ᠰᠢᠨᠬᠤᠸᠠ ᠬᠣᠷᠢᠶᠠᠨ᠎ᠤ ᠪᠡᠭᠡᠵᠢᠩ᠎ᠦᠨ 3 ᠰᠠᠷ᠎ᠠ᠎ᠶᠢᠨ 10᠎ᠤ᠋ ᠴᠠᠬᠢᠯᠭᠠᠨ ᠮᠡᠳᠡᠭᠡ ᠠᠷᠪᠠᠨ ᠭᠤᠷᠪᠠᠳᠤᠭᠠᠷ ᠬᠤᠭᠤᠴᠠᠭᠠᠨ᠎ᠤ ᠪᠦᠬᠦ ᠤᠯᠤᠰ᠎ᠤᠨ ᠠᠷᠠᠳ᠎ᠤᠨ ᠲᠥᠯᠥᠭᠡᠯᠡᠭᠴᠢᠳ᠎ᠦᠨ ᠶᠡᠬᠡ ᠬᠤᠷᠠᠯ᠎ᠤᠨ ᠲᠠᠪᠤᠳᠤᠭᠠᠷ ᠬᠤᠷᠠᠯ᠎ᠤᠨ ᠲᠡᠷᠢᠭᠦᠯᠡᠭᠴᠢᠳ᠎ᠦᠨ ᠪᠦᠯᠬᠦᠮ 10 ᠤ᠋ ᠦᠳᠡ᠎ᠶᠢᠨ ᠬᠣᠢᠨ᠎ᠠ ᠪᠡᠭᠡᠵᠢᠩ᠎ᠦᠨ ᠠᠷᠠᠳ᠎ᠤᠨ ᠶᠡᠬᠡ ᠬᠤᠷᠠᠯ᠎ᠤᠨ ᠲᠠᠩᠬᠢᠮ᠎ᠳᠤ ᠳᠥᠷᠪᠡᠳᠦᠭᠡᠷ ᠤᠳᠠᠭ᠎ᠠ ᠵᠢᠨ ᠬᠤᠷᠠᠯᠬᠢᠪᠡ ᠃
ᠲᠡᠷᠢᠭᠦᠯᠡᠭᠴᠢᠳ᠎ᠦᠨ ᠪᠦᠯᠬᠦᠮ᠎ᠤᠨ ᠪᠠᠢᠩᠭᠤ ᠵᠢᠨ ᠲᠡᠷᠢᠭᠦᠯᠡᠭᠴᠢ ᠯᠢ ᠵᠠᠠ ᠱᠤ᠌ ᠬᠤᠷᠠᠯ ᠢ ᠡᠷᠬᠢᠯᠡᠵᠠᠢ ᠃
ᠬᠤᠷᠠᠯ᠎ᠳᠤ ᠣᠷᠤᠯᠴᠠᠬᠤ ᠶᠤᠰᠤᠲᠠᠢ ᠬᠦᠮᠦᠨ 175 ᠪᠠᠢᠵᠦ᠂168 ᠬᠥᠮᠥᠨ ᠣᠷᠣᠯᠴᠠᠵᠤ᠂ 7 ᠬᠥᠮᠥᠨ ᠣᠷᠣᠯᠴᠠᠭᠰᠠᠨ ᠦᠭᠡᠢ᠂ ᠣᠷᠣᠯᠴᠠᠭᠰᠠᠨ ᠬᠥᠮᠥᠨ᠎ᠦ ᠲᠣᠭ᠎ᠠ ᠨᠢ ᠬᠠᠤᠯᠢ᠎ᠳᠤ ᠲᠣᠭᠲᠠᠭᠠᠭᠰᠠᠨ ᠬᠥᠮᠥᠨ᠎ᠦ ᠲᠣᠭ᠎ᠠ᠎ᠳᠤ ᠨᠡᠢᠴᠡᠪᠡ ᠃
3 ᠰᠠᠷ᠎ᠠ᠎ᠶᠢᠨ 10᠎ᠤ᠋ ᠡᠳᠦᠷ᠂ ᠡᠯ᠎ᠡ ᠲᠥᠯᠥᠭᠡᠯᠡᠭᠴᠢᠳ᠎ᠦᠨ ᠪᠦᠯᠬᠦᠮ ᠵᠠᠰᠠᠭ᠎ᠤᠨ ᠣᠷᠳᠣᠨ᠎ᠤ ᠠᠵᠢᠯ᠎ᠤᠨ ᠢᠯᠡᠳᠭᠡᠯ᠂ 2021 ᠣᠨ᠎ᠤ ᠤᠯᠤᠰ ᠠᠷᠠᠳ᠎ᠤᠨ ᠠᠵᠤ ᠠᠬᠤᠢ ᠪᠠ ᠨᠡᠢᠭᠡᠮ᠎ᠦᠨ ᠬᠥᠭᠵᠢᠯᠲᠡ᠎ᠶᠢᠨ ᠲᠥᠯᠥᠪᠯᠡᠭᠡ᠎ᠶᠢ ᠬᠡᠷᠡᠭᠵᠢᠬᠦᠯᠦᠭᠰᠡᠨ ᠪᠠᠢᠳᠠᠯ ᠬᠢᠭᠡᠳ 2022 ᠣᠨ᠎ᠤ ᠤᠯᠤᠰ ᠠᠷᠠᠳ᠎ᠤᠨ ᠠᠵᠤ ᠠᠬᠤᠢ ᠪᠠ ᠨᠡᠢᠭᠡᠮ᠎ᠦᠨ ᠬᠥᠭᠵᠢᠯᠲᠡ᠎ᠶᠢᠨ ᠲᠥᠯᠥᠪᠯᠡᠭᠡ᠂ 2021 ᠣᠨ᠎ᠤ ᠲᠥᠪ᠎ᠦᠨ ᠪᠠ ᠣᠷᠣᠨ ᠨᠤᠲᠤᠭ᠎ᠤᠨ ᠲᠥᠰᠥᠪ᠎ᠢ ᠭᠦᠢᠴᠡᠳᠬᠡᠭᠰᠡᠨ ᠪᠠᠢᠳᠠᠯ ᠬᠢᠭᠡᠳ 2022 ᠣᠨ᠎ᠤ ᠲᠥᠪ᠎ᠦᠨ ᠪᠠ ᠣᠷᠣᠨ ᠨᠤᠲᠤᠭ᠎ᠤᠨ ᠲᠥᠰᠥᠪ᠂ ᠪᠦᠬᠦ ᠤᠯᠤᠰ᠎ᠤᠨ ᠠᠷᠠᠳ᠎ᠤᠨ ᠲᠥᠯᠥᠭᠡᠯᠡᠭᠴᠢᠳ᠎ᠦᠨ ᠶᠡᠬᠡ ᠬᠤᠷᠠᠯ᠎ᠤᠨ ᠪᠠᠢᠩᠭᠤ᠎ᠶᠢᠨ ᠬᠣᠷᠢᠶᠠᠨ᠎ᠤ ᠠᠵᠢᠯ᠎ᠤᠨ ᠮᠡᠳᠡᠭᠦᠯᠦᠯᠲᠡ᠂ ᠠᠷᠠᠳ᠎ᠤᠨ ᠳᠡᠭᠡᠳᠦ ᠰᠢᠭᠦᠬᠦ ᠬᠣᠷᠢᠶᠠᠨ᠎ᠤ ᠠᠵᠢᠯ᠎ᠤᠨ ᠮᠡᠳᠡᠭᠦᠯᠦᠯᠲᠡ᠂ ᠠᠷᠠᠳ᠎ᠤᠨ ᠳᠡᠭᠡᠳᠦ ᠪᠠᠢᠴᠠᠭᠠᠬᠤ ᠬᠣᠷᠢᠶᠠᠨ᠎ᠤ ᠠᠵᠢᠯ᠎ᠤᠨ ᠮᠡᠳᠡᠭᠦᠯᠦᠯᠲᠡ ᠵᠢᠨ ᠲᠤᠬᠠᠢ ᠠᠷᠪᠠᠨ ᠭᠤᠷᠪᠠᠳᠤᠭᠠᠷ ᠬᠤᠭᠤᠴᠠᠭᠠᠨ᠎ᠤ ᠪᠦᠬᠦ ᠤᠯᠤᠰ᠎ᠤᠨ ᠠᠷᠠᠳ᠎ᠤᠨ ᠲᠥᠯᠥᠭᠡᠯᠡᠭᠴᠢᠳ᠎ᠦᠨ ᠶᠡᠬᠡ ᠬᠤᠷᠠᠯ᠎ᠤᠨ ᠲᠠᠪᠤᠳᠤᠭᠠᠷ ᠬᠤᠷᠠᠯ᠎ᠤᠨ ᠵᠢᠷᠭᠤᠭᠠᠨ ᠰᠢᠢᠳᠪᠦᠷᠢ᠎ᠶᠢᠨ ᠲᠥᠰᠥᠯ᠎ᠢ ᠨᠠᠷᠢᠨ ᠬᠢᠨᠠᠮᠠᠭᠠᠢ ᠬᠢᠨᠡᠨ ᠵᠦᠪᠯᠡᠵᠤ᠂ ᠶᠡᠬᠡ ᠬᠤᠷᠠᠯ᠎ᠤᠨ ᠪᠥᠬᠥᠳᠡ ᠬᠤᠷᠠᠯ᠎ᠳᠤ ᠳᠡᠪᠰᠢᠭᠦᠯᠦᠨ ᠪᠠᠲᠤᠯᠠᠭᠤᠯᠬᠤ᠎ᠶᠢ ᠰᠠᠨᠠᠯ ᠨᠢᠭᠡᠲᠡᠢ ᠵᠥᠪᠰᠢᠶᠡᠷᠡᠪᠡ᠃ ᠲᠡᠷᠢᠭᠦᠯᠡᠭᠴᠢᠳ᠎ᠦᠨ ᠪᠦᠯᠬᠦᠮ᠎ᠦᠨ ᠪᠠᠢᠩᠭᠤ᠎ᠶᠢᠨ ᠲᠡᠷᠢᠭᠦᠯᠡᠭᠴᠢ ᠡᠯ᠎ᠡ ᠲᠥᠯᠥᠭᠡᠯᠡᠭᠴᠢᠳ᠎ᠦᠨ ᠪᠦᠯᠬᠦᠮ᠎ᠦᠨ ᠬᠢᠨᠠᠨ ᠵᠥᠪᠯᠡᠭᠰᠡᠨ ᠰᠠᠨᠠᠯ᠎ᠢ ᠦᠨᠳᠦᠰᠦᠯᠡᠵᠦ᠂ ᠡᠯ᠎ᠡ ᠵᠦᠢᠯ᠎ᠦᠨ ᠰᠢᠢᠳᠪᠦᠷᠢ᠎ᠶᠢᠨ ᠲᠥᠰᠥᠯ᠎ᠢ ᠶᠡᠬᠡ ᠬᠤᠷᠠᠯ᠎ᠤᠨ ᠪᠦᠬᠦᠳᠡ ᠬᠤᠷᠠᠯ᠎ᠳᠤ ᠳᠡᠪᠰᠢᠭᠦᠯᠵᠦ ᠪᠠᠲᠤᠯᠠᠭᠤᠯᠬᠤ᠎ᠪᠠᠷ ᠰᠠᠨᠠᠭᠤᠯᠪᠠ ᠃
ᠲᠡᠷᠢᠭᠦᠯᠡᠭᠴᠢᠳ᠎ᠦᠨ ᠪᠦᠯᠬᠦᠮ᠎ᠦᠨ ᠬᠤᠷᠠᠯ ᠡᠴᠡ ᠲᠤᠰ ᠲᠤᠰ ᠪᠠᠲᠤᠯᠠᠯᠲᠠ ᠬᠢᠬᠦ᠎ᠪᠡᠷ ᠳᠠᠮᠵᠢᠨ᠂ ᠳᠡᠭᠡᠷ᠎ᠡ ᠳᠤᠷᠠᠳᠤᠭᠰᠠᠨ ᠰᠢᠢᠳᠪᠦᠷᠢ᠎ᠶᠢᠨ ᠲᠥᠰᠥᠯ᠎ᠢ ᠶᠡᠬᠡ ᠬᠤᠷᠠᠯ᠎ᠤᠨ ᠪᠦᠬᠦᠳᠡ ᠬᠤᠷᠠᠯ᠎ᠳᠤ ᠳᠡᠪᠰᠢᠭᠦᠯᠵᠦ ᠪᠠᠲᠤᠯᠠᠭᠤᠯᠬᠤ ᠪᠠᠷ ᠲᠤᠭᠲᠠᠵᠠᠢ᠃
ᠲᠡᠷᠢᠭᠦᠯᠡᠭᠴᠢᠳ᠎ᠦᠨ ᠪᠦᠯᠬᠦᠮ᠎ᠦᠨ ᠪᠠᠢᠩᠭᠤ᠎ᠶᠢᠨ ᠲᠡᠷᠢᠭᠦᠯᠡᠭᠴᠢ ᠸᠠᠩ ᠴᠧᠨ᠂ ᠼᠤᠤ ᠵᠢᠶᠠᠨ ᠮᠢᠩ᠂ ᠵᠠᠩ ᠴᠦᠨ ᠰᠢᠶᠠᠨ᠂ ᠱᠸᠠ ᠶᠤᠸᠠᠢ ᠶᠤᠸᠠᠢ᠂ ᠵᠢᠢ ᠪᠢᠩ ᠰᠢᠤᠸᠠᠨ᠂ ᠠᠢ᠍ᠢᠯᠢᠭ᠌ᠸᠩ·ᠢᠮᠢᠩᠪᠠᠬᠠᠢ ᠂ ᠸᠠᠨ ᠧ ᠰᠢᠶᠠᠩ ᠂ ᠴᠧᠨ ᠵᠦ᠍ ᠂ ᠸᠠᠩ ᠳ᠋ᠦᠩ ᠮᠢᠩ ᠂ ᠪᠠᠳᠮᠠᠫᠸᠷᠠᠩᠯᠠᠢ ᠂ ᠳ᠋ᠢᠩ ᠵᠦᠩ ᠯᠢ ᠂ ᠬᠤᠤ ᠮᠢᠩ ᠵᠢᠨ᠂ ᠼᠠᠢ ᠳᠠ ᠹᠸᠩ ᠂ ᠦ᠋ ᠸᠧᠢ ᠬᠤᠸᠠ᠂ ᠶᠠᠩ ᠵᠧᠨ ᠦ᠋ ᠬᠤᠷᠠᠯ᠎ᠳᠤ ᠤᠷᠤᠯᠴᠠᠵᠠᠢ ᠃