ᠥᠪᠥᠷ ᠮᠣᠩᠭᠣᠯ ᠤ᠋ᠨ ᠲᠥᠯᠥᠭᠡᠯᠡᠭᠴᠢᠳ ᠤ᠋ᠨ ᠪᠦᠯᠬᠦᠮ ᠰᠣᠨᠢᠨ ᠮᠡᠳᠡᠭᠡ ᠨᠡᠢᠲᠡᠯᠡᠬᠦ ᠠᠵᠢᠯᠯᠠᠭ᠎ᠠ ᠥᠷᠨᠢᠭᠦᠯᠪᠡ
2022-03-11 09:13:37
ᠵᠣᠬᠢᠶᠠᠭ᠍ᠴᠢ᠄
ᠯᠢ ᠬᠠᠨ
ᠣᠩᠱᠢᠭ᠍ᠰᠠᠨ ᠣᠳᠠᠭ᠎ᠠ᠄
★★★☆☆

ᠮᠠᠨ ᠤ᠋ ᠣᠷᠣᠨ ᠤ᠋ ᠪᠦᠬᠦ ᠤᠯᠤᠰ ᠤ᠋ᠨ ᠠᠷᠠᠳ ᠤ᠋ᠨ ᠲᠦᠯᠦᠭᠡᠯᠡᠭᠴᠢᠳ᠎ᠤᠨ ᠶᠡᠬᠡ ᠬᠤᠷᠠᠯ᠎ᠤᠨ ᠲᠥᠯᠥᠭᠡᠯᠡᠭᠴᠢ ᠨᠡᠢᠲᠡ 114 ᠬᠤᠪᠢ ᠰᠠᠨᠠᠭᠤᠯᠭ᠎ᠠ ᠳᠤᠷᠠᠳᠴᠡᠢ

ᠣᠢᠷ᠎ᠠ ᠳ᠋ᠦ᠍᠂ ᠠᠷᠪᠠᠨ ᠭᠤᠷᠪᠠᠳᠤᠭᠠᠷ ᠬᠤᠭᠤᠴᠠᠭᠠᠨ ᠤ᠋ ᠪᠦᠬᠦ ᠤᠯᠤᠰ ᠤ᠋ᠨ ᠠᠷᠠᠳ ᠤ᠋ᠨ ᠲᠥᠯᠥᠭᠡᠯᠡᠭᠴᠢᠳ ᠤ᠋ᠨ ᠶᠡᠬᠡ ᠬᠤᠷᠠᠯ ᠤ᠋ᠨ ᠲᠠᠪᠤᠳᠤᠭᠠᠷ ᠬᠤᠷᠠᠯ ᠤ᠋ᠨ ᠥᠪᠥᠷ ᠮᠣᠩᠭᠣᠯ ᠤ᠋ᠨ ᠲᠥᠯᠥᠭᠡᠯᠡᠭᠴᠢᠳ᠎ᠤ᠋ᠨ ᠪᠦᠯᠬᠦᠮ ᠰᠣᠨᠢᠨ ᠮᠡᠳᠡᠭᠡ ᠨᠡᠢᠲᠡᠯᠡᠬᠦ ᠠᠵᠢᠯᠯᠠᠭ᠎ᠠ ᠥᠷᠨᠢᠭᠦᠯᠵᠤ᠂ ᠲᠥᠯᠥᠭᠡᠯᠡᠭᠴᠢᠳ ᠤ᠋ᠨ ᠪᠦᠯᠬᠦᠮ ᠤ᠋ᠨ ᠰᠣᠨᠢᠨ ᠮᠡᠳᠡᠭᠡᠨ ᠤ᠋ ᠥᠭᠦᠯᠡᠭᠴᠢ᠂ ᠥᠪᠡᠷᠲᠡᠭᠡᠨ ᠵᠠᠰᠠᠬᠤ ᠣᠷᠣᠨ ᠤ᠋ ᠠᠷᠠᠳ ᠤ᠋ᠨ ᠲᠥᠯᠥᠭᠡᠯᠡᠭᠴᠢᠳ ᠤ᠋ᠨ ᠶᠡᠬᠡ ᠬᠤᠷᠠᠯ ᠤ᠋ᠨ ᠪᠠᠢᠩᠭᠤ ᠵᠢᠨ ᠬᠣᠷᠢᠶ᠎ᠠ ᠵᠢᠨ ᠨᠠᠷᠢᠨ ᠪᠢᠴᠢᠭ ᠤ᠋ᠨ ᠳᠠᠷᠤᠭ᠎ᠠ ᠱᠢ ᠸᠧᠨ ᠰᠢᠤᠸᠠᠢ ᠲᠦᠯᠦᠭᠡᠯᠡᠭᠴᠢᠳ ᠤ᠋ᠨ ᠪᠦᠯᠬᠦᠮ ᠤ᠋ᠨ ᠬᠤᠯᠪᠤᠭᠳᠠᠯ ᠪᠦᠬᠦᠢ ᠪᠠᠢᠳᠠᠯ ᠢ᠋ ᠳᠠᠨᠢᠯᠴᠠᠭᠤᠯᠪᠠ᠃

ᠲᠠᠨᠢᠯᠴᠠᠭᠤᠯᠤᠭᠰᠠᠨ ᠵᠢᠨᠷ᠂ ᠠᠷᠪᠠᠨ ᠭᠤᠷᠪᠠᠳᠤᠭᠠᠷ ᠬᠤᠭᠤᠴᠠᠭᠠᠨ ᠤ᠋ ᠪᠦᠬᠦ ᠤᠯᠤᠰ ᠤ᠋ᠨ ᠠᠷᠠᠳ ᠤ᠋ᠨ ᠲᠥᠯᠥᠭᠡᠯᠡᠭᠴᠢᠳ ᠤ᠋ᠨ ᠶᠡᠬᠡ ᠬᠤᠷᠠᠯ ᠤ᠋ᠨ ᠲᠠᠪᠤᠳᠤᠭᠠᠷ ᠬᠤᠷᠠᠯ ᠳ᠋ᠦ᠍ ᠣᠷᠣᠯᠴᠠᠭᠰᠠᠨ ᠥᠪᠥᠷ ᠮᠣᠩᠭᠣᠯ ᠤ᠋ᠨ ᠲᠥᠯᠥᠭᠡᠯᠡᠭᠴᠢᠳ ᠤ᠋ᠨ ᠪᠦᠯᠬᠦᠮ ᠤ᠋ᠨ ᠲᠥᠯᠥᠭᠡᠯᠡᠭᠴᠢ ᠨᠡᠢᠲᠡ 57 ᠬᠦᠮᠦᠨ᠂ ᠬᠤᠷᠠᠯ ᠳ᠋ᠦ᠍ ᠰᠤᠯᠠ ᠣᠷᠣᠯᠴᠠᠭᠰᠠᠨ ᠬᠥᠮᠦᠨ 1 ᠪᠤᠢ᠃ 3 ᠎ᠰᠠᠷ᠎ᠠ ᠵᠢᠨ 5 ᠤ᠋ ᠦᠳᠡ ᠵᠢᠨ ᠬᠣᠢᠨ᠎ᠠ ᠂ ᠶᠡᠷᠦᠩᠬᠡᠢ ᠱᠦᠵᠢ ᠰᠢ ᠵᠢᠨ ᠫᠢᠩ ᠥᠪᠥᠷ ᠮᠣᠩᠭᠣᠯ ᠤ᠋ᠨ ᠲᠥᠯᠥᠭᠡᠯᠡᠭᠴᠢᠳ ᠤ᠋ᠨ ᠪᠦᠯᠬᠦᠮ ᠤ᠋ᠨ ᠬᠢᠨᠠᠨ ᠵᠥᠪᠯᠡᠬᠦ ᠳ᠋ᠦ᠍ ᠳᠠᠬᠢᠨᠲᠠ ᠣᠷᠣᠯᠴᠠᠭᠰᠠᠨ ᠪᠥᠭᠡᠳ ᠴᠢᠬᠤᠯᠠ ᠶᠠᠷᠢᠶ᠎ᠠ ᠲᠠᠯᠪᠢᠪᠠ᠃ ᠬᠤᠷᠠᠯ ᠤ᠋ᠨ ᠬᠤᠭᠤᠴᠠᠭᠠᠨ ᠳ᠋ᠦ᠍ ᠂ ᠲᠥᠯᠥᠭᠡᠯᠡᠭᠴᠢᠳ ᠤ᠋ᠨ ᠪᠦᠯᠬᠦᠮ ᠤ᠋ᠨ ᠬᠢᠨ ᠲᠥᠯᠥᠭᠡᠯᠡᠭᠴᠢᠳ ᠢ᠋ ᠲᠥᠪᠯᠡᠷᠡᠭᠦᠯᠦᠨ ᠵᠣᠬᠢᠶᠠᠨ ᠪᠠᠢᠭᠤᠯᠵᠤ ᠂ ᠶᠡᠷᠦᠩᠬᠡᠢ ᠱᠦᠵᠢ ᠰᠢ ᠵᠢᠨ ᠫᠢᠩ ᠤ᠋ᠨ ᠴᠢᠬᠤᠯᠠ ᠶᠠᠷᠢᠶᠠᠨ ᠤ᠋ ᠵᠣᠷᠢᠭ ᠰᠠᠨᠠᠭ᠎ᠠ ᠵᠢ ᠨᠠᠷᠢᠨ ᠬᠢᠨᠠᠮᠠᠭᠠᠢ ᠰᠤᠷᠤᠯᠴᠠᠨ ᠣᠢᠯᠠᠭᠠᠵᠤ᠂ ᠶᠡᠷᠦᠩᠬᠡᠢ ᠱᠦᠵᠢ ᠰᠢ ᠵᠢᠨ ᠫᠢᠩ ᠤ᠋ᠨ ᠴᠢᠬᠤᠯᠠ ᠶᠠᠷᠢᠶ᠎ᠠ ᠨᠢ ᠠᠯᠤᠰ ᠬᠡᠳᠦ ᠵᠢᠨ ᠤᠳᠭ᠎ᠠ ᠠᠭᠤᠯᠭ᠎ᠠ ᠲᠠᠢ ᠂ ᠭᠦᠨ ᠭᠦᠨᠵᠡᠭᠡᠢ ᠦᠵᠡᠯ ᠰᠠᠨᠠᠭ᠎ᠠ ᠲᠠᠢ᠂ ᠪᠠᠶᠠᠯᠢᠭ ᠠᠭᠤᠯᠬᠤᠨ ᠲᠠᠢ᠂ ᠭᠦᠨ ᠰᠡᠳᠭᠢᠯᠭᠡ᠎ᠲᠡᠢ᠂ ᠥᠪᠥᠷ ᠮᠣᠩᠭᠣᠯ᠎ᠳ᠋ᠠᠬᠢ ᠭᠦᠨ ᠵᠤᠵᠠᠭᠠᠨ ᠬᠠᠢᠷ᠎ᠠ ᠬᠠᠯᠠᠮᠵᠢ ᠵᠢ ᠠᠭᠤᠯᠵᠤ᠂ ᠪᠦᠬᠦ ᠣᠷᠣᠨ ᠤ᠋ 2400 ᠭᠠᠷᠤᠢ ᠲᠦᠮᠡᠨ ᠦᠨᠳᠦᠰᠦᠲᠡᠨ ᠨᠦ᠍ᠭᠦᠳ ᠤ᠋ᠨ ᠣᠯᠠᠨ ᠲᠦᠮᠡᠨ ᠢ᠋ ᠬᠠᠢᠷᠠᠯᠠᠨ ᠰᠠᠨᠠᠭᠠᠯᠵᠠᠵᠤ ᠪᠠᠢᠬᠤ ᠵᠢ ᠢᠯᠡᠳᠭᠡᠵᠦ ᠂ ᠪᠢᠳᠡᠨ ᠤ᠋ ᠰᠢᠨ᠎ᠡ ᠠᠶᠠᠨ ᠳ᠋ᠦ᠍ ᠥᠪᠥᠷ ᠮᠣᠩᠭᠣᠯ ᠤ᠋ᠨ ᠬᠥᠭᠵᠢᠯᠲᠡ ᠵᠢᠨ ᠰᠢᠨ᠎ᠡ ᠬᠠᠭᠤᠳᠠᠰᠤ ᠵᠢ ᠰᠠᠢᠲᠤᠷ ᠪᠢᠴᠢᠭᠯᠡᠬᠦ ᠳ᠋ᠦ᠍ ᠶᠡᠷᠦᠩᠬᠡᠢ ᠵᠢᠯᠣᠭᠣᠳᠤᠯᠭ᠎ᠠ ᠂ ᠶᠡᠷᠦᠩᠬᠡᠢ ᠵᠢᠷᠤᠮᠯᠠᠯ ᠬᠠᠩᠭᠠᠵᠠᠢ ᠭᠡᠵᠦ ᠣᠯᠠᠨ ᠵᠢᠨᠷ ᠵᠢᠨᠨ ᠰᠠᠨᠠᠯ ᠨᠢᠭᠡᠲᠡᠢ ᠦᠵᠡᠵᠡᠭᠡᠪᠡ᠃

ᠲᠥᠯᠥᠭᠡᠯᠡᠭᠴᠢᠳ ᠂ ᠵᠠᠪᠠᠯ ᠤᠯᠤᠰ ᠲᠥᠷᠥ ᠵᠢᠨ ᠵᠣᠭᠰᠣᠴᠠ ᠪᠠᠨ ᠳᠡᠭᠡᠭᠰᠢᠯᠡᠭᠦᠯᠵᠦ ᠂ ᠤᠯᠤᠰ ᠲᠥᠷᠥ ᠵᠢᠨ ᠤᠬᠠᠮᠰᠠᠷ ᠵᠢᠨᠨ ᠴᠢᠩᠭᠠᠳᠬᠠᠵᠦ᠂ 《ᠲᠠᠪᠤᠨ ᠵᠠᠢᠯᠠᠰᠢ ᠦᠭᠡᠢ ᠵᠠᠮᠨᠠᠬᠤ ᠵᠠᠮ》 ᠤ᠋ᠨ ᠴᠢᠬᠤᠯᠠ ᠶᠡᠬᠡ ᠠᠴᠢ ᠬᠣᠯᠪᠣᠭᠳᠠᠯ ᠢ᠋ ᠭᠦᠢᠴᠡᠳ ᠲᠠᠨᠢᠵᠤ᠂ ᠳᠤᠮᠳᠠᠳᠤ ᠵᠢᠨ ᠦᠨᠳᠦᠰᠦᠲᠡᠨ ᠤ᠋ ᠬᠠᠮᠲᠤ ᠵᠢᠨ ᠴᠣᠭᠴᠠ ᠵᠢᠨ ᠤᠬᠠᠮᠰᠠᠷ ᠢ᠋ ᠪᠠᠲᠤ ᠴᠤᠭᠴᠠᠯᠠᠬᠤ ᠵᠢᠨ ᠲᠤᠢᠯ ᠤ᠋ᠨ ᠴᠢᠬᠤᠯᠠ ᠴᠢᠨᠠᠷ ᠢ᠋ ᠭᠦᠨᠵᠡᠭᠡᠢ ᠣᠢᠯᠠᠭᠠᠵᠤ᠂ ᠤᠯᠤᠰ ᠤ᠋ᠨ ᠠᠮᠢ ᠠᠬᠤᠢ ᠵᠢᠨ ᠠᠮᠤᠷ ᠲᠦᠪᠰᠢᠨ ᠂ ᠡᠨᠧᠷᠭᠢ ᠵᠢᠨ ᠠᠮᠤᠷ ᠲᠦᠪᠰᠢᠨ᠂ ᠠᠮᠤ ᠪᠤᠳᠠᠭᠠᠨ ᠤ᠋ ᠠᠮᠤᠷ ᠲᠦᠪᠰᠢᠨ᠂ ᠠᠵᠤ ᠦᠢᠯᠡᠰ ᠤ᠋ᠨ ᠠᠮᠤᠷ ᠲᠦᠪᠰᠢᠨ ᠢ᠋ ᠬᠠᠮᠠᠭᠠᠯᠠᠬᠤ ᠴᠢᠬᠤᠯᠠ ᠶᠡᠬᠡ ᠤᠯᠤᠰ ᠲᠥᠷᠥ ᠵᠢᠨ ᠬᠠᠷᠢᠭᠤᠴᠠᠯᠭ᠎ᠠ ᠵᠢ ᠡᠷᠡᠰ ᠡᠭᠦᠷᠭᠡᠯᠡᠵᠦ᠂ ᠶᠡᠷᠦᠩᠬᠡᠢ ᠱᠦᠵᠢ ᠵᠢᠨ ᠵᠢᠭᠠᠵᠦ ᠦᠭᠭᠦᠭᠰᠠᠨ ᠴᠢᠭᠯᠡᠯ ᠵᠢᠨᠷ ᠰᠢᠨ᠎ᠡ ᠠᠶᠠᠨ ᠳ᠋ᠠᠭᠠᠨ ᠡᠷᠡᠰ ᠭᠤᠢᠪᠢᠰᠢ ᠦᠭᠡᠢ ᠤᠷᠤᠭᠰᠢᠯᠠᠵᠤ ᠂ ᠰᠢᠨ᠎ᠡ ᠴᠠᠭ ᠦᠶ᠎ᠡ ᠳ᠋ᠦ᠍ ᠭᠠᠪᠢᠶ᠎ᠠ ᠪᠠᠢᠭᠤᠯᠵᠤ ᠂ ᠪᠣᠳᠠᠲᠤ ᠠᠵᠢᠯᠯᠠᠭ᠎ᠠ ᠪᠠᠷ ᠵᠢᠨᠨ 《ᠬᠣᠶᠠᠷ ᠢ᠋ ᠲᠣᠭᠲᠠᠭᠠᠬᠤ》 ᠵᠢ ᠬᠦᠷᠢᠶᠡᠯᠡᠵᠦ ᠂ 《ᠬᠣᠶᠠᠷ ᠢ᠋ ᠬᠠᠮᠠᠭᠠᠯᠠᠬᠤ》 ᠵᠢ ᠦᠢᠯᠡᠳᠦᠯᠭᠡᠵᠢᠭᠦᠯᠬᠦ ᠬᠡᠷᠡᠭᠲᠡᠢ ᠭᠡᠵᠤ ᠤᠯᠠᠨ ᠵᠢᠡᠷ ᠵᠢᠡᠨ ᠰᠠᠨᠠᠯ ᠨᠢᠭᠡᠳᠠᠢ ᠢᠯᠡᠷᠭᠡᠢᠯᠡᠵᠡᠭᠡᠪᠡ᠃ ᠬᠠᠮᠲᠤ᠎ᠳ᠋ᠤᠨᠢ᠂ ᠲᠤᠰ ᠲᠤᠰ ᠤ᠋ᠨ ᠠᠵᠢᠯ ᠤ᠋ᠨ ᠪᠠᠢᠷᠢ ᠵᠢᠨ ᠡᠭᠦᠷᠭᠡ ᠬᠠᠷᠢᠭᠤᠴᠠᠯᠭ᠎ᠠ ᠪᠠ ᠠᠵᠢᠯ ᠤ᠋ᠨ ᠪᠣᠳᠠᠲᠤ ᠪᠠᠢᠳᠠᠯ ᠲᠠᠢ ᠪᠠᠨ ᠤᠶᠠᠯᠳᠤᠭᠤᠯᠤᠨ᠂ ᠡᠭᠦᠷᠭᠡ ᠬᠠᠷᠢᠭᠤᠴᠠᠯᠭ᠎ᠠ ᠪᠠᠨ ᠨᠠᠷᠢᠨ ᠬᠢᠨᠠᠮᠠᠭᠠᠢ ᠭᠦᠢᠴᠡᠳᠭᠡᠵᠦ᠂ ᠵᠢᠱ᠌ᠢᠢ᠎ᠡ ᠦᠵᠡᠭᠦᠯᠵᠦ ᠳᠠᠢᠴᠢᠯᠠᠬᠤ ᠦᠢᠯᠡᠳᠦᠯ ᠵᠢᠨᠨ ᠦᠨᠡᠨ ᠬᠦ᠌ ᠪᠠᠳᠠᠷᠠᠭᠤᠯᠵᠤ ᠂ ᠬᠦᠨᠳᠦ ᠵᠢ ᠮᠡᠳᠡᠨ ᠬᠦᠨᠳᠦ ᠵᠢ ᠡᠭᠦᠷᠭᠡᠯᠡᠵᠦ᠂ ᠬᠦᠴᠢᠷ ᠪᠡᠷᠭᠡ ᠵᠢ ᠲᠤᠭᠤᠯᠤᠨ ᠳᠠᠪᠠᠵᠤ᠂ ᠮᠡᠷᠡᠢᠨ ᠴᠢᠷᠮᠠᠢᠵᠤ᠂ ᠴᠥᠬᠥᠷᠡᠰᠢ ᠦᠭᠡᠢ ᠴᠢᠷᠮᠠᠢᠨ ᠠᠵᠢᠯᠯᠠᠵᠤ᠂ ᠨᠠᠮ ᠳ᠋ᠠᠭᠠᠨ ᠣᠰᠣᠯᠳᠠᠬᠤ ᠦᠭᠡᠢ᠂ ᠠᠷᠠᠳ ᠲᠦᠮᠡᠨ ᠳ᠋ᠡᠭᠡᠨ ᠣᠰᠣᠯᠳᠠᠬᠤ ᠦᠭᠡᠢ᠂ ᠴᠠᠭ ᠦᠶ᠎ᠡ ᠳ᠋ᠡᠭᠡᠨ ᠣᠰᠣᠯᠳᠠᠬᠤ ᠦᠭᠡᠢ ᠰᠢᠨ᠎ᠡ ᠠᠮᠵᠢᠯᠲᠠ ᠪᠦᠲᠦᠮᠵᠢ ᠵᠢ ᠴᠢᠷᠮᠠᠢᠨ ᠡᠭᠦᠳᠴᠦ ᠂ ᠪᠦᠬᠦ ᠤᠯᠤᠰ ᠤ᠋ᠨ ᠦᠨᠳᠦᠰᠦᠲᠡᠨ ᠨᠦ᠍ᠭᠦᠳ ᠤ᠋ᠨ ᠠᠷᠠᠳ ᠲᠦᠮᠡᠨ᠎ᠲᠡᠢ ᠬᠠᠮᠲᠤ ᠪᠠᠷ ᠠᠭᠤᠤ ᠶᠡᠬᠡ ᠡᠬᠡ ᠤᠯᠤᠰ ᠵᠢᠨᠨ ᠪᠦᠲᠦᠭᠡᠨ ᠪᠠᠢᠭᠤᠯᠵᠤ ᠂ ᠰᠠᠢᠨ ᠰᠠᠢᠬᠠᠨ ᠠᠮᠢᠳᠤᠷᠠᠯ ᠵᠢᠨᠨ ᠬᠠᠮᠲᠤ ᠪᠠᠷ ᠴᠣᠭᠴᠠᠯᠠᠨ᠎ᠠ ᠭᠡᠵᠤ ᠣᠯᠠᠨ ᠵᠢᠨᠷ ᠵᠢᠨᠨ ᠢᠯᠡᠷᠬᠡᠢᠯᠡᠭᠰᠡᠨ ᠪᠠᠢᠨ᠎ᠠ ᠃

ᠲᠠᠨᠢᠯᠴᠠᠭᠤᠯᠤᠭᠰᠠᠨ ᠵᠢᠨᠷ᠂ ᠬᠤᠷᠠᠯ ᠤ᠋ᠨ ᠬᠤᠭᠤᠴᠠᠭᠠᠨ ᠳ᠋ᠦ᠍ ᠲᠥᠯᠥᠭᠡᠯᠡᠭᠴᠢᠳ ᠲᠥᠷᠥ ᠵᠢᠨ ᠳᠡᠭᠡᠳᠦ ᠡᠷᠬᠡᠲᠦ ᠪᠠᠢᠭᠤᠯᠭ᠎ᠠ ᠵᠢᠨ ᠪᠦᠷᠢᠯᠳᠦᠬᠦᠨ ᠨᠠᠷ ᠤ᠋ᠨ ᠡᠭᠦᠷᠭᠡ ᠬᠠᠷᠢᠭᠤᠴᠠᠯᠭ᠎ᠠ ᠵᠢ ᠡᠭᠦᠷᠭᠡᠯᠡᠵᠦ ᠂ ᠬᠡᠬᠦᠳᠡᠭ ᠴᠡᠭᠡᠵᠢᠨ᠎ᠳ᠋ᠡᠭᠡᠨ 《ᠬᠣᠶᠠᠷ ᠶᠡᠬᠡ ᠲᠠᠯ᠎ᠠ》 ᠵᠢ ᠪᠠᠭᠲᠠᠭᠠᠵᠤ ᠂ 《ᠤᠯᠤᠰ ᠤ᠋ᠨ ᠶᠡᠭᠡ ᠶᠠᠪᠤᠳᠠᠯ》 ᠲᠠᠢ ᠰᠡᠳᠭᠢᠯ ᠵᠢᠷᠦᠬᠡ᠎ᠪᠡᠨ ᠬᠣᠯᠪᠣᠵᠤ᠂  ᠵᠠᠰᠠᠭ᠎ᠤᠨ ᠤᠷᠳᠤᠨ᠎ᠤ ᠠᠵᠢᠯ᠎ᠤᠨ ᠢᠯᠡᠳᠭᠡᠯ᠂ ᠡᠯ᠎ᠡ ᠵᠦᠢᠯ ᠤ᠋ᠨ ᠮᠡᠳᠡᠭᠦᠯᠦᠯᠳᠡ ᠪᠣᠯᠤᠨ ᠬᠠᠤᠯᠢ ᠲᠦᠷᠢᠮ ᠂ ᠠᠷᠭ᠎ᠠ ᠂ ᠲᠣᠭᠲᠠᠭᠠᠯ ᠤ᠋ᠨ ᠲᠥᠰᠦᠯ ᠢ᠋ ᠨᠠᠷᠢᠨ ᠬᠢᠨᠠᠮᠠᠭᠠᠢ ᠬᠢᠨᠠᠨ ᠵᠦᠪᠯᠡᠪᠡ ᠃

ᠵᠠᠰᠠᠭ ᠤ᠋ᠨ ᠣᠷᠳᠣᠨ ᠤ᠋ ᠠᠵᠢᠯ ᠤ᠋ᠨ ᠢᠯᠡᠳᠭᠡᠯ ᠢ᠋ ᠬᠢᠨᠠᠨ ᠵᠦᠪᠯᠡᠭᠦ ᠦᠶ᠎ᠡ ᠳ᠋ᠦ᠍ ᠂ ᠲᠥᠯᠥᠭᠡᠯᠡᠭᠴᠢᠳ ᠵᠠᠰᠠᠭ ᠤ᠋ᠨ ᠣᠷᠳᠣᠨ ᠤ᠋ ᠠᠵᠢᠯ ᠤ᠋ᠨ ᠢᠯᠡᠳᠭᠡᠯ ᠢ᠋ ᠰᠣᠨᠣᠰᠤᠭᠠᠳ ᠶᠡᠬᠡᠳᠡ ᠵᠣᠷᠢᠭᠵᠢᠵᠤ᠂ ᠢᠲᠡᠭᠡᠯ ᠵᠣᠷᠢᠭ ᠨᠢ ᠳᠠᠬᠢᠨ ᠵᠢᠨᠷ ᠨᠡᠮᠡᠭᠳᠡᠵᠡᠢ᠃ ᠵᠠᠰᠠᠭ ᠤ᠋ᠨ ᠣᠷᠳᠣᠨ ᠤ᠋ ᠠᠵᠢᠯ ᠤ᠋ᠨ ᠢᠯᠡᠳᠭᠡᠯ ᠳ᠋ᠡᠬᠢ ᠠᠯᠢ ᠣᠯᠠᠨ ᠲᠣᠭ᠎ᠠ ᠪᠠᠷᠢᠮᠲᠠ᠂ ᠠᠯᠢ ᠣᠯᠠᠨ ᠭᠦᠢᠴᠡᠳᠭᠡᠬᠦ ᠲᠣᠭ᠎ᠠ᠂ ᠠᠯᠢ ᠣᠯᠠᠨ ᠠᠷᠭ᠎ᠠ ᠬᠡᠮᠵᠢᠢ᠎ᠡ ᠨᠢ ᠳᠤᠮᠳᠠᠳᠤ ᠤᠯᠤᠰ ᠤ᠋ᠨ ᠠᠵᠤ ᠠᠬᠤᠢ ᠨᠡᠢᠭᠡᠮ ᠤ᠋ᠨ ᠬᠥᠭᠵᠢᠯᠲᠡ ᠵᠢᠨ ᠢᠳᠡ ᠬᠦᠴᠦ ᠪᠠ ᠢᠲᠡᠭᠡᠯ ᠵᠤᠷᠢᠭ ᠢ᠋ ᠬᠠᠷᠠᠭᠤᠯᠪᠠ ︔ ᠠᠵᠢᠯ ᠣᠯᠭᠣᠯᠲᠠ ᠂ ᠨᠡᠢᠭᠡᠮ ᠤ᠋ᠨ ᠪᠠᠲᠤᠯᠠᠭ᠎ᠠ ᠂ ᠤᠷ᠎ᠠ ᠮᠡᠷᠭᠡᠰᠢᠯ ᠳᠠᠢ ᠴᠢᠳᠠᠪᠤᠷᠢᠲᠠᠨ ᠂ ᠰᠤᠷᠭᠠᠨ ᠬᠥᠮᠦᠵᠢᠯ᠂ ᠡᠮ ᠡᠮᠨᠡᠯᠭᠡ᠂ ᠣᠷᠣᠨ ᠰᠠᠭᠤᠴᠠ ᠵᠡᠷᠭᠡ ᠠᠷᠠᠳ ᠤ᠋ᠨ ᠠᠮᠢᠳᠤᠷᠠᠯ ᠤ᠋ᠨ ᠠᠵᠢᠯ ᠢ᠋ ᠠᠬᠢᠭᠤᠯᠬᠤ ᠠᠷᠭ᠎ᠠ ᠬᠡᠮᠵᠢᠢ᠎ᠡ ᠪᠤᠳᠠᠳᠠᠢ ᠪᠠᠢᠵᠤ᠂ ᠪᠦᠬᠦ ᠠᠷᠠᠳ᠎ᠲᠤ᠌ ᠠᠰᠢᠭ ᠬᠦᠷᠲᠡᠭᠡᠬᠦ《ᠠᠷᠠᠳ ᠤ᠋ᠨ ᠠᠮᠢᠳᠤᠷᠠᠯ ᠤ᠋ᠨ ᠪᠡᠯᠡᠭ》 ᠭᠦᠢᠴᠡᠳ ᠪᠠᠢᠨ᠎ᠠ᠃ ᠵᠠᠰᠠᠭ ᠤ᠋ᠨ ᠣᠷᠳᠣᠨ ᠤ᠋ ᠠᠵᠢᠯ ᠤ᠋ᠨ ᠢᠯᠡᠳᠭᠡᠯ ᠢ᠋ ᠬᠢᠨᠠᠨ ᠵᠦᠪᠯᠡᠭᠦ ᠦᠶ᠎ᠡ ᠳ᠋ᠤ᠂ ᠲᠥᠯᠥᠭᠡᠯᠡᠭᠴᠢᠳ ᠦᠨᠳᠦᠰᠦᠲᠡᠨ ᠤ᠋ ᠪᠦᠯᠬᠦᠮᠳᠡᠯ ᠬᠢᠯᠢ ᠬᠢᠵᠠᠭᠠᠷ ᠤ᠋ᠨ ᠲᠣᠭᠲᠠᠭᠤᠨ ᠪᠠᠢᠳᠠᠯ ᠢ᠋ ᠯᠠᠪᠳᠠᠭᠤᠨ ᠵᠢᠨᠷ ᠠᠬᠢᠭᠤᠯᠬᠤ᠂ ᠣᠳᠣ ᠦᠶ᠎ᠡ ᠵᠢᠨ ᠡᠨᠧᠷᠭᠢ ᠵᠢᠨ ᠠᠵᠤ ᠠᠬᠤᠢ ᠵᠢ ᠬᠥᠭᠵᠢᠭᠦᠯᠬᠦ᠂ ᠪᠣᠬᠢᠷᠲᠤᠯ ᠦᠭᠡᠢ ᠣᠷᠭᠠᠨᠢᠭ ᠮᠠᠯ ᠤ᠋ᠨ ᠠᠰᠢᠭ ᠰᠢᠮ᠎ᠡ ᠲᠠᠷᠢᠶᠠᠯᠠᠩ ᠤ᠋ᠨ ᠪᠦᠲᠦᠭᠡᠭᠳᠡᠬᠦᠨ ᠤ᠋ ᠪᠦᠲᠦᠭᠡᠨ ᠪᠠᠢᠭᠤᠯᠤᠯᠲᠠ᠂ ᠬᠥᠳᠡᠭᠡ ᠲᠣᠰᠭᠣᠨ ᠢ᠋ ᠬᠥᠭᠵᠢᠭᠦᠯᠦᠨ ᠮᠠᠨᠳᠤᠭᠤᠯᠬᠤ ᠵᠡᠷᠭᠡ ᠠᠰᠠᠭᠤᠳᠠᠯ ᠤ᠋ᠨ ᠲᠣᠭᠣᠷᠢᠨ ᠳ᠋ᠦ᠍ ᠬᠢᠨᠠᠨ ᠵᠥᠪᠯᠡᠭᠰᠡᠨ ᠰᠠᠨᠠᠯ ᠵᠢᠨᠨ ᠳᠤᠷᠠᠳᠴᠤ᠂ ᠳᠤᠮᠳᠠᠳᠤ ᠵᠢᠨ ᠦᠨᠳᠦᠰᠦᠲᠡᠨ ᠤ᠋ ᠬᠠᠮᠲᠤ ᠵᠢᠨ ᠴᠣᠭᠴᠠ ᠵᠢᠨ ᠤᠬᠠᠮᠰᠠᠷ ᠢ᠋ ᠪᠠᠲᠤ ᠴᠤᠭᠴᠠᠯᠠᠵᠤ᠂ ᠦᠨᠳᠦᠰᠦᠲᠡᠨ ᠤ᠋ ᠠᠵᠢᠯ ᠢ᠋ ᠪᠦᠬᠦ ᠲᠠᠯ᠎ᠠ ᠵᠢᠨ ᠠᠵᠢᠯ ᠤ᠋ᠨ ᠳᠣᠪᠣᠢᠮ᠎ᠠ ᠪᠠᠢᠷᠢᠨ ᠳ᠋ᠦ᠍ ᠲᠠᠯᠪᠢᠵᠤ᠂ ᠢᠳᠡᠪᠬᠢᠲᠡᠢ ᠯᠠᠪᠳᠠᠭᠤᠨ ᠪᠣᠯᠭᠣᠮᠵᠢᠲᠠᠢ᠂ ᠦᠷᠭᠦᠯᠵᠢᠯᠡᠨ ᠭᠦᠨᠵᠡᠭᠡᠢ ᠠᠬᠢᠭᠤᠯᠬᠤ ᠬᠡᠷᠡᠭᠲᠡᠢ ᠭᠡᠵᠦ ᠦᠵᠡᠵᠡᠭᠡᠪᠡ᠃

ᠪᠦᠬᠦ ᠤᠯᠤᠰ ᠤ᠋ᠨ ᠠᠷᠠᠳ ᠤ᠋ᠨ ᠲᠥᠯᠥᠭᠡᠯᠡᠭᠴᠢᠳ ᠤ᠋ᠨ ᠶᠡᠬᠡ ᠬᠤᠷᠠᠯ ᠤ᠋ᠨ ᠪᠠᠢᠩᠭᠤ ᠵᠢᠨ ᠬᠣᠷᠢᠶᠠᠨ ᠤ᠋ ᠠᠵᠢᠯ ᠤ᠋ᠨ ᠮᠡᠳᠡᠭᠦᠯᠦᠯᠲᠡ ᠵᠢ ᠬᠢᠨᠠᠨ ᠵᠥᠪᠯᠡᠬᠦ ᠳ᠋ᠡᠭᠡᠡ ᠂ ᠲᠥᠯᠥᠭᠡᠯᠡᠭᠴᠢᠳ ᠬᠥᠭᠵᠢᠯᠲᠡ ᠵᠢᠨ ᠪᠦᠬᠦ ᠶᠠᠪᠤᠴᠠ ᠵᠢᠨ ᠠᠷᠠᠳ ᠤ᠋ᠨ ᠠᠷᠠᠳᠴᠢᠯᠠᠯ ᠢ᠋ ᠪᠠᠳᠠᠷᠠᠭᠤᠯᠬᠤ ᠵᠢ ᠨᠡᠩ ᠠᠩᠬᠠᠷᠤᠭᠰᠠᠨ ᠪᠠᠢᠨ᠎ᠠ᠃ ᠥᠩᠭᠡᠷᠡᠭᠰᠡᠨ ᠨᠢᠭᠡ ᠵᠢᠯ ᠳ᠋ᠦ᠍᠂ ᠪᠦᠬᠦ ᠶᠠᠪᠤᠴᠠ ᠵᠢᠨ ᠠᠷᠠᠳ ᠤ᠋ᠨ ᠠᠷᠠᠳᠴᠢᠯᠠᠯ ᠳ᠋ᠤ ᠠᠷᠠᠳ ᠤ᠋ᠨ ᠲᠥᠯᠥᠭᠡᠯᠡᠭᠴᠢᠳ ᠤ᠋ᠨ ᠶᠡᠬᠡ ᠬᠤᠷᠠᠯ ᠤ᠋ᠨ ᠪᠠᠢᠩᠭᠤ ᠵᠢᠨ ᠬᠤᠷᠢᠶ᠎ᠠ ᠵᠢᠨ ᠬᠠᠤᠯᠢ ᠲᠣᠭᠲᠠᠭᠠᠬᠤ᠂ ᠬᠢᠨᠠᠯᠲᠠ ᠲᠠᠯᠪᠢᠬᠤ᠂ ᠲᠥᠯᠥᠭᠡᠯᠡᠭᠴᠢᠳ ᠤ᠋ᠨ ᠠᠵᠢᠯ ᠤ᠋ᠨ ᠡᠯ᠎ᠡ ᠲᠠᠯ᠎ᠠ ᠡᠯ᠎ᠡ ᠭᠤᠭᠴᠤᠭ᠎ᠠ ᠵᠢᠨ ᠪᠦᠬᠦ ᠶᠠᠪᠤᠴᠠ ᠳ᠋ᠦ᠍ ᠲᠤᠭᠤᠰᠢᠯᠠᠭᠤᠯᠤᠨ ᠨᠠᠢᠳᠠᠪᠤᠷᠢᠵᠢᠭᠤᠯᠵᠤ᠂ ᠠᠷᠠᠳ ᠤ᠋ᠨ ᠲᠥᠯᠥᠭᠡᠯᠡᠭᠴᠢᠳ ᠤ᠋ᠨ ᠶᠡᠬᠡ ᠬᠤᠷᠠᠯ ᠤ᠋ᠨ ᠪᠠᠢᠭᠤᠯᠤᠯ ᠨᠢ ᠨᠡᠩ ᠴᠣᠭ ᠪᠠᠳᠠᠷᠠᠩᠭᠤᠢ ᠠᠮᠢᠵᠢᠷᠠᠯ ᠤ᠋ᠨ ᠬᠦᠴᠦᠨ ᠢ᠋ ᠢᠯᠡᠷᠡᠭᠦᠯᠪᠡ ᠃ ᠣᠯᠠᠨ ᠵᠢᠨᠷ ᠵᠢᠨᠨ᠂ ᠰᠢᠨ᠎ᠡ ᠰᠢᠯᠭᠠᠯᠲᠠ᠎ᠳᠤ ᠤᠷᠤᠯᠴᠠᠬᠤ ᠵᠠᠮ ᠵᠢᠨᠷ ᠵᠠᠮᠨᠠᠬᠤ ᠳ᠋ᠦ᠍᠂ ᠠᠷᠠᠳ ᠤ᠋ᠨ ᠲᠥᠯᠥᠭᠡᠯᠡᠭᠴᠢ ᠪᠣᠯᠤᠭᠰᠠᠨ ᠤ᠋ ᠬᠤᠪᠢ ᠳ᠋ᠦ᠍ ᠪᠦᠬᠦ ᠶᠠᠪᠤᠴᠠ ᠵᠢᠨ ᠠᠷᠠᠳ ᠤ᠋ᠨ ᠠᠷᠠᠳᠴᠢᠯᠠᠯ ᠢ᠋ ᠢᠳᠡᠪᠬᠢᠲᠡᠢ ᠦᠢᠯᠡᠳᠦᠯᠭᠡᠵᠢᠭᠦᠯᠵᠦ᠂ ᠣᠯᠠᠨ ᠲᠦᠮᠡᠨ ᠤ᠋ ᠰᠠᠨᠠᠯ ᠰᠠᠨᠠᠭᠤᠯᠭ᠎ᠠ ᠵᠢ ᠭᠦᠢᠴᠡᠳ ᠰᠣᠨᠣᠰᠴᠤ ᠂ ᠨᠠᠮ ᠪᠣᠯᠤᠨ ᠠᠷᠠᠳ ᠣᠯᠠᠨ ᠤ᠋ ᠬᠣᠭᠣᠷᠣᠨᠳᠣᠬᠢ ᠬᠥᠭᠥᠷᠭᠡ ᠬᠣᠯᠪᠣᠭᠠᠰᠤ ᠪᠣᠯᠵᠤ ᠂ ᠨᠠᠮ ᠪᠣᠯᠤᠨ ᠤᠯᠤᠰ ᠤ᠋ᠨ ᠰᠢᠢᠳᠪᠦᠷᠢᠲᠦ ᠪᠣᠳᠣᠯᠭ᠎ᠠ ᠵᠢᠨ ᠭᠣᠭᠴᠣᠭ᠎ᠠ᠂ ᠬᠦᠢᠴᠡᠳᠭᠡᠭᠦ ᠭᠣᠭᠴᠣᠭ᠎ᠠ᠂ ᠬᠢᠨᠠᠯᠲᠠ ᠲᠠᠯᠪᠢᠵᠤ ᠨᠠᠢᠳᠠᠪᠤᠷᠢᠵᠢᠭᠤᠯᠬᠤ ᠭᠣᠭᠴᠣᠭ᠎ᠠ ᠳ᠋ᠦ᠍ ᠴᠥᠮ ᠠᠷᠠᠳ ᠲᠦᠮᠡᠨ ᠤ᠋ ᠰᠠᠨᠠᠯ ᠢ᠋ ᠰᠣᠨᠣᠰᠴᠤ ᠂ ᠠᠷᠠᠳ ᠲᠦᠮᠡᠨ ᠣᠷᠣᠯᠴᠠᠬᠤ ᠵᠢ ᠪᠠᠲᠤᠯᠠᠬᠤ ᠬᠡᠷᠡᠭᠲᠡᠢ ᠭᠡᠵᠦ ᠢᠯᠡᠳᠭᠡᠵᠡᠭᠡᠪᠡ᠃

ᠠᠷᠠᠳ ᠤ᠋ᠨ ᠲᠡᠭᠡᠳᠤ ᠰᠢᠬᠦᠬᠦ ᠬᠤᠷᠢᠶ᠎ᠠ ᠪᠤᠯᠤᠨ ᠠᠷᠠᠳ ᠤ᠋ᠨ ᠲᠡᠭᠡᠳᠤ ᠪᠠᠢᠴᠠᠭᠠᠬᠤ ᠬᠤᠷᠢᠶ᠎ᠠ ᠢ᠋ᠢᠨ ᠠᠵᠢᠯ ᠤ᠋ᠨ ᠮᠡᠳᠡᠬᠦᠯᠦᠯᠳᠡ ᠪᠤᠯ ᠲᠥᠯᠥᠭᠡᠯᠡᠭᠴᠢᠳ ᠤ᠋ᠨ ᠠᠨᠭᠬᠠᠷᠴᠤ ᠪᠠᠢᠭ᠎ᠠ ᠪᠠᠰᠠ ᠨᠢᠭᠡᠨ ᠬᠠᠯᠠᠮᠰᠢᠯ ᠠᠰᠠᠭᠤᠳᠠᠯ ᠪᠣᠯᠤᠨ᠎ᠠ᠃ ᠥᠩᠭᠡᠷᠡᠭᠰᠡᠨ ᠨᠢᠭᠡ ᠵᠢᠯ ᠳ᠋ᠦ᠍ ᠂ ᠨᠡᠩ ᠥᠨᠳᠥᠷ ᠲᠦᠪᠰᠢᠨ ᠪᠦᠬᠦᠢ ᠠᠮᠤᠭᠤᠯᠠᠨᠭᠳᠤ ᠳᠤᠮᠳᠠᠳᠤ ᠤᠯᠤᠰ ᠂ ᠬᠠᠤᠯᠢᠵᠢᠯ ᠤ᠋ᠨ ᠳᠤᠮᠳᠠᠳᠤ ᠤᠯᠤᠰ ᠤ᠋ᠨ ᠪᠠᠢᠭᠤᠯᠤᠯᠲᠠ ᠵᠢ ᠲᠦᠷᠭᠡᠳᠭᠡᠨ ᠠᠬᠢᠭᠤᠯᠵᠤ ᠂ ᠠᠷᠠᠳ ᠤ᠋ᠨ ᠲᠡᠭᠡᠳᠤ ᠰᠢᠬᠦᠬᠦ ᠬᠤᠷᠢᠶ᠎ᠠ ᠪᠤᠯᠤᠨ ᠠᠷᠠᠳ ᠤ᠋ᠨ ᠲᠡᠭᠡᠳᠤ ᠪᠠᠢᠴᠠᠭᠠᠬᠤ ᠬᠤᠷᠢᠶ᠎ᠠ  ᠬᠢᠯᠠᠯᠵᠠᠮ᠎ᠠ 《 ᠬᠢᠷᠢ ᠪᠦᠲᠦᠮᠵᠢ ᠵᠢᠨ ᠬᠠᠭᠤᠳᠠᠰᠤ 》 ᠢ᠋ᠢ ᠲᠤᠰᠢᠶᠠᠵᠤ ᠂ 《 ᠠᠷᠪᠠᠨ ᠳᠥᠷᠪᠡᠳᠦᠭᠡᠷ ᠲᠠᠪᠤᠨ ᠵᠢᠯ》 ᠤ᠋ᠨ ᠰᠠᠢᠨ ᠰᠠᠢᠬᠠᠨ ᠡᠬᠢᠯᠡᠯᠲᠡ ᠵᠢ ᠬᠦᠴᠦᠲᠡᠢ ᠪᠠᠲᠤᠯᠠᠪᠠ᠃ ᠰᠢᠨ᠎ᠡ ᠨᠢᠭᠡ ᠵᠢᠯ ᠳ᠋ᠦ᠍᠂ ᠲᠥᠯᠥᠭᠡᠯᠡᠭᠴᠢᠳ ᠠᠷᠠᠳ ᠣᠯᠠᠨ ᠳ᠋ᠦ᠍ ᠬᠠᠤᠯᠢ ᠴᠠᠭᠠᠵᠠ ᠵᠢᠨ ᠳᠦᠷᠢᠮ ᠪᠤᠯᠭᠠᠨ᠂ ᠬᠠᠤᠯᠢ ᠬᠡᠷᠡᠭᠵᠢᠭᠦᠯᠬᠦ ᠲᠣᠭᠲᠠᠭᠠᠯ ᠪᠤᠯᠭᠠᠨ᠂ ᠬᠠᠤᠯᠢ ᠪᠠᠷᠢᠵᠤ ᠰᠢᠢᠳᠪᠤᠷᠢᠯᠡᠭᠰᠡᠨ ᠬᠡᠷᠡᠭ ᠪᠤᠯᠭᠠᠨ ᠡᠴᠡ ᠴᠥᠮ ᠲᠥᠪ ᠭᠣᠣᠯᠴᠢ ᠰᠢᠳᠤᠷᠭᠤ ᠶᠣᠰᠣ ᠵᠢ ᠪᠠᠷᠢᠮᠳᠠᠯᠠᠭᠰᠠᠨ ᠲᠦᠷᠦᠭᠳᠡᠯ ᠤᠯᠭᠤᠵᠤ᠂ ᠬᠠᠤᠯᠢ ᠪᠠᠷᠢᠬᠤ ᠢ᠋ᠢ ᠡᠷᠴᠢᠮ᠎ᠲᠡᠢ ᠪᠥᠭᠡᠳ ᠬᠠᠯᠠᠭᠤᠨ ᠳᠤᠯᠠᠭᠠᠨ ᠪᠠᠢᠬᠤ ᠵᠢ ᠨᠡᠩ ᠢᠯᠡᠭᠦᠦ ᠬᠦᠰᠡᠨ ᠡᠷᠡᠮᠡᠯᠵᠡᠵᠦ ᠪᠠᠢᠨ᠎ᠠ᠃

ᠲᠠᠨᠢᠯᠴᠠᠭᠤᠯᠤᠭᠰᠠᠨ ᠵᠢᠨᠷ᠂ ᠶᠡᠬᠡ ᠬᠤᠷᠠᠯ ᠤ᠋ᠨ ᠬᠤᠭᠤᠴᠠᠭᠠᠨ ᠳ᠋ᠦ᠍᠂ ᠥᠪᠥᠷ ᠮᠣᠩᠭᠣᠯ ᠤ᠋ᠨ ᠲᠥᠯᠥᠭᠡᠯᠡᠭᠴᠢᠳ ᠤ᠋ᠨ ᠪᠦᠯᠬᠦᠮ ᠤ᠋ᠨ ᠲᠥᠯᠥᠭᠡᠯᠡᠭᠴᠢᠳ ᠨᠡᠢᠲᠡ 114 ᠬᠤᠪᠢ ᠰᠠᠨᠠᠭᠤᠯᠭ᠎ᠠ ᠳᠡᠪᠰᠢᠭᠦᠯᠪᠡ᠃ ᠡᠨᠡ ᠵᠢᠯ ᠤ᠋ᠨ ᠲᠥᠯᠥᠭᠡᠯᠡᠭᠴᠢᠳ ᠤ᠋ᠨ ᠳᠤᠷᠠᠳᠤᠭᠰᠠᠨ ᠰᠠᠨᠠᠯ ᠰᠠᠨᠠᠭᠤᠯᠭ᠎ᠠ ᠨᠢ ᠤᠯᠤᠰ ᠤ᠋ᠨ ᠬᠥᠭᠵᠢᠯᠲᠡ ᠵᠢᠨ ᠶᠡᠬᠡ ᠲᠠᠯ᠎ᠠ ᠳ᠋ᠤ ᠬᠣᠯᠪᠣᠭᠳᠠᠵᠤ᠂ ᠥᠪᠥᠷ ᠮᠣᠩᠭᠣᠯ ᠤ᠋ᠨ ᠴᠢᠨᠠᠷ ᠰᠠᠢᠳᠠᠢ ᠬᠥᠭᠵᠢᠯᠲᠡ᠎ᠳ᠋ᠤ ᠬᠣᠯᠪᠣᠭᠳᠠᠨ᠎ᠠ᠃ ᠰᠠᠨᠠᠭᠤᠯᠭ᠎ᠠ ᠨᠢ ᠨᠠᠮ ᠤ᠋ᠨ ᠲᠥᠪ ᠬᠣᠷᠢᠶᠠᠨ ᠤ᠋ ᠰᠢᠢᠳᠪᠦᠷᠢᠲᠦ ᠪᠣᠳᠣᠯᠭ᠎ᠠ ᠪᠠᠢᠷᠢᠯᠠᠭᠤᠯᠤᠯᠲᠠ ᠵᠢ ᠡᠷᠡᠰ ᠲᠤᠭᠤᠰᠢᠯᠠᠭᠤᠯᠤᠨ ᠨᠠᠢᠳᠠᠪᠤᠷᠢᠵᠢᠭᠤᠯᠵᠤ᠂ ᠰᠢᠨ᠎ᠡ ᠬᠥᠭᠵᠢᠯᠲᠡ ᠵᠢᠨ ᠣᠢᠯᠠᠭᠠᠭᠳᠠᠬᠤᠨ ᠢ᠋ ᠪᠦᠷᠢᠨ ᠪᠦᠳᠦᠨ᠂ ᠵᠦᠪ ᠤᠨᠤᠪᠴᠢᠳᠡᠢ᠂ ᠪᠦᠬᠦ ᠲᠠᠯ᠎ᠠ ᠪᠠᠷ ᠲᠤᠭᠤᠰᠢᠯᠠᠭᠤᠯᠵᠤ᠂ ᠥᠪᠥᠷ ᠮᠣᠩᠭᠣᠯ ᠤ᠋ᠨ ᠤᠯᠤᠰ ᠤ᠋ᠨ ᠠᠮᠢ ᠠᠬᠤᠢ ᠵᠢᠨ ᠠᠮᠤᠷ ᠲᠦᠪᠰᠢᠨ᠂ ᠡᠨᠧᠷᠭᠢ ᠵᠢᠨ ᠠᠮᠤᠷ ᠲᠦᠪᠰᠢᠨ ᠂ ᠠᠮᠤ ᠪᠤᠳᠠᠭᠠᠨ ᠤ᠋ ᠠᠮᠤᠷ ᠲᠦᠪᠰᠢᠨ᠂ ᠠᠵᠤ ᠦᠢᠯᠡᠰ ᠤ᠋ᠨ ᠠᠮᠤᠷ ᠲᠦᠪᠰᠢᠨ ᠢ᠋ ᠪᠠᠳᠤᠯᠠᠨ ᠬᠠᠮᠠᠭᠠᠯᠠᠬᠤ ᠴᠢᠬᠤᠯᠠ ᠶᠡᠬᠡ ᠤᠯᠤᠰ ᠲᠥᠷᠥ ᠵᠢᠨ ᠬᠠᠷᠢᠭᠤᠴᠠᠯᠭ᠎ᠠ ᠵᠢ ᠭᠦᠢᠴᠡᠳᠭᠡᠬᠦ ᠪᠠ ᠬᠠᠮᠠᠭᠠᠯᠠᠬᠤ ᠵᠢᠨ ᠲᠣᠭᠣᠷᠢᠨ ᠳ᠋ᠦ᠍᠂ ᠮᠠᠨ ᠤ᠋ ᠣᠷᠣᠨ ᠤ᠋ ᠠᠮᠢ ᠠᠬᠤᠢ ᠵᠢ ᠤᠷᠢᠳ ᠢ᠋ᠢᠡᠷ ᠪᠤᠳᠤᠯᠬᠢᠯᠠᠬᠤ᠂ ᠪᠣᠬᠢᠷᠲᠤᠯ ᠥᠬᠡᠢ ᠬᠦᠭᠵᠢᠬᠦᠯᠬᠦ᠎ᠪᠡᠷ ᠤᠳᠤᠷᠢᠳᠤᠮᠵᠢ ᠪᠣᠯᠭᠠᠭᠰᠠᠨ ᠴᠢᠨᠠᠷ ᠰᠠᠢᠳᠠᠢ ᠬᠥᠭᠵᠢᠯᠲᠡ ᠵᠢᠨ ᠰᠢᠨ᠎ᠡ ᠵᠠᠮ ᠵᠢᠨᠷ ᠭᠤᠢᠪᠢᠰᠢ ᠥᠬᠡᠢ ᠵᠠᠮᠨᠠᠬᠤ ᠵᠢᠨ ᠲᠤᠯᠭᠠᠮ ᠱᠠᠭᠠᠷᠳᠠᠯᠭ᠎ᠠ ᠵᠢ ᠢᠯᠡᠷᠡᠭᠦᠯᠦᠨ ᠲᠤᠰᠭᠠᠵᠤ᠂ ᠦᠨᠳᠦᠰᠦᠨ ᠱᠠᠳᠤᠨ ᠤ᠋ ᠪᠣᠳᠠᠲᠤ ᠪᠠᠢᠳᠠᠯ ᠪᠠ ᠠᠷᠠᠳ ᠣᠯᠠᠨ ᠤ᠋ ᠠᠩᠬᠠᠷᠴᠤ ᠪᠠᠢᠭ᠎ᠠ ᠠᠰᠠᠭᠤᠳᠠᠯ ᠢ᠋ ᠢᠯᠡᠷᠡᠭᠦᠯᠦᠨ ᠲᠤᠰᠭᠠᠪᠠ ᠃

— ᠰᠢᠨ᠎ᠡ ᠬᠥᠭᠵᠢᠯᠲᠡ ᠵᠢᠨ ᠪᠠᠢᠷᠢᠰᠢᠯ ᠳ᠋ᠦ᠍ ᠦᠢᠯᠡᠴᠢᠯᠡᠬᠦ ᠪᠠ ᠠᠭᠤᠰᠤᠯᠴᠠᠬᠤ᠂ ᠴᠢᠨᠠᠷ ᠰᠠᠢᠳᠠᠢ ᠬᠥᠭᠵᠢᠯᠲᠡ ᠵᠢ ᠠᠬᠢᠭᠤᠯᠬᠤ ᠲᠠᠯ᠎ᠠ ᠪᠠᠷ᠂ ᠥᠪᠡᠷᠲᠡᠭᠡᠨ ᠵᠠᠰᠠᠬᠤ ᠣᠷᠣᠨ ᠤ᠋ 《ᠬᠣᠶᠠᠷ ᠰᠠᠭᠤᠷᠢᠨ》 ᠤ᠋ ᠪᠦᠲᠦᠭᠡᠨ ᠪᠠᠢᠭᠤᠯᠤᠯᠲᠠ ᠵᠢᠨ ᠲᠣᠭᠣᠷᠢᠨ ᠳ᠋ᠦ᠍᠂ ᠰᠠᠯᠬᠢᠨ ᠬᠦᠴᠦᠨ  ᠬᠡᠷᠡᠯᠴᠢ ᠴᠡᠨᠡᠭ ᠤ᠋ᠨ ᠰᠠᠭᠤᠷᠢᠨ ᠤ᠋ ᠪᠦᠲᠦᠭᠡᠨ ᠪᠠᠢᠭᠤᠯᠤᠯᠲᠠ ᠵᠢ ᠠᠬᠢᠭᠤᠯᠬᠤ᠂ ᠥᠪᠥᠷ ᠮᠣᠩᠭᠣᠯ ᠤ᠋ᠨ ᠵᠡᠭᠦᠨ ᠬᠡᠰᠡᠭ ᠤ᠋ᠨ ᠭᠠᠵᠠᠷ ᠣᠷᠣᠨ ᠤ᠋ ᠰᠢᠨ᠎ᠡ ᠡᠨᠧᠷᠭᠢ ᠵᠢ ᠲᠤᠬᠠᠢ ᠵᠢᠨ ᠭᠠᠵᠠᠷ ᠲᠤᠨᠢ ᠰᠢᠩᠭᠡᠭᠡᠬᠦ ᠵᠢ ᠳᠡᠮᠵᠢᠬᠦ᠂ ᠳᠤᠮᠳᠠᠳᠤ ᠤᠯᠤᠰ ᠤ᠋ᠨ ᠰᠦ ᠵᠢᠨ ᠦᠢᠯᠡᠰ ᠤ᠋ᠨ ᠦᠷᠭᠦᠯᠵᠢᠯᠡᠨ ᠲᠣᠭᠲᠠᠭᠤᠨ ᠵᠢᠨᠷ ᠬᠥᠭᠵᠢᠬᠦ ᠵᠢ ᠠᠬᠢᠭᠤᠯᠬᠤ ᠵᠡᠷᠭᠡ ᠰᠠᠨᠠᠭᠤᠯᠭ᠎ᠠ ᠳᠤᠷᠠᠳᠪᠠ︔ ᠰᠢᠨ᠎ᠡ ᠵᠢ ᠡᠭᠦᠳᠬᠦ᠎ᠪᠡᠷ ᠬᠦᠭᠵᠢᠯᠳᠡ ᠢ᠋ᠢᠨ ᠬᠥᠳᠡᠯᠭᠡᠭᠦᠷ ᠪᠣᠯᠭᠠᠬᠤ ᠪᠠᠢᠯᠳᠤᠬᠤ ᠪᠣᠳᠣᠯᠭ᠎ᠠ ᠵᠢ ᠬᠡᠷᠡᠭᠵᠢᠭᠦᠯᠬᠦ ᠵᠢᠨ ᠲᠣᠭᠣᠷᠢᠨ ᠳ᠋ᠦ᠍᠂ ᠲᠠᠭᠠᠭᠤᠯᠤᠭᠴᠢ ᠠᠵᠤ ᠠᠬᠤᠢᠯᠠᠯ ᠲᠦᠷᠦᠭᠦᠯᠡᠨ ᠤᠯᠤᠰ ᠤ᠋ᠨ ᠴᠢᠬᠤᠯᠠ ᠶᠡᠬᠡ ᠠᠵᠤ ᠦᠢᠯᠡᠰᠵᠢᠯᠲᠡ ᠵᠢᠨ ᠲᠥᠷᠥᠯ ᠵᠦᠢᠯ ᠢ᠋ ᠡᠭᠦᠷᠭᠡᠯᠡᠬᠦ ᠵᠡᠷᠭᠡ ᠰᠠᠨᠠᠭᠤᠯᠭ᠎ᠠ ᠳᠤᠷᠠᠳᠪᠠ ᠃

