ᠳᠤᠮᠳᠠᠳᠤ ᠤᠯᠤᠰ ᠤ᠋ᠨ ᠠᠷᠠᠳ ᠤ᠋ᠨ ᠤᠯᠤᠰ ᠲᠦᠷᠦ᠍ ᠶ᠋ᠢᠨ ᠵᠥᠪᠯᠡᠯᠭᠡᠨ ᠤ᠋ ᠠᠷᠪᠠᠨ ᠭᠤᠷᠪᠠᠳᠤᠭᠠᠷ ᠬᠤᠭᠤᠴᠠᠭᠠᠨ ᠤ᠋ ᠪᠦᠬᠦ᠌ ᠤᠯᠤᠰ ᠤ᠋ᠨ ᠬᠣᠷᠢᠶᠠᠨ ᠤ᠋ ᠲᠠᠪᠤᠳᠤᠭᠠᠷ ᠬᠤᠷᠠᠯ ᠤ᠋ᠨ ᠤᠯᠤᠰ ᠲᠦᠷᠦ᠎ᠵᠢᠨ ᠰᠢᠢᠳᠪᠦᠷᠢ
2022-03-11 09:41:25
ᠵᠣᠬᠢᠶᠠᠭ᠍ᠴᠢ᠄
ᠣᠩᠱᠢᠭ᠍ᠰᠠᠨ ᠣᠳᠠᠭ᠎ᠠ᠄
★★★☆☆

(2022 ᠣᠨ ᠤ᠋ 3 ᠰᠠᠷ᠎ᠠ ᠶ᠋ᠢᠨ 10  ᠤ᠋ ᠡᠳᠦᠷ ᠤᠯᠤᠰ ᠲᠦᠷᠦ᠍ ᠶ᠋ᠢᠨ ᠵᠥᠪᠯᠡᠯᠭᠡᠨ ᠤ᠋ ᠠᠷᠪᠠᠨ ᠭᠤᠷᠪᠠᠳᠤᠭᠠᠷ  ᠬᠤᠭᠤᠴᠠᠭᠠᠨ ᠤ᠋  ᠪᠦᠬᠦ᠌ ᠤᠯᠤᠰ ᠤ᠋ᠨ ᠬᠤᠷᠢᠶᠠᠨ ᠤ᠋ ᠲᠠᠪᠤᠳᠤᠭᠠᠷ ᠬᠤᠷᠠᠯ᠎ᠠᠴᠠ ᠪᠠᠲᠤᠯᠠᠪᠠ)

ᠳᠤᠮᠳᠠᠳᠤ ᠤᠯᠤᠰ ᠤ᠋ᠨ ᠠᠷᠠᠳ ᠤ᠋ᠨ ᠤᠯᠤᠰ ᠲᠥᠷᠥ ᠶ᠋ᠢᠨ ᠵᠥᠪᠯᠡᠯᠭᠡᠨ ᠤ᠋ ᠠᠷᠪᠠᠨ ᠭᠤᠷᠪᠠᠳᠤᠭᠠᠷ ᠬᠤᠭᠤᠴᠠᠭᠠᠨ ᠤ᠋ ᠪᠥᠬᠥ᠌ ᠤᠯᠤᠰ ᠤ᠋ᠨ ᠬᠣᠷᠢᠶᠠᠨ ᠤ᠋ ᠲᠠᠪᠤᠳᠤᠭᠠᠷ ᠬᠤᠷᠠᠯ 2022 ᠣᠨ ᠤ᠋ 3 ᠰᠠᠷ᠎ᠠ ᠶ᠋ᠢᠨ 4  ᠤ᠋ ᠡᠳᠦᠷ᠎ᠡᠴᠡ 10 ᠤ᠋ ᠡᠳᠦᠷ ᠪᠣᠯᠲᠠᠯ᠎ᠠ ᠪᠡᠭᠡᠵᠢᠩ ᠳ᠋ᠦ ᠬᠤᠷᠠᠯᠳᠤᠪᠠ᠃

ᠲᠤᠮᠳᠠᠳᠤ ᠤᠯᠤᠰ᠎ᠤᠨ ᠡᠪ ᠬᠠᠮᠳᠤ ᠨᠠᠮ ᠤ᠋ᠨ ᠲᠥᠪ ᠬᠣᠷᠢᠶᠠᠨ ᠤ᠋ ᠶᠡᠷᠦᠩᠬᠡᠶ ᠱᠦᠵᠢ᠂ ᠡᠣᠯᠣᠰ ᠤ᠋ᠨ ᠲᠡᠷᠢᠭᠦᠯᠡᠭ᠌ᠴᠢ᠂ ᠲᠥᠪ ᠤ᠋ᠨ ᠴᠡᠷᠢᠭ ᠤ᠋ᠨ ᠶᠠᠪᠤᠳᠠᠯ ᠤ᠋ᠨ ᠬᠣᠷᠢᠶᠠᠨ ᠤ᠋ ᠲᠡᠷᠢᠭᠦᠯᠡᠭ᠌ᠴᠢ ᠰᠢ ᠵᠢᠨ ᠫᠢᠩ ᠵᠡᠷᠭᠡ ᠨᠠᠮ ᠪᠣᠯᠤᠨ ᠲᠥᠷᠥ ᠶ᠋ᠢᠨ ᠤᠳᠤᠷᠢᠳᠭᠤ ᠨᠥᠬᠥᠳ ᠬᠤᠷᠠᠯ᠎ᠳᠤ ᠣᠷᠣᠯᠴᠠᠵᠤ᠂ ᠭᠡᠱᠢᠭᠦᠳ᠎ᠲᠡᠶ ᠬᠠᠮᠲᠤ᠎ᠪᠠᠷ ᠲᠦᠷᠦ᠎ᠵᠢᠨ ᠶᠠᠪᠤᠳᠠᠯ ᠢ᠋ ᠵᠦᠪᠯᠡᠪᠡ᠃ ᠬᠤᠷᠠᠯ᠎ᠠᠴᠠ ᠸᠠᠩ ᠶᠠᠩ᠎ᠲᠡᠷᠢᠭᠦᠯᠡᠭᠴᠢ᠎ᠵᠢᠨ ᠤᠯᠤᠰ ᠲᠦᠷᠦ᠍ ᠶ᠋ᠢᠨ ᠵᠥᠪᠯᠡᠯᠭᠡᠨ ᠤ᠋ ᠠᠷᠪᠠᠨ ᠭᠤᠷᠪᠠᠳᠤᠭᠠᠷ ᠬᠤᠭᠤᠴᠠᠭᠠᠨ ᠤ᠋ ᠪᠦᠬᠦ᠌ ᠤᠯᠤᠰ ᠤ᠋ᠨ ᠬᠤᠷᠢᠶᠠᠨ ᠤ᠋ ᠪᠠᠢᠩᠭᠤ ᠶ᠋ᠢᠨ ᠬᠤᠷᠢᠶ᠎ᠠ ᠶ᠋ᠢ ᠲᠥᠯᠥᠭᠡᠯᠡᠨ ᠬᠢᠭ᠌ᠰᠡᠨ ᠠᠵᠢᠯ ᠤ᠋ᠨ ᠮᠡᠳᠡᠭᠦᠯᠦᠯᠲᠡ ᠶ᠋ᠢ ᠬᠢᠨᠠᠨ ᠵᠦᠪᠯᠡᠨ ᠵᠥᠪᠱᠢᠶᠡᠷᠡᠵᠦ᠍᠂ ᠯᠢᠦ ᠱᠢᠨ ᠴᠧᠩ ᠳᠡᠳ᠋ ᠲᠡᠷᠢᠭᠦᠯᠡᠭ᠌ᠴᠢ᠎ᠵᠢᠨ ᠬᠢᠭ᠌ᠰᠡᠨ ᠰᠠᠨᠠᠯ ᠳᠤᠷᠠᠳᠤᠯᠭ᠎ᠠ ᠶ᠋ᠢᠨ ᠠᠵᠢᠯ ᠤ᠋ᠨ ᠪᠠᠢᠳᠠᠯ ᠤ᠋ᠨ ᠮᠡᠳᠡᠭᠦᠯᠦᠯᠲᠡ ᠶ᠋ᠢ ᠬᠢᠨᠠᠨ ᠵᠥᠪᠯᠡᠵᠦ᠍ ᠵᠥᠪᠱᠢᠶᠡᠷᠡᠵᠦ᠍᠂ ᠪᠦᠬᠦ᠌ ᠤᠯᠤᠰ ᠤ᠋ᠨ ᠤᠯᠤᠰ ᠲᠦᠷᠦ᠍ ᠶ᠋ᠢᠨ ᠵᠥᠪᠯᠡᠯᠭᠡᠨ ᠤ᠋ ᠠᠷᠪᠠᠨ ᠭᠤᠷᠪᠠᠳᠤᠭᠠᠷ ᠬᠤᠭᠤᠴᠠᠭᠠᠨ ᠤ᠋ ᠲᠠᠪᠤᠳᠤᠭᠠᠷ ᠬᠤᠷᠠᠯ ᠤ᠋ᠨ ᠰᠠᠨᠠᠯ ᠳᠤᠷᠠᠳᠤᠯᠭ᠎ᠠ ᠶ᠋ᠢ ᠬᠢᠨᠠᠨ ᠪᠠᠢᠴᠠᠭᠠᠭ᠍ᠰᠠᠨ ᠪᠠᠢᠳᠠᠯ ᠤ᠋ᠨ ᠲᠤᠬᠠᠢ ᠮᠡᠳᠡᠭᠦᠯᠦᠯᠲᠡ ᠶ᠋ᠢ ᠪᠠᠲᠤᠯᠠᠪᠠ᠃ ᠭᠡᠱᠢᠭᠦᠳ ᠠᠷᠪᠠᠨ ᠭᠤᠷᠪᠠᠳᠤᠭᠠᠷ ᠬᠤᠭᠤᠴᠠᠭᠠᠨ ᠤ᠋ ᠪᠦᠬᠦ᠌ ᠤᠯᠤᠰ ᠤ᠋ᠨ ᠠᠷᠠᠳ ᠤ᠋ᠨ ᠲᠥᠯᠥᠭᠡᠯᠡᠭ᠌ᠴᠢᠳ ᠤ᠋ᠨ ᠶᠡᠬᠡ ᠬᠤᠷᠠᠯ ᠤ᠋ᠨ ᠲᠠᠪᠤᠳᠤᠭᠠᠷ ᠬᠤᠷᠠᠯ᠎ᠳᠤ ᠰᠤᠯᠠ ᠣᠷᠣᠯᠴᠠᠵᠤ᠂ ᠶᠡᠷᠦᠩᠬᠡᠢ ᠰᠠᠢᠳ ᠯᠢ ᠺᠸ ᠴᠢᠶᠠᠩ ᠤ᠋ᠨ ᠬᠢᠭ᠌ᠰᠡᠨ ᠵᠠᠰᠠᠭ ᠤ᠋ᠨ ᠣᠷᠳᠣᠨ ᠤ᠋ ᠠᠵᠢᠯ ᠤ᠋ᠨ ᠢᠯᠡᠳᠭᠡᠯ ᠢ᠋ ᠰᠣᠨᠣᠰᠤᠨ ᠶᠠᠷᠢᠯᠴᠠᠵᠤ᠂ ᠠᠷᠠᠳ ᠤ᠋ᠨ ᠳᠡᠭᠡᠳᠦ ᠱᠢᠭᠦᠬᠦ᠌ ᠬᠣᠷᠢᠶᠠᠨ ᠤ᠋ ᠠᠵᠢᠯ ᠤ᠋ᠨ ᠮᠡᠳᠡᠭᠦᠯᠦᠯᠲᠡ᠂ ᠠᠷᠠᠳ ᠤ᠋ᠨ ᠳᠡᠭᠡᠳᠦ ᠪᠠᠢᠴᠠᠭᠠᠬᠤ ᠬᠣᠷᠢᠶᠠᠨ ᠤ᠋ ᠠᠵᠢᠯ ᠤ᠋ᠨ ᠮᠡᠳᠡᠭᠦᠯᠦᠯᠲᠡ ᠵᠡᠷᠭᠡ ᠶ᠋ᠢ ᠰᠣᠨᠣᠰᠤᠨ ᠶᠠᠷᠢᠯᠴᠠᠵᠤ ᠂ ᠵᠥᠪᠱᠢᠶᠡᠷᠡᠵᠦ᠍ ᠪᠠᠢᠬᠤ᠎ᠪᠠᠨ ᠢᠯᠡᠳᠭᠡᠬᠦ᠌ ᠶ᠋ᠢᠨ ᠬᠠᠮᠲᠤ ᠰᠠᠨᠠᠯ ᠰᠠᠨᠠᠭᠤᠯᠭ᠎ᠠ ᠳᠤᠷᠠᠳᠴᠠᠢ᠃

ᠬᠤᠷᠠᠯ᠎ᠠᠴᠠ᠂ 2021 ᠣᠨ ᠪᠣᠯ ᠨᠠᠮ ᠪᠣᠯᠤᠨ ᠤᠯᠤᠰ ᠤ᠋ᠨ ᠲᠡᠦᠬᠡᠨ ᠳᠡᠭᠡᠷᠡᠬᠢ ᠬᠥᠱᠢᠢ᠎ᠡ ᠳᠤᠷᠠᠰᠭᠠᠯ᠎ᠤ᠋ᠠ ᠠᠴᠢ ᠬᠣᠯᠪᠣᠭ᠍ᠳᠠᠯ᠎ᠲᠠᠶ ᠨᠢᠭᠡ ᠵᠢᠯ ᠪᠣᠯᠤᠨ᠎ᠠ᠃ ᠰᠢ ᠵᠢᠨ ᠫᠢᠩ ᠨᠥᠬᠥᠷ ᠶ᠋ᠢᠡᠷ ᠭᠣᠣᠯ ᠪᠣᠯᠭᠠᠭ᠍ᠰᠠᠨ ᠳᠤᠮᠳᠠᠳᠤ ᠤᠯᠤᠰ ᠤ᠋ᠨ ᠡᠪ ᠬᠠᠮᠲᠤ ᠨᠠᠮ ᠤ᠋ᠨ ᠲᠥᠪ ᠬᠣᠷᠢᠶ᠎ᠠ ᠪᠦᠬᠦ᠌ ᠨᠠᠮ ᠪᠦᠬᠦ᠌ ᠤᠯᠤᠰ ᠤ᠋ᠨ ᠦᠨᠳᠦᠰᠦᠲᠡᠨ᠎ᠨᠦᠭᠦᠳ ᠤ᠋ᠨ ᠠᠷᠠᠳ ᠲᠦᠮᠡᠨ ᠢ᠋ ᠪᠦᠯᠬᠦᠮᠳᠡᠭᠦᠯᠦᠨ ᠳᠠᠭᠠᠭᠤᠯᠵᠤ᠂ ᠵᠠᠭᠤᠨ ᠵᠢᠯ ᠤ᠋ᠨ ᠬᠤᠪᠢᠰᠤᠯᠲᠠ ᠪᠣᠯᠤᠨ ᠡᠷᠢᠨ ᠵᠠᠭᠤᠨ ᠤ᠋ ᠬᠢᠵᠢᠭ ᠤ᠋ᠨ ᠪᠠᠢᠳᠠᠯ ᠢ᠋ ᠯᠠᠪᠳᠠᠭᠤᠨ ᠲᠣᠭ᠍ᠲᠠᠭᠤᠨ ᠶ᠋ᠢᠡᠷ ᠠᠷᠭᠠᠴᠠᠵᠤ᠂ ᠳᠤᠮᠳᠠᠳᠤ ᠤᠯᠤᠰ ᠤ᠋ᠨ ᠡᠪ ᠬᠠᠮᠲᠤ ᠨᠠᠮ ᠪᠠᠢᠭᠤᠯᠤᠭ᠍ᠳᠠᠭ᠍ᠰᠠᠨ ᠵᠠᠭᠤᠨ ᠵᠢᠯ ᠤ᠋ᠨ ᠣᠶ ᠶ᠋ᠢ ᠦᠪᠡᠳᠡᠭ᠌ᠰᠢ ᠶᠡᠬᠡ᠎ᠪᠡᠷ ᠪᠡᠯᠭᠡᠯᠡᠵᠦ᠂ ᠳᠤᠮᠳᠠᠳᠤ ᠤᠯᠤᠰ ᠤ᠋ᠨ ᠡᠪ ᠬᠠᠮᠲᠤ ᠨᠠᠮ ᠤ᠋ᠨ ᠠᠷᠪᠠ ᠶᠢᠰᠦᠳᠦᠭᠡᠷ ᠬᠤᠭᠤᠴᠠᠭᠠᠨ ᠤ᠋ ᠲᠥᠪ ᠬᠣᠷᠢᠶᠠᠨ ᠤ᠋ ᠵᠢᠷᠭᠤᠳᠤᠭᠠᠷ ᠪᠦᠬᠦᠳᠡ ᠬᠤᠷᠠᠯ ᠢ᠋ ᠠᠮᠵᠢᠯᠲᠠ᠎ᠲᠠᠶ ᠬᠤᠷᠠᠯᠳᠤᠭᠤᠯᠬᠤ ᠶ᠋ᠢᠨ ᠬᠠᠮᠲᠤ ᠭᠤᠷᠪᠠᠳᠤᠭᠠᠷ ᠲᠡᠦᠬᠡᠨ ᠱᠢᠢᠳᠪᠦᠷᠢ ᠶ᠋ᠢ ᠲᠣᠭ᠍ᠲᠠᠭᠠᠵᠤ᠂ ᠲᠣᠭ᠍ᠲᠠᠭ᠍ᠰᠠᠨ ᠬᠤᠭᠤᠴᠠᠭᠠᠨ᠎ᠳᠤ ᠶᠠᠳᠠᠭᠤ᠎ᠠᠴᠠ ᠠᠩᠭᠢᠵᠢᠷᠠᠭᠤᠯᠬᠤ ᠪᠣᠭᠣᠮᠲᠠ ᠱᠢᠪᠲᠤᠯᠬᠤ ᠳᠠᠢᠯᠠᠯᠳᠤᠭᠠᠨ ᠤ᠋ ᠢᠯᠠᠯᠲᠠ ᠶ᠋ᠢ ᠣᠯᠵᠤ᠂ ᠴᠢᠨᠡᠭᠡᠯᠢᠭ ᠨᠡᠢᠭᠡᠮ ᠢ᠋ ᠪᠦᠬᠦ᠌ ᠲᠠᠯ᠎ᠠ᠎ᠪᠠᠷ ᠪᠡᠶᠡᠯᠡᠭᠦᠯᠵᠦ᠍᠂ ᠨᠢᠭᠡᠳᠦᠭᠡᠷ ᠵᠠᠭᠤᠨ ᠵᠢᠯ ᠤ᠋ᠨ ᠲᠡᠮᠡᠴᠡᠬᠦ᠌ ᠬᠠᠷᠠᠯᠲᠠ ᠶ᠋ᠢ ᠠᠮᠵᠢᠯᠲᠠ᠎ᠲᠠᠶ ᠪᠡᠶᠡᠯᠡᠭᠦᠯᠵᠦ᠍᠂ ᠨᠡᠢᠭᠡᠮ ᠵᠢᠷᠤᠮᠳᠦ ᠣᠳᠣᠬᠢᠴᠢᠯᠠᠭ᠍ᠰᠠᠨ ᠤᠯᠤᠰ ᠢ᠋ ᠪᠦᠬᠦ᠌ ᠲᠠᠯ᠎ᠠ᠎ᠪᠠᠷ ᠪᠦᠳᠦᠭᠡᠨ ᠪᠠᠢᠭᠤᠯᠵᠤ᠂ ᠬᠣᠶᠠᠳᠤᠭᠠᠷ ᠵᠠᠭᠤᠨ ᠵᠢᠯ ᠤ᠋ᠨ ᠲᠡᠮᠡᠴᠡᠬᠦ᠌ ᠬᠠᠷᠠᠯᠲᠠ ᠲᠡᠢᠰᠢ ᠤᠷᠤᠬᠰᠢᠯᠠᠬᠤ ᠱᠢᠨ᠎ᠡ ᠠᠶᠠᠨ ᠶ᠋ᠢᠡᠨ ᠡᠬᠢᠯᠡᠭᠦᠯᠵᠦ᠍᠂ 《ᠠᠷᠪᠠᠨ ᠳᠥᠷᠪᠡᠳᠦᠭᠡᠷ ᠲᠠᠪᠤᠨ ᠵᠢᠯ》 ᠤ᠋ᠨ ᠰᠠᠢ᠌ᠨ ᠰᠠᠢᠬᠠᠨ ᠡᠬᠢᠯᠡᠯᠲᠡ ᠶ᠋ᠢ ᠪᠡᠶᠡᠯᠡᠭᠦᠯᠪᠡ᠃ ᠠᠷᠠᠳ ᠤ᠋ᠨ ᠤᠯᠤᠰ ᠲᠦᠷᠦ᠍ ᠶ᠋ᠢᠨ ᠵᠥᠪᠯᠡᠯᠭᠡᠨ᠎ᠤ ᠬᠢᠨ ᠤᠯᠤᠰ ᠲᠦᠷᠦ᠍ ᠶ᠋ᠢᠨ ᠵᠥᠪᠯᠡᠯᠭᠡᠨ ᠤ᠋ ᠠᠵᠢᠯ᠎ᠳᠠᠬᠢ ᠨᠠᠮ ᠤ᠋ᠨ  ᠪᠦᠬᠦ᠌ ᠲᠠᠯ᠎ᠠ ᠶ᠋ᠢᠨ ᠤᠳᠤᠷᠢᠳᠤᠯᠭ᠎ᠠ ᠶ᠋ᠢ ᠪᠠᠷᠢᠮᠲᠠᠯᠠᠵᠤ ᠂ ᠪᠦᠯᠬᠦᠮᠳᠡᠯ ᠪᠠ ᠠᠷᠠᠳᠴᠢᠯᠠᠯ ᠭᠡᠬᠦ᠌ ᠬᠣᠶᠠᠷ ᠶᠡᠬᠡ ᠭᠣᠣᠯ ᠰᠡᠳᠦᠪ ᠢ᠋ ᠪᠠᠷᠢᠮᠲᠠᠯᠠᠵᠤ᠂ ᠳᠤᠮᠳᠠᠳᠤ ᠤᠯᠤᠰ ᠤ᠋ᠨ ᠡᠪ ᠬᠠᠮᠲᠤ ᠨᠠᠮ ᠤ᠋ᠨ ᠲᠡᠦᠬᠡ ᠶ᠋ᠢᠨ ᠰᠤᠷᠤᠯᠴᠠᠯᠭ᠎ᠠ ᠬᠥᠮᠦᠵᠢᠯ ᠶ᠋ᠢᠡᠷ ᠭᠣᠣᠯᠳᠠᠯᠭ᠎ᠠ ᠪᠣᠯᠭᠠᠨ ᠦᠵᠡᠯ ᠰᠠᠨᠠᠭ᠎ᠠ ᠤᠯᠤᠰ ᠲᠦᠷᠦ᠍ ᠶ᠋ᠢᠨ ᠵᠢᠯᠤᠭᠤᠳᠤᠯᠭ᠎ᠠ ᠶ᠋ᠢ ᠴᠢᠩᠭᠠᠳᠭᠠᠵᠤ᠂ ᠠᠵᠤ ᠠᠬᠤᠶ ᠨᠡᠢᠭᠡᠮ ᠤ᠋ᠨ ᠬᠥᠭ᠌ᠵᠢᠯᠲᠡ ᠶ᠋ᠢᠨ ᠴᠢᠬᠤᠯᠠ ᠶᠡᠬᠡ ᠠᠰᠠᠭᠤᠳᠠᠯ ᠤ᠋ᠨ ᠲᠤᠭᠤᠷᠢᠨ ᠳ᠋ᠦ ᠭᠦᠨᠵᠡᠭᠡᠶ ᠵᠥᠪᠳᠡᠯᠴᠡᠨ ᠰᠠᠨᠠᠯ ᠰᠠᠨᠠᠭᠤᠯᠭ᠎ᠠ ᠳᠤᠷᠠᠳᠴᠤ᠌᠂ ᠨᠠᠮ ᠪᠠ ᠤᠯᠤᠰ ᠣᠷᠣᠨ ᠤ᠋ ᠠᠵᠢᠯ ᠦᠢᠯᠡᠰ ᠤ᠋ᠨ ᠬᠥᠭ᠌ᠵᠢᠯᠲᠡ ᠳ᠋ᠦ ᠱᠢᠨ᠎ᠡ ᠬᠤᠪᠢ ᠨᠡᠮᠡᠷᠢ ᠦᠵᠡᠭᠦᠯᠪᠡ ᠭᠡᠵᠦ ᠦᠵᠡᠪᠡ᠃

ᠬᠤᠷᠠᠯ᠎ᠠᠴᠠ᠂ ᠳᠤᠮᠳᠠᠳᠤ ᠤᠯᠤᠰ ᠤ᠋ᠨ ᠡᠪ ᠬᠠᠮᠲᠤ ᠨᠠᠮ ᠪᠠᠢᠭᠤᠯᠤᠭ᠍ᠳᠠᠭ᠍ᠰᠠᠨ ᠵᠠᠭᠤᠨ ᠵᠢᠯ ᠤ᠋ᠨ ᠲᠤᠷᠰᠢ ᠳᠤᠮᠳᠠᠳᠤ ᠤᠯᠤᠰ ᠤ᠋ᠨ ᠠᠷᠠᠳ ᠲᠦᠮᠡᠨ ᠳ᠋ᠦ ᠵᠣᠯ ᠵᠢᠷᠭᠠᠯ ᠡᠳ᠋ᠯᠡᠭᠦᠯᠵᠦ᠂ ᠳᠤᠮᠳᠠᠳᠤ ᠶ᠋ᠢᠨ ᠦᠨᠳᠦᠰᠦᠲᠡᠨ᠎ᠢ ᠰᠡᠷᠭᠦᠭᠡᠨ ᠮᠠᠨᠳᠤᠭᠤᠯᠬᠤ ᠶ᠋ᠢᠨ ᠲᠥᠯᠥᠭᠡ ᠲᠡᠮᠡᠴᠡᠵᠦ᠂ ᠲᠡᠮᠡᠴᠡᠯ ᠤ᠋ᠨ ᠥᠩᠭᠡᠷᠡᠯᠲᠡ ᠬᠠᠲᠠᠭᠤᠵᠢᠯᠲᠠᠢ ᠮᠦᠷᠲᠡᠭᠡᠨ ᠭᠠᠷᠮᠠᠭᠠᠢ ᠪᠠᠢᠵᠤ᠂ ᠠᠭᠤᠤ ᠶᠡᠬᠡ ᠠᠮᠵᠢᠯᠲᠠ ᠨᠢ ᠲᠡᠦᠬᠡ ᠶ᠋ᠢᠨ ᠬᠠᠭᠤᠳᠠᠰᠤᠨ᠎ᠳᠤ ᠲᠡᠮᠳᠡᠭ᠌ᠯᠡᠭ᠌ᠳᠡᠵᠦ᠍᠂ ᠲᠡᠦᠬᠡ ᠶ᠋ᠢᠨ ᠲᠤᠷᠱᠢᠯᠭ᠎ᠠ ᠨᠢ ᠲᠤᠢᠯ ᠤ᠋ᠨ ᠡᠷᠬᠢᠮ ᠨᠠᠨᠳᠢᠨ ᠶᠤᠮ᠃ ᠠᠷᠠᠳ ᠤ᠋ᠨ ᠤᠯᠤᠰ ᠲᠥᠷᠥ ᠶ᠋ᠢᠨ ᠵᠥᠪᠯᠡᠯᠭᠡᠨ ᠳ᠋ᠦ ᠣᠷᠣᠯᠴᠠᠭ᠍ᠰᠠᠨ ᠡᠯ᠎ᠡ ᠨᠠᠮ ᠪᠦᠯᠦᠭ ᠪᠦᠯᠬᠦᠮ ᠪᠣᠯᠤᠨ ᠡᠯ᠎ᠡ ᠦᠨᠳᠦᠰᠦᠲᠡᠨ ᠡᠯ᠎ᠡ ᠡᠲᠡᠭᠡᠳ ᠤ᠋ᠨ ᠬᠥᠮᠦᠰ ᠳᠤᠮᠳᠠᠳᠤ ᠤᠯᠤᠰ ᠤ᠋ᠨ ᠡᠪ ᠬᠠᠮᠲᠤ ᠨᠠᠮ ᠤ᠋ᠨ ᠵᠠᠭᠤᠨ ᠵᠢᠯ ᠤ᠋ᠨ ᠭᠡᠷᠡᠯ ᠰᠠᠴᠤᠷᠠᠩᠭᠤᠶ ᠲᠡᠦᠬᠡᠨ ᠶᠠᠪᠤᠴᠠ᠎ᠠᠴᠠ ᠳᠤᠮᠳᠠᠳᠤ ᠤᠯᠤᠰ ᠤ᠋ᠨ ᠡᠪ ᠬᠠᠮᠲᠤ ᠨᠠᠮ ᠤ᠋ᠨ ᠤᠳᠤᠷᠢᠳᠤᠭ᠍ᠰᠠᠨ ᠨᠢᠭᠡᠳᠦᠮᠡᠯ ᠹᠷᠣᠨᠲ ᠤ᠋ᠨ ᠠᠵᠢᠯ ᠦᠢᠯᠡᠰ ᠤ᠋ᠨ ᠬᠥᠭ᠌ᠵᠢᠯᠲᠡ ᠶ᠋ᠢᠨ ᠳᠤᠮᠳᠠ᠎ᠠᠴᠠ ᠢᠯᠠᠩᠭᠤᠶ᠎ᠠ ᠳᠤᠮᠳᠠᠳᠤ ᠤᠯᠤᠰ ᠤ᠋ᠨ ᠡᠪ ᠬᠠᠮᠲᠤ ᠨᠠᠮ ᠤ᠋ᠨ ᠠᠷᠪᠠᠨ ᠨᠠᠢ᠍ᠮᠠᠳᠤᠭᠠᠷ ᠶᠡᠬᠡ ᠬᠤᠷᠠᠯ᠎ᠠᠴᠠ ᠨᠠᠭᠠᠰᠢᠬᠢ ᠨᠠᠮ ᠪᠣᠯᠤᠨ ᠤᠯᠤᠰ ᠤ᠋ᠨ ᠠᠵᠢᠯ ᠦᠢᠯᠡᠰ ᠤ᠋ᠨ ᠣᠯᠤᠭ᠍ᠰᠠᠨ ᠲᠡᠦᠬᠡᠲᠦ ᠴᠢᠨᠠᠷᠲᠠᠶ ᠠᠮᠵᠢᠯᠲᠠ᠂ ᠡᠭᠦᠰᠦᠭ᠌ᠰᠡᠨ ᠲᠡᠦᠬᠡᠲᠦ ᠴᠢᠨᠠᠷᠲᠠᠶ ᠬᠤᠪᠢᠰᠤᠯᠲᠠ ᠶ᠋ᠢᠨ ᠳᠤᠮᠳᠠ ᠡᠴᠡ 《ᠬᠣᠶᠠᠷ ᠢ᠋ ᠲᠣᠭ᠍ᠲᠠᠭᠠᠬᠤ》ᠶ᠋ᠢᠨ ᠱᠢᠶ᠋ᠳᠪᠦᠷᠢᠯᠡᠭ᠌ᠴᠢ ᠠᠴᠢ ᠬᠣᠯᠪᠣᠭ᠍ᠳᠠᠯ ᠢ᠋ ᠭᠦᠨᠵᠡᠭᠡᠶ ᠣᠢᠯᠠᠭᠠᠵᠤ᠂ ᠳᠤᠮᠳᠠᠳᠤ ᠤᠯᠤᠰ ᠤ᠋ᠨ ᠡᠪ ᠬᠠᠮᠲᠤ ᠨᠠᠮ ᠤ᠋ᠨ ᠤᠳᠤᠷᠢᠳᠤᠯᠭ᠎ᠠ ᠪᠠ ᠳᠤᠮᠳᠠᠳᠤ ᠤᠯᠤᠰ ᠤ᠋ᠨ ᠣᠨᠴᠠᠯᠢᠭ ᠲᠠᠢ ᠨᠡᠢᠭᠡᠮ ᠵᠢᠷᠤᠮ ᠤ᠋ᠨ ᠪᠠᠢᠭᠤᠯᠤᠯ ᠤ᠋ᠨ ᠬᠦᠴᠦᠷᠬᠡᠭ ᠶᠡᠬᠡ ᠤᠯᠤᠰ ᠲᠦᠷᠦ᠍ ᠶ᠋ᠢᠨ ᠳᠠᠪᠠᠭᠤᠯᠢᠭ ᠢ᠋ ᠭᠦᠨᠵᠡᠭᠡᠶ ᠲᠠᠨᠢᠵᠤ᠂ ᠠᠷᠠᠳ ᠤ᠋ᠨ ᠤᠯᠤᠰ ᠲᠦᠷᠦ᠍ ᠶ᠋ᠢᠨ ᠵᠥᠪᠯᠡᠯᠭᠡᠨ ᠤ᠋ ᠪᠠᠢᠭᠤᠯᠤᠯ ᠪᠠ ᠠᠷᠠᠳ ᠤ᠋ᠨ ᠤᠯᠤᠰ ᠲᠦᠷᠦ᠍ ᠶ᠋ᠢᠨ ᠵᠥᠪᠯᠡᠯᠭᠡᠨ ᠤ᠋ ᠵᠣᠬᠢᠶᠠᠨ ᠪᠠᠢᠭᠤᠯᠤᠯᠲᠠ ᠶ᠋ᠢᠨ ᠢᠯᠡ ᠲᠣᠳᠣ ᠤᠯᠤᠰ ᠲᠦᠷᠦ᠍ ᠶ᠋ᠢᠨ ᠱᠢᠨᠵᠢ ᠴᠢᠨᠠᠷ ᠢ᠋ ᠭᠦᠨᠵᠡᠭᠡᠶ ᠡᠵᠡᠮᠱᠢᠵᠦ᠍᠂ 《ᠲᠦᠷᠪᠡᠨ ᠤᠬᠠᠮᠰᠠᠷ》 ᠎ᠵᠢᠡᠨ ᠤᠯᠠᠮ ᠨᠢᠭᠡ ᠠᠯᠬᠤᠮ ᠴᠢᠩᠭᠠᠳᠭᠠᠨ᠂ 《ᠲᠦᠷᠪᠡᠨ ᠢᠲᠡᠭᠡᠯ 》 ᠎ᠵᠢᠡᠨ ᠪᠠᠲᠤᠳᠭᠠᠵᠤ ᠂ 《ᠬᠣᠶᠠᠷ ᠢ᠋ ᠬᠠᠮᠠᠭᠠᠯᠠᠬᠤ》 ᠎ᠵᠢ ᠪᠡᠶᠡᠯᠡᠭᠦᠯᠬᠦ ᠬᠡᠷᠡᠭᠲᠡᠢ ᠭᠡᠵᠦ ᠦᠵᠡᠪᠡ ᠃

ᠬᠤᠷᠠᠯ ᠡᠴᠡ᠂ ᠶᠡᠷᠦᠩᠬᠡᠶ ᠱᠦᠵᠢ ᠰᠢ ᠵᠢᠨ ᠫᠢᠩ ᠤ᠋ᠨ ᠬᠦᠳᠡᠭᠡ ᠠᠵᠦ ᠠᠬᠤᠢ ᠵᠢᠨ ᠡᠲᠡᠭᠡᠳ᠂ ᠨᠡᠢᠭᠡᠮ ᠤ᠋ᠨ ᠠᠰᠠᠷᠠᠮᠵᠢ ᠪᠠ ᠨᠡᠢᠭᠡᠮ ᠤ᠋ᠨ ᠪᠠᠲᠤᠯᠠᠭ᠎ᠠ ᠶ᠋ᠢᠨ ᠡᠲᠡᠭᠡᠳ ᠤ᠋ᠨ ᠭᠡᠱᠢᠭᠦᠳ ᠤ᠋ᠨ ᠳᠤᠭᠤᠢᠯᠠᠩ᠎ᠬᠠᠮᠲᠤᠷᠠᠭᠰᠠᠨ ᠬᠤᠷᠠᠯ ᠳᠡᠭᠡᠷᠡᠬᠢ ᠴᠢᠬᠤᠯᠠ ᠶᠠᠷᠢᠶ᠎ᠠ ᠎ᠳᠤ ᠬᠥᠳᠡᠭᠡ ᠲᠣᠰᠭᠣᠨ ᠢ᠋ ᠬᠥᠭ᠌ᠵᠢᠭᠦᠯᠦᠨ ᠮᠠᠨᠳᠤᠭᠤᠯᠬᠤ ᠪᠠᠢᠯᠳᠤᠬᠤ ᠪᠣᠳᠣᠯᠭ᠎ᠠ ᠶ᠋ᠢ ᠬᠡᠷᠡᠭ᠌ᠵᠢᠭᠦᠯᠵᠦ᠍ ᠂ ᠬᠦᠳᠡᠭᠡ ᠠᠵᠦ ᠠᠬᠤᠢ ᠵᠢᠨ ᠶᠡᠷᠦᠩᠬᠡᠢᠯᠡᠭ᠌ᠰᠡᠨ ᠦᠢᠯᠡᠳᠪᠦᠷᠢᠯᠡᠯ ᠤ᠋ᠨ ᠴᠢᠳᠠᠪᠤᠷᠢ ᠶ᠋ᠢ ᠳᠡᠭᠡᠭ᠌ᠰᠢᠯᠡᠭᠦᠯᠵᠤ᠂ ᠴᠢᠬᠤᠯᠠ ᠲᠠᠷᠢᠶᠠᠯᠠᠩ ᠤ᠋ᠨ ᠪᠦᠲᠦᠭᠡᠭ᠌ᠳᠡᠬᠦᠨ ᠢᠯᠠᠩᠭᠤᠶ᠎ᠠ ᠠᠮᠤ ᠪᠤᠳᠠᠭᠠᠨ ᠤ᠋ ᠬᠠᠩᠭᠠᠯᠭ᠎ᠠ ᠶ᠋ᠢ ᠦᠨᠡᠨ ᠬᠦ᠌ ᠪᠠᠲᠤᠯᠠᠵᠤ᠂ ᠨᠡᠢᠭᠡᠮ ᠤ᠋ᠨ ᠪᠠᠲᠤᠯᠠᠭ᠎ᠠ ᠶ᠋ᠢᠨ ᠦᠢᠯᠡᠰ ᠤ᠋ᠨ ᠴᠢᠨᠠᠷ ᠰᠠᠢᠲᠠᠢ ᠬᠥᠭ᠌ᠵᠢᠯᠲᠡ ᠶ᠋ᠢ ᠠᠬᠢᠭᠤᠯᠵᠤ᠂ ᠨᠡᠢᠭᠡᠮ ᠤ᠋ᠨ ᠪᠠᠲᠤᠯᠠᠭ᠎ᠠ ᠶ᠋ᠢᠨ ᠠᠮᠤᠷ ᠲᠦᠪᠱᠢᠨ ᠤ᠋ ᠲᠣᠣᠷ ᠢ᠋ ᠨᠢᠭ᠍ᠲᠠ ᠰᠦᠯᠵᠢᠬᠦ᠌ ᠵᠡᠷᠭᠡ ᠲᠠᠯ᠎ᠠ᠎ᠪᠠᠷ ᠴᠢᠬᠤᠯᠠ ᠵᠢᠭᠠᠪᠤᠷᠢ ᠥᠭ᠌ᠴᠦ᠂ ᠲᠣᠳᠣᠷᠬᠠᠢ ᠱᠠᠭᠠᠷᠳᠠᠯᠭ᠎ᠠ ᠳᠤᠷᠠᠳᠴᠤ᠌᠂ ᠮᠠᠰᠢ ᠴᠢᠩᠭ᠎ᠠ ᠦᠵᠡᠯ ᠰᠠᠨᠠᠭᠠᠴᠢ ᠴᠢᠨᠠᠷ᠂ ᠵᠢᠯᠣᠭᠣᠳᠭᠤ ᠴᠢᠨᠠᠷ᠂ ᠬᠠᠨᠳᠤᠯᠭᠠᠲᠤ ᠴᠢᠨᠠᠷ᠎ᠲᠠᠶ ᠪᠠᠢᠨ᠎ᠠ᠂ ᠡᠷᠬᠡᠪᠰᠢ ᠭᠦᠨᠵᠡᠭᠡᠢ ᠰᠤᠷᠤᠯᠴᠠᠨ ᠣᠢᠯᠠᠭᠠᠵᠤ᠂ ᠶᠠᠷᠢᠶᠠᠨ ᠤ᠋ ᠵᠣᠷᠢᠭ ᠰᠠᠨᠠᠭ᠎ᠠ ᠶ᠋ᠢ ᠤᠯᠤᠰ ᠲᠦᠷᠦ᠍ ᠶ᠋ᠢᠨ ᠵᠥᠪᠯᠡᠯᠭᠡᠨ ᠤ᠋ ᠠᠵᠢᠯ᠎ᠳᠤ ᠦᠨᠡᠨ ᠬᠦ᠌ ᠲᠤᠭᠤᠰᠢᠯᠠᠭᠤᠯᠬᠤ ᠬᠡᠷᠡᠭ᠌ᠲᠡᠢ ᠭᠡᠵᠦ ᠦᠵᠡᠪᠡ᠃

ᠬᠤᠷᠠᠯ᠎ᠠᠴᠠ᠂ ᠡᠨᠡ ᠵᠢᠯ ᠳᠤᠮᠳᠠᠳᠤ ᠤᠯᠤᠰ ᠤ᠋ᠨ ᠡᠪ ᠬᠠᠮᠲᠤ ᠨᠠᠮ ᠬᠣᠷᠢᠳᠤᠭᠠᠷ ᠤᠳᠠᠭ᠎ᠠ ᠶ᠋ᠢᠨ ᠪᠦᠬᠦ᠌ ᠤᠯᠤᠰ ᠤ᠋ᠨ ᠲᠥᠯᠥᠭᠡᠯᠡᠭ᠌ᠴᠢᠳ ᠤ᠋ᠨ ᠶᠡᠬᠡ ᠬᠤᠷᠠᠯ ᠢ᠋ ᠬᠤᠷᠠᠯᠳᠤᠭᠤᠯᠬᠤ ᠪᠤᠯᠤᠨ᠎ᠠ᠂ ᠡᠨᠡ ᠪᠣᠯ ᠨᠠᠮ ᠪᠣᠯᠤᠨ ᠤᠯᠤᠰ ᠤ᠋ᠨ ᠤᠯᠤᠰ ᠲᠦᠷᠦ᠍ ᠶ᠋ᠢᠨ ᠠᠮᠢᠳᠤᠷᠠᠯ᠎ᠳᠠᠬᠢ ᠨᠢᠭᠡᠨ ᠲᠤᠮᠤ ᠶᠠᠪᠤᠳᠠᠯ ᠪᠣᠯᠤᠨ᠎ᠠ᠃ ᠠᠷᠠᠳ ᠤ᠋ᠨ ᠤᠯᠤᠰ ᠲᠥᠷᠥ ᠶ᠋ᠢᠨ ᠵᠥᠪᠯᠡᠯᠭᠡᠨ ᠰᠢ ᠵᠢᠨ ᠫᠢᠩ ᠤ᠋ᠨ ᠱᠢᠨ᠎ᠡ ᠴᠠᠭ ᠦᠶ᠎ᠡ ᠶ᠋ᠢᠨ ᠳᠤᠮᠳᠠᠳᠤ ᠤᠯᠤᠰ ᠤ᠋ᠨ ᠣᠨᠴᠠᠯᠢᠭ ᠎ᠲᠠᠶ ᠨᠡᠢᠭᠡᠮ ᠵᠢᠷᠤᠮ ᠤ᠋ᠨ ᠦᠵᠡᠯ ᠰᠠᠨᠠᠭ᠎ᠠ ᠎ᠪᠠᠷ ᠵᠢᠯᠣᠭᠣᠳᠣᠯᠭ᠎ᠠ ᠪᠤᠯᠭᠠᠬᠤ᠎ᠵᠢ ᠪᠠᠷᠢᠮᠳᠠᠯᠠᠵᠤ᠂ ᠳᠤᠮᠳᠠᠳᠤ ᠤᠯᠤᠰ ᠤ᠋ᠨ ᠡᠪ ᠬᠠᠮᠲᠤ ᠨᠠᠮ ᠤ᠋ᠨ ᠬᠣᠷᠢᠳᠤᠭᠠᠷ ᠶᠡᠬᠡ ᠬᠤᠷᠠᠯ ᠢ᠋ ᠤᠭ᠍ᠲᠤᠬᠤ᠂ ᠬᠣᠷᠢᠳᠤᠭᠠᠷ ᠶᠡᠬᠡ ᠬᠤᠷᠠᠯ ᠤ᠋ᠨ ᠵᠣᠷᠢᠭ ᠰᠠᠨᠠᠭ᠎ᠠ ᠶ᠋ᠢ ᠰᠤᠷᠤᠯᠴᠠᠨ ᠤᠬᠠᠭᠤᠯᠵᠤ ᠲᠤᠭᠤᠰᠢᠯᠠᠭᠤᠯᠬᠤ ᠶᠠᠪᠤᠳᠠᠯ ᠢ᠋ ᠴᠢᠬᠤᠯᠠ ᠶᠡᠬᠡ ᠤᠯᠤᠰ ᠲᠥᠷᠥ ᠶ᠋ᠢᠨ ᠡᠭᠦᠷᠭᠡ ᠪᠣᠯᠭᠠᠵᠤ᠂ ᠲᠤᠰᠭᠠᠶ ᠵᠥᠪᠯᠡᠬᠦ᠌ ᠪᠠᠢᠭᠤᠯᠤᠮᠵᠢ ᠪᠠ ᠨᠢᠭᠡᠳᠦᠮᠡᠯ ᠹᠷᠣᠨᠲ ᠤ᠋ᠨ ᠵᠣᠬᠢᠶᠠᠨ ᠪᠠᠢᠭᠤᠯᠤᠯᠲᠠ ᠶ᠋ᠢᠨ ᠳᠠᠪᠠᠭᠤᠯᠢᠭ ᠦᠢᠯᠡᠳᠦᠯ᠎ᠵᠢᠡᠨ ᠪᠠᠳᠠᠷᠠᠭᠤᠯᠵᠤ᠂ ᠪᠦᠬᠦ᠌ ᠶᠠᠪᠤᠴᠠ ᠵᠢᠨ ᠠᠷᠠᠳ ᠤ᠋ᠨ ᠠᠷᠠᠳᠴᠢᠯᠠᠯ ᠤ᠋ᠨ ᠣᠢᠯᠠᠭᠠᠭ᠍ᠳᠠᠬᠤᠨ ᠢ᠋ ᠦᠢᠯᠡᠳᠦᠯᠭᠡᠵᠢᠭᠦᠯᠦᠨ ᠂ ᠳᠤᠮᠳᠠᠳᠤ ᠶ᠋ᠢᠨ ᠬᠥᠪᠡᠭᠦᠳ ᠥᠬᠢᠳ ᠤ᠋ᠨ ᠶᠡᠬᠡ ᠪᠦᠯᠬᠦᠮᠳᠡᠯ ᠢ᠋ ᠴᠢᠩᠭᠠᠳᠭᠠᠬᠤ ᠲᠡᠦᠬᠡᠲᠦ ᠬᠠᠷᠢᠭᠤᠴᠠᠯᠭ᠎ᠠ ᠶ᠋ᠢ ᠦᠨᠡᠨ ᠬᠦ᠌ ᠡᠭᠦᠷᠭᠡᠯᠡᠵᠦ᠍ ᠂ ᠢᠳᠡᠪᠬᠢ ᠬᠦᠴᠦᠨ ᠢ᠋ ᠤᠯᠠᠮᠵᠢᠯᠠᠨ ᠴᠤᠭ ᠰᠦᠯᠳᠡ ᠶ᠋ᠢ ᠪᠠᠳᠠᠷᠠᠭᠤᠯᠵᠤ ᠂ ᠦᠵᠡᠯ ᠰᠠᠨᠠᠭ᠎ᠠ ᠤᠯᠤᠰ ᠲᠦᠷᠦ᠍᠎ᠵᠢᠨ ᠲᠠᠯ᠎ᠠ ᠪᠡᠷ ᠬᠥᠲᠥᠯᠥᠨ ᠳᠠᠭᠠᠭᠤᠯᠬᠤ᠂ ᠬᠠᠮᠲᠤ ᠶ᠋ᠢᠨ ᠲᠠᠨᠢᠯᠲᠠ ᠶ᠋ᠢ ᠥᠷᠭᠡᠨ ᠶ᠋ᠢᠡᠷ ᠨᠢᠭ᠍ᠲᠠᠷᠠᠭᠤᠯᠬᠤ ᠪᠠ ᠰᠠᠨᠠᠯ ᠵᠥᠪᠯᠡᠯᠭᠡ ᠳᠤᠷᠠᠳᠤᠨ ᠵᠠᠰᠠᠭ᠎ᠲᠤ ᠲᠤᠰᠠᠯᠠᠬᠤ᠂ ᠠᠷᠠᠳᠴᠢᠯᠠᠯ ᠎ᠵᠢᠡᠷ ᠬᠢᠨᠠᠯᠲᠠ ᠲᠠᠯᠪᠢᠬᠤ ᠵᠡᠷᠭᠡ ᠡᠯ᠎ᠡ ᠵᠦᠢᠯ ᠤ᠋ᠨ ᠠᠵᠢᠯ ᠢ᠋ ᠬᠢᠨᠠᠮᠠᠭᠠᠶ ᠰᠠᠢᠲᠤᠷ ᠬᠢᠵᠦ᠍᠂ 《ᠠᠷᠪᠠᠨ ᠳᠥᠷᠪᠡᠳᠦᠭᠡᠷ ᠲᠠᠪᠤᠨ ᠵᠢᠯ 》 ᠤ᠋ᠨ ᠲᠥᠯᠥᠪᠵᠢᠭᠦᠯᠭᠡ ᠶ᠋ᠢᠨ ᠭᠦᠨᠵᠡᠭᠡᠢ ᠬᠡᠷᠡᠭ᠌ᠵᠢᠭᠦᠯᠦᠭ᠌ᠳᠡᠬᠦ᠌ ᠶ᠋ᠢ ᠠᠬᠢᠭᠤᠯᠬᠤ ᠬᠡᠷᠡᠭᠲᠡᠢ᠃ ᠱᠢᠨ᠎ᠡ ᠮᠠᠶᠢᠭ ᠤ᠋ᠨ ᠲᠦᠷᠦ᠍ ᠶ᠋ᠢᠨ ᠨᠠᠮ ᠤ᠋ᠨ ᠪᠠᠢᠭᠤᠯᠤᠯ ᠤ᠋ᠨ ᠳᠠᠪᠠᠭᠤᠯᠢᠭ ᠢ᠋ ᠪᠠᠳᠠᠷᠠᠭᠤᠯᠵᠤ ᠂ ᠨᠠᠮ ᠤ᠋ᠨ ᠭᠠᠳᠠᠨᠠᠬᠢ ᠰᠡᠬᠡᠭᠡᠲᠡᠨ᠂ ᠨᠡᠢᠲᠡ ᠶ᠋ᠢᠨ ᠥᠮᠴᠢᠯᠡᠯ ᠤ᠋ᠨ ᠪᠤᠰᠤ ᠠᠵᠤ ᠠᠬᠤᠶ ᠶ᠋ᠢᠨ ᠬᠥᠮᠦᠰ᠂ ᠨᠡᠢᠭᠡᠮ ᠤ᠋ᠨ ᠱᠢᠨ᠎ᠡ ᠳᠠᠪᠬᠤᠷᠭ᠎ᠠ ᠶ᠋ᠢᠨ ᠬᠥᠮᠦᠰ᠎ᠯᠦᠭᠡ ᠶ᠋ᠢᠨ ᠬᠠᠷᠢᠯᠴᠠᠭ᠎ᠠ᠎ᠪᠠᠨ ᠴᠢᠩᠭᠠᠳᠭᠠᠬᠤ ᠬᠡᠷᠡᠭ᠌ᠲᠡᠶ᠃ ᠳᠤᠮᠳᠠᠳᠤ ᠶ᠋ᠢᠨ ᠦᠨᠳᠦᠰᠦᠲᠡᠨ ᠤ᠋ ᠬᠠᠮᠲᠤ ᠶ᠋ᠢᠨ ᠴᠣᠭ᠍ᠴᠠ ᠶ᠋ᠢᠨ ᠤᠬᠠᠮᠰᠠᠷ ᠢ᠋ ᠪᠠᠲᠤ ᠴᠤᠬᠴᠠᠯᠠᠵᠤ᠂ ᠮᠠᠨ ᠤ᠋ ᠤᠯᠤᠰ ᠤ᠋ᠨ ᠱᠠᠱᠢᠨ ᠰᠤᠷᠲᠠᠬᠤᠨ ᠤ᠋ ᠳᠤᠮᠳᠠᠳᠤ ᠤᠯᠤᠰᠴᠢᠯᠠᠬᠤ ᠴᠢᠭ᠌ᠯᠡᠯ ᠢ᠋ ᠪᠠᠷᠢᠮᠲᠠᠯᠠᠬᠤ ᠬᠡᠷᠡᠭ᠌ᠲᠡᠢ᠃ 《 ᠨᠢᠭᠡ ᠤᠯᠤᠰ ᠲᠦ᠍ ᠬᠣᠶᠠᠷ ᠪᠠᠢᠭᠤᠯᠤᠯ ᠎ᠢ ᠬᠡᠷᠡᠭᠵᠢᠭᠦᠯᠬᠦ》 ᠴᠢᠭ᠌ᠯᠡᠯᠲᠡ ᠶ᠋ᠢ ᠪᠦᠬᠦ᠌ ᠲᠠᠯ᠎ᠠ᠎ᠪᠠᠷ ᠣᠨᠣᠪᠴᠢᠲᠠᠢ ᠭᠤᠢᠪᠢᠰᠢ ᠦᠭᠡᠢ᠎ᠲᠤᠭᠤᠰᠢᠯᠠᠭᠤᠯᠵᠤ᠂《ᠤᠯᠤᠰ ᠶ᠋ᠢᠡᠨ ᠬᠠᠢᠷᠠᠯᠠᠭ᠍ᠴᠢᠳ᠎ᠵᠢᠡᠷ ᠱᠢᠶᠠᠩᠭᠠᠩ ᠢ᠋ ᠵᠠᠰᠠᠭᠤᠯᠬᠤ》᠂ 《ᠤᠯᠤᠰ ᠶ᠋ᠢᠡᠨ ᠬᠠᠢᠷᠠᠯᠠᠭ᠍ᠴᠢᠳ᠎ᠵᠢᠡᠷ ᠣᠣᠮᠧᠨ ᠢ᠋ ᠵᠠᠰᠠᠭᠤᠯᠬᠤ》 ᠵᠢ ᠡᠷᠡᠰ ᠨᠠᠢᠳᠠᠪᠤᠷᠢᠵᠢᠭᠤᠯᠬᠤ ᠬᠡᠷᠡᠭ᠌ᠲᠡᠢ᠃ ᠨᠢᠭᠡ  ᠳᠤᠮᠳᠠᠳᠤ ᠤᠯᠤᠰ ᠪᠠᠢᠬᠤ ᠵᠠᠷᠴᠢᠮ ᠪᠠ 《 ᠶᠡᠷᠡᠨ ᠬᠣᠶᠠᠷ ᠣᠨ ᠤ᠋ ᠬᠠᠮᠲᠤ ᠶ᠋ᠢᠨ ᠲᠠᠨᠢᠯᠲᠠ》 ᠎ᠵᠢ ᠪᠠᠷᠢᠮᠲᠠᠯᠠᠵᠤ᠂ 《ᠲᠠᠢᠸᠠᠨ ᠢ᠋ ᠲᠤᠰᠠᠭᠠᠷ ᠲᠣᠭ᠍ᠲᠠᠨᠢᠭᠤᠯᠬᠤ》 ᠬᠠᠭᠠᠴᠠᠭᠤᠯᠬᠤ ᠠᠵᠢᠯᠯᠠᠭ᠎ᠠ ᠶ᠋ᠢ ᠡᠷᠡᠰ ᠡᠰᠡᠷᠭᠦᠴᠡᠬᠦ᠌ ᠬᠡᠷᠡᠭ᠌ᠲᠡᠶ᠃ ᠭᠠᠳᠠᠭᠠᠳᠤ ᠤᠯᠤᠰ᠎ᠯᠤᠭ᠎ᠠ ᠶ᠋ᠢᠨ ᠨᠥᠬᠥᠷᠰᠡᠭ ᠶᠠᠪᠤᠯᠴᠠᠭ᠎ᠠ᠎ᠪᠠᠨ ᠴᠢᠩᠭᠠᠳᠭᠠᠵᠤ᠂ ᠬᠥᠮᠦᠨ ᠲᠥᠷᠥᠯᠬᠢᠲᠡᠨ ᠤ᠋ ᠬᠤᠪᠢ ᠵᠠᠶᠠᠭᠠᠨ ᠤ᠋ ᠬᠠᠮᠲᠤ ᠶ᠋ᠢᠨ ᠴᠣᠭ᠍ᠴᠠ ᠶ᠋ᠢ ᠪᠠᠢᠭᠤᠯᠬᠤ᠎ᠵᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃

ᠬᠤᠷᠠᠯ᠎ᠠᠴᠠ᠂ ᠶᠡᠷᠦᠩᠬᠡᠶ ᠱᠦᠵᠢ ᠰᠢ ᠵᠢᠨ ᠫᠢᠩ ᠤ᠋ᠨ ᠠᠷᠠᠳ ᠤ᠋ᠨ ᠤᠯᠤᠰ ᠲᠥᠷᠥ ᠶ᠋ᠢᠨ ᠵᠥᠪᠯᠡᠯᠭᠡᠨ ᠤ᠋ ᠠᠵᠢᠯ ᠢ᠋ ᠴᠢᠩᠭᠠᠳᠭᠠᠨ ᠰᠠᠢᠵᠢᠷᠠᠭᠤᠯᠬᠤ ᠲᠤᠬᠠᠶ ᠴᠢᠬᠤᠯᠠ ᠦᠵᠡᠯ ᠰᠠᠨᠠᠭ᠎ᠠ ᠶ᠋ᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ ᠲᠥᠪ ᠤ᠋ᠨ ᠤᠯᠤᠰ ᠎ᠲᠦᠷᠦ᠍ ᠎ᠶ᠋ᠢᠨ ᠎ᠵᠥᠪᠯᠡᠯᠭᠡᠨ ᠤ᠋ ᠠᠵᠢᠯ ᠤ᠋ᠨ ᠬᠤᠷᠠᠯ ᠤ᠋ᠨ ᠵᠣᠷᠢᠭ ᠰᠠᠨᠠᠭ᠎ᠠ ᠶ᠋ᠢ ᠦᠷᠭᠦᠯᠵᠢᠯᠡᠨ ᠲᠤᠭᠤᠱᠢᠯᠠᠭᠤᠯᠤᠨ ᠨᠠᠢᠳᠠᠪᠤᠷᠢᠵᠢᠭᠤᠯᠵᠤ᠂ ᠠᠷᠠᠳ ᠤ᠋ᠨ ᠤᠯᠤᠰ ᠲᠦᠷᠦ᠍ ᠶ᠋ᠢᠨ ᠵᠥᠪᠯᠡᠯᠭᠡᠨ ᠤ᠋ ᠦᠢᠯᠡᠳᠦᠯᠭᠡ ᠶ᠋ᠢᠨ ᠱᠢᠨ᠎ᠡ ᠡᠭᠦᠳᠦᠯᠲᠡ᠂ ᠤᠨᠤᠯ ᠤ᠋ᠨ ᠱᠢᠨ᠎ᠡ ᠡᠭᠦᠳᠦᠯᠲᠡ᠂ ᠲᠦᠷᠢᠮ ᠤ᠋ᠨ ᠱᠢᠨ᠎ᠡ ᠡᠭᠦᠳᠦᠯᠲᠡ ᠶ᠋ᠢᠨ ᠦᠷ᠎ᠡ ᠪᠦᠲᠦᠭᠡᠯ ᠢ᠋ ᠨᠠᠷᠢᠨ ᠬᠢᠨᠠᠮᠠᠭᠠᠶ ᠪᠠᠢᠴᠠᠭᠠᠨ ᠰᠤᠳᠤᠯᠵᠤ ᠳ᠋ᠦᠩᠨᠡᠨ ᠂ ᠵᠢᠮ᠎ᠡ ᠶᠣᠰᠣᠴᠢ ᠴᠢᠨᠠᠷᠲᠠᠶ ᠲᠠᠨᠢᠯᠲᠠ᠎ᠪᠠᠨ ᠭᠦᠨᠵᠡᠭᠡᠢᠷᠡᠭᠦᠯᠵᠦ᠍ ᠂ ᠲᠤᠰᠭᠠᠶ ᠵᠥᠪᠯᠡᠬᠦ᠌ ᠪᠠᠢᠭᠤᠯᠤᠮᠵᠢ ᠶ᠋ᠢᠨ ᠪᠠᠢᠭᠤᠯᠤᠯᠲᠠ ᠶ᠋ᠢ ᠠᠬᠢᠭᠤᠯᠵᠤ ᠂ ᠤᠯᠤᠰ ᠢ᠋ ᠵᠠᠰᠠᠬᠤ ᠱᠢᠰᠲ᠋ᠧᠮ᠎ᠳᠡᠬᠢ ᠠᠷᠠᠳ ᠤ᠋ᠨ ᠤᠯᠤᠰ ᠲᠦᠷᠦ᠍ ᠶ᠋ᠢᠨ ᠵᠥᠪᠯᠡᠯᠭᠡᠨ ᠤ᠋ ᠲᠦᠷᠢᠮ ᠤ᠋ᠨ ᠦᠢᠯᠡᠳᠦᠯ ᠢ᠋ ᠨᠡᠩ ᠰᠠᠢᠲᠤᠷ ᠪᠠᠳᠠᠷᠠᠭᠤᠯᠬᠤ ᠬᠡᠷᠡᠭᠲᠡᠢ᠃ ᠥᠷᠭᠡᠨ ᠤᠯᠠᠨ ᠤᠯᠤᠰ ᠲᠦᠷᠦ᠍ ᠶ᠋ᠢᠨ ᠵᠥᠪᠯᠡᠯᠭᠡᠨ ᠤ᠋ ᠭᠡᠱᠢᠭᠦᠳ ᠴᠤᠭ ᠪᠠᠳᠠᠷᠠᠩᠭᠤᠶ ᠤᠶᠤᠨ ᠰᠠᠨᠠᠭᠠᠨ ᠤ᠋ ᠳᠦᠷᠰᠦ ᠪᠠᠢᠳᠠᠯ ᠶ᠋ᠢᠡᠨ ᠢᠮᠠᠭ᠍ᠲᠠ ᠪᠠᠲᠤᠯᠠᠵᠤ᠂ ᠲᠤᠰ ᠬᠤᠭᠤᠴᠠᠭᠠᠨ ᠤ᠋ ᠤᠯᠤᠰ ᠲᠦᠷᠦ᠍ ᠶ᠋ᠢᠨ ᠵᠥᠪᠯᠡᠯᠭᠡᠨ ᠤ᠋ ᠡᠯ᠎ᠡ ᠵᠦᠢᠯ ᠤ᠋ᠨ ᠠᠵᠢᠯ ᠶ᠋ᠢᠡᠨ ᠴᠢᠨᠠᠷ ᠰᠠᠢᠲᠠᠶ ᠰᠠᠢᠲᠤᠷ ᠪᠡᠶᠡᠯᠡᠭᠦᠯᠵᠦ᠍᠂ ᠲᠤᠱᠢᠶᠠᠯ ᠬᠠᠷᠢᠭᠤᠴᠠᠯᠭ᠎ᠠ᠎ᠪᠠᠨ ᠴᠢᠷᠮᠠᠢᠨ ᠭᠦᠢᠴᠡᠳᠭᠡᠬᠦ᠌ ᠳᠤᠮᠳᠠ᠎ᠪᠠᠨ ᠤᠯᠤᠰ ᠲᠦᠷᠦ᠍ ᠶ᠋ᠢᠨ ᠵᠥᠪᠯᠡᠯᠭᠡᠨ ᠤ᠋ ᠭᠡᠱᠢᠭᠦᠳ ᠤ᠋ᠨ ᠡᠭᠦᠷᠭᠡ ᠬᠠᠷᠢᠭᠤᠴᠠᠯᠭ᠎ᠠ᠎ᠪᠠᠨ ᠢᠯᠡᠷᠡᠭᠦᠯᠬᠦ᠌ ᠬᠡᠷᠡᠭ᠌ᠲᠡᠶ ᠭᠡᠵᠦ ᠴᠢᠬᠤᠯᠠᠴᠢᠯᠠᠪᠠ ᠃

ᠬᠤᠷᠠᠯ᠎ᠠᠴᠠ᠂ ᠠᠷᠠᠳ ᠤ᠋ᠨ ᠤᠯᠤᠰ ᠲᠥᠷᠥ ᠶ᠋ᠢᠨ ᠵᠥᠪᠯᠡᠯᠭᠡᠨ ᠤ᠋ ᠡᠯ᠎ᠡ ᠱᠠᠲᠤᠨ ᠤ᠋ ᠵᠣᠬᠢᠶᠠᠨ ᠪᠠᠢᠭᠤᠯᠤᠯᠲᠠ᠂ ᠡᠯ᠎ᠡ ᠤᠷᠤᠯᠴᠠᠭᠴᠢ ᠨᠢᠭᠡᠴᠢ ᠪᠤᠯᠤᠨ ᠥᠷᠭᠡᠨ ᠣᠯᠠᠨ ᠤᠯᠤᠰ ᠲᠥᠷᠥ ᠶ᠋ᠢᠨ ᠵᠥᠪᠯᠡᠯᠭᠡᠨ ᠤ᠋ ᠭᠡᠱᠢᠭᠦᠨ ᠰᠢ ᠵᠢᠨ ᠫᠢᠩ ᠨᠥᠬᠥᠷ ᠶ᠋ᠢᠡᠷ ᠭᠣᠣᠯ ᠪᠣᠯᠭᠠᠭ᠍ᠰᠠᠨ ᠳᠤᠮᠳᠠᠳᠤ ᠤᠯᠤᠰ ᠤ᠋ᠨ ᠡᠪ ᠬᠠᠮᠲᠤ ᠨᠠᠮ ᠤ᠋ᠨ ᠲᠥᠪ ᠬᠣᠷᠢᠶᠠᠨ ᠤ᠋ ᠲᠣᠭᠣᠷᠢᠨ᠎ᠳᠤ ᠨᠡᠩ ᠨᠢᠭ᠍ᠲᠠᠷᠠᠨ ᠪᠦᠯᠬᠦᠮᠳᠡᠵᠦ᠍᠂ ᠡᠷᠡᠮᠡᠬᠡᠢᠯᠡᠨ ᠤᠷᠤᠭ᠍ᠰᠢᠯᠠᠵᠤ᠂  ᠪᠣᠳᠠᠲᠤ ᠠᠵᠢᠯᠯᠠᠭ᠎ᠠ᠎ᠪᠠᠷ ᠶ᠋ᠢᠡᠨ ᠳᠤᠮᠳᠠᠳᠤ ᠤᠯᠤᠰ ᠤ᠋ᠨ ᠡᠪ ᠬᠠᠮᠲᠤ ᠨᠠᠮ ᠤ᠋ᠨ ᠬᠣᠷᠢᠳᠤᠭᠠᠷ ᠶᠡᠬᠡ ᠬᠤᠷᠠᠯ ᠤ᠋ᠨ ᠠᠮᠵᠢᠯᠲᠠ᠎ᠲᠠᠶ ᠬᠤᠷᠠᠯᠳᠤᠬᠤ ᠶ᠋ᠢ ᠤᠭ᠍ᠲᠤᠵᠤ᠂ ᠨᠡᠢᠭᠡᠮ ᠵᠢᠷᠤᠮᠳᠤ ᠣᠳᠣᠬᠢᠴᠢᠯᠠᠭ᠍ᠰᠠᠨ ᠤᠯᠤᠰ ᠢ᠋ ᠪᠦᠬᠦ᠌ ᠲᠠᠯ᠎ᠠ᠎ᠪᠠᠷ ᠪᠦᠳᠦᠭᠡᠨ ᠪᠠᠢᠭᠤᠯᠬᠤ ᠱᠢᠨ᠎ᠡ ᠢᠯᠠᠯᠲᠠ ᠶ᠋ᠢ ᠲᠡᠮᠡᠴᠡᠨ ᠤᠯᠬᠤ᠂ ᠳᠤᠮᠳᠠᠳᠤ ᠶ᠋ᠢᠨ ᠦᠨᠳᠦᠰᠦᠲᠡᠨ ᠤ᠋ ᠠᠭᠤᠤ ᠶᠡᠬᠡ ᠰᠡᠷᠭᠦᠨ ᠮᠠᠨᠳᠤᠯᠲᠠ ᠶ᠋ᠢᠨ ᠳᠤᠮᠳᠠᠳᠤ ᠶ᠋ᠢᠨ ᠵᠡᠭᠦᠳᠦ᠍ ᠶ᠋ᠢ ᠲᠡᠷᠭᠡᠯᠱᠢᠭᠦᠯᠬᠦ᠌ ᠳ᠋ᠦ ᠨᠡᠩ ᠶᠡᠬᠡ ᠱᠢᠨ᠎ᠡ ᠬᠤᠪᠢ ᠨᠡᠮᠡᠷᠢ ᠦᠵᠡᠭᠦᠯᠦᠶ᠎ᠡ ᠭᠡᠵᠦ ᠤᠷᠢᠶᠠᠯᠠᠪᠠ !

(ᠰᠢᠨᠬᠤᠸᠠ ᠬᠤᠷᠢᠶᠠᠨ ᠤ᠋ ᠪᠡᠭᠡᠵᠢᠡᠭ ᠤ᠋ᠨ 3 ᠰᠠᠷ᠎ᠠ᠎ᠵᠢᠨ 10 ᠤ᠋ ᠴᠠᠬᠢᠯᠭᠠᠨ ᠮᠡᠳᠡᠭᠡ )

ᠣᠷᠴᠢᠭᠤᠯᠤᠭ᠍ᠴᠢ᠄
ᠨᠠᠢᠷᠠᠭᠤᠯᠤᠭ᠍ᠴᠢ᠄ ᠹᠦ᠋ ᠭᠸᠨ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠬᠠᠮᠢᠶ᠎ᠡ ᠪᠦᠬᠦᠢ ᠰᠣᠨᠢᠨ

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号