ᠪᠦᠬᠦ ᠤᠯᠤᠰ᠎ᠤᠨ ᠤᠯᠤᠰ ᠲᠦᠷᠦ᠎ᠶᠢᠨ ᠵᠥᠪᠯᠡᠯᠭᠡᠨ᠎ᠦ ᠠᠷᠪᠠᠨ ᠭᠤᠷᠪᠠᠳᠤᠭᠠᠷ ᠬᠤᠭᠤᠴᠠᠭᠠᠨ᠎ᠤ ᠬᠤᠷᠢᠶᠠᠨ ᠤ᠋ ᠲᠠᠪᠤᠳᠤᠭᠠᠷ ᠬᠤᠷᠠᠯ᠎ᠤᠨ ᠬᠤᠭᠤᠴᠠᠭᠠᠨ᠎ᠳᠤ᠂ ᠮᠠᠨ᠎ᠤ ᠣᠷᠣᠨ᠎ᠳᠤ ᠰᠠᠭᠤᠭ᠎ᠠ ᠪᠦᠬᠦ ᠤᠯᠤᠰ᠎ᠤᠨ ᠤᠯᠤᠰ ᠲᠦᠷᠦ᠎ᠶᠢᠨ ᠵᠥᠪᠯᠡᠯᠭᠡᠨ᠎ᠦ ᠭᠡᠰᠢᠭᠦᠳ ᠲᠤᠰᠠᠭᠠᠷ ᠪᠤᠶᠤ ᠨᠡᠷ᠎ᠡ ᠬᠤᠯᠪᠤᠵᠦ ᠶᠡᠬᠡ ᠬᠤᠷᠠᠯ᠎ᠳᠤ 122 ᠬᠤᠪᠢ ᠰᠠᠨᠠᠯ ᠳᠤᠷᠠᠳᠤᠯᠭ᠎ᠠ ᠳᠡᠪᠰᠢᠭᠦᠯᠵᠦ᠂ ᠬᠢᠨᠠᠨ ᠪᠠᠢᠴᠠᠭᠠᠬᠤ᠎ᠪᠠᠷ ᠳᠠᠮᠵᠢᠨ 115 ᠬᠤᠪᠢ᠎ᠶᠢ ᠨᠢ ᠬᠡᠷᠡᠭ ᠪᠣᠯᠭᠠᠨ ᠳᠠᠩᠰᠠᠯᠠᠵᠤ᠂ ᠦᠯᠡᠳᠡᠭᠰᠡᠨ 7 ᠬᠤᠪᠢ᠎ᠶᠢ ᠨᠢ ᠰᠠᠨᠠᠯ ᠰᠠᠨᠠᠭᠤᠯᠭ᠎ᠠ᠎ᠶᠢᠨ ᠬᠤᠪᠢ᠎ᠪᠠᠷ ᠬᠣᠯᠪᠣᠭᠳᠠᠯ ᠪᠦᠬᠦᠢ ᠰᠠᠯᠠᠭ᠎ᠠ ᠮᠥᠴᠢᠷ᠎ᠲᠦ ᠰᠢᠯᠵᠢᠬᠦᠯᠦᠨ ᠲᠤᠰᠢᠶᠠᠪᠠ᠃
ᠡᠮᠬᠢᠯᠡᠨ ᠲᠢᠭᠯᠡᠵᠦ ᠬᠡᠷᠡᠭ ᠪᠣᠯᠭᠠᠨ ᠳᠠᠩᠰᠠᠯᠠᠭᠰᠠᠨ 115 ᠬᠤᠪᠢ ᠰᠠᠨᠠᠯ ᠳᠤᠷᠠᠳᠤᠯᠭ᠎ᠠ ᠵᠢᠨ ᠠᠭᠤᠯᠭ᠎ᠠ ᠳ᠋ᠦ᠂ ᠠᠵᠤ ᠠᠬᠤᠢ᠎ᠶᠢᠨ ᠬᠥᠭᠵᠢᠯᠲᠡ᠂ ᠠᠮᠢ ᠠᠬᠤᠢ᠎ᠶᠢᠨ ᠪᠦᠲᠦᠭᠡᠨ ᠪᠠᠢᠭᠤᠯᠤᠯᠲᠠ᠂ ᠠᠷᠠᠳ᠎ᠤᠨ ᠠᠮᠢᠳᠤᠷᠠᠯ᠎ᠢ ᠰᠠᠢᠵᠢᠷᠠᠭᠤᠯᠬᠤ᠂ ᠦᠨᠳᠦᠰᠦᠲᠡᠨ᠎ᠦ ᠪᠦᠯᠬᠦᠮᠳᠡᠯ ᠵᠡᠷᠭᠡ ᠤᠯᠠᠨ ᠲᠠᠯ᠎ᠠ᠎ᠶᠢ ᠬᠠᠮᠤᠷᠴᠠᠢ᠃ ᠭᠡᠰᠢᠭᠦᠳ᠎ᠦᠨ ᠳᠡᠪᠰᠢᠭᠦᠯᠦᠭᠰᠡᠨ ᠠᠮᠢ ᠠᠬᠤᠢ᠎ᠶᠢᠨ ᠶᠡᠷᠦᠩᠬᠡᠢᠯᠡᠭᠰᠡᠨ ᠵᠠᠰᠠᠯᠲᠠ᠎ᠶᠢ ᠲᠦᠷᠭᠡᠳᠬᠡᠨ ᠬᠡᠷᠡᠭᠵᠢᠭᠦᠯᠵᠦ᠂ ᠬᠠᠲᠤᠨ ᠭᠣᠣᠯ᠎ᠤᠨ ᠰᠠᠪᠠ ᠭᠠᠵᠠᠷ᠎ᠤᠨ ᠠᠮᠢ ᠠᠬᠤᠢ᠎ᠶᠢᠨ ᠬᠠᠮᠠᠭᠠᠯᠠᠯᠲᠠ ᠪᠠ ᠴᠢᠨᠠᠷ ᠰᠠᠢᠲᠠᠢ ᠬᠥᠭᠵᠢᠯᠲᠡ᠎ᠶᠢ ᠠᠬᠢᠭᠤᠯᠬᠤ᠂ 《ᠪᠥᠬᠥᠳᠡ ᠨᠠᠢᠷᠠᠮᠳᠠᠬᠤ ᠳᠤᠮᠳᠠᠳᠤ ᠠᠷᠠᠳ ᠤᠯᠤᠰ᠎ᠤᠨ ᠭᠠᠵᠠᠷ ᠰᠢᠷᠣᠢ᠎ᠶᠢᠨ ᠬᠠᠮᠢᠶᠠᠷᠤᠯᠲᠠ᠎ᠶᠢᠨ ᠬᠠᠤᠯᠢ》ᠵᠢ ᠴᠢᠩᠭ᠎ᠠ ᠲᠤᠭᠤᠰᠢᠯᠠᠭᠤᠯᠤᠨ ᠨᠠᠢᠳᠠᠪᠤᠷᠢᠵᠢᠭᠤᠯᠵᠤ᠂ 《ᠪᠤᠰᠤᠳ ᠪᠡᠯᠴᠢᠬᠡᠷ》 ᠢ᠋ ᠲᠠᠷᠢᠶᠠᠯᠠᠩ᠎ᠳᠤ ᠬᠡᠷᠡᠭᠯᠡᠬᠦ ᠭᠠᠵᠠᠷ᠎ᠢᠶᠠᠷ ᠬᠠᠮᠢᠶᠠᠷᠬᠤ᠂ ᠬᠤᠵᠢᠷᠯᠢᠭ᠋ ᠭᠠᠵᠠᠷ᠎ᠢ ᠵᠠᠰᠠᠬᠤ ᠠᠵᠢᠯ᠎ᠢ ᠵᠢᠷᠤᠮᠵᠢᠭᠤᠯᠤᠨ ᠴᠢᠩᠭᠠᠳᠬᠠᠵᠤ᠂《ᠾᠧ ᠯᠠᠨ ᠱᠠᠨ ᠠᠭᠤᠯᠠ ᠵᠢᠨ ᠤᠮᠠᠷᠠᠳᠤ ᠬᠡᠰᠡᠭ ᠪᠠ ᠮᠤᠨᠢ ᠠᠭᠤᠯᠠ ᠵᠢᠨ ᠰᠡᠭᠦᠯ ᠤ᠋ᠨ ᠬᠡᠰᠡᠭ ᠤ᠋ᠨ ᠯᠠᠩ ᠱᠠᠨ ᠠᠭᠤᠯᠠ ᠵᠢᠨ ᠬᠤᠭᠤᠷᠤᠨᠳᠤᠬᠢ ᠲᠤᠳᠠᠭᠤᠳᠠᠯ ᠭᠡᠰᠡᠭ》᠎ᠤ᠋ᠨ ᠠᠮᠢ ᠠᠬᠤᠢ᠎ᠶᠢᠨ ᠬᠣᠩᠭᠢᠯ᠎ᠤᠨ ᠪᠦᠲᠦᠭᠡᠨ ᠪᠠᠢᠭᠤᠯᠤᠯᠲᠠ᠎ᠶᠢ ᠳᠡᠮᠵᠢᠬᠦ᠂ ᠤᠯᠠᠨ ᠵᠦᠢᠯ᠎ᠦᠨ ᠠᠷᠭ᠎ᠠ ᠬᠡᠮᠵᠢᠶ᠎ᠡ᠎ᠶᠢ ᠵᠡᠷᠭᠡ᠎ᠪᠡᠷ ᠠᠪᠴᠤ ᠠᠵᠢᠯ ᠮᠡᠷᠭᠡᠵᠢᠯ᠎ᠦᠨ ᠰᠤᠷᠭᠠᠨ ᠬᠥᠮᠦᠵᠢᠯ᠎ᠦᠨ ᠲᠡᠭᠦᠰᠬᠦ ᠰᠤᠷᠤᠭ᠍ᠴᠢᠳ᠎ᠤᠨ ᠠᠵᠢᠯ ᠣᠯᠭᠣᠯᠲᠠ᠎ᠶᠢ ᠠᠬᠢᠭᠤᠯᠬᠤ᠂ ᠬᠢᠵᠢᠭ᠌᠎ᠦᠨ ᠳᠠᠷᠠᠭᠠᠬᠢ ᠬᠤᠭᠤᠴᠠᠭᠠᠨ᠎ᠤ ᠳᠤᠮᠳᠠ ᠪᠠᠭ᠎ᠠ ᠵᠢᠵᠢᠭ᠌ ᠠᠵᠤ ᠠᠬᠤᠢᠯᠠᠯ᠎ᠤᠨ ᠣᠷᠣᠰᠢᠨ ᠠᠮᠢᠳᠤᠷᠠᠬᠤ ᠣᠷᠴᠢᠨ ᠨᠥᠬᠥᠴᠡᠯ᠎ᠢ ᠰᠢᠯᠢᠳᠡᠭᠵᠢᠭᠦᠯᠬᠦ᠂ ᠮᠠᠯ ᠠᠵᠤ ᠠᠬᠤᠢ᠎ᠶᠢᠨ ᠲᠤᠭᠠᠴᠢᠯᠠᠭᠰᠠᠨ ᠠᠵᠤ ᠠᠬᠤᠢ᠎ᠶᠢᠨ ᠬᠥᠭᠵᠢᠯᠲᠡ᠎ᠶᠢ ᠲᠦᠷᠭᠡᠳᠭᠡᠨ ᠠᠬᠢᠭᠤᠯᠬᠤ ᠵᠡᠷᠭᠡ ᠰᠠᠨᠠᠯ ᠲᠤᠷᠠᠳᠤᠯᠭ᠎ᠠ ᠨᠢ ᠬᠣᠯᠪᠣᠭᠳᠠᠯ ᠪᠦᠬᠦᠢ ᠲᠠᠯ᠎ᠠ᠎ᠶᠢᠨ ᠬᠢᠨ᠎ᠦ ᠠᠩᠬᠠᠷᠤᠯ᠎ᠢ ᠲᠠᠲᠠᠪᠠ᠃
ᠭᠡᠰᠢᠭᠦᠳ ᠥᠪᠥᠷ ᠮᠣᠩᠭᠣᠯ᠎ᠤᠨ ᠴᠢᠨᠠᠷ ᠰᠠᠢᠲᠠᠢ ᠬᠥᠭᠵᠢᠯᠲᠡ᠎ᠳᠦ ᠠᠩᠬᠠᠷᠤᠯ ᠵᠢᠡᠨ ᠲᠥᠪᠯᠡᠷᠡᠭᠦᠯᠵᠦ᠂ ᠥᠪᠥᠷ ᠮᠣᠩᠭᠣᠯ᠎ᠢ ᠢᠳᠡᠪᠬᠢᠲᠡᠢ᠎ᠪᠡᠷ ᠤᠬᠠᠭᠤᠯᠤᠨ ᠲᠠᠨᠢᠯᠴᠠᠭᠤᠯᠵᠤ᠂ ᠥᠪᠥᠷ ᠮᠣᠩᠭᠣᠯ᠎ᠤᠨ ᠬᠥᠬᠡᠬᠣᠲᠠ ᠪᠤᠭᠤᠲᠤ ᠣᠷᠳᠣᠰ᠎ᠤᠨ ᠤᠯᠤᠰ᠎ᠤᠨ ᠪᠡᠶ᠎ᠡ᠎ᠪᠡᠨ ᠳᠠᠭᠠᠭᠠᠵᠤ ᠰᠢᠨ᠎ᠡ᠎ᠶᠢ ᠡᠭᠦᠳᠬᠦ ᠵᠢᠱ᠌ᠢᠶ᠎ᠡ ᠦᠵᠡᠭᠦᠯᠬᠦ ᠣᠷᠣᠨ ᠪᠠᠶ᠋ᠢᠭᠤᠯᠬᠤ᠎ᠶᠢ ᠳᠡᠮᠵᠢᠬᠦ᠂ ᠥᠪᠥᠷ ᠮᠣᠩᠭᠣᠯ᠎ᠤᠨ ᠤᠯᠤᠰ᠎ᠤᠨ ᠡᠪᠡᠰᠤᠨ (ᠦᠷ᠎ᠡ)᠎ᠤ ᠦᠢᠯᠡᠰ᠎ᠦᠨ ᠮᠡᠷᠭᠡᠵᠢᠯ᠎ᠦᠨ ᠰᠢᠨ᠎ᠡ᠎ᠶᠢ ᠡᠭᠦᠳᠬᠦ ᠲᠥᠪ ᠪᠠᠶ᠋ᠢᠭᠤᠯᠬᠤ᠎ᠶᠢ ᠳᠡᠮᠵᠢᠬᠦ᠂ ᠪᠤᠭᠤᠲᠤ ᠬᠤᠳᠠ᠎ᠶᠢᠨ《ᠪᠦᠬᠦ ᠤᠯᠤᠰ᠎ᠤᠨ ᠴᠢᠬᠤᠯᠠ ᠰᠢᠨ᠎ᠡ ᠬᠡᠯᠪᠡᠷᠢ᠎ᠶᠢᠨ ᠬᠣᠪᠣᠷ ᠰᠢᠷᠣᠢ᠎ᠶᠢᠨ ᠮᠠᠲᠧᠷᠢᠶᠠᠯ᠎ᠤᠨ ᠠᠵᠤ ᠦᠢᠯᠡᠰ᠎ᠦᠨ ᠰᠠᠭᠤᠷᠢᠨ》 ᠪᠠᠶ᠋ᠢᠭᠤᠯᠬᠤ᠎ᠶᠢ ᠳᠡᠮᠵᠢᠬᠦ᠂ ᠥᠪᠥᠷ ᠮᠣᠩᠭᠣᠯ᠎ᠤᠨ ᠲᠦᠷᠭᠡᠨ᠎ᠦ ᠲᠡᠮᠦᠷ ᠵᠠᠮ᠎ᠤᠨ ᠪᠦᠲᠦᠭᠡᠨ ᠪᠠᠢᠭᠤᠯᠤᠯᠲᠠ᠎ᠶᠢ ᠳᠡᠮᠵᠢᠬᠦ ᠵᠡᠷᠭᠡ ᠰᠠᠨᠠᠯ ᠳᠤᠷᠠᠳᠤᠯᠭᠠᠳᠡᠪᠰᠢᠭᠦᠯᠵᠦ᠂ ᠥᠪᠥᠷ ᠮᠣᠩᠭᠣᠯ᠎ᠤᠨ ᠬᠥᠭᠵᠢᠯᠲᠡ ᠵᠢ ᠤᠷᠠᠢᠯᠠᠪᠠ᠃
ᠠᠷᠠᠳ᠎ᠤᠨ ᠲᠥᠯᠥᠭᠡ ᠡᠭᠦᠷᠭᠡ ᠬᠠᠷᠢᠭᠤᠴᠠᠯᠭ᠎ᠠ᠎ᠪᠠᠨ ᠭᠦᠢᠴᠡᠳᠬᠡᠬᠦ᠎ᠶᠢ ᠢᠮᠠᠭᠲᠠ ᠪᠠᠷᠢᠮᠲᠠᠯᠠᠵᠤ᠂ ᠭᠡᠰᠢᠭᠦᠳ ᠮᠠᠯᠵᠢᠬᠤ ᠲᠠᠷᠢᠶᠠᠯᠠᠬᠤ ᠣᠷᠣᠨ᠎ᠤ ᠨᠠᠰᠤᠵᠢᠯ᠎ᠤᠨ ᠠᠰᠠᠷᠠᠮᠵᠢ᠎ᠶᠢᠨ ᠠᠵᠢᠯ᠎ᠢ ᠴᠢᠩᠭᠠᠳᠬᠠᠬᠤ᠂ ᠦᠷᠡᠵᠢᠯ᠎ᠦᠨ ᠳᠠᠷᠤᠭᠠᠰᠤ᠎ᠶᠢ ᠬᠥᠩᠭᠡᠷᠡᠭᠦᠯᠬᠦ᠂ ᠨᠡᠢᠭᠡᠮ ᠲᠣᠭᠣᠷᠢᠭ᠋᠎ᠤᠨ ᠬᠡᠷ ᠳᠡᠭᠡᠨ ᠨᠠᠰᠤᠵᠢᠯ᠎ᠤᠨ ᠠᠰᠠᠷᠠᠮᠵᠢ ᠬᠦᠷᠳᠡᠬᠦ᠌ ᠭᠣᠭᠴᠣᠭ᠎ᠠ᠎ᠳᠠᠬᠢ《ᠰᠤᠪᠢᠯᠠᠬᠤ》ᠪᠠ《ᠡᠮᠴᠢᠯᠡᠬᠦ》᠎ᠶ᠋ᠢ ᠠᠬᠢᠭᠤᠯᠬᠤ ᠵᠡᠷᠭᠡ ᠰᠠᠨᠠᠯ ᠳᠤᠷᠠᠳᠤᠯᠭ᠎ᠠ ᠳᠡᠪᠰᠢᠭᠦᠯᠵᠦ᠂ ᠠᠷᠠᠳ ᠤᠯᠠᠨ᠎ᠤ ᠬᠦᠰᠡᠯ ᠱᠠᠭᠠᠷᠳᠠᠯᠭ᠎ᠠ᠎ᠶᠢ ᠢᠳᠡᠪᠬᠢᠲᠡᠢ ᠲᠤᠰᠬᠠᠪᠠ᠃
ᠣᠢᠯᠠᠭᠠᠭᠰᠠᠨ᠎ᠢᠶᠠᠷ᠂ ᠡᠨᠡ ᠵᠢᠯ ᠮᠠᠨ᠎ᠤ ᠣᠷᠣᠨ᠎ᠳᠤ ᠰᠠᠭᠤᠭ᠎ᠠ ᠪᠦᠬᠦ ᠤᠯᠤᠰ᠎ᠤᠨ ᠤᠯᠤᠰ ᠲᠦᠷᠦ᠎ᠶᠢᠨ ᠵᠥᠪᠯᠡᠯᠭᠡᠨ᠎ᠦ ᠭᠡᠰᠢᠭᠦᠳ ᠤ᠋ᠨ ᠳᠡᠪᠰᠢᠭᠦᠯᠦᠭᠰᠡᠨ ᠰᠠᠨᠠᠯ ᠳᠤᠷᠠᠳᠤᠯᠭ᠎ᠠ᠎ᠨᠢ ᠰᠡᠳᠦᠪ ᠰᠤᠨᠭᠭᠤᠯᠲᠠ ᠨᠢ ᠣᠨᠣᠪᠴᠢᠲᠠᠢ᠂ ᠰᠠᠨᠠᠭᠤᠯᠭ᠎ᠠ ᠨᠢ ᠪᠣᠳᠠᠲᠠᠢ᠂ ᠶᠠᠰᠤ ᠴᠢᠨᠠᠷ ᠨᠢ ᠲᠠᠬᠢᠨ ᠰᠢᠨ᠎ᠡ ᠳᠡᠭᠲᠡᠷ᠎ᠲᠦ ᠭᠠᠷᠴᠤ᠂ ᠭᠡᠰᠢᠭᠦᠳ᠎ᠦᠨ ᠤᠯᠤᠰ᠎ᠤᠨ᠎ᠢᠶᠠᠨ ᠲᠥᠯᠥᠭᠡ ᠡᠭᠦᠷᠭᠡ ᠬᠠᠷᠢᠭᠤᠴᠠᠯᠭ᠎ᠠ᠎ᠪᠠᠨ ᠭᠦᠢᠴᠡᠳᠬᠡᠬᠦ᠂ ᠠᠷᠠᠳ ᠲᠦᠮᠡᠨ᠎ᠦ ᠲᠥᠯᠥᠭᠡ ᠡᠭᠦᠷᠭᠡ ᠬᠠᠷᠢᠭᠤᠴᠠᠯᠭ᠎ᠠ᠎ᠪᠠᠨ ᠭᠦᠢᠴᠡᠳᠬᠡᠬᠦ ᠰᠡᠳᠬᠢᠯᠭᠡ ᠪᠠ ᠬᠠᠷᠢᠭᠤᠴᠠᠯᠭ᠎ᠠ᠎ᠶᠢ ᠭᠦᠢᠴᠡᠳ ᠢᠯᠡᠷᠡᠭᠦᠯᠵᠡᠢ᠃