ᠬᠢᠳᠡᠯ᠎ᠢ ᠳ᠋ᠦᠩᠨᠡᠬᠦ᠎ᠶᠢ ᠠᠩᠬᠠᠷᠴᠤ᠂ ᠤᠴᠢᠷ ᠶᠠᠪᠤᠳᠠᠯ ᠪᠠᠢᠪᠠᠯ ᠰᠠᠢᠲᠤᠷ ᠵᠥᠪᠳᠡᠯᠴᠡᠬᠦ᠂ ᠤᠯᠠᠨ᠎ᠤ ᠶᠠᠪᠤᠳᠠᠯ᠎ᠢ ᠤᠯᠠᠨ᠎ᠢᠶᠠᠷ᠎ᠢᠶᠠᠨ ᠵᠥᠪᠳᠡᠯᠴᠡᠬᠦ ᠳᠦᠷᠢᠮᠵᠢᠭᠰᠡᠨ ᠦᠢᠯᠡᠳᠦᠯᠭᠡ᠎ᠶᠢ ᠲᠠᠰᠤᠷᠠᠯᠳᠠ ᠦᠭᠡᠢ ᠪᠠᠶᠠᠯᠢᠭ᠍ᠵᠢᠭᠤᠯᠵᠤ᠂ ᠠᠰᠠᠭᠤᠳᠠᠯ ᠲᠤᠯᠭᠠᠷᠠᠪᠠᠯ ᠢᠯᠡᠬᠦᠭᠡᠨ ᠵᠥᠪᠳᠡᠯᠴᠡᠬᠦ᠂ ᠬᠣᠣᠰ ᠴᠢᠭᠯᠡᠯ᠎ᠢᠶᠡᠷ ᠬᠣᠷᠰᠢᠯᠴᠠᠨ ᠵᠥᠪᠳᠡᠯᠴᠡᠬᠦ᠂ ᠦᠨᠡᠨ ᠪᠤᠳᠤᠯ ᠵᠢᠡᠨ ᠲᠡᠯᠭᠡᠨ ᠦᠨᠡᠨᠴᠢ ᠪᠡᠷ ᠵᠥᠪᠳᠡᠯᠴᠡᠬᠦ᠂ ᠰᠠᠨᠠᠯ ᠵᠢᠡᠨ ᠭᠦᠢᠴᠡᠳ ᠰᠣᠯᠢᠯᠴᠠᠵᠤ ᠭᠦᠨᠵᠡᠭᠡᠢ ᠵᠥᠪᠳᠡᠯᠴᠡᠬᠦ᠎ᠶᠢ ᠦᠨᠡᠨ ᠬᠦ᠌ ᠪᠡᠶᠡᠯᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃

ᠸᠠᠩ ᠶᠠᠩ᠂ ᠪᠢᠳᠡ ᠰᠢ᠎ᠶᠢᠨ ᠫᠢᠩ ᠨᠥᠬᠥᠷ᠎ᠢᠶᠡᠷ ᠭᠣᠣᠯ ᠪᠣᠯᠭᠠᠭᠰᠠᠨ ᠳᠤᠮᠳᠠᠳᠤ ᠤᠯᠤᠰ᠎ᠤᠨ ᠡᠪ ᠬᠠᠮᠳᠤ ᠨᠠᠮ᠎ᠤᠨ ᠲᠥᠪ ᠬᠣᠷᠢᠶᠠᠨ᠎ᠤ ᠲᠣᠭᠣᠷᠢᠨ᠎ᠳᠤ ᠨᠡᠩ ᠨᠢᠭ᠍ᠲᠠᠷᠠᠨ ᠪᠦᠯᠬᠦᠮᠳᠡᠵᠦ᠂《ᠲᠦᠷᠪᠡᠨ ᠤᠬᠠᠮᠰᠠᠷ》ᠵᠢᠡᠨ ᠴᠢᠩᠭᠠᠳᠬᠠᠵᠤ᠂ 《ᠲᠦᠷᠪᠡᠨ ᠢᠲᠡᠭᠡᠯ》 ᠵᠢᠡᠨ ᠪᠠᠲᠤᠳᠬᠠᠵᠤ᠂《ᠬᠣᠶᠠᠷ᠎ᠢ ᠬᠠᠮᠠᠭᠠᠯᠠᠬᠤ》ᠶ᠋ᠢ ᠪᠡᠶᠡᠯᠡᠭᠦᠯᠵᠦ᠂ ᠬᠦᠰᠡᠯᠡᠩ ᠢᠲᠡᠭᠡᠯ ᠪᠢᠰᠢᠷᠡᠯ᠎ᠦᠨ ᠲᠤᠭ᠎ᠢ ᠥᠨᠳᠥᠷ ᠮᠠᠨᠳᠤᠭᠤᠯᠵᠤ᠂ ᠪᠦᠯᠬᠦᠮᠳᠡᠯ ᠲᠡᠮᠡᠴᠡᠯ ᠤ᠋ᠨ ᠳᠠᠷᠪᠠᠭᠤᠯ᠎ᠢ ᠥᠨᠳᠥᠷ ᠮᠠᠨᠳᠤᠭᠤᠯᠵᠤ᠂ ᠬᠠᠷᠢᠭᠤᠴᠠᠯᠭ᠎ᠠ᠎ᠪᠠᠨ ᠬᠢᠴᠢᠶᠡᠩᠭᠦᠢᠯᠡᠨ ᠭᠦᠢᠴᠡᠳᠬᠡᠵᠦ᠂ ᠴᠢᠷᠮᠠᠢᠭᠰᠠᠨ ᠳᠡᠭᠡᠷ᠎ᠡ᠎ᠪᠡᠨ ᠴᠢᠷᠮᠠᠢᠵᠤ ᠢᠷᠠᠭᠤ ᠬᠠᠭᠤᠳᠠᠰᠤ᠎ᠵᠢ ᠦᠷᠬᠦᠯᠵᠢᠯᠡᠨ ᠪᠢᠴᠢᠭᠯᠡᠵᠤ᠂ ᠲᠠᠪᠤᠨ ᠵᠢᠯ᠎ᠦᠨ ᠬᠤᠭᠤᠴᠠᠭ᠎ᠠ᠎ᠲᠠᠢ ᠬᠢᠷᠢ ᠲᠡᠩᠴᠡᠭᠰᠡᠨ ᠬᠠᠷᠢᠭᠤᠯᠲᠠ᠎ᠶᠢᠨ ᠬᠠᠭᠤᠳᠠᠰᠤ ᠵᠢ ᠲᠤᠰᠢᠶᠠᠵᠤ᠂ ᠪᠣᠳᠠᠲᠤ ᠠᠵᠢᠯᠯᠠᠭ᠎ᠠ᠎ᠪᠠᠷ᠎ᠢᠶᠠᠨ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠬᠣᠷᠢᠳᠤᠭᠠᠷ ᠶᠡᠬᠡ ᠬᠤᠷᠠᠯ᠎ᠤᠨ ᠠᠮᠵᠢᠯᠲᠠ᠎ᠲᠠᠢ ᠬᠤᠷᠠᠯᠳᠤᠬᠤ᠎ᠶᠢ ᠤᠭᠲᠤᠬᠤ ᠭᠡᠷᠡᠭᠲᠡᠢ ᠭᠡᠵᠦ ᠴᠢᠬᠤᠯᠠᠴᠢᠯᠠᠪᠠ᠃

ᠲᠡᠭᠦᠰᠬᠦ ᠬᠤᠷᠠᠯ᠎ᠳᠤ ᠣᠷᠣᠯᠴᠠᠭᠰᠠᠨ ᠤᠳᠤᠷᠢᠳᠬᠤ ᠨᠥᠬᠥᠳ᠎ᠲᠦ ᠪᠠᠰᠠ ᠳ᠋ᠢᠩ ᠰᠢᠤᠸᠠᠢ ᠰᠢᠶᠠᠩ᠂ ᠸᠠᠩ ᠴᠧᠨ᠂ ᠯᠢᠦ ᠾᠧ᠂ ᠰᠢᠦᠢ ᠴᠢ ᠯᠢᠶᠠᠩ᠂ ᠰᠦᠨ ᠴᠦᠨ ᠯᠠᠨ᠂ ᠯᠢ ᠰᠢ᠂ ᠯᠢ ᠴᠢᠶᠠᠩ᠂ ᠯᠢ ᠬᠣᠩ ᠵᠦᠩ᠂ ᠶᠠᠩ ᠵᠢᠶᠸ ᡂᠢ᠂ ᠶᠠᠩ ᠰᠢᠶᠣᠣ ᠳᠦ᠂ ᠵᠠᠩ ᠶᠢᠦ ᠰᠢᠶᠠ᠂ ᠴᠧᠨ ᠰᠢ᠂ ᠴᠧᠨ ᠴᠢᠤᠸᠠᠨ ᠭᠦᠸᠸ᠂ ᠴᠧᠨ ᠮᠢᠨ ᠡᠯ᠂ ᠬ᠍ᠤ ᠴᠦᠨ ᠬᠤᠸᠠ᠂ ᠭᠦᠸᠧ ᠱᠧᠩ ᠺᠦᠨ᠂ ᠬᠤᠸᠠᠩ ᠺᠦᠨ ᠮᠢᠩ᠂ ᠼᠠᠢ ᠴᠢ᠂ ᠶᠢᠦ ᠴᠢᠤᠸᠠᠨ᠂ ᠼᠤᠤ ᠵᠢᠶᠠᠨ ᠮᠢᠩ᠂ ᠵᠠᠩ ᠴᠦᠨ ᠰᠢᠶᠠᠨ᠂ ᠱᠸᠨ ᠶᠤᠸᠠᠢ ᠶᠤᠸᠠᠢ᠂ ᠵᠢᠢ ᠪᠢᠩ ᠰᠢᠤᠸᠠᠨ᠂ ᠠᠢ᠍ᠢᠯᠢᠭ᠌ᠸᠩ·ᠢᠮᠢᠩᠪᠠᠬᠠᠢ᠂ ᠸᠠᠨ ᠧ ᠰᠢᠶᠠᠩ᠂ ᠴᠧᠨ ᠵᠦ᠍᠂ ᠸᠠᠩ ᠳ᠋ᠦᠩ ᠮᠢᠩ᠂ ᠪᠠᠳᠮᠠᠫᠸᠷᠠᠩᠯᠠᠢ᠂ ᠳ᠋ᠢᠩ ᠵᠦᠩ ᠯᠢ᠂ ᠬᠤᠤ ᠮᠢᠩ ᠵᠢᠨ᠂ ᠼᠠᠢ ᠳᠠ ᠹᠸᠩ᠂ ᠦ᠋ ᠸᠧᠢ ᠬᠤᠸᠠ᠂ ᠸᠧᠢ ᠹᠸᠩ ᠡᡁᠸ᠂ ᠸᠠᠩ ᠶᠦᠩ᠂ ᠸᠠᠩ ᠢ᠂ ᠰᠢᠶᠣᠣ ᠵᠢᠶᠸ᠂ ᠵᠤᠤ ᠺᠸ ᡁᠢ᠂ ᠵᠧᠦ ᠴᠢᠶᠠᠩ᠂ ᠵᠠᠩ ᠵᠢᠶᠦ᠋ᠨ ᠨᠠᠷ ᠪᠠᠢᠨ᠎ᠠ᠃

ᠳᠤᠮᠳᠠᠳᠤ ᠤᠯᠤᠰ᠎ᠤᠨ ᠡᠪ ᠬᠠᠮᠳᠦ ᠨᠠᠮ᠎ᠤᠨ ᠲᠥᠪ ᠬᠣᠷᠢᠶ᠎ᠠ᠂ ᠪᠦᠬᠦ ᠤᠯᠤᠰ ᠤ᠋ᠨ ᠠᠷᠠᠳ ᠤ᠋ᠨ ᠲᠥᠯᠥᠭᠡᠯᠡᠭᠴᠢᠳ᠎ᠦᠨ ᠶᠡᠬᠡ ᠬᠤᠷᠠᠯ᠎ᠤᠨ ᠪᠠᠢᠩᠭᠤ ᠵᠢᠨ ᠬᠤᠷᠢᠶ᠎ᠠ᠂ ᠲᠦᠷᠦ ᠵᠢᠨ ᠶᠠᠪᠤᠳᠠᠯ ᠤ᠋ᠨ ᠬᠤᠷᠢᠶᠠᠨ ᠤ᠋ ᠬᠤᠯᠪᠤᠭᠳᠠᠯ ᠪᠦᠬᠦᠢ ᠰᠠᠯᠠᠭ᠎ᠠ ᠮᠦᠴᠢᠷ ᠤ᠋ᠨ ᠬᠠᠷᠢᠭᠤᠴᠠᠯᠭᠠᠳᠠᠨ ᠨᠦᠬᠦᠳ ᠲᠡᠭᠦᠰᠬᠦ ᠬᠤᠷᠠᠯ ᠳ᠋ᠤ ᠰᠤᠯᠠ ᠤᠷᠤᠯᠴᠠᠵᠠᠢ᠃ ᠳᠤᠮᠳᠠᠳᠤ ᠤᠯᠤᠰ᠎ᠲᠤ ᠰᠠᠭᠤᠭ᠎ᠠ ᠭᠠᠳᠠᠭᠠᠳᠤ᠎ᠶᠢᠨ ᠡᠯᠴᠢᠨ ᠰᠠᠢᠳ ᠨᠠᠷ ᠤᠷᠢᠯᠭ᠎ᠠ᠎ᠪᠠᠷ ᠲᠡᠭᠦᠰᠬᠦ ᠬᠤᠷᠠᠯ᠎ᠳᠤ ᠣᠷᠣᠯᠴᠠᠭᠰᠠᠨ ᠪᠠᠢᠨ᠎ᠠ᠃

ᠶᠡᠬᠡ ᠬᠤᠷᠠᠯ ᠰᠦᠷ ᠵᠢᠪᠬᠤᠯᠠᠩᠲᠠᠢ ᠤᠯᠤᠰ᠎ᠤᠨ ᠰᠦᠯᠳᠡ ᠳᠠᠭᠤᠤ᠎ᠶᠢᠨ ᠠᠶᠠᠰ ᠳᠤᠮᠳᠠ ᠲᠡᠭᠦᠰᠪᠡ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠹᠦ᠋ ᠭᠸᠨ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠬᠠᠮᠢᠶ᠎ᠡ ᠪᠦᠬᠦᠢ ᠰᠣᠨᠢᠨ

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号