— ᠪᠦᠬᠦ ᠣᠷᠣᠨ ᠤ᠋ ᠶᠡᠬᠡ ᠳᠡᠭᠡᠳᠦ ᠰᠤᠷᠭᠠᠭᠤᠯᠢ ᠵᠢᠨ ᠪᠠᠭᠰᠢ ᠰᠤᠷᠤᠭᠴᠢᠳ ᠪᠣᠯᠤᠨ ᠡᠪᠯᠡᠯ ᠤ᠋ᠨ ᠭᠡᠰᠢᠭᠦᠨ ᠵᠠᠯᠠᠭᠤᠴᠤᠳ ᠶᠡᠷᠦᠩᠬᠡᠢ ᠱᠦᠵᠢ ᠰᠢ ᠵᠢᠨ ᠫᠢᠩ ᠤ᠋ᠨ ᠥᠪᠥᠷ ᠮᠣᠩᠭᠣᠯ ᠤ᠋ᠨ ᠲᠥᠯᠥᠭᠡᠯᠡᠭᠴᠢᠳ ᠤ᠋ᠨ ᠪᠦᠯᠬᠦᠮ ᠤ᠋ᠨ ᠬᠢᠨᠠᠨ ᠵᠥᠪᠯᠡᠬᠦ ᠳ᠋ᠦ᠍ ᠣᠷᠣᠯᠴᠠᠬᠤ ᠦᠶ᠎ᠡ ᠵᠢᠨ ᠴᠢᠬᠤᠯᠠ ᠶᠠᠷᠢᠶ᠎ᠠ ᠵᠢ ᠬᠥᠭᠵᠢᠶᠡᠨᠲᠡᠢ ᠶᠠᠷᠢᠯᠴᠠᠪᠠ
ᠶᠡᠷᠦᠩᠬᠡᠢ ᠱᠦᠵᠢ ᠰᠢ ᠵᠢᠨ ᠫᠢᠩᠤᠨ 5 ᠤ᠋ ᠦᠳᠡ ᠵᠢᠨ ᠬᠣᠢᠨ᠎ᠠ ᠠᠷᠪᠠᠨ ᠭᠤᠷᠪᠠᠳᠤᠭᠠᠷ ᠬᠤᠭᠤᠴᠠᠭᠠᠨ ᠤ᠋ ᠪᠦᠬᠦ ᠤᠯᠤᠰ ᠤ᠋ᠨ ᠠᠷᠠᠳ ᠤ᠋ᠨ ᠲᠥᠯᠥᠭᠡᠯᠡᠭᠴᠢᠳ ᠤ᠋ᠨ ᠶᠡᠬᠡ ᠬᠤᠷᠠᠯ ᠤ᠋ᠨ ᠲᠠᠪᠤᠳᠤᠭᠠᠷ ᠬᠤᠷᠠᠯ ᠤ᠋ᠨ ᠥᠪᠥᠷ ᠮᠣᠩᠭᠣᠯ ᠤ᠋ᠨ ᠲᠥᠯᠥᠭᠡᠯᠡᠭᠴᠢᠳ ᠤ᠋ᠨ ᠪᠦᠯᠬᠦᠮ ᠤ᠋ᠨ ᠬᠢᠨᠠᠨ ᠵᠥᠪᠯᠡᠬᠦ ᠳ᠋ᠦ᠍ ᠣᠷᠣᠯᠴᠠᠬᠤ ᠦᠶ᠎ᠡ ᠵᠢᠨ ᠴᠢᠬᠤᠯᠠ ᠶᠠᠷᠢᠶ᠎ᠠ ᠨᠢ ᠮᠠᠨ ᠤ᠋ ᠣᠷᠣᠨ ᠤ᠋ ᠶᠡᠬᠡ ᠳᠡᠭᠡᠳᠦ ᠰᠤᠷᠭᠠᠭᠤᠯᠢ ᠵᠢᠨ ᠪᠠᠭᠰᠢ ᠰᠤᠷᠤᠭᠴᠢᠳ ᠪᠣᠯᠤᠨ ᠡᠪᠯᠡᠯ ᠤ᠋ᠨ ᠭᠡᠰᠢᠭᠦᠨ ᠵᠠᠯᠠᠭᠤᠴᠤᠳ ᠤ᠋ᠨ ᠳᠤᠮᠳᠠ ᠬᠠᠯᠠᠭᠤᠨ ᠲᠤᠰᠭᠠᠯ ᠭᠠᠷᠪᠠ᠃ ᠳᠤᠮᠳᠠᠳᠤ ᠵᠢᠨ ᠦᠨᠳᠦᠰᠦᠲᠡᠨ ᠤ᠋ ᠬᠠᠮᠲᠤ ᠵᠢᠨ ᠴᠣᠭᠴᠠ ᠵᠢᠨ ᠤᠬᠠᠮᠰᠠᠷ ᠢ᠋ ᠪᠠᠲᠤ ᠴᠤᠭᠴᠠᠯᠠᠬᠤ ᠡᠨᠡ ᠬᠦ᠌ ᠭᠣᠣᠯ ᠰᠢᠵᠢᠮ ᠢ᠋ ᠴᠢᠩᠭ᠎ᠠ ᠠᠳᠭᠤᠵᠤ᠂ ᠦᠨᠳᠦᠰᠦᠲᠡᠨ ᠤ᠋ ᠪᠦᠯᠬᠦᠮᠳᠡᠯ ᠲᠠᠪᠰᠢᠯᠲᠠ ᠵᠢᠨ ᠬᠥᠮᠦᠵᠢᠯ ᠢ᠋ ᠬᠦᠨᠵᠡᠭᠡᠢᠷᠡᠭᠦᠯᠦᠨ᠂ ᠦᠨᠳᠦᠰᠦᠲᠡᠨ ᠨᠦ᠍ᠭᠦᠳ ᠤ᠋ᠨ ᠣᠯᠠᠨ ᠲᠦᠮᠡᠨ ᠢ᠋ ᠬᠥᠲᠥᠯᠦᠨ ᠵᠢᠯᠣᠭᠣᠳᠴᠤ ᠪᠠᠢᠭᠠᠳ ᠵᠢᠷᠭᠠᠯ ᠵᠣᠪᠠᠯᠠᠩ ᠵᠢᠨᠨ ᠬᠠᠮᠲᠤᠳᠭᠠᠬᠤ ᠂ ᠦᠬᠦᠵᠦ ᠰᠡᠬᠡᠬᠦ ᠪᠠᠨ ᠬᠠᠮᠲᠤᠳᠭᠠᠬᠤ᠂ ᠬᠤᠪᠢ ᠵᠠᠶᠠᠭ᠎ᠠ ᠪᠠᠨ ᠬᠠᠮᠲᠤᠳᠭᠠᠬᠤ ᠬᠠᠮᠲᠤ ᠵᠢᠨ ᠴᠣᠭᠴᠠ ᠵᠢᠨ ᠣᠢᠯᠠᠭᠠᠭᠳᠠᠬᠤᠨ ᠢ᠋ ᠪᠠᠲᠤ ᠱᠤᠭᠤᠵᠤ᠂ ᠳᠤᠮᠳᠠᠳᠤ ᠵᠢᠨ ᠦᠨᠳᠦᠰᠦᠲᠡᠨ ᠤ᠋ ᠬᠠᠮᠲᠤ ᠵᠢᠨ ᠴᠣᠭᠴᠠ ᠵᠢᠨ ᠦᠵᠡᠯ ᠰᠠᠨᠠᠭᠠᠨ ᠤ᠋ ᠰᠠᠭᠤᠷᠢ ᠵᠢ ᠲᠠᠰᠤᠷᠠᠯᠲᠠ ᠦᠭᠡᠢ ᠪᠡᠬᠢᠵᠢᠭᠦᠯᠵᠦ᠂ ᠳᠤᠮᠳᠠᠳᠤ ᠵᠢᠨ ᠦᠨᠳᠦᠰᠦᠲᠡᠨ ᠤ᠋ ᠶᠡᠬᠡ ᠭᠡᠷ ᠪᠦᠯᠢ ᠳ᠋ᠦ᠍ ᠦᠨᠳᠦᠰᠦᠲᠡᠨ ᠨᠦ᠍ᠭᠦᠳ ᠠᠨᠠᠷ ᠤ᠋ᠨ ᠦᠷ᠎ᠡ ᠰᠢᠭ ᠨᠢᠭᠲᠠᠷᠠᠨ ᠪᠦᠯᠬᠦᠮᠳᠡᠬᠦ ᠵᠢ ᠠᠬᠢᠭᠤᠯᠵᠤ᠂ ᠠᠭᠤᠤ ᠶᠡᠬᠡ ᠡᠬᠡ ᠤᠯᠤᠰ ᠵᠢᠨᠨ ᠬᠠᠮᠲᠤ ᠪᠠᠷ ᠪᠦᠲᠦᠭᠡᠨ ᠪᠠᠢᠭᠤᠯᠵᠤ᠂ ᠰᠠᠢᠨ ᠰᠠᠢᠬᠠᠨ ᠠᠮᠢᠳᠤᠷᠠᠯ ᠵᠢᠨᠨ ᠬᠠᠮᠲᠤ ᠪᠠᠷ ᠴᠣᠭᠴᠠᠯᠠᠵᠤ᠂ ᠪᠣᠳᠠᠲᠤ ᠠᠵᠢᠯᠯᠠᠭ᠎ᠠ ᠪᠠᠷ ᠵᠢᠨᠨ ᠨᠠᠮ ᠤ᠋ᠨ ᠬᠣᠷᠢᠳᠤᠭᠠᠷ ᠶᠡᠬᠡ ᠬᠤᠷᠠᠯ ᠤ᠋ᠨ ᠠᠮᠵᠢᠯᠲᠠ ᠲᠠᠢ ᠬᠤᠷᠠᠯᠳᠤᠬᠤ ᠵᠢ ᠤᠭᠲᠤᠨ᠎ᠠ ᠭᠡᠵᠤ ᠣᠯᠠᠨ ᠵᠢᠨᠷ ᠵᠢᠨᠨ ᠢᠯᠡᠳᠭᠡᠵᠡᠭᠡᠪᠡ ᠃
ᠨᠠᠮ ᠪᠣᠯᠤᠨ ᠤᠯᠤᠰ ᠡᠴᠡ ᠥᠪᠥᠷ ᠮᠣᠩᠭᠣᠯ ᠳᠡᠬᠢ ᠭᠦᠨᠬᠠᠯᠠᠮᠵᠢᠯᠠᠯ ᠪᠣᠯᠤᠨ ᠴᠢᠩ ᠰᠡᠳᠭᠢᠯᠤ᠋ᠨ ᠬᠦᠰᠡᠯ ᠨᠠᠢᠳᠠᠯᠭ᠎ᠠ᠂ ᠳᠤᠮᠳᠠ ᠪᠠᠷᠠᠭᠤᠨ ᠣᠷᠣᠨ ᠤ᠋ ᠳᠡᠭᠡᠳᠦ ᠵᠡᠷᠭᠡ ᠵᠢᠨ ᠰᠤᠷᠭᠠᠨ ᠬᠥᠮᠦᠵᠢᠯ ᠤ᠋ᠨ ᠬᠥᠭᠵᠢᠯᠲᠡ ᠵᠢᠨ ᠳᠤᠬᠠᠢ ᠶᠡᠬᠡ ᠳᠡᠮᠵᠢᠯᠭᠡ ᠨᠢ ᠥᠪᠥᠷ ᠮᠣᠩᠭᠣᠯ ᠤ᠋ᠨ ᠶᠡᠬᠡ ᠰᠤᠷᠭᠠᠭᠤᠯᠢ ᠵᠢᠨ ᠪᠦᠬᠦ ᠪᠠᠭᠰᠢ ᠰᠤᠷᠤᠭᠴᠢᠳ ᠢ᠋ ᠶᠡᠬᠡᠳᠡ ᠵᠣᠷᠢᠭᠵᠢᠭᠤᠯᠤᠨ ᠲᠤᠢᠯ ᠵᠢᠨᠷ ᠤᠷᠮᠠᠰᠢᠭᠤᠯᠤᠭᠰᠠᠨ ᠪᠠᠢᠨ᠎ᠠ᠃ 《ᠪᠢᠳᠡ 〈ᠤᠯᠤᠰ ᠤ᠋ᠨ ᠶᠡᠬᠡ ᠶᠠᠪᠤᠳᠠᠯ〉 ᠢ᠋ ᠰᠡᠳᠭᠢᠯ ᠳ᠋ᠡᠭᠡᠨ ᠪᠠᠬᠲᠠᠭᠠᠵᠤ᠂ ᠨᠠᠮ ᠤ᠋ᠨ ᠪᠦᠬᠦ ᠲᠠᠯ᠎ᠠ ᠵᠢᠨ ᠤᠳᠤᠷᠢᠳᠤᠯᠭ᠎ᠠ ᠵᠢ ᠦᠨᠡᠨ ᠬᠦ᠌ ᠴᠢᠩᠭᠠᠳᠭᠠᠵᠤ᠂ ᠨᠠᠮ ᠤ᠋ᠨ ᠰᠤᠷᠭᠠᠨ ᠬᠥᠮᠦᠵᠢᠯ ᠤ᠋ᠨ ᠴᠢᠭᠯᠡᠯᠲᠡ ᠵᠢ ᠪᠦᠬᠦ ᠲᠠᠯ᠎ᠠ ᠪᠠᠷ ᠲᠤᠭᠤᠰᠢᠯᠠᠭᠤᠯᠵᠤ ᠂ ᠰᠤᠷᠭᠠᠨ ᠬᠥᠮᠦᠵᠢᠯ ᠵᠢᠨᠷ ᠡᠬᠡ ᠤᠯᠤᠰ ᠲᠠᠭᠠᠨ ᠵᠢᠳᠭᠦᠬᠦ ᠤᠭ ᠰᠠᠨᠠᠭ᠎ᠠ ᠵᠢ ᠰᠠᠬᠢᠵᠤ ᠂ ᠶᠣᠰᠣ ᠰᠤᠷᠲᠠᠬᠤᠨ ᠢ᠋ ᠱᠤᠭᠤᠵᠦ ᠬᠥᠮᠦᠨ ᠢ᠋ ᠬᠥᠮᠦᠵᠢᠭᠦᠯᠬᠦ ᠡᠭᠦᠷᠭᠡ ᠵᠢ ᠡᠭᠦᠷᠭᠡᠯᠡᠵᠦ᠂ ᠳᠤᠮᠳᠠᠳᠤ ᠵᠢᠨ ᠦᠨᠳᠦᠰᠦᠲᠡᠨ ᠤ᠋ ᠬᠠᠮᠲᠤ ᠵᠢᠨ ᠴᠣᠭᠴᠠ ᠵᠢᠨ ᠤᠬᠠᠮᠰᠠᠷ ᠢ᠋ ᠪᠠᠲᠤ ᠴᠤᠭᠴᠠᠯᠠᠬᠤ ᠵᠢ ᠰᠤᠷᠭᠠᠭᠤᠯᠢ ᠡᠷᠬᠢᠯᠡᠬᠦ ᠰᠤᠷᠭᠠᠭᠤᠯᠢ ᠵᠢ ᠵᠠᠰᠠᠬᠤ ᠪᠢᠴᠢᠭ ᠵᠢᠭᠠᠵᠤ ᠬᠥᠮᠦᠨ ᠢ᠋ ᠬᠥᠮᠦᠵᠢᠭᠦᠯᠬᠦ ᠪᠦᠬᠦ ᠶᠠᠪᠤᠴᠠ ᠳ᠋ᠦ᠍ ᠠᠭᠤᠰᠤᠯᠴᠠᠭᠤᠯᠵᠤ᠂ ᠤᠯᠤᠰ ᠤ᠋ᠨ ᠪᠠᠢᠯᠳᠤᠬᠤ ᠪᠣᠳᠣᠯᠭ᠎ᠠ ᠪᠠ ᠣᠷᠣᠨ ᠪᠦᠰᠡ ᠵᠢᠨ ᠴᠢᠬᠤᠯᠠ ᠶᠡᠬᠡ ᠬᠡᠷᠡᠭᠴᠡᠭᠡ ᠳ᠋ᠦ᠍ ᠦᠢᠯᠡᠴᠢᠯᠡᠬᠦ ᠵᠢ ᠰᠤᠷᠭᠠᠭᠤᠯᠢ ᠵᠢᠨ ᠴᠢᠨᠠᠷ ᠰᠠᠢᠲᠠᠢ ᠬᠥᠭᠵᠢᠯᠲᠡ ᠵᠢᠨ ᠬᠠᠮᠤᠭ ᠤ᠋ᠨ ᠳᠡᠭᠡᠳᠦ ᠬᠥᠭᠡᠭᠡᠴᠡᠯᠳᠦᠯ ᠪᠣᠯᠭᠠᠵᠤ᠂ ᠡᠬᠡ ᠤᠯᠤᠰ ᠤ᠋ᠨ ᠤᠮᠠᠷᠠᠲᠤ ᠵᠢᠨ ᠦᠵᠡᠰᠭᠦᠯᠡᠩᠲᠦ ᠰᠠᠢᠬᠠᠨ ᠦᠵᠡᠮᠵᠢ ᠵᠢᠨ ᠣᠷᠣᠨ ᠳ᠋ᠠᠬᠢ ᠰᠤᠷᠭᠠᠨ ᠬᠥᠮᠦᠵᠢᠯ ᠤ᠋ᠨ ᠰᠢᠨ᠎ᠡ ᠬᠠᠭᠤᠳᠠᠰᠤ ᠵᠢ ᠴᠢᠷᠮᠠᠢᠨ ᠪᠢᠴᠢᠭᠯᠡᠨ᠎ᠡ》 ᠭᠡᠵᠦ ᠥᠪᠥᠷ ᠮᠣᠩᠭᠣᠯ ᠤ᠋ᠨ ᠶᠡᠬᠡ ᠰᠤᠷᠭᠠᠭᠤᠯᠢ ᠵᠢᠨ ᠨᠠᠮ ᠤ᠋ᠨ ᠬᠣᠷᠢᠢ᠎ᠠ ᠵᠢᠨ ᠱᠦᠵᠢ ᠯᠢᠦ ᡁᠢ ᠢᠦᠢ ᠬᠡᠯᠡᠪᠡ᠃
ᠪᠦᠬᠦ ᠤᠯᠤᠰ ᠤ᠋ᠨ ᠤᠯᠤᠰ ᠲᠥᠷᠥ ᠵᠢᠨ ᠵᠥᠪᠯᠡᠯᠭᠡᠨ ᠤ᠋ ᠭᠡᠰᠢᠭᠦᠨ᠂ ᠥᠪᠥᠷ ᠮᠣᠩᠭᠣᠯ ᠤ᠋ᠨ ᠪᠠᠭᠰᠢ ᠵᠢᠨ ᠶᠡᠬᠡ ᠰᠤᠷᠭᠠᠭᠤᠯᠢ ᠵᠢᠨ ᠨᠠᠮ ᠤ᠋ᠨ ᠬᠣᠷᠢᠶ᠎ᠠ ᠵᠢᠨ ᠱᠦᠵᠢ ᠠᠯᠲᠠᠨᠰᠠᠩ᠂ ᠪᠠᠷᠠᠭᠤᠨ ᠣᠷᠣᠨ ᠤ᠋ ᠶᠡᠬᠡ ᠳᠡᠭᠡᠳᠦ ᠰᠤᠷᠭᠠᠭᠤᠯᠢ ᠵᠢᠨ ᠰᠤᠷᠭᠠᠨ ᠬᠥᠮᠦᠵᠢᠯ ᠤ᠋ᠨ ᠠᠵᠢᠯᠲᠠᠨ ᠪᠣᠯᠤᠭᠰᠠᠨ ᠤ᠋ ᠬᠤᠪᠢ ᠳ᠋ᠦ᠍ ᠪᠢ ᠮᠠᠰᠢ ᠤᠷᠮᠠᠰᠢᠨ ᠵᠤᠷᠢᠬᠵᠢᠵᠦ ᠪᠠᠢᠨ᠎ᠠ᠃ ᠰᠤᠷᠭᠠᠨ ᠬᠥᠮᠦᠵᠢᠯ ᠤ᠋ᠨ ᠡᠷᠬᠡ ᠲᠡᠭᠰᠢ ᠪᠠ ᠶᠠᠰᠤ ᠴᠢᠨᠠᠷ ᠤ᠋ᠨ ᠳᠡᠭᠡᠭᠰᠢᠯᠡᠯᠲᠡ ᠵᠢ ᠠᠬᠢᠭᠤᠯᠬᠤ᠂ ᠶᠣᠰᠣ ᠰᠤᠷᠲᠠᠬᠤᠨ ᠢ᠋ ᠪᠣᠢ ᠪᠣᠯᠭᠠᠵᠤ ᠬᠥᠮᠦᠨ ᠢ᠋ ᠬᠥᠮᠦᠵᠢᠭᠦᠯᠬᠦ ᠦᠨᠳᠦᠰᠦᠨ ᠡᠭᠦᠷᠭᠡ ᠵᠢ ᠨᠠᠢᠳᠠᠪᠤᠷᠢᠵᠢᠭᠤᠯᠬᠤ ᠢᠷᠡᠭᠡᠳᠦᠢ ᠵᠢᠨ ᠠᠶᠠᠨ ᠳ᠋ᠦ᠍᠂ ᠥᠪᠥᠷ ᠮᠣᠩᠭᠣᠯ ᠤ᠋ᠨ ᠪᠠᠭᠰᠢ ᠵᠢᠨ ᠶᠡᠬᠡ ᠰᠤᠷᠭᠠᠭᠤᠯᠢ ᠡᠷᠴᠢ ᠵᠣᠷᠢᠭ ᠵᠢᠨᠨ ᠬᠥᠪᠴᠢᠯᠡᠵᠦ ᠡᠷᠡᠯᠬᠡᠭᠯᠡᠨ ᠲᠡᠮᠡᠴᠡᠵᠦ᠂ ᠡᠭᠦᠷᠢᠳᠡ ᠰᠢᠨᠲᠠᠷᠠᠰᠢ ᠦᠭᠡᠢ ᠴᠢᠷᠮᠠᠢᠨ᠎ᠠ ᠭᠡᠵᠤ ᠢᠯᠡᠷᠬᠡᠢᠯᠡᠪᠡ ᠃
ᠥᠪᠥᠷ ᠮᠣᠩᠭᠣᠯ ᠤ᠋ᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤ᠋ᠨ ᠶᠡᠬᠡ ᠰᠤᠷᠭᠠᠭᠤᠯᠢ ᠵᠢᠨ ᠨᠠᠮ ᠤ᠋ᠨ ᠬᠣᠷᠢᠶ᠎ᠠ ᠵᠢᠨ ᠱᠦᠵᠢ ᠴᠧᠩ ᠲᠤᠤ᠂ ᠣᠷᠣᠨ ᠪᠦᠰᠡ ᠵᠢᠨ ᠴᠢᠨᠠᠷᠲᠠᠢ ᠥᠨᠳᠥᠷ ᠲᠦᠪᠰᠢᠨ ᠪᠦᠬᠦᠢ ᠬᠡᠷᠡᠭᠯᠡᠯᠳᠡ ᠵᠢᠨ ᠰᠤᠳᠤᠯᠭᠠᠨ ᠤ᠋ ᠬᠡᠯᠪᠡᠷᠢ ᠵᠢᠨ ᠶᠡᠬᠡ ᠰᠤᠷᠭᠠᠭᠤᠯᠢ ᠪᠣᠯᠤᠭᠰᠠᠨ ᠤ᠋ ᠬᠤᠪᠢ ᠳ᠋ᠦ᠍ ᠥᠪᠥᠷ ᠮᠣᠩᠭᠣᠯ ᠤ᠋ᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤ᠋ᠨ ᠶᠡᠬᠡ ᠰᠤᠷᠭᠠᠭᠤᠯᠢ ᠨᠢ ᠴᠢᠳᠠᠪᠤᠷᠢᠲᠠᠨ ᠢ᠋ ᠬᠥᠮᠦᠵᠢᠭᠦᠯᠬᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤ᠋ᠨ ᠰᠢᠨ᠎ᠡ ᠵᠢ ᠡᠭᠦᠳᠬᠦ ᠳᠤᠮᠳᠠᠬᠢ ᠰᠠᠭᠤᠷᠢ ᠴᠢᠨᠠᠷᠲᠠᠢ ᠦᠢᠯᠡᠳᠦᠯ ᠢ᠋ ᠭᠦᠢᠴᠡᠳ ᠪᠠᠳᠠᠷᠠᠭᠤᠯᠵᠤ᠂ ᠰᠤᠷᠭᠠᠨ ᠬᠥᠮᠦᠵᠢᠯ ᠤ᠋ᠨ ᠬᠡᠯᠬᠢᠶ᠎ᠡ ᠬᠢᠭᠡᠳ ᠰᠢᠨ᠎ᠡ ᠵᠢ ᠡᠭᠦᠳᠬᠦ ᠬᠡᠯᠬᠢᠶ᠎ᠡ᠂ ᠠᠵᠤ ᠦᠢᠯᠡᠰ ᠤ᠋ᠨ ᠬᠡᠯᠬᠢᠶᠡᠯᠦ᠍ᠭᠡ ᠪᠦᠲᠦᠮᠵᠢᠲᠡᠢ ᠵᠣᠯᠭᠠᠭᠤᠯᠬᠤ ᠵᠢ ᠴᠢᠩᠭᠠᠳᠭᠠᠵᠤ᠂ ᠣᠷᠣᠨ ᠪᠦᠰᠡ ᠵᠢᠨ ᠰᠢᠨ᠎ᠡ ᠵᠢ ᠡᠭᠦᠳᠬᠦ ᠪᠠ ᠣᠷᠣᠨ ᠨᠤᠲᠤᠭ ᠤ᠋ᠨ ᠠᠵᠤ ᠠᠬᠤᠢ ᠵᠢᠨ ᠬᠥᠭᠵᠢᠯᠲᠡ ᠳ᠋ᠦ᠍ ᠬᠥᠮᠦᠨ ᠤ᠋ ᠬᠦᠴᠦᠨ ᠤ᠋ ᠡᠬᠢ ᠪᠠᠶᠠᠯᠢᠭ ᠤ᠋ᠨ ᠪᠠᠲᠤᠯᠠᠭ᠎ᠠ ᠪᠠ ᠣᠶᠤᠨ ᠤ᠋ ᠳᠡᠮᠵᠢᠯᠭᠡ ᠬᠠᠩᠭᠠᠨ᠎ᠠ ᠭᠡᠵᠤ ᠢᠯᠡᠷᠬᠡᠢᠯᠡᠪᠡ᠃
ᠥᠪᠥᠷ ᠮᠣᠩᠭᠣᠯ ᠤ᠋ᠨ ᠠᠨᠠᠭᠠᠬᠤ ᠤᠬᠠᠭᠠᠨ ᠤ᠋ ᠶᠡᠬᠡ ᠰᠤᠷᠭᠠᠭᠤᠯᠢ ᠵᠢᠨ ᠨᠠᠮ ᠤ᠋ᠨ ᠬᠣᠷᠢᠶ᠎ᠠ ᠵᠢᠨ ᠳᠡᠳ᠋ ᠱᠦᠵᠢ᠂ ᠰᠤᠷᠭᠠᠭᠤᠯᠢ ᠵᠢᠨ ᠵᠠᠬᠢᠷᠤᠯ ᠵᠣᠣ ᠶᠦᠨ ᠱᠠᠨ᠂ ᠥᠪᠥᠷ ᠮᠣᠩᠭᠣᠯ ᠤ᠋ᠨ ᠠᠨᠠᠭᠠᠬᠤ ᠤᠬᠠᠭᠠᠨ ᠤ᠋ ᠶᠡᠬᠡ ᠰᠤᠷᠭᠠᠭᠤᠯᠢ ᠨᠢ ᠠᠨᠠᠭᠠᠬᠤ ᠤᠬᠠᠭᠠᠨ ᠤ᠋ ᠶᠡᠬᠡ ᠳᠡᠭᠡᠳᠦ ᠰᠤᠷᠭᠠᠭᠤᠯᠢ ᠪᠣᠯᠤᠭᠰᠠᠨ ᠤ᠋ ᠬᠤᠪᠢ ᠳ᠋ᠦ᠍ ᠰᠤᠷᠭᠠᠨ ᠬᠥᠮᠦᠵᠢᠯ ᠪᠠ ᠡᠮ ᠡᠮᠨᠡᠯᠭᠡ ᠬᠡᠭᠦ ᠠᠷᠠᠳ ᠤ᠋ᠨ ᠠᠮᠢᠳᠤᠷᠠᠯ ᠤ᠋ᠨ ᠬᠣᠶᠠᠷ ᠬᠦᠷᠢᠶ᠎ᠡ ᠴᠠᠷᠠᠭᠠᠨ ᠳ᠋ᠦ᠍ ᠬᠣᠯᠪᠣᠭᠳᠠᠵᠤ᠂ ᠥᠪᠡᠷᠲᠡᠭᠡᠨ ᠵᠠᠰᠠᠬᠤ ᠣᠷᠣᠨ ᠤ᠋ ᠠᠨᠠᠭᠠᠬᠤ ᠤᠬᠠᠭᠠᠨ ᠤ᠋ ᠴᠢᠳᠠᠪᠤᠷᠢᠲᠠᠨ ᠢ᠋ ᠬᠥᠮᠦᠵᠢᠭᠦᠯᠬᠦ ᠴᠢᠬᠤᠯᠠ ᠵᠢᠭᠰᠠᠭᠠᠯ ᠤ᠋ᠨ ᠭᠠᠵᠠᠷ ᠪᠣᠯᠤᠨ᠎ᠠ᠃ ᠥᠪᠥᠷ ᠮᠣᠩᠭᠣᠯ ᠤ᠋ᠨ ᠠᠨᠠᠭᠠᠬᠤ ᠤᠬᠠᠭᠠᠨ ᠤ᠋ ᠶᠡᠬᠡ ᠰᠤᠷᠭᠠᠭᠤᠯᠢ ᠰᠢᠨ᠎ᠡ ᠴᠠᠭ ᠦᠶ᠎ᠡ ᠳ᠋ᠦ᠍ ᠳᠤᠮᠳᠠ ᠪᠠᠷᠠᠭᠤᠨ ᠣᠷᠣᠨ ᠤ᠋ ᠳᠡᠭᠡᠳᠦ ᠵᠡᠷᠭᠡ ᠵᠢᠨ ᠰᠤᠷᠭᠠᠨ ᠬᠥᠮᠦᠵᠢᠯ ᠢ᠋ ᠬᠥᠭᠵᠢᠭᠦᠯᠦᠨ ᠮᠠᠨᠳᠤᠭᠤᠯᠬᠤ ᠪᠠᠷ ᠠᠵᠠ ᠲᠣᠬᠢᠶᠠᠯ ᠪᠣᠯᠭᠠᠵᠤ ᠂ ᠠᠨᠠᠭᠠᠬᠤ ᠤᠬᠠᠭᠠᠨ ᠤ᠋ ᠰᠤᠷᠭᠠᠨ ᠬᠥᠮᠦᠵᠢᠯ ᠤ᠋ᠨ ᠰᠢᠨ᠎ᠡ ᠵᠢ ᠡᠭᠦᠳᠬᠦ ᠬᠥᠭᠵᠢᠯᠲᠡ ᠵᠢ ᠲᠦᠷᠭᠡᠳᠭᠡᠵᠦ᠂ 《ᠲᠠᠪᠤᠨ ᠬᠥᠮᠦᠵᠢᠯ ᠢ᠋ ᠵᠡᠷᠭᠡ ᠪᠡᠷ ᠴᠢᠬᠤᠯᠠᠴᠢᠯᠠᠬᠤ》 ᠬᠥᠮᠦᠨᠢ ᠬᠥᠮᠦᠵᠢᠭᠦᠯᠬᠦ ᠰᠢᠰᠲ᠋ᠧᠮ ᠢ᠋ ᠬᠦᠴᠦᠯᠡᠨ ᠪᠠᠢᠭᠤᠯᠵᠤ᠂ ᠰᠢᠨ᠎ᠡ ᠴᠠᠭ ᠦᠶ᠎ᠡ ᠵᠢᠨ 《ᠲᠠᠪᠤᠨ ᠮᠡᠷᠭᠡᠵᠢᠯ》 ᠤ᠋ᠨ ᠠᠨᠠᠭᠠᠬᠤ ᠤᠬᠠᠭᠠᠨ ᠤ᠋ ᠴᠢᠳᠠᠪᠤᠷᠢᠲᠠᠨ ᠢ᠋ ᠬᠥᠮᠦᠵᠢᠭᠦᠯᠵᠦ᠂ 《ᠡᠷᠡᠭᠦᠯ ᠡᠩᠬᠡ ᠥᠪᠥᠷ ᠮᠣᠩᠭᠣᠯ》᠂ 《ᠡᠷᠡᠭᠦᠯ ᠡᠩᠬᠡ ᠳᠤᠮᠳᠠᠳᠤ ᠤᠯᠤᠰ》 ᠤ᠋ᠨ ᠪᠠᠢᠭᠤᠯᠤᠯᠲᠠ ᠳ᠋ᠦ᠍ ᠰᠢᠨ᠎ᠡ ᠬᠤᠪᠢ ᠨᠡᠮᠡᠷᠢ ᠦᠵᠡᠭᠦᠯᠤᠨ᠎ᠡ ᠭᠡᠵᠤ ᠢᠯᠡᠷᠬᠡᠢᠯᠡᠪᠡ ᠃
ᠥᠪᠥᠷ ᠮᠣᠩᠭᠣᠯ ᠤ᠋ᠨ ᠠᠵᠤ ᠦᠢᠯᠡᠳᠪᠦᠷᠢ ᠵᠢᠨ ᠶᠡᠬᠡ ᠰᠤᠷᠭᠠᠭᠤᠯᠢ ᠵᠢᠨ ᠨᠠᠮ ᠤ᠋ᠨ ᠬᠣᠷᠢᠢ᠎ᠠ ᠵᠢᠨ ᠳᠡᠳ᠋ ᠱᠦᠵᠢ᠂ ᠰᠤᠷᠭᠠᠭᠤᠯᠢ ᠵᠢᠨ ᠵᠠᠬᠢᠷᠤᠯ ᠶᠣᠣ ᠳᠧ᠂ ᠥᠪᠥᠷ ᠮᠣᠩᠭᠣᠯ ᠤ᠋ᠨ ᠠᠵᠤ ᠦᠢᠯᠡᠳᠪᠦᠷᠢ ᠵᠢᠨ ᠶᠡᠬᠡ ᠰᠤᠷᠭᠠᠭᠤᠯᠢ ᠰᠢᠨ᠎ᠡ ᠪᠠᠢᠳᠠᠯ ᠰᠢᠨᠡᠡᠭᠦᠷᠭᠡᠰᠢᠨᠡᠱᠠᠭᠠᠷᠳᠠᠯᠭᠠ ᠳ᠋ᠦ᠍ ᠰᠠᠭᠤᠷᠢᠯᠠᠵᠤ᠂ ᠰᠢᠨ᠎ᠡ ᠲᠧᠭᠨᠢᠭ ᠤ᠋ᠨ ᠤᠬᠠᠭᠠᠨ ᠤ᠋ ᠪᠠᠢᠭᠤᠯᠤᠯᠲᠠ ᠵᠢ ᠭᠦᠨᠵᠡᠭᠡᠢᠷᠡᠭᠦᠯᠵᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤ᠋ᠨ ᠰᠢᠨ᠎ᠡ ᠵᠢ ᠡᠭᠦᠳᠬᠦ ᠴᠢᠳᠠᠪᠤᠷᠢ ᠵᠢ ᠳᠡᠭᠡᠭᠰᠢᠯᠡᠭᠦᠯᠵᠦ᠂ ᠦᠢᠯᠡᠳᠪᠦᠷᠢᠯᠡᠯ ᠵᠢᠭᠠᠨ ᠰᠤᠷᠭᠠᠯᠳᠠ ᠰᠤᠳᠤᠯᠭᠠᠨ ᠬᠡᠷᠡᠭᠯᠡᠯᠳᠡ ᠵᠢ ᠭᠦᠨᠵᠡᠭᠡᠢ ᠠᠭᠤᠰᠤᠯᠴᠠᠭᠤᠯᠬᠤ ᠵᠢ ᠦᠷᠭᠦᠯᠵᠢᠯᠡᠨ ᠠᠬᠢᠭᠤᠯᠵᠤ ᠂ ᠤᠯᠤᠰ ᠤ᠋ᠨ ᠪᠠᠢᠯᠳᠤᠬᠤ ᠪᠣᠳᠣᠯᠭ᠎ᠠ ᠳ᠋ᠦ᠍ ᠰᠠᠨᠠᠭᠠᠴᠢᠯᠠᠭ᠎ᠠ ᠡᠴᠡ ᠪᠠᠨ ᠠᠭᠤᠰᠤᠯᠴᠠᠵᠤ᠂ ᠣᠷᠣᠨ ᠨᠤᠲᠤᠭ ᠤ᠋ᠨ ᠠᠵᠤ ᠠᠬᠤᠢ ᠨᠡᠢᠭᠡᠮ ᠤ᠋ᠨ ᠬᠥᠭᠵᠢᠯᠲᠡ ᠳ᠋ᠦ᠍ ᠦᠢᠯᠡᠴᠢᠯᠡᠵᠦ᠂ ᠪᠣᠳᠠᠲᠤ ᠠᠵᠢᠯᠯᠠᠭ᠎ᠠ ᠪᠠᠷ ᠵᠢᠨᠨ ᠨᠠᠮ ᠤ᠋ᠨ ᠬᠣᠷᠢᠳᠤᠭᠠᠷ ᠶᠡᠬᠡ ᠬᠤᠷᠠᠯ ᠤ᠋ᠨ ᠠᠮᠵᠢᠯᠲᠠ ᠲᠠᠢ ᠬᠤᠷᠠᠯᠳᠤᠬᠤ ᠵᠢ ᠤᠭᠲᠤᠨ᠎ᠠ ᠭᠡᠵᠦ ᠬᠡᠯᠡᠪᠡ ᠃
ᠥᠪᠥᠷ ᠮᠣᠩᠭᠣᠯ ᠤ᠋ᠨ ᠡᠳ᠋ ᠤ᠋ᠨ ᠵᠠᠰᠠᠭ ᠠᠵᠤ ᠠᠬᠤᠢ ᠵᠢᠨ ᠶᠡᠬᠡ ᠰᠤᠷᠭᠠᠭᠤᠯᠢ ᠵᠢᠨ ᠨᠠᠮ ᠤ᠋ᠨ ᠬᠣᠷᠢᠢ᠎ᠠ ᠵᠢᠨ ᠳᠡᠳ᠋ ᠱᠦᠵᠢ ᠂ ᠰᠤᠷᠭᠠᠭᠤᠯᠢ ᠵᠢᠨ ᠵᠠᠬᠢᠷᠤᠯ ᠳᠦ ᠵᠢᠨ ᠵᠦ᠍ ᠄ 《ᠪᠢᠳᠡ ᠨᠠᠮ ᠤ᠋ᠨ ᠰᠤᠷᠭᠠᠨ ᠬᠥᠮᠦᠵᠢᠯ ᠤ᠋ᠨ ᠴᠢᠭᠯᠡᠯᠲᠡ ᠵᠢ ᠪᠦᠬᠦ ᠲᠠᠯ᠎ᠠ ᠪᠠᠷ ᠲᠤᠭᠤᠰᠢᠯᠠᠭᠤᠯᠵᠤ᠂ ᠰᠢᠨ᠎ᠡ ᠨᠡᠢᠭᠡᠮ ᠤ᠋ᠨ ᠰᠢᠨᠵᠢᠯᠡᠬᠦ ᠤᠬᠠᠭᠠᠨ ᠤ᠋ ᠪᠠᠢᠭᠤᠯᠤᠯᠲᠠ ᠪᠠᠷ ᠠᠵᠢᠯ ᠵᠢᠡᠨ ᠨᠢᠭᠡᠳᠦᠯᠲᠡᠢ ᠵᠢᠯᠣᠭᠣᠳᠤᠭᠤᠯᠵᠦ ᠂ 〈ᠰᠢᠨ᠎ᠡ ᠡᠳ᠋ ᠤ᠋ᠨ ᠵᠠᠰᠠᠭ ᠠᠵᠤ ᠠᠬᠤᠢ〉 ᠵᠢᠨ ᠴᠢᠳᠠᠪᠤᠷᠢᠲᠠᠨ ᠢ᠋ ᠬᠥᠮᠦᠵᠢᠭᠦᠯᠵᠦ ᠰᠢᠨ᠎ᠡ ᠵᠢ ᠡᠭᠦᠳᠬᠦ ᠢᠨᠵᠧᠨᠧᠷᠢᠩ ᠢ᠋ ᠪᠦᠬᠦ ᠲᠠᠯ᠎ᠠ ᠪᠠᠷ ᠬᠡᠷᠡᠭᠵᠢᠭᠦᠯᠵᠦ ᠂ ᠤᠯᠤᠰ ᠭᠡᠷ᠎ᠲᠡᠭᠡᠨ ᠬᠠᠢᠷ᠎ᠠ ᠰᠡᠳᠭᠢᠯᠭᠡ ᠳᠠᠢ ᠂ ᠰᠢᠨ᠎ᠡ ᠵᠢ ᠡᠭᠦᠳᠬᠦ ᠵᠣᠷᠢᠭ ᠰᠠᠨᠠᠭ᠎ᠠ ᠳᠠᠢ ᠂ ᠦᠢᠯᠡᠰ ᠪᠣᠰᠭᠠᠬᠤ ᠬᠡᠪ ᠴᠢᠨᠠᠷ ᠲᠠᠢ ᠬᠡᠷᠡᠭᠯᠡᠯᠳᠡ ᠵᠢᠨ ᠬᠡᠯᠪᠡᠷᠢ ᠵᠢᠨ ᠬᠠᠮ ᠬᠡᠯᠪᠡᠷᠢ ᠵᠢᠨ ᠴᠢᠳᠠᠪᠤᠷᠢᠲᠠᠨ ᠢ᠋ ᠬᠥᠮᠦᠵᠢᠭᠦᠯᠦᠨ᠎ᠡ 》 ᠭᠡᠵᠦ ᠬᠡᠯᠡᠪᠡ᠃
ᠥᠪᠥᠷ ᠮᠣᠩᠭᠣᠯ ᠤ᠋ᠨ ᠲᠠᠷᠢᠶᠠᠯᠠᠩ ᠤ᠋ᠨ ᠶᠡᠬᠡ ᠰᠤᠷᠭᠠᠭᠤᠯᠢ ᠵᠢᠨ ᠨᠠᠮ ᠤ᠋ᠨ ᠬᠣᠷᠢᠶ᠎ᠠ ᠵᠢᠨ ᠳᠡᠳ᠋ ᠱᠦᠵᠢ᠂ ᠰᠤᠷᠭᠠᠭᠤᠯᠢ ᠵᠢᠨ ᠵᠠᠬᠢᠷᠤᠯ ᠭᠣᠣ ᠵᠢᠦᠢ ᠯᠢᠨ᠂ ᠲᠤᠰ ᠰᠤᠷᠭᠠᠭᠤᠯᠢ ᠦᠷᠭᠦᠯᠵᠢᠯᠡᠨ ᠶᠣᠰᠣ ᠰᠤᠷᠲᠠᠬᠤᠨ ᠢ᠋ ᠱᠤᠭᠤᠵᠦ ᠬᠥᠮᠦᠨ ᠢ᠋ ᠬᠥᠮᠦᠵᠢᠭᠦᠯᠬᠦ ᠪᠠᠷ ᠦᠨᠳᠦᠰᠦ ᠪᠣᠯᠭᠠᠵᠤ᠂ ᠮᠠᠯ ᠠᠵᠤ ᠠᠬᠤᠢ ᠳᠠᠷᠢᠶᠠᠯᠠᠩ ᠢ᠋ ᠬᠦᠴᠦᠷᠬᠡᠭᠵᠢᠭᠦᠯᠵᠦ ᠮᠠᠯ ᠠᠵᠤ ᠠᠬᠤᠢ ᠳᠠᠷᠢᠶᠠᠯᠠᠩ ᠢ᠋ ᠬᠥᠭᠵᠢᠭᠦᠯᠬᠦ ᠪᠠᠷ ᠥᠪᠡᠷ ᠤ᠋ᠨ ᠡᠭᠦᠷᠭᠡ ᠪᠠᠨ ᠪᠣᠯᠭᠠᠵᠤ᠂ ᠰᠢᠨᠵᠢᠯᠡᠭᠡᠨ ᠤ᠋ ᠰᠠᠯᠠᠭ᠎ᠠ ᠲᠤᠰᠭᠠᠢ ᠮᠡᠷᠭᠡᠵᠢᠯ ᠤ᠋ᠨ ᠳᠠᠪᠠᠭᠤᠯᠢᠭ ᠵᠢᠨᠨ ᠭᠦᠢᠴᠡᠳ ᠪᠠᠳᠠᠷᠠᠭᠤᠯᠵᠤ᠂ ᠤᠯᠤᠰ ᠪᠣᠯᠤᠨ ᠥᠪᠡᠷᠲᠡᠭᠡᠨ ᠵᠠᠰᠠᠬᠤ ᠣᠷᠣᠨ ᠤ᠋ ᠬᠥᠭᠵᠢᠯᠲᠡ ᠵᠢᠨ ᠪᠠᠢᠯᠳᠤᠬᠤ ᠪᠣᠳᠣᠯᠭ᠎ᠠ ᠳ᠋ᠦ᠍ ᠨᠡᠩ ᠰᠠᠢᠲᠤᠷ ᠦᠢᠯᠡᠴᠢᠯᠡᠵᠦ᠂ ᠨᠡᠩ ᠣᠯᠠᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤ᠋ᠨ ᠦᠷ᠎ᠡ ᠪᠦᠲᠦᠭᠡᠯ ᠭᠠᠷᠭᠠᠵᠤ᠂ ᠮᠠᠯ ᠠᠵᠤ ᠠᠬᠤᠢ ᠳᠠᠷᠢᠶᠠᠯᠠᠩ ᠤ᠋ᠨ ᠮᠡᠷᠭᠡᠵᠢᠯ ᠢ᠋ ᠰᠤᠷᠴᠤ ᠮᠠᠯ ᠠᠵᠤ ᠠᠬᠤᠢ ᠳᠠᠷᠢᠶᠠᠯᠠᠩ ᠢ᠋ ᠣᠢᠯᠠᠭᠠᠵᠤ ᠮᠠᠯ ᠠᠵᠤ ᠠᠬᠤᠢ ᠳᠠᠷᠢᠶᠠᠯᠠᠩ ᠢ᠋ ᠬᠠᠢᠷᠠᠯᠠᠬᠤ ᠰᠢᠨ᠎ᠡ ᠬᠡᠯᠪᠡᠷᠢ ᠵᠢᠨ ᠴᠢᠳᠠᠪᠤᠷᠢᠲᠠᠨ ᠢ᠋ ᠨᠡᠩ ᠣᠯᠠᠨ ᠬᠥᠮᠦᠵᠢᠭᠦᠯᠵᠦ᠂ 《ᠦᠵᠡᠰᠭᠦᠯᠡᠩᠲᠦ ᠰᠠᠢᠬᠠᠨ ᠥᠪᠥᠷ ᠮᠣᠩᠭᠣᠯ ᠵᠢᠨᠨ ᠪᠦᠲᠦᠭᠡᠨ ᠪᠠᠢᠭᠤᠯᠵᠤ ᠂ ᠠᠭᠤᠤ ᠶᠡᠬᠡ ᠳᠤᠮᠳᠠᠳᠤ ᠵᠢᠨ ᠵᠡᠭᠦᠳᠦ ᠪᠠᠨ ᠬᠠᠮᠲᠤ ᠪᠠᠷ ᠲᠡᠷᠭᠡᠯᠰᠢᠭᠦᠯᠬᠦ》 ᠳ᠋ᠦ᠍ ᠰᠢᠨ᠎ᠡ ᠬᠠᠭᠤᠳᠠᠰᠤ ᠵᠢ ᠪᠢᠴᠢᠭᠯᠡᠨ᠎ᠡ ᠭᠡᠵᠤ ᠢᠯᠡᠷᠬᠡᠢᠯᠡᠪᠡ ᠃
