(2022 ᠤᠨ᠎ᠤ 3 ᠰᠠᠷ᠎ᠠ ᠵᠢᠨ 10 ᠤ᠋ ᠡᠳᠤᠷ)
ᠸᠠᠩ ᠶᠠᠩ
ᠭᠡᠰᠢᠭᠦᠳ ᠠ᠋ ᠂ ᠨᠥᠬᠥᠳ ᠠ᠋ ᠄
ᠳᠤᠮᠳᠠᠳᠤ ᠤᠯᠤᠰ᠎ᠤᠨ ᠠᠷᠠᠳ᠎ᠤᠨ ᠤᠯᠤᠰ ᠲᠦᠷᠦ᠎ᠶᠢᠨ ᠵᠥᠪᠯᠡᠯᠭᠡᠨ᠎ᠦ ᠠᠷᠪᠠᠨ ᠭᠤᠷᠪᠠᠳᠤᠭᠠᠷ ᠬᠤᠭᠤᠴᠠᠭᠠᠨ᠎ᠤ ᠪᠦᠬᠦ ᠤᠯᠤᠰ᠎ᠤᠨ ᠬᠣᠷᠢᠶᠠᠨ᠎ᠤ ᠲᠠᠪᠤᠳᠤᠭᠠᠷ ᠬᠤᠷᠠᠯ ᠡᠯ᠎ᠡ ᠵᠥᠪᠯᠡᠬᠦ ᠵᠦᠢᠯ᠎ᠢᠶᠡᠨ ᠵᠦᠪᠯᠡᠵᠥ ᠳᠠᠭᠤᠰᠬᠠᠭᠠᠳ ᠠᠮᠵᠢᠯᠳᠠ ᠳᠠᠢ ᠲᠡᠭᠦᠰᠬᠦ ᠪᠣᠯᠣᠯ᠎ᠠ᠃ ᠬᠤᠷᠠᠯ᠎ᠤᠨ ᠬᠤᠭᠤᠴᠠᠭᠠᠨ᠎ᠳᠤ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶᠠᠨ᠎ᠤ ᠶᠡᠷᠦᠩᠬᠡᠢ ᠱᠦᠵᠢ᠂ ᠤᠯᠤᠰ᠎ᠤᠨ ᠲᠡᠷᠢᠭᠦᠯᠡᠭᠴᠢ᠂ ᠲᠥᠪ᠎ᠦᠨ ᠴᠡᠷᠢᠭ᠎ᠦᠨ ᠶᠠᠪᠤᠳᠠᠯ᠎ᠤᠨ ᠬᠣᠷᠢᠶᠠᠨ᠎ᠤ ᠲᠡᠷᠢᠭᠦᠯᠡᠭᠴᠢ ᠰᠢ᠎ᠶᠢᠨ ᠫᠢᠩ ᠵᠡᠷᠭᠡ ᠨᠠᠮ ᠪᠠ ᠲᠦᠷᠦ᠎ᠶᠢᠨ ᠤᠳᠤᠷᠢᠳᠬᠤ ᠨᠥᠬᠥᠳ ᠶᠡᠬᠡ ᠬᠤᠷᠠᠯ᠎ᠤᠨ ᠡᠬᠢᠯᠡᠬᠦ ᠬᠤᠷᠠᠯ ᠪᠠ ᠲᠡᠭᠦᠰᠬᠦ ᠬᠤᠷᠠᠯ᠎ᠳᠤ ᠣᠷᠣᠯᠴᠠᠵᠤ᠂ ᠡᠲᠡᠭᠡᠳ ᠢᠯᠭᠠᠯ᠎ᠤᠨ ᠳᠤᠭᠤᠢᠯᠠᠩ᠎ᠳᠤ ᠭᠦᠨᠵᠡᠭᠡᠢᠷᠡᠨ ᠰᠠᠨᠠᠯ ᠰᠣᠨᠣᠰᠴᠤ᠂ ᠭᠡᠰᠢᠭᠦᠳ᠎ᠲᠠᠢ ᠬᠠᠮᠲᠤ᠎ᠪᠠᠷ ᠲᠦᠷᠦ᠎ᠶᠢᠨ ᠶᠡᠬᠡ ᠶᠠᠪᠤᠳᠠᠯ᠎ᠢ ᠵᠥᠪᠯᠡᠪᠡ᠃ ᠶᠡᠷᠦᠩᠬᠡᠢ ᠱᠦᠵᠢ ᠰᠢ᠎ᠶᠢᠨ ᠫᠢᠩ ᠬᠦᠳᠡᠬᠡ ᠠᠵᠥ ᠠᠬᠤᠢ ᠵᠢᠨ ᠡᠲᠡᠭᠡᠳ᠂ ᠨᠡᠢᠭᠡᠮ᠎ᠦᠨ ᠠᠰᠠᠷᠠᠮᠵᠢ ᠪᠠ ᠨᠡᠢᠭᠡᠮ᠎ᠦᠨ ᠪᠠᠲᠤᠯᠠᠭ᠎ᠠ᠎ᠶᠢᠨ ᠡᠲᠡᠭᠡᠳ᠎ᠦᠨ ᠭᠡᠰᠢᠭᠦᠳ᠎ᠢ ᠡᠷᠭᠢᠵᠦ ᠦᠵᠡᠭᠰᠡᠨ ᠪᠥᠭᠡᠳ ᠴᠢᠬᠤᠯᠠ ᠶᠠᠷᠢᠶ᠎ᠠ ᠲᠠᠯᠪᠢᠭ᠍ᠰᠠᠨ ᠨᠢ ᠪᠦᠬᠦ ᠭᠡᠰᠢᠭᠦᠳ᠎ᠲᠦ ᠯᠤᠲᠤ ᠶᠡᠬᠡ ᠵᠣᠷᠢᠭ᠍ᠵᠢᠭᠤᠯᠤᠯ ᠪᠣᠯᠵᠤ᠂ ᠵᠥᠪᠯᠡᠯᠭᠡ ᠬᠢᠵᠦ ᠵᠠᠰᠠᠭ᠎ᠤᠨ ᠶᠠᠪᠤᠳᠠᠯ᠎ᠢ ᠵᠥᠪᠯᠡᠬᠦ ᠠᠵᠢᠯ᠎ᠢ ᠰᠠᠢᠲᠤᠷ ᠬᠢᠬᠦ᠎ᠳᠦ ᠴᠢᠬᠤᠯᠠ ᠵᠢᠯᠤᠭᠣᠳᠬᠤ ᠠᠴᠢ ᠬᠣᠯᠪᠣᠭᠳᠠᠯ᠎ᠲᠠᠢ᠃ ᠪᠦᠬᠦ ᠭᠡᠰᠢᠭᠦᠳ ᠵᠠᠰᠠᠭ᠎ᠤᠨ ᠣᠷᠳᠣᠨ᠎ᠤ ᠠᠵᠢᠯ᠎ᠤᠨ ᠢᠯᠡᠳᠬᠡᠯ ᠪᠠ ᠪᠤᠰᠤᠳ ᠮᠡᠳᠡᠬᠦᠯᠦᠯᠳᠡ ᠵᠢ ᠨᠠᠷᠢᠨ ᠬᠢᠨᠠᠮᠠᠭᠠᠢ ᠶᠠᠷᠢᠯᠴᠠᠵᠤ᠂ ᠪᠦᠬᠦ ᠤᠯᠤᠰ᠎ᠤᠨ ᠤᠯᠤᠰ ᠲᠦᠷᠦ᠎ᠶᠢᠨ ᠵᠥᠪᠯᠡᠯᠭᠡᠨ᠎ᠦ ᠪᠠᠢᠩᠭᠤ᠎ᠶᠢᠨ ᠬᠣᠷᠢᠶᠠᠨ᠎ᠤ ᠠᠵᠢᠯ᠎ᠤᠨ ᠮᠡᠳᠡᠬᠦᠯᠦᠯᠳᠡ ᠵᠡᠷᠭᠡ ᠪᠢᠴᠢᠭ᠌ ᠮᠠᠲᠧᠷᠢᠶᠠᠯ᠎ᠢ ᠬᠢᠨᠠᠨ ᠵᠦᠪᠯᠡᠵᠥ᠂ ᠨᠠᠮ ᠪᠠ ᠲᠦᠷᠦ᠎ᠶᠢᠨ ᠭᠣᠣᠯ ᠠᠵᠢᠯ᠎ᠲᠠᠢ ᠤᠶᠠᠯᠳᠤᠭᠤᠯᠤᠨ ᠭᠦᠨᠵᠡᠭᠡᠢ ᠵᠥᠪᠯᠡᠯᠭᠡ ᠬᠢᠵᠦ ᠵᠠᠰᠠᠭ᠎ᠤᠨ ᠶᠠᠪᠤᠳᠠᠯ᠎ᠢ ᠵᠥᠪᠯᠡᠪᠡ᠃ ᠤᠯᠠᠨ᠎ᠢᠶᠠᠷ᠎ᠢᠶᠠᠨ ᠂ 《ᠬᠣᠶᠠᠷ᠎ᠢ ᠲᠣᠭᠲᠠᠭᠠᠬᠤ》 ᠵᠢᠨ ᠰᠢᠢᠳᠪᠦᠷᠢᠯᠡᠭᠴᠢ ᠴᠢᠨᠠᠷᠲᠠᠢ ᠠᠴᠢ ᠬᠣᠯᠪᠣᠭᠳᠠᠯ᠎ᠢ ᠭᠦᠨᠵᠡᠭᠡᠢ ᠣᠢᠯᠠᠭᠠᠵᠤ᠂ ᠰᠢᠨ᠎ᠡ ᠴᠠᠭ ᠦᠶ᠎ᠡ᠎ᠶᠢᠨ ᠤᠤᠭᠠᠯ ᠡᠭᠦᠳᠦᠯᠲᠡ᠎ᠶᠢᠨ ᠴᠢᠨᠠᠷᠲᠠᠢ ᠦᠵᠡᠯ ᠰᠠᠨᠠᠭ᠎ᠠ᠂ ᠬᠤᠪᠢᠰᠤᠯᠲᠠ᠎ᠶᠢᠨ ᠴᠢᠨᠠᠷᠲᠠᠢ ᠦᠢᠯᠡᠳᠦᠯᠭᠡ᠂ ᠰᠢᠪᠲᠤᠯᠤᠯᠲᠠ᠎ᠶᠢᠨ ᠴᠢᠨᠠᠷᠲᠠᠢ ᠠᠬᠢᠴᠠ᠂ ᠪᠡᠯᠭᠡ ᠲᠡᠮᠳᠡᠭ᠎ᠦᠨ ᠴᠢᠨᠠᠷᠲᠠᠢ ᠦᠷ᠎ᠡ ᠪᠦᠲᠦᠭᠡᠯ᠎ᠢ ᠭᠦᠨᠵᠡᠭᠡᠢ ᠲᠠᠨᠢᠵᠤ᠂ 《ᠬᠣᠶᠠᠷ᠎ᠢ ᠬᠠᠮᠠᠭᠠᠯᠠᠬᠤ》 ᠤᠯᠤᠰ ᠲᠦᠷᠦ᠎ᠶᠢᠨ ᠤᠬᠠᠮᠰᠠᠷ᠎ᠢ ᠦᠨᠡᠨ ᠬᠦ᠌ ᠴᠢᠩᠭᠠᠳᠬᠠᠨ᠎ᠠ ᠭᠡᠵᠦ ᠰᠠᠨᠠᠯ ᠨᠢᠭᠡᠲᠡᠢ ᠢᠯᠡᠳᠬᠡᠵᠡᠭᠡᠪᠡ᠃ ᠤᠯᠠᠨ ᠵᠢᠡᠷ ᠵᠢᠡᠨ᠂ ᠡᠨᠡ ᠵᠢᠯ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠬᠣᠷᠢᠳᠤᠭᠠᠷ ᠶᠡᠬᠡ ᠬᠤᠷᠠᠯ᠎ᠢ ᠤᠭᠲᠤᠬᠤ᠂ ᠬᠣᠷᠢᠳᠤᠭᠠᠷ ᠶᠡᠬᠡ ᠬᠤᠷᠠᠯ᠎ᠤᠨ ᠵᠣᠷᠢᠭ᠋ ᠰᠠᠨᠠᠭ᠎ᠠ᠎ᠶᠢ ᠰᠤᠷᠤᠯᠴᠠᠨ ᠤᠬᠠᠭᠤᠯᠵᠤ ᠲᠤᠭᠤᠰᠢᠯᠠᠭᠤᠯᠬᠤ᠎ᠶᠢ ᠴᠢᠬᠤᠯᠠ ᠶᠡᠬᠡ ᠤᠯᠤᠰ ᠲᠦᠷᠦ᠎ᠶᠢᠨ ᠡᠭᠦᠷᠭᠡ᠎ᠪᠡᠨ ᠪᠣᠯᠭᠠᠵᠤ᠂ ᠦᠵᠡᠯ ᠰᠠᠨᠠᠭᠠᠨ᠎ᠤ ᠲᠠᠯ᠎ᠠ᠎ᠪᠠᠷ ᠬᠥᠲᠥᠯᠥᠨ ᠳᠠᠭᠠᠭᠤᠯᠬᠤ ᠳᠡᠬᠡᠷ᠎ᠡ ᠪᠣᠳᠠᠲᠤ ᠦᠷ᠎ᠡ ᠪᠦᠲᠦᠮᠵᠢ᠎ᠶᠢ ᠡᠷᠬᠢᠮᠯᠡᠵᠦ ᠂ ᠵᠥᠪᠯᠡᠯᠬᠡ ᠬᠢᠵᠥ ᠰᠠᠨᠠᠯ ᠳᠤᠷᠠᠳᠤᠯᠭ᠎ᠠ ᠳᠤᠷᠠᠳᠬᠤ ᠲᠠᠯ᠎ᠠ᠎ᠪᠠᠷ ᠦᠷ᠎ᠡ ᠪᠦᠲᠦᠭᠡᠯ ᠭᠠᠷᠭᠠᠵᠤ᠂ ᠶᠡᠬᠡ ᠲᠠᠯ᠎ᠠ᠎ᠳᠤ ᠦᠢᠯᠡᠴᠢᠯᠡᠬᠦ ᠲᠠᠯ᠎ᠠ᠎ᠪᠠᠷ ᠵᠢᠳᠬᠦᠯ ᠴᠢᠷᠮᠠᠢᠯᠭ᠎ᠠ ᠭᠠᠷᠭᠠᠵᠤ᠂ ᠲᠣᠭᠲᠠᠭᠤᠨ ᠪᠥᠭᠡᠳ ᠡᠷᠡᠭᠦᠯ ᠠᠵᠤ ᠠᠬᠤᠢ᠎ᠶᠢᠨ ᠣᠷᠴᠢᠨ ᠳᠤᠭᠤᠷᠢᠨ᠂ ᠲᠦᠷᠦ ᠲᠦᠪᠰᠢᠨ ᠲᠦᠮᠡᠨ ᠠᠮᠤᠭᠤᠯᠠᠩ ᠨᠡᠢᠭᠡᠮ᠎ᠦᠨ ᠣᠷᠴᠢᠨ ᠲᠤᠭᠤᠷᠢᠨ᠂ ᠰᠤᠷᠲᠠᠯ ᠴᠢᠬᠡᠴᠢ ᠣᠪᠣᠷ ᠲᠥᠪ ᠤᠯᠤᠰ ᠲᠦᠷᠦ᠎ᠶᠢᠨ ᠣᠷᠴᠢᠨ ᠳᠤᠭᠤᠷᠢᠨ᠎ᠢ ᠪᠠᠲᠤᠯᠠᠬᠤ᠎ᠳᠤ ᠤᠯᠤᠰ ᠲᠦᠷᠦ᠎ᠶᠢᠨ ᠵᠥᠪᠯᠡᠯᠭᠡᠨ᠎ᠦ ᠬᠦᠴᠦᠨ ᠴᠢᠳᠠᠯ᠎ᠢᠶᠠᠨ ᠡᠷᠭᠦᠨ᠎ᠡ ᠭᠡᠵᠦ ᠰᠠᠨᠠᠯ ᠨᠢᠭᠡᠲᠡᠢ ᠦᠵᠡᠵᠡᠬᠡᠪᠡ᠃ ᠬᠤᠷᠠᠯ ᠨᠢ ᠢᠳᠡᠪᠬᠢ ᠬᠦᠴᠦᠨ᠎ᠢ ᠥᠷᠭᠡᠨ᠎ᠢᠶᠡᠷ ᠨᠢᠭ᠍ᠲᠠᠷᠠᠭᠤᠯᠵᠤ᠂ ᠴᠤᠭ ᠰᠦᠯᠳᠡ᠎ᠪᠡᠷ ᠪᠢᠯᠬᠠᠮ᠎ᠠ ᠪᠤᠯᠵᠥ ᠂ ᠨᠢᠭᠡ ᠤᠳᠠᠭᠠᠨ᠎ᠤ ᠲᠤᠭ᠎ᠢ ᠥᠨᠳᠥᠷ ᠮᠠᠨᠳᠤᠭᠤᠯᠤᠭᠰᠠᠨ᠂ ᠠᠷᠠᠳᠴᠢᠯᠠᠯ ᠪᠦᠯᠬᠦᠮᠳᠡᠯ᠎ᠲᠠᠢ᠂ ᠦᠨᠡᠨ᠎ᠢ ᠪᠠᠷᠢᠮᠲᠠᠯᠠᠨ ᠪᠣᠳᠠᠲᠠᠢ᠎ᠶᠢ ᠡᠷᠬᠢᠮᠯᠡᠭᠰᠡᠨ᠂ ᠤᠬᠤᠷ ᠠᠪᠰᠠᠷᠬᠠᠨ ᠥᠨᠳᠥᠷ ᠪᠦᠲᠦᠮᠵᠢᠲᠡᠢ ᠶᠡᠬᠡ ᠬᠤᠷᠠᠯ ᠪᠣᠯᠪᠡ᠃
ᠭᠡᠱᠢᠭᠦᠳ ᠡ᠂ ᠡᠨᠡ ᠵᠢᠯ ᠪᠣᠯ ᠠᠷᠪᠠᠨ ᠭᠤᠷᠪᠠᠳᠤᠭᠠᠷ ᠬᠤᠭᠤᠴᠠᠭᠠᠨ᠎ᠤ ᠪᠦᠬᠦ᠌ ᠤᠯᠤᠰ᠎ᠤᠨ ᠤᠯᠤᠰ ᠲᠦᠷᠦ᠍᠎ᠶ᠋ᠢᠨ ᠵᠥᠪᠯᠡᠯᠭᠡᠨ᠎ᠦ ᠲᠤᠱᠢᠶᠠᠯ ᠬᠠᠷᠢᠭᠤᠴᠠᠯᠭ᠎ᠠ᠎ᠪᠠᠨ ᠭᠦᠢᠴᠡᠳᠭᠡᠬᠦ᠌ ᠡᠴᠦᠰ᠎ᠤᠨ ᠨᠢᠭᠡ ᠵᠢᠯ ᠮᠥᠨ᠃ ᠲᠤᠰ ᠬᠤᠭᠤᠴᠠᠭᠠᠨ᠎ᠤ ᠤᠯᠤᠰ ᠲᠦᠷᠦ᠍᠎ᠶ᠋ᠢᠨ ᠵᠥᠪᠯᠡᠯᠭᠡᠨ᠎ᠦ ᠠᠩᠬᠠᠳᠤᠭᠠᠷ ᠬᠤᠷᠠᠯ᠎ᠤᠨ ᠲᠡᠭᠦᠰᠭᠦ ᠬᠤᠷᠠᠯ ᠳᠡᠭᠡᠷ᠎ᠡ ᠪᠢᠳᠡ ᠳᠤᠮᠳᠠᠳᠤ ᠤᠯᠤᠰ᠎ᠤᠨ ᠠᠷᠠᠳ᠎ᠤᠨ ᠤᠯᠤᠰ ᠲᠦᠷᠦ᠍᠎ᠶ᠋ᠢᠨ ᠵᠥᠪᠯᠡᠯᠭᠡᠨ ᠭᠡᠬᠦ᠌ ᠡᠨᠡ ᠬᠦ᠌ ᠤᠯᠤᠰ ᠲᠦᠷᠦ᠍᠎ᠶ᠋ᠢᠨ ᠵᠣᠬᠢᠶᠠᠨ ᠪᠠᠢᠭᠤᠯᠤᠯᠲᠠ᠎ᠡᠴᠡ ᠪᠢᠳᠡᠨ᠎ᠳᠦ ᠳᠠᠭᠠᠭᠠᠯᠭᠠᠭ᠍ᠰᠠᠨ ᠬᠠᠷᠢᠭᠤᠴᠠᠯᠭ᠎ᠠ᠎ᠶ᠋ᠢ ᠣᠨᠣᠪᠴᠢᠲᠠᠶ ᠡᠵᠡᠮᠳᠡᠬᠦ᠌᠎ᠶ᠋ᠢ ᠳᠤᠷᠠᠳᠴᠤ᠌᠂ ᠡᠷᠬᠡᠪᠰᠢ ᠲᠤᠭ ᠲᠡᠮᠳᠡᠭ ᠲᠣᠳᠣᠷᠬᠠᠶ᠎ᠪᠠᠷ ᠤᠯᠤᠰ ᠲᠦᠷᠦ᠍᠎ᠶ᠋ᠢ ᠡᠷᠬᠢᠮᠯᠡᠵᠦ᠍᠂ ᠡᠷᠬᠡᠪᠰᠢ ᠠᠷᠠᠳ ᠲᠦᠮᠡᠨ᠎ᠢᠶᠡᠷ ᠭᠣᠣᠯ ᠪᠣᠯᠭᠠᠨ ᠲᠤᠱᠢᠶᠠᠯ ᠬᠠᠷᠢᠭᠤᠴᠠᠯᠭ᠎ᠠ᠎ᠪᠠᠨ ᠭᠦᠢᠴᠡᠳᠭᠡᠵᠦ᠍ ᠂ ᠡᠷᠬᠡᠪᠰᠢ ᠦᠨᠡᠨ᠎ᠢ ᠪᠠᠷᠢᠮᠲᠠᠯᠠᠨ ᠪᠣᠳᠠᠲᠠᠶ᠎ᠶ᠋ᠢ ᠡᠷᠬᠢᠮᠯᠡᠵᠦ᠍ ᠵᠥᠪᠯᠡᠬᠦ᠌ ᠴᠢᠳᠠᠪᠤᠷᠢ᠎ᠶ᠋ᠢᠨ ᠲᠦᠪᠰᠢᠨ ᠵᠢᠡᠨ ᠳᠡᠭᠡᠭ᠌ᠰᠢᠯᠡᠭᠦᠯᠬᠦ᠌ ᠬᠡᠷᠡᠭ᠌ᠲᠡᠶ ᠭᠡᠵᠦ᠍ ᠴᠢᠬᠤᠯᠠᠴᠢᠯᠠᠬᠰᠠᠨ ᠪᠢᠯᠠ᠃ ᠳᠥᠷᠪᠡᠨ ᠵᠢᠯ᠎ᠦᠨ ᠲᠤᠷᠰᠢ ᠪᠢᠳᠡ ᠡᠳᠡᠭᠡᠷ ᠠᠵᠢᠯ᠎ᠤᠨ ᠵᠠᠷᠴᠢᠮ ᠪᠣᠯᠤᠨ ᠣᠢᠯᠠᠭᠠᠭ᠍ᠳᠠᠬᠤᠨ᠎ᠢ ᠨᠠᠷᠢᠨ ᠬᠢᠨᠠᠮᠠᠭᠠᠶ ᠦᠢᠯᠡᠳᠦᠯᠭᠡᠵᠢᠭᠦᠯᠵᠦ᠍᠂ ᠱᠢᠨ᠎ᠡ ᠳᠤᠮᠳᠠᠳᠤ ᠤᠯᠤᠰ ᠪᠠᠢᠭᠤᠯᠤᠭ᠍ᠳᠠᠭ᠍ᠰᠠᠨ ᠳᠠᠯᠠᠨ ᠵᠢᠯ᠎ᠦᠨ ᠣᠶ ᠂ ᠳᠤᠮᠳᠠᠳᠤ ᠤᠯᠤᠰ᠎ᠤᠨ ᠡᠪ ᠬᠠᠮᠲᠤ ᠨᠠᠮ ᠪᠠᠢᠭᠤᠯᠤᠭ᠍ᠳᠠᠭ᠍ᠰᠠᠨ ᠵᠠᠭᠤᠨ ᠵᠢᠯ᠎ᠦᠨ ᠣᠶ᠎ᠶ᠋ᠢ ᠪᠡᠯᠭᠡᠯᠡᠬᠦ᠌ ᠵᠡᠷᠭᠡ ᠴᠢᠬᠤᠯᠠ ᠶᠡᠬᠡ ᠠᠵᠢᠯᠯᠠᠭ᠎ᠠ᠎ᠶ᠋ᠢᠨ ᠳᠤᠮᠳᠠ᠂ ᠱᠢᠨ᠎ᠡ ᠲᠢᠳᠢᠮᠯᠢᠭ ᠠᠭᠤᠰᠭᠢᠨ ᠦᠷᠪᠢᠰᠦᠯ᠎ᠦᠨ ᠬᠢᠵᠢᠭ᠎ᠦᠨ ᠪᠠᠢᠳᠠᠯ᠎ᠢ ᠡᠰᠡᠷᠭᠦᠴᠡᠬᠦ ᠵᠢ ᠬᠠᠮᠳᠤ ᠪᠡᠷ ᠦᠨᠭᠭᠡᠷᠡᠬᠦᠯᠵᠤ ᠂ ᠶᠠᠳᠠᠭᠤ᠎ᠡᠴᠡ ᠠᠩᠭᠢᠵᠢᠷᠠᠭᠤᠯᠬᠤ ᠪᠣᠭᠣᠮᠲᠠ ᠱᠢᠪᠲᠤᠯᠬᠤ ᠳᠠᠢᠯᠠᠯᠳᠤᠭᠠᠨ᠎ᠤ ᠢᠯᠠᠯᠲᠠ᠎ᠶ᠋ᠢ ᠤᠯᠬᠤ᠂ ᠴᠢᠨᠡᠭᠡᠯᠢᠭ ᠨᠡᠢᠭᠡᠮ᠎ᠢ ᠪᠦᠬᠦ᠌ ᠲᠠᠯ᠎ᠠ᠎ᠪᠠᠷ ᠪᠡᠶᠡᠯᠡᠭᠦᠯᠬᠦ᠌ ᠵᠡᠷᠭᠡ ᠠᠭᠤᠤ ᠶᠡᠬᠡ ᠦᠢᠯᠡᠳᠦᠯᠭᠡ᠎ᠶ᠋ᠢᠨ ᠳᠤᠮᠳᠠ᠂ ᠲᠥᠪ᠎ᠦᠨ ᠤᠯᠤᠰ ᠲᠦᠷᠦ᠍᠎ᠶ᠋ᠢᠨ ᠵᠥᠪᠯᠡᠯᠭᠡᠨ᠎ᠦ ᠠᠵᠢᠯ᠎ᠤᠨ ᠬᠤᠷᠠᠯ᠎ᠤᠨ ᠵᠣᠷᠢᠭ ᠰᠠᠨᠠᠭ᠎ᠠ᠎ᠶ᠋ᠢ ᠬᠠᠮᠲᠤ ᠪᠠᠷ ᠨᠠᠢᠳᠠᠪᠤᠷᠢᠵᠢᠭᠤᠯᠵᠤ᠂ ᠲᠤᠰᠭᠠᠢ ᠵᠥᠪᠯᠡᠬᠦ᠌ ᠪᠠᠢᠭᠤᠯᠤᠮᠵᠢ᠎ᠶ᠋ᠢᠨ ᠪᠠᠢᠭᠤᠯᠤᠯᠲᠠ᠎ᠶ᠋ᠢ ᠠᠬᠢᠭᠤᠯᠬᠤ ᠳᠤᠮᠳᠠ᠂ ᠤᠯᠤᠰ ᠲᠦᠷᠦ᠍᠎ᠶ᠋ᠢᠨ ᠴᠢᠳᠠᠪᠤᠷᠢ᠂ ᠠᠷᠠᠳ᠎ᠤᠨ ᠲᠥᠯᠥᠭᠡ ᠵᠢᠳᠬᠦᠬᠦ᠌ ᠰᠡᠳᠭᠢᠯᠭᠡ ᠪᠣᠯᠤᠨ ᠵᠥᠪᠯᠡᠬᠦ᠌ ᠴᠢᠳᠠᠪᠤᠷᠢ᠎ᠪᠠᠨ ᠴᠢᠩᠭᠠᠳᠭᠠᠪᠠ ᠃ ᠱᠢᠨ᠎ᠡ ᠠᠶᠠᠨ ᠳ᠋ᠤ ᠂ ᠡᠳᠡᠭᠡᠷ ᠵᠠᠷᠴᠢᠮ ᠪᠣᠯᠤᠨ ᠤᠢ᠍ᠢᠯᠠᠭᠠᠭ᠍ᠳᠠᠬᠤᠨ᠎ᠢ ᠦᠢᠯᠡᠳᠦᠯᠭᠡᠵᠢᠭᠦᠯᠬᠦ᠌ ᠵᠢ ᠡᠷᠬᠡᠪᠰᠢ ᠪᠦᠬᠦ ᠲᠠᠯ᠎ᠠ ᠪᠡᠷ ᠲᠤᠭᠤᠰᠢᠯᠠᠭᠤᠯᠵᠤ ᠂ ᠨᠡᠩ ᠰᠠᠢᠲᠤᠷ ᠬᠢᠬᠦ᠌ ᠬᠡᠷᠡᠭ᠌ᠲᠡᠢ ᠃
