ᠠᠷᠪᠠᠨ ᠭᠤᠷᠪᠠᠳᠤᠭᠠᠷ ᠬᠤᠭᠤᠴᠠᠭᠠᠨ ᠎ᠤ ᠪᠦᠬᠦ ᠤᠯᠤᠰ ᠎ᠤᠨ ᠠᠷᠠᠳ ᠎ᠤᠨ ᠲᠦᠯᠦᠭᠡᠯᠡᠭᠴᠢᠳ ᠎ᠤᠨ ᠶᠡᠬᠡ ᠬᠤᠷᠠᠯ ᠎ᠤᠨ ᠲᠠᠪᠤᠳᠤᠭᠠᠷ ᠬᠤᠷᠠᠯ ᠎ᠤᠨ ᠲᠡᠷᠢᠭᠦᠯᠡᠭᠴᠢᠳ᠎ᠤᠨ ᠪᠦᠯᠬᠦᠮ ᠭᠤᠷᠪᠠᠳᠤᠭᠠᠷ ᠤᠳᠠᠭ᠎ᠠ ᠵᠢᠨ ᠬᠤᠷᠠᠯ ᠬᠢᠪᠡ
2022-03-11 09:31:40
ᠵᠣᠬᠢᠶᠠᠭ᠍ᠴᠢ᠄
ᠣᠩᠱᠢᠭ᠍ᠰᠠᠨ ᠣᠳᠠᠭ᠎ᠠ᠄
★★★☆☆

ᠰᠢᠨᠬᠤᠸᠠ ᠬᠤᠷᠢᠶᠠᠨ ᠎ᠤ ᠪᠡᠭᠡᠵᠢᠩ᠎ᠤᠨ 3 ᠰᠠᠷ᠎ᠠ ᠵᠢᠨ10᠎ᠤ᠋ ᠴᠠᠬᠢᠯᠭᠠᠨ ᠮᠡᠳᠡᠭᠡ  ᠠᠷᠪᠠᠨ ᠭᠤᠷᠪᠠᠳᠤᠭᠠᠷ ᠬᠤᠭᠤᠴᠠᠭᠠᠨ ᠎ᠤ ᠪᠦᠬᠦ ᠤᠯᠤᠰ᠎ᠤᠨ ᠠᠷᠠᠳ᠎ᠤᠨ ᠲᠦᠯᠦᠭᠡᠯᠡᠭᠴᠢᠳ᠎ᠤᠨ ᠶᠡᠬᠡ ᠬᠤᠷᠠᠯ ᠎ᠤᠨ ᠲᠠᠪᠤᠳᠤᠭᠠᠷ ᠬᠤᠷᠠᠯ᠎ᠤᠨ ᠲᠡᠷᠢᠭᠦᠯᠡᠭᠴᠢᠳ᠎ᠤᠨ ᠪᠦᠯᠬᠦᠮ 10 ᠤ᠋ ᠦᠳᠡ ᠵᠢᠨ ᠡᠮᠦᠨ᠎ᠡ ᠪᠡᠭᠡᠵᠢᠩ ᠎ᠤᠨ ᠠᠷᠠᠳ ᠎ᠤᠨ ᠶᠡᠬᠡ ᠬᠤᠷᠠᠯ ᠎ᠤᠨ ᠲᠠᠡᠭᠭᠢᠮ ᠎ᠳᠦ ᠭᠤᠷᠪᠠᠳᠤᠭᠠᠷ ᠤᠳᠠᠭ᠎ᠠ ᠵᠢᠨ ᠬᠤᠷᠠᠯ  ᠬᠢᠪᠡ᠃

ᠲᠡᠷᠢᠭᠦᠯᠡᠭᠴᠢᠳ᠎ᠤᠨ ᠪᠦᠯᠬᠦᠮ ᠎ᠤᠨ ᠪᠠᠢᠨᠭᠭᠤ  ᠵᠢᠨ ᠲᠡᠷᠢᠭᠦᠯᠡᠭᠴᠢ ᠯᠢ ᠵᠠᠨ ᠱᠦ᠍ ᠬᠤᠷᠠᠯ ᠎ᠢ ᠡᠷᠬᠢᠯᠡᠪᠡ ᠃

ᠬᠤᠷᠠᠯ ᠎ᠳᠦ ᠤᠷᠤᠯᠴᠠᠬᠤ ᠶᠤᠰᠤᠳᠠᠢ ᠬᠦᠮᠦᠨ 175  ᠪᠠᠢᠵᠦ᠂ 169 ᠬᠦᠮᠦᠨ ᠬᠤᠷᠠᠯ ᠎ᠳᠦ ᠤᠷᠤᠯᠴᠠᠵᠤ᠂ 6 ᠬᠦᠮᠦᠨ ᠤᠷᠤᠯᠴᠠᠭᠰᠠᠨ ᠦᠭᠡᠢ᠂ ᠬᠤᠷᠠᠯ ᠎ᠳᠦ ᠤᠷᠤᠯᠴᠠᠭᠰᠠᠨ ᠬᠦᠮᠦᠨ᠎ᠤ ᠲᠤᠭ᠎ᠠ ᠬᠠᠤᠯᠢ᠎ᠳᠦ ᠲᠤᠭᠳᠠᠭᠠᠭᠰᠠᠨ ᠬᠦᠮᠦᠨ᠎ᠤ ᠲᠤᠭ᠎ᠠ᠎ᠳᠦ ᠨᠡᠢᠴᠡᠪᠡ ᠃

3 ᠰᠠᠷ᠎ᠠ ᠵᠢᠨ 9᠎ᠤ ᠦᠳᠡ ᠵᠢᠨ ᠡᠮᠦᠨ᠎ᠡ᠂ ᠡᠯ᠎ᠡ ᠲᠦᠯᠦᠭᠡᠯᠡᠭᠴᠢᠳ᠎ᠤᠨ ᠪᠦᠯᠬᠦᠮ ᠣᠷᠣᠨ ᠨᠤᠲᠤᠭ᠎ᠤᠨ ᠡᠯ᠎ᠡ ᠱᠠᠲᠤᠨ᠎ᠤ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ ᠪᠣᠯᠤᠨ ᠣᠷᠣᠨ ᠨᠤᠲᠤᠭ᠎ᠤᠨ ᠡᠯ᠎ᠡ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠤ ᠵᠤᠬᠢᠶᠠᠨ ᠪᠠᠢᠭᠤᠯᠤᠯᠳᠠ ᠵᠢᠨ ᠬᠠᠤᠯᠢ ᠵᠢᠨ ᠲᠤᠭᠳᠠᠭᠠᠯ ᠎ᠤᠨ ᠲᠦᠰᠦᠯ᠂ ᠠᠷᠪᠠᠨ ᠲᠦᠷᠪᠡᠳᠦᠭᠡᠷ ᠬᠤᠭᠤᠴᠠᠭᠠᠨ ᠎ᠤ ᠪᠦᠬᠦ ᠤᠯᠤᠰ ᠎ᠤᠨ ᠠᠷᠠᠳ ᠎ᠤᠨ ᠲᠦᠯᠦᠭᠡᠯᠡᠭᠴᠢᠳ ᠎ᠤᠨ ᠲᠤᠭ᠎ᠠ ᠪᠤᠯᠤᠨ ᠰᠤᠨᠭᠭᠤᠭᠤᠯᠢ ᠵᠢᠨ ᠠᠰᠠᠭᠤᠳᠠᠯ ᠎ᠤᠨ ᠲᠤᠬᠠᠢ ᠲᠤᠭᠳᠠᠭᠠᠯ ᠎ᠤᠨ ᠲᠦᠰᠦᠯ ᠎ᠤᠨ ᠵᠠᠰᠠᠪᠤᠷᠢ ᠤᠷᠤᠭᠤᠯᠤᠭᠰᠠᠨ ᠨᠤᠤᠷᠠᠭ᠂ ᠱᠢᠶᠠᠩᠭᠠᠩ ᠣᠨᠴᠠᠭᠠᠢ ᠵᠠᠰᠠᠭ ᠵᠠᠬᠢᠷᠭᠠᠨ᠎ᠤ ᠣᠷᠣᠨ᠎ᠤ ᠠᠷᠪᠠᠨ ᠳᠥᠷᠪᠡᠳᠦᠭᠡᠷ ᠬᠤᠭᠤᠴᠠᠭᠠᠨ᠎ᠤ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠲᠥᠯᠥᠭᠡᠯᠡᠭ᠌ᠴᠢ᠎ᠶ᠋ᠢ ᠰᠣᠩᠭᠣᠬᠤ ᠠᠷᠭ᠎ᠠ ᠵᠢᠨ ᠲᠥᠰᠦᠯ᠎ᠤᠨ ᠵᠠᠰᠠᠪᠤᠷᠢ ᠤᠷᠤᠭᠤᠯᠤᠭᠰᠠᠨ ᠨᠤᠤᠷᠠᠭ᠂ ᠣᠣᠮᠧᠨ ᠣᠨᠴᠠᠭᠠᠢ ᠵᠠᠰᠠᠭ ᠵᠠᠬᠢᠷᠭᠠᠨ᠎ᠤ ᠣᠷᠣᠨ᠎ᠤ ᠠᠷᠪᠠᠨ ᠳᠥᠷᠪᠡᠳᠦᠭᠡᠷ ᠬᠤᠭᠤᠴᠠᠭᠠᠨ᠎ᠤ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠲᠥᠯᠥᠭᠡᠯᠡᠭ᠌ᠴᠢ᠎ᠶ᠋ᠢ ᠰᠣᠩᠭᠣᠬᠤ ᠠᠷᠭ᠎ᠠ ᠵᠢᠨ ᠲᠥᠰᠦᠯ ᠎ᠤᠨ ᠵᠠᠰᠠᠪᠤᠷᠢ ᠤᠷᠤᠭᠤᠯᠤᠭᠰᠠᠨ ᠨᠤᠤᠷᠠᠭ ᠎ᠢ ᠨᠠᠷᠢᠨ ᠬᠢᠨᠠᠮᠠᠭᠠᠢ ᠬᠢᠨᠠᠨ ᠵᠦᠪᠯᠡᠪᠡ᠃ ᠪᠦᠬᠦ ᠤᠯᠤᠰ ᠎ᠤᠨ ᠠᠷᠠᠳ᠎ᠤᠨ ᠲᠦᠯᠦᠭᠡᠯᠡᠭᠴᠢᠳ ᠎ᠤᠨ ᠶᠡᠬᠡ ᠬᠤᠷᠠᠯ ᠎ᠤᠨ ᠦᠨᠳᠦᠰᠦᠨ ᠬᠠᠤᠯᠢ ᠪᠠ ᠬᠠᠤᠯᠢ ᠴᠠᠭᠠᠵᠠ ᠵᠢᠨ ᠵᠦᠪᠯᠡᠯ ᠡᠯ᠎ᠡ ᠲᠦᠯᠦᠭᠡᠯᠡᠭᠴᠢᠳ ᠎ᠤᠨ ᠪᠦᠯᠬᠦᠮ ᠎ᠤᠨ ᠬᠢᠨᠠᠨ ᠵᠦᠪᠯᠡᠭᠰᠡᠨ ᠰᠠᠨᠠᠯ ᠎ᠢ ᠦᠨᠳᠦᠰᠦᠯᠡᠵᠦ᠂ ᠲᠤᠭᠳᠠᠭᠠᠯ ᠎ᠤᠨ ᠲᠦᠰᠦᠯ᠂ ᠲᠤᠭᠳᠠᠭᠠᠯ ᠎ᠤᠨ ᠲᠦᠰᠦᠯ ᠎ᠳᠦ ᠵᠠᠰᠠᠪᠤᠷᠢ ᠤᠷᠤᠭᠤᠯᠤᠭᠰᠠᠨ ᠨᠤᠤᠷᠠᠭ ᠪᠠ ᠠᠷᠭ᠎ᠠ ᠵᠢᠨ ᠲᠦᠰᠦᠯ ᠎ᠤᠨ ᠵᠠᠰᠠᠪᠤᠷᠢ ᠤᠷᠤᠭᠤᠯᠤᠭᠰᠠᠨ ᠨᠤᠤᠷᠠᠭ᠎ᠢ ᠬᠢᠨᠠᠨ ᠵᠦᠪᠯᠡᠵᠦ᠂ ᠲᠦᠰᠦᠯ ᠎ᠢ ᠪᠠᠳᠤᠯᠠᠭᠤᠯᠬᠤ ᠨᠤᠤᠷᠠᠭ ᠎ᠢ ᠲᠤᠷᠠᠳᠪᠠ᠃ ᠲᠡᠷᠢᠭᠦᠯᠡᠭᠴᠢᠳ᠎ᠤᠨ ᠪᠦᠯᠬᠦᠮ ᠎ᠤᠨ ᠬᠤᠷᠠᠯ ᠡᠴᠡ ᠪᠦᠬᠦ ᠤᠯᠤᠰ᠎ᠤᠨ ᠠᠷᠠᠳ᠎ᠤᠨ ᠲᠦᠯᠦᠭᠡᠯᠡᠭᠴᠢᠳ ᠎ᠤᠨ ᠶᠡᠬᠡ ᠬᠤᠷᠠᠯ ᠎ᠤᠨ ᠦᠨᠳᠦᠰᠦᠨ ᠬᠠᠤᠯᠢ ᠪᠠ ᠬᠠᠤᠯᠢ ᠴᠠᠭᠠᠵᠠ ᠵᠢᠨ ᠵᠦᠪᠯᠡᠯ ᠎ᠤᠨ ᠡᠷᠬᠢᠯᠡᠭᠴᠢ ᠭᠡᠰᠢᠭᠦᠨ ᠯᠢ ᠹᠧᠢ ᠵᠢᠨ ᠬᠢᠭᠰᠡᠨ ᠪᠦᠬᠦ ᠤᠯᠤᠰ ᠎ᠤᠨ ᠠᠷᠠᠳ ᠎ᠤᠨ ᠲᠦᠯᠦᠭᠡᠯᠡᠭᠴᠢᠳ ᠎ᠤᠨ ᠶᠡᠬᠡ ᠬᠤᠷᠠᠯ ᠎ᠤᠨ ᠦᠨᠳᠦᠰᠦᠨ ᠬᠠᠤᠯᠢ ᠪᠠ ᠬᠠᠤᠯᠢ ᠴᠠᠭᠠᠵᠠ ᠵᠢᠨ ᠵᠦᠪᠯᠡᠯ᠎ᠤᠨ ᠣᠷᠣᠨ ᠨᠤᠲᠤᠭ᠎ᠤᠨ ᠡᠯ᠎ᠡ ᠱᠠᠲᠤᠨ᠎ᠤ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ ᠪᠣᠯᠤᠨ ᠣᠷᠣᠨ ᠨᠤᠲᠤᠭ᠎ᠤᠨ ᠡᠯ᠎ᠡ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠤ ᠵᠤᠬᠢᠶᠠᠨ ᠪᠠᠢᠭᠤᠯᠤᠯᠳᠠ ᠵᠢᠨ ᠬᠠᠤᠯᠢ᠎ᠳᠦ ᠵᠠᠰᠠᠪᠤᠷᠢ ᠤᠷᠤᠭᠤᠯᠬᠤ ᠲᠤᠬᠠᠢ ᠲᠤᠭᠳᠠᠭᠠᠯ᠎ᠤᠨ ᠲᠦᠰᠦᠯ᠂ ᠠᠷᠪᠠᠨ ᠲᠦᠷᠪᠡᠳᠦᠭᠡᠷ ᠬᠤᠭᠤᠴᠠᠭᠠᠨ᠎ᠤ ᠪᠦᠬᠦ ᠤᠯᠤᠰ ᠎ᠤᠨ ᠠᠷᠠᠳ ᠎ᠤᠨ ᠲᠦᠯᠦᠭᠡᠯᠡᠭᠴᠢᠳ᠎ᠤᠨ ᠲᠤᠭ᠎ᠠ ᠪᠤᠯᠤᠨ ᠰᠤᠨᠭᠭᠤᠭᠤᠯᠢ ᠵᠢᠨ ᠠᠰᠠᠭᠤᠳᠠᠯ᠎ᠤᠨ ᠲᠤᠬᠠᠢ ᠲᠤᠭᠳᠠᠭᠠᠯ᠎ᠤᠨ ᠲᠦᠰᠦᠯ᠂ ᠱᠢᠶᠠᠩᠭᠠᠩ ᠣᠨᠴᠠᠭᠠᠢ ᠵᠠᠰᠠᠭ ᠵᠠᠬᠢᠷᠭᠠᠨ᠎ᠤ ᠣᠷᠣᠨ᠎ᠤ ᠠᠷᠪᠠᠨ ᠳᠥᠷᠪᠡᠳᠦᠭᠡᠷ ᠬᠤᠭᠤᠴᠠᠭᠠᠨ᠎ᠤ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠲᠥᠯᠥᠭᠡᠯᠡᠭ᠌ᠴᠢ᠎ᠶ᠋ᠢ ᠰᠣᠩᠭᠣᠬᠤ ᠠᠷᠭ᠎ᠠ ᠵᠢᠨ ᠲᠥᠰᠦᠯ ᠎ᠤᠨ ᠵᠠᠰᠠᠪᠤᠷᠢ ᠤᠷᠤᠭᠤᠯᠤᠭᠰᠠᠨ ᠨᠤᠤᠷᠠᠭ᠂ ᠣᠣᠮᠧᠨ ᠣᠨᠴᠠᠭᠠᠢ ᠵᠠᠰᠠᠭ ᠵᠠᠬᠢᠷᠭᠠᠨ᠎ᠤ ᠣᠷᠣᠨ᠎ᠤ ᠠᠷᠪᠠᠨ ᠳᠥᠷᠪᠡᠳᠦᠭᠡᠷ ᠬᠤᠭᠤᠴᠠᠭᠠᠨ᠎ᠤ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠲᠥᠯᠥᠭᠡᠯᠡᠭ᠌ᠴᠢ᠎ᠶ᠋ᠢ ᠰᠣᠩᠭᠣᠬᠤ ᠠᠷᠭ᠎ᠠ ᠵᠢᠨ ᠲᠥᠰᠦᠯ ᠎ᠤᠨ ᠵᠠᠰᠠᠪᠤᠷᠢ ᠤᠷᠤᠭᠤᠯᠤᠭᠰᠠᠨ ᠨᠤᠤᠷᠠᠭ᠎ᠲᠦ ᠵᠠᠰᠠᠪᠤᠷᠢ ᠤᠷᠤᠭᠤᠯᠬᠤ ᠰᠠᠨᠠᠯ ᠎ᠤᠨ ᠮᠡᠳᠡᠭᠦᠯᠦᠯᠲᠡ ᠵᠢ ᠰᠤᠨᠤᠰᠪᠠ᠃ ᠬᠤᠷᠠᠯ ᠡᠴᠡ ᠪᠠᠳᠤᠯᠠᠯᠲᠠ ᠬᠢᠬᠦ ᠪᠡᠷ ᠲᠠᠮᠵᠢᠨ᠂ ᠲᠡᠭᠡᠷ᠎ᠡ ᠲᠤᠷᠠᠳᠤᠭᠰᠠᠨ ᠮᠡᠳᠡᠭᠦᠯᠦᠯᠲᠡ ᠪᠠ ᠲᠦᠰᠦᠯ᠎ᠤᠨ ᠪᠠᠳᠤᠯᠠᠭᠤᠯᠬᠤ ᠨᠤᠤᠷᠠᠭ ᠎ᠢ ᠪᠠᠳᠤᠯᠠᠵᠤ᠂  ᠲᠦᠰᠦᠯ᠎ᠤᠨ ᠪᠠᠳᠤᠯᠠᠭᠤᠯᠬᠤ ᠨᠤᠤᠷᠠᠭ᠎ᠢ ᠶᠡᠬᠡ ᠬᠤᠷᠠᠯ ᠎ᠤᠨ ᠪᠦᠭᠦᠳᠡ ᠬᠤᠷᠠᠯ ᠎ᠳᠦ ᠲᠡᠪᠰᠢᠭᠦᠯᠦᠨ ᠪᠠᠳᠤᠯᠠᠭᠤᠯᠬᠤ ᠪᠡᠷ ᠲᠤᠭᠳᠠᠪᠠ᠃

3 ᠰᠠᠷ᠎ᠠ ᠵᠢᠨ 8 ᠎ᠤ ᠦᠳᠡ ᠵᠢᠨ ᠬᠤᠢᠨ᠎ᠠ ᠂ ᠡᠯ᠎ᠡ ᠲᠦᠯᠦᠭᠡᠯᠡᠭᠴᠢᠳ ᠎ᠤᠨ ᠪᠦᠯᠬᠦᠮ ᠪᠦᠬᠦ ᠤᠯᠤᠰ ᠎ᠤᠨ ᠠᠷᠠᠳ ᠎ᠤᠨ ᠲᠦᠯᠦᠭᠡᠯᠡᠭᠴᠢᠳ ᠎ᠤᠨ ᠶᠡᠬᠡ ᠬᠤᠷᠠᠯ ᠎ᠤᠨ ᠪᠠᠢᠨᠭᠭᠤ ᠵᠢᠨ ᠬᠤᠷᠢᠶᠠᠨ᠎ᠤ ᠠᠵᠢᠯ ᠎ᠤᠨ ᠮᠡᠳᠡᠭᠦᠯᠦᠯᠲᠡ ᠵᠢ  ᠨᠠᠷᠢᠨ ᠬᠢᠨᠠᠮᠠᠭᠠᠢ  ᠬᠢᠨᠠᠨ ᠵᠦᠪᠯᠡᠵᠡᠢ᠃ ᠲᠦᠯᠦᠭᠡᠯᠡᠭᠴᠢᠳ᠂ ᠪᠠᠢᠨᠭᠭᠤ ᠵᠢᠨ ᠬᠤᠷᠢᠶᠠᠨ᠎ᠤ ᠠᠵᠢᠯ ᠎ᠤᠨ ᠮᠡᠳᠡᠭᠦᠯᠦᠯᠲᠡ ᠨᠢ  ᠰᠢ ᠵᠢᠨ ᠫᠢᠩ ᠎ᠤ᠋ᠨ ᠰᠢᠨ᠎ᠡ ᠴᠠᠭ ᠦᠶ᠎ᠡ ᠵᠢᠨ ᠲᠤᠮᠳᠠᠳᠤ ᠤᠯᠤᠰ ᠎ᠤᠨ ᠤᠨᠴᠠᠯᠢᠭ ᠲᠠᠢ ᠨᠡᠢᠭᠡᠮ ᠵᠢᠷᠦᠮ ᠎ᠤᠨ ᠦᠵᠡᠯ ᠰᠠᠨᠠᠭ᠎ᠠ ᠪᠡᠷ  ᠵᠢᠯᠤᠭᠤᠳᠤᠯᠭ᠎ᠠ ᠪᠤᠯᠭᠠᠬᠤ ᠵᠢ ᠪᠠᠷᠢᠮᠳᠠᠯᠠᠵᠤ᠂ ᠨᠠᠮ ᠎ᠤᠨ ᠠᠷᠪᠠ ᠶᠢᠰᠦᠳᠦᠭᠡᠷ ᠶᠡᠬᠡ ᠬᠤᠷᠠᠯ ᠪᠠ ᠨᠠᠮ᠎ᠤᠨ ᠠᠷᠪᠠ ᠶᠢᠰᠦᠳᠦᠭᠡᠷ ᠬᠤᠭᠤᠴᠠᠭᠠᠨ᠎ᠤ ᠲᠦᠪ ᠬᠤᠷᠢᠶᠠᠨ᠎ᠤ ᠤᠳᠠᠭ᠎ᠠ ᠪᠦᠷᠢ ᠵᠢᠨ ᠪᠦᠭᠦᠳᠡ ᠬᠤᠷᠠᠯ ᠎ᠤᠨ ᠵᠤᠷᠢᠭ ᠰᠠᠨᠠᠭ᠎ᠠ᠂ ᠲᠦᠪ ᠎ᠤᠨ ᠠᠷᠠᠳ ᠎ᠤᠨ ᠲᠦᠯᠦᠭᠡᠯᠡᠭᠴᠢᠳ᠎ᠤᠨ ᠠᠵᠢᠯ ᠎ᠤᠨ ᠬᠤᠷᠠᠯ ᠎ᠤᠨ ᠵᠤᠷᠢᠭ ᠰᠠᠨᠠᠭ᠎ᠠ ᠵᠢ ᠪᠦᠬᠦ ᠲᠠᠯ᠎ᠠ ᠪᠡᠷ ᠲᠤᠭᠤᠰᠢᠯᠠᠭᠤᠯᠵᠤ᠂ ᠤᠯᠤᠰ ᠲᠦᠷᠦ ᠵᠢᠨ ᠵᠤᠭᠰᠤᠴᠠ ᠦᠨᠳᠦᠷ᠂ ᠬᠠᠤᠯᠢ ᠴᠠᠭᠠᠵᠠ ᠵᠢᠨ ᠵᠤᠷᠢᠭ ᠰᠠᠨᠠᠭ᠎ᠠ ᠴᠢᠨᠭᠭ᠎ᠠ᠂ ᠠᠷᠠᠳ ᠎ᠤᠨ ᠠᠮᠢᠳᠤᠷᠠᠯ ᠎ᠢ ᠬᠠᠯᠠᠮᠵᠢᠯᠠᠭᠰᠠᠨ ᠰᠡᠳᠭᠢᠯᠭᠡ ᠭᠦᠨ ᠰᠠᠢᠨ ᠮᠡᠳᠡᠭᠦᠯᠦᠯᠲᠡ ᠪᠤᠯᠵᠠᠢ ᠭᠡᠵᠦ ᠰᠠᠨᠠᠯ ᠨᠢᠭᠡᠳᠡᠢ ᠦᠵᠡᠵᠡᠭᠡᠪᠡ᠃ ᠲᠦᠯᠦᠭᠡᠯᠡᠭᠴᠢᠳ ᠨᠡᠢᠳᠡᠮ ᠎ᠳᠡᠭᠡᠨ ᠡᠨᠡ ᠬᠦ᠌ ᠮᠡᠳᠡᠭᠦᠯᠦᠯᠳᠡ ᠵᠢ ᠵᠦᠪᠰᠢᠶᠡᠷᠡᠵᠦ ᠪᠠᠢᠬᠤ ᠪᠠᠨ ᠢᠯᠡᠳᠭᠡᠪᠡ ᠃