ᠥᠪᠥᠷ ᠮᠣᠩᠭᠣᠯ ᠤ᠋ᠨ ᠦᠨᠳᠦᠰᠦᠲᠡᠨ ᠤ᠋ ᠶᠡᠬᠡ ᠰᠤᠷᠭᠠᠭᠤᠯᠢ ᠵᠢᠨ ᠨᠠᠮ ᠤ᠋ᠨ ᠬᠣᠷᠢᠶ᠎ᠠ ᠵᠢᠨ ᠱᠦᠵᠢ ᠴᠧᠨ ᠶᠦᠩ ᠱᠧᠩ᠂ ᠥᠪᠥᠷ ᠮᠣᠩᠭᠣᠯ ᠤ᠋ᠨ ᠦᠨᠳᠦᠰᠦᠲᠡᠨ ᠤ᠋ ᠶᠡᠬᠡ ᠰᠤᠷᠭᠠᠭᠤᠯᠢ ᠳᠤᠮᠳᠠᠳᠤ ᠵᠢᠨ ᠦᠨᠳᠦᠰᠦᠲᠡᠨ ᠤ᠋ ᠬᠠᠮᠲᠤ ᠵᠢᠨ ᠴᠣᠭᠴᠠ ᠵᠢᠨ ᠤᠬᠠᠮᠰᠠᠷ ᠢ᠋ ᠪᠠᠲᠤ ᠴᠤᠭᠴᠠᠯᠠᠬᠤ ᠬᠥᠮᠦᠵᠢᠯ ᠢ᠋ ᠦᠷᠭᠦᠯᠵᠢᠯᠡᠨ ᠰᠤᠷᠭᠠᠭᠤᠯᠢ ᠡᠷᠬᠢᠯᠡᠵᠦ ᠰᠤᠷᠭᠠᠭᠤᠯᠢ ᠵᠢ ᠵᠠᠰᠠᠬᠤ᠂ ᠪᠢᠴᠢᠭ ᠵᠢᠭᠠᠵᠤ ᠬᠥᠮᠦᠨ ᠢ᠋ ᠬᠥᠮᠦᠵᠢᠭᠦᠯᠬᠦ ᠪᠦᠬᠦ ᠶᠠᠪᠤᠴᠠ ᠳ᠋ᠦ᠍ ᠠᠭᠤᠰᠤᠯᠴᠠᠭᠤᠯᠵᠦ᠂ ᠦᠨᠡᠨ ᠬᠦ᠌ ᠠᠳᠭᠤᠨ ᠪᠣᠳᠠᠲᠠᠢ ᠠᠵᠢᠯᠯᠠᠵᠤ ᠂ ᠵᠣᠷᠢᠭᠲᠠᠢ ᠪᠠᠷ ᠤᠷᠤᠭᠰᠢᠯᠠᠵᠤ ᠂《ᠠᠮᠵᠢᠯᠳᠠ ᠠᠨᠤ ᠭᠠᠭᠴᠠ ᠮᠢᠨᠦ ᠭᠠᠪᠢᠶ᠎ᠠ ᠪᠤᠰᠤ》 ᠭᠡᠬᠦ ᠵᠣᠷᠢᠭ ᠰᠠᠨᠠᠭ᠎ᠠ ᠪᠣᠯᠤᠨ《ᠠᠮᠵᠢᠯᠳᠠ ᠳ᠋ᠤᠷ ᠮᠢᠨᠦ ᠵᠢᠳᠭᠦᠯ ᠯᠠᠪ ᠪᠠᠢᠬᠤ》ᠲᠡᠦᠬᠡᠲᠦ ᠡᠭᠦᠷᠭᠡᠯᠡᠯ ᠵᠢᠨᠷ ᠦᠨᠳᠦᠰᠦᠲᠡᠨ ᠤ᠋ ᠰᠡᠷᠭᠦᠨ ᠮᠠᠨᠳᠤᠯᠲᠠ ᠵᠢᠨ ᠶᠡᠬᠡ ᠡᠭᠦᠷᠭᠡ ᠵᠢ ᠡᠭᠦᠷᠭᠡᠯᠡᠬᠦ ᠴᠠᠭ ᠦᠶ᠎ᠡ ᠵᠢᠨ ᠰᠢᠨ᠎ᠡ ᠬᠥᠮᠦᠨ ᠢ᠋ ᠴᠢᠷᠮᠠᠢᠨ ᠬᠥᠮᠦᠵᠢᠭᠦᠯᠦᠨ᠎ᠡ ᠭᠡᠵᠤ ᠢᠯᠡᠷᠬᠡᠢᠯᠡᠭᠰᠡᠨ ᠪᠠᠢᠨ᠎ᠠ ᠃
ᠬᠥᠬᠡᠬᠣᠲᠠ ᠦᠨᠳᠦᠰᠦᠲᠡᠨ ᠤ᠋ ᠳᠡᠭᠡᠳᠦ ᠰᠤᠷᠭᠠᠭᠤᠯᠢ ᠵᠢᠨ ᠨᠠᠮ ᠤ᠋ᠨ ᠬᠣᠷᠢᠢ᠎ᠠ ᠵᠢᠨ ᠭᠡᠰᠢᠭᠦᠨ᠂ ᠨᠠᠮ ᠵᠠᠰᠠᠭ ᠤ᠋ᠨ ᠠᠯᠪᠠᠨ ᠭᠡᠷ ᠤ᠋ᠨ ᠡᠷᠬᠢᠯᠡᠭᠴᠢ ᠴᠣᠭᠵᠢᠯᠲᠤ᠄ 《ᠪᠢᠳᠡ ᠳᠤᠮᠳᠠᠳᠤ ᠵᠢᠨ ᠦᠨᠳᠦᠰᠦᠲᠡᠨ ᠤ᠋ ᠬᠠᠮᠲᠤ ᠵᠢᠨ ᠴᠣᠭᠴᠠ ᠵᠢᠨ ᠦᠵᠡᠯ ᠰᠠᠨᠠᠭᠠᠨ ᠤ᠋ ᠰᠠᠭᠤᠷᠢ ᠵᠢ ᠲᠠᠰᠤᠷᠠᠯᠲᠠ ᠦᠭᠡᠢ ᠪᠡᠬᠢᠵᠢᠭᠦᠯᠵᠦ᠂ 〈ᠬᠦᠴᠢᠷ ᠪᠡᠷᠬᠡᠰᠢᠶᠡᠯᠲᠡᠢ ᠪᠣᠯᠬᠤ ᠳᠣᠳᠣᠮ ᠢᠲᠡᠭᠡᠯ ᠵᠣᠷᠢᠭ ᠵᠢᠨᠨ ᠤᠯᠠᠮ ᠪᠠᠲᠤᠳᠭᠠᠵᠤ᠂ ᠤᠯᠠᠮ ᠦᠨᠡᠨ ᠬᠦ᠌ ᠠᠳᠭᠤᠨ ᠪᠣᠳᠠᠲᠠᠢ ᠠᠵᠢᠯᠯᠠᠬᠤ〉 ᠡᠷᠡᠰ ᠵᠣᠷᠢᠭ ᠪᠣᠯᠤᠨ ᠢᠳᠡᠭᠡᠯ ᠲᠡᠭᠦᠯᠳᠡᠷ ᠣᠶᠤᠨ ᠰᠠᠨᠠᠭᠠᠨ ᠤ᠋ ᠳᠦᠷᠰᠦ ᠪᠠᠢᠳᠠᠯ ᠵᠢᠨᠷ ᠪᠠᠭᠰᠢ ᠰᠤᠷᠤᠭᠴᠢᠳ ᠲᠤ᠌ ᠦᠢᠯᠡᠴᠢᠯᠡᠵᠦ᠂ ᠰᠤᠷᠭᠠᠭᠤᠯᠢ ᠵᠢᠨ ᠴᠢᠨᠠᠷ ᠰᠠᠢᠲᠠᠢ ᠬᠥᠭᠵᠢᠯᠲᠡ ᠳ᠋ᠦ᠍ ᠬᠦᠴᠦᠨ ᠴᠢᠳᠠᠯ ᠵᠢᠨᠨ ᠡᠷᠭᠦᠨ᠎ᠡ》 ᠭᠡᠵᠦ ᠬᠡᠯᠡᠪᠡ᠃
《ᠪᠢᠳᠡ ᠨᠠᠮ ᠳ᠋ᠠᠭᠠᠨ ᠬᠥᠮᠦᠨ ᠢ᠋ ᠬᠥᠮᠦᠵᠢᠭᠦᠯᠬᠦ᠂ ᠤᠯᠤᠰ ᠲᠠᠭᠠᠨ ᠴᠢᠳᠠᠪᠤᠷᠢᠲᠠᠨ ᠢ᠋ ᠬᠥᠮᠦᠵᠢᠭᠦᠯᠬᠦ ᠵᠢ ᠪᠠᠷᠢᠮᠲᠠᠯᠠᠵᠤ ᠂ ᠳᠥᠷᠪᠡᠨ〈ᠬᠠᠮᠲᠤᠳᠬᠠᠬᠤ〉ᠵᠢᠨ ᠬᠠᠮᠲᠤ ᠵᠢᠨ ᠴᠣᠭᠴᠠ ᠵᠢᠨ ᠣᠢᠯᠠᠭᠠᠭᠳᠠᠬᠤᠨ᠂ 〈ᠭᠤᠷᠪᠠᠨ ᠰᠠᠯᠵᠤ ᠴᠢᠳᠠᠬᠤ ᠦᠭᠡᠢ〉᠂ 〈ᠲᠠᠪᠤᠨ ᠬᠠᠮᠳᠤ ᠵᠢᠨ ᠳᠠᠨᠢᠯᠳᠠ〉 ᠵᠢᠨ ᠦᠵᠡᠯ ᠰᠠᠨᠠᠭ᠎ᠠ ᠵᠢ ᠵᠠᠯᠠᠭᠤ ᠰᠤᠷᠤᠭᠴᠢᠳ ᠤ᠋ᠨ ᠰᠡᠳᠭᠢᠯ ᠳ᠋ᠦ᠍ ᠭᠦᠨ ᠦᠨᠳᠦᠰᠦᠯᠡᠭᠦᠯᠵᠦ᠂ ᠳᠤᠮᠳᠠᠳᠤ ᠵᠢᠨ ᠰᠣᠶᠣᠯ ᠵᠢᠨᠷ ᠦᠨᠳᠦᠰᠦᠲᠡᠨ ᠤ᠋ ᠪᠦᠯᠬᠦᠮᠳᠡᠯ ᠢ᠋ ᠤᠮᠳᠠᠯᠠᠬᠤ ᠵᠢ ᠪᠠᠷᠢᠮᠲᠠᠯᠠᠵᠤ ᠂ ᠳᠤᠮᠳᠠᠳᠤ ᠵᠢᠨ ᠦᠨᠳᠦᠰᠦᠲᠡᠨ ᠤ᠋ ᠠᠭᠤᠤ ᠶᠡᠬᠡ ᠵᠣᠷᠢᠭ ᠰᠠᠨᠠᠭ᠎ᠠ ᠵᠢ ᠶᠡᠬᠡ ᠪᠡᠷ ᠪᠠᠳᠠᠷᠠᠭᠤᠯᠤᠨ᠂ ᠦᠨᠳᠦᠰᠦᠲᠡᠨ ᠨᠦ᠍ᠭᠦᠳ ᠤ᠋ᠨ ᠠᠨᠠᠷ ᠤ᠋ᠨ ᠦᠷ᠎ᠡ ᠰᠢᠭ ᠨᠢᠭᠲᠠᠷᠠᠨ ᠪᠦᠯᠬᠦᠮᠳᠡᠬᠦ ᠵᠢ ᠠᠬᠢᠭᠤᠯᠤᠨ᠎ᠠ》 ᠭᠡᠵᠦ ᠥᠪᠥᠷ ᠮᠣᠩᠭᠣᠯ ᠤ᠋ᠨ ᠮᠠᠰᠢᠨ ᠴᠠᠬᠢᠯᠭᠠᠨ ᠤ᠋ ᠠᠵᠢᠯ ᠮᠡᠷᠭᠡᠵᠢᠯ ᠤ᠋ᠨ ᠳᠡᠭᠡᠳᠦ ᠰᠤᠷᠭᠠᠭᠤᠯᠢ ᠵᠢᠨ ᠮᠠᠷᠺᠰ ᠤ᠋ᠨ ᠦᠵᠡᠯ ᠤ᠋ᠨ ᠵᠢᠭᠠᠨ ᠰᠤᠳᠤᠯᠬᠤ ᠬᠡᠯᠲᠡᠰ ᠤ᠋ᠨ ᠡᠷᠬᠢᠯᠡᠭᠴᠢ᠂ ᠫᠷᠣᠹᠧᠰᠰᠣᠷ ᠵᠧᠩ ᠶᠦᠨ ᠬᠣᠩ ᠬᠡᠯᠡᠪᠡ᠃
ᠥᠪᠥᠷ ᠮᠣᠩᠭᠣᠯ ᠤ᠋ᠨ ᠤᠷᠠᠯᠢᠭ ᠤ᠋ᠨ ᠳᠡᠭᠡᠳᠦ ᠰᠤᠷᠭᠠᠭᠤᠯᠢ ᠵᠢᠨ ᠫᠷᠣᠹᠧᠰᠰᠣᠷ ᠱᠢ ᠶᠦᠩ ᠴᠢᠩ᠄《ᠤᠳᠭ᠎ᠠ ᠤᠷᠠᠯᠢᠭ ᠤ᠋ᠨ ᠠᠵᠢᠯᠲᠠᠨ ᠪᠣᠯᠤᠭᠰᠠᠨ ᠤ᠋ ᠬᠤᠪᠢ ᠳ᠋ᠦ᠍᠂ ᠶᠡᠷᠦᠩᠬᠡᠢ ᠱᠦᠵᠢ ᠰᠢ ᠵᠢᠨ ᠫᠢᠩ ᠤ᠋ᠨ ᠴᠢᠬᠤᠯᠠ ᠶᠠᠷᠢᠶ᠎ᠠ ᠢ᠋ᠢ ᠰᠤᠷᠤᠯᠴᠠᠭᠰᠠᠨ ᠤ᠋ ᠳᠠᠷᠠᠭ᠎ᠠ ᠲᠦᠢᠯ ᠢ᠋ᠢᠡᠷ ᠤᠷᠮᠠᠰᠢᠨ ᠵᠤᠷᠢᠭᠵᠢᠪᠠ᠃ ᠪᠢᠳᠡ〈ᠤᠯᠠᠭᠠᠨᠮᠥ᠋ᠴᠢᠷ ᠤ᠋ᠨ ᠵᠣᠷᠢᠭ ᠰᠠᠨᠠᠭ᠎ᠠ〉 ᠵᠢ ᠢᠳᠡᠪᠬᠢᠲᠡᠢ ᠪᠠᠳᠠᠷᠠᠭᠤᠯᠵᠤ᠂ ᠠᠷᠠᠳ ᠲᠦᠮᠡᠨ ᠤ᠋ ᠳᠤᠮᠳᠠ ᠦᠨᠳᠦᠰᠦᠯᠡᠵᠦ᠂ ᠰᠢᠨ᠎ᠡ ᠴᠠᠭ ᠦᠶ᠎ᠡ ᠵᠢᠨ ᠤᠳᠭ᠎ᠠ ᠤᠷᠠᠯᠢᠭ ᠤ᠋ᠨ ᠹᠷᠣᠨᠲ ᠳᠠᠬᠢ ᠬᠤᠪᠢᠰᠭᠠᠯ ᠤ᠋ᠨ ᠬᠥᠩᠭᠡᠨ ᠮᠣᠷᠢᠲᠤ ᠴᠡᠷᠢᠭ ᠪᠣᠯᠵᠤ᠂ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠵᠤ᠂ ᠰᠡᠳᠭᠢᠯ ᠨᠢᠬᠡᠳᠤᠨ ᠬᠦᠴᠦ ᠪᠠᠨ ᠬᠠᠮᠲᠤᠳᠭᠠᠵᠤ᠂ ᠨᠡᠩ ᠣᠯᠠᠨ ᠰᠢᠯᠢᠳᠡᠭ ᠤᠳᠭ᠎ᠠ ᠤᠷᠠᠯᠢᠭ ᠤ᠋ᠨ ᠪᠦᠲᠦᠭᠡᠯ ᠢ᠋ ᠡᠬᠦᠳᠤᠨ᠎ᠠ》 ᠬᠡᠵᠤ ᠬᠡᠯᠡᠪᠡ᠃
ᠥᠪᠥᠷ ᠮᠣᠩᠭᠣᠯ ᠤ᠋ᠨ ᠡᠳ᠋ ᠤ᠋ᠨ ᠵᠠᠰᠠᠭ ᠠᠵᠤ ᠠᠬᠤᠢ ᠵᠢᠨ ᠶᠡᠬᠡ ᠰᠤᠷᠭᠠᠭᠤᠯᠢ ᠵᠢᠨ ᠦᠵᠡᠯ ᠰᠠᠨᠠᠭ᠎ᠠ ᠤᠯᠤᠰ ᠲᠥᠷᠥ ᠵᠢᠨ ᠬᠢᠴᠢᠶᠡᠯ ᠤ᠋ᠨ ᠪᠠᠭᠰᠢ ᠯᠢ ᠬᠤᠢ ᠷᠦ᠄ 《〈ᠳᠤᠮᠳᠠᠳᠤ ᠵᠢᠨ ᠦᠨᠳᠦᠰᠦᠲᠡᠨ ᠤ᠋ ᠬᠠᠮᠲᠤ ᠵᠢᠨ ᠴᠣᠭᠴᠠ ᠵᠢᠨ ᠤᠬᠠᠮᠰᠠᠷ ᠢ᠋ ᠪᠠᠳᠤ ᠴᠤᠭᠴᠠᠯᠠᠬᠤ〉 ᠬᠢᠴᠢᠶᠡᠯ ᠵᠢᠭᠠᠳᠠᠭ ᠪᠠᠭᠰᠢ ᠪᠣᠯᠤᠭᠰᠠᠨ ᠤ᠋ ᠬᠤᠪᠢ ᠳ᠋ᠦ᠍᠂ ᠪᠢ ᠦᠵᠡᠯ ᠤᠬᠠᠮᠰᠠᠷ ᠤ᠋ᠨ ᠬᠡᠯᠪᠡᠷᠢ ᠵᠢᠨ ᠭᠣᠣᠯ ᠵᠢᠭᠰᠠᠭᠠᠯ ᠤ᠋ᠨ ᠭᠠᠵᠠᠷ ᠢ᠋ ᠰᠠᠢᠲᠤᠷ ᠰᠠᠬᠢᠵᠤ᠂ ᠶᠣᠰᠣ ᠰᠤᠷᠲᠠᠬᠤᠨ ᠢ᠋ᠢᠡᠷ ᠬᠥᠮᠦᠨ ᠢ᠋ ᠬᠥᠮᠦᠵᠢᠭᠦᠯᠬᠦ ᠠᠵᠢᠯ ᠢ᠋ ᠰᠠᠢᠲᠤᠷ ᠬᠢᠵᠤ᠂ ᠰᠤᠷᠭᠠᠨ ᠬᠥᠮᠦᠵᠢᠯ ᠤ᠋ᠨ ᠣᠳᠣᠬᠢᠴᠢᠯᠠᠯᠲᠠ ᠵᠢ ᠲᠦᠷᠭᠡᠳᠭᠡᠨ ᠠᠬᠢᠭᠤᠯᠬᠤ᠂ ᠰᠤᠷᠭᠠᠨ ᠬᠥᠮᠦᠵᠢᠯ ᠤ᠋ᠨ ᠬᠦᠴᠦᠷᠬᠡᠭ ᠤᠯᠤᠰ ᠢ᠋ ᠪᠦᠲᠦᠭᠡᠨ ᠪᠠᠢᠭᠤᠯᠬᠤ ᠠᠶᠠᠨ ᠳ᠋ᠦ᠍ ᠪᠠᠢᠪᠠᠰᠤ ᠵᠣᠬᠢᠬᠤ ᠲᠡᠦᠬᠡᠲᠦ ᠡᠭᠦᠷᠭᠡ ᠪᠣᠯᠤᠨ ᠴᠠᠭ ᠦᠶ᠎ᠡ ᠵᠢᠨ ᠬᠠᠷᠢᠭᠤᠴᠠᠯᠭ᠎ᠠ ᠢ᠋ᠢ ᠡᠭᠦᠷᠭᠡᠯᠡᠨ᠎ᠡ》 ᠬᠡᠵᠦ ᠬᠡᠯᠡᠪᠡ᠃
ᠬᠥᠯᠥᠨ ᠪᠤᠢᠷ ᠳᠡᠭᠡᠳᠦ ᠰᠤᠷᠭᠠᠭᠤᠯᠢ ᠵᠢᠨ ᠲᠣᠭᠠᠨ ᠤ᠋ ᠤᠬᠠᠭᠠᠨ ᠪᠠ ᠲᠣᠭ᠎ᠠ ᠪᠦᠷᠢᠳᠭᠡᠯ ᠤ᠋ᠨ ᠳᠡᠭᠡᠳᠦ ᠰᠤᠷᠭᠠᠭᠤᠯᠢ ᠵᠢᠨ ᠰᠤᠷᠤᠭᠴᠢ ᠯᠢᠦ ᠶᠤᠸᠠᠨ ᠫᠢᠩ᠂ ᠰᠤᠷᠭᠠᠭᠤᠯᠢ ᠵᠢᠨ 《ᠰᠢᠨ᠎ᠡ ᠴᠠᠭ ᠦᠶ᠎ᠡ ᠵᠢᠨ ᠣᠶᠤᠲᠠᠳ ᠤ᠋ᠨ ᠤᠬᠠᠭᠤᠯᠤᠨ ᠲᠠᠢᠯᠪᠤᠷᠢᠯᠠᠬᠤ ᠪᠦᠯᠬᠦᠮ》 ᠤ᠋ᠨ ᠪᠦᠷᠢᠯᠳᠦᠬᠦᠨ ᠪᠣᠯᠤᠭᠰᠠᠨ ᠤ᠋ ᠬᠤᠪᠢ ᠳ᠋ᠦ᠍᠂ ᠪᠢ ᠰᠤᠷᠤᠯᠭ᠎ᠠ ᠠᠮᠢᠳᠤᠷᠠᠯ ᠳᠤᠮᠳᠠ ᠪᠠᠨ ᠶᠡᠷᠦᠩᠬᠡᠢ ᠱᠦᠵᠢ ᠰᠢ ᠵᠢᠨ ᠫᠢᠩ ᠤ᠋ᠨ ᠬᠦᠰᠡᠯ ᠨᠠᠢᠳᠠᠯᠭ᠎ᠠ ᠵᠢ ᠪᠠᠲᠤ ᠴᠡᠭᠡᠵᠢᠯᠡᠵᠦ᠂ ᠳᠤᠮᠳᠠᠳᠤ ᠵᠢᠨ ᠦᠨᠳᠦᠰᠦᠲᠡᠨ ᠤ᠋ ᠬᠠᠮᠲᠤ ᠵᠢᠨ ᠴᠣᠭᠴᠠ ᠵᠢᠨ ᠤᠬᠠᠮᠰᠠᠷ ᠢ᠋ ᠪᠠᠲᠤ ᠴᠤᠭᠴᠠᠯᠠᠬᠤ ᠭᠣᠣᠯ ᠰᠢᠵᠢᠮ ᠢ᠋ ᠴᠢᠩᠭ᠎ᠠ ᠠᠳᠭᠤᠵᠤ᠂ ᠦᠨᠳᠦᠰᠦᠲᠡᠨ ᠨᠦ᠍ᠭᠦᠳ ᠤ᠋ᠨ ᠬᠠᠮᠲᠤ ᠰᠤᠷᠤᠯᠭᠠᠲᠠᠨᠲᠠᠢ ᠪᠡᠨ ᠠᠨᠠᠷ ᠤ᠋ᠨ ᠦᠷ᠎ᠡ ᠰᠢᠭ ᠨᠢᠭᠲᠠᠷᠠᠨ ᠪᠦᠯᠬᠦᠮᠳᠡᠨᠠ ᠬᠡᠵᠤ ᠬᠡᠯᠡᠪᠡ᠃
ᠤᠯᠠᠭᠠᠨᠬᠠᠳᠠ ᠳᠡᠭᠡᠳᠦ ᠰᠤᠷᠭᠠᠭᠤᠯᠢ ᠵᠢᠨ ᠮᠣᠩᠭᠣᠯ ᠬᠢᠲᠠᠳ ᠡᠮᠨᠡᠯᠭᠡ ᠵᠢᠨ ᠳᠡᠭᠡᠳᠦ ᠰᠤᠷᠭᠠᠭᠤᠯᠢ ᠵᠢᠨ ᠰᠤᠷᠤᠭᠴᠢ ᠦ᠋ ᠰᠤᠳᠤᠪᠢᠯᠢᠭ᠌᠄ 《ᠶᠡᠷᠦᠩᠬᠡᠢ ᠱᠦᠵᠢ ᠰᠢ ᠵᠢᠨ ᠫᠢᠨᠭ ᠤ᠋ᠨ ᠴᠢᠩ ᠰᠡᠳᠭᠢᠯ ᠤ᠋ᠨ ᠬᠦᠰᠡᠯ ᠨᠠᠢᠳᠠᠯᠭ᠎ᠠ ᠨᠢ ᠰᠢᠨ᠎ᠡ ᠴᠠᠭ ᠦᠶ᠎ᠡ ᠵᠢᠨ ᠵᠠᠯᠠᠭᠤᠴᠤᠳᠲᠤ᠌ ᠤᠷᠤᠭᠰᠢᠯᠠᠯᠲᠠ ᠵᠢᠨ ᠴᠢᠭᠯᠡᠯ ᠢ᠋ ᠵᠢᠭᠠᠵᠤ ᠥᠭᠴᠡᠢ᠃ ᠪᠢᠳᠡ ᠬᠦᠰᠡᠯᠡᠩ ᠢᠲᠡᠭᠡᠯ ᠪᠢᠰᠢᠷᠡᠯ ᠵᠢᠨᠨ ᠪᠠᠲᠤᠳᠭᠠᠵᠤ᠂ ᠡᠬᠡ ᠤᠯᠤᠰᠤᠨ ᠬᠠᠮᠤᠭᠤᠨ ᠬᠡᠷᠡᠭᠴᠡᠭᠡ ᠲᠠᠢ ᠭᠠᠵᠠᠷᠲᠤ᠌ ᠬᠦᠷᠴᠦ ᠭᠠᠪᠢᠶ᠎ᠠ ᠵᠢᠳᠭᠦᠯ ᠪᠠᠢᠭᠤᠯᠵᠤ᠂ ᠵᠠᠯᠠᠭᠤ ᠨᠠᠰᠤᠨ ᠤ᠋ ᠲᠡᠮᠡᠴᠡᠯ ᠵᠢᠨᠨ ᠨᠠᠮ ᠪᠣᠯᠤᠨ ᠠᠷᠠᠳ ᠲᠦᠮᠡᠨ ᠤ᠋ ᠦᠢᠯᠡᠰᠲᠠᠢ ᠠᠭᠤᠰᠤᠯᠴᠠᠭᠤᠯᠤᠨ᠎ᠠ》 ᠭᠡᠵᠦ ᠬᠡᠯᠡᠪᠡ᠃
ᠬᠢᠩᠭᠠᠨ ᠠᠢᠮᠠᠭ ᠤ᠋ᠨ ᠡᠪᠯᠡᠯ ᠤ᠋ᠨ ᠬᠣᠷᠢᠢ᠎ᠠ ᠵᠢᠨ ᠱᠦᠵᠢ ᠺᠠᠩ ᠬᠣᠩ ᠪᠦᠸᠧ᠄ 《ᠡᠪᠯᠡᠯ ᠤ᠋ᠨ ᠬᠤᠷᠢᠶ᠎ᠠ ᠢ᠋ᠢᠨ ᠺᠠᠳ᠋ᠷ ᠪᠣᠯᠤᠭᠰᠠᠨ ᠤ᠋ ᠬᠤᠪᠢ ᠳ᠋ᠦ᠍᠂ ᠪᠢ ᠳᠤᠮᠳᠠᠳᠤ ᠵᠢᠨ ᠦᠨᠳᠦᠰᠦᠲᠡᠨ ᠤ᠋ ᠬᠠᠮᠲᠤ ᠵᠢᠨ ᠴᠣᠭᠴᠠ ᠵᠢᠨ ᠤᠬᠠᠮᠰᠠᠷ ᠢ᠋ ᠪᠠᠲᠤ ᠴᠤᠭᠴᠠᠯᠠᠬᠤ ᠡᠨᠡ ᠬ᠌ᠦ᠌ ᠭᠣᠣᠯ ᠰᠢᠵᠢᠮ ᠢ᠋ ᠴᠢᠩᠭ᠎ᠠ ᠠᠳᠭᠤᠵᠤ᠂ ᠪᠦᠬᠦ ᠠᠢᠮᠠᠭ ᠤ᠋ᠨ ᠥᠷᠭᠡᠨ ᠣᠯᠠᠨ ᠵᠠᠯᠠᠭᠤᠴᠤᠳ ᠪᠠᠭᠠᠴᠤᠳ ᠢ᠋ ᠬᠥᠲᠥᠯᠦᠨ ᠳᠠᠭᠠᠭᠤᠯᠵᠤ ᠵᠢᠷᠭᠠᠯ ᠵᠣᠪᠠᠯᠠᠩ ᠵᠢᠨᠨ ᠬᠠᠮᠲᠤᠳᠭᠠᠬᠤ᠂ ᠦᠬᠦᠵᠦ ᠰᠡᠬᠡᠬᠦ ᠪᠠᠨ ᠬᠠᠮᠲᠤᠳᠭᠠᠬᠤ᠂ ᠬᠤᠪᠢ ᠵᠠᠶᠠᠭ᠎ᠠ ᠪᠠᠨ ᠬᠠᠮᠲᠤᠳᠭᠠᠬᠤ ᠬᠠᠮᠲᠤ ᠵᠢᠨ ᠴᠣᠭᠴᠠ ᠵᠢᠨ ᠣᠢᠯᠠᠭᠠᠭᠳᠠᠬᠤᠨ ᠢ᠋ ᠪᠠᠳᠤ ᠴᠤᠭᠴᠠᠯᠠᠵᠤ᠂ ᠳᠤᠮᠳᠠᠳᠤ ᠵᠢᠨ ᠦᠨᠳᠦᠰᠦᠲᠡᠨ ᠤ᠋ ᠬᠠᠮᠲᠤ ᠵᠢᠨ ᠴᠣᠭᠴᠠ ᠵᠢᠨ ᠦᠵᠡᠯ ᠰᠠᠨᠠᠭᠠᠨ ᠤ᠋ ᠰᠠᠭᠤᠷᠢ ᠵᠢ ᠦᠷᠬᠦᠯᠵᠢᠯᠡᠨ ᠪᠡᠬᠢᠵᠢᠭᠦᠯᠵᠦ᠂ ᠰᠢᠨ᠎ᠡ ᠴᠠᠭ ᠦᠶ᠎ᠡ ᠢ᠋ᠢᠨ ᠰᠢᠨ᠎ᠡ ᠠᠶᠠᠨ ᠳ᠋ᠦ᠍ ᠵᠠᠯᠠᠭᠤ ᠨᠠᠰᠤᠨ ᠤ᠋ ᠬᠦᠴᠦᠨ ᠴᠢᠳᠠᠯ ᠵᠢᠨᠨ ᠡᠷᠭᠦᠵᠦ᠂ ᠰᠢᠨ᠎ᠡ ᠢᠷᠠᠭᠤ ᠬᠠᠭᠤᠳᠠᠰᠤ ᠵᠢ ᠪᠢᠴᠢᠭᠯᠡᠨ᠎ᠡ》 ᠭᠡᠵᠦ ᠬᠡᠯᠡᠪᠡ᠃
ᠳᠤᠮᠳᠠᠳᠤ ᠤᠯᠤᠰ ᠤ᠋ᠨ ᠰᠠᠨᠰᠠᠷ ᠤ᠋ᠨ ᠠᠶᠠᠯᠠᠯ ᠤ᠋ᠨ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤ᠋ᠨ ᠠᠵᠤ ᠦᠢᠯᠡᠳᠪᠦᠷᠢ ᠵᠢᠨ ᠪᠦᠯᠦᠭᠯᠡᠯ ᠤ᠋ᠨ ᠵᠢᠷᠭᠤᠳᠤᠭᠠᠷ ᠰᠤᠳᠤᠯᠭᠠᠨ ᠤ᠋ ᠬᠦᠷᠢᠶᠡᠯᠡᠩ ᠤ᠋ᠨ 46 ᠬᠡᠷᠡᠭᠯᠡᠯᠳᠡ ᠵᠢᠨ ᠬᠢᠮᠢ ᠢ᠋ᠢᠨ ᠲᠥᠪ ᠤ᠋ᠨ ᠡᠪᠯᠡᠯ ᠤ᠋ᠨ ᠡᠭᠦᠷ ᠤ᠋ᠨ ᠱᠦᠵᠢ ᠵᠧᠦ ᠵᠢᠶᠦ᠋ᠨ ᠱᠤᠸᠠᠢ᠄ 《ᠰᠠᠨᠰᠠᠷ ᠤ᠋ᠨ ᠠᠶᠠᠯᠠᠯ ᠤ᠋ᠨ ᠠᠵᠢᠯᠲᠠᠨ ᠪᠣᠯᠤᠭᠰᠠᠨ ᠤ᠋ ᠬᠤᠪᠢ ᠳ᠋ᠦ᠍᠂ ᠮᠢᠨᠦ ᠬᠠᠷᠢᠭᠤᠴᠠᠯᠭ᠎ᠠ ᠬᠦᠨᠳᠦ᠂ ᠡᠭᠦᠷᠭᠡ ᠥᠩᠭᠡ ᠭᠡᠷᠡᠯᠲᠡᠢ ᠭᠡᠳᠡᠭ ᠢ᠋ ᠭᠦᠨᠵᠡᠭᠡᠢ ᠣᠢᠯᠠᠭᠠᠵᠤ ᠪᠠᠢᠨ᠎ᠠ᠂ ᠬᠣᠢᠰᠢᠳᠠ ᠵᠢᠨ ᠠᠵᠢᠯᠳ᠋ᠠᠭᠠᠨ ᠰᠢᠨ᠎ᠡ ᠬᠥᠭᠵᠢᠯᠲᠡ ᠵᠢᠨ ᠣᠢᠯᠠᠭᠠᠭᠳᠠᠬᠤᠨ ᠢ᠋ ᠤᠯᠠᠮ ᠴᠢᠨᠠᠭᠰᠢᠳᠠ ᠦᠢᠯᠡᠳᠦᠯᠭᠡᠵᠢᠭᠦᠯᠵᠦ᠂ ᠰᠢᠮᠳᠠᠨ ᠰᠤᠳᠤᠯᠵᠤ᠂ ᠰᠠᠨᠰᠠᠷ ᠤ᠋ᠨ ᠠᠶᠠᠯᠠᠯ ᠤ᠋ᠨ ᠬᠦᠴᠦᠷᠬᠡᠭ ᠤᠯᠤᠰ ᠢ᠋ ᠪᠦᠲᠦᠭᠡᠨ ᠪᠠᠢᠭᠤᠯᠬᠤ ᠳ᠋ᠦ᠍ ᠵᠠᠯᠠᠭᠤ ᠨᠠᠰᠤᠨ ᠤ᠋ ᠬᠦᠴᠦᠨ ᠴᠢᠳᠠᠯ ᠵᠢᠨᠨ ᠡᠷᠭᠦᠨ᠎ᠡ》 ᠭᠡᠵᠦ ᠬᠡᠯᠡᠪᠡ᠃
ᠪᠤᠭᠤᠲᠤ ᠬᠣᠲᠠ ᠵᠢᠨ ᠭᠠᠯᠢ ᠰᠡᠷᠬᠡᠢᠯᠡᠵᠤ ᠭᠠᠯ ᠤᠨᠳᠠᠷᠠᠭᠠᠵᠤ ᠠᠪᠤᠷᠠᠨ ᠲᠤᠰᠠᠯᠠᠬᠤ ᠰᠠᠯᠪᠤᠷᠢ ᠠᠩᠭᠢ ᠵᠢᠨ ᠬᠤᠸᠠᠢ ᠱᠦᠧᠧ ᠶᠡᠬᠡ ᠵᠡᠭᠡᠯᠢ ᠵᠢᠨ ᠭᠠᠯᠢ ᠰᠡᠷᠬᠡᠢᠯᠡᠵᠤ ᠭᠠᠯ ᠤᠨᠳᠠᠷᠠᠭᠠᠵᠤ ᠠᠪᠤᠷᠠᠨ ᠲᠤᠰᠠᠯᠠᠬᠤ ᠥᠷᠲᠡᠭᠡ ᠵᠢᠨ ᠭᠤᠷᠪᠠᠳᠤᠭᠠᠷ ᠳᠡᠰ ᠤ᠋ᠨ ᠭᠠᠯ ᠰᠡᠷᠬᠡᠢᠯᠡᠵᠤ ᠭᠠᠯ ᠤᠨᠳᠠᠷᠠᠭᠠᠵᠤ ᠠᠪᠤᠷᠠᠨ ᠲᠤᠰᠠᠯᠠᠬᠤ ᠠᠨᠭᠬᠢ ᠢ᠋ᠢᠨ ᠳᠠᠷᠤᠭ᠎ᠠ ᠪᠤᠶᠠᠨᠪᠠᠶᠠᠷ ᠮᠠᠰᠢ ᠭᠦᠨ ᠲᠥᠷᠥᠭᠳᠡᠯᠲᠡᠢ ᠪᠠᠢᠯ᠎ᠠ᠃ ᠲᠡᠷᠡ᠄《ᠶᠡᠷᠦᠩᠬᠡᠢ ᠱᠦᠵᠢ ᠰᠢ ᠵᠢᠨ ᠫᠢᠩ ᠤ᠋ᠨ ᠴᠢᠩ ᠰᠡᠳᠭᠢᠯ ᠤ᠋ᠨ ᠬᠦᠰᠡᠯ ᠨᠠᠢᠳᠠᠯᠭ᠎ᠠ ᠨᠢ ᠨᠠᠳᠠ ᠳ᠋ᠦ᠍ ᠡᠷᠡᠮᠡᠬᠡᠢᠯᠡᠨ ᠤᠷᠤᠭᠰᠢᠯᠠᠬᠤ ᠬᠥᠳᠡᠯᠭᠡᠬᠦ ᠬᠦᠴᠦᠨ ᠤᠯᠭᠤᠪᠠ᠂ ᠲᠤᠰ ᠠᠡᠭᠭᠢ ᠳ᠋ᠤ ᠢᠷᠡᠭᠡᠳ 19 ᠵᠢᠯ ᠪᠤᠯᠴᠢᠬᠠᠵᠡᠢ᠂ ᠬᠣᠢᠰᠢᠳᠠ ᠵᠢᠨ ᠠᠵᠢᠯᠤᠨ ᠳᠤᠮᠳᠠ ᠪᠠᠨ ᠪᠢ ᠦᠷᠬᠦᠯᠵᠢᠯᠡᠨ ᠬᠠᠷᠢᠭᠤᠴᠠᠯᠭ᠎ᠠ ᠪᠠᠨ ᠰᠠᠢᠳᠤᠷ ᠡᠭᠦᠷᠭᠡᠯᠡᠵᠦ ᠂ ᠬᠦᠴᠢᠷ ᠢ᠋ ᠰᠥᠷᠦᠨ ᠤᠷᠤᠭᠰᠢᠯᠠᠵᠤ᠂ ᠡᠮᠦᠨ᠎ᠡ ᠹᠷᠣᠨᠲᠲᠤ᠌ ᠦᠷᠭᠦᠯᠵᠢᠯᠡᠨ ᠭᠠᠪᠰᠢᠭᠠᠢᠯᠠᠨᠠ》 ᠭᠡᠵᠦ ᠢᠯᠡᠷᠬᠡᠢᠯᠡᠪᠡ᠃
ᠥᠪᠥᠷ ᠮᠣᠩᠭᠣᠯ ᠤ᠋ᠨ ᠣᠢ ᠰᠢᠭᠤᠢ ᠵᠢᠨ ᠠᠵᠤ ᠦᠢᠯᠡᠳᠪᠦᠷᠢ ᠵᠢᠨ ᠪᠦᠯᠦᠭᠯᠡᠯ ᠤ᠋ᠨ ᠶᠡᠬᠡ ᠬᠢᠩᠭᠠᠨ ᠳᠠᠪᠠᠭ᠎ᠠ ᠵᠢᠨ ᠨᠡᠭᠦᠷᠡᠰᠦᠲᠥ᠋ᠷᠥᠭᠴᠢ ᠬᠤᠷᠠᠮᠳᠤᠭᠤᠯᠬᠤ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤ᠋ᠨ ᠺᠣᠮᠫᠠᠨᠢ ᠵᠢᠨ ᠶᠡᠷᠦᠩᠬᠡᠢ ᠢᠨᠵᠧᠨᠧᠷ ᠵᠠᠩ ᠯᠢᠶᠠᠩ᠄ 《 ᠪᠢ ᠶᠡᠷᠦᠡᠭᠭᠡᠢ ᠱᠦᠵᠢ ᠢ᠋ᠢᠨ ᠬᠦᠰᠡᠯ ᠨᠠᠢᠳᠠᠯᠭ᠎ᠠ ᠵᠢ ᠪᠠᠲᠤ ᠴᠡᠭᠡᠵᠢᠯᠡᠵᠦ᠂ ᠤᠯᠤᠰ ᠤ᠋ᠨ ᠠᠮᠢ ᠠᠬᠤᠢ ᠵᠢᠨ ᠠᠮᠤᠷ ᠲᠦᠪᠰᠢᠨ ᠢ᠋ ᠬᠠᠮᠠᠭᠠᠯᠠᠬᠤ ᠴᠢᠬᠤᠯᠠ ᠶᠡᠬᠡ ᠤᠯᠤᠰ ᠲᠥᠷᠥ ᠵᠢᠨ ᠬᠠᠷᠢᠭᠤᠴᠠᠯᠭ᠎ᠠ ᠪᠠᠨ ᠦᠨᠡᠨ ᠬᠦ᠌ ᠭᠦᠢᠴᠡᠳᠭᠡᠵᠦ᠂ ᠣᠢ ᠰᠢᠭᠤᠢ ᠵᠢᠨ ᠠᠵᠤ ᠦᠢᠯᠡᠳᠪᠦᠷᠢ ᠵᠢᠨ ᠪᠦᠯᠦᠭᠯᠡᠯ ᠤ᠋ᠨ ᠠᠮᠢ ᠠᠬᠤᠢ ᠵᠢ ᠰᠠᠢᠵᠢᠷᠠᠭᠤᠯᠬᠤ ᠭᠣᠣᠯ ᠬᠠᠷᠢᠭᠤᠴᠠᠯᠭ᠎ᠠ ᠭᠣᠣᠯ ᠠᠵᠢᠯ ᠳ᠋ᠦ᠍ ᠰᠠᠭᠤᠷᠢᠯᠠᠵᠤ᠂ ᠣᠢ ᠰᠢᠭᠤᠢ ᠵᠢᠨ ᠡᠬᠢ ᠪᠠᠶᠠᠯᠢᠭ ᠢ᠋ ᠬᠠᠮᠠᠭᠠᠯᠠᠵᠤ᠂ ᠨᠡᠭᠦᠷᠡᠰᠦᠲᠥ᠋ᠷᠥᠭᠴᠢ ᠬᠤᠷᠠᠮᠳᠤᠭᠤᠯᠬᠤ ᠠᠵᠤ ᠦᠢᠯᠡᠰ ᠤ᠋ᠨ ᠬᠥᠭᠵᠢᠯᠲᠡ ᠵᠢ ᠦᠷᠭᠦᠯᠵᠢᠯᠡᠨ ᠠᠬᠢᠭᠤᠯᠵᠤ᠂ ᠥᠪᠡᠷᠲᠡᠭᠡᠨ ᠵᠠᠰᠠᠬᠤ ᠣᠷᠣᠨ ᠤ᠋ ᠪᠣᠬᠢᠷᠲᠤᠯ ᠦᠭᠡᠢ ᠴᠢᠨᠠᠷ ᠰᠠᠢᠲᠠᠢ ᠬᠥᠭᠵᠢᠯᠲᠡ ᠳ᠋ᠦ᠍ ᠵᠠᠯᠠᠭᠤ ᠨᠠᠰᠤᠨ ᠤ᠋ ᠬᠦᠴᠦᠨ ᠴᠢᠳᠠᠯ ᠵᠢᠨᠨ ᠡᠷᠭᠦᠨ᠎ᠡ》 ᠬᠡᠪᠡ᠃
ᠥᠪᠥᠷ ᠮᠣᠩᠭᠣᠯ ᠤ᠋ᠨ ᠡᠨᠧᠷᠭᠢ ᠴᠠᠬᠢᠯᠭᠠᠨ ᠭᠠᠷᠭᠠᠬᠤ ᠪᠡᠯᠡ ᠣᠷᠣᠭᠤᠯᠤᠯᠲᠠ ᠵᠢᠨ ᠪᠦᠯᠦᠭᠯᠡᠯ ᠤ᠋ᠨ ᠬᠢᠵᠠᠭᠠᠷᠲᠤ ᠺᠣᠮᠫᠠᠨᠢ ᠵᠢᠨ ᠡᠪᠯᠡᠯ ᠤ᠋ᠨ ᠺᠠᠳ᠋ᠷ ᠰᠢᠦᠸᠠᠢ ᠬᠤ᠌ ᠱᠧᠨᠭ᠄ 《ᠬᠣᠢᠰᠢᠳᠠ ᠵᠢᠨ ᠠᠵᠢᠯᠤᠨ ᠳᠤᠮᠳᠠ ᠪᠠᠨ ᠪᠢᠳᠡ ᠶᠡᠷᠦᠩᠬᠡᠢ ᠱᠦᠵᠢ ᠰᠢ ᠵᠢᠨ ᠫᠢᠩ ᠤ᠋ᠨ ᠵᠢᠭᠠᠵᠦ ᠦᠭᠭᠦᠭᠰᠡᠨ ᠴᠢᠭᠯᠡᠯ ᠵᠢᠨᠷ ᠭᠤᠢᠪᠢᠰᠢ ᠦᠭᠡᠢ ᠤᠷᠤᠭᠰᠢᠯᠠᠵᠤ᠂ ᠠᠵᠤ ᠠᠬᠤᠢᠯᠠᠯ ᠤ᠋ᠨ ᠥᠭᠡᠷᠡᠴᠢᠯᠡᠯᠲᠡ᠂ ᠨᠡᠭᠦᠷᠡᠰᠦᠲᠥ᠋ᠷᠥᠭᠴᠢ ᠵᠢᠨ ᠭᠠᠳᠠᠭᠰᠢᠯᠠᠭᠤᠯᠤᠯᠳᠡ ᠣᠷᠭᠢᠯ ᠬᠡᠮᠵᠢᠭᠳᠡᠯ ᠳ᠋ᠤ ᠬᠦᠷᠬᠦ ᠨᠡᠭᠦᠷᠡᠰᠦᠲᠥ᠋ᠷᠥᠭᠴᠢ ᠢ᠋ᠢ ᠰᠠᠭᠠᠷᠮᠠᠭᠵᠢᠭᠤᠯᠬᠤ ᠵᠡᠷᠭᠡ ᠭᠣᠣᠯ ᠠᠵᠢᠯ ᠤ᠋ᠨ ᠲᠣᠭᠣᠷᠢᠨ ᠳ᠋ᠦ᠍᠂ ᠠᠵᠢᠯ ᠤ᠋ᠨ ᠪᠠᠢᠷᠢᠳ᠋ᠠᠭᠠᠨ ᠰᠠᠭᠤᠷᠢᠯᠠᠨ ᠭᠠᠪᠢᠶ᠎ᠠ ᠵᠢᠳᠭᠦᠯ ᠪᠠᠢᠭᠤᠯᠵᠤ᠂ ᠦᠵᠡᠰᠭᠦᠯᠡᠩᠲᠦ ᠰᠠᠢᠬᠠᠨ ᠤᠮᠠᠷᠠᠲᠤ ᠬᠢᠯᠢ ᠵᠢ ᠪᠦᠲᠦᠭᠡᠨ ᠪᠠᠢᠭᠤᠯᠬᠤ ᠳ᠋ᠦ᠍ ᠵᠠᠯᠠᠭᠤ ᠨᠠᠰᠤᠨ ᠤ᠋ ᠬᠦᠴᠦᠨ ᠴᠢᠳᠠᠯ ᠵᠢᠨᠨ ᠡᠷᠭᠦᠨ᠎ᠡ》 ᠭᠡᠵᠦ ᠬᠡᠯᠡᠪᠡ᠃