《ᠣᠶ ᠱᠢᠭᠤᠶ ᠪᠣᠯ ᠡᠬᠡ ᠬᠠᠭᠤᠷᠠᠶ ᠶ᠋ᠢᠨ ᠠᠮᠢ ᠠᠬᠤᠶ ᠶ᠋ᠢᠨ ᠱᠢᠰᠲ᠋ᠧᠮ᠎ᠦᠨ ᠭᠣᠣᠯ ᠴᠣᠭ᠍ᠴᠠ ᠮᠥᠨ᠂ ᠪᠠᠰᠠ ᠴᠤ᠌ ᠬᠠᠮᠤᠭ ᠤ᠋ᠨ ᠶᠡᠬᠡ〈ᠨᠡᠭᠦᠷᠡᠰᠦᠲᠥ᠋ᠷᠥᠭ᠌ᠴᠢ ᠵᠢ ᠨᠦᠬᠡᠴᠡᠯᠡᠬᠦ ᠬᠥᠮᠥᠷᠭᠡ〉 ᠪᠠ ᠦᠷᠳᠡᠭ ᠵᠢᠡᠷ ᠬᠠᠮᠤᠭ ᠤ᠋ᠨ ᠲᠤᠤᠷ᠎ᠠ 〈ᠨᠡᠭᠦᠷᠡᠰᠦᠲᠥ᠋ᠷᠥᠭ᠌ᠴᠢ ᠵᠢ ᠱᠢᠩᠭᠡᠭᠡᠬᠦ᠌ ᠪᠠᠭᠠᠵᠢ〉ᠮᠥᠨ᠂ ᠡᠨᠡ ᠨᠢ ᠨᠡᠭᠦᠷᠡᠰᠦᠲᠥ᠋ᠷᠥᠭ᠌ᠴᠢ᠎ᠵᠢ ᠰᠠᠭᠠᠷᠮᠠᠭ᠍ᠵᠢᠭᠤᠯᠬᠤ᠎ᠵᠢ ᠪᠡᠶᠡᠯᠡᠭᠦᠯᠬᠦ᠌᠎ᠳᠦ ᠴᠢᠬᠤᠯᠠ ᠠᠴᠢ ᠬᠣᠯᠪᠣᠭ᠍ᠳᠠᠯ᠎ᠲᠠᠶ ᠶᠤᠮ》᠃ ᠨᠡᠭᠦᠷᠡᠰᠦᠲᠥ᠋ᠷᠥᠭ᠌ᠴᠢ᠎ᠵᠢ ᠰᠠᠭᠠᠷᠮᠠᠭ᠍ᠵᠢᠭᠤᠯᠬᠤ ᠲᠤᠬᠠᠢ ᠳᠤᠷᠠᠳᠭᠤ᠎ᠳᠤ᠂ ᠪᠦᠬᠦ᠌ ᠤᠯᠤᠰ ᠤ᠋ᠨ ᠠᠷᠠᠳ ᠤ᠋ᠨ ᠲᠥᠯᠥᠭᠡᠯᠡᠭ᠌ᠴᠢᠳ᠎ᠦᠨ ᠶᠡᠬᠡ ᠬᠤᠷᠠᠯ ᠤ᠋ᠨ ᠲᠥᠯᠥᠭᠡᠯᠡᠭ᠌ᠴᠢ᠂ ᠥᠪᠥᠷ ᠮᠣᠩᠭᠣᠯ ᠤ᠋ᠨ ᠤᠢ ᠱᠢᠭᠤᠢ ᠶ᠋ᠢᠨ ᠠᠵᠤ ᠦᠢᠯᠡᠳᠪᠦᠷᠢ ᠶ᠋ᠢᠨ ᠪᠦᠯᠦᠭ᠌ᠯᠡᠯ᠎ᠦᠨ ᠪᠸᠢ ᠠᠨ ᠤᠢ ᠱᠢᠭᠤᠢ ᠶ᠋ᠢᠨ ᠲᠠᠯᠠᠪᠠᠢ ᠶ᠋ᠢᠨ ᠳᠣᠯᠣᠳᠤᠭᠠᠷ ᠪᠠᠭ᠎ᠠ ᠠᠩᠬᠢ ᠶ᠋ᠢᠨ ᠠᠵᠢᠯᠴᠢᠨ᠎ᠤ ᠠᠩᠬᠢ ᠶ᠋ᠢᠨ ᠳᠠᠷᠤᠭ᠎ᠠ ᠵᠧᠦ ᠢ ᠵᠧ ᠥᠪᠡᠷ᠎ᠦᠨ ᠠᠵᠢᠯᠯᠠᠵᠤ ᠪᠠᠢᠭ᠎ᠠ ᠶᠡᠬᠡ ᠬᠢᠩᠭᠠᠨ ᠳᠠᠪᠠᠭ᠎ᠠ ᠶ᠋ᠢᠨ ᠭᠣᠣᠯᠳᠠᠯᠭ᠎ᠠ᠎ᠲᠠᠶ ᠤᠯᠤᠰ ᠤ᠋ᠨ ᠦᠮᠴᠢᠯᠡᠯ᠎ᠤᠨ ᠱᠢᠭᠤᠢᠲᠤ ᠣᠷᠣᠨ᠎ᠲᠠᠶ ᠪᠠᠨ ᠬᠠᠮᠢᠶᠠᠳᠠᠭᠤᠯᠤᠨ᠂ ᠡᠨᠡ ᠤᠳᠠᠭᠠᠨ᠎ᠤ ᠬᠤᠷᠠᠯ ᠳᠡᠭᠡᠷ᠎ᠡ ᠡᠨᠡ ᠲᠤᠬᠠᠢ ᠰᠠᠨᠠᠭᠤᠯᠭ᠎ᠠ ᠲᠤᠷᠠᠳᠴᠠᠢ᠃

ᠶᠤᠸᠠᠨ ᠶᠦᠩ ᠬᠣᠩ ᠰᠡᠭᠦᠳᠡᠷᠯᠡᠪᠡ
ᠡᠨᠡ ᠵᠢᠯ 58 ᠨᠠᠰᠤᠲᠠᠢ ᠵᠧᠦ ᠢ ᠵᠧ ᠤᠢ ᠱᠢᠭᠤᠢ ᠶ᠋ᠢᠨ ᠡᠮᠦᠨ᠎ᠡ ᠹᠷᠣᠨᠲ᠎ᠲᠤ ᠨᠢᠭᠡᠨᠲᠡ 40 ᠭᠠᠷᠤᠢ ᠵᠢᠯ ᠠᠵᠢᠯᠯᠠᠵᠠᠢ᠃ ᠲᠡᠷᠡ᠄ 《ᠶᠡᠬᠡ ᠬᠢᠩᠭᠠᠨ ᠳᠠᠪᠠᠭ᠎ᠠ ᠶ᠋ᠢᠨ ᠭᠣᠣᠯᠳᠠᠯᠭ᠎ᠠ᠎ᠲᠠᠶ ᠤᠯᠤᠰ ᠤ᠋ᠨ ᠦᠮᠴᠢᠯᠡᠯ᠎ᠤᠨ ᠱᠢᠭᠤᠢᠲᠤ ᠣᠷᠣᠨ ᠪᠣᠯ ᠮᠠᠨ᠎ᠤ ᠤᠯᠤᠰ ᠤ᠋ᠨ ᠲᠠᠯᠠᠪᠠᠢ᠎ᠪᠠᠷ ᠬᠠᠮᠤᠭ ᠤ᠋ᠨ ᠶᠡᠬᠡ ᠤᠯᠤᠰ ᠤ᠋ᠨ ᠦᠮᠴᠢᠯᠡᠯ᠎ᠤᠨ ᠱᠢᠭᠤᠢᠲᠤ ᠣᠷᠣᠨ ᠪᠣᠯᠤᠨ᠎ᠠ᠂ ᠡᠭᠦᠨ᠎ᠳᠦ ᠠᠮᠢ ᠠᠬᠤᠢ ᠶ᠋ᠢᠨ ᠴᠢᠳᠠᠮᠵᠢᠳᠦ ᠣᠷᠣᠨ᠎ᠤ ᠲᠠᠯᠠᠪᠠᠢ 10.67 ᠲᠦᠮᠡᠨ ᠲᠡᠭ᠌ᠰᠢ ᠳᠥᠷᠪᠡᠯᠵᠢᠨ ᠺᠢᠯᠤᠮᠸᠲᠷ ᠪᠠᠢᠵᠤ᠂ ᠤᠷᠭᠤᠭ᠎ᠠ ᠮᠣᠳᠣᠨ᠎ᠤ ᠶᠡᠷᠦᠩᠬᠡᠢ ᠬᠠᠳᠠᠭᠠᠯᠠᠬᠳᠠᠴᠠ 10.33 ᠳ᠋ᠦᠩᠱᠢᠭᠤᠷ ᠪᠣᠰᠣᠭ᠎ᠠ ᠳᠥᠷᠪᠡᠯᠵᠢᠨ ᠮᠸᠲᠷ ᠪᠠᠢᠵᠤ᠂ ᠵᠢᠯ᠎ᠦᠨ ᠤᠷᠭᠤᠭ᠎ᠠ ᠮᠣᠳᠣᠨ᠎ᠤ ᠬᠠᠳᠠᠭᠠᠯᠠᠭ᠍ᠳᠠᠴᠠ ᠶ᠋ᠢᠨ ᠴᠡᠪᠡᠷ ᠨᠡᠮᠡᠭ᠌ᠳᠡᠯ᠎ᠦᠨ ᠬᠡᠮᠵᠢᠶ᠎ᠡ ᠦᠷᠭᠦᠯᠵᠢᠯᠡᠨ 2100 ᠲᠦᠮᠡᠨ ᠪᠣᠰᠣᠭ᠎ᠠ ᠳᠥᠷᠪᠡᠯᠵᠢᠨ ᠮᠸᠲᠷ ᠣᠷᠴᠢᠮ ᠢ᠋ ᠪᠠᠲᠤᠯᠠᠵᠤ᠂ 4000 ᠲᠦᠮᠡᠨ ᠲᠣᠨ ᠱᠢᠬᠠᠮ ᠨᠡᠭᠦᠷᠡᠰᠦᠲᠥ᠋ᠷᠥᠭ᠌ᠴᠢ᠎ᠵᠢ ᠰᠠᠭᠠᠷᠮᠠᠭ᠍ᠵᠢᠭᠤᠯᠬᠤ ᠣᠷᠣᠨ ᠵᠠᠢ ᠬᠠᠩᠭᠠᠵᠤ ᠲᠡᠢᠯᠦᠨ᠎ᠠ᠃ ᠶᠡᠬᠡ ᠬᠢᠩᠭᠠᠨ ᠳᠠᠪᠠᠭ᠎ᠠ ᠶ᠋ᠢᠨ ᠭᠣᠣᠯᠳᠠᠯᠭ᠎ᠠ᠎ᠲᠠᠶ ᠤᠯᠤᠰ ᠤ᠋ᠨ ᠦᠮᠴᠢᠯᠡᠯ᠎ᠤᠨ ᠱᠢᠭᠤᠢᠲᠤ ᠣᠷᠣᠨ᠎ᠤ ᠨᠡᠭᠡᠭᠡᠨ ᠠᠱᠢᠭ᠍ᠯᠠᠵᠤ ᠪᠣᠯᠬᠤ ᠨᠡᠭᠦᠷᠡᠰᠦᠲᠥ᠋ᠷᠥᠭ᠌ᠴᠢ ᠶ᠋ᠢ ᠬᠤᠷᠠᠮᠳᠤᠭᠤᠯᠬᠤ ᠤᠢ ᠰᠢᠭᠤᠢ ᠶ᠋ᠢᠨ ᠲᠠᠯᠠᠪᠠᠢ 260 ᠲᠦᠮᠡᠨ ᠾᠧᠺᠲ᠋ᠠᠷ᠎ᠲᠤ ᠬᠦᠷᠴᠦ᠍᠂ ᠤᠨᠤᠯ ᠤ᠋ᠨ ᠦᠶᠡᠯᠡᠯ᠎ᠦᠨ ᠬᠤᠭᠤᠴᠠᠭᠠᠨ᠎ᠳᠠᠬᠢ ᠵᠢᠯ ᠳᠤᠮᠳᠠᠴᠢ᠎ᠵᠢᠨ ᠨᠡᠭᠦᠷᠡᠰᠦᠲᠥ᠋ᠷᠥᠭ᠌ᠴᠢ ᠵᠢᠨ ᠭᠠᠳᠠᠭ᠍ᠰᠢᠯᠠᠭᠤᠯᠤᠯᠲᠠ ᠶ᠋ᠢ ᠪᠠᠭᠠᠰᠬᠠᠬᠤ ᠬᠡᠮᠵᠢᠶ᠎ᠡ 700 ᠲᠦᠮᠡᠨ ᠲᠣᠨ ᠨᠡᠭᠦᠷᠡᠰᠦᠲᠥ᠋ᠷᠥᠭ᠌ᠴᠢ ᠶ᠋ᠢᠨ ᠳᠠᠪᠬᠤᠷ ᠢᠰᠦᠯ᠎ᠦᠨ ᠬᠡᠮᠵᠢᠶᠡᠨ᠎ᠳᠦ ᠬᠦᠷᠴᠤ ᠲᠡᠢᠯᠤᠨ᠎ᠠ》 ᠭᠡᠵᠦ᠍ ᠶᠠᠷᠢᠨ᠎ᠠ᠃
ᠵᠧᠸ᠋ ᠢ ᠵᠧ ᠵᠢᠨ ᠦᠵᠡᠬᠦ ᠪᠡᠷ᠂ ᠶᠡᠬᠡ ᠬᠢᠩᠭᠠᠨ ᠳᠠᠪᠠᠭ᠎ᠠ ᠶ᠋ᠢᠨ ᠭᠣᠣᠯᠳᠠᠯᠭ᠎ᠠ᠎ᠲᠠᠶ ᠤᠯᠤᠰ ᠤ᠋ᠨ ᠥᠮᠴᠢᠯᠡᠯ᠎ᠦᠨ ᠱᠢᠭᠤᠢᠲᠤ ᠣᠷᠣᠨ᠎ᠳᠤ ᠤᠯᠤᠰ ᠤ᠋ᠨ ᠥᠮᠴᠢᠯᠡᠯ᠎ᠦᠨ ᠣᠶ ᠱᠢᠭᠤᠶ ᠶ᠋ᠢᠨ ᠨᠡᠭᠦᠷᠡᠰᠦᠲᠥ᠋ᠷᠥᠭ᠌ᠴᠢ᠎ᠵᠢ ᠬᠤᠷᠠᠮᠳᠤᠭᠤᠯᠤᠨ ᠨᠥᠭᠡᠴᠡᠯᠡᠬᠦ᠌ ᠰᠠᠭᠤᠷᠢᠨ᠎ᠤ ᠲᠤᠷᠱᠢᠯᠲᠠ ᠶ᠋ᠢᠨ ᠴᠡᠭ ᠢ᠋ ᠪᠦᠲᠦᠭᠡᠨ ᠪᠠᠢᠭᠤᠯᠬᠤ ᠨᠢ ᠤᠯᠤᠰ ᠤ᠋ᠨ ᠦᠮᠴᠢᠯᠡᠯ᠎ᠤᠨ ᠱᠢᠭᠤᠢᠲᠤ ᠣᠷᠣᠨ᠎ᠤ ᠠᠮᠢ ᠠᠬᠤᠶ ᠶ᠋ᠢᠨ ᠴᠢᠳᠠᠮᠵᠢ ᠶ᠋ᠢ ᠪᠠᠳᠠᠷᠠᠭᠤᠯᠬᠤ᠂ ᠠᠮᠢ ᠠᠬᠤᠶ ᠶ᠋ᠢᠨ ᠠᠮᠤᠷ ᠲᠦᠪᠱᠢᠨ ᠢ᠋ ᠬᠠᠮᠠᠭᠠᠯᠠᠬᠤ᠂ ᠠᠮᠢ ᠠᠬᠤᠶ ᠶ᠋ᠢᠨ ᠦᠶ᠋ᠯᠡᠴᠢᠯᠡᠭᠡ ᠬᠠᠩᠭᠠᠬᠤ ᠡᠭᠦᠷᠭᠡ ᠴᠢᠳᠠᠪᠬᠢ ᠶ᠋ᠢᠨ ᠪᠠᠢᠷᠢ ᠲᠣᠭ᠍ᠲᠠᠭᠠᠯᠲᠠ᠎ᠲᠠᠶ ᠳᠡᠭᠡᠳᠦ ