︱ ᠪᠦᠬᠦ ᠤᠯᠤᠰ᠎ᠤᠨ ᠤᠯᠤᠰ ᠲᠦᠷᠦ᠎ᠶᠢᠨ ᠵᠥᠪᠯᠡᠯᠭᠡᠨ᠎ᠦ ᠠᠷᠪᠠᠨ ᠭᠤᠷᠪᠠᠳᠤᠭᠠᠷ ᠬᠤᠭᠤᠴᠠᠭᠠᠨ᠎ᠤ ᠬᠤᠷᠢᠶᠠᠨ᠎ᠤ ᠲᠠᠪᠤᠳᠤᠭᠠᠷ ᠬᠤᠷᠠᠯ ᠠᠮᠵᠢᠯᠲᠠ᠎ᠲᠠᠢ ᠲᠡᠭᠦᠰᠦᠭᠰᠡᠨ ᠳ᠋ᠤ ᠬᠠᠯᠠᠭᠤᠨ ᠪᠠᠶᠠᠷ ᠬᠦᠷᠬᠡᠶ᠎ᠡ
ᠤᠯᠠᠨ᠎ᠤ ᠤᠶᠤᠨ ᠤᠬᠠᠭᠠᠨ᠎ᠢ ᠲᠥᠪᠯᠡᠷᠡᠭᠦᠯᠦᠨ ᠬᠥᠭᠵᠢᠯᠲᠡ᠎ᠶᠢ ᠰᠦᠪᠡᠭᠴᠢᠯᠡᠵᠦ᠂ ᠰᠡᠳᠬᠢᠯ ᠨᠢᠭᠡᠳᠤᠨ ᠬᠦᠴᠦ᠎ᠪᠠᠨ ᠬᠠᠮᠲᠤᠳᠬᠠᠵᠤ ᠰᠢᠨ᠎ᠡ ᠬᠠᠭᠤᠳᠠᠰᠤ᠎ᠶᠢ ᠪᠢᠴᠢᠭᠯᠡᠨ᠎ᠡ᠃ 3 ᠰᠠᠷ᠎ᠠ᠎ᠶᠢᠨ 10 ᠤ᠋ ᠡᠳᠦᠷ᠂ ᠪᠥᠬᠥ ᠤᠯᠤᠰ᠎ᠤᠨ ᠤᠯᠤᠰ ᠲᠥᠷᠥ᠍᠎ᠶᠢᠨ ᠵᠥᠪᠯᠡᠯᠭᠡᠨ᠎ᠦ ᠠᠷᠪᠠᠨ ᠭᠤᠷᠪᠠᠳᠤᠭᠠᠷ ᠬᠤᠭᠤᠴᠠᠭᠠᠨ᠎ᠤ ᠬᠤᠷᠢᠶᠠᠨ᠎ᠤ ᠲᠠᠪᠤᠳᠤᠭᠠᠷ ᠬᠤᠷᠠᠯ ᠡᠯ᠎ᠡ ᠵᠥᠪᠯᠡᠬᠦ ᠵᠦᠢᠯ᠎ᠢᠶᠡᠨ ᠲᠡᠭᠦᠰ ᠠᠮᠵᠢᠯᠲᠠ᠎ᠲᠠᠢ ᠵᠦᠪᠯᠡᠵᠤ ᠳᠠᠭᠤᠰᠬᠠᠭᠠᠳ ᠪᠡᠭᠡᠵᠢᠩ᠎ᠳᠦ ᠠᠮᠵᠢᠯᠳᠠ᠎ᠲᠠᠢ ᠲᠡᠭᠦᠰᠪᠡ᠃ ᠪᠢᠳᠡ ᠶᠡᠬᠡ ᠬᠤᠷᠠᠯᠤᠨᠠᠮᠵᠢᠯᠲᠠ ᠳᠠᠢ ᠬᠤᠷᠠᠯᠳᠤᠬᠰᠠᠨ᠎ᠳᠤ ᠬᠠᠯᠠᠭᠤᠨ ᠪᠠᠶᠠᠷ ᠬᠦᠷᠭᠡᠵᠦ ᠪᠠᠢᠨ᠎ᠠ!
ᠡᠨᠡ ᠪᠣᠯ ᠨᠢᠭᠡᠨ ᠤᠳᠠᠭᠠᠨ᠎ᠤ ᠠᠷᠠᠳᠴᠢᠯᠠᠯ᠎ᠲᠠᠢ᠂ ᠪᠦᠯᠬᠦᠮᠳᠡᠯ᠎ᠲᠠᠢ᠂ ᠦᠨᠡᠨ᠎ᠢ ᠪᠠᠷᠢᠮᠲᠠᠯᠠᠭᠰᠠᠨ᠂ ᠡᠷᠡᠯᠬᠡᠭᠯᠡᠨ ᠤᠷᠤᠭᠰᠢᠯᠠᠭᠰᠠᠨ ᠶᠡᠬᠡ ᠬᠤᠷᠠᠯ ᠮᠥᠨ᠃ ᠬᠤᠷᠠᠯ᠎ᠤᠨ ᠬᠤᠭᠤᠴᠠᠭᠠᠨ᠎ᠳᠤ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶᠠᠨ᠎ᠤ ᠶᠡᠷᠦᠩᠬᠡᠢ ᠱᠦᠵᠢ᠂ ᠤᠯᠤᠰ᠎ᠤᠨ ᠲᠡᠷᠢᠭᠦᠯᠡᠭᠴᠢ᠂ ᠲᠥᠪ᠎ᠦᠨ ᠴᠡᠷᠢᠭ᠎ᠦᠨ ᠶᠠᠪᠤᠳᠠᠯ᠎ᠤᠨ ᠬᠣᠷᠢᠶᠠᠨ᠎ᠤ ᠲᠡᠷᠢᠭᠦᠯᠡᠭᠴᠢ ᠰᠢ᠎ᠶᠢᠨ ᠫᠢᠩ ᠵᠡᠷᠭᠡ ᠨᠠᠮ ᠪᠠ ᠲᠥᠷᠥ᠍᠎ᠶᠢᠨ ᠤᠳᠤᠷᠢᠳᠬᠤ ᠨᠥᠬᠥᠳ ᠭᠡᠰᠢᠭᠦᠳ᠎ᠦᠨ ᠳᠤᠭᠤᠢᠯᠠᠩ᠎ᠳᠤ ᠭᠦᠨᠵᠡᠭᠡᠢᠷᠡᠭᠰᠡᠨ ᠪᠥᠭᠡᠳ ᠬᠠᠮᠲᠤᠷᠠᠭᠰᠠᠨ ᠳᠤᠭᠤᠢᠯᠠᠩ᠎ᠤᠨ ᠬᠤᠷᠠᠯ᠎ᠳᠤ ᠣᠷᠣᠯᠴᠠᠨ ᠰᠠᠨᠠᠯ ᠰᠠᠨᠠᠭᠤᠯᠭ᠎ᠠ ᠰᠣᠨᠣᠰᠴᠤ᠂ ᠭᠡᠰᠢᠭᠦᠳ᠎ᠲᠠᠢ ᠬᠠᠮᠳᠤ ᠤᠯᠤᠰ᠎ᠤᠨ ᠶᠡᠭᠡ ᠪᠤᠳᠤᠯᠭ᠎ᠠ ᠵᠢ ᠬᠠᠮᠲᠤ᠎ᠪᠠᠷ ᠵᠥᠪᠯᠡᠪᠡ᠃ ᠥᠷᠭᠡᠨ ᠤᠯᠠᠨ ᠤᠯᠤᠰ ᠲᠦᠷᠦ᠎ᠶᠢᠨ ᠵᠥᠪᠯᠡᠯᠭᠡᠨ᠎ᠦ ᠭᠡᠰᠢᠭᠦᠳ ᠳᠤᠰᠢᠶᠠᠯ ᠬᠠᠷᠢᠭᠤᠴᠠᠯᠭ᠎ᠠ᠎ᠪᠠᠨ ᠨᠠᠷᠢᠨ ᠬᠢᠨᠠᠮᠠᠭᠠᠢ ᠭᠦᠢᠴᠡᠳᠬᠡᠵᠦ᠂ ᠭᠦᠨᠵᠡᠭᠡᠢ ᠵᠥᠪᠳᠡᠯᠴᠡᠨ ᠵᠠᠰᠠᠭ᠎ᠤᠨ ᠶᠠᠪᠤᠳᠠᠯ᠎ᠢ ᠵᠥᠪᠯᠡᠵᠦ᠂ ᠬᠠᠮᠲᠤ᠎ᠶᠢᠨ ᠲᠠᠨᠢᠯᠲᠠ᠎ᠪᠠᠨ ᠥᠷᠭᠡᠨ᠎ᠢᠶᠡᠷ ᠨᠢᠭ᠍ᠲᠠᠷᠠᠭᠤᠯᠵᠤ᠂ ᠪᠦᠬᠦ ᠤᠯᠤᠰ᠎ᠤᠨ ᠤᠯᠤᠰ ᠲᠦᠷᠦ᠎ᠶᠢᠨ ᠵᠥᠪᠯᠡᠯᠭᠡᠨ᠎ᠦ ᠪᠠᠢᠩᠭᠤ᠎ᠶᠢᠨ ᠬᠣᠷᠢᠶᠠᠨ᠎ᠤ ᠠᠵᠢᠯ᠎ᠤᠨ ᠮᠡᠳᠡᠭᠦᠯᠦᠯᠲᠡ ᠪᠣᠯᠣᠨ ᠰᠠᠨᠠᠯ ᠳᠤᠷᠠᠳᠤᠯᠭ᠎ᠠ᠎ᠶᠢᠨ ᠠᠵᠢᠯ᠎ᠤᠨ ᠪᠠᠢᠳᠠᠯ᠎ᠤᠨ ᠲᠤᠬᠠᠢ ᠮᠡᠳᠡᠭᠦᠯᠦᠯᠲᠡ᠎ᠶᠢ ᠰᠣᠨᠣᠰᠤᠬᠰᠠᠨ ᠪᠠ ᠬᠢᠨᠠᠨ ᠵᠥᠪᠯᠡᠵᠦ᠂ ᠠᠷᠪᠠᠨ ᠭᠤᠷᠪᠠᠳᠤᠭᠠᠷ ᠬᠤᠭᠤᠴᠠᠭᠠᠨ᠎ᠤ ᠪᠦᠬᠦ ᠤᠯᠤᠰ᠎ᠤᠨ ᠠᠷᠠᠳ᠎ᠤᠨ ᠲᠥᠯᠥᠭᠡᠯᠡᠭᠴᠢᠳ᠎ᠦᠨ ᠶᠡᠬᠡ ᠬᠤᠷᠠᠯ᠎ᠤᠨ ᠲᠠᠪᠤᠳᠤᠭᠠᠷ ᠬᠤᠷᠠᠯ᠎ᠳᠤ ᠰᠤᠯᠠ ᠣᠷᠣᠯᠴᠠᠵᠤ᠂ ᠵᠠᠰᠠᠭ᠎ᠤᠨ ᠣᠷᠳᠣᠨ᠎ᠤ ᠠᠵᠢᠯ᠎ᠤᠨ ᠢᠯᠡᠳᠬᠡᠯ ᠵᠢᠴᠢ ᠪᠤᠰᠤᠳ ᠬᠣᠯᠪᠣᠭᠳᠠᠯ ᠪᠦᠬᠦᠢ ᠮᠡᠳᠡᠭᠦᠯᠦᠯᠲᠡ᠎ᠶᠢ ᠰᠣᠨᠣᠰᠤᠬᠰᠠᠨ ᠪᠦᠭᠡᠳ ᠶᠠᠷᠢᠯᠴᠠᠪᠠ᠃ ᠶᠡᠬᠡ ᠬᠤᠷᠠᠯ᠎ᠤᠨ ᠵᠥᠪᠯᠡᠬᠦ ᠵᠦᠢᠯ ᠠᠪᠴᠠᠯᠳᠤᠩᠭᠤᠢ᠂ ᠪᠣᠳᠠᠲᠠᠢ᠎ᠶᠢ ᠡᠷᠬᠢᠮᠯᠡᠨ ᠥᠨᠳᠥᠷ ᠪᠦᠲᠦᠮᠵᠢᠲᠡᠶ ᠪᠤᠯᠵᠥ᠂ ᠠᠷᠠᠳ᠎ᠤᠨ ᠤᠯᠤᠰ ᠲᠦᠷᠦ᠎ᠶᠢᠨ ᠵᠥᠪᠯᠡᠯᠭᠡᠨ᠎ᠤ ᠨᠡᠢᠭᠡᠮ ᠵᠢᠷᠤᠮ᠎ᠤᠨ ᠵᠥᠪᠯᠡᠬᠦ ᠠᠷᠠᠳᠴᠢᠯᠠᠯ᠎ᠤᠨ ᠴᠢᠬᠤᠯᠠ ᠠᠷᠭ᠎ᠠ ᠵᠠᠮ ᠪᠠ ᠲᠤᠰᠬᠠᠢ ᠵᠥᠪᠯᠡᠬᠦ ᠪᠠᠢᠭᠤᠯᠤᠮᠵᠢ ᠪᠣᠯᠤᠭᠰᠠᠨ᠎ᠤ ᠬᠤᠪᠢ᠎ᠳᠠᠬᠢ ᠴᠢᠬᠤᠯᠠ ᠦᠢᠯᠡᠳᠦᠯ᠎ᠢ ᠭᠦᠢᠴᠡᠳ ᠪᠠᠳᠠᠷᠠᠭᠤᠯᠵᠤ᠂ ᠥᠷᠭᠡᠨ ᠤᠯᠠᠨ ᠤᠯᠤᠰ ᠲᠦᠷᠦ᠎ᠶᠢᠨ ᠵᠥᠪᠯᠡᠯᠭᠡᠨ᠎ᠦ ᠭᠡᠰᠢᠭᠦᠳ᠎ᠤᠨ ᠤᠯᠤᠰ᠎ᠤᠨ ᠵᠢᠡᠨ ᠲᠥᠯᠥᠭᠡ ᠲᠤᠰᠢᠶᠠᠯᠬᠠᠷᠢᠭᠤᠴᠠᠯᠭᠠ ᠪᠠᠨ ᠭᠦᠢᠴᠡᠳᠬᠡᠬᠦ᠂ ᠠᠷᠠᠳ ᠲᠦᠮᠡᠨ᠎ᠦ ᠲᠥᠯᠥᠭᠡ ᠡᠭᠦᠷᠭᠡ ᠬᠠᠷᠢᠭᠤᠴᠠᠯᠭ᠎ᠠ᠎ᠪᠠᠨ ᠭᠦᠢᠴᠡᠳᠬᠡᠬᠦ ᠬᠠᠷᠢᠭᠤᠴᠠᠯᠭ᠎ᠠ ᠡᠭᠦᠷᠭᠡᠯᠡᠬᠦ ᠵᠣᠷᠢᠭ᠋ ᠰᠠᠨᠠᠭ᠎ᠠ᠎ᠶᠢ ᠭᠦᠢᠴᠡᠳ ᠢᠯᠡᠷᠡᠭᠦᠯᠵᠦ᠂ ᠨᠡᠢᠭᠡᠮ ᠵᠢᠷᠤᠮ᠎ᠤᠨ ᠵᠥᠪᠯᠡᠬᠦ ᠠᠷᠠᠳᠴᠢᠯᠠᠯ᠎ᠤᠨ ᠥᠪᠡᠷᠮᠢᠴᠡ ᠳᠠᠪᠠᠭᠤᠯᠢᠭ᠋᠎ᠢ ᠭᠦᠢᠴᠡᠳ ᠢᠯᠡᠷᠡᠭᠦᠯᠵᠦ᠂ ᠰᠢᠨ᠎ᠡ ᠠᠶᠠᠨ᠎ᠳᠤ ᠡᠷᠡᠯᠬᠡᠭᠯᠡᠨ ᠤᠷᠤᠭᠰᠢᠯᠠᠬᠤ᠂ ᠰᠢᠨ᠎ᠡ ᠴᠠᠭ ᠦᠶ᠎ᠡ᠎ᠳᠦ ᠭᠠᠪᠢᠶ᠎ᠠ ᠪᠠᠶ᠋ᠢᠭᠤᠯᠬᠤ ᠤᠶᠤᠨ ᠤᠬᠠᠭᠠᠨ ᠪᠠ ᠬᠦᠴᠦᠨ ᠴᠢᠳᠠᠯ᠎ᠢ ᠤᠯᠠᠮ ᠴᠢᠨᠠᠬᠰᠢᠳᠠ ᠨᠢᠭ᠍ᠲᠠᠷᠠᠭᠤᠯᠪᠠ᠃
ᠣᠳᠣᠬᠠᠨ᠎ᠳᠤ᠂ ᠳᠡᠯᠡᠬᠡᠢ᠎ᠶᠢᠨ ᠪᠠᠢᠳᠠᠯ᠎ᠳᠤ ᠦᠷᠭᠦᠯᠵᠢᠯᠡᠨ ᠭᠦᠨᠵᠡᠭᠡᠢ ᠪᠥᠭᠡᠳ ᠪᠤᠳᠤᠯᠢᠶᠠᠨᠲᠠᠢ ᠬᠤᠪᠢᠷᠠᠯᠲᠠ ᠭᠠᠷᠴᠤ᠂ ᠵᠠᠭᠤᠨ ᠵᠢᠯ᠎ᠦᠨ ᠬᠤᠪᠢᠰᠤᠯᠲᠠ ᠪᠠ ᠡᠷᠢᠨ ᠵᠠᠭᠤᠨ᠎ᠤ ᠬᠢᠵᠢᠭ᠌᠎ᠦᠨ ᠪᠠᠢᠳᠠᠯ ᠬᠠᠷᠢᠯᠴᠠᠨ ᠰᠣᠯᠪᠢᠴᠠᠵᠤ᠂ ᠠᠵᠤ ᠠᠬᠤᠢ᠎ᠶᠢᠨ ᠳᠡᠯᠡᠬᠡᠢᠴᠢᠯᠡᠯᠲᠡ ᠰᠥᠷᠭᠡᠦ ᠤᠷᠤᠰᠬᠠᠯ᠎ᠳᠤ ᠤᠴᠠᠷᠠᠵᠤ᠂ ᠲᠣᠮᠣ᠌ ᠤᠯᠤᠰ᠎ᠤᠨ ᠥᠷᠢᠰᠦᠯᠳᠦᠭᠡᠨ ᠡᠳᠦᠷ ᠢᠷᠡᠬᠦᠶ᠎ᠡ ᠰᠢᠷᠦᠭᠦᠰᠴᠦ᠂ ᠳᠡᠯᠡᠬᠡᠢ ᠳ᠋ᠠᠬᠢᠨ ᠣᠷᠣᠭ᠎ᠠ ᠪᠤᠰᠬᠠᠭ᠎ᠠ ᠰᠢᠨ᠎ᠡ ᠬᠤᠪᠢᠰᠤᠯᠲᠠ᠎ᠶᠢᠨ ᠬᠤᠭᠤᠴᠠᠭᠠᠨ᠎ᠳᠤ ᠣᠷᠣᠵᠤ᠂ ᠤᠯᠤᠰ᠎ᠤᠨ ᠳᠣᠲᠣᠭᠠᠳᠤ᠎ᠶᠢᠨ ᠥᠭᠡᠷᠡᠴᠢᠯᠡᠯᠲᠡ ᠬᠥᠭᠵᠢᠯᠲᠡ ᠲᠣᠭᠲᠠᠭᠤᠨ ᠪᠠᠢᠳᠠᠯ᠎ᠤᠨ ᠡᠭᠦᠷᠭᠡ ᠪᠡᠷᠬᠡ ᠬᠠᠲᠠᠭᠤᠵᠢᠯᠲᠠᠢ ᠪᠥᠭᠡᠳ ᠨᠦᠰᠡᠷ ᠬᠦᠨᠳᠦ ᠪᠠᠢᠨ᠎ᠠ᠃ ᠮᠠᠨ᠎ᠤ ᠤᠯᠤᠰ᠎ᠤᠨ ᠬᠥᠭᠵᠢᠯᠲᠡ᠎ᠳᠦ ᠮᠥᠨ ᠮᠠᠰᠢ ᠤᠯᠠᠨ ᠪᠠᠢᠯᠳᠤᠬᠤ ᠪᠣᠳᠣᠯᠭ᠎ᠠ᠎ᠶᠢᠨ ᠴᠢᠨᠠᠷᠲᠠᠢ ᠠᠰᠢᠭ᠍ᠲᠠᠢ ᠨᠥᠬᠥᠴᠡᠯ ᠪᠠᠢᠬᠤ᠎ᠶᠢ ᠪᠢᠳᠡ ᠣᠯᠵᠤ ᠬᠠᠷᠠᠬᠤ ᠬᠡᠷᠡᠭᠲᠡᠢ᠃ ᠨᠢᠭᠡ᠎ᠳᠦ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠪᠠᠲᠤ ᠴᠢᠩᠭ᠎ᠠ ᠤᠳᠤᠷᠢᠳᠤᠯᠭ᠎ᠠ᠎ᠲᠠᠶ ᠪᠠᠢᠵᠤ᠂ ᠪᠦᠬᠦ᠌ ᠲᠠᠯ᠎ᠠ᠎ᠶ᠋ᠢ ᠶᠡᠷᠦᠩᠬᠡᠢᠯᠡᠨ ᠡᠵᠡᠮᠳᠡᠵᠦ᠍᠂ ᠡᠯ᠎ᠡ ᠲᠠᠯ᠎ᠠ᠎ᠶ᠋ᠢᠨ ᠬᠢᠨᠢ ᠵᠣᠬᠢᠴᠠᠭᠤᠯᠤᠬᠰᠠᠨ ᠡᠴᠡ ᠡᠯ᠎ᠡ ᠵᠦᠢᠯ᠎ᠦᠨ ᠬᠦᠨᠳᠦ ᠶᠡᠬᠡ ᠠᠶᠤᠯ ᠲᠦᠭ᠌ᠰᠢᠭᠦᠷᠢ ᠥᠷᠢᠰᠥᠯᠳᠦᠭᠡᠨ᠎ᠢ ᠯᠠᠪᠳᠠᠭᠤᠨ ᠵᠢᠡᠷ ᠠᠷᠭᠠᠴᠠᠭᠠᠬᠤ᠎ᠳᠤ ᠦᠨᠳᠦᠰᠦᠨ ᠤᠯᠤᠰ ᠲᠦᠷᠦ᠍᠎ᠶ᠋ᠢᠨ ᠪᠠᠲᠤᠯᠠᠭ᠎ᠠ ᠬᠠᠩᠭᠠᠪᠠ᠃ᠬᠣᠶᠠᠷ᠎ᠲᠤ᠌᠂ᠳᠤᠮᠳᠠᠳᠤ᠎ᠤᠯᠤᠰ᠎ᠤᠨ ᠣᠨᠴᠠᠯᠢᠭ᠎ᠲᠠᠶ ᠨᠡᠢᠭᠡᠮ ᠵᠢᠷᠤᠮ᠎ᠤᠨ ᠪᠠᠢᠭᠤᠯᠤᠯ᠎ᠤᠨ ᠢᠯᠡᠳᠲᠡ ᠳᠠᠪᠠᠭᠤᠯᠢᠭ᠎ᠲᠠᠶ ᠪᠠᠢᠵᠤ᠂ ᠮᠠᠨ᠎ᠤ ᠤᠯᠤᠰ᠎ᠤᠨ ᠤᠯᠤᠰ ᠲᠦᠷᠦ᠍᠎ᠶ᠋ᠢᠨ ᠪᠠᠢᠭᠤᠯᠤᠯ ᠪᠣᠯᠤᠨ ᠵᠠᠰᠠᠯᠲᠠ᠎ᠶ᠋ᠢᠨ ᠱᠢᠰᠲᠸᠮ ᠱᠢᠨ᠎ᠡ ᠲᠢᠲᠢᠮᠯᠢᠭ ᠠᠭᠤᠰᠭᠢᠨ ᠦᠷᠪᠢᠰᠦᠯ᠎ᠦᠨ ᠬᠢᠵᠢᠭ᠎ᠦᠨ ᠪᠠᠢᠳᠠᠯ᠎ᠢ ᠠᠷᠭᠠᠴᠠᠭᠠᠬᠤ᠂ ᠶᠠᠳᠠᠭᠤ᠎ᠡᠴᠡ ᠠᠩᠭᠢᠵᠢᠷᠠᠭᠤᠯᠬᠤ ᠪᠣᠭᠣᠮᠲᠠ ᠱᠢᠪᠲᠤᠯᠬᠤ ᠳᠠᠢᠯᠠᠯᠳᠤᠭᠠᠨ᠎ᠤ ᠢᠯᠠᠯᠲᠠ᠎ᠶ᠋ᠢ ᠤᠯᠬᠤ ᠵᠡᠷᠭᠡ ᠦᠢᠯᠡᠳᠦᠯᠭᠡ ᠶ᠋ᠢᠨ ᠳᠤᠮᠳᠠ ᠢᠯᠡᠳᠲᠡ ᠳᠠᠪᠠᠭᠤᠯᠢᠭ᠎ᠢᠶᠠᠨ ᠤᠯᠠᠮ ᠴᠢᠨᠠᠬᠰᠢᠳᠠ ᠢᠯᠡᠷᠡᠭᠦᠯᠵᠦ᠍᠂《ᠳᠤᠮᠳᠠᠳᠤ ᠤᠯᠤᠰ᠎ᠤᠨ ᠵᠠᠰᠠᠯᠲᠠ》 ᠪᠠ 《ᠥᠷᠥᠨᠡᠳᠠᠬᠢᠨ᠎ᠤ ᠰᠠᠮᠠᠭᠤᠷᠠᠯ》᠎ᠤ᠋ᠨ ᠬᠠᠷᠢᠴᠠᠭᠤᠯᠤᠯ ᠨᠡᠩ ᠢᠯᠡ ᠲᠣᠳᠣ ᠪᠣᠯᠵᠠᠢ᠃ ᠭᠤᠷᠪᠠ᠎ᠳᠤ᠂ ᠦᠷᠭᠦᠯᠵᠢᠯᠡᠭ᠌ᠰᠡᠨ ᠲᠦᠷᠭᠡᠨ ᠬᠥᠭ᠌ᠵᠢᠯᠲᠡ᠎ᠶ᠋ᠢᠨ ᠬᠤᠷᠠᠮᠳᠤᠯ᠎ᠤᠨ ᠪᠠᠲᠤ ᠪᠡᠬᠢ ᠰᠠᠭᠤᠷᠢ᠎ᠲᠠᠶ ᠪᠠᠢᠵᠤ᠂ ᠮᠠᠨ᠎ᠤ ᠤᠯᠤᠰ᠎ᠤᠨ ᠠᠵᠤ ᠠᠬᠤᠶ᠎ᠶ᠋ᠢᠨ ᠪᠣᠳᠠᠲᠤ ᠬᠦᠴᠦᠨ᠂ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠪᠣᠳᠠᠲᠤ ᠬᠦᠴᠦᠨ᠂ ᠤᠯᠤᠰ᠎ᠤᠨ ᠪᠠᠲᠤᠯᠠᠨ ᠬᠠᠮᠠᠭᠠᠯᠠᠯᠲᠠ᠎ᠶ᠋ᠢᠨ ᠪᠣᠳᠠᠲᠤ ᠬᠦᠴᠦᠨ᠂ ᠤᠯᠤᠰ᠎ᠤᠨ ᠶᠡᠷᠦᠩᠬᠡᠢᠯᠡᠭᠰᠡᠨ ᠬᠦᠴᠦᠨ ᠢᠯᠡᠳᠲᠡ ᠴᠢᠩᠭᠠᠷᠠᠵᠤ᠂ ᠠᠵᠤ ᠠᠬᠤᠶ᠎ᠶ᠋ᠢᠨ ᠪᠠᠭ᠍ᠲᠠᠭᠠᠮᠵᠢ ᠶᠡᠬᠡ᠂ ᠡᠷᠭᠢᠯᠲᠡ᠎ᠶ᠋ᠢᠨ ᠤᠷᠤᠨ ᠵᠠᠶ ᠥᠷᠭᠡᠨ ᠮᠥᠷᠲᠡᠭᠡᠨ ᠪᠠᠰᠠ ᠬᠡᠳᠦ ᠶᠡᠬᠡ ᠬᠡᠪᠴᠢᠶᠡᠨ᠎ᠦ ᠵᠠᠬ᠎ᠠ ᠳᠡᠯᠭᠡᠭᠦᠷ᠎ᠲᠡᠶ ᠪᠠᠢᠵᠤ᠂ ᠤᠷᠳᠤ ᠬᠤᠭᠤᠴᠠᠭ᠎ᠠ᠎ᠪᠠᠷ ᠰᠠᠢᠵᠢᠷᠠᠬᠤ ᠦᠨᠳᠦᠰᠦᠨ ᠪᠠᠢᠳᠠᠯ ᠬᠤᠪᠢᠷᠠᠬᠤ ᠦᠭᠡᠢ᠂ ᠬᠦᠴᠦᠷᠬᠡᠭ ᠶᠡᠬᠡ ᠤᠶᠠᠨ ᠬᠠᠳᠠᠨ ᠴᠢᠨᠠᠷ ᠪᠠ ᠠᠮᠢᠵᠢᠷᠠᠯ᠎ᠤᠨ ᠬᠦᠴᠦᠨ᠎ᠲᠡᠶ ᠪᠠᠢᠨ᠎ᠠ᠃ ᠲᠦᠷᠪᠡ᠎ᠳᠦ᠂ ᠤᠷᠳᠤ ᠬᠤᠭᠤᠴᠠᠭᠠᠨ᠎ᠤ ᠲᠣᠭ᠍ᠲᠠᠭᠤᠨ ᠨᠡᠢᠭᠡᠮ᠎ᠦᠨ ᠣᠷᠴᠢᠨ ᠲᠣᠭᠣᠷᠢᠨ᠎ᠲᠠᠶ ᠪᠠᠢᠵᠤ᠂ ᠠᠷᠠᠳ ᠲᠦᠮᠡᠨ᠎ᠦ ᠬᠦᠷᠲᠡᠮᠵᠢ᠎ᠶ᠋ᠢᠨ ᠲᠦᠷᠦᠭ᠌ᠳᠡᠯ᠂ ᠵᠢᠷᠭᠠᠯᠳᠤ ᠲᠦᠷᠦᠭ᠌ᠳᠡᠯ᠂ ᠠᠮᠤᠷ ᠲᠦᠪᠱᠢᠨ᠎ᠦ ᠲᠦᠷᠦᠭ᠌ᠳᠡᠯ ᠢᠯᠡᠳᠲᠡ ᠨᠡᠮᠡᠭ᠌ᠳᠡᠵᠦ᠍᠂ ᠨᠡᠢᠭᠡᠮ᠎ᠦᠨ ᠵᠠᠰᠠᠯᠲᠠ᠎ᠶ᠋ᠢᠨ ᠲᠦᠪᠱᠢᠨ ᠲᠠᠰᠤᠷᠠᠯᠲᠠ ᠦᠭᠡᠢ ᠳᠡᠭᠡᠭ᠌ᠰᠢᠯᠡᠵᠦ᠍᠂ ᠨᠡᠢᠭᠡᠮ᠎ᠦᠨ ᠤᠷᠳᠤ ᠬᠤᠭᠤᠴᠠᠭᠠᠨ᠎ᠤ ᠲᠣᠭ᠍ᠲᠠᠭᠤᠨ ᠪᠠᠢᠳᠠᠯ᠎ᠤᠨ ᠭᠠᠢᠬᠠᠮᠱᠢᠭ᠎ᠢ ᠦᠷᠭᠦᠯᠵᠢᠯᠡᠨ ᠪᠢᠴᠢᠭ᠌ᠯᠡᠵᠡᠢ᠃ ᠲᠠᠪᠤ᠎ᠳᠤ᠂ ᠢᠲᠡᠭᠡᠯᠳᠡᠬᠦᠯᠳᠡᠷ ᠵᠢᠡᠷ ᠥᠪᠡᠷ᠎ᠢ᠎ᠪᠡᠨ ᠬᠦᠴᠦᠷᠬᠡᠭ᠌ᠵᠢᠭᠦᠯᠬᠦ᠌ ᠤᠶᠤᠨ ᠰᠠᠨᠠᠭᠠᠨ᠎ᠤ ᠬᠦᠴᠦᠨ ᠴᠢᠳᠠᠯ᠎ᠲᠠᠶ ᠪᠠᠢᠵᠤ᠂ ᠳᠤᠮᠳᠠᠳᠤ ᠤᠯᠤᠰ᠎ᠤᠨ ᠠᠷᠠᠳ ᠲᠦᠮᠡᠨ᠎ᠦ ᠢᠳᠡᠪᠬᠢᠵᠢᠯ᠂ ᠰᠠᠨᠠᠭᠠᠴᠢᠯᠠᠭᠠᠲᠤ ᠴᠢᠨᠠᠷ᠂ ᠪᠦᠲᠦᠭᠡᠯᠴᠢ ᠴᠢᠨᠠᠷ ᠤᠯᠠᠮ ᠴᠢᠨᠠᠬᠰᠢᠳᠠ ᠬᠥᠭ᠌ᠵᠢᠨ᠂ ᠡᠷᠴᠢ ᠵᠣᠷᠢᠭ᠂ ᠰᠥᠰᠥ᠍ ᠵᠣᠷᠢᠭ᠂ ᠢᠳᠡᠭᠡᠯ ᠵᠤᠷᠢᠭ ᠤᠷᠢᠳ ᠭᠠᠷᠤᠭ᠎ᠠ ᠦᠭᠡᠢ ᠴᠢᠩᠭᠠᠷᠠᠵᠤ᠂ ᠨᠠᠮ᠎ᠤᠨ ᠰᠡᠳᠭᠢᠯ ᠴᠡᠷᠢᠭ᠎ᠦᠨ ᠰᠡᠳᠭᠢᠯ ᠠᠷᠠᠳ᠎ᠤᠨ ᠰᠡᠳᠭᠢᠯ ᠤᠷᠮᠠᠰᠢᠨ ᠵᠤᠷᠢᠬᠵᠢᠪᠠ᠃ ᠪᠢᠳᠡ ᠠᠱᠢᠭ᠍ᠲᠠᠶ ᠨᠥᠬᠥᠴᠡᠯ᠎ᠢ ᠡᠵᠡᠮᠳᠡᠵᠦ᠍᠂ ᠬᠥᠭ᠌ᠵᠢᠯᠲᠡ᠎ᠶ᠋ᠢᠨ ᠢᠲᠡᠭᠡᠯ᠎ᠢᠶᠠᠨ ᠪᠠᠲᠤᠳᠭᠠᠨ᠂ ᠲᠡᠦᠬᠡ᠎ᠶ᠋ᠢᠨ ᠰᠠᠨᠠᠭᠠᠴᠢᠯᠠᠭᠠᠲᠤ ᠵᠣᠷᠢᠭ ᠰᠠᠨᠠᠭ᠎ᠠ᠎ᠶ᠋ᠢ ᠪᠠᠳᠠᠷᠠᠭᠤᠯᠵᠤ᠂ ᠥᠪᠡᠷ᠎ᠦᠨ ᠤᠴᠢᠷ ᠶᠠᠪᠤᠳᠠᠯ᠎ᠢᠶᠠᠨ ᠭᠤᠢᠪᠢᠰᠢ ᠦᠭᠡᠢ᠎ᠪᠡᠷ ᠰᠠᠢᠲᠤᠷ ᠬᠢᠵᠦ᠍᠂ ᠣᠮᠣᠭ ᠲᠡᠭᠦᠯᠳᠡᠷ᠎ᠢᠶᠡᠷ ᠤᠷᠤᠭ᠍ᠰᠢᠯᠠᠬᠤ ᠬᠡᠷᠡᠭ᠌ᠲᠡᠶ!
ᠤᠳᠤ᠂ ᠪᠢᠳᠡ ᠨᠢᠭᠡᠨᠲᠡ ᠨᠢᠭᠡᠳᠦᠭᠡᠷ ᠵᠠᠭᠤᠨ ᠵᠢᠯ᠎ᠦᠨ ᠲᠡᠮᠡᠴᠡᠬᠦ᠌ ᠬᠠᠷᠠᠯᠲᠠ᠎ᠪᠠᠨ ᠪᠡᠶᠡᠯᠡᠭᠦᠯᠵᠦ᠍᠂ ᠨᠡᠢᠭᠡᠮ ᠵᠢᠷᠤᠮᠳᠤ ᠣᠳᠣᠬᠢᠴᠢᠯᠠᠭ᠍ᠰᠠᠨ ᠤᠯᠤᠰ᠎ᠢ ᠪᠦᠬᠦ᠌ ᠲᠠᠯ᠎ᠠ᠎ᠪᠠᠷ ᠪᠦᠳᠦᠭᠡᠨ ᠪᠠᠢᠭᠤᠯᠵᠤ᠂ ᠬᠣᠶᠠᠳᠤᠭᠠᠷ ᠵᠠᠭᠤᠨ ᠵᠢᠯ᠎ᠦᠨ ᠲᠡᠮᠡᠴᠡᠬᠦ᠌ ᠬᠠᠷᠠᠯᠲᠠ ᠲᠡᠢᠰᠢ ᠤᠷᠤᠭ᠍ᠰᠢᠯᠠᠬᠤ ᠱᠢᠨ᠎ᠡ ᠠᠶᠠᠨ᠎ᠢᠶᠠᠨ ᠡᠬᠢᠯᠡᠭᠦᠯᠪᠡ᠃ ᠬᠠᠷᠠᠯᠲᠠ᠎ᠳᠤ ᠣᠢᠷᠠᠳᠭᠤ ᠲᠤᠳᠤᠮ᠂ ᠪᠠᠢᠳᠠᠯ ᠪᠤᠳᠤᠯᠢᠶᠠᠨᠲᠠᠶ ᠪᠣᠯᠬᠤ ᠲᠤᠳᠤᠮ᠂ ᠡᠭᠦᠷᠭᠡ ᠪᠡᠷᠬᠡ ᠬᠠᠲᠠᠭᠤᠵᠢᠯᠲᠠᠶ ᠪᠣᠯᠬᠤ ᠲᠤᠳᠤᠮ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠤᠳᠤᠷᠢᠳᠤᠭ᠍ᠰᠠᠨ ᠤᠯᠤᠰ ᠲᠦᠷᠦ᠍᠎ᠶ᠋ᠢᠨ ᠳᠠᠪᠠᠭᠤᠯᠢᠭ ᠪᠠ ᠳᠤᠮᠳᠠᠳᠤ ᠤᠯᠤᠰ᠎ᠤᠨ ᠣᠨᠴᠠᠯᠢᠭ ᠲᠠᠢ ᠨᠡᠢᠭᠡᠮ ᠵᠢᠷᠤᠮ᠎ᠤᠨ ᠪᠠᠢᠭᠤᠯᠤᠯ᠎ᠤᠨ ᠳᠠᠪᠠᠭᠤᠯᠢᠭ᠎ᠢ ᠤᠯᠠᠮ ᠢᠯᠡᠭᠦᠦ ᠪᠠᠳᠠᠷᠠᠭᠤᠯᠵᠤ᠂ ᠡᠯ᠎ᠡ ᠲᠠᠯ᠎ᠠ᠎ᠶ᠋ᠢᠨ ᠬᠢᠨ᠎ᠦ ᠤᠶᠤᠨ ᠤᠬᠠᠭᠠᠨ ᠪᠠ ᠬᠦᠴᠦᠨ ᠴᠢᠳᠠᠯ᠎ᠢ ᠨᠢᠭ᠍ᠲᠠᠷᠠᠭᠤᠯᠤᠨ᠂ ᠤᠯᠤᠰ᠎ᠤᠨ ᠳᠣᠲᠣᠭᠠᠳᠤ ᠭᠠᠳᠠᠭᠠᠳᠤ᠎ᠶ᠋ᠢᠨ ᠳᠤᠮᠳᠠᠳᠤ᠎ᠶ᠋ᠢᠨ ᠬᠥᠪᠡᠭᠦᠳ ᠥᠬᠢᠳ᠎ᠦᠨ ᠰᠡᠳᠭᠢᠯ ᠨᠢᠭᠡᠳᠦᠨ ᠬᠦᠴᠦ᠍᠎ᠪᠡᠨ ᠬᠠᠮᠲᠤᠳᠭᠠᠭ᠍ᠰᠠᠨ ᠬᠦᠴᠦᠷᠬᠡᠭ ᠶᠡᠬᠡ ᠬᠠᠮᠳᠤᠷᠠᠯ ᠬᠦᠴᠦᠨ᠎ᠢ ᠪᠦᠷᠢᠯᠳᠦᠭᠦᠯᠬᠦ᠌ ᠬᠡᠷᠡᠭ᠌ᠲᠡᠶ᠃ ᠠᠷᠠᠳ᠎ᠤᠨ ᠤᠯᠤᠰ ᠲᠦᠷᠦ᠍᠎ᠶ᠋ᠢᠨ ᠵᠥᠪᠯᠡᠯᠭᠡᠨ ᠪᠣᠯ ᠪᠦᠯᠬᠦᠮᠳᠡᠯ᠎ᠢᠶᠡᠷ ᠪᠤᠢ ᠪᠤᠯᠵᠤ᠂ ᠪᠦᠯᠬᠦᠮᠳᠡᠯ᠎ᠢᠶᠡᠷ ᠣᠷᠣᠱᠢᠨ ᠲᠣᠭ᠍ᠲᠠᠨᠢᠵᠤ᠂ ᠪᠦᠯᠬᠦᠮᠳᠡᠯ᠎ᠢᠶᠡᠷ ᠬᠥᠭ᠌ᠵᠢᠨ ᠮᠠᠨᠳᠤᠳᠠᠭ᠂ ᠡᠨᠡ ᠪᠣᠯ ᠶᠡᠬᠡ ᠪᠦᠯᠬᠦᠮᠳᠡᠯ ᠶᠡᠬᠡ ᠬᠣᠯᠪᠣᠭᠠᠯᠠᠯ᠎ᠤᠨ ᠪᠡᠯᠭᠡ ᠲᠡᠮᠳᠡᠭ ᠮᠥᠨ᠃ ᠱᠢᠨ᠎ᠡ ᠠᠶᠠᠨ᠎ᠳᠤ᠂ ᠳᠤᠮᠳᠠᠳᠤ᠎ᠶ᠋ᠢᠨ ᠬᠥᠪᠡᠭᠦᠳ ᠥᠬᠢᠳ᠎ᠦᠨ ᠶᠡᠬᠡ ᠪᠦᠯᠬᠦᠮᠳᠡᠯ᠎ᠢ ᠴᠢᠩᠭᠠᠳᠭᠠᠬᠤ ᠪᠣᠯ ᠱᠢᠨ᠎ᠡ ᠴᠠᠭ ᠦᠶ᠎ᠡ᠎ᠶ᠋ᠢᠨ ᠠᠷᠠᠳ᠎ᠤᠨ ᠤᠯᠤᠰ ᠲᠦᠷᠦ᠍᠎ᠶ᠋ᠢᠨ ᠵᠥᠪᠯᠡᠯᠭᠡᠨ᠎ᠦ ᠲᠡᠦᠬᠡᠲᠦ ᠬᠠᠷᠢᠭᠤᠴᠠᠯᠭ᠎ᠠ ᠮᠥᠨ ᠭᠡᠳᠡᠭ᠎ᠢ ᠭᠦᠨᠵᠡᠭᠡᠢ ᠲᠠᠨᠢᠵᠤ᠂ ᠨᠢᠭᠡᠳᠦᠯᠲᠦ ᠴᠢᠨᠠᠷ ᠪᠣᠯᠤᠨ ᠤᠯᠠᠨ ᠶᠠᠩᠵᠤᠲᠤ ᠴᠢᠨᠠᠷ᠎ᠤᠨ ᠨᠢᠭᠡᠳᠦᠯ᠎ᠢ ᠪᠠᠷᠢᠮᠲᠠᠯᠠᠵᠤ᠂ ᠪᠠᠢᠭᠤᠯᠤᠯ᠎ᠦᠨ ᠳᠠᠪᠠᠭᠤᠯᠢᠭ᠎ᠢ ᠪᠦᠲᠦᠮᠵᠢᠲᠡᠢ ᠠᠱᠢᠭ᠍ᠯᠠᠨ ᠬᠠᠮᠤᠭ᠎ᠤᠨ ᠶᠡᠬᠡ ᠶᠡᠷᠦᠩᠬᠡᠢ ᠬᠤᠷᠢᠶᠠᠭ᠍ᠴᠢ ᠲᠣᠭ᠎ᠠ᠎ᠶ᠋ᠢ ᠡᠷᠢᠯᠬᠢᠯᠡᠵᠦ᠍᠂ ᠬᠠᠮᠤᠭ᠎ᠤᠨ ᠶᠡᠬᠡ ᠢᠵᠢᠯᠢ ᠲᠥᠪ᠎ᠲᠦ ᠲᠣᠭᠣᠷᠢᠭ᠎ᠢ ᠵᠢᠷᠤᠵᠤ᠂ ᠨᠡᠩ ᠤᠯᠠᠨ ᠬᠥᠮᠦᠨ᠎ᠢ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠣᠭᠣᠷᠢᠨ᠎ᠳᠤ ᠪᠦᠯᠬᠦᠮᠳᠡᠭᠦᠯᠵᠦ᠍᠂ ᠨᠡᠩ ᠤᠯᠠᠨ ᠬᠦᠴᠦᠨ᠎ᠢ ᠰᠡᠷᠭᠦᠨ ᠮᠠᠨᠳᠤᠯᠲᠠ᠎ᠶ᠋ᠢᠨ ᠠᠭᠤᠤ ᠦᠢᠯᠡᠰ᠎ᠢ ᠬᠠᠮᠲᠤ ᠪᠠᠷ ᠴᠣᠭ᠍ᠴᠠᠯᠠᠬᠤ ᠲᠡᠦᠬᠡᠨ ᠶᠠᠪᠤᠴᠠ᠎ᠳᠤ ᠨᠢᠭ᠍ᠲᠠᠷᠠᠭᠤᠯᠬᠤ ᠬᠡᠷᠡᠭ᠌ᠲᠡᠢ᠃ ᠠᠷᠠᠳ᠎ᠤᠨ ᠤᠯᠤᠰ ᠲᠦᠷᠦ᠎ᠶᠢᠨ ᠵᠥᠪᠯᠡᠯᠭᠡᠨ᠎ᠦ ᠵᠥᠪᠯᠡᠬᠦ ᠳᠠᠪᠠᠭᠤᠯᠢᠭ᠋᠎ᠢ ᠨᠡᠩ ᠰᠠᠢᠲᠤᠷ ᠪᠠᠳᠠᠷᠠᠭᠤᠯᠵᠤ᠂ ᠪᠦᠬᠦ ᠶᠠᠪᠤᠴᠠ᠎ᠵᠢᠨ ᠠᠷᠠᠳ᠎ᠤᠨ ᠠᠷᠠᠳᠴᠢᠯᠠᠯ᠎ᠢ ᠬᠥᠭᠵᠢᠭᠦᠯᠵᠦ᠂ ᠵᠥᠪᠯᠡᠬᠦ᠎ᠪᠡᠷ ᠬᠠᠮᠲᠤ᠎ᠶᠢᠨ ᠲᠠᠨᠢᠯᠲᠠ᠎ᠶᠢ ᠨᠢᠭ᠍ᠲᠠᠷᠠᠭᠤᠯᠵᠤ᠂ ᠬᠠᠮᠲᠤ᠎ᠶᠢᠨ ᠲᠠᠨᠢᠯᠲᠠ᠎ᠪᠠᠷ ᠪᠦᠯᠬᠦᠮᠳᠡᠯ᠎ᠢ ᠪᠠᠲᠤᠳᠬᠠᠵᠤ᠂ ᠠᠷᠠᠳ᠎ᠤᠨ ᠤᠯᠤᠰ ᠲᠦᠷᠦ᠎ᠶᠢᠨ ᠵᠥᠪᠯᠡᠯᠭᠡᠨ᠎ᠦ ᠪᠠᠢᠭᠤᠯᠤᠯ᠎ᠤᠨ ᠳᠠᠪᠠᠭᠤᠯᠢᠭ᠋᠎ᠢ ᠦᠨᠡᠨ ᠬᠦ᠌ ᠤᠯᠤᠰ᠎ᠤᠨ ᠵᠠᠰᠠᠯᠳᠠ ᠵᠢᠨ ᠦᠢᠯᠡᠳᠦᠯ ᠴᠢᠳᠠᠪᠬᠢ ᠪᠣᠯᠭᠠᠨ ᠬᠤᠪᠢᠷᠠᠭᠤᠯᠬᠤ ᠬᠡᠷᠡᠭᠲᠡᠢ᠃ ᠪᠦᠯᠬᠦᠮᠳᠡᠬᠦ ᠳ᠋ᠤ ᠲᠦᠪ ᠪᠠᠢᠬᠤ ᠬᠡᠷᠡᠭᠲᠡᠢ᠂ ᠲᠦᠪ ᠢ᠋ ᠪᠠᠲᠤ ᠰᠠᠬᠢᠪᠠᠯ ᠰᠠᠶᠢ ᠲᠦᠮᠡᠨ ᠤᠯᠠᠨ᠎ᠢᠶᠠᠷ᠎ᠢᠶᠠᠨ ᠰᠡᠳᠬᠢᠯ ᠨᠢᠭᠡᠳᠴᠦ ᠴᠢᠳᠠᠨ᠎ᠠ᠃ ᠳᠤᠮᠳᠠᠳᠤ ᠤᠯᠤᠰ᠎ᠤᠨ ᠡᠪ ᠬᠠᠮᠲᠤ ᠨᠠᠮ ᠨᠢ ᠳᠤᠮᠳᠠᠳᠤ᠎ᠶᠢᠨ ᠬᠥᠪᠡᠭᠦᠳ ᠥᠬᠢᠳ᠎ᠦᠨ ᠶᠡᠬᠡ ᠪᠦᠯᠬᠦᠮᠳᠡᠯ᠎ᠦᠨ ᠲᠥᠪ ᠪᠣᠯᠤᠭᠰᠠᠨ ᠶᠠᠪᠤᠳᠠᠯ ᠪᠣᠯ ᠲᠡᠦᠬᠡ᠎ᠶᠢᠨ ᠰᠣᠩᠭᠣᠯᠲᠠ᠂ ᠠᠷᠠᠳ ᠲᠦᠮᠡᠨ᠎ᠦ ᠰᠣᠩᠭᠣᠯᠲᠠ ᠮᠥᠨ᠃ ᠠᠷᠠᠳ᠎ᠤᠨ ᠤᠯᠤᠰ ᠲᠦᠷᠦ᠎ᠶᠢᠨ ᠵᠥᠪᠯᠡᠯᠭᠡᠨ ᠨᠢ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠤᠳᠤᠷᠢᠳᠤᠯᠭ᠎ᠠ ᠢᠯᠠᠩᠭᠤᠶ᠎ᠠ ᠨᠠᠮ᠎ᠤᠨ ᠲᠥᠪ ᠬᠣᠷᠢᠶᠠᠨ᠎ᠤ ᠲᠥᠪᠯᠡᠷᠡᠩᠬᠦᠢ ᠨᠢᠭᠡᠳᠦᠯᠲᠡᠢ ᠤᠳᠤᠷᠢᠳᠤᠯᠭ᠎ᠠ᠎ᠶᠢ ᠪᠠᠷᠢᠮᠲᠠᠯᠠᠵᠤ᠂ ᠨᠠᠮ᠎ᠤᠨ ᠲᠤᠭ᠎ᠤᠨ ᠳᠣᠣᠷ᠎ᠠ ᠡᠬᠡ ᠣᠷᠣᠨᠴᠢ ᠨᠢᠭᠡᠳᠦᠮᠡᠯ ᠹᠷᠣᠨᠲ᠎ᠢ ᠪᠡᠬᠢᠵᠢᠭᠦᠯᠦᠨ ᠪᠤᠵᠠᠭᠠᠢᠷᠠᠭᠤᠯᠵᠤ᠂ ᠳᠤᠮᠳᠠᠳᠤ ᠤᠯᠤᠰ᠎ᠤᠨ ᠠᠷᠠᠳ ᠲᠦᠮᠡᠨ ᠪᠠ ᠤᠯᠤᠰ᠎ᠤᠨ ᠳᠣᠲᠣᠭᠠᠳᠤ ᠭᠠᠳᠠᠭᠠᠳᠤ᠎ᠶᠢᠨ ᠳᠤᠮᠳᠠᠳᠤ᠎ᠶᠢᠨ ᠬᠥᠪᠡᠭᠦᠳ ᠥᠬᠢᠳ᠎ᠦᠨ ᠤᠶᠤᠨ ᠤᠬᠠᠭᠠᠨ ᠬᠦᠴᠦᠨ ᠴᠢᠳᠠᠯ᠎ᠢ ᠪᠦᠲᠦᠮᠵᠢᠲᠡᠶ᠎ᠪᠡᠷ ᠨᠢᠭ᠍ᠲᠠᠷᠠᠭᠤᠯᠵᠤ᠂ ᠵᠢᠩᠬᠢᠨᠢ᠂ ᠥᠷᠭᠡᠨ ᠳᠡᠯᠭᠡᠷ᠂ ᠨᠢᠭ᠍ᠲᠠ ᠴᠢᠩᠭ᠎ᠠ ᠶᠡᠬᠡ ᠪᠦᠯᠬᠦᠮᠳᠡᠯ᠎ᠢ ᠪᠤᠢ ᠪᠣᠯᠭᠠᠬᠤ ᠬᠡᠷᠡᠭᠲᠡᠢ᠃
2022 ᠣᠨ᠎ᠳᠤ᠂ ᠳᠤᠮᠳᠠᠳᠤ ᠤᠯᠤᠰ᠎ᠤᠨ ᠡᠪ ᠬᠠᠮᠲᠤ ᠨᠠᠮ ᠬᠣᠷᠢᠳᠤᠭᠠᠷ ᠤᠳᠠᠭ᠎ᠠ᠎ᠶᠢᠨ ᠪᠦᠬᠦ ᠤᠯᠤᠰ᠎ᠤᠨ ᠲᠥᠯᠥᠭᠡᠯᠡᠭᠴᠢᠳ᠎ᠦᠨ ᠶᠡᠬᠡ ᠬᠤᠷᠠᠯ᠎ᠢ ᠬᠤᠷᠠᠯᠳᠤᠭᠤᠯᠬᠤ ᠪᠣᠯᠣᠨ᠎ᠠ᠃ ᠡᠯ᠎ᠡ ᠲᠠᠯ᠎ᠠ᠎ᠶᠢᠨ ᠠᠵᠢᠯ᠎ᠢ ᠴᠥᠮ ᠬᠣᠷᠢᠳᠤᠭᠠᠷ ᠶᠡᠬᠡ ᠬᠤᠷᠠᠯ᠎ᠢ ᠤᠭᠲᠤᠬᠤ᠂ ᠬᠣᠷᠢᠳᠤᠭᠠᠷ ᠶᠡᠬᠡ ᠬᠤᠷᠠᠯ᠎ᠢ ᠰᠠᠢᠲᠤᠷ ᠬᠤᠷᠠᠯᠳᠤᠭᠤᠯᠬᠤ᠂ ᠬᠣᠷᠢᠳᠤᠭᠠᠷ ᠶᠡᠬᠡ ᠬᠤᠷᠠᠯ᠎ᠤᠨ ᠵᠣᠷᠢᠭ᠋ ᠰᠠᠨᠠᠭ᠎ᠠ᠎ᠶᠢ ᠲᠤᠭᠤᠰᠢᠯᠠᠭᠤᠯᠬᠤ᠎ᠪᠠᠷ ᠭᠣᠣᠯᠯᠠᠭᠤᠯᠤᠨ ᠲᠥᠰᠦᠪᠯᠡᠵᠤ ᠥᠷᠨᠢᠭᠦᠯᠬᠦ ᠬᠡᠷᠡᠭᠲᠡᠢ᠃ ᠠᠷᠠᠳ᠎ᠤᠨ ᠤᠯᠤᠰ ᠲᠥᠷᠥ᠍᠎ᠶᠢᠨ ᠵᠥᠪᠯᠡᠯᠭᠡᠨ ᠰᠢ᠎ᠶᠢᠨ ᠫᠢᠩ᠎ᠤᠨ ᠰᠢᠨ᠎ᠡ ᠴᠠᠭ ᠦᠶ᠎ᠡ᠎ᠶᠢᠨ ᠳᠤᠮᠳᠠᠳᠤ ᠤᠯᠤᠰ᠎ᠤᠨ ᠣᠨᠴᠠᠯᠢᠭ᠋ ᠲᠠᠢ ᠨᠡᠢᠭᠡᠮ ᠵᠢᠷᠤᠮ᠎ᠤᠨ ᠦᠵᠡᠯ ᠰᠠᠨᠠᠭ᠎ᠠ ᠪᠠᠷ ᠵᠢᠯᠣᠭᠣᠳᠤᠯᠭ᠎ᠠ ᠪᠤᠯᠭᠠᠵᠤ᠂ ᠲᠣᠭᠲᠠᠭᠤᠨ ᠤ᠋ ᠲᠤᠮᠳᠠ ᠤᠷᠤᠭᠰᠢᠯᠠᠨ ᠲᠠᠪᠰᠢᠬᠤ ᠠᠵᠢᠯ᠎ᠤᠨ ᠶᠡᠷᠦᠩᠬᠡᠢ ᠬᠥᠭ ᠠᠶᠠᠰ᠎ᠢ ᠪᠠᠷᠢᠮᠲᠠᠯᠠᠵᠤ᠂ ᠪᠦᠯᠬᠦᠮᠳᠡᠯ ᠪᠠ ᠠᠷᠠᠳᠴᠢᠯᠠᠯ ᠬᠡᠬᠦ ᠬᠣᠶᠠᠷ ᠶᠡᠬᠡ ᠭᠣᠣᠯ ᠰᠡᠳᠦᠪ᠎ᠢ ᠪᠠᠷᠢᠮᠲᠠᠯᠠᠵᠤ᠂ ᠠᠷᠭ᠎ᠠ ᠤᠬᠠᠭᠠᠨ ᠭᠠᠷᠭᠠᠨ ᠵᠠᠰᠠᠭ᠎ᠲᠤ ᠲᠤᠰᠠᠯᠠᠬᠤ ᠪᠠ ᠬᠠᠮᠲᠤ᠎ᠶᠢᠨ ᠲᠠᠨᠢᠯᠲᠠ᠎ᠶᠢ ᠨᠢᠭ᠍ᠲᠠᠷᠠᠭᠤᠯᠬᠤ᠎ᠳᠤ ᠬᠣᠣᠰ ᠴᠢᠭᠯᠡᠯ᠎ᠢᠶᠡᠷ ᠬᠦᠴᠦᠯᠡᠬᠦ᠎ᠶᠢ ᠪᠠᠷᠢᠮᠲᠠᠯᠠᠵᠤ᠂ ᠨᠠᠮ ᠪᠠ ᠤᠯᠤᠰ᠎ᠤᠨ ᠠᠵᠢᠯ᠎ᠤᠨ ᠶᠡᠬᠡ ᠲᠠᠯ᠎ᠠ᠎ᠲᠠᠢ ᠨᠢᠭ᠍ᠲᠠ ᠤᠶᠠᠯᠳᠤᠭᠤᠯᠤᠨ ᠬᠠᠮᠲᠤ᠎ᠶᠢᠨ ᠲᠠᠨᠢᠯᠲᠠ᠎ᠶᠢ ᠥᠷᠭᠡᠨ᠎ᠢᠶᠡᠷ ᠨᠢᠭ᠍ᠲᠠᠷᠠᠭᠤᠯᠵᠤ᠂ ᠴᠢᠨᠠᠷ ᠰᠠᠢᠲᠠᠢ ᠰᠠᠨᠠᠯ ᠳᠤᠷᠠᠳᠤᠯᠭ᠎ᠠ᠎ᠪᠠᠷ ᠴᠢᠨᠠᠷ ᠰᠠᠢᠲᠠᠢ ᠬᠥᠭᠵᠢᠯᠲᠡ᠎ᠳᠦ ᠦᠢᠯᠡᠴᠢᠯᠡᠵᠦ᠂ ᠲᠤᠰᠬᠠᠢ ᠵᠥᠪᠯᠡᠬᠦ ᠪᠠᠢᠭᠤᠯᠤᠮᠵᠢ᠎ᠶᠢᠨ ᠪᠠᠢᠭᠤᠯᠤᠯᠲᠠ᠎ᠶᠢ ᠦᠷᠭᠦᠯᠵᠢᠯᠡᠨ ᠭᠦᠨᠵᠡᠭᠡᠢᠷᠡᠭᠦᠯᠵᠦ᠂ ᠲᠣᠭᠲᠠᠭᠤᠨ ᠡᠷᠡᠭᠦᠯ ᠠᠵᠤ ᠠᠬᠤᠢ᠎ᠶᠢᠨ ᠣᠷᠴᠢᠨ ᠲᠣᠭᠣᠷᠢᠨ᠂ ᠲᠦᠷᠦ ᠲᠦᠪᠰᠢᠨ ᠲᠦᠮᠡᠨ ᠠᠮᠤᠭᠤᠯᠠᠩ ᠨᠡᠢᠭᠡᠮ᠎ᠦᠨ ᠣᠷᠴᠢᠨ ᠲᠣᠭᠣᠷᠢᠨ᠂ ᠰᠤᠷᠲᠠᠯ ᠴᠢᠬᠡᠴᠢ ᠣᠪᠣᠷ ᠲᠥᠪ ᠤᠯᠤᠰ ᠲᠦᠷᠦ᠎ᠶᠢᠨ ᠣᠷᠴᠢᠨ ᠲᠣᠭᠣᠷᠢᠨ᠎ᠢ ᠪᠠᠲᠤᠯᠠᠬᠤ᠎ᠳᠤ ᠬᠤᠪᠢ ᠨᠡᠮᠡᠷᠢ ᠦᠵᠡᠭᠦᠯᠬᠦ ᠭᠡᠷᠡᠭᠲᠡᠢ᠃
ᠪᠦᠯᠬᠦᠮᠳᠡᠯ ᠪᠣᠯ ᠳᠠᠷᠤᠢ ᠬᠦᠴᠦᠨ ᠮᠥᠨ᠂ ᠲᠡᠮᠡᠴᠡᠯ᠎ᠢᠶᠡᠷ ᠢᠷᠡᠭᠡᠳᠦᠢ᠎ᠶᠢ ᠡᠭᠦᠳᠦᠨ ᠨᠡᠭᠡᠭᠡᠨ᠎ᠡ᠃ ᠰᠢᠨ᠎ᠡ ᠠᠭᠤᠤ ᠶᠡᠬᠡ ᠠᠶᠠᠨ ᠳ᠋ᠠᠭᠠᠨ᠂ ᠪᠢᠳᠡ ᠰᠢ᠎ᠶᠢᠨ ᠫᠢᠩ ᠨᠥᠬᠥᠷ᠎ᠢᠶᠡᠷ ᠭᠣᠣᠯ ᠪᠣᠯᠭᠠᠭᠰᠠᠨ ᠨᠠᠮ᠎ᠤᠨ ᠲᠥᠪ ᠬᠣᠷᠢᠶᠠᠨ᠎ᠤ ᠲᠣᠭᠣᠷᠢᠨ᠎ᠳᠤ ᠨᠡᠩ ᠨᠢᠭ᠍ᠲᠠᠷᠠᠨ ᠪᠦᠯᠬᠦᠮᠳᠡᠵᠦ᠂《ᠬᠣᠶᠠᠷ᠎ᠢ ᠲᠣᠭᠲᠠᠭᠠᠬᠤ》 ᠵᠢᠨ ᠰᠢᠢᠳᠪᠦᠷᠢᠯᠡᠭᠴᠢ ᠴᠢᠨᠠᠷᠳᠠᠢ ᠠᠴᠢ ᠬᠣᠯᠪᠣᠭᠳᠠᠯ᠎ᠢ ᠭᠦᠨᠵᠡᠭᠡᠢ ᠣᠢᠯᠠᠭᠠᠵᠤ᠂《ᠳᠥᠷᠪᠡᠨ ᠤᠬᠠᠮᠰᠠᠷ》 ᠵᠢᠡᠨ ᠴᠢᠩᠭᠠᠳᠬᠠᠵᠤ᠂《ᠳᠥᠷᠪᠡᠨ ᠢᠲᠡᠭᠡᠯ》 ᠵᠢᠡᠨ ᠪᠠᠲᠤᠳᠬᠠᠵᠤ᠂《ᠬᠣᠶᠠᠷ᠎ᠢ ᠬᠠᠮᠠᠭᠠᠯᠠᠬᠤ》 ᠵᠢ ᠪᠡᠶᠡᠯᠡᠭᠦᠯᠵᠦ᠂ ᠬᠦᠰᠡᠯᠡᠩ ᠢᠳᠡᠭᠡᠯ ᠪᠢᠱᠢᠷᠡᠯ᠎ᠤᠨ ᠲᠤᠭ᠎ᠢ ᠥᠨᠳᠥᠷ ᠮᠠᠨᠳᠤᠭᠤᠯᠵᠤ᠂ ᠲᠦᠮᠡᠨ ᠤᠯᠠᠨ ᠢᠶᠠᠷ᠎ᠢᠶᠠᠨ ᠰᠡᠳᠬᠢᠯ ᠨᠢᠭᠡᠳᠦᠭᠰᠡᠨ ᠠᠤᠭ᠎ᠠ ᠬᠦᠴᠦᠨ᠎ᠢ ᠨᠢᠭ᠍ᠲᠠᠷᠠᠭᠤᠯᠵᠤ᠂ ᠡᠷᠡᠯᠬᠡᠭ ᠪᠠᠭᠠᠲᠤᠷᠯᠢᠭ᠋ ᠡᠷᠡᠰ ᠪᠠᠲᠤ ᠪᠠᠢᠬᠤ᠎ᠶᠢ ᠪᠠᠲᠤᠯᠠᠵᠤ᠂ ᠳᠤᠮᠳᠠᠳᠤ᠎ᠶᠢᠨ ᠬᠥᠪᠡᠭᠦᠳ ᠥᠬᠢᠳ᠎ᠦᠨ ᠶᠡᠬᠡ ᠪᠦᠯᠬᠦᠮᠳᠡᠯ᠎ᠢ ᠴᠢᠩᠭᠠᠳᠬᠠᠵᠤ᠂ ᠨᠢᠭᠡ ᠰᠡᠳᠬᠢᠯ ᠨᠢᠭᠡ ᠵᠣᠷᠢᠭ᠋᠎ᠢᠶᠠᠷ ᠬᠦᠴᠦᠯᠡᠨ ᠴᠢᠷᠮᠠᠢᠵᠤ᠂ ᠨᠡᠢᠭᠡᠮ ᠵᠢᠷᠤᠮᠳᠤ ᠣᠳᠣᠬᠢᠴᠢᠯᠠᠭᠰᠠᠨ ᠤᠯᠤᠰ᠎ᠢ ᠪᠦᠬᠦ ᠲᠠᠯ᠎ᠠ᠎ᠪᠠᠷ ᠪᠦᠲᠦᠭᠡᠨ ᠪᠠᠶ᠋ᠢᠭᠤᠯᠬᠤ᠂ ᠳᠤᠮᠳᠠᠳᠤ᠎ᠶᠢᠨ ᠦᠨᠳᠦᠰᠦᠲᠡᠨ᠎ᠦ ᠠᠭᠤᠤ ᠶᠡᠬᠡ ᠰᠡᠷᠭᠦᠨ ᠮᠠᠨᠳᠤᠯᠲᠠ᠎ᠶᠢᠨ ᠳᠤᠮᠳᠠᠳᠤ᠎ᠶᠢᠨ ᠵᠡᠭᠦᠳᠦ᠎ᠶᠢ ᠲᠡᠷᠭᠡᠯᠰᠢᠭᠦᠯᠬᠦ᠎ᠶᠢᠨ ᠲᠥᠯᠥᠭᠡ ᠴᠥᠬᠥᠷᠡᠰᠢ ᠦᠭᠡᠢ ᠲᠡᠮᠡᠴᠡᠵᠦ᠂ ᠨᠡᠩ ᠠᠭᠤᠤ ᠶᠡᠬᠡ ᠰᠢᠨ᠎ᠡ ᠢᠯᠠᠯᠲᠠ ᠪᠠ ᠢᠷᠠᠭᠤ ᠠᠯᠳᠠᠷ᠎ᠢ ᠲᠡᠮᠡᠴᠡᠨ ᠣᠯᠬᠤ᠎ᠪᠠᠷ ᠴᠢᠷᠮᠠᠢᠰᠤᠭᠠᠢ!
(ᠰᠢᠨᠬᠤᠸᠠ ᠬᠤᠷᠢᠶᠠᠨ᠎ᠤ ᠪᠡᠬᠡᠵᠢᠩ᠎ᠤᠨ 3 ᠰᠠᠷ᠎ᠠ ᠵᠢᠨ 10 ᠤ᠋ ᠴᠠᠬᠢᠯᠭᠠᠨ ᠮᠡᠳᠡᠬᠡ)