ᠯᠢ ᠵᠠᠨ ᠱᠤ᠌ ᠬᠤᠷᠠᠯ᠎ᠢ ᠡᠷᠬᠢᠯᠡᠵᠠᠢ
ᠱᠢᠨᠬᠤᠸᠠ ᠬᠣᠷᠢᠶᠠᠨ᠎ᠤ ᠪᠡᠭᠡᠵᠢᠩ᠎ᠦᠨ 3 ᠰᠠᠷ᠎ᠠ᠎ᠶ᠋ᠢᠨ 10᠎ᠤ᠋ ᠴᠠᠬᠢᠯᠭᠠᠨ ᠮᠡᠳᠡᠭᠡ ᠠᠷᠪᠠᠨ ᠭᠤᠷᠪᠠᠳᠤᠭᠠᠷ ᠬᠤᠭᠤᠴᠠᠭᠠᠨ᠎ᠤ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠲᠠᠪᠤᠳᠤᠭᠠᠷ ᠬᠤᠷᠠᠯ᠎ᠤᠨ ᠲᠡᠷᠢᠭᠦᠯᠡᠭ᠌ᠴᠢᠳ᠎ᠦᠨ ᠪᠦᠯᠬᠦᠮ᠎ᠦᠨ ᠪᠠᠢᠩᠭᠤ᠎ᠶ᠋ᠢᠨ ᠲᠡᠷᠢᠭᠦᠯᠡᠭ᠌ᠴᠢᠳ᠎ᠦᠨ ᠭᠤᠷᠪᠠᠳᠤᠭᠠᠷ ᠤᠳᠠᠭ᠎ᠠ ᠵᠢᠨ ᠬᠤᠷᠠᠯ 10 ᠤ᠋ ᠦᠳᠠ ᠵᠢᠨ ᠬᠤᠢᠨ᠎ᠠ ᠪᠡᠭᠡᠵᠢᠩ᠎ᠤᠨ ᠠᠷᠠᠳ᠎ᠤᠨ ᠶᠡᠭᠡ ᠬᠤᠷᠠᠯ᠎ᠤᠨ ᠲᠠᠡᠭᠭᠢᠮᠳᠤ ᠬᠤᠷᠠᠯᠳᠤᠪᠠ᠃ ᠶᠡᠬᠡ ᠬᠤᠷᠠᠯ᠎ᠤᠨ ᠲᠡᠷᠢᠭᠦᠯᠡᠭ᠌ᠴᠢᠳ᠎ᠦᠨ ᠪᠦᠯᠬᠦᠮ᠎ᠦᠨ ᠪᠠᠢᠩᠭᠤ᠎ᠶ᠋ᠢᠨ ᠲᠡᠷᠢᠭᠦᠯᠡᠭ᠌ᠴᠢ᠂ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ᠎ᠶ᠋ᠢᠨ ᠬᠣᠷᠢᠶᠠᠨ᠎ᠤ ᠬᠤᠷᠢᠶᠠᠨ ᠳᠠᠷᠤᠭ᠎ᠠ ᠯᠢ ᠵᠠᠨ ᠱᠣ᠌ ᠬᠤᠷᠠᠯ᠎ᠢ ᠡᠷᠬᠢᠯᠡᠪᠠ ᠃
ᠬᠤᠷᠠᠯ᠎ᠡᠴᠡ ᠶᠡᠬᠡ ᠬᠤᠷᠠᠯ᠎ᠤᠨ ᠲᠡᠷᠢᠭᠦᠯᠡᠭ᠌ᠴᠢᠳ᠎ᠦᠨ ᠪᠦᠯᠬᠦᠮ᠎ᠦᠨ ᠪᠠᠢᠩᠭᠤ᠎ᠶ᠋ᠢᠨ ᠲᠡᠷᠢᠭᠦᠯᠡᠭ᠌ᠴᠢ᠂ ᠶᠡᠬᠡ ᠬᠤᠷᠠᠯ᠎ᠤᠨ ᠳᠡᠳ᠋ ᠨᠠᠷᠢᠨ ᠪᠢᠴᠢᠭ᠎ᠦᠨ ᠳᠠᠷᠤᠭ᠎ᠠ᠂ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ᠎ᠶ᠋ᠢᠨ ᠬᠣᠷᠢᠶᠠᠨ᠎ᠤ ᠨᠠᠷᠢᠨ ᠪᠢᠴᠢᠭ᠎ᠦᠨ ᠳᠠᠷᠤᠭ᠎ᠠ ᠶᠠᠩ ᠵᠧᠨ ᠡᠦ᠍ᠶ᠋ᠢᠨ ᠬᠢᠭ᠌ᠰᠡᠨ ᠵᠠᠰᠠᠭ᠎ᠤᠨ ᠤᠷᠳᠤᠨ᠎ᠤ ᠠᠵᠢᠯ᠎ᠤᠨ ᠢᠯᠡᠳᠭᠡᠯ᠂ 2021 ᠣᠨ᠎ᠤ ᠤᠯᠤᠰ ᠠᠷᠠᠳ᠎ᠤᠨ ᠠᠵᠤ ᠠᠬᠤᠢ ᠪᠠ ᠨᠡᠢᠭᠡᠮ᠎ᠦᠨ ᠬᠥᠭ᠌ᠵᠢᠯᠲᠡ᠎ᠶ᠋ᠢᠨ ᠲᠥᠯᠥᠪᠯᠡᠭᠡ᠎ᠶ᠋ᠢ ᠭᠡᠷᠡᠭᠵᠢᠬᠦᠯᠦᠭᠰᠡᠨ ᠪᠠᠢᠳᠠᠯ ᠬᠢᠭᠡᠳ 2022 ᠣᠨ᠎ᠤ ᠤᠯᠤᠰ ᠠᠷᠠᠳ᠎ᠤᠨ ᠠᠵᠤ ᠠᠬᠤᠢ ᠪᠠ ᠨᠡᠢᠭᠡᠮ᠎ᠦᠨ ᠬᠥᠭ᠌ᠵᠢᠯᠲᠡ᠎ᠶ᠋ᠢᠨ ᠲᠥᠯᠥᠪᠯᠡᠭᠡ᠂ 2021 ᠣᠨ᠎ᠤ ᠲᠥᠪ᠎ᠦᠨ ᠪᠠ ᠣᠷᠣᠨ ᠨᠤᠲᠤᠭ᠎ᠤᠨ ᠲᠥᠰᠦᠪ ᠢ ᠬᠦᠢᠴᠡᠳᠬᠡᠭᠰᠡᠨ ᠪᠠᠢᠳᠠᠯ ᠬᠢᠭᠡᠳ 2022 ᠣᠨ᠎ᠤ ᠲᠥᠪ᠎ᠦᠨ ᠪᠠ ᠣᠷᠣᠨ ᠨᠤᠲᠤᠭ᠎ᠤᠨ ᠲᠥᠰᠦᠪ᠂ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ᠎ᠶ᠋ᠢᠨ ᠬᠣᠷᠢᠶᠠᠨ᠎ᠤ ᠠᠵᠢᠯ᠎ᠤᠨ ᠮᠡᠳᠡᠭᠦᠯᠦᠯᠲᠡ᠂ ᠠᠷᠠᠳ᠎ᠤᠨ ᠳᠡᠭᠡᠳᠦ ᠱᠢᠭᠦᠬᠦ᠌ ᠬᠣᠷᠢᠶᠠᠨ᠎ᠤ ᠠᠵᠢᠯ᠎ᠤᠨ ᠮᠡᠳᠡᠭᠦᠯᠦᠯᠲᠡ᠂ ᠠᠷᠠᠳ᠎ᠤᠨ ᠳᠡᠭᠡᠳᠦ ᠪᠠᠢᠴᠠᠭᠠᠬᠤ ᠬᠣᠷᠢᠶᠠᠨ᠎ᠤ ᠠᠵᠢᠯ᠎ᠤᠨ ᠮᠡᠳᠡᠭᠦᠯᠦᠯᠲᠡ᠎ᠶ᠋ᠢᠨ ᠲᠤᠬᠠᠢ ᠶᠡᠬᠡ ᠬᠤᠷᠠᠯ᠎ᠤᠨ ᠨᠠᠷᠢᠨ ᠪᠢᠴᠢᠭ᠎ᠤᠨ ᠭᠠᠵᠠᠷ᠎ᠤᠨ ᠵᠢᠷᠭᠤᠭᠠᠨ ᠱᠢᠢᠳᠪᠦᠷᠢ᠎ᠶ᠋ᠢᠨ ᠲᠥᠰᠦᠯ᠎ᠢ ᠬᠢᠨᠠᠨ ᠵᠥᠪᠯᠡᠭ᠌ᠰᠡᠨ ᠪᠠᠢᠳᠠᠯ᠎ᠤᠨ ᠬᠠᠷᠢᠭᠤ ᠮᠡᠳᠡᠭᠦᠯᠦᠯᠲᠡ ᠵᠢ ᠰᠤᠨᠤᠰᠴᠤ᠂ ᠡᠨᠡ ᠵᠢᠷᠭᠤᠭᠠᠨ ᠱᠢᠶ᠋ᠳᠪᠦᠷᠢ᠎ᠶ᠋ᠢᠨ ᠲᠥᠰᠦᠯ᠎ᠤᠨ ᠪᠠᠳᠤᠯᠠᠭᠤᠯᠬᠤ ᠨᠤᠤᠷᠠᠭ᠎ᠢ ᠬᠢᠨᠠᠨ ᠵᠦᠪᠯᠡᠪᠡ ᠃
ᠬᠤᠷᠠᠯ᠎ᠡᠴᠡ ᠳᠡᠭᠡᠷ᠎ᠡ ᠳᠤᠷᠠᠳᠤᠭ᠍ᠰᠠᠨ ᠱᠢᠢᠳᠪᠦᠷᠢ᠎ᠶ᠋ᠢᠨ ᠲᠥᠰᠦᠯ᠎ᠦᠨ ᠪᠠᠳᠤᠯᠠᠭᠤᠯᠬᠤ ᠨᠤᠤᠷᠠᠭ᠎ᠢ ᠶᠡᠬᠡ ᠬᠤᠷᠠᠯ᠎ᠤᠨ ᠲᠡᠷᠢᠭᠦᠯᠡᠭ᠌ᠴᠢᠳ᠎ᠦᠨ ᠪᠦᠯᠬᠦᠮ᠎ᠦᠨ ᠳᠥᠷᠪᠡᠳᠦᠭᠡᠷ ᠬᠤᠷᠠᠯ᠎ᠳᠤ ᠳᠡᠪᠱᠢᠭᠦᠯᠵᠦ᠍ ᠬᠢᠨᠠᠨ ᠵᠥᠪᠯᠡᠭᠦᠯᠬᠦ᠌᠎ᠶ᠋ᠢ ᠵᠥᠪᠱᠢᠶᠡᠷᠡᠪᠡ᠃
ᠶᠡᠬᠡ ᠬᠤᠷᠠᠯ᠎ᠤᠨ ᠲᠡᠷᠢᠭᠦᠯᠡᠭ᠌ᠴᠢᠳ᠎ᠦᠨ ᠪᠦᠯᠬᠦᠮ᠎ᠦᠨ ᠪᠠᠢᠩᠭᠤ᠎ᠶ᠋ᠢᠨ ᠲᠡᠷᠢᠭᠦᠯᠡᠭ᠌ᠴᠢ᠂ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ᠎ᠶ᠋ᠢᠨ ᠬᠣᠷᠢᠶᠠᠨ᠎ᠤ ᠳᠡᠳ᠋ ᠬᠤᠷᠢᠶᠠᠨ ᠳᠠᠷᠤᠭ᠎ᠠ ᠸᠠᠩ ᠴᠧᠨ᠂ ᠼᠤᠤ ᠵᠢᠶᠠᠨ ᠮᠢᠩ᠂ ᠵᠠᠩ ᠴᠦᠨ ᠱᠢᠶᠠᠨ᠂ ᠱᠸᠨ ᠶᠤᠸᠠᠢ ᠶᠤᠸᠠᠢ᠂ ᠵᠶ᠋ᠢ ᠪᠢᠩ ᠱᠢᠤᠸᠠᠨ᠂ ᠠᠢ᠌ᠯᠢᠭ᠌ᠸᠩ·ᠢᠮᠢᠩᠪᠠᠬᠠᠢ᠂ ᠸᠠᠨ ᠧ ᠱᠢᠶᠠᠩ᠂ ᠴᠧᠨ ᠵᠦ᠍᠂ ᠸᠠᠩ ᠳ᠋ᠦᠩ ᠮᠢᠩ ᠂ ᠪᠠᠳᠮᠠᠫᠸᠷᠠᠨᠭᠯᠠᠢ ᠂ ᠳ᠋ᠢᠩ ᠵᠦᠩ ᠯᠢ ᠂ ᠬᠤᠤ ᠮᠢᠩ ᠵᠢᠨ᠂ ᠼᠠᠢ ᠳ᠋ᠠ ᠹᠸᠩ᠂ ᠦ᠋ ᠸᠧᠢ ᠬᠤᠸᠠ ᠬᠤᠷᠠᠯ᠎ᠳᠤ ᠣᠷᠣᠯᠴᠠᠵᠠᠢ ᠃