— ᠬᠣᠲᠠ ᠬᠥᠳᠡᠭᠡ ᠣᠷᠣᠨ ᠪᠦᠰᠡ ᠵᠢᠨ ᠵᠣᠬᠢᠴᠠᠩᠭᠤᠢ ᠬᠥᠭᠵᠢᠯᠲᠡ ᠵᠢ ᠠᠬᠢᠭᠤᠯᠵᠦ᠂ ᠠᠵᠤ ᠠᠬᠤᠢ ᠵᠢᠨ ᠪᠠᠢᠷᠢᠰᠢᠭᠤᠯᠤᠯᠲᠠ ᠵᠢ ᠰᠢᠯᠢᠳᠡᠭᠵᠢᠭᠦᠯᠬᠦ ᠵᠡᠷᠭᠡ ᠲᠠᠯ᠎ᠠ ᠪᠠᠷ᠂ ᠤᠯᠤᠰ ᠤ᠋ᠨ ᠠᠮᠤ ᠪᠤᠳᠠᠭᠠᠨ ᠤ᠋ ᠠᠮᠤᠷ ᠲᠦᠪᠰᠢᠨ ᠢ᠋ ᠪᠠᠲᠤᠯᠠᠬᠤ ᠲᠣᠭᠣᠷᠢᠨ ᠳ᠋ᠦ᠍᠂ ᠥᠪᠥᠷ ᠮᠣᠩᠭᠣᠯ ᠤ᠋ᠨ ᠬᠠᠷ᠎ᠠ ᠬᠥᠷᠥᠰᠥ ᠵᠢ ᠬᠠᠮᠠᠭᠠᠯᠠᠨ ᠠᠰᠢᠭᠯᠠᠬᠤ ᠵᠢ ᠳᠡᠮᠵᠢᠬᠦ ᠡᠷᠴᠢᠮ ᠵᠢᠨᠨ ᠴᠢᠩᠭᠠᠷᠠᠭᠤᠯᠵᠤ᠂ ᠮᠠᠯ ᠠᠵᠤ ᠠᠬᠤᠢ ᠲᠠᠷᠢᠶᠠᠯᠠᠩ ᠤ᠋ᠨ ᠦᠷ᠎ᠡ ᠡᠳ᠋ ᠤ᠋ᠨ ᠡᠬᠢ ᠪᠠᠶᠠᠯᠢᠭ ᠢ᠋ ᠬᠠᠮᠠᠭᠠᠯᠠᠨ ᠠᠰᠢᠭᠯᠠᠬᠤ ᠵᠢ ᠴᠢᠩᠭᠠᠳᠭᠠᠬᠤ ᠵᠡᠷᠭᠡ ᠰᠠᠨᠠᠭᠤᠯᠭ᠎ᠠ ᠳᠤᠷᠠᠳᠪᠠ; ᠣᠯᠠᠨ ᠨᠡᠢᠲᠡ ᠵᠢᠨ ᠦᠢᠯᠡᠴᠢᠯᠡᠭᠡᠨ ᠢ᠋ ᠠᠳᠠᠯᠢ ᠲᠡᠭᠰᠢ ᠪᠣᠯᠭᠠᠬᠤ ᠵᠢ ᠠᠬᠢᠭᠤᠯᠬᠤ ᠲᠣᠭᠣᠷᠢᠨ ᠳ᠋ᠦ᠍ ᠂ ᠮᠠᠯᠵᠢᠬᠤ ᠣᠷᠣᠨ ᠤ᠋ ᠣᠷᠴᠢᠨ ᠲᠣᠭᠣᠷᠢᠨ ᠤ᠋ ᠡᠷᠡᠭᠦᠯ ᠬᠠᠮᠠᠭᠠᠯᠠᠯ ᠢ᠋ ᠶᠡᠷᠦᠩᠬᠡᠢᠯᠡᠨ ᠴᠡᠭᠴᠡᠯᠡᠨ ᠵᠠᠰᠠᠬᠤ ᠵᠢ ᠴᠢᠩᠭᠠᠳᠭᠠᠬᠤ᠂ ᠪᠠᠷᠠᠭᠤᠨ ᠣᠷᠣᠨ ᠤ᠋ ᠮᠣᠵᠢ ᠣᠷᠣᠨ ᠤ᠋ ᠤᠯᠤᠰ ᠤ᠋ᠨ ᠴᠢᠬᠤᠯᠠ ᠶᠡᠬᠡ ᠰᠢᠨᠵᠢᠯᠡᠬᠦ ᠤᠬᠠᠭᠠᠨ ᠤ᠋ ᠰᠤᠳᠤᠯᠭᠠᠨ ᠤ᠋ ᠡᠭᠦᠷᠭᠡ ᠵᠢ ᠡᠭᠦᠷᠭᠡᠯᠡᠬᠦ ᠵᠢ ᠳᠡᠮᠵᠢᠬᠦ ᠵᠢ ᠴᠢᠩᠭᠠᠳᠬᠠᠬᠤ ᠲᠤᠬᠠᠢ ᠵᠡᠷᠭᠡ ᠰᠠᠨᠠᠭᠤᠯᠭ᠎ᠠ ᠲᠣᠷᠠᠳᠪᠠ᠃

— ᠠᠮᠢ ᠠᠬᠤᠢ  ᠣᠷᠴᠢᠨ ᠲᠣᠭᠣᠷᠢᠨ ᠤ᠋ ᠬᠠᠮᠠᠭᠠᠯᠠᠯᠲᠠ ᠵᠢ ᠴᠢᠩᠭᠠᠳᠭᠠᠬᠤ᠂ ᠡᠬᠡ ᠤᠯᠤᠰ ᠤ᠋ᠨ ᠤᠮᠠᠷᠠᠲᠤ ᠵᠢᠨ ᠠᠮᠢ ᠠᠬᠤᠢ ᠵᠢᠨ ᠠᠮᠤᠷ ᠲᠦᠪᠰᠢᠨ ᠤ᠋ ᠬᠠᠯᠬᠠᠪᠴᠢ ᠵᠢ ᠪᠡᠬᠢᠵᠢᠭᠦᠯᠬᠦ ᠲᠠᠯ᠎ᠠ ᠪᠠᠷ᠂ ᠨᠤᠲᠤᠭ ᠪᠡᠯᠴᠢᠭᠡᠷ ᠤ᠋ᠨ ᠠᠮᠢ ᠠᠬᠤᠢ ᠵᠢ ᠵᠠᠰᠠᠨ ᠰᠡᠷᠭᠦᠭᠡᠬᠦ ᠲᠦᠪᠰᠢᠨ ᠢ᠋ ᠳᠡᠭᠡᠭᠰᠢᠯᠡᠭᠦᠯᠬᠦ ᠲᠣᠭᠣᠷᠢᠨ ᠳ᠋ᠦ᠍᠂ ᠨᠤᠲᠤᠭ ᠤ᠋ᠨ ᠡᠪᠡᠰᠦᠨ ᠤ᠋ ᠦᠷ᠎ᠡ ᠡᠳ᠋ ᠤ᠋ᠨ ᠡᠬᠢ ᠪᠠᠶᠠᠯᠢᠭ ᠢ᠋《ᠪᠣᠢᠵᠢᠭᠤᠯᠤᠨ ᠳᠡᠯᠭᠡᠷᠡᠭᠦᠯᠬᠦ》 ᠪᠦᠲᠦᠭᠡᠨ ᠪᠠᠢᠭᠤᠯᠤᠯᠲᠠ ᠵᠢ ᠴᠢᠩᠭᠠᠳᠭᠠᠬᠤ᠂ ᠤᠯᠤᠰ ᠤ᠋ᠨ ᠠᠮᠢ ᠠᠬᠤᠢ ᠵᠢᠨ ᠨᠡᠢᠲᠡ ᠵᠢᠨ ᠠᠰᠠᠷᠠᠮᠵᠢ ᠵᠢᠨ ᠬᠡᠯᠪᠡᠷᠢ ᠵᠢᠨ ᠨᠤᠲᠤᠭ ᠤ᠋ᠨ ᠡᠪᠡᠰᠦᠨ ᠤ᠋ ᠦᠷ᠎ᠡ ᠡᠳ᠋ ᠤ᠋ᠨ ᠡᠬᠢ ᠪᠠᠶᠠᠯᠢᠭ ᠢ᠋ ᠦᠷᠡᠵᠢᠭᠦᠯᠦᠨ ᠪᠣᠢᠵᠢᠭᠤᠯᠬᠤ ᠰᠠᠭᠤᠷᠢᠨ ᠪᠠᠢᠭᠤᠯᠬᠤ ᠰᠠᠨᠠᠭᠤᠯᠭ᠎ᠠ ᠳᠤᠷᠠᠳᠪᠠ︔ ᠨᠡᠭᠦᠷᠡᠰᠦᠲᠥ᠋ᠷᠥᠭᠴᠢ ᠵᠢᠨ ᠭᠠᠳᠠᠭᠰᠢᠯᠠᠭᠤᠯᠤᠯᠳᠠ ᠣᠷᠭᠢᠯ ᠬᠡᠮᠵᠢᠭᠳᠡᠯ ᠳ᠋ᠦ᠍ ᠬᠦᠷᠬᠦ ᠨᠡᠭᠦᠷᠡᠰᠦᠲᠥ᠋ᠷᠥᠭᠴᠢ ᠵᠢ ᠰᠠᠭᠠᠷᠮᠠᠭᠵᠢᠭᠤᠯᠬᠤ ᠠᠵᠢᠯ ᠢ᠋ ᠠᠬᠢᠭᠤᠯᠬᠤ ᠠᠵᠢᠯ᠎ᠤᠨ ᠲᠣᠭᠣᠷᠢᠨ ᠳ᠋ᠦ᠍᠂ 《ᠬᠣᠣᠰ ᠨᠡᠭᠦᠷᠡᠰᠦᠲᠥ᠋ᠷᠥᠭᠴᠢ》 ᠵᠢᠨ ᠬᠠᠷᠠᠯᠲᠠ ᠳᠣᠣᠷᠠᠬᠢ ᠪᠣᠬᠢᠷᠲᠤᠯ ᠥᠬᠡᠢ ᠵᠠᠮ ᠬᠠᠷᠢᠯᠴᠠᠭᠠᠨ ᠤ᠋ ᠬᠥᠭᠵᠢᠯᠲᠡ ᠵᠢ ᠠᠬᠢᠭᠤᠯᠬᠤ ᠂ ᠤᠯᠤᠰ ᠤ᠋ᠨ ᠥᠮᠴᠢᠯᠡᠯ᠎ᠤᠨ ᠣᠢ ᠰᠢᠭᠤᠢ ᠵᠢᠨ ᠨᠡᠭᠦᠷᠡᠰᠦᠲᠥ᠋ᠷᠥᠭᠴᠢ ᠵᠢ ᠬᠤᠷᠠᠮᠳᠤᠭᠤᠯᠤᠨ ᠨᠥᠭᠡᠴᠡᠯᠡᠬᠦ ᠰᠠᠭᠤᠷᠢᠨ᠎ᠤ  ᠲᠤᠷᠰᠢᠯᠲᠠ ᠵᠢᠨ ᠴᠡᠭ᠎ᠤᠨ ᠪᠦᠲᠦᠭᠡᠨ ᠪᠠᠢᠭᠣᠯᠣᠯᠲᠠ᠎ᠶᠢ ᠲᠡᠮᠵᠢᠬᠦ ᠵᠡᠷᠭᠡ ᠰᠠᠨᠠᠭᠤᠯᠭ᠎ᠠ ᠳᠤᠷᠠᠳᠪᠠ ᠃

— ᠨᠡᠢᠭᠡᠮ ᠤ᠋ᠨ ᠵᠠᠰᠠᠯᠲᠠ ᠵᠢ ᠴᠢᠩᠭᠠᠳᠭᠠᠬᠤ᠂ ᠠᠷᠠᠳ ᠤ᠋ᠨ ᠠᠮᠢᠳᠤᠷᠠᠯ ᠤ᠋ᠨ ᠪᠤᠶᠠᠨ ᠵᠢᠷᠭᠠᠯ ᠢ᠋ ᠨᠡᠮᠡᠭᠳᠡᠭᠦᠯᠬᠦ ᠲᠠᠯ᠎ᠠ ᠪᠠᠷ᠂ ᠬᠢᠵᠢᠭ ᠤ᠋ᠨ ᠪᠠᠢᠳᠠᠯ ᠢ᠋ ᠰᠡᠷᠭᠡᠢᠯᠡᠨ ᠡᠵᠡᠮᠳᠡᠬᠦ ᠪᠠ ᠠᠵᠤ ᠠᠬᠤᠢ ᠨᠡᠢᠭᠡᠮ ᠤ᠋ᠨ ᠬᠥᠭᠵᠢᠯᠲᠡ ᠵᠢ ᠨᠢᠭᠡᠳᠦᠯᠲᠡᠢ ᠲᠥᠯᠥᠪᠵᠢᠭᠦᠯᠦᠨ ᠰᠠᠢᠲᠤᠷ ᠬᠢᠬᠦ ᠵᠢᠨ ᠲᠣᠭᠣᠷᠢᠨ ᠳ᠋ᠦ᠍᠂ ᠬᠢᠯᠢ᠎ᠶᠢᠨ ᠪᠣᠭᠣᠮᠲᠠ ᠪᠠᠷ ᠥᠨᠳᠥᠷ ᠪᠦᠲᠦᠮᠵᠢᠲᠡᠢ ᠥᠩᠭᠡᠷᠡᠬᠦ ᠪᠠ ᠬᠢᠵᠢᠭ ᠤ᠋ᠨ ᠪᠠᠢᠳᠠᠯ ᠢ᠋ ᠰᠡᠷᠭᠡᠢᠯᠡᠨ ᠡᠵᠡᠮᠳᠡᠬᠦ ᠴᠢᠳᠠᠪᠤᠷᠢ ᠵᠢᠨ ᠪᠠᠢᠭᠤᠯᠤᠯᠲᠠ ᠵᠢ ᠨᠢᠭᠡᠳᠦᠯᠲᠡᠢ ᠲᠥᠯᠥᠪᠵᠢᠭᠦᠯᠦᠨ ᠠᠬᠢᠭᠤᠯᠬᠤ ᠵᠡᠷᠭᠡ ᠰᠠᠨᠠᠭᠤᠯᠭ᠎ᠠ ᠳᠤᠷᠠᠳᠪᠠ; ᠠᠷᠠᠳᠴᠢᠯᠠᠯ ᠬᠠᠤᠯᠢ ᠪᠠᠷ ᠵᠠᠰᠠᠬᠤ ᠪᠠᠢᠭᠤᠯᠤᠯᠲᠠ ᠵᠢ ᠴᠢᠩᠭᠠᠳᠭᠠᠬᠤ ᠵᠢᠨ ᠲᠣᠭᠣᠷᠢᠨ ᠳ᠋ᠦ᠍᠂ ᠡᠮᠡᠭᠲᠡᠢᠴᠦᠳ ᠬᠡᠦᠬᠡᠳ ᠢ᠋ ᠮᠡᠬᠡᠯᠡᠨ ᠬᠤᠳᠠᠯᠳᠤᠬᠤ ᠠᠵᠢᠯᠯᠠᠭ᠎ᠠ ᠳ᠋ᠦ᠍ ᠴᠢᠩᠭ᠎ᠠ ᠴᠣᠬᠢᠯᠲᠠ ᠥᠭᠬᠦ ᠵᠡᠷᠭᠡ ᠰᠠᠨᠠᠭᠤᠯᠭ᠎ᠠ ᠳᠤᠷᠠᠳᠪᠠ᠃

ᠲᠠᠨᠢᠯᠴᠠᠭᠤᠯᠤᠭᠰᠠᠨ ᠵᠢᠨᠷ᠂ ᠬᠤᠷᠠᠯ ᠤ᠋ᠨ ᠬᠤᠭᠤᠴᠠᠭᠠᠨ ᠳ᠋ᠦ᠍᠂ ᠥᠪᠥᠷ ᠮᠣᠩᠭᠣᠯ ᠤ᠋ᠨ ᠲᠥᠯᠥᠭᠡᠯᠡᠭᠴᠢᠳ ᠤ᠋ᠨ ᠪᠦᠯᠬᠦᠮ ᠬᠤᠷᠠᠯ ᠤ᠋ᠨ ᠰᠤᠷᠲᠠᠯ ᠬᠤᠷᠠᠯ ᠤ᠋ᠨ ᠰᠠᠬᠢᠯᠭ᠎ᠠ ᠪᠠᠲᠤ ᠵᠢ ᠰᠠᠢᠵᠢᠷᠠᠭᠤᠯᠬᠤ ᠪᠣᠳᠠᠲᠠᠢ ᠠᠷᠭ᠎ᠠ ᠬᠡᠮᠵᠢᠶ᠎ᠡ ᠪᠠ ᠬᠢᠵᠢᠭ ᠤ᠋ᠨ ᠪᠠᠢᠳᠠᠯ ᠢ᠋ ᠰᠡᠷᠭᠡᠢᠯᠡᠨ ᠡᠵᠡᠮᠳᠡᠬᠦ ᠪᠢᠲᠡᠬᠦᠮᠵᠢᠯᠡᠭᠰᠡᠨ ᠬᠠᠮᠢᠶᠠᠷᠤᠯᠲᠠ ᠵᠢᠨ ᠶᠡᠷᠦᠩᠬᠡᠢ ᠲᠥᠰᠦᠯ ᠵᠡᠷᠭᠡ ᠡᠯ᠎ᠡ ᠵᠦᠢᠯ ᠤ᠋ᠨ ᠬᠤᠷᠠᠯ ᠤ᠋ᠨ ᠰᠠᠬᠢᠯᠭ᠎ᠠ ᠪᠠᠲᠤ ᠵᠢ ᠴᠢᠩᠭ᠎ᠠ ᠬᠡᠷᠡᠭᠵᠢᠭᠦᠯᠵᠦ ᠂ 《 ᠴᠢᠩᠭ᠎ᠠ 》 ᠪᠠᠢᠬᠤ ᠱᠠᠭᠠᠷᠲᠠᠯᠭ᠎ᠠ ᠪᠠ 《ᠪᠣᠳᠠᠲᠠᠢ》 ᠪᠠᠢᠬᠤ ᠵᠣᠷᠢᠭ ᠰᠠᠨᠠᠭ᠎ᠠ ᠵᠢ ᠬᠤᠷᠠᠯ ᠤ᠋ᠨ ᠰᠤᠷᠲᠠᠯ ᠬᠤᠷᠠᠯ ᠤ᠋ᠨ ᠰᠠᠬᠢᠯᠭ᠎ᠠ ᠪᠠᠲᠤ ᠳ᠋ᠦ᠍ ᠬᠢᠨᠠᠯᠲᠠ ᠲᠠᠯᠪᠢᠬᠤ ᠪᠦᠬᠦ ᠶᠠᠪᠤᠴᠠ ᠵᠢᠨ ᠡᠯ᠎ᠡ ᠲᠠᠯ᠎ᠠ ᠳ᠋ᠦ᠍ ᠢᠯᠡᠷᠡᠭᠦᠯᠵᠡᠢ᠃ ᠬᠤᠷᠠᠯ ᠤ᠋ᠨ ᠬᠤᠭᠤᠴᠠᠭᠠᠨ ᠳ᠋ᠦ᠍᠂ ᠲᠥᠯᠥᠭᠡᠯᠡᠭᠴᠢᠳ ᠤ᠋ᠨ ᠪᠦᠯᠬᠦᠮ ᠤ᠋ᠨ ᠰᠤᠷᠲᠠᠯ ᠴᠢᠬᠡᠴᠢ ᠣᠪᠣᠷ ᠲᠦᠪ ᠵᠢᠨᠷ ᠡᠯ᠎ᠡ ᠵᠦᠢᠯ ᠤ᠋ᠨ ᠵᠥᠪᠯᠡᠬᠦ ᠵᠦᠢᠯ ᠤ᠋ᠨ ᠤᠷᠤᠭᠰᠢᠲᠠᠢ ᠪᠡᠶᠡᠯᠡᠭᠳᠡᠬᠦ ᠵᠢ ᠪᠦᠲᠦᠮᠵᠢᠲᠡᠢ ᠪᠠᠲᠤᠯᠠᠵᠠᠢ᠃ ᠲᠥᠯᠥᠭᠡᠯᠡᠭᠴᠢᠳ ᠶᠡᠬᠡ ᠬᠤᠷᠠᠯ ᠤ᠋ᠨ ᠬᠢᠵᠢᠭ ᠤ᠋ᠨ ᠪᠠᠢᠳᠠᠯ ᠢ᠋ ᠰᠡᠷᠭᠡᠢᠯᠡᠨ ᠡᠵᠡᠮᠳᠡᠬᠦ ᠰᠠᠬᠢᠯᠭ᠎ᠠ ᠪᠠᠲᠤ ᠵᠢ ᠴᠢᠩᠭ᠎ᠠ ᠵᠢᠷᠤᠮᠯᠠᠨ ᠰᠠᠬᠢᠵᠤ᠂ ᠬᠤᠷᠠᠯ ᠤ᠋ᠨ ᠰᠤᠷᠲᠠᠯ ᠬᠤᠷᠠᠯ ᠤ᠋ᠨ ᠰᠠᠬᠢᠯᠭ᠎ᠠ ᠪᠠᠲᠤ ᠪᠣᠯᠤᠨ ᠨᠢᠭᠤᠴᠠ ᠵᠢ ᠬᠠᠮᠠᠭᠠᠯᠠᠬᠤ ᠠᠵᠢᠯ ᠤ᠋ᠨ ᠲᠣᠭᠲᠠᠭᠠᠯ ᠢ᠋ ᠴᠢᠩᠭ᠎ᠠ ᠵᠢᠷᠤᠮᠯᠠᠨ ᠰᠠᠬᠢᠵᠤ᠂ ᠰᠡᠳᠭᠢᠯ ᠰᠠᠨᠠᠭ᠎ᠠ ᠪᠠᠨ ᠨᠢᠭᠡᠳᠭᠡᠨ ᠲᠥᠪᠯᠡᠷᠡᠭᠦᠯᠵᠦ ᠬᠤᠷᠠᠯ ᠳ᠋ᠦ᠍ ᠣᠷᠣᠯᠴᠠᠵᠤ᠂ ᠰᠠᠢᠨ ᠰᠠᠢᠬᠠᠨ ᠬᠤᠷᠠᠯ ᠤ᠋ᠨ ᠰᠤᠷᠲᠠᠯ ᠢ᠋ ᠪᠠᠲᠤᠯᠠᠵᠤ᠂ ᠥᠪᠥᠷ ᠮᠣᠩᠭᠣᠯ ᠤ᠋ᠨ ᠲᠥᠯᠥᠭᠡᠯᠡᠭᠴᠢᠳ ᠤ᠋ᠨ ᠪᠦᠯᠬᠦᠮ ᠤ᠋ᠨ ᠰᠠᠢᠨ ᠰᠠᠢᠬᠠᠨ ᠳᠦᠷᠢ ᠲᠥᠷᠬᠦ ᠵᠢ ᠢᠯᠡᠷᠡᠭᠦᠯᠵᠡᠢ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠹᠦ᠋ ᠭᠸᠨ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠬᠠᠮᠢᠶ᠎ᠡ ᠪᠦᠬᠦᠢ ᠰᠣᠨᠢᠨ

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号