ᠠᠷᠪᠠᠨ ᠭᠤᠷᠪᠠᠳᠤᠭᠠᠷ ᠬᠤᠭᠤᠴᠠᠭᠠᠨ᠎ᠤ᠋ ᠪᠦᠬᠦ᠌ ᠤᠯᠤᠰ᠎ᠤ᠋ᠨ ᠠᠷᠠᠳ᠎ᠤ᠋ᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤ᠋ᠨ ᠲᠠᠪᠤᠳᠤᠭᠠᠷ ᠬᠤᠷᠠᠯ ᠠᠮᠵᠢᠯᠲᠠ ᠲᠠᠢ ᠲᠡᠭᠦᠰᠪᠡ
2022-03-11 11:46:08
ᠵᠣᠬᠢᠶᠠᠭ᠍ᠴᠢ᠄
ᠣᠩᠱᠢᠭ᠍ᠰᠠᠨ ᠣᠳᠠᠭ᠎ᠠ᠄
★★★☆☆

ᠠᠷᠪᠠᠨ᠎ᠭᠤᠷᠪᠠᠳᠤᠭᠠᠷ᠎ᠬᠤᠭᠤᠴᠠᠭᠠᠨ᠎ᠤ᠋᠎ᠪᠦᠬᠦ᠌ ᠤᠯᠤᠰ᠎ᠤ᠋ᠨ ᠠᠷᠠᠳ᠎ᠤ᠋ᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤ᠋ᠨ ᠲᠠᠪᠤᠳᠤᠭᠠᠷ ᠬᠤᠷᠠᠯ 11᠎ᠦ᠌ ᠡᠳᠦᠷ᠎ᠦ᠋ᠨ 9 ᠴᠠᠭ᠎ᠲᠤ᠌ ᠲᠡᠭᠦᠰᠭᠦ ᠬᠤᠷᠠᠯ ᠬᠢᠵᠦ᠍᠂ ᠰᠢ ᠵᠢᠨ ᠫᠢᠩ ᠵᠡᠷᠭᠡ ᠨᠠᠮ ᠪᠠ ᠲᠥᠷᠥ᠎ᠶᠢᠨ ᠤᠳᠤᠷᠢᠳᠭᠤ ᠬᠥᠮᠦᠰ ᠬᠤᠷᠠᠯ᠎ᠳ᠋ᠤ ᠣᠷᠣᠯᠴᠠᠵᠠᠢ᠃

ᠬᠤᠷᠠᠯ᠎ᠠ᠋ᠴᠠ᠂ ᠵᠠᠰᠠᠭ᠎ᠤ᠋ᠨ ᠣᠷᠳᠣᠨ᠎ᠤ᠋ ᠠᠵᠢᠯ᠎ᠤ᠋ᠨ ᠢᠯᠡᠳᠭᠡᠯ᠎ᠦ᠋ᠨ ᠲᠤᠬᠠᠢ ᠱᠢᠢᠳᠪᠦᠷᠢ᠂ ᠣᠷᠣᠨ ᠨᠤᠲᠤᠭ᠎ᠤ᠋ᠨ ᠡᠯ᠎ᠡ ᠱᠠᠲᠤᠨ᠎ᠤ᠋ ᠠᠷᠠᠳ᠎ᠤ᠋ᠨ ᠲᠥᠯᠥᠭᠡᠯᠡᠭ᠌ᠴᠢᠳ᠎ᠦᠨ ᠶᠡᠬᠡ ᠬᠤᠷᠠᠯ ᠪᠣᠯᠤᠨ ᠣᠷᠣᠨ ᠨᠤᠲᠤᠭ᠎ᠤ᠋ᠨ ᠡᠯ᠎ᠡ ᠱᠠᠲᠤᠨ᠎ᠤ᠋ ᠠᠷᠠᠳ᠎ᠤ᠋ᠨ ᠵᠠᠰᠠᠭ᠎ᠤ᠋ᠨ ᠣᠷᠳᠣᠨ᠎ᠤ᠋ ᠵᠣᠬᠢᠶᠠᠨ ᠪᠠᠢᠭᠤᠯᠬᠤ ᠬᠠᠤᠯᠢ᠎ᠳ᠋ᠤ ᠵᠠᠰᠠᠪᠤᠷᠢ ᠣᠷᠣᠭᠤᠯᠬᠤ ᠲᠤᠬᠠᠢ ᠲᠣᠭ᠍ᠲᠠᠭᠠᠯ᠂ ᠠᠷᠪᠠᠨ ᠳᠥᠷᠪᠡᠳᠦᠭᠡᠷ ᠬᠤᠭᠤᠴᠠᠭᠠᠨ᠎ᠤ᠋ ᠪᠦᠬᠦ᠌ ᠤᠯᠤᠰ᠎ᠤ᠋ᠨ ᠠᠷᠠᠳ᠎ᠤ᠋ᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤ᠋ᠨ ᠲᠥᠯᠥᠭᠡᠯᠡᠭ᠌ᠴᠢ᠎ᠶᠢᠨ ᠲᠣᠭ᠎ᠠ ᠪᠠ ᠰᠣᠩᠭᠣᠭᠤᠯᠢ᠎ᠶᠢᠨ ᠠᠰᠠᠭᠤᠳᠠᠯ᠎ᠤ᠋ᠨ ᠲᠤᠬᠠᠢ ᠲᠣᠭ᠍ᠲᠠᠭᠠᠯ᠂ ᠱᠢᠶᠠᠩᠭᠠᠩ ᠣᠨᠴᠠᠭᠠᠢ ᠵᠠᠰᠠᠭ ᠵᠠᠬᠢᠷᠭᠠᠨ ᠎ᠤ᠋ ᠣᠷᠣᠨ ᠎ᠤ᠋ ᠠᠷᠪᠠᠨ ᠳᠥᠷᠪᠡᠳᠦᠭᠡᠷ ᠬᠤᠭᠤᠴᠠᠭᠠᠨ ᠎ᠤ᠋ ᠪᠦᠬᠦ᠌ ᠤᠯᠤᠰ ᠎ᠤ᠋ᠨ ᠠᠷᠠᠳ᠎ᠤ᠋ᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤ᠋ᠨ ᠲᠥᠯᠥᠭᠡᠯᠡᠭ᠌ᠴᠢ᠎ᠵᠢᠨ ᠰᠤᠩᠭᠤᠭᠤᠯᠢ᠎ᠵᠢᠨ ᠠᠷᠭ᠎ᠠ᠂ ᠣᠣᠮᠸᠠ ᠣᠨᠴᠠᠭᠠᠢ ᠵᠠᠰᠠᠭ ᠵᠠᠬᠢᠷᠭᠠᠨ᠎ᠤ᠋᠎ᠣᠷᠣᠨ᠎ᠤ᠋᠎ᠠᠷᠪᠠᠨ᠎ᠳᠥᠷᠪᠡᠳᠦᠭᠡᠷ᠎ᠬᠤᠭᠤᠴᠠᠭᠠᠨ ᠎ᠤ᠋ ᠪᠥᠬᠥ᠌ ᠤᠯᠤᠰ ᠎ᠤ᠋ᠨ ᠠᠷᠠᠳ᠎ᠤ᠋ᠨ ᠲᠥᠯᠥᠭᠡᠯᠡᠭ᠌ᠴᠢᠦᠠ᠎ᠶᠢᠨ ᠶᠡᠬᠡ ᠬᠤᠷᠠᠯ᠎ᠤ᠋ᠨ ᠲᠥᠯᠥᠭᠡᠯᠡᠭ᠌ᠴᠢ᠎ᠵᠢᠨ ᠰᠤᠩᠭᠤᠭᠤᠯᠢ᠎ᠵᠢᠨ ᠠᠷᠭ᠎ᠠ᠂ 2021 ᠣᠨ᠎ᠤ᠋ ᠤᠯᠤᠰ ᠠᠷᠠᠳ᠎ᠤ᠋ᠨ ᠠᠵᠤ ᠠᠬᠤᠢ ᠪᠠ ᠨᠡᠢᠭᠡᠮ᠎ᠦ᠋ᠨ ᠬᠥᠭ᠌ᠵᠢᠯᠲᠡ᠎ᠶᠢᠨ ᠲᠥᠯᠥᠪᠯᠡᠭᠡ᠎ᠶᠢ ᠬᠡᠷᠡᠭᠵᠢᠬᠦᠯᠦᠭᠰᠡᠨ ᠪᠠᠢᠳᠠᠯ ᠬᠢᠭᠡᠳ 2022 ᠣᠨ᠎ᠤ᠋ ᠤᠯᠤᠰ ᠠᠷᠠᠳ᠎ᠤ᠋ᠨ ᠠᠵᠤ ᠠᠬᠤᠢ ᠪᠠ ᠨᠡᠢᠭᠡᠮ᠎ᠦ᠋ᠨ ᠬᠥᠭ᠌ᠵᠢᠯᠲᠡ᠎ᠶᠢᠨ ᠲᠥᠯᠥᠪᠯᠡᠭᠡ᠎ᠶᠢᠨ ᠲᠤᠬᠠᠢ ᠱᠢᠢᠳᠪᠦᠷᠢ᠂ 2022 ᠣᠨ᠎ᠤ᠋ ᠤᠯᠤᠰ ᠠᠷᠠᠳ᠎ᠤ᠋ᠨ ᠠᠵᠤ ᠠᠬᠤᠢ ᠪᠠ ᠨᠡᠢᠭᠡᠮ᠎ᠦ᠋ᠨ ᠬᠥᠭ᠌ᠵᠢᠯᠲᠡ᠎ᠶᠢᠨ ᠲᠥᠯᠥᠪᠯᠡᠭᠡ᠎ᠶᠢ ᠵᠥᠪᠱᠢᠶᠡᠷᠡᠪᠡ᠃ 2021 ᠣᠨ᠎ᠤ᠋ ᠲᠥᠪ᠎ᠦ᠋ᠨ ᠪᠠ ᠣᠷᠣᠨ ᠨᠤᠲᠤᠭ᠎ᠤ᠋ᠨ ᠲᠥᠰᠥᠪ᠎ᠢ ᠭᠦᠢᠴᠡᠳᠭᠡᠭ᠌ᠰᠡᠨ ᠪᠠᠢᠳᠠᠯ ᠬᠢᠭᠡᠳ 2022 ᠣᠨ᠎ᠤ᠋ ᠲᠥᠪ᠎ᠦ᠋ᠨ ᠪᠠ ᠣᠷᠣᠨ ᠨᠤᠲᠤᠭ᠎ᠤ᠋ᠨ ᠲᠥᠰᠥᠪ᠎ᠦ᠋ᠨ ᠲᠤᠬᠠᠢ ᠱᠢᠢᠳᠪᠦᠷᠢ ᠂ 2022 ᠣᠨ᠎ᠤ᠋ ᠲᠥᠪ᠎ᠦ᠋ᠨ ᠲᠥᠰᠥᠪ᠎ᠢ᠋ ᠵᠥᠪᠱᠢᠶᠡᠷᠡᠪᠡ᠃ ᠪᠦᠬᠦ᠌ ᠤᠯᠤᠰ᠎ᠤ᠋ᠨ ᠠᠷᠠᠳ᠎ᠤ᠋ᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤ᠋ᠨ ᠪᠠᠢᠩᠭᠤ᠎ᠶᠢᠨ ᠬᠣᠷᠢᠶᠠᠨ᠎ᠤ᠋ ᠠᠵᠢᠯ᠎ᠤ᠋ᠨ ᠢᠯᠡᠳᠭᠡᠯ᠎ᠦ᠋ᠨ ᠲᠤᠬᠠᠢ ᠱᠢᠢᠳᠪᠦᠷᠢ᠂ ᠠᠷᠠᠳ᠎ᠤ᠋ᠨ ᠳᠡᠭᠡᠳᠦ ᠱᠢᠭᠦᠬᠦ᠌ ᠬᠣᠷᠢᠶᠠᠨ᠎ᠤ᠋ ᠠᠵᠢᠯ᠎ᠤ᠋ᠨ ᠮᠡᠳᠡᠭᠦᠯᠦᠯᠲᠡ ᠵᠢᠨ ᠲᠤᠬᠠᠢ ᠱᠢᠢᠳᠪᠦᠷᠢ᠂ ᠠᠷᠠᠳ᠎ᠤ᠋ᠨ ᠳᠡᠭᠡᠳᠦ ᠪᠠᠢᠴᠠᠭᠠᠬᠤ ᠬᠣᠷᠢᠶᠠᠨ᠎ᠤ᠋ ᠠᠵᠢᠯ᠎ᠤ᠋ᠨ ᠮᠡᠳᠡᠭᠦᠯᠦᠯᠲᠡ ᠵᠢᠨ ᠲᠤᠬᠠᠢ ᠱᠢᠢᠳᠪᠦᠷᠢ ᠵᠢ ᠪᠠᠳᠤᠯᠠᠯᠳᠠ ᠬᠢᠵᠦ ᠪᠠᠲᠤᠯᠠᠪᠠ᠃

ᠪᠦᠬᠦ᠌ ᠤᠯᠤᠰ᠎ᠤ᠋ᠨ ᠠᠷᠠᠳ᠎ᠤ᠋ᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤ᠋ᠨ ᠪᠠᠢᠩᠭᠤ᠎ᠶᠢᠨ ᠬᠣᠷᠢᠶᠠᠨ᠎ᠤ᠋ ᠳᠠᠷᠤᠭ᠎ᠠ ᠯᠢ ᠵᠠᠨ ᠱᠤ᠌ ᠶᠠᠷᠢᠶ᠎ᠠ ᠲᠠᠯᠪᠢᠵᠠᠢ᠃

ᠢᠷᠡᠯᠲᠡ᠄ ᠰᠢᠨᠬᠤᠸᠠ ᠬᠤᠷᠢᠶ᠎ᠠ

ᠣᠷᠴᠢᠭᠤᠯᠤᠭ᠍ᠴᠢ᠄
ᠨᠠᠢᠷᠠᠭᠤᠯᠤᠭ᠍ᠴᠢ᠄ ᠹᠦ᠋ ᠭᠸᠨ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠬᠠᠮᠢᠶ᠎ᠡ ᠪᠦᠬᠦᠢ ᠰᠣᠨᠢᠨ

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号