— ᠶᠡᠷᠦᠩᠬᠡᠢ ᠱᠦᠵᠢ ᠰᠢ ᠵᠢᠨ ᠫᠢᠩ ᠤ᠋ᠨ ᠥᠪᠥᠷ ᠮᠣᠩᠭᠣᠯ ᠤ᠋ᠨ ᠲᠥᠯᠥᠭᠡᠯᠡᠭ᠌ᠴᠢᠳ ᠤ᠋ᠨ ᠪᠦᠯᠬᠦᠮ ᠳᠡᠬᠢ ᠡᠨᠡ ᠲᠠᠪᠤᠨ ᠵᠢᠯ
ᠱᠢᠨᠬᠤᠸᠠ ᠬᠣᠷᠢᠶᠠᠨ ᠤ᠋ ᠪᠡᠭᠡᠵᠢᠩ ᠤ᠋ᠨ 3 ᠰᠠᠷᠠ ᠶ᠋ᠢᠨ 10 ᠤ᠋ ᠴᠠᠬᠢᠯᠭᠠᠨ ᠮᠡᠳᠡᠭᠡ 3 ᠰᠠᠷᠠ ᠶ᠋ᠢᠨ 7 ᠤ᠋ ᠡᠳᠦᠷ ᠬᠡᠪᠯᠡᠭ᠌ᠳᠡᠭ᠌ᠰᠡᠨ 2022 ᠣᠨ ᠤ᠋ 10 ᠳ᠋ᠤᠭᠠᠷ ᠬᠤᠭᠤᠴᠠᠭᠠᠨ ᠤ᠋ 《ᠪᠠᠷᠠᠯᠠᠯ》 ᠰᠣᠨᠢᠨ ᠮᠡᠳᠡᠭᠡᠨᠦ ᠭᠠᠷᠠᠭ ᠤ᠋ᠨ ᠰᠡᠳᠬᠦᠯ 《ᠲᠦᠷᠦ᠍ᠶ᠋ᠢ ᠵᠠᠰᠠᠵᠤ ᠵᠠᠰᠠᠭ ᠢ᠋ ᠡᠷᠬᠢᠯᠡᠭ᠌ᠰᠡᠡ ᠲᠡᠮᠳᠡᠭ᠌ᠯᠡᠯ 》 ᠭᠡᠬᠦ᠌ ᠡᠷᠬᠡ ᠰᠦᠷᠲᠦ ᠲᠤᠰᠭᠠᠢ ᠪᠤᠯᠤᠩᠳᠠᠭᠠᠨ ᠰᠤᠷᠪᠤᠯᠵᠢᠯᠠᠭ᠍ᠴᠢ ᠶ᠋ᠢᠨ ᠵᠢᠡᠨ ᠪᠢᠴᠢᠭ᠌ᠰᠡᠨ 《 ᠴᠢᠩ ᠰᠡᠳᠬᠢᠯ ᠤᠨ ᠬᠠᠯᠠᠮᠵᠢᠯᠠᠯ ᠤᠮᠠᠷᠠᠲᠤ ᠬᠢᠯᠢ ᠶ᠋ᠢ ᠳᠤᠯᠠᠭᠠᠴᠠᠭᠤᠯᠤᠨᠠ — ᠶᠡᠷᠦᠩᠬᠡᠢ ᠱᠦᠵᠢ ᠰᠢ ᠵᠢᠨ ᠫᠢᠩ ᠤ᠋ᠨ ᠥᠪᠥᠷ ᠮᠣᠩᠭᠣᠯ ᠤ᠋ᠨ ᠲᠥᠯᠥᠭᠡᠯᠡᠭ᠌ᠴᠢᠳ ᠤ᠋ᠨ ᠪᠦᠯᠬᠦᠮ ᠳᠡᠬᠢ ᠡᠨᠡ ᠲᠠᠪᠤᠨ ᠵᠢᠯ》 ᠭᠡᠬᠦ᠌ ᠴᠢᠬᠤᠯᠠ ᠮᠡᠳᠡᠭᠡᠯᠡᠯ ᠢ᠋ ᠨᠡᠢᠲᠡᠯᠡᠵᠠᠢ᠃ ᠲᠣᠪᠴᠢᠯᠠᠪᠠᠯ ᠳᠣᠣᠷᠠᠬᠢ ᠮᠡᠲᠦ᠍᠄
ᠨᠠᠮ ᠤ᠋ᠨ ᠲᠥᠪ ᠬᠣᠷᠢᠶᠠᠨ ᠤ᠋ ᠶᠡᠷᠦᠩᠬᠡᠢ ᠱᠦᠵᠢ᠂ ᠤᠯᠤᠰ ᠤ᠋ᠨ ᠲᠡᠷᠢᠭᠦᠯᠡᠭ᠌ᠴᠢ᠂ ᠲᠥᠪ ᠤ᠋ᠨ ᠴᠡᠷᠢᠭ ᠤ᠋ᠨ ᠶᠠᠪᠤᠳᠠᠯ ᠤ᠋ᠨ ᠬᠣᠷᠢᠶᠠᠨ ᠤ᠋ ᠲᠡᠷᠢᠭᠦᠯᠡᠭ᠌ᠴᠢ ᠰᠢ ᠵᠢᠨ ᠫᠢᠩ 3 ᠰᠠᠷᠠ ᠶ᠋ᠢᠨ 5 ᠤ᠋ ᠦᠳᠡ ᠶ᠋ᠢᠨ ᠬᠣᠢᠨᠠ ᠲᠡᠭᠦᠨᠦ ᠪᠠᠢᠭᠠ ᠠᠷᠪᠠᠨ ᠭᠤᠷᠪᠠᠳᠤᠭᠠᠷ ᠬᠤᠭᠤᠴᠠᠭᠠᠨ ᠤ᠋ ᠪᠦᠬᠦ᠌ ᠤᠯᠤᠰ ᠤ᠋ᠨ ᠠᠷᠠᠳ ᠤ᠋ᠨ ᠲᠥᠯᠥᠭᠡᠯᠡᠭ᠌ᠴᠢᠳ ᠤ᠋ᠨ ᠶᠡᠬᠡ ᠬᠤᠷᠠᠯ ᠤ᠋ᠨ ᠲᠠᠪᠤᠳᠤᠭᠠᠷ ᠬᠤᠷᠠᠯ ᠤ᠋ᠨ ᠥᠪᠥᠷ ᠮᠣᠩᠭᠣᠯ ᠤ᠋ᠨ ᠲᠥᠯᠥᠭᠡᠯᠡᠭ᠌ᠴᠢᠳ ᠤ᠋ᠨ ᠪᠦᠯᠬᠦᠮ ᠤ᠋ᠨ ᠬᠢᠨᠠᠨ ᠵᠥᠪᠯᠡᠬᠦ᠌ ᠳ᠋ᠥ ᠤᠷᠤᠯᠴᠠᠪᠠ᠃ ᠦᠷᠬᠦᠯᠵᠢᠯᠡᠨ ᠲᠠᠪᠤ ᠤᠳᠠᠭᠠ ᠦᠪᠦᠷ ᠮᠤᠡᠭᠭᠤᠯ ᠤ᠋ᠨ ᠲᠦᠯᠦᠭᠡᠯᠡᠭᠴᠢᠳ ᠤ᠋ᠨ ᠪᠦᠯᠬᠦᠮ ᠤ᠋ᠨ ᠬᠢᠨᠠᠨ ᠵᠦᠪᠯᠡᠬᠦ ᠳ᠋ᠥ ᠤᠷᠤᠯᠴᠠᠭᠰᠠᠨ ᠨᠢ ᠶᠡᠷᠦᠩᠬᠡᠢ ᠱᠦᠵᠢ ᠰᠢ ᠵᠢᠨ ᠫᠢᠩ ᠤ᠋ᠨ ᠴᠢᠩ ᠰᠡᠳᠬᠢᠯᠤᠨ ᠬᠠᠯᠠᠮᠵᠢᠯᠠᠯ ᠢ᠋ ᠢᠯᠡᠷᠡᠭᠦᠯᠵᠦ ᠪᠠᠢᠨᠠ᠃
ᠶᠡᠷᠦᠩᠬᠡᠶ ᠱᠦᠵᠢ ᠰᠢ ᠵᠢᠨ ᠫᠢᠩ ᠥᠪᠥᠷ ᠮᠣᠩᠭᠣᠯ ᠤ᠋ᠨ ᠲᠥᠯᠥᠭᠡᠯᠡᠭ᠌ᠴᠢᠳ ᠤ᠋ᠨ ᠪᠦᠯᠬᠦᠮ ᠤ᠋ᠨ ᠬᠢᠨᠠᠨ ᠵᠥᠪᠯᠡᠬᠦ᠌ ᠳ᠋ᠥ ᠲᠠᠪᠤ ᠤᠳᠠᠭᠠ ᠤᠷᠤᠯᠴᠠᠵᠤ᠂ ᠦᠨᠳᠦᠰᠦᠲᠡᠨᠦ ᠠᠵᠢᠯ ᠂ ᠬᠢᠯᠢ ᠬᠢᠵᠠᠭᠠᠷ ᠤ᠋ᠨ ᠪᠥᠲᠥᠭᠡᠨ ᠪᠠᠢᠭᠤᠯᠤᠯᠲᠠᠶ᠋ᠢ ᠰᠠᠢᠲᠤᠷ ᠬᠢᠬᠦ᠌ ᠶ᠋ᠢᠨ ᠭᠦᠨᠵᠡᠭᠡᠶ ᠠᠭᠤᠯᠤᠭ᠍ᠳᠠᠬᠤᠨ ᠪᠠ ᠴᠢᠬᠤᠯᠠ ᠶᠡᠬᠡ ᠠᠴᠢ ᠬᠣᠯᠪᠣᠭ᠍ᠳᠠᠯ ᠢ᠋ ᠲᠠᠪᠤ ᠤᠳᠠᠭᠠ ᠲᠣᠳᠣᠷᠬᠠᠢᠯᠠᠨ ᠥᠭᠦᠯᠡᠪᠡ᠄ 《ᠰᠣᠶᠣᠯ ᠤ᠋ᠨ ᠬᠠᠮᠲᠤ ᠶ᠋ᠢᠨ ᠲᠠᠨᠢᠯᠲᠠ ᠪᠣᠯ ᠬᠠᠮᠤᠭ ᠤ᠋ᠨ ᠭᠦᠨ ᠳᠠᠪᠬᠤᠷᠭᠠ ᠶ᠋ᠢᠨ ᠬᠠᠮᠲᠤ ᠶ᠋ᠢᠨ ᠲᠠᠨᠢᠯᠲᠠ ᠮᠥᠨ᠂ ᠦᠨᠳᠦᠰᠦᠲᠡᠨᠦ ᠪᠦᠯᠬᠦᠮᠳᠡᠯ ᠤ᠋ᠨ ᠦᠨᠳᠦᠰᠦ᠂ ᠦᠨᠳᠦᠰᠦᠲᠡᠨᠦ ᠡᠶᠡ ᠨᠠᠢᠷᠠᠮᠳᠠᠯ ᠤ᠋ᠨ ᠰᠦᠭ ᠰᠦᠨᠡᠰᠦ ᠮᠥᠨ》᠂ 《ᠬᠦᠬᠡ ᠤᠭᠲᠠᠷᠭᠤᠢ᠂ ᠬᠦᠬᠡᠮᠳᠦᠭ ᠤᠰᠤ᠂ ᠠᠷᠢᠭᠤᠨ ᠬᠥᠷᠥᠰᠥ ᠶᠢ ᠬᠠᠮᠠᠭᠠᠯᠠᠬᠤ ᠳᠠᠢᠯᠠᠯᠳᠤᠭᠠᠨ ᠢ᠋ ᠦᠷᠭᠦᠯᠵᠢᠯᠡᠨ ᠰᠠᠢᠲᠤᠷ ᠬᠢᠵᠦ᠍᠂ ᠡᠬᠡ ᠤᠯᠤᠰ ᠤ᠋ᠨ ᠤᠮᠠᠷᠠᠲᠤ ᠶ᠋ᠢᠨ ᠡᠨᠡ ᠬᠦ᠌ ᠲᠦᠮᠡᠨ ᠭᠠᠵᠠᠷ ᠤ᠋ᠨ ᠨᠤᠮᠢᠨ ᠨᠤᠭᠤᠭᠠᠨ ᠤᠷᠲᠤ ᠴᠠᠭᠠᠨ ᠬᠡᠷᠡᠮ ᠢ᠋ ᠨᠡᠩ ᠪᠠᠲᠤ ᠪᠡᠬᠢ ᠴᠤᠭᠴᠠᠯᠠᠬᠤ ᠬᠡᠷᠡᠭᠲᠡᠢ》᠂ 《ᠶᠠᠳᠠᠭᠤᠠᠴᠠ ᠠᠩᠭᠢᠵᠢᠷᠠᠭᠤᠯᠬᠤ ᠪᠤᠯ ᠲᠡᠭᠦᠰᠭᠡᠯ ᠤ᠋ᠨ ᠴᠡᠭ ᠪᠢᠰᠢ᠂ ᠬᠠᠷᠢᠨ ᠱᠢᠨᠡ ᠠᠮᠢᠳᠤᠷᠠᠯ᠂ ᠱᠢᠨᠡ ᠲᠡᠮᠡᠴᠡᠯ ᠤ᠋ᠨ ᠡᠬᠢᠯᠡᠯᠲᠡ ᠵᠢᠨ ᠴᠡᠭᠪᠤᠯᠤᠨᠠ 》 ᠁
ᠬᠦᠨᠳᠦᠶ᠋ᠢ ᠤᠬᠠᠭᠠᠷᠠᠵᠦ ᠬᠦᠨᠳᠦᠶ᠋ᠢ ᠡᠭᠦᠷᠭᠡᠯᠡᠵᠦ᠍᠂ ᠪᠣᠭᠣᠮᠲᠠᠱᠢᠪᠲᠤᠯᠬᠤ ᠪᠡᠷ ᠬᠦᠴᠦᠯᠡᠨ ᠴᠢᠷᠮᠠᠢᠪᠠ᠃ ᠡᠨᠡ ᠲᠠᠪᠤᠨ ᠵᠢᠯ ᠳ᠋ᠥ ᠥᠪᠥᠷ ᠮᠣᠩᠭᠣᠯ ᠤ᠋ᠨ ᠥᠪᠡᠷᠲᠡᠭᠡᠨ ᠵᠠᠰᠠᠬᠤ ᠣᠷᠣᠨ ᠳᠤᠮᠳᠠᠳᠤ ᠶ᠋ᠢᠨ ᠦᠨᠳᠦᠰᠦᠲᠡᠨᠦ ᠬᠠᠮᠲᠤ ᠶ᠋ᠢᠨ ᠴᠣᠭ᠍ᠴᠠ ᠶ᠋ᠢᠨ ᠤᠬᠠᠮᠰᠠᠷ ᠢ᠋ ᠪᠠᠲᠤ ᠴᠤᠬᠴᠠᠯᠠᠬᠤ ᠡᠨᠡ ᠬᠦ᠌ ᠭᠣᠣᠯ ᠱᠢᠵᠢᠮ ᠢ᠋ ᠴᠢᠩᠭᠠ ᠠᠳᠭᠤᠵᠤ᠂ ᠦᠨᠳᠦᠰᠦᠲᠡᠨᠦ ᠠᠵᠢᠯ ᠢ᠋ ᠴᠢᠩᠭᠠᠳᠭᠠᠨ ᠰᠠᠢᠵᠢᠷᠠᠭᠤᠯᠵᠤ᠂ ᠦᠨᠳᠦᠰᠦᠲᠡᠨᠦ ᠪᠦᠯᠬᠦᠮᠳᠡᠯ ᠤ᠋ᠨ ᠠᠯᠳᠠᠨ ᠦᠰᠦᠭ᠌ᠲᠦ ᠫᠠᠢᠰᠠᠶ᠋ᠢ ᠰᠠᠢᠲᠤᠷ ᠬᠠᠮᠠᠭᠠᠯᠠᠪᠠ; ᠠᠮᠢ ᠠᠬᠤᠢ ᠶ᠋ᠢᠨ ᠪᠣᠯᠪᠠᠰᠤᠨ ᠤ᠋ ᠪᠠᠢᠭᠤᠯᠤᠯᠲᠠᠶ᠋ᠢ ᠴᠢᠩᠭᠠᠳᠭᠠᠬᠤ ᠪᠠᠢᠯᠳᠤᠬᠤ ᠪᠤᠳᠤᠯᠭᠠ ᠶ᠋ᠢᠨ ᠲᠣᠭ᠍ᠲᠠᠯ ᠬᠦᠴᠦᠨ ᠢ᠋ ᠪᠠᠲᠤᠯᠠᠵᠤ᠂ ᠡᠬᠡ ᠤᠯᠤᠰ ᠤ᠋ᠨ ᠤᠮᠠᠷᠠᠲᠤ ᠶ᠋ᠢᠨ ᠴᠢᠬᠤᠯᠠ ᠠᠮᠢ ᠠᠬᠤᠢ ᠶ᠋ᠢᠨ ᠠᠮᠤᠷ ᠲᠦᠪᠱᠢᠨᠦ ᠬᠠᠯᠬᠠᠪᠴᠢ᠂ ᠡᠬᠡ ᠤᠯᠤᠰ ᠤ᠋ᠨ ᠤᠮᠠᠷᠠᠲᠤ ᠶ᠋ᠢᠨ ᠠᠮᠤᠷ ᠲᠦᠪᠱᠢᠨ ᠲᠣᠭ᠍ᠲᠠᠭᠤᠨ ᠤ᠋ ᠬᠠᠯᠬᠠᠪᠴᠢᠶ᠋ᠢ ᠪᠡᠬᠢᠵᠢᠭᠦᠯᠪᠡ; ᠴᠢᠨᠠᠷ ᠰᠠᠢᠲᠠᠢ ᠬᠥᠭ᠌ᠵᠢᠯᠲᠡ ᠶ᠋ᠢᠨ ᠰᠠᠭᠤᠷᠢᠶ᠋ᠢ ᠲᠠᠯᠪᠢᠵᠦ᠂ ᠤᠯᠤᠰ ᠤ᠋ᠨ ᠴᠢᠬᠤᠯᠠ ᠡᠨᠧᠷᠭᠢ ᠪᠠ ᠪᠠᠢᠯᠳᠤᠬᠤ ᠪᠤᠳᠤᠯᠭᠠ ᠶ᠋ᠢᠨ ᠡᠬᠢ ᠪᠠᠶᠠᠯᠢᠭ ᠤ᠋ᠨ ᠰᠠᠭᠤᠷᠢᠨ᠂ ᠮᠠᠯ ᠤ᠋ᠨ ᠠᠱᠢᠭ ᠱᠢᠮᠡ ᠲᠠᠷᠢᠶᠠᠯᠠᠩᠤᠨ ᠪᠦᠲᠦᠭᠡᠭ᠌ᠳᠡᠬᠦᠨᠦ ᠦᠢᠯᠡᠳᠪᠦᠷᠢᠯᠡᠯ ᠤ᠋ᠨ ᠰᠠᠭᠤᠷᠢᠨ ᠢ᠋ ᠴᠢᠷᠮᠠᠢᠨ ᠰᠠᠢᠲᠤᠷ ᠪᠠᠢᠭᠤᠯᠵᠤ᠂ ᠤᠮᠠᠷᠠᠰᠢ ᠨᠡᠬᠡᠬᠡᠯᠳᠡ ᠬᠢᠬᠦ᠌ ᠴᠢᠬᠤᠯᠠ ᠪᠡᠬᠢᠯᠡᠯᠲᠡᠶ᠋ᠢ ᠪᠠᠢᠭᠤᠯᠪᠠ᠃
ᠦᠨᠳᠦᠰᠦᠲᠡᠨᠦ ᠪᠦᠯᠬᠦᠮᠳᠡᠯ ᠤ᠋ᠨ ᠲᠠᠯᠠᠪᠠᠷ᠂ ᠡᠨᠡ ᠲᠠᠪᠤᠨ ᠵᠢᠯ ᠳ᠋ᠥ ᠥᠪᠥᠷ ᠮᠣᠩᠭᠣᠯ ᠶᠡᠷᠦᠩᠬᠡᠢ ᠱᠦᠵᠢ ᠰᠢ ᠵᠢᠨ ᠫᠢᠩ ᠤ᠋ᠨ ᠴᠢᠩ ᠰᠡᠳᠭᠢᠯ ᠤ᠋ᠨ ᠨᠠᠢᠳᠠᠯᠭᠠᠶ᠋ᠢ ᠪᠠᠲᠤ ᠴᠡᠭᠡᠵᠢᠯᠡᠵᠦ᠍᠂ ᠤᠯᠤᠰ ᠤ᠋ᠨ ᠨᠡᠢᠳᠡᠮ ᠬᠡᠷᠡᠭ᠌ᠯᠡᠬᠦ᠌ ᠦᠭᠡ ᠬᠡᠯᠡ ᠦᠰᠦᠭ ᠪᠢᠴᠢᠭ ᠢ᠋ ᠲᠦᠷᠭᠡᠳᠭᠡᠨ ᠲᠦᠭᠡᠮᠡᠯᠵᠢᠭᠦᠯᠵᠦ᠍᠂ ᠤᠯᠤᠰ ᠤ᠋ᠨ ᠨᠢᠭᠡᠳᠦᠯᠲᠡᠶ ᠨᠠᠢᠷᠠᠭᠤᠯᠤᠭ᠍ᠰᠠᠨ ᠵᠢᠭᠠᠬᠤ ᠮᠠᠲ᠋ᠧᠷᠢᠶᠠᠯ ᠢ᠋ ᠬᠡᠷᠡᠭ᠌ᠯᠡᠬᠦ᠌ᠶ᠋ᠢ ᠪᠦᠬᠦ᠌ ᠲᠠᠯᠠᠪᠠᠷ ᠬᠡᠷᠡᠭ᠌ᠵᠢᠭᠦᠯᠬᠦ᠌ᠪᠡᠷ ᠭᠠᠷᠳᠠᠬᠤ ᠴᠡᠭ ᠪᠣᠯᠭᠠᠬᠤᠶ᠋ᠢ ᠪᠠᠷᠢᠮᠲᠠᠯᠠᠵᠤ᠂ ᠨᠡᠢᠲᠡᠯᠢᠭ ᠴᠢᠨᠠᠷ ᠢ᠋ ᠨᠡᠮᠡᠭ᠌ᠳᠡᠭᠦᠯᠬᠦ᠌ ᠴᠢᠭ᠌ᠯᠡᠯᠵᠢᠡᠷ ᠦᠨᠳᠦᠰᠦᠲᠡᠨᠦ ᠠᠵᠢᠯ ᠢ᠋ ᠰᠠᠢᠵᠢᠷᠠᠭᠤᠯᠵᠤ᠂ ᠨᠡᠢᠲᠡᠯᠢᠭ ᠴᠢᠨᠠᠷ ᠪᠠ ᠵᠥᠷᠢᠶᠡᠲᠦ ᠴᠢᠨᠠᠷ ᠤ᠋ᠨ ᠬᠤᠪᠢᠰᠤᠩᠭᠤᠶ ᠨᠢᠭᠡᠳᠦᠯ᠂ ᠦᠨᠳᠦᠰᠦᠲᠡᠨᠦ ᠡᠯᠧᠮᠧᠨ᠋ᠲ ᠪᠠ ᠣᠷᠣᠨ ᠪᠦᠰᠡ ᠶ᠋ᠢᠨ ᠡᠯᠧᠮᠧᠨ᠋ᠲ ᠤ᠋ᠨ ᠣᠷᠭᠠᠨᠢᠭ ᠤᠶᠠᠯᠳᠤᠯ ᠢ᠋ ᠪᠡᠶᠡᠯᠡᠭᠦᠯᠵᠦ᠍᠂ ᠳᠤᠮᠳᠠᠳᠤ ᠶ᠋ᠢᠨ ᠦᠨᠳᠦᠰᠦᠲᠡᠨᠦ ᠬᠠᠮᠲᠤ ᠶ᠋ᠢᠨ ᠴᠣᠭ᠍ᠴᠠ ᠶ᠋ᠢᠨ ᠤᠬᠠᠮᠰᠠᠷ ᠤ᠋ᠨ ᠪᠠᠢᠭᠤᠯᠤᠯᠲᠠᠶ᠋ᠢ ᠠᠬᠢᠭᠤᠯᠬᠤ ᠠᠵᠢᠯ ᠢ᠋ ᠪᠣᠳᠠᠲᠠᠶ ᠬᠢᠵᠦ᠍᠂ ᠨᠠᠷᠢᠯᠢᠭ ᠨᠠᠢᠳᠠᠪᠤᠷᠢᠵᠢᠭᠤᠯᠪᠠ᠃
ᠠᠮᠢ ᠠᠬᠤᠢ ᠶ᠋ᠢᠨ ᠪᠣᠯᠪᠠᠰᠤᠨ ᠤ᠋ ᠪᠠᠢᠭᠤᠯᠤᠯᠲᠠ ᠶ᠋ᠢᠨ ᠲᠠᠯᠠᠪᠠᠷ᠂ ᠡᠨᠡ ᠲᠠᠪᠤᠨ ᠵᠢᠯ ᠳ᠋ᠥ ᠥᠪᠥᠷ ᠮᠣᠩᠭᠣᠯ ᠪᠦᠬᠦ᠌ ᠣᠷᠣᠨᠵᠢᠡᠷᠵᠢᠡᠨ ᠠᠮᠢ ᠠᠬᠤᠢ ᠣᠷᠴᠢᠨ ᠲᠣᠭᠣᠷᠢᠨ ᠢ᠋ ᠬᠠᠮᠠᠭᠠᠯᠠᠬᠤ ᠪᠣᠯ ᠡᠷᠬᠡᠪᠰᠢ ᠡᠭᠦᠷᠭᠡᠯᠡᠵᠦ᠍᠂ ᠰᠠᠢᠲᠤᠷ ᠭᠦᠢᠴᠡᠳᠭᠡᠬᠦ᠌ ᠴᠢᠬᠤᠯᠠ ᠶᠡᠬᠡ ᠤᠯᠤᠰ ᠲᠦᠷᠦ᠍ ᠶ᠋ᠢᠨ ᠬᠠᠷᠢᠭᠤᠴᠠᠯᠭᠠ ᠮᠥᠨ ᠭᠡᠳᠡᠭ ᠢ᠋ ᠤᠢᠯᠠᠭᠠᠵᠦ᠂ ᠡᠷᠬᠡᠪᠰᠢ ᠳᠡᠢᠯᠦᠩᠭᠦᠢ ᠪᠠᠢᠷᠢᠨᠳᠤ ᠲᠠᠯᠪᠢᠵᠤ᠂ ᠠᠮᠢ ᠠᠬᠤᠢᠶ᠋ᠢ ᠤᠷᠢᠳ ᠵᠢᠡᠷ ᠪᠤᠳᠤᠯᠬᠢᠯᠠᠬᠤ ᠪᠣᠬᠢᠷᠲᠤᠯ ᠦᠭᠡᠢ ᠬᠥᠭ᠌ᠵᠢᠭᠦᠯᠬᠦᠪᠡᠷ ᠤᠳᠤᠷᠢᠳᠤᠮᠵᠢ ᠪᠣᠯᠭᠠᠭᠰᠠᠨ ᠱᠢᠨᠡ ᠵᠠᠮ ᠢ᠋ ᠴᠢᠷᠮᠠᠢᠨ ᠰᠦᠪᠡᠭ᠌ᠴᠢᠯᠡᠵᠡᠢ᠃
ᠥᠪᠥᠷ ᠮᠣᠩᠭᠣᠯ ᠤᠯᠤᠰ ᠤ᠋ᠨ ᠨᠤᠲᠤᠭ ᠳᠡᠪᠢᠰᠭᠡᠷ ᠤ᠋ᠨ ᠣᠷᠣᠨ ᠵᠠᠶ ᠶ᠋ᠢᠨ ᠲᠥᠯᠥᠪᠵᠢᠭᠦᠯᠭᠡ ᠪᠠ ᠬᠡᠷᠡᠭ᠌ᠴᠡᠭᠡ ᠶ᠋ᠢᠨ ᠬᠠᠮᠢᠶᠠᠷᠤᠯᠲᠠ ᠡᠵᠡᠮᠳᠡᠯ ᠢ᠋ ᠴᠢᠩᠭᠠᠳᠭᠠᠵᠤ᠂ ᠠᠮᠢ ᠠᠬᠤᠶ ᠶ᠋ᠢᠨ ᠬᠠᠮᠠᠭᠠᠯᠠᠯᠲᠠ ᠶ᠋ᠢᠨ ᠤᠯᠠᠭᠠᠨ ᠱᠤᠭᠤᠮ ᠢ᠋ ᠵᠦᠶ ᠵᠣᠬᠢᠰᠲᠠᠶ ᠱᠢᠯᠢᠳᠡᠭ᠌ᠵᠢᠭᠦᠯᠦᠨ ᠳᠣᠭᠢᠷᠠᠭᠤᠯᠵᠤ᠂ ᠪᠥᠬᠥ᠌ ᠣᠷᠣᠨ ᠤ᠋ 87% ᠶ᠋ᠢᠨ ᠲᠠᠯᠠᠪᠠᠶᠶ᠋ᠢ ᠨᠡᠭᠡᠭᠡᠨ ᠬᠥᠭ᠌ᠵᠢᠭᠦᠯᠬᠦ᠌ ᠵᠢ ᠬᠢᠵᠠᠭᠠᠷᠯᠠᠬᠤ ᠣᠷᠣᠨ ᠪᠦᠰᠡ ᠳ᠋ᠥ ᠬᠤᠪᠢᠶᠠᠷᠢᠯᠠᠨ ᠣᠷᠣᠭᠤᠯᠵᠤ᠂ ᠪᠥᠬᠥ᠌ ᠣᠷᠣᠨ ᠤ᠋ ᠬᠠᠭᠠᠰ ᠠᠴᠠ ᠳᠡᠭᠡᠭ᠌ᠰᠢᠬᠢ ᠤᠯᠤᠰ ᠤ᠋ᠨ ᠨᠤᠲᠤᠭ ᠳᠡᠪᠢᠰᠭᠡᠷ ᠤ᠋ᠨ ᠲᠠᠯᠠᠪᠠᠶᠶ᠋ᠢ ᠠᠮᠢ ᠠᠬᠤᠶ ᠶ᠋ᠢᠨ ᠬᠠᠮᠠᠭᠠᠯᠠᠯᠲᠠ ᠶ᠋ᠢᠨ ᠤᠯᠠᠭᠠᠨ ᠱᠤᠭᠤᠮᠳᠤ ᠬᠤᠪᠢᠶᠠᠷᠢᠯᠠᠨ ᠣᠷᠣᠭᠤᠯᠪᠠ᠃ ᠥᠪᠥᠷ ᠮᠣᠩᠭᠣᠯ 《ᠨᠢᠭᠡ ᠱᠤᠭᠤᠮ ᠨᠢᠭᠡ ᠣᠷᠣᠨ ᠬᠣᠶᠠᠷ ᠪᠦᠰᠡ》 ᠶ᠋ᠢᠨ ᠶᠡᠷᠦᠩᠬᠡᠢ ᠪᠠᠢᠷᠢᠱᠢᠭᠤᠯᠤᠯᠲᠠ ᠶ᠋ᠢ ᠪᠠᠢᠭᠤᠯᠪᠠ; ᠪᠣᠬᠢᠷᠲᠤᠯ ᠥᠬᠡᠶ ᠠᠭᠤᠷᠬᠠᠶᠶ᠋ᠢ ᠪᠥᠲᠥᠭᠡᠨ ᠪᠠᠢᠭᠤᠯᠵᠤ᠂ ᠠᠮᠢ ᠠᠬᠤᠶ ᠶ᠋ᠢᠨ ᠴᠢᠳᠠᠮᠵᠢᠶ᠋ᠢ ᠬᠠᠮᠠᠭᠠᠯᠠᠪᠠ; ᠠᠭᠤᠯᠠ ᠤᠰᠤ ᠤᠢ ᠱᠢᠭᠤᠶ ᠲᠠᠷᠢᠶᠠᠨ ᠭᠠᠵᠠᠷ ᠨᠠᠭᠤᠷ ᠪᠦᠷᠢᠳᠦ ᠨᠤᠳᠤᠭ ᠪᠡᠯᠴᠢᠬᠡᠷ ᠡᠯᠡᠰᠦᠮᠠᠩᠬᠠ ᠶ᠋ᠢ ᠨᠢᠭᠡᠳᠦᠯᠲᠡᠶ ᠲᠥᠯᠥᠪᠵᠢᠭᠦᠯᠵᠦ᠍᠂ ᠱᠢᠰᠲ᠋ᠧᠮᠲᠡᠶᠪᠡᠷ ᠵᠠᠰᠠᠬᠤᠶ᠋ᠢ ᠪᠠᠷᠢᠮᠳᠠᠯᠠᠪᠠ᠃ ᠠᠮᠢ ᠠᠬᠤᠢᠪᠠᠷ ᠠᠷᠠᠳᠲᠤ ᠠᠱᠢᠭ ᠬᠦᠷᠲᠡᠭᠡᠬᠦ᠂ ᠠᠮᠢ ᠠᠬᠤᠢᠪᠠᠷ ᠠᠷᠠᠳᠲᠤ ᠦᠢᠯᠡᠴᠢᠯᠡᠬᠦ᠌ᠶ᠋ᠢ ᠪᠠᠷᠢᠮᠲᠠᠯᠠᠵᠤ᠂ ᠥᠪᠥᠷ ᠮᠣᠩᠭᠣᠯ ᠡᠬᠡ ᠤᠯᠤᠰ ᠤ᠋ᠨ 《ᠤᠮᠠᠷᠠᠲᠤ ᠶᠡᠬᠡ ᠬᠠᠭᠠᠯᠭᠠ》᠂ ᠨᠡᠢᠰᠯᠡᠯ ᠤ᠋ᠨ 《ᠤᠨᠠᠭᠤᠯᠢ ᠭᠣᠣᠯ》 ᠢ᠋ ᠪᠦᠬᠦ᠌ ᠬᠦᠴᠦᠨᠵᠢᠡᠷ ᠵᠢᠡᠨ ᠰᠠᠬᠢᠨ ᠬᠠᠮᠠᠭᠠᠯᠠᠵᠤ᠂ ᠡᠬᠡ ᠤᠯᠤᠰ ᠤ᠋ᠨ ᠤᠮᠠᠷᠠᠲᠤ ᠶ᠋ᠢᠨ ᠦᠵᠡᠮᠵᠢ ᠶ᠋ᠢᠨ ᠣᠷᠣᠨ ᠢ᠋ ᠨᠡᠩ ᠦᠵᠡᠰᠭᠦᠯᠡᠩᠲᠦ ᠰᠠᠢᠬᠠᠨ ᠪᠣᠯᠭᠠᠨ ᠪᠦᠳᠦᠭᠡᠨ ᠪᠠᠢᠭᠤᠯᠪᠠ᠃