— ᠲᠤᠭ ᠲᠡᠮᠳᠡᠭ ᠲᠣᠳᠣᠷᠬᠠᠶ᠎ᠪᠠᠷ ᠤᠯᠤᠰ ᠲᠦᠷᠦ᠍᠎ᠶ᠋ᠢ ᠡᠷᠬᠢᠮᠯᠡᠬᠦ᠌᠎ᠵᠢ ᠡᠷᠬᠡᠪᠰᠢ ᠪᠦᠬᠦ ᠲᠠᠯ᠎ᠠ ᠪᠡᠷ ᠲᠤᠭᠤᠰᠢᠯᠠᠭᠤᠯᠵᠤ᠂ ᠨᠡᠩ ᠰᠠᠢᠲᠤᠷ ᠬᠢᠬᠦ᠌ ᠬᠡᠷᠡᠭ᠌ᠲᠡᠶ᠃ ᠠᠷᠠᠳ᠎ᠤᠨ ᠤᠯᠤᠰ ᠲᠦᠷᠦ᠍᠎ᠶ᠋ᠢᠨ ᠵᠥᠪᠯᠡᠯᠭᠡᠨ ᠪᠣᠯ ᠤᠯᠤᠰ ᠲᠦᠷᠦ᠍᠎ᠶ᠋ᠢᠨ ᠵᠣᠬᠢᠶᠠᠨ ᠪᠠᠢᠭᠤᠯᠤᠯᠲᠠ ᠮᠥᠨ᠂ ᠤᠯᠤᠰ ᠲᠦᠷᠦ᠍᠎ᠶ᠋ᠢ ᠡᠷᠬᠢᠮᠯᠡᠬᠦ᠌ ᠪᠣᠯ ᠢᠮᠠᠭ᠍ᠲᠠ ᠲᠡᠷᠢᠭᠦᠨ ᠴᠢᠬᠤᠯᠠ ᠱᠠᠭᠠᠷᠳᠠᠯᠭ᠎ᠠ ᠮᠥᠨ᠃ ᠥᠷᠭᠡᠨ ᠤᠯᠠᠨ ᠭᠡᠱᠢᠭᠦᠳ ᠡᠯ᠎ᠠ ᠲᠠᠯ᠎ᠠ ᠡᠴᠡ ᠢᠷᠡᠵᠤ ᠂ ᠵᠠᠷᠢᠮ ᠠᠰᠠᠭᠤᠳᠠᠯ᠎ᠤᠨ ᠲᠤᠬᠠᠶ ᠦᠵᠡᠯᠲᠡ ᠨᠢ ᠠᠳᠠᠯᠢ ᠦᠭᠡᠢ ᠪᠠᠢᠵᠤ ᠮᠡᠳᠡᠨ᠎ᠠ ᠂ ᠭᠡᠪᠡᠴᠦ᠍ ᠤᠯᠤᠰ ᠲᠦᠷᠦ᠍᠎ᠶ᠋ᠢᠨ ᠵᠣᠭ᠍ᠰᠣᠯᠲᠠ᠎ᠳᠤ ᠬᠠᠰᠢ ᠶᠠᠰᠢ ᠪᠠᠢᠵᠤ ᠪᠣᠯᠬᠤ ᠦᠭᠡᠢ᠂ ᠤᠯᠤᠰ ᠲᠦᠷᠦ᠍᠎ᠶ᠋ᠢᠨ ᠵᠠᠷᠴᠢᠮ᠎ᠢ ᠭᠤᠢᠪᠢᠯᠵᠠᠭᠤᠯᠵᠤ ᠪᠣᠯᠬᠤ ᠦᠭᠡᠢ᠂ ᠤᠯᠤᠰ ᠲᠦᠷᠦ᠍᠎ᠶ᠋ᠢᠨ ᠴᠢᠭ᠌ᠯᠡᠯ᠎ᠡᠴᠡ ᠰᠠᠯᠵᠤ ᠪᠣᠯᠬᠤ ᠦᠭᠡᠢ᠃ ᠤᠯᠤᠰ ᠲᠦᠷᠦ᠍᠎ᠶ᠋ᠢᠨ ᠮᠠᠭᠠᠳᠯᠠᠬᠤ ᠴᠢᠳᠠᠪᠤᠷᠢ᠎ᠪᠠᠨ ᠲᠠᠰᠤᠷᠠᠯᠲᠠ ᠦᠭᠡᠢ ᠴᠢᠩᠭᠠᠳᠭᠠᠵᠤ ᠂ ᠤᠯᠤᠰ ᠲᠦᠷᠦ᠍᠎ᠶ᠋ᠢᠨ ᠬᠠᠷᠠᠴᠠ᠎ᠪᠠᠷ ᠠᠰᠠᠭᠤᠳᠠᠯ᠎ᠢ ᠠᠵᠢᠭ᠍ᠯᠠᠬᠤ᠎ᠳᠠᠭᠠᠨ ᠴᠢᠳᠠᠮᠠᠭᠠᠢ ᠪᠠᠢᠵᠤ᠂ ᠡᠭᠡᠳᠡᠷᠡᠭᠡᠨ ᠪᠤᠳᠤᠯᠢᠶᠠᠨᠲᠠᠢ ᠪᠠᠢᠳᠠᠯ᠎ᠤᠨ ᠬᠤᠪᠢᠷᠠᠯᠲᠠ᠎ᠶ᠋ᠢᠨ ᠳᠤᠮᠳᠠ ᠦᠵᠡᠭ᠌ᠳᠡᠯ ᠮᠥᠨ ᠴᠢᠨᠠᠷ᠎ᠢ ᠢᠯᠭᠠᠵᠤ᠂ ᠤᠯᠠᠨ ᠡᠱᠢᠲᠦ ᠦᠵᠡᠯ ᠰᠠᠨᠠᠭᠠᠨ᠎ᠤ ᠰᠣᠯᠢᠯᠴᠠᠭ᠎ᠠ ᠮᠦᠷᠬᠦᠯᠳᠦᠭᠡᠨᠦ ᠳᠤᠮᠳᠠ ᠵᠥᠪ ᠪᠤᠷᠤᠭᠤ ᠦᠨᠡᠨ ᠬᠤᠳᠠᠯ᠎ᠢ ᠢᠯᠭᠠᠨ ᠲᠤᠳᠤᠯᠠᠵᠤ ᠂ ᠤᠷᠢᠳ ᠡᠮᠦᠨ᠎ᠡ ᠪᠠᠢᠭ᠎ᠠ ᠦᠭᠡᠢ ᠠᠶᠤᠯ ᠲᠦᠭ᠌ᠰᠢᠭᠦᠷᠢ ᠥᠷᠢᠰᠥᠯᠳᠦᠭᠡᠨ᠎ᠦ ᠳᠤᠮᠳᠠ ᠪᠠᠢᠭᠤᠯᠤᠯ᠎ᠤᠨ ᠢᠲᠡᠭᠡᠯ᠎ᠢᠶᠡᠨ ᠪᠠᠲᠤᠳᠭᠠᠬᠤ ᠬᠡᠷᠡᠭ᠌ᠲᠡᠢ᠃ ᠤᠯᠤᠰ ᠲᠦᠷᠦ᠎ᠶᠢᠨ ᠤᠬᠠᠪᠦᠷᠢᠯᠠᠬᠤ ᠴᠢᠳᠠᠪᠤᠷᠢ᠎ᠪᠠᠨ ᠲᠠᠰᠤᠷᠠᠯᠲᠠ ᠦᠭᠡᠢ ᠴᠢᠩᠭᠠᠳᠬᠠᠵᠤ ᠂ ᠨᠠᠮ᠎ᠤᠨ ᠰᠢᠨ᠎ᠡ ᠵᠢ ᠡᠭᠦᠳᠬᠦ ᠤᠨᠤᠯ ᠢ᠋ ᠭᠦᠨᠵᠡᠭᠡᠢ ᠰᠤᠷᠤᠯᠴᠠᠨ ᠪᠠᠲᠤ ᠢᠲᠡᠭᠡᠵᠦ᠂《ᠤᠯᠤᠰ᠎ᠤᠨ ᠶᠡᠬᠡ ᠶᠠᠪᠤᠳᠠᠯ》 ᠢ᠋ ᠬᠡᠬᠦᠳᠡᠭ ᠴᠡᠬᠡᠵᠢᠨᠳ᠋ᠡᠭᠡᠨ ᠪᠤᠳᠤᠵᠤ᠂ ᠤᠬᠠᠮᠰᠠᠷ᠎ᠡᠴᠡ᠎ᠪᠠᠨ ᠦᠵᠡᠯ ᠰᠠᠨᠠᠭ᠎ᠠ ᠤᠯᠤᠰ ᠲᠦᠷᠦ ᠦᠢᠯᠡ ᠠᠵᠢᠯᠯᠠᠭ᠎ᠠ ᠵᠢᠨ ᠲᠠᠯ᠎ᠠ ᠪᠡᠷ ᠰᠢ᠎ᠶᠢᠨ ᠫᠢᠩ ᠨᠥᠬᠥᠷ᠎ᠢᠶᠡᠷ ᠭᠣᠣᠯ ᠪᠣᠯᠭᠠᠭᠰᠠᠨ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶ᠎ᠠ᠎ᠲᠠᠢ ᠳᠡᠭᠡᠳᠦ ᠬᠡᠮᠵᠢᠶᠡᠨ ᠤ᠋ ᠨᠢᠭᠡᠳᠦᠯᠲᠡᠢ ᠪᠠᠢᠬᠤ ᠵᠢ ᠪᠠᠳᠤᠯᠠᠬᠤ ᠬᠡᠷᠡᠭᠲᠡᠢ᠃ ᠤᠯᠤᠰ ᠲᠦᠷᠦ᠎ᠶᠢᠨ ᠭᠦᠢᠴᠡᠳᠬᠡᠬᠦ ᠴᠢᠳᠠᠪᠤᠷᠢ ᠪᠠᠨ ᠲᠠᠰᠤᠷᠠᠯᠲᠠ ᠦᠭᠡᠢ ᠴᠢᠩᠭᠠᠷᠠᠭᠤᠯᠵᠤ ᠂ ᠰᠡᠳᠬᠢᠯᠳ᠋ᠡᠭᠡᠨ ᠬᠠᠷᠢᠭᠤᠴᠠᠯᠭ᠎ᠠ᠎ᠪᠠᠨ ᠪᠤᠳᠤᠵᠤ᠂ ᠪᠡᠶ᠎ᠡ᠎ᠳᠡᠭᠡᠨ ᠬᠠᠷᠢᠭᠤᠴᠠᠯᠭ᠎ᠠ ᠡᠭᠦᠷᠭᠡᠯᠡᠨ᠂ ᠠᠵᠢᠯᠯᠠᠭ᠎ᠠ ᠲᠡᠭᠡᠷ᠎ᠡ ᠪᠡᠨ ᠬᠠᠷᠢᠭᠤᠴᠠᠯᠭ᠎ᠠ᠎ᠪᠠᠨ ᠭᠦᠢᠴᠡᠳᠬᠡᠵᠦ ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶᠠᠨ᠎ᠤ ᠰᠢᠢᠳᠪᠦᠷᠢᠲᠦ ᠪᠣᠳᠣᠯᠭ᠎ᠠ ᠪᠠᠢᠷᠢᠯᠠᠭᠤᠯᠤᠯᠲᠠ ᠪᠠ ᠠᠷᠠᠳ᠎ᠤᠨ ᠤᠯᠤᠰ ᠲᠦᠷᠦ᠎ᠶᠢᠨ ᠵᠥᠪᠯᠡᠯᠭᠡᠨ᠎ᠦ ᠠᠵᠢᠯ᠎ᠤᠨ ᠱᠠᠭᠠᠷᠳᠠᠯᠭ᠎ᠠ᠎ᠶᠢ ᠨᠠᠢᠳᠠᠪᠤᠷᠢᠵᠢᠭᠤᠯᠬᠤ᠂ ᠤᠯᠤᠰ᠎ᠤᠨ ᠳᠣᠲᠣᠭᠠᠳᠤ ᠭᠠᠳᠠᠭᠠᠳᠤ᠎ᠶᠢᠨ ᠳᠤᠮᠳᠠᠳᠤ᠎ᠶᠢᠨ ᠬᠥᠪᠡᠭᠦᠳ ᠥᠬᠢᠳ᠎ᠦᠨ ᠤᠶᠤᠨ ᠤᠬᠠᠭᠠᠨ ᠪᠠ ᠬᠦᠴᠦᠨ ᠴᠢᠳᠠᠯ᠎ᠢ ᠨᠢᠭ᠍ᠲᠠᠷᠠᠭᠤᠯᠬᠤ ᠤᠯᠤᠰ ᠲᠦᠷᠦ᠎ᠶᠢᠨ ᠬᠠᠷᠢᠭᠤᠴᠠᠯᠭ᠎ᠠ᠎ᠶᠢ ᠦᠨᠡᠨ ᠬᠦ᠌ ᠡᠭᠦᠷᠭᠡᠯᠡᠬᠦ ᠬᠡᠷᠡᠭᠲᠡᠢ ᠃
— ᠠᠷᠠᠳ᠎ᠤᠨ ᠤᠯᠤᠰ ᠲᠦᠷᠦ᠎ᠶᠢᠨ ᠵᠥᠪᠯᠡᠯᠭᠡᠨ ᠨᠢ ᠠᠷᠠᠳ ᠲᠦᠮᠡᠨ᠎ᠦ ᠲᠥᠯᠥᠭᠡ ᠪᠠᠢᠬᠤ ᠵᠢ ᠡᠷᠬᠡᠪᠰᠢ ᠪᠦᠬᠦ ᠲᠠᠯ᠎ᠠ ᠪᠡᠷ ᠲᠤᠭᠤᠰᠢᠯᠠᠭᠤᠯᠵᠤ᠂ ᠨᠡᠩ ᠰᠠᠢᠲᠤᠷ ᠬᠢᠬᠦ ᠬᠡᠷᠡᠭᠲᠡᠢ᠃ ᠠᠷᠠᠳ᠎ᠤᠨ ᠤᠯᠤᠰ ᠲᠦᠷᠦ᠎ᠶᠢᠨ ᠵᠥᠪᠯᠡᠯᠭᠡᠨ ᠠᠷᠠᠳ ᠲᠦᠮᠡᠨ᠎ᠦ ᠲᠥᠯᠥᠭᠡ ᠪᠠᠢᠬᠤ᠎ᠶᠢ ᠪᠠᠷᠢᠮᠲᠠᠯᠠᠬᠤ ᠪᠣᠯ ᠶᠡᠷᠦᠩᠬᠡᠢ ᠱᠦᠵᠢ ᠰᠢ᠎ᠶᠢᠨ ᠫᠢᠩ ᠤ᠋ᠨ ᠲᠥᠪ᠎ᠦᠨ ᠤᠯᠤᠰ ᠲᠦᠷᠦ᠎ᠶᠢᠨ ᠵᠥᠪᠯᠡᠯᠭᠡᠨ᠎ᠦ ᠠᠵᠢᠯ᠎ᠤᠨ ᠬᠤᠷᠠᠯ ᠳᠡᠭᠡᠷ᠎ᠡ ᠳᠤᠷᠠᠳᠤᠭᠰᠠᠨ ᠲᠣᠳᠣᠷᠬᠠᠢ ᠱᠠᠭᠠᠷᠳᠠᠯᠭ᠎ᠠ ᠮᠥᠨ᠂ ᠪᠠᠰᠠ ᠴᠤ᠌ ᠤᠯᠤᠰ ᠲᠦᠷᠦ᠎ᠶᠢᠨ ᠵᠥᠪᠯᠡᠯᠭᠡᠨ᠎ᠦ ᠡᠷᠬᠡᠪᠰᠢ ᠢᠮᠠᠭᠲᠠ ᠵᠢᠷᠤᠮᠯᠠᠵᠤ ᠲᠤᠰᠢᠶᠠᠯ ᠬᠠᠷᠢᠭᠤᠴᠠᠯᠭ᠎ᠠ᠎ᠪᠠᠨ ᠭᠦᠢᠴᠡᠳᠬᠡᠬᠦ ᠣᠢᠯᠠᠭᠠᠭᠳᠠᠬᠤᠨ ᠮᠥᠨ᠃ ᠠᠷᠠᠳ᠎ᠤᠨ ᠤᠯᠤᠰ ᠲᠦᠷᠦ᠎ᠶᠢᠨ ᠵᠥᠪᠯᠡᠯᠭᠡᠨ ᠭᠠᠭᠴᠠ ᠬᠦ᠌ ᠠᠷᠠᠳ᠎ᠤᠨ ᠲᠥᠯᠥᠭᠡ ᠡᠭᠦᠷᠭᠡ ᠲᠤᠰᠢᠶᠠᠯ᠎ᠢᠶᠠᠨ ᠭᠦᠢᠴᠡᠳᠬᠡᠬᠦ᠎ᠶᠢ ᠪᠠᠷᠢᠮᠲᠠᠯᠠᠪᠠᠯ ᠰᠠᠶᠢ ᠦᠨᠳᠦᠰᠦᠨ ᠤᠯᠤᠰ ᠲᠦᠷᠦ᠎ᠶᠢᠨ ᠪᠠᠢᠭᠤᠯᠤᠯ᠎ᠤᠨ ᠠᠮᠢᠵᠢᠷᠠᠯ᠎ᠤᠨ ᠬᠦᠴᠦᠨ ᠪᠠ ᠠᠮᠢᠳᠤᠯᠢᠭ᠋ ᠬᠦᠴᠦᠨ᠎ᠢ ᠡᠭᠦᠷᠢᠳᠡ ᠪᠠᠲᠤᠯᠠᠵᠤ ᠴᠢᠳᠠᠨ᠎ᠠ᠂ ᠰᠠᠶᠢ ᠪᠦᠬᠦ ᠶᠠᠪᠤᠴᠠ᠎ᠶᠢᠨ ᠠᠷᠠᠳ᠎ᠤᠨ ᠠᠷᠠᠳᠴᠢᠯᠠᠯ᠎ᠤᠨ ᠥᠪᠡᠷᠮᠢᠴᠡ ᠳᠠᠪᠠᠭᠤᠯᠢᠭ᠋᠎ᠢ ᠨᠡᠩ ᠰᠠᠢᠲᠤᠷ ᠢᠯᠡᠷᠡᠭᠦᠯᠵᠦ ᠴᠢᠳᠠᠨ᠎ᠠ᠃ ᠪᠣᠳᠠᠲᠤ ᠪᠠᠢᠳᠠᠯ᠎ᠳᠤ ᠭᠦᠨᠵᠡᠭᠡᠢᠷᠡᠨ ᠠᠷᠠᠳ᠎ᠤᠨ ᠪᠠᠢᠳᠠᠯ᠎ᠢ ᠪᠠᠢᠴᠠᠭᠠᠵᠤ᠂ ᠠᠷᠠᠳ ᠲᠦᠮᠡᠨ᠎ᠦ ᠰᠠᠳᠬᠢᠯ᠎ᠤᠨ ᠲᠠᠭᠤᠨ᠎ᠢ ᠰᠣᠨᠣᠰᠴᠤ᠂ ᠠᠷᠠᠳ ᠲᠦᠮᠡᠨ᠎ᠦ ᠬᠦᠰᠡᠯ ᠱᠠᠭᠠᠷᠳᠠᠯᠭ᠎ᠠ᠎ᠶᠢ ᠲᠤᠰᠬᠠᠵᠤ ᠂ ᠠᠷᠠᠳ ᠲᠦᠮᠡᠨ᠎ᠦ ᠤᠶᠤᠨ ᠤᠬᠠᠭᠠᠨ᠎ᠢ ᠲᠥᠪᠯᠡᠷᠡᠭᠦᠯᠵᠦ᠂ ᠭᠡᠰᠢᠭᠦᠳ᠎ᠦᠨ ᠳᠠᠰᠬᠠᠯ᠎ᠢ ᠳᠤᠮᠳᠠᠳᠤ᠎ᠶᠢᠨ ᠡᠬᠡ ᠭᠠᠵᠠᠷ ᠳᠡᠭᠡᠷ᠎ᠡ ᠪᠢᠴᠢᠵᠦ᠂ ᠡᠲᠡᠭᠡᠳ ᠢᠯᠭᠠᠯ ᠤᠯᠠᠨ ᠲᠦᠮᠡᠨ᠎ᠳᠦ ᠮᠡᠳᠡᠷᠡᠭᠳᠡᠳᠡᠯᠡ ᠪᠢᠴᠢᠬᠦ ᠬᠡᠷᠡᠭᠲᠡᠢ᠃ ᠠᠷᠭ᠎ᠠ ᠤᠬᠠᠭᠠᠨ ᠭᠠᠷᠭᠠᠵᠤ ᠬᠦᠴᠦᠨ ᠴᠢᠳᠠᠯ᠎ᠢᠶᠠᠨ ᠰᠢᠪᠬᠠᠨ ᠠᠷᠠᠳ᠎ᠤᠨ ᠰᠠᠨᠠᠭᠠᠰᠢᠷᠠᠯ᠎ᠢ ᠰᠢᠢᠳᠪᠦᠷᠢᠯᠡᠵᠦ᠂ ᠠᠷᠠᠳ ᠲᠦᠮᠡᠨ᠎ᠦ ᠰᠠᠢᠨ ᠰᠠᠢᠬᠠᠨ ᠠᠮᠢᠳᠤᠷᠠᠯ᠎ᠤᠨ ᠲᠤᠬᠠᠢ ᠰᠢᠨ᠎ᠡ ᠬᠦᠰᠡᠯ ᠡᠷᠡᠮᠡᠯᠵᠡᠯ᠎ᠲᠠᠢ ᠨᠢᠭ᠍ᠲᠠ ᠤᠶᠠᠯᠳᠤᠭᠤᠯᠤᠨ ᠵᠠᠰᠠᠭ᠎ᠤᠨ ᠶᠠᠪᠤᠳᠠᠯ᠎ᠢ ᠵᠥᠪᠯᠡᠨ ᠰᠠᠨᠠᠯ ᠵᠥᠪᠯᠡᠯᠭᠡ ᠳᠤᠷᠠᠳᠴᠤ᠂ ᠨᠠᠮ ᠪᠠ ᠵᠠᠰᠠᠭ᠎ᠤᠨ ᠣᠷᠳᠣᠨ᠎ᠢ ᠬᠠᠪᠰᠤᠷᠤᠨ ᠠᠷᠠᠳ᠎ᠤᠨ ᠠᠮᠢᠳᠤᠷᠠᠯ᠎ᠤᠨ ᠬᠦᠴᠢᠷ ᠠᠰᠠᠭᠤᠳᠠᠯ᠎ᠢ ᠰᠢᠢᠳᠪᠦᠷᠢᠯᠡᠵᠦ᠂ ᠠᠷᠠᠳ᠎ᠤᠨ ᠠᠮᠢᠳᠤᠷᠠᠯ᠎ᠤᠨ ᠪᠤᠶᠠᠨ ᠵᠢᠷᠭᠠᠯ᠎ᠢ ᠨᠡᠮᠡᠭᠳᠡᠭᠦᠯᠬᠦ ᠬᠡᠷᠡᠭᠲᠡᠢ᠃ ᠤᠷᠢᠬᠠᠨ ᠰᠠᠯᠬᠢ ᠥᠭᠭᠢᠶᠡᠮᠦᠷ ᠬᠤᠷ᠎ᠠ᠎ᠪᠠᠷ ᠠᠷᠠᠳ᠎ᠤᠨ ᠰᠡᠳᠬᠢᠯ᠎ᠢ ᠨᠢᠭ᠍ᠲᠠᠷᠠᠭᠤᠯᠵᠤ᠂ ᠤᠯᠠᠨ ᠲᠦᠮᠡᠨ᠎ᠦ ᠦᠵᠡᠯ ᠰᠠᠨᠠᠭ᠎ᠠ ᠲᠠᠨᠢᠯᠲᠠ᠎ᠶᠢᠨ ᠲᠥᠭᠡᠷᠢᠭᠳᠡᠯ᠎ᠦᠨ ᠴᠡᠭ᠂ ᠠᠰᠢᠭ᠋ ᠲᠤᠰᠠ᠎ᠶᠢᠨ ᠬᠠᠷᠢᠴᠠᠭ᠎ᠠ᠎ᠶᠢᠨ ᠰᠣᠯᠪᠢᠴᠠᠯ᠎ᠤᠨ ᠴᠡᠭ ᠂ ᠪᠣᠳᠠᠲᠤ ᠵᠥᠷᠢᠴᠡᠯ ᠠᠮᠠᠷᠬᠠᠨ ᠡᠭᠦᠰᠬᠦ ᠴᠡᠭ᠎ᠲᠠᠢ ᠤᠶᠠᠯᠳᠤᠭᠤᠯᠤᠨ᠂ ᠲᠦᠷᠦ᠎ᠶᠢᠨ ᠪᠣᠳᠣᠯᠭ᠎ᠠ᠎ᠶᠢ ᠤᠬᠠᠭᠤᠯᠬᠤ ᠂ ᠡᠷᠡᠭᠡᠯᠵᠡᠭᠡ᠎ᠶᠢ ᠠᠯᠳᠠᠷᠠᠭᠠᠨ ᠲᠥᠭᠡᠷᠢᠭᠳᠡᠯ᠎ᠢ ᠲᠠᠢᠯᠬᠤ ᠠᠵᠢᠯ᠎ᠢ ᠢᠯᠡᠭᠦᠬᠡᠨ ᠬᠢᠵᠦ᠂ ᠪᠦᠯᠬᠦᠮᠳᠡᠨ ᠲᠡᠮᠡᠴᠡᠬᠦ᠂ ᠬᠥᠭᠵᠢᠯᠲᠡ᠎ᠶᠢ ᠬᠠᠮᠲᠤ᠎ᠪᠠᠷ ᠠᠬᠢᠭᠤᠯᠬᠤ ᠡᠷᠴᠢ ᠵᠣᠷᠢᠭ᠋᠎ᠢ ᠢᠯᠡᠭᠦᠬᠡᠨ ᠪᠠᠳᠠᠷᠠᠭᠤᠯᠵᠤ ᠂ ᠲᠦᠮᠡᠨ ᠤᠯᠠᠨ᠎ᠢᠶᠠᠷ᠎ᠢᠶᠠᠨ ᠰᠡᠳᠬᠢᠯ ᠨᠢᠭᠡᠲᠡᠢ ᠨᠡᠢᠭᠡᠮ᠎ᠦᠨ ᠠᠭᠤᠷ ᠠᠮᠢᠰᠬᠤᠯ᠎ᠢ ᠢᠳᠡᠪᠬᠢᠲᠡᠢ᠎ᠪᠡᠷ ᠪᠤᠢ ᠪᠣᠯᠭᠠᠬᠤ ᠬᠡᠷᠡᠭᠲᠡᠢ᠃