ᠬᠢᠨᠠᠨ ᠵᠦᠪᠯᠡᠬᠦ ᠲᠤᠮᠳᠠ᠂ ᠲᠦᠯᠦᠭᠡᠯᠡᠭᠴᠢᠳ ᠪᠦᠬᠦ ᠤᠯᠤᠰ ᠎ᠤᠨ ᠠᠷᠠᠳ ᠎ᠤᠨ ᠲᠦᠯᠦᠭᠡᠯᠡᠭᠴᠢᠳ ᠎ᠤᠨ ᠶᠡᠬᠡ ᠬᠤᠷᠠᠯ ᠎ᠤᠨ ᠪᠠᠢᠨᠭᠭᠤ ᠵᠢᠨ ᠬᠤᠷᠢᠶᠠᠨ ᠎ᠤ ᠦᠨᠭᠭᠡᠷᠡᠭᠰᠡᠨ ᠨᠢᠭᠡ ᠵᠢᠯ ᠎ᠤᠨ ᠠᠵᠢᠯ ᠎ᠢ ᠭᠦᠢᠴᠡᠳ ᠦᠨᠡᠯᠡᠵᠦ᠂ ᠡᠨᠡ ᠵᠢᠯ ᠎ᠤᠨ ᠠᠵᠢᠯ ᠎ᠤᠨ ᠲᠤᠬᠢᠷᠠᠭᠤᠯᠤᠯᠲᠠ ᠵᠢ ᠵᠦᠪᠰᠢᠶᠡᠷᠡᠵᠦ ᠪᠠᠢᠬᠤ ᠪᠠᠨ ᠢᠯᠡᠳᠭᠡᠪᠡ᠃ ᠡᠭᠦᠨ᠎ᠤ ᠬᠠᠮᠳᠤ᠂ ᠮᠡᠳᠡᠭᠦᠯᠦᠯᠲᠡ ᠪᠤᠯᠤᠨ ᠠᠷᠠᠳ᠎ᠤᠨ ᠲᠦᠯᠦᠭᠡᠯᠡᠭᠴᠢᠳ᠎ᠤᠨ ᠠᠵᠢᠯ ᠎ᠳᠦ ᠰᠠᠨᠠᠯ ᠰᠠᠨᠠᠭᠤᠯᠭ᠎ᠠ ᠲᠤᠷᠠᠳᠪᠠ᠃ ᠲᠦᠯᠦᠭᠡᠯᠡᠭᠴᠢᠳ ᠎ᠤᠨ ᠲᠤᠷᠠᠳᠤᠭᠰᠠᠨ ᠰᠠᠨᠠᠯ ᠰᠠᠨᠠᠭᠤᠯᠭ᠎ᠠ ᠵᠢ ᠦᠨᠳᠦᠰᠦᠯᠡᠨ ᠮᠡᠳᠡᠭᠦᠯᠦᠯᠲᠡ ᠵᠢᠨ 19  ᠬᠡᠰᠡᠭ ᠲᠦ᠍ ᠵᠠᠰᠠᠪᠤᠷᠢ ᠤᠷᠤᠭᠤᠯᠪᠠ᠃ ᠲᠡᠷᠢᠭᠦᠯᠡᠭᠴᠢᠳ ᠎ᠤᠨ ᠪᠦᠯᠬᠦᠮ ᠎ᠤᠨ ᠪᠠᠢᠨᠭᠭᠤ ᠵᠢᠨ ᠲᠡᠷᠢᠭᠦᠯᠡᠭᠴᠢ ᠵᠠᠰᠠᠪᠤᠷᠢ ᠤᠷᠤᠭᠤᠯᠤᠭᠰᠠᠨ ᠎ᠤ ᠲᠠᠷᠠᠭᠠᠬᠢ ᠪᠠᠢᠨᠭᠭᠤ ᠵᠢᠨ ᠬᠤᠷᠢᠶᠠᠨ᠎ᠤ ᠠᠵᠢᠯ ᠎ᠤᠨ ᠮᠡᠳᠡᠭᠦᠯᠦᠯᠲᠡ ᠵᠢ ᠵᠦᠪᠰᠢᠶᠡᠷᠡᠬᠦ ᠵᠢ ᠰᠠᠨᠠᠭᠤᠯᠤᠭᠰᠠᠨ ᠪᠦᠭᠡᠳ  ᠪᠠᠢᠨᠭᠭᠤ ᠵᠢᠨ ᠬᠤᠷᠢᠶᠠᠨ ᠎ᠤ ᠠᠵᠢᠯ ᠎ᠤᠨ ᠮᠡᠳᠡᠭᠦᠯᠦᠯᠲᠡ ᠵᠢᠨ ᠲᠤᠬᠠᠢ ᠰᠢᠢᠳᠪᠦᠷᠢ ᠵᠢᠨ ᠲᠦᠰᠦᠯ ᠎ᠢ ᠤᠷᠤᠯᠠᠨ ᠲᠤᠭᠤᠷᠪᠢᠵᠠᠢ᠃ ᠬᠤᠷᠠᠯ ᠡᠴᠡ ᠪᠠᠳᠤᠯᠠᠯᠲᠠ ᠬᠢᠬᠦ ᠪᠡᠷ ᠲᠠᠮᠵᠢᠨ᠂ ᠠᠷᠪᠠᠨ ᠭᠤᠷᠪᠠᠳᠤᠭᠠᠷ ᠬᠤᠭᠤᠴᠠᠭᠠᠨ ᠎ᠤ ᠪᠦᠬᠦ ᠤᠯᠤᠰ ᠎ᠤᠨ ᠠᠷᠠᠳ᠎ᠤᠨ ᠲᠦᠯᠦᠭᠡᠯᠡᠭᠴᠢᠳ ᠎ᠤᠨ ᠶᠡᠬᠡ ᠬᠤᠷᠠᠯ ᠎ᠤᠨ ᠲᠠᠪᠤᠳᠤᠭᠠᠷ ᠬᠤᠷᠠᠯ ᠎ᠤᠨ ᠪᠦᠬᠦ ᠤᠯᠤᠰ ᠎ᠤᠨ ᠠᠷᠠᠳ ᠎ᠤᠨ ᠲᠦᠯᠦᠭᠡᠯᠡᠭᠴᠢᠳ ᠎ᠤᠨ ᠶᠡᠬᠡ ᠬᠤᠷᠠᠯ ᠎ᠤᠨ ᠪᠠᠢᠨᠭᠭᠤ ᠵᠢᠨ ᠬᠤᠷᠢᠶᠠᠨ ᠎ᠤ ᠠᠵᠢᠯ ᠎ᠤᠨ ᠮᠡᠳᠡᠭᠦᠯᠦᠯᠲᠡ ᠵᠢᠨ ᠰᠢᠢᠳᠪᠦᠷᠢ ᠵᠢᠨ ᠲᠦᠰᠦᠯ ᠎ᠢ ᠡᠯ᠎ᠡ ᠲᠦᠯᠦᠭᠡᠯᠡᠭᠴᠢᠳ ᠎ᠤᠨ ᠪᠦᠯᠬᠦᠮ ᠎ᠳᠦ ᠦᠭᠴᠦ ᠬᠢᠨᠠᠨ ᠵᠦᠪᠯᠡᠭᠦᠯᠬᠦ ᠪᠡᠷ ᠲᠤᠭᠳᠠᠵᠠᠢ᠃

3 ᠰᠠᠷ᠎ᠠ ᠵᠢᠨ 9 ᠎ᠤ ᠡᠳᠦᠷ᠂  ᠡᠯ᠎ᠡ ᠲᠦᠯᠦᠭᠡᠯᠡᠭᠴᠢᠳ ᠎ᠤᠨ ᠪᠦᠯᠬᠦᠮ ᠠᠷᠠᠳ ᠎ᠤᠨ ᠲᠡᠭᠡᠳᠦ ᠰᠢᠭᠦᠬᠦ ᠬᠤᠷᠢᠶᠠᠨ ᠎ᠤ ᠠᠵᠢᠯ ᠎ᠤᠨ ᠮᠡᠳᠡᠭᠦᠯᠦᠯᠲᠡ᠂ ᠠᠷᠠᠳ ᠎ᠤᠨ ᠲᠡᠭᠡᠳᠦ ᠪᠠᠢᠴᠠᠭᠠᠬᠤ ᠬᠤᠷᠢᠶᠠᠨ ᠎ᠤ ᠠᠵᠢᠯ ᠎ᠤᠨ ᠮᠡᠳᠡᠭᠦᠯᠦᠯᠲᠡ ᠵᠢ ᠨᠠᠷᠢᠨ ᠬᠢᠨᠠᠮᠠᠭᠠᠢ ᠬᠢᠨᠠᠨ ᠵᠦᠪᠯᠡᠪᠡ᠃ ᠲᠦᠯᠦᠭᠡᠯᠡᠭᠴᠢᠳ ᠡᠴᠡ ᠠᠷᠠᠳ᠎ᠤᠨ ᠲᠡᠭᠡᠳᠦ ᠰᠢᠭᠦᠬᠦ ᠬᠤᠷᠢᠶ᠎ᠠ᠂ ᠠᠷᠠᠳ ᠎ᠤᠨ ᠲᠡᠭᠡᠳᠦ ᠪᠠᠢᠴᠠᠭᠠᠬᠤ ᠬᠤᠷᠢᠶᠠᠨ ᠎ᠤ ᠦᠨᠭᠭᠡᠷᠡᠭᠰᠡᠨ ᠨᠢᠭᠡ ᠵᠢᠯ ᠎ᠤᠨ ᠠᠵᠢᠯ ᠎ᠢ ᠬᠦᠢᠴᠡᠳ ᠦᠨᠡᠯᠡᠵᠦ᠂ ᠮᠡᠳᠡᠭᠦᠯᠦᠯᠲᠡ ᠎ᠳᠦ ᠲᠤᠷᠠᠳᠤᠭᠰᠠᠨ ᠲᠠᠷᠠᠭᠠᠴᠢ ᠵᠢᠨ ᠪᠠᠢᠷᠢᠯᠠᠭᠤᠯᠤᠯᠲᠠ ᠵᠢ ᠰᠠᠢᠰᠢᠶᠠᠨ ᠲᠡᠮᠵᠢᠵᠡᠢ᠃ ᠡᠯ᠎ᠡ ᠲᠦᠯᠦᠭᠡᠯᠡᠭᠴᠢᠳ ᠎ᠤᠨ ᠪᠦᠯᠬᠦᠮ ᠠᠷᠠᠳ ᠎ᠤᠨ ᠲᠡᠭᠡᠳᠦ ᠰᠢᠭᠦᠬᠦ ᠬᠤᠷᠢᠶᠠᠨ ᠎ᠤ ᠠᠵᠢᠯ ᠎ᠤᠨ ᠮᠡᠳᠡᠭᠦᠯᠦᠯᠲᠡ᠂ ᠠᠷᠠᠳ ᠎ᠤᠨ ᠲᠡᠭᠡᠳᠦ ᠪᠠᠢᠴᠠᠭᠠᠬᠤ ᠬᠤᠷᠢᠶᠠᠨ ᠎ᠤ ᠠᠵᠢᠯ ᠎ᠤᠨ ᠮᠡᠳᠡᠭᠦᠯᠦᠯᠲᠡ ᠵᠢ ᠰᠠᠨᠠᠯ ᠨᠢᠬᠡᠳᠠᠢ ᠵᠦᠪᠰᠢᠶᠡᠷᠡᠪᠡ᠃ ᠬᠢᠨᠠᠨ ᠵᠦᠪᠯᠡᠬᠦ ᠲᠤᠮᠳᠠ ᠲᠦᠯᠦᠭᠡᠯᠡᠭᠴᠢᠳ ᠪᠠᠰᠠ ᠰᠠᠨᠠᠯ ᠰᠠᠨᠠᠭᠤᠯᠭ᠎ᠠ ᠲᠤᠷᠠᠳᠴᠠᠢ᠃ ᠠᠷᠠᠳ ᠎ᠤᠨ ᠲᠡᠭᠡᠳᠦ ᠰᠢᠭᠦᠬᠦ ᠬᠤᠷᠢᠶ᠎ᠠ᠂ ᠠᠷᠠᠳ ᠎ᠤᠨ ᠲᠡᠭᠡᠳᠦ ᠪᠠᠢᠴᠠᠭᠠᠬᠤ ᠬᠤᠷᠢᠶ᠎ᠠ ᠲᠦᠯᠦᠭᠡᠯᠡᠭᠴᠢᠳ ᠎ᠤᠨ ᠬᠢᠨᠠᠨ ᠵᠦᠪᠯᠡᠭᠰᠡᠨ ᠰᠠᠨᠠᠯ ᠎ᠢ ᠦᠨᠳᠦᠰᠦᠯᠡᠨ᠂ ᠲᠤᠰ ᠲᠤᠰ᠎ᠤᠨ ᠮᠡᠳᠡᠭᠦᠯᠦᠯᠲᠡ᠎ᠳᠡᠭᠡᠨ ᠲᠡᠷᠡ ᠲᠠᠷᠤᠢ᠎ᠳᠤᠨᠢ ᠬᠢᠨᠠᠮᠠᠭᠠᠢ ᠪᠠᠷ ᠵᠠᠰᠠᠪᠤᠷᠢ ᠤᠷᠤᠭᠤᠯᠪᠠ᠃ ᠲᠡᠷᠢᠭᠦᠯᠡᠭᠴᠢᠳ ᠎ᠤᠨ ᠪᠦᠯᠬᠦᠮ ᠎ᠤᠨ ᠪᠠᠢᠨᠭᠭᠤ ᠵᠢᠨ ᠲᠡᠷᠢᠭᠦᠯᠡᠭᠴᠢ ᠡᠯ᠎ᠡ ᠲᠦᠯᠦᠭᠡᠯᠡᠭᠴᠢᠳ ᠎ᠤᠨ ᠪᠦᠯᠬᠦᠮ ᠎ᠤᠨ ᠬᠢᠨᠠᠨ ᠵᠦᠪᠯᠡᠭᠰᠡᠨ ᠰᠠᠨᠠᠯ ᠪᠤᠯᠤᠨ ᠮᠡᠳᠡᠭᠦᠯᠦᠯᠲᠡ ᠎ᠳᠦ ᠵᠠᠰᠠᠪᠤᠷᠢ ᠤᠷᠤᠭᠤᠯᠤᠭᠰᠠᠨ ᠪᠠᠢᠳᠠᠯ ᠎ᠢ ᠦᠨᠳᠦᠰᠦᠯᠡᠨ᠂ ᠠᠷᠠᠳ᠎ᠤᠨ ᠲᠡᠭᠡᠳᠦ ᠰᠢᠭᠦᠬᠦ ᠬᠤᠷᠢᠶᠠᠨ᠎ᠤ ᠠᠵᠢᠯ ᠎ᠤᠨ ᠮᠡᠳᠡᠭᠦᠯᠦᠯᠲᠡ᠂ ᠠᠷᠠᠳ᠎ᠤᠨ ᠲᠡᠭᠡᠳᠦ ᠪᠠᠢᠴᠠᠭᠠᠬᠤ ᠬᠤᠷᠢᠶᠠᠨ ᠎ᠤ ᠠᠵᠢᠯ ᠎ᠤᠨ ᠮᠡᠳᠡᠭᠦᠯᠦᠯᠲᠡ ᠵᠢ ᠵᠦᠪᠰᠢᠶᠡᠷᠡᠬᠦ ᠵᠢ ᠰᠠᠨᠠᠭᠤᠯᠤᠭᠰᠠᠨ ᠪᠦᠭᠡᠳ ᠠᠵᠢᠯ ᠎ᠤᠨ ᠮᠡᠳᠡᠭᠦᠯᠦᠯᠲᠡ ᠵᠢᠨ ᠲᠤᠬᠠᠢ ᠬᠤᠶᠠᠷ ᠰᠢᠢᠳᠪᠦᠷᠢ ᠵᠢᠨ ᠲᠦᠰᠦᠯ ᠎ᠢ ᠤᠷᠤᠯᠠᠨ ᠲᠤᠭᠤᠷᠪᠢᠵᠠᠢ᠃ ᠬᠤᠷᠠᠯ ᠡᠴᠡ ᠪᠠᠳᠤᠯᠠᠯᠲᠠ ᠬᠢᠬᠦ ᠪᠡᠷ ᠲᠠᠮᠵᠢᠨ᠂ ᠲᠤᠰ ᠬᠤᠶᠠᠷ ᠰᠢᠢᠳᠪᠦᠷᠢ ᠵᠢᠨ ᠲᠦᠰᠦᠯ ᠎ᠢ ᠡᠯ᠎ᠡ ᠲᠦᠯᠦᠭᠡᠯᠡᠭᠴᠢᠳ ᠎ᠤᠨ ᠪᠦᠯᠬᠦᠮ ᠎ᠳᠦ ᠦᠭᠴᠦ ᠬᠢᠨᠠᠨ ᠵᠦᠪᠯᠡᠭᠦᠯᠬᠦ ᠪᠡᠷ ᠲᠤᠭᠳᠠᠵᠠᠢ᠃

ᠬᠤᠷᠠᠯ ᠡᠴᠡ ᠶᠡᠭᠡ ᠬᠤᠷᠠᠯ ᠎ᠤᠨ ᠲᠡᠳ᠋ ᠨᠠᠷᠢᠨ ᠪᠢᠴᠢᠭ ᠎ᠤᠨ ᠲᠠᠷᠤᠭ᠎ᠠ ᠰᠢᠨ ᠴᠦᠨ ᠶᠢᠩ᠎ᠤᠨ ᠬᠢᠭᠰᠡᠨ ᠲᠦᠯᠦᠭᠡᠯᠡᠭᠴᠢᠳ ᠎ᠤᠨ ᠲᠤᠷᠠᠳᠤᠭᠰᠠᠨ ᠰᠠᠨᠠᠯ ᠵᠦᠪᠯᠡᠯᠭᠡ ᠵᠢ ᠰᠢᠢᠳᠪᠦᠷᠢᠯᠡᠬᠦ ᠰᠠᠨᠠᠯ ᠎ᠤᠨ ᠲᠤᠬᠠᠢ ᠠᠷᠪᠠᠨ ᠭᠤᠷᠪᠠᠳᠤᠭᠠᠷ ᠬᠤᠭᠤᠴᠠᠭᠠᠨ ᠎ᠤ ᠪᠦᠬᠦ ᠤᠯᠤᠰ ᠎ᠤᠨ ᠠᠷᠠᠳ ᠎ᠤᠨ ᠲᠦᠯᠦᠭᠡᠯᠡᠭᠴᠢᠳ ᠎ᠤᠨ ᠶᠡᠬᠡ ᠬᠤᠷᠠᠯ ᠎ᠤᠨ ᠲᠠᠪᠤᠳᠤᠭᠠᠷ ᠬᠤᠷᠠᠯ ᠎ᠤᠨ ᠨᠠᠷᠢᠨ ᠪᠢᠴᠢᠭ ᠎ᠤᠨ ᠭᠠᠵᠠᠷ ᠎ᠤᠨ ᠮᠡᠳᠡᠭᠦᠯᠦᠯᠲᠡ ᠵᠢ ᠰᠤᠨᠤᠰᠪᠠ᠃ ᠰᠢᠨ ᠴᠦᠨ ᠶᠢᠩ ᠂ 3 ᠰᠠᠷ᠎ᠠ ᠵᠢᠨ 8 ᠎ᠤ ᠡᠳᠦᠷ ᠎ᠤᠨ 12 ᠴᠠᠭ ᠪᠤᠯᠳᠠᠯ᠎ᠠ᠂ ᠶᠡᠬᠡ ᠬᠤᠷᠠᠯ ᠎ᠤᠨ ᠨᠠᠷᠢᠨ ᠪᠢᠴᠢᠭ ᠎ᠤᠨ ᠭᠠᠵᠠᠷ ᠲᠦᠯᠦᠭᠡᠯᠡᠭᠴᠢᠳ᠎ᠤᠨ ᠲᠤᠷᠠᠳᠤᠭᠰᠠᠨ ᠰᠠᠨᠠᠯ ᠵᠦᠪᠯᠡᠯᠭᠡ ᠵᠢ ᠨᠡᠢᠲᠡ 487 ᠬᠤᠪᠢ ᠬᠦᠯᠢᠶᠡᠨ ᠠᠪᠴᠠᠢ᠂ ᠡᠭᠦᠨ ᠎ᠳᠦ ᠲᠦᠯᠦᠭᠡᠯᠡᠭᠴᠢᠳ᠎ᠤᠨ ᠪᠦᠯᠬᠦᠮ ᠎ᠤᠨ ᠲᠤᠷᠠᠳᠤᠭᠰᠠᠨ ᠰᠠᠨᠠᠯ ᠵᠦᠪᠯᠡᠯᠭᠡ 15 ᠬᠤᠪᠢ᠂ 30 ᠨᠡᠷ᠎ᠡ ᠡᠴᠡ ᠲᠡᠭᠡᠭᠰᠢ ᠲᠦᠯᠦᠭᠡᠯᠡᠭᠴᠢᠳ ᠨᠡᠷ᠎ᠡ ᠬᠤᠯᠪᠤᠨ ᠲᠤᠷᠠᠳᠤᠭᠰᠠᠨ ᠰᠠᠨᠠᠯ ᠵᠦᠪᠯᠡᠯᠭᠡ  472 ᠬᠤᠪᠢ ᠪᠤᠢ᠃ ᠡᠳᠡᠭᠡᠷ ᠰᠠᠨᠠᠯ ᠵᠦᠪᠯᠡᠯᠭᠡ ᠵᠢᠨ ᠲᠤᠳᠤᠷ᠎ᠠ᠂ ᠬᠠᠤᠯᠢ ᠲᠤᠭᠳᠠᠭᠠᠬᠤ ᠲᠠᠢ ᠬᠤᠯᠪᠤᠭᠳᠠᠭᠰᠠᠨ ᠰᠠᠨᠠᠯ ᠵᠦᠪᠯᠡᠯᠭᠡ 474 ᠬᠤᠪᠢ᠂ ᠬᠢᠨᠠᠯᠲᠠ ᠲᠠᠯᠪᠢᠬᠤ ᠲᠠᠢ ᠬᠤᠯᠪᠤᠭᠳᠠᠭᠰᠠᠨ ᠰᠠᠨᠠᠯ ᠵᠦᠪᠯᠡᠯᠭᠡ 13 ᠬᠤᠪᠢ ᠪᠠᠢᠨ᠎ᠠ᠃ ᠰᠠᠨᠠᠯ ᠵᠦᠪᠯᠡᠯᠭᠡ ᠵᠢᠨ ᠤᠯᠠᠡᠭᠭᠢ ᠨᠢ ᠬᠠᠤᠯᠢ ᠴᠠᠭᠠᠵᠠ ᠵᠢᠨ ᠲᠤᠬᠠᠢ ᠰᠠᠨᠠᠯ ᠵᠦᠪᠯᠡᠯᠭᠡ ᠪᠠᠢᠵᠤ᠂ ᠡᠭᠦᠨ ᠎ᠳᠦ ᠬᠠᠤᠯᠢ ᠲᠤᠭᠳᠠᠭᠠᠬᠤ ᠲᠠᠯ᠎ᠠ ᠪᠡᠷ ᠬᠢ ᠰᠠᠨᠠᠯ ᠵᠦᠪᠯᠡᠯᠭᠡ 193 ᠬᠤᠪᠢ᠂ ᠬᠠᠤᠯᠢ ᠴᠠᠭᠠᠵᠠ ᠎ᠳᠦ ᠵᠠᠰᠠᠪᠤᠷᠢ ᠤᠷᠤᠭᠤᠯᠬᠤ ᠲᠠᠯ᠎ᠠ ᠪᠡᠷ ᠬᠢ ᠰᠠᠨᠠᠯ ᠵᠦᠪᠯᠡᠯᠭᠡ 274 ᠬᠤᠪᠢ᠂ ᠬᠠᠤᠯᠢ ᠵᠢᠨ ᠪᠢᠴᠢᠭ ᠲᠤᠭᠤᠷᠪᠢᠬᠤ ᠲᠠᠯ᠎ᠠ ᠪᠡᠷ ᠬᠢ ᠰᠠᠨᠠᠯ ᠵᠦᠪᠯᠡᠯᠭᠡ 6 ᠬᠤᠪᠢ᠂ ᠲᠤᠭᠳᠠᠭᠠᠯ ᠎ᠤᠨ ᠵᠦᠢᠯᠡᠰ ᠎ᠤᠨ ᠲᠠᠯ᠎ᠠ ᠪᠡᠷ ᠬᠢ ᠰᠠᠨᠠᠯ ᠵᠦᠪᠯᠡᠯᠭᠡ 1 ᠬᠤᠪᠢ ᠪᠤᠢ᠃ ᠠᠭᠤᠯᠭ᠎ᠠ ᠨᠢ ᠭᠤᠤᠯᠳᠠᠭᠤ ᠴᠢᠬᠤᠯᠠ ᠬᠦᠷᠢᠶ᠎ᠡ ᠴᠠᠷᠠᠭ᠎ᠠ ᠵᠢᠨ ᠬᠠᠤᠯᠢ ᠲᠤᠭᠳᠠᠭᠠᠬᠤ ᠵᠢ ᠴᠢᠨᠭᠭᠠᠳᠬᠠᠬᠤ ; ᠰᠢᠨ᠎ᠡ ᠪᠡᠷ ᠮᠠᠨᠳᠤᠵᠤ ᠪᠠᠢᠭ᠎ᠠ ᠬᠦᠷᠢᠶ᠎ᠠ ᠴᠠᠷᠠᠭ᠎ᠠ ᠵᠢᠨ ᠬᠠᠤᠯᠢ ᠲᠤᠭᠳᠠᠭᠠᠬᠤ ᠵᠢ ᠠᠬᠢᠭᠤᠯᠬᠤ; ᠠᠷᠠᠳ ᠎ᠤᠨ ᠠᠮᠢᠳᠤᠷᠠᠯ ᠂ ᠨᠡᠢᠭᠡᠮ ᠎ᠤᠨ ᠬᠦᠷᠢᠶ᠎ᠠ ᠴᠠᠷᠠᠭ᠎ᠠ ᠵᠢᠨ ᠬᠠᠤᠯᠢ ᠲᠤᠭᠳᠠᠭᠠᠬᠤ ᠵᠢ ᠴᠢᠨᠭᠭᠠᠳᠬᠠᠬᠤ; ᠨᠡᠢᠭᠡᠮ ᠵᠢᠷᠦᠮ ᠎ᠤᠨ ᠵᠠᠬ᠎ᠠ ᠲᠡᠯᠭᠡᠭᠦᠷ ᠎ᠤᠨ ᠠᠵᠤ ᠠᠬᠤᠢ ᠬᠠᠤᠯᠢ ᠴᠠᠭᠠᠵᠠ ᠵᠢᠨ ᠲᠦᠷᠢᠮ ᠎ᠢ ᠲᠡᠭᠦᠯᠳᠡᠷᠵᠢᠭᠦᠯᠬᠦ ; ᠤᠯᠤᠰ ᠎ᠤᠨ ᠪᠠᠢᠭᠤᠯᠤᠮᠵᠢ ᠵᠢᠨ ᠵᠤᠬᠢᠶᠠᠨ ᠪᠠᠢᠭᠤᠯᠤᠯᠲᠠ ᠪᠠ  ᠡᠭᠦᠷᠭᠡ ᠴᠢᠳᠠᠪᠬᠢ ᠵᠢᠨ ᠬᠠᠤᠯᠢ ᠲᠤᠭᠳᠠᠭᠠᠬᠤ ᠵᠢ ᠲᠡᠭᠦᠯᠳᠡᠷᠵᠢᠭᠦᠯᠬᠦ; ᠨᠦᠬᠦᠴᠡᠯ ᠨᠢ ᠪᠤᠯᠪᠠᠰᠤᠷᠠᠭᠰᠠᠨ ᠬᠦᠷᠢᠶ᠎ᠠ ᠴᠠᠷᠠᠭ᠎ᠠ ᠎ᠳᠦ ᠬᠠᠤᠯᠢ ᠵᠢᠨ ᠪᠢᠴᠢᠭ ᠲᠤᠭᠤᠷᠪᠢᠬᠤ ᠠᠵᠢᠯ ᠎ᠢ ᠰᠤᠳᠤᠯᠤᠨ ᠡᠬᠢᠯᠡᠭᠦᠯᠬᠦ ᠵᠡᠷᠭᠡ ᠵᠢ ᠪᠠᠭᠳᠠᠭᠠᠵᠤ ᠪᠤᠢ᠃ ᠶᠡᠬᠡ ᠬᠤᠷᠠᠯ ᠎ᠤᠨ ᠨᠠᠷᠢᠨ ᠪᠢᠴᠢᠭ ᠎ᠤᠨ ᠭᠠᠵᠠᠷ ᠡᠴᠡ ᠲᠦᠯᠦᠭᠡᠯᠡᠭᠴᠢᠳ ᠎ᠤᠨ ᠲᠤᠷᠠᠳᠤᠭᠰᠠᠨ ᠰᠠᠨᠠᠯ ᠵᠦᠪᠯᠡᠯᠭᠡ  ᠵᠢ ᠨᠢᠭᠡᠳ ᠨᠢᠭᠡ ᠪᠡᠷ ᠨᠠᠷᠢᠨ ᠬᠢᠨᠠᠮᠠᠭᠠᠢ ᠵᠠᠳᠠᠯᠤᠨ ᠰᠤᠳᠤᠯᠵᠤ ᠂ ᠲᠤᠰ ᠤᠳᠠᠭ᠎ᠠ ᠵᠢᠨ ᠬᠤᠷᠠᠯ ᠎ᠤᠨ ᠬᠢᠨᠠᠨ ᠵᠦᠪᠯᠡᠬᠦ ᠎ᠳᠦ ᠤᠷᠤᠭᠤᠯᠬᠤ ᠰᠠᠨᠠᠯ ᠵᠦᠪᠯᠡᠯᠭᠡ ᠪᠠᠢᠬᠤ ᠦᠭᠡᠢ ᠭᠡᠵᠦ ᠦᠵᠡᠪᠡ᠃ ᠶᠡᠬᠡ ᠬᠤᠷᠠᠯ᠎ᠤᠨ ᠨᠠᠷᠢᠨ ᠪᠢᠴᠢᠭ ᠎ᠤᠨ ᠭᠠᠵᠠᠷ ᠡᠴᠡ᠂ ᠲᠦᠯᠦᠭᠡᠯᠡᠭᠴᠢᠳ᠎ᠤᠨ ᠲᠤᠷᠠᠳᠤᠭᠰᠠᠨ ᠰᠠᠨᠠᠯ ᠵᠦᠪᠯᠡᠯᠭᠡ ᠨᠤᠭᠦᠳ᠎ᠢ ᠪᠦᠬᠦ ᠤᠯᠤᠰ᠎ᠤᠨ ᠠᠷᠠᠳ ᠎ᠤᠨ ᠲᠦᠯᠦᠭᠡᠯᠡᠭᠴᠢᠳ᠎ᠤᠨ ᠶᠡᠬᠡ ᠬᠤᠷᠠᠯ ᠎ᠤᠨ ᠬᠠᠮᠢᠶ᠎ᠠ ᠪᠦᠬᠦᠢ ᠲᠤᠰᠬᠠᠢ ᠵᠦᠪᠯᠡᠯ᠎ᠳᠦ ᠲᠤᠰ ᠪᠦᠷᠢ ᠲᠤᠰᠢᠶᠠᠨ ᠦᠭᠴᠦ ᠬᠢᠨᠠᠨ ᠵᠦᠪᠯᠡᠭᠦᠯᠬᠦ ᠵᠢ ᠰᠠᠨᠠᠭᠤᠯᠵᠠᠢ᠃ ᠬᠠᠮᠢᠶ᠎ᠠ ᠪᠦᠬᠦᠢ ᠲᠤᠰᠬᠠᠢ ᠵᠦᠪᠯᠡᠯ ᠡᠴᠡ ᠲᠡᠭᠡᠷᠡᠬᠢ ᠰᠠᠨᠠᠯ ᠵᠦᠪᠯᠡᠯᠭᠡ ᠨᠤᠭᠦᠳ ᠎ᠢ ᠬᠢᠨᠠᠨ ᠵᠦᠪᠰᠢᠶᠡᠷᠡᠭᠰᠡᠨ ᠎ᠤ ᠲᠠᠷᠠᠭ᠎ᠠ᠂ ᠪᠦᠬᠦ ᠤᠯᠤᠰ ᠎ᠤᠨ ᠠᠷᠠᠳ ᠎ᠤᠨ ᠲᠦᠯᠦᠭᠡᠯᠡᠭᠴᠢᠳ ᠎ᠤᠨ ᠶᠡᠬᠡ ᠬᠤᠷᠠᠯ ᠎ᠤᠨ ᠪᠠᠢᠨᠭᠭᠤ ᠵᠢᠨ ᠬᠤᠷᠢᠶᠠᠨ ᠎ᠳᠦ ᠬᠢᠨᠠᠨ ᠵᠦᠪᠯᠡᠭᠰᠡᠨ ᠦᠷ᠎ᠡ ᠎ᠳ᠋ᠦᠩ ᠎ᠤᠨ ᠲᠤᠬᠠᠢ ᠮᠡᠳᠡᠭᠦᠯᠦᠯᠲᠡ ᠲᠤᠷᠠᠳᠴᠦ᠂ ᠪᠦᠬᠦ ᠤᠯᠤᠰ᠎ᠤᠨ ᠠᠷᠠᠳ᠎ᠤᠨ ᠲᠦᠯᠦᠭᠡᠯᠡᠭᠴᠢᠳ᠎ᠤᠨ ᠶᠡᠬᠡ ᠬᠤᠷᠠᠯ ᠎ᠤᠨ ᠪᠠᠢᠨᠭᠭᠤ ᠵᠢᠨ ᠬᠤᠷᠢᠶ᠎ᠠ ᠪᠡᠷ ᠬᠢᠨᠠᠨ ᠵᠦᠪᠯᠡᠭᠦᠯᠵᠦ ᠪᠠᠳᠤᠯᠠᠭᠤᠯᠤᠭᠰᠠᠨ ᠎ᠤ ᠲᠠᠷᠠᠭ᠎ᠠ ᠠᠷᠪᠠᠨ ᠲᠦᠷᠪᠡᠳᠦᠭᠡᠷ ᠬᠤᠭᠤᠴᠠᠭᠠᠨ ᠎ᠤ ᠪᠦᠬᠦ ᠤᠯᠤᠰ ᠎ᠤᠨ ᠠᠷᠠᠳ ᠎ᠤᠨ ᠲᠦᠯᠦᠭᠡᠯᠡᠭᠴᠢᠳ ᠎ᠤᠨ ᠶᠡᠬᠡ ᠬᠤᠷᠠᠯ ᠎ᠤᠨ ᠠᠨᠭᠬᠠᠳᠤᠭᠠᠷ ᠬᠤᠷᠠᠯ ᠲᠡᠭᠡᠷ᠎ᠡ ᠲᠠᠷᠤᠮᠠᠯᠯᠠᠨ ᠲᠠᠷᠬᠠᠭᠠᠬᠤ ᠵᠢᠨ ᠬᠠᠮᠳᠤ ᠠᠷᠪᠠᠨ ᠭᠤᠷᠪᠠᠳᠤᠭᠠᠷ ᠬᠤᠭᠤᠴᠠᠭᠠᠨ ᠎ᠤ ᠪᠦᠬᠦ ᠤᠯᠤᠰ ᠎ᠤᠨ ᠠᠷᠠᠳ ᠎ᠤᠨ ᠲᠦᠯᠦᠬᠡᠯᠡᠭᠴᠢᠳ᠎ᠤᠨ ᠶᠡᠬᠡ ᠬᠤᠷᠠᠯ᠎ᠤᠨ ᠲᠦᠯᠦᠭᠡᠯᠡᠭᠴᠢ᠎ᠳᠦ ᠬᠠᠷᠢᠭᠤ ᠲᠤᠰᠬᠠᠨ᠎ᠠ᠃ ᠶᠡᠬᠡ ᠬᠤᠷᠠᠯ ᠎ᠤᠨ ᠨᠠᠷᠢᠨ ᠪᠢᠴᠢᠭ ᠎ᠤᠨ ᠭᠠᠵᠠᠷ ᠲᠦᠯᠦᠭᠡᠯᠡᠭᠴᠢᠳ᠎ᠤᠨ ᠰᠠᠨᠠᠯ ᠵᠦᠪᠯᠡᠯᠭᠡ ᠵᠢ ᠬᠢᠨᠠᠨ ᠵᠦᠪᠯᠡᠬᠦ ᠪᠠ ᠬᠠᠮᠢᠶ᠎ᠠ ᠪᠦᠬᠦᠢ ᠠᠵᠢᠯ ᠎ᠳᠦ ᠲᠤᠤᠷᠠᠬᠢ ᠮᠡᠳᠦ ᠵᠢᠨ ᠰᠠᠨᠠᠭᠤᠯᠭ᠎ᠠ ᠲᠤᠷᠠᠳᠪᠠ᠄ ᠨᠠᠮ ᠎ᠤᠨ ᠲᠦᠪ ᠬᠤᠷᠢᠶᠠᠨ ᠎ᠤ ᠬᠠᠤᠯᠢ ᠲᠤᠭᠳᠠᠭᠠᠬᠤ ᠠᠵᠢᠯ ᠎ᠳᠡᠬᠢ ᠲᠦᠪᠯᠡᠷᠡᠨᠭᠭᠦᠢ ᠨᠢᠭᠡᠳᠦᠯᠳᠡᠢ ᠤᠳᠤᠷᠢᠳᠤᠯᠭ᠎ᠠ ᠵᠢ ᠪᠠᠷᠢᠮᠳᠠᠯᠠᠵᠤ᠂ ᠰᠠᠢᠨ ᠬᠠᠤᠯᠢ ᠪᠡᠷ ᠬᠦᠭᠵᠢᠯᠲᠡ ᠵᠢ ᠠᠬᠢᠭᠤᠯᠵᠤ᠂ ᠴᠢᠳᠠᠮᠠᠭᠠᠢ ᠵᠠᠰᠠᠯᠲᠠ ᠵᠢ ᠪᠠᠳᠤᠯᠠᠨ᠎ᠠ; ᠬᠦᠭᠵᠢᠯᠲᠡ ᠵᠢᠨ ᠪᠦᠬᠦ ᠶᠠᠪᠤᠴᠠ ᠎ᠳᠦ ᠠᠷᠠᠳ᠎ᠤᠨ ᠠᠷᠠᠳᠴᠢᠯᠠᠯ ᠎ᠢ ᠪᠠᠷᠢᠮᠳᠠᠯᠠᠵᠤ᠂ ᠲᠦᠯᠦᠭᠡᠯᠡᠭᠴᠢ ᠵᠢᠨ ᠦᠢᠯᠡᠳᠦᠯ᠎ᠢ ᠪᠠᠳᠠᠷᠠᠭᠤᠯᠬᠤ ᠪᠡᠷ ᠠᠷᠠᠳ ᠲᠦᠮᠡᠨ ᠡᠷᠬᠡ ᠮᠡᠳᠡᠵᠦ ᠡᠵᠡᠨ ᠰᠠᠭᠤᠬᠤ ᠵᠢᠨ ᠴᠢᠬᠤᠯᠠ ᠢᠯᠡᠷᠡᠯ ᠪᠤᠯᠭᠠᠨ᠎ᠠ; ᠰᠢᠨᠵᠢᠯᠡᠬᠦ ᠤᠬᠠᠭᠠᠨᠴᠢ ᠪᠡᠷ ᠬᠠᠤᠯᠢ ᠲᠤᠭᠳᠠᠭᠠᠬᠤ᠂ ᠠᠷᠠᠳᠴᠢᠯᠠᠯ ᠵᠢᠡᠷ ᠬᠠᠤᠯᠢ ᠲᠤᠭᠳᠠᠭᠠᠬᠤ᠂ ᠬᠠᠤᠯᠢ ᠶᠤᠰᠤᠭᠠᠷ ᠬᠠᠤᠯᠢ ᠲᠤᠭᠳᠠᠭᠠᠬᠤ ᠵᠢ ᠪᠠᠷᠢᠮᠳᠠᠯᠠᠵᠤ᠂ ᠬᠠᠤᠯᠢ ᠲᠤᠭᠳᠠᠭᠠᠬᠤ ᠵᠢᠨ ᠤᠯᠤᠰ ᠲᠦᠷᠦ ᠵᠢᠨ ᠦᠷ᠎ᠡ ᠪᠦᠳᠦᠮᠵᠢ᠂ ᠬᠠᠤᠯᠢ ᠪᠡᠷ ᠵᠠᠰᠠᠬᠤ ᠦᠷ᠎ᠡ ᠪᠦᠳᠦᠮᠵᠢ᠂ ᠨᠡᠢᠭᠡᠮ ᠎ᠤᠨ ᠦᠷ᠎ᠡ ᠪᠦᠳᠦᠮᠵᠢ ᠵᠢ ᠬᠠᠮᠤᠭ ᠎ᠤᠨ ᠶᠡᠬᠡ ᠬᠡᠮᠵᠢᠶ᠎ᠡ ᠪᠡᠷ ᠪᠤᠳᠠᠳᠠᠢᠵᠢᠭᠤᠯᠤᠨ᠎ᠠ; ᠰᠠᠨᠠᠯ ᠵᠦᠪᠯᠡᠯᠭᠡ ᠵᠢ ᠬᠢᠨᠠᠨ ᠵᠦᠪᠯᠡᠭᠰᠡᠨ ᠦᠷ᠎ᠡ ᠳ᠋ᠦᠩ ᠎ᠤᠨ ᠮᠡᠳᠡᠭᠦᠯᠦᠯᠲᠡ ᠵᠢ ᠵᠢᠷᠤᠮᠵᠢᠭᠤᠯᠬᠤ ᠵᠢ ᠠᠬᠢᠭᠤᠯᠵᠤ᠂ ᠰᠠᠨᠠᠯ ᠵᠦᠪᠯᠡᠯᠭᠡ ᠵᠢᠨ ᠠᠵᠢᠯ ᠎ᠤᠨ ᠪᠦᠬᠦᠯᠢ ᠴᠤᠭᠴᠠ ᠵᠢᠨ ᠦᠷ᠎ᠡ ᠪᠦᠳᠦᠮᠵᠢ ᠵᠢ ᠲᠡᠭᠡᠭᠰᠢᠯᠡᠭᠦᠯᠦᠨ᠎ᠡ᠃

ᠬᠤᠷᠠᠯ ᠡᠴᠡ ᠪᠠᠳᠤᠯᠠᠯᠲᠠ ᠬᠢᠬᠦ ᠪᠡᠷ ᠲᠠᠮᠵᠢᠨ᠂ ᠲᠦᠯᠦᠭᠡᠯᠡᠭᠴᠢᠳ᠎ᠤᠨ ᠲᠤᠷᠠᠳᠤᠭᠰᠠᠨ ᠰᠠᠨᠠᠯ ᠵᠦᠪᠯᠡᠯᠭᠡ ᠵᠢ ᠰᠢᠢᠳᠪᠦᠷᠢᠯᠡᠬᠦ ᠰᠠᠨᠠᠯ ᠎ᠤᠨ ᠲᠤᠬᠠᠢ ᠠᠷᠪᠠᠨ ᠭᠤᠷᠪᠠᠳᠤᠭᠠᠷ ᠬᠤᠭᠤᠴᠠᠭᠠᠨ ᠎ᠤ ᠪᠦᠬᠦ ᠤᠯᠤᠰ ᠎ᠤᠨ ᠠᠷᠠᠳ ᠎ᠤᠨ ᠲᠦᠯᠦᠭᠡᠯᠡᠭᠴᠢᠳ ᠎ᠤᠨ ᠶᠡᠬᠡ ᠬᠤᠷᠠᠯ ᠎ᠤᠨ ᠲᠠᠪᠤᠳᠤᠭᠠᠷ  ᠬᠤᠷᠠᠯ ᠎ᠤᠨ ᠨᠠᠷᠢᠨ ᠪᠢᠴᠢᠭ ᠎ᠤᠨ ᠭᠠᠵᠠᠷ ᠎ᠤᠨ ᠮᠡᠳᠡᠭᠦᠯᠦᠯᠲᠡ ᠵᠢ ᠪᠠᠳᠤᠯᠠᠪᠠ᠃

ᠲᠡᠷᠢᠭᠦᠯᠡᠭᠴᠢᠳ ᠎ᠤᠨ ᠪᠦᠯᠬᠦᠮ ᠎ᠤᠨ ᠪᠠᠢᠨᠭᠭᠤ ᠵᠢᠨ ᠲᠡᠷᠢᠭᠦᠯᠡᠭᠴᠢ ᠸᠠᠩ ᠴᠧᠨ᠂ ᠼᠤᠤ ᠵᠢᠶᠠᠨ ᠮᠢᠩ᠂ ᠵᠠᠩ ᠴᠦᠨ ᠰᠢᠶᠠᠨ᠂  ᠱᠸᠨ ᠶᠤᠸᠠᠢ ᠶᠤᠸᠠᠢ ᠂ ᠵᠶ᠋ᠢ ᠪᠢᠩ ᠱᠢᠤᠸᠠᠨ᠂ ᠠᠢ᠌ᠯᠢᠭ᠌ᠸᠩ ·ᠢᠮᠢᠩᠪᠠᠬᠠᠢ ᠂ ᠸᠠᠨ ᠧ ᠱᠢᠶᠠᠩ ᠂ ᠴᠧᠨ ᠵᠦ᠍ ᠂ ᠸᠠᠩ ᠳ᠋ᠦᠩ ᠮᠢᠩ ᠂ ᠪᠠᠳᠮᠠᠫᠸᠷᠠᠩᠯᠠᠢ ᠂ ᠳ᠋ᠢᠩ ᠵᠦᠩ ᠯᠢ ᠂ ᠬᠤᠤ ᠮᠢᠩ ᠵᠢᠨ ᠂ ᠼᠠᠢ ᠳ᠋ᠠ ᠹᠸᠩ ᠂ ᠦ᠋ ᠸᠧᠢ ᠬᠤᠸᠠ᠂ ᠶᠠᠩ ᠵᠧᠨ ᠦ᠋ ᠬᠤᠷᠠᠯ᠎ᠳᠤ ᠣᠷᠣᠯᠴᠠᠪᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠹᠦ᠋ ᠭᠸᠨ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠬᠠᠮᠢᠶ᠎ᠡ ᠪᠦᠬᠦᠢ ᠰᠣᠨᠢᠨ

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号