ᠴᠢᠨᠠᠷ ᠰᠠᠢᠲᠠᠢ ᠬᠥᠭ᠌ᠵᠢᠯᠲᠡ ᠶ᠋ᠢᠨ ᠲᠠᠯᠠᠪᠠᠷ᠂ ᠡᠨᠡ ᠲᠠᠪᠤᠨ ᠵᠢᠯ ᠳ᠋ᠥ ᠥᠪᠥᠷ ᠮᠣᠩᠭᠣᠯ ᠶᠡᠷᠦᠩᠬᠡᠢ ᠱᠦᠵᠢ ᠶ᠋ᠢᠨ ᠬᠦᠰᠡᠯ ᠨᠠᠢᠳᠠᠯᠭᠠᠶ᠋ᠢ ᠪᠠᠲᠤ ᠴᠡᠭᠡᠵᠢᠯᠡᠵᠦ᠍᠂ ᠬᠡᠯᠪᠡᠷᠢᠶ᠋ᠢ ᠬᠤᠪᠢᠷᠠᠭᠤᠯᠵᠤ᠂ ᠪᠦᠲᠦᠴᠡᠶ᠋ᠢ ᠲᠤᠬᠢᠷᠠᠭᠤᠯᠬᠤᠶ᠋ᠢ ᠲᠦᠷᠭᠡᠳᠭᠡᠵᠦ᠍᠂ ᠤᠷᠳᠤ ᠬᠤᠭᠤᠴᠠᠭᠠᠨ ᠤ᠋ ᠪᠦᠳᠦᠭᠦᠯᠢᠭ ᠬᠥᠭ᠌ᠵᠢᠯᠲᠡᠡᠴᠡ ᠪᠦᠷᠢᠯᠳᠦᠭ᠌ᠰᠡᠨ ᠰᠡᠳᠭᠢᠬᠦᠢ ᠶ᠋ᠢᠨ ᠲᠣᠭ᠍ᠲᠠᠭ᠍ᠰᠠᠨ ᠬᠠᠨᠳᠤᠰᠢ᠂ ᠤᠤᠯ ᠤ᠋ᠨ ᠬᠡᠪ ᠵᠠᠭ᠍ᠪᠤᠷ᠂ ᠵᠠᠮ ᠱᠤᠭᠤᠮ ᠤ᠋ᠨ ᠲᠦᠱᠢᠭ᠌ᠯᠡᠯ ᠢ᠋ ᠬᠦᠴᠦᠯᠡᠨ ᠬᠤᠪᠢᠷᠠᠭᠤᠯᠵᠤ᠂ ᠴᠢᠨᠠᠷ ᠰᠠᠢᠲᠠᠢ ᠬᠥᠭ᠌ᠵᠢᠯᠲᠡᠶ᠋ᠢ ᠠᠬᠢᠭᠤᠯᠬᠤ ᠲᠥᠯᠥᠪᠵᠢᠭᠦᠯᠭᠡ ᠲᠦᠷᠦ᠍ ᠶ᠋ᠢᠨ ᠪᠤᠳᠤᠯᠭᠠ ᠶ᠋ᠢᠨ ᠱᠢᠰᠲᠸᠮ ᠢ᠋ ᠲᠦᠷᠭᠡᠨ ᠪᠠᠢᠭᠤᠯᠵᠤ᠂ ᠠᠮᠢ ᠠᠬᠤᠢᠶ᠋ᠢ ᠤᠷᠢᠳ ᠵᠢᠡᠷ ᠪᠤᠳᠤᠯᠬᠢᠯᠠᠬᠤ ᠪᠣᠬᠢᠷᠲᠤᠯ ᠦᠭᠡᠢ ᠬᠦᠭᠵᠢᠭᠦᠯᠬᠦ ᠪᠡᠷ ᠤᠳᠤᠷᠢᠳᠤᠮᠵᠢ ᠪᠤᠯᠭᠠᠬᠤ ᠵᠢ ᠪᠣᠳᠠᠲᠠᠢᠳᠤ ᠨᠠᠢᠳᠠᠪᠤᠷᠢᠵᠢᠭᠤᠯᠪᠠ᠃ ᠣᠳᠣᠬᠠᠨᠳᠤ ᠡᠨᠧᠷᠭᠢ᠂ ᠬᠢᠮᠢ ᠶ᠋ᠢᠨ ᠠᠵᠤ ᠦᠢᠯᠡᠳᠪᠦᠷᠢ ᠵᠡᠷᠭᠡ ᠤᠯᠠᠮᠵᠢᠯᠠᠯᠲᠤ ᠠᠵᠤ ᠦᠢᠯᠡᠰ ᠤ᠋ᠨ ᠬᠡᠯᠪᠡᠷᠢᠪᠡᠨ ᠬᠤᠪᠢᠷᠠᠭᠤᠯᠤᠨ ᠲᠡᠰ ᠲᠡᠪᠰᠢᠭᠦᠯᠬᠦ ᠠᠯᠬᠤᠴᠠ ᠲᠦᠷᠭᠡᠳᠴᠦ᠍᠂ ᠲᠣᠭᠠᠴᠢᠯᠠᠭ᠍ᠰᠠᠨ ᠠᠵᠤ ᠠᠬᠤᠢ ᠵᠡᠷᠭᠡ ᠱᠢᠨᠡᠪᠡᠷ ᠮᠠᠨᠳᠤᠭ᠍ᠰᠠᠨ ᠠᠵᠤ ᠦᠢᠯᠡᠰ ᠥᠷᠨᠢᠩᠭᠦᠢ ᠬᠥᠭ᠌ᠵᠢᠵᠦ᠍᠂ ᠬᠡᠪᠴᠢᠶᠡᠵᠢᠯᠡᠴᠡ ᠳᠡᠭᠡᠭ᠌ᠰᠢᠬᠢ ᠠᠵᠤ ᠦᠢᠯᠡᠳᠪᠦᠷᠢ ᠶ᠋ᠢᠨ ᠨᠡᠮᠡᠭ᠌ᠳᠡᠯ ᠦᠷᠳᠡᠭᠲᠦ ᠡᠵᠡᠯᠡᠬᠦ᠌ ᠨᠡᠭᠦᠷᠡᠰᠦᠨᠦ ᠪᠤᠰᠤ ᠠᠵᠤ ᠦᠢᠯᠡᠰ ᠤ᠋ᠨ ᠨᠡᠮᠡᠭ᠌ᠳᠡᠯ ᠦᠷᠳᠡᠭ ᠤ᠋ᠨ ᠬᠤᠪᠢ ᠶ᠋ᠢᠨ ᠵᠢᠩ ᠨᠢ ᠠᠷᠪᠠᠨ ᠤ᠋ ᠵᠢᠷᠭᠤᠭᠠᠨ ᠬᠤᠪᠢᠶ᠋ᠢ ᠳᠠᠪᠠᠵᠤ᠂ 《ᠨᠡᠭᠦᠷᠡᠰᠦᠪᠡᠷ ᠭᠣᠣᠯ ᠪᠣᠯᠭᠠᠬᠤ》 ᠪᠠᠢᠳᠠᠯᠳᠤ ᠢᠯᠡᠳᠲᠡ ᠬᠤᠪᠢᠷᠠᠯᠲᠠ ᠭᠠᠷᠴᠠᠢ᠃ 《ᠦᠩᠭᠡ ᠳᠦᠷᠰᠤ》 ᠪᠣᠯᠤᠨ 《ᠦᠢᠯᠡᠳᠬᠦᠨᠦ ᠦᠷᠳᠡᠭ》 ᠵᠡᠷᠭᠡ ᠪᠡᠷ ᠬᠥᠭ᠌ᠵᠢᠵᠦ᠍᠂ ᠥᠪᠡᠷᠲᠡᠭᠡᠨ ᠵᠠᠰᠠᠬᠤ ᠣᠷᠣᠨ ᠶᠠᠭ ᠴᠢᠨᠠᠷ ᠰᠠᠢᠲᠠᠢ ᠬᠥᠭ᠌ᠵᠢᠯᠲᠡ ᠶ᠋ᠢᠨ 《ᠲᠦᠷᠭᠡᠨᠦ ᠵᠠᠮ》 ᠳ᠋ᠦ ᠠᠯᠬᠤᠨ ᠣᠷᠣᠵᠤ ᠪᠤᠢ᠃
ᠨᠡᠢᠭᠡᠮ ᠵᠢᠷᠤᠮᠳᠦ ᠣᠳᠣᠬᠢᠴᠢᠯᠠᠭ᠍ᠰᠠᠨ ᠤᠯᠤᠰ ᠢ᠋ ᠪᠦᠬᠦ᠌ ᠲᠠᠯᠠᠪᠠᠷ ᠪᠦᠳᠦᠭᠡᠨ ᠪᠠᠢᠭᠤᠯᠬᠤ ᠠᠭᠤᠤ ᠶᠡᠬᠡ ᠠᠶᠠᠨ ᠳ᠋ᠦ ᠵᠣᠭ᠍ᠰᠣᠵᠤ᠂ ᠥᠪᠥᠷ ᠮᠣᠩᠭᠣᠯ ᠤ᠋ᠨ ᠦᠨᠳᠦᠰᠦᠲᠡᠨᠨᠦᠭᠦᠳ ᠤ᠋ᠨ ᠬᠥᠪᠡᠭᠦᠳ ᠥᠬᠢᠳ ᠰᠠᠬᠢᠨ ᠪᠠᠷᠠᠯᠠᠵᠥ᠍ ᠬᠠᠷᠢᠯᠴᠠᠨ ᠬᠠᠪᠰᠤᠷᠤᠯᠴᠠᠵᠤ᠂ ᠠᠬᠠ ᠳᠡᠭᠦᠦ᠍ ᠶ᠋ᠢᠨ ᠬᠠᠢᠷᠠ ᠰᠡᠳᠭᠢᠯᠭᠡ ᠪᠡᠨ ᠵᠤᠵᠠᠭᠠᠳᠬᠠᠵᠤ᠂ ᠮᠣᠩᠭᠣᠯ ᠮᠣᠷᠢᠨᠤ ᠵᠤᠷᠢᠭ ᠰᠠᠨᠠᠭᠠᠵᠢ ᠪᠠᠳᠠᠷᠠᠭᠤᠯᠵᠤ ᠵᠣᠪᠠᠭᠤᠷᠢ ᠵᠦᠳᠡᠭᠦᠷᠢᠶ᠋ᠢ ᠲᠡᠰᠪᠦᠷᠢᠯᠡᠵᠦ᠍᠂ ᠬᠠᠲᠠᠭᠤᠵᠢᠯᠲᠠᠢ ᠠᠵᠢᠯᠯᠠᠵᠤ ᠪᠣᠳᠠᠲᠠᠢ ᠠᠵᠢᠯᠯᠠᠵᠤ᠂ ᠴᠤᠴᠠᠯᠲᠠ ᠦᠭᠡᠢ ᠤᠷᠤᠭ᠍ᠰᠢᠯᠠᠵᠤ᠂ ᠳᠤᠮᠳᠠᠳᠤ ᠶ᠋ᠢᠨ ᠦᠨᠳᠦᠰᠦᠲᠡᠨᠦ ᠠᠭᠤᠤ ᠶᠡᠬᠡ ᠰᠡᠷᠭᠦᠨ ᠮᠠᠨᠳᠤᠯᠲᠠ ᠶ᠋ᠢᠨ ᠳᠤᠮᠳᠠᠳᠤ ᠶ᠋ᠢᠨ ᠵᠡᠭᠦᠳᠦ᠍ᠶ᠋ᠢ ᠲᠡᠷᠭᠡᠯᠱᠢᠭᠦᠯᠬᠦ᠌ ᠳ᠋ᠥ ᠬᠦᠴᠦᠷᠬᠡᠭ ᠶᠡᠬᠡ ᠬᠦᠴᠦᠨ ᠴᠢᠳᠠᠯ ᠵᠢᠡᠨ ᠨᠡᠮᠡᠷᠢᠯᠡᠵᠦ ᠪᠠᠢᠨᠠ!
( ᠰᠤᠷᠪᠤᠯᠵᠢᠯᠠᠭ᠍ᠴᠢ᠄ ᠢᠦᠶ ᠴᠠᠩ ᠬᠣᠩ ᠵᠠᠩ ᠯᠢ ᠨᠠ ᠸᠧᠶ ᠵᠢᠩ ᠢᠦᠶ ᠸᠠᠩ ᠵᠢᠩ )