— ᠵᠥᠪᠯᠡᠯᠭᠡ ᠬᠢᠵᠦ ᠵᠠᠰᠠᠭ᠎ᠤᠨ ᠶᠠᠪᠤᠳᠠᠯ᠎ᠢ ᠵᠥᠪᠯᠡᠬᠦ ᠲᠦᠪᠰᠢᠨ᠎ᠢ ᠲᠡᠭᠡᠭᠰᠢᠯᠡᠭᠦᠯᠬᠦ ᠳ᠋ᠤ ᠡᠷᠬᠡᠪᠰᠢ ᠪᠦᠬᠦ ᠲᠠᠯ᠎ᠠ ᠪᠡᠷ ᠲᠤᠭᠤᠰᠢᠯᠠᠭᠤᠯᠵᠦ᠂ ᠨᠡᠩ ᠰᠠᠢᠲᠤᠷ ᠬᠢᠬᠦ ᠬᠡᠷᠡᠭᠲᠡᠢ ᠃ ᠠᠷᠠᠳ᠎ᠤᠨ ᠤᠯᠤᠰ ᠲᠦᠷᠦ᠎ᠶᠢᠨ ᠵᠥᠪᠯᠡᠯᠭᠡᠨ ᠪᠣᠯ ᠲᠤᠰᠬᠠᠢ ᠵᠥᠪᠯᠡᠬᠥ ᠪᠠᠢᠭᠤᠯᠤᠮᠵᠢ ᠮᠥᠨ᠂ ᠦᠢᠯᠡᠳᠦᠯ᠎ᠢᠶᠡᠨ ᠪᠠᠳᠠᠷᠠᠭᠤᠯᠬᠤ᠎ᠳᠠᠭᠠᠨ ᠵᠥᠪᠯᠡᠯᠭᠡ ᠬᠢᠬᠦ ᠲᠦᠪᠰᠢᠨ᠎ᠳᠦ ᠲᠦᠰᠢᠭᠯᠡᠳᠡᠭ᠃ ᠪᠠᠢᠳᠠᠯ ᠨᠠᠷᠢᠨ ᠪᠤᠳᠤᠯᠢᠶᠠᠨᠲᠠᠢ᠂ ᠡᠭᠦᠷᠭᠡ ᠬᠠᠲᠠᠭᠤ ᠪᠡᠷᠬᠡ᠂ ᠦᠵᠡᠯ ᠰᠠᠨᠠᠭ᠎ᠠ ᠤᠯᠠᠨ ᠶᠠᠩᠵᠤ᠎ᠶᠢᠨ ᠪᠣᠯᠬᠤ ᠲᠤᠳᠤᠮ᠂ ᠵᠥᠪᠯᠡᠯᠭᠡ ᠬᠢᠬᠦ ᠬᠢᠷᠢ ᠲᠦᠪᠰᠢᠨ ᠵᠢᠨᠨ ᠳᠡᠭᠡᠭᠰᠢᠯᠡᠭᠦᠯᠬᠦ᠎ᠪᠡᠷ ᠳᠠᠮᠵᠢᠭᠤᠯᠤᠨ ᠤᠯᠠᠨ᠎ᠤ ᠤᠶᠤᠨ ᠤᠬᠠᠭᠠᠨ᠎ᠢ ᠥᠷᠭᠡᠨ᠎ᠢᠶᠡᠷ ᠲᠥᠪᠯᠡᠷᠡᠭᠦᠯᠵᠦ᠂ ᠰᠠᠢᠨ ᠠᠷᠭ᠎ᠠ ᠪᠣᠳᠣᠯᠭ᠎ᠠ᠎ᠶᠢ ᠥᠷᠭᠡᠨ᠎ᠢᠶᠡᠷ ᠰᠦᠪᠡᠭᠴᠢᠯᠡᠵᠦ᠂ ᠬᠠᠮᠲᠤ᠎ᠶᠢᠨ ᠲᠠᠨᠢᠯᠲᠠ᠎ᠶᠢ ᠥᠷᠭᠡᠨ᠎ᠢᠶᠡᠷ ᠲᠥᠪᠯᠡᠷᠡᠭᠦᠯᠬᠦ ᠨᠢ ᠨᠡᠩ ᠴᠢᠬᠤᠯᠠᠲᠠᠢ ᠪᠠᠢᠲᠠᠭ᠃ ᠳᠤᠮᠳᠠᠳᠤ ᠤᠯᠤᠰ᠎ᠤᠨ ᠡᠪ ᠬᠠᠮᠳᠤ ᠨᠠᠮ᠎ᠤᠨ ᠠᠷᠪᠠᠨ ᠨᠠᠢ᠍ᠮᠠᠳᠤᠭᠠᠷ ᠶᠡᠬᠡ ᠬᠤᠷᠠᠯ᠎ᠡᠴᠡ ᠨᠠᠭᠠᠰᠢ ᠠᠷᠠᠳ᠎ᠤᠨ ᠤᠯᠤᠰ ᠲᠦᠷᠦ᠎ᠶᠢᠨ ᠵᠥᠪᠯᠡᠯᠭᠡᠨ ᠨᠢ ᠵᠥᠪᠯᠡᠬᠦ ᠠᠷᠠᠳᠴᠢᠯᠠᠯ᠎ᠤᠨ ᠰᠢᠨ᠎ᠡ ᠪᠡᠶᠡᠯᠡᠭᠳᠡᠬᠦ ᠠᠷᠭ᠎ᠠ ᠬᠡᠯᠪᠡᠷᠢ ᠪᠠ ᠦᠢᠯᠡᠳᠦᠯᠭᠡ᠎ᠶᠢᠨ ᠠᠴᠢᠶᠠᠯᠠᠪᠤᠷᠢ᠎ᠶᠢ ᠢᠳᠡᠪᠬᠢᠲᠡᠢ᠎ᠪᠡᠷ ᠬᠠᠢᠨ ᠰᠦᠪᠡᠭᠴᠢᠯᠡᠵᠦ ᠂ ᠰᠢᠨ᠎ᠡ ᠬᠠᠢᠨ ᠰᠦᠪᠡᠭᠴᠢᠯᠡᠯᠲᠡ ᠬᠢᠵᠦ᠂ ᠰᠢᠨ᠎ᠡ ᠳᠦᠷᠰᠦ ᠪᠠᠢᠳᠠᠯ᠎ᠢ ᠢᠯᠡᠷᠡᠭᠦᠯᠪᠡ᠃ ᠰᠢᠨ᠎ᠡ ᠠᠶᠠᠨ᠎ᠳᠤ᠂ ᠵᠥᠪᠯᠡᠯᠭᠡ ᠬᠢᠬᠦ ᠶᠠᠰᠤ ᠴᠢᠨᠠᠷ᠎ᠢ ᠴᠢᠨᠠᠭᠰᠢᠲᠠ ᠳᠡᠭᠡᠭᠰᠢᠯᠡᠭᠦᠯᠵᠦ᠂ ᠥᠷᠭᠡᠨ ᠳᠡᠯᠭᠡᠷ ᠪᠥᠭᠡᠳ ᠨᠠᠷᠢᠯᠢᠭ᠋ ᠵᠦᠢᠯ᠎ᠢ ᠭᠦᠢᠴᠡᠳᠬᠡᠵᠦ᠂ ᠦᠨᠡᠨ ᠦᠭᠡ ᠬᠡᠯᠡᠵᠦ ᠪᠣᠳᠠᠲᠠᠢ ᠠᠷᠭ᠎ᠠ ᠪᠣᠳᠣᠯᠭ᠎ᠠ᠎ᠶᠢ ᠰᠦᠪᠡᠭᠴᠢᠯᠡᠵᠦ᠂ ᠶᠣᠰᠣ᠌᠎ᠶᠢᠨ ᠲᠡᠳᠦᠢ ᠥᠩᠭᠡᠷᠡᠭᠦᠯᠬᠦ ᠬᠡᠯᠪᠡᠷᠢᠴᠢ ᠦᠵᠡᠯ᠎ᠢ ᠨᠠᠷᠢᠨ ᠬᠢᠨᠠᠮᠠᠭᠠᠢ ᠴᠢᠩᠭ᠎ᠠ ᠴᠡᠭᠡᠷᠯᠡᠬᠦ ᠬᠡᠷᠡᠭᠲᠡᠢ᠃ ᠵᠥᠪᠯᠡᠯᠭᠡ ᠬᠢᠬᠦ ᠳᠦᠷᠢᠮ᠎ᠢ ᠴᠢᠨᠠᠭᠰᠢᠲᠠ ᠲᠡᠭᠦᠯᠳᠡᠷᠵᠢᠭᠦᠯᠵᠦ᠂ ᠰᠢᠨ᠎ᠡ ᠰᠣᠷᠭᠣᠭ ᠲᠤᠷᠰᠢᠯᠭ᠎ᠠ ᠪᠠ ᠠᠷᠭᠠᠬᠢᠳᠡᠯᠢ ᠳ᠋ᠦᠩᠨᠡᠬᠦ᠎ᠶᠢ ᠠᠩᠬᠠᠷᠴᠤ᠂ ᠤᠴᠢᠷ ᠶᠠᠪᠤᠳᠠᠯ ᠪᠠᠢᠪᠠᠯ ᠰᠠᠢᠲᠤᠷ ᠵᠥᠪᠳᠡᠯᠴᠡᠬᠦ᠂ ᠤᠯᠠᠨ᠎ᠤ ᠤᠴᠢᠷ ᠶᠠᠪᠤᠳᠠᠯ᠎ᠢ ᠤᠯᠠᠨ᠎ᠢᠶᠠᠷ᠎ᠢᠶᠠᠨ ᠵᠥᠪᠳᠡᠯᠴᠡᠬᠦ ᠳᠦᠷᠢᠮᠵᠢᠭᠰᠡᠨ ᠦᠢᠯᠡᠳᠦᠯᠭᠡ᠎ᠶᠢ ᠲᠠᠰᠤᠷᠠᠯᠳᠠ ᠦᠭᠡᠢ ᠪᠠᠶᠠᠯᠢᠭ᠍ᠵᠢᠭᠤᠯᠬᠤ ᠬᠡᠷᠡᠭᠲᠡᠢ᠃ ᠵᠥᠪᠯᠡᠯᠭᠡ ᠬᠢᠬᠦ ᠰᠣᠶᠣᠯ᠎ᠢ ᠴᠢᠨᠠᠭᠰᠢᠲᠠ ᠪᠣᠢᠵᠢᠭᠤᠯᠵᠤ᠂ ᠠᠰᠠᠭᠤᠳᠠᠯ ᠲᠤᠯᠭᠠᠷᠠᠪᠠᠯ ᠢᠯᠡᠭᠦᠬᠡᠨ ᠵᠥᠪᠳᠡᠯᠴᠡᠬᠦ ᠂ ᠬᠣᠣᠰ ᠴᠢᠭᠯᠡᠯ᠎ᠳᠤ ᠬᠠᠷᠢᠯᠴᠠᠨ ᠬᠤᠷᠰᠢᠯᠴᠠᠬᠤ ᠬᠤᠷᠠᠯ᠎ᠢᠶᠠᠷ ᠵᠥᠪᠯᠡᠯᠭᠡ ᠬᠢᠬᠦ᠂ ᠴᠢᠩ ᠰᠡᠳᠬᠢᠯ᠎ᠤᠨ ᠦᠭᠡ ᠪᠠᠨ ᠲᠡᠯᠭᠡᠨ ᠦᠨᠡᠨᠴᠢ᠎ᠪᠡᠷ ᠵᠥᠪᠯᠡᠯᠭᠡ ᠬᠢᠬᠦ ᠂ ᠭᠦᠢᠴᠡᠳ ᠰᠣᠯᠢᠯᠴᠠᠨ ᠭᠦᠨᠵᠡᠭᠡᠢ ᠵᠥᠪᠯᠡᠯᠭᠡ ᠬᠢᠬᠦ᠎ᠶᠢ ᠦᠨᠡᠨᠬᠦ ᠪᠡᠶᠡᠯᠡᠭᠦᠯᠬᠦ ᠬᠡᠷᠡᠭᠲᠡᠢ ᠃
ᠭᠡᠰᠢᠭᠦᠳ ᠠ᠋ ᠂ ᠨᠥᠬᠥᠳ ᠠ᠋ ! ᠲᠤᠰ ᠬᠤᠭᠤᠴᠠᠭᠠᠨ᠎ᠤ ᠤᠯᠤᠰ ᠲᠦᠷᠦ᠎ᠶᠢᠨ ᠵᠥᠪᠯᠡᠯᠭᠡᠨ᠎ᠦ ᠠᠩᠬᠠᠳᠤᠭᠠᠷ ᠬᠤᠷᠠᠯ᠎ᠤᠨ ᠲᠡᠭᠦᠰᠬᠦ ᠬᠤᠷᠠᠯ ᠳᠡᠭᠡᠷ᠎ᠡ ᠪᠢᠳᠡ ᠭᠡᠰᠢᠭᠦᠳ᠎ᠢ ᠵᠢᠯ ᠪᠦᠷᠢ ᠲᠤᠰᠢᠶᠠᠯ ᠬᠠᠷᠢᠭᠤᠴᠠᠯᠭ᠎ᠠ᠎ᠪᠠᠨ ᠭᠦᠢᠴᠡᠳᠬᠡᠭᠰᠡᠨ ᠳᠠᠰᠬᠠᠯ᠎ᠢᠶᠠᠨ ᠳᠡᠭᠡᠭᠰᠢ ᠲᠤᠰᠢᠶᠠᠬᠤ ᠬᠡᠷᠡᠭᠳᠡᠢ ᠭᠡᠵᠤ ᠱᠠᠭᠠᠷᠳᠠᠬᠰᠠᠨ ᠪᠢᠯᠠ᠂ ᠡᠨᠡ ᠵᠢᠯ ᠬᠠᠷᠢᠨ ᠡᠷᠭᠡᠪᠰᠢ 5 ᠵᠢᠯ᠎ᠦᠨ ᠬᠤᠭᠤᠴᠠᠭ᠎ᠠ᠎ᠲᠠᠢ ᠬᠢᠷᠢ ᠲᠡᠩᠴᠡᠭᠰᠡᠨ ᠨᠢᠭᠡ ᠬᠤᠪᠢ ᠬᠠᠷᠢᠭᠤᠯᠲᠠ᠎ᠶᠢᠨ ᠬᠠᠭᠤᠳᠠᠰᠤᠲᠤᠰᠢᠶᠠᠬᠤ ᠬᠡᠷᠡᠭᠲᠡᠢ ᠭᠡᠵᠦ ᠱᠠᠭᠠᠷᠳᠠᠶ᠎ᠠ᠃ ᠤᠯᠠᠨ᠎ᠢᠶᠠᠷ᠎ᠢᠶᠠᠨ ᠦᠨᠡᠨᠴᠢ ᠰᠢᠳᠤᠷᠭᠤ ᠴᠠᠯᠠᠭᠠᠢᠷᠠᠯ ᠦᠭᠡᠢ ᠪᠠᠷ ᠲᠤᠰᠢᠶᠠᠯ ᠬᠠᠷᠢᠭᠤᠴᠠᠯᠭ᠎ᠠ᠎ᠪᠠᠨ ᠭᠦᠢᠴᠡᠳᠬᠡᠵᠦ᠂ ᠴᠢᠷᠮᠠᠢᠭᠰᠠᠨ ᠳᠡᠭᠡᠷ᠎ᠡ᠎ᠪᠡᠨ ᠴᠢᠷᠮᠠᠢᠵᠤ ᠢᠷᠠᠭᠤ ᠬᠠᠭᠤᠳᠠᠰᠤ᠎ᠪᠠᠨ ᠦᠷᠭᠦᠯᠵᠢᠯᠡᠠ ᠪᠢᠴᠢᠭᠯᠡᠬᠦ᠎ᠶᠢ ᠬᠦᠰᠡᠵᠦ ᠪᠠᠢᠨ᠎ᠠ᠃ ᠪᠢᠲᠠ ᠰᠢ᠎ᠶᠢᠨ ᠫᠢᠩ ᠨᠥᠬᠥᠷ᠎ᠢᠶᠡᠷ ᠭᠣᠣᠯ ᠪᠣᠯᠭᠠᠭᠰᠠᠨ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶᠠᠨ᠎ᠤ ᠲᠣᠭᠣᠷᠢᠨ᠎ᠳᠤ ᠨᠡᠩ ᠨᠢᠭ᠍ᠲᠠᠷᠠᠨ ᠪᠦᠯᠬᠦᠮᠳᠡᠵᠦ᠂ 《ᠲᠦᠷᠪᠡᠨ ᠤᠬᠠᠮᠰᠠᠷ》 ᠵᠢᠨᠨ ᠴᠢᠩᠭᠠᠳᠬᠠᠵᠤ ᠂ 《ᠲᠦᠷᠪᠡᠨ ᠢᠲᠡᠭᠡᠯ》 ᠵᠢᠨᠨ ᠪᠠᠲᠤᠳᠬᠠᠠ ᠂ 《ᠬᠣᠶᠠᠷ᠎ᠢ ᠬᠠᠮᠠᠭᠠᠯᠠᠬᠤ》 ᠶ᠋ᠢ ᠪᠡᠶᠡᠯᠡᠭᠦᠯᠵᠦ᠂ ᠬᠦᠰᠡᠯᠡᠩ ᠢᠲᠡᠭᠡᠯ ᠪᠢᠰᠢᠷᠡᠯ᠎ᠦᠨ ᠲᠤᠭ᠎ᠢ ᠥᠨᠳᠥᠷ ᠮᠠᠨᠳᠤᠭᠤᠯᠵᠤ᠂ ᠪᠦᠯᠬᠦᠮᠳᠡᠨ ᠲᠡᠮᠡᠴᠡᠬᠦ ᠳᠠᠷᠪᠠᠭᠤᠯ᠎ᠢ ᠥᠨᠳᠥᠷ ᠬᠡᠢᠰᠭᠡᠨ᠂ ᠪᠣᠳᠠᠲᠤ ᠠᠵᠢᠯᠯᠠᠭ᠎ᠠ᠎ᠪᠠᠷ᠎ᠢᠶᠠᠨ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠬᠣᠷᠢᠳᠤᠭᠠᠷ ᠶᠡᠬᠡ ᠬᠤᠷᠠᠯ᠎ᠤᠨ ᠠᠮᠵᠢᠯᠲᠠ᠎ᠲᠠᠢ ᠬᠤᠷᠠᠯᠳᠤᠬᠤ᠎ᠶᠢ ᠤᠭᠲᠤᠵᠠᠭᠠᠶ᠎ᠠ !
(ᠰᠢᠨᠬᠤᠸᠠ ᠬᠣᠷᠢᠶᠠᠨ᠎ᠤ ᠪᠡᠭᠡᠵᠢᠩ᠎ᠦᠨ 3 ᠰᠠᠷ᠎ᠠ᠎ᠶᠢᠨ 10 ᠤ᠋ ᠴᠠᠬᠢᠯᠭᠠᠨ ᠮᠡᠳᠡᠭᠡ)