ᠠᠷᠪᠠᠨ ᠭᠤᠷᠪᠠᠳᠤᠭᠠᠷ ᠬᠤᠭᠤᠴᠠᠭᠠᠨ᠎ᠤ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠲᠠᠪᠤᠳᠤᠭᠠᠷ ᠬᠤᠷᠠᠯ᠎ᠤᠨ ᠲᠡᠷᠢᠭᠦᠯᠡᠭ᠌ᠴᠢᠳ᠎ᠦᠨ ᠪᠦᠯᠬᠦᠮ᠎ᠦᠨ ᠪᠠᠢᠩᠭᠤ᠎ᠶ᠋ᠢᠨ ᠲᠡᠷᠢᠭᠦᠯᠡᠭ᠌ᠴᠢᠳ᠎ᠦᠨ ᠬᠣᠶᠠᠳᠤᠭᠠᠷ ᠤᠳᠠᠭ᠎ᠠ ᠢ᠋ᠢᠨ ᠬᠤᠷᠠᠯ ᠬᠤᠷᠠᠯᠳᠤᠪᠠ
2022-03-11 09:24:53
ᠵᠣᠬᠢᠶᠠᠭ᠍ᠴᠢ᠄
ᠣᠩᠱᠢᠭ᠍ᠰᠠᠨ ᠣᠳᠠᠭ᠎ᠠ᠄
★★★☆☆

ᠯᠢ ᠵᠠᠨ ᠱᠤ᠌ ᠬᠤᠷᠠᠯ ᠢ᠋ ᠡᠷᠬᠢᠯᠡᠵᠡᠢ

ᠱᠢᠨᠬᠤᠸᠠ ᠬᠣᠷᠢᠶᠠᠨ᠎ᠤ ᠪᠡᠭᠡᠵᠢᠩ᠎ᠦᠨ 3 ᠰᠠᠷ᠎ᠠ᠎ᠶ᠋ᠢᠨ10 ᠤ᠋ ᠴᠠᠬᠢᠯᠭᠠᠨ ᠮᠡᠳᠡᠭᠡ  ᠠᠷᠪᠠᠨ ᠭᠤᠷᠪᠠᠳᠤᠭᠠᠷ ᠬᠤᠭᠤᠴᠠᠭᠠᠨ᠎ᠤ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠲᠠᠪᠤᠳᠤᠭᠠᠷ ᠬᠤᠷᠠᠯ᠎ᠤᠨ ᠲᠡᠷᠢᠭᠦᠯᠡᠭ᠌ᠴᠢᠳ᠎ᠦᠨ ᠪᠦᠯᠬᠦᠮ᠎ᠦᠨ ᠪᠠᠢᠩᠭᠤ᠎ᠶ᠋ᠢᠨ ᠲᠡᠷᠢᠭᠦᠯᠡᠭ᠌ᠴᠢᠳ᠎ᠦᠨ ᠬᠣᠶᠠᠳᠤᠭᠠᠷ ᠤᠳᠠᠭ᠎ᠠ ᠢ᠋ᠢᠨ ᠬᠤᠷᠠᠯ 10  ᠤ᠋ ᠦᠳᠡ ᠢ᠋ᠢᠨ ᠡᠮᠤᠨ᠎ᠠ  ᠪᠡᠭᠡᠵᠢᠨᠭ ᠤ᠋ᠨ ᠠᠷᠠᠳ ᠤ᠋ᠨ ᠶᠡᠬᠡ ᠬᠤᠷᠠᠯ᠎ᠤᠨ ᠲᠠᠩᠬᠢᠮ ᠳ᠋ᠤ ᠬᠤᠷᠠᠯᠳᠤᠪᠠ᠃ ᠶᠡᠬᠡ ᠬᠤᠷᠠᠯ ᠤ᠋ᠨ ᠲᠡᠷᠢᠭᠦᠯᠡᠭ᠌ᠴᠢᠳ᠎ᠦᠨ ᠪᠦᠯᠬᠦᠮ᠎ᠦᠨ ᠪᠠᠢᠩᠭᠤ᠎ᠶ᠋ᠢᠨ ᠲᠡᠷᠢᠭᠦᠯᠡᠭ᠌ᠴᠢ᠂ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ  ᠬᠤᠷᠠᠯ᠎ᠤᠨ ᠪᠠᠢᠩᠭᠤ᠎ᠶ᠋ᠢᠨ ᠬᠤᠷᠢᠶᠠᠨ  ᠤ᠋  ᠬᠣᠷᠢᠶᠠᠨ ᠳᠠᠷᠤᠭ᠎ᠠ ᠯᠢ  ᠵᠠᠨ ᠱᠤ᠌  ᠬᠤᠷᠠᠯ ᠢ᠋ ᠡᠷᠬᠢᠯᠡᠵᠡᠢ ᠃

ᠬᠤᠷᠠᠯ᠎ᠡᠴᠡ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠦᠨᠳᠦᠰᠦᠨ ᠬᠠᠤᠯᠢ ᠪᠣᠯᠤᠨ ᠬᠠᠤᠯᠢ ᠴᠠᠭᠠᠵᠠ᠎ᠶ᠋ᠢᠨ ᠵᠥᠪᠯᠡᠯ᠎ᠦᠨ ᠡᠷᠬᠢᠯᠡᠭ᠌ᠴᠢ ᠭᠡᠱᠢᠭᠦᠨ ᠯᠢ ᠹᠸᠢ᠎ᠶ᠋ᠢᠨ ᠲᠤᠰ ᠲᠤᠰ ᠬᠢᠭ᠌ᠰᠡᠨ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠦᠨᠳᠦᠰᠦᠨ ᠬᠠᠤᠯᠢ ᠪᠣᠯᠤᠨ ᠬᠠᠤᠯᠢ ᠴᠠᠭᠠᠵᠠ᠎ᠶ᠋ᠢᠨ ᠵᠥᠪᠯᠡᠯ᠎ᠦᠨ ᠣᠷᠣᠨ ᠨᠤᠲᠤᠭ᠎ᠤᠨ ᠡᠯ᠎ᠡ ᠱᠠᠲᠤᠨ᠎ᠤ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ ᠪᠣᠯᠤᠨ ᠣᠷᠣᠨ ᠨᠤᠲᠤᠭ᠎ᠤᠨ ᠡᠯ᠎ᠡ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠤ ᠵᠣᠬᠢᠶᠠᠨ ᠪᠠᠢᠭᠤᠯᠤᠯᠳᠡ ᠢ᠋ᠢᠨ ᠬᠠᠤᠯᠢ ᠳ᠋ᠤ ᠵᠠᠰᠠᠪᠤᠷᠢ ᠤᠷᠤᠭᠤᠯᠬᠤ ᠲᠤᠬᠠᠢ ᠲᠤᠭᠳᠠᠭᠠᠯ ᠤ᠋ᠨ ᠲᠦᠰᠦᠯ᠂ ᠠᠷᠪᠠᠨ ᠳᠥᠷᠪᠡᠳᠦᠭᠡᠷ ᠬᠤᠭᠤᠴᠠᠭᠠᠨ᠎ᠤ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠲᠥᠯᠥᠭᠡᠯᠡᠭ᠌ᠴᠢᠳ ᠤ᠋ᠨ ᠤᠷᠤᠨ ᠲᠣᠭ᠎ᠠ ᠪᠠ ᠰᠣᠩᠭᠣᠭᠤᠯᠢ᠎ᠶ᠋ᠢᠨ ᠠᠰᠠᠭᠤᠳᠠᠯ᠎ᠤᠨ ᠲᠤᠬᠠᠶ ᠲᠣᠭ᠍ᠲᠠᠭᠠᠯ᠎ᠤᠨ ᠲᠥᠰᠦᠯ᠎ᠳᠦ ᠵᠠᠰᠠᠪᠤᠷᠢ ᠤᠷᠤᠭᠤᠯᠤᠭᠰᠠᠨ ᠨᠤᠤᠷᠠᠭ᠂ ᠱᠢᠶᠠᠩᠭᠠᠩ ᠤᠨᠴᠠᠭᠠᠢ ᠵᠠᠰᠠᠭ ᠵᠠᠬᠢᠷᠭᠠᠨ᠎ᠤ ᠣᠷᠣᠨ᠎ᠤ ᠠᠷᠪᠠᠨ ᠳᠥᠷᠪᠡᠳᠦᠭᠡᠷ ᠬᠤᠭᠤᠴᠠᠭᠠᠨ᠎ᠤ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠲᠥᠯᠥᠭᠡᠯᠡᠭ᠌ᠴᠢ᠎ᠶ᠋ᠢ ᠰᠣᠩᠭᠣᠬᠤ ᠠᠷᠭ᠎ᠠ᠎ᠶ᠋ᠢᠨ ᠲᠥᠰᠦᠯ᠎ᠳᠦ ᠵᠠᠰᠠᠪᠤᠷᠢ ᠤᠷᠤᠭᠤᠯᠤᠭᠰᠠᠨ ᠨᠤᠤᠷᠠᠭ᠂ ᠣᠣᠮᠧᠨ ᠤᠨᠴᠠᠭᠠᠢ ᠵᠠᠰᠠᠭ ᠵᠠᠬᠢᠷᠭᠠᠨ᠎ᠤ ᠣᠷᠣᠨ᠎ᠤ ᠠᠷᠪᠠᠨ ᠳᠥᠷᠪᠡᠳᠦᠭᠡᠷ ᠬᠤᠭᠤᠴᠠᠭᠠᠨ᠎ᠤ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠲᠥᠯᠥᠭᠡᠯᠡᠭ᠌ᠴᠢ᠎ᠶ᠋ᠢ ᠰᠣᠩᠭᠣᠬᠤ ᠠᠷᠭ᠎ᠠ ᠢ᠋ᠢᠨ ᠲᠦᠰᠦᠯ ᠳ᠋ᠤ ᠵᠠᠰᠠᠪᠤᠷᠢ ᠤᠷᠤᠭᠤᠯᠤᠭᠰᠠᠨ ᠨᠤᠤᠷᠠᠭ ᠲᠦ᠍ ᠵᠠᠰᠠᠪᠤᠷᠢ ᠤᠷᠤᠭᠤᠯᠤᠭᠰᠠᠨ ᠰᠠᠨᠠᠯ ᠤ᠋ᠨ ᠲᠤᠬᠠᠢ ᠮᠡᠳᠡᠬᠦᠯᠦᠯᠳᠡ ᠢ᠋ᠢ ᠰᠤᠨᠤᠰᠴᠤ᠂ ᠡᠨᠡ ᠲᠦᠷᠪᠡᠨ ᠲᠥᠰᠦᠯ᠎ᠦᠨ ᠪᠠᠳᠤᠯᠠᠭᠤᠯᠬᠤ  ᠨᠤᠤᠷᠠᠭ ᠎ᠢ  ᠬᠢᠨᠠᠨ ᠵᠦᠪᠯᠡᠪᠡ ᠃

ᠬᠤᠷᠠᠯ᠎ᠡᠴᠡ ᠶᠡᠬᠡ ᠬᠤᠷᠠᠯ᠎ᠤᠨ ᠲᠡᠷᠢᠭᠦᠯᠡᠭ᠌ᠴᠢᠳ᠎ᠦᠨ ᠪᠦᠯᠬᠦᠮ᠎ᠦᠨ ᠪᠠᠢᠩᠭᠤ᠎ᠶ᠋ᠢᠨ ᠲᠡᠷᠢᠭᠦᠯᠡᠭ᠌ᠴᠢ᠂ ᠶᠡᠬᠡ ᠬᠤᠷᠠᠯ᠎ᠤᠨ ᠳᠡᠳ᠋ ᠨᠠᠷᠢᠨ ᠪᠢᠴᠢᠭ᠎ᠦᠨ ᠳᠠᠷᠤᠭ᠎ᠠ᠂ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ᠎ᠶ᠋ᠢᠨ ᠬᠤᠷᠢᠶᠠᠨ ᠤ᠋ ᠨᠠᠷᠢᠨ ᠪᠢᠴᠢᠭ᠎ᠦᠨ ᠳᠠᠷᠤᠭ᠎ᠠ ᠶᠠᠩ ᠵᠧᠨ ᠡᠦ᠍᠎ᠶ᠋ᠢᠨ ᠬᠢᠭ᠌ᠰᠡᠨ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ᠎ᠶ᠋ᠢᠨ ᠬᠤᠷᠢᠶᠠᠨ ᠤ᠋ ᠠᠵᠢᠯ᠎ᠤᠨ ᠮᠡᠳᠡᠭᠦᠯᠦᠯᠲᠡ᠂ ᠠᠷᠠᠳ᠎ᠤᠨ ᠳᠡᠭᠡᠳᠦ ᠱᠢᠭᠦᠬᠦ᠌ ᠬᠤᠷᠢᠶᠠᠨ ᠤ᠋ ᠠᠵᠢᠯ᠎ᠤᠨ ᠮᠡᠳᠡᠭᠦᠯᠦᠯᠲᠡ᠂ ᠠᠷᠠᠳ᠎ᠤᠨ ᠳᠡᠭᠡᠳᠦ ᠪᠠᠢᠴᠠᠭᠠᠬᠤ ᠬᠤᠷᠢᠶᠠᠨ ᠤ᠋ ᠠᠵᠢᠯ ᠤ᠋ᠨ ᠮᠡᠳᠡᠬᠦᠯᠦᠯᠳᠡ ᠢ᠋ᠢ ᠬᠢᠨᠡᠨ ᠵᠦᠪᠯᠡᠭᠰᠡᠨ ᠪᠠ ᠵᠠᠰᠠᠪᠤᠷᠢ ᠤᠷᠤᠭᠤᠯᠤᠭᠰᠠᠨ ᠪᠠᠢᠳᠠᠯ ᠤ᠋ᠨ ᠲᠤᠬᠠᠢ ᠶᠡᠬᠡ ᠬᠤᠷᠠᠯ ᠤ᠋ᠨ ᠨᠠᠷᠢᠨ ᠪᠢᠴᠢᠭ ᠤ᠋ᠨ ᠭᠠᠵᠠᠷ ᠤ᠋ᠨ ᠬᠠᠷᠢᠭᠤ ᠮᠡᠳᠡᠬᠦᠯᠦᠯᠳᠡ ᠢ᠋ᠢ ᠰᠤᠨᠤᠰᠴᠤ᠂ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ᠎ᠶ᠋ᠢᠨ ᠬᠤᠷᠢᠶᠠᠨ ᠤ᠋ ᠠᠵᠢᠯ᠎ᠤᠨ ᠮᠡᠳᠡᠭᠦᠯᠦᠯᠲᠡ᠂ ᠠᠷᠠᠳ᠎ᠤᠨ ᠳᠡᠭᠡᠳᠦ ᠱᠢᠭᠦᠬᠦ᠌ ᠬᠤᠷᠢᠶᠠᠨ ᠤ᠋ ᠠᠵᠢᠯ᠎ᠤᠨ ᠮᠡᠳᠡᠭᠦᠯᠦᠯᠲᠡ᠂ ᠠᠷᠠᠳ᠎ᠤᠨ ᠳᠡᠭᠡᠳᠦ ᠪᠠᠢᠴᠠᠭᠠᠬᠤ ᠬᠤᠷᠢᠶᠠᠨ ᠤ᠋ ᠠᠵᠢᠯ ᠤ᠋ᠨ ᠮᠡᠳᠡᠬᠦᠯᠦᠯᠳᠡ ᠢ᠋ᠢᠨ ᠲᠤᠬᠠᠢ ᠭᠤᠷᠪᠠᠨ ᠱᠢᠶ᠋ᠳᠪᠦᠷᠢ᠎ᠶ᠋ᠢᠨ ᠲᠥᠰᠦᠯ᠎ᠦᠨ ᠨᠤᠤᠷᠠᠭ᠎ᠢ  ᠬᠢᠨᠠᠨ ᠵᠦᠪᠯᠡᠵᠡᠢ᠃

ᠬᠤᠷᠠᠯ᠎ᠡᠴᠡ᠎ᠶᠡᠬᠡ ᠬᠤᠷᠠᠯ᠎ᠤᠨ ᠳᠡᠳ᠋ ᠨᠠᠷᠢᠨ ᠪᠢᠴᠢᠭ᠎ᠦᠨ ᠳᠠᠷᠤᠭ᠎ᠠ᠂ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ᠎ᠶ᠋ᠢᠨ ᠬᠤᠷᠢᠶᠠᠨ ᠤ᠋ ᠳᠡᠳ᠋ ᠨᠠᠷᠢᠨ ᠪᠢᠴᠢᠭ᠎ᠦᠨ ᠳᠠᠷᠤᠭ᠎ᠠ ᠱᠢᠨ ᠴᠦᠨ ᠶᠢᠩ᠎ᠦᠨ ᠬᠢᠭ᠌ᠰᠡᠨ ᠶᠡᠬᠡ ᠬᠤᠷᠠᠯ ᠤ᠋ᠨ ᠨᠠᠷᠢᠨ ᠪᠢᠴᠢᠭ ᠤ᠋ᠨ ᠭᠠᠵᠠᠷ ᠤ᠋ᠨ ᠲᠦᠯᠦᠬᠡᠯᠡᠭᠴᠢᠳ ᠤ᠋ᠨ ᠳᠤᠷᠠᠳᠤᠭ᠍ᠰᠠᠨ ᠰᠠᠨᠠᠯ ᠵᠥᠪᠯᠡᠯᠭᠡ᠎ᠶ᠋ᠢ ᠱᠢᠢᠳᠪᠦᠷᠢᠯᠡᠬᠦ᠌ ᠰᠠᠨᠠᠯ᠎ᠤᠨ ᠲᠤᠬᠠᠢ ᠮᠡᠳᠡᠬᠦᠯᠦᠯᠳᠡ ᠢ᠋ᠢ ᠰᠤᠨᠤᠰᠴᠤ ᠬᠢᠨᠡᠨ ᠵᠦᠪᠯᠡᠪᠡ᠃

ᠬᠤᠷᠠᠯ᠎ᠡᠴᠡ ᠬᠠᠮᠢᠶ᠎ᠠ ᠪᠦᠬᠦᠢ ᠵᠠᠰᠠᠪᠤᠷᠢ ᠣᠷᠣᠭᠤᠯᠬᠤ ᠰᠠᠨᠠᠯ᠎ᠤᠨ ᠮᠡᠳᠡᠭᠦᠯᠦᠯᠲᠡ ᠵᠢᠴᠢ ᠲᠤᠭᠳᠠᠭᠠᠯ ᠤ᠋ᠨ ᠲᠥᠰᠦᠯ ᠤ᠋ᠨ ᠪᠠᠳᠤᠯᠠᠭᠤᠯᠬᠤ ᠨᠤᠤᠷᠠᠭ᠂ ᠱᠢᠢᠳᠪᠦᠷᠢ᠎ᠶ᠋ᠢᠨ ᠲᠥᠰᠦᠯ ᠪᠣᠯᠤᠨ ᠮᠡᠳᠡᠭᠦᠯᠦᠯᠲᠡ᠎ᠶ᠋ᠢ ᠶᠡᠬᠡ ᠬᠤᠷᠠᠯ᠎ᠤᠨ ᠲᠡᠷᠢᠭᠦᠯᠡᠭ᠌ᠴᠢᠳ᠎ᠦᠨ ᠪᠦᠯᠬᠦᠮ᠎ᠦᠨ ᠭᠤᠷᠪᠠᠳᠤᠭᠠᠷ ᠤᠳᠠᠭ᠎ᠠ ᠢ᠋ᠢᠨ ᠬᠤᠷᠠᠯ᠎ᠳᠤ ᠳᠡᠪᠱᠢᠭᠦᠯᠵᠦ᠍ ᠬᠢᠨᠠᠨ ᠵᠥᠪᠯᠡᠭᠦᠯᠬᠦ᠌᠎ᠶ᠋ᠢ ᠵᠥᠪᠱᠢᠶᠡᠷᠡᠪᠡ᠃

ᠶᠡᠬᠡ ᠬᠤᠷᠠᠯ᠎ᠤᠨ ᠲᠡᠷᠢᠭᠦᠯᠡᠭ᠌ᠴᠢᠳ᠎ᠦᠨ ᠪᠦᠯᠬᠦᠮ᠎ᠦᠨ ᠪᠠᠢᠩᠭᠤ᠎ᠶ᠋ᠢᠨ ᠲᠡᠷᠢᠭᠦᠯᠡᠭ᠌ᠴᠢ᠂ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ᠎ᠶ᠋ᠢᠨ ᠬᠤᠷᠢᠶᠠᠨ ᠤ᠋ ᠳᠡᠳ᠋ ᠬᠤᠷᠢᠶᠠᠨ ᠳᠠᠷᠤᠭ᠎ᠠ ᠸᠠᠩ ᠴᠧᠨ᠂ ᠼᠤᠤ ᠵᠢᠶᠠᠨ ᠮᠢᠩ᠂ ᠵᠠᠩ ᠴᠦᠨ ᠱᠢᠶᠠᠨ᠂ ᠱᠸᠨ ᠶᠤᠸᠠᠢ ᠶᠤᠸᠠᠢ ᠂ ᠵᠶ᠋ᠢ ᠪᠢᠩ ᠱᠢᠤᠸᠠᠨ᠂ ᠠᠢ᠌ᠯᠢᠭ᠌ᠸᠩ·ᠢᠮᠢᠩᠪᠠᠬᠠᠢ᠂ ᠸᠠᠨ ᠧ ᠱᠢᠶᠠᠩ ᠂ ᠴᠧᠨ ᠵᠦ᠍᠂ ᠸᠠᠩ ᠳ᠋ᠦᠩ ᠮᠢᠩ ᠂ ᠪᠠᠳᠮᠠᠫᠸᠷᠠᠩᠯᠠᠢ ᠂ ᠳ᠋ᠢᠩ ᠵᠦᠩ ᠯᠢ ᠂ ᠬᠤᠤ ᠮᠢᠩ ᠵᠢᠨ᠂ ᠼᠠᠢ ᠳ᠋ᠠ ᠹᠸᠩ᠂ ᠦ᠋ ᠸᠧᠢ ᠬᠤᠸᠠ ᠬᠤᠷᠠᠯ᠎ᠳᠤ ᠣᠷᠣᠯᠴᠠᠪᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠹᠦ᠋ ᠭᠸᠨ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠬᠠᠮᠢᠶ᠎ᠡ ᠪᠦᠬᠦᠢ ᠰᠣᠨᠢᠨ

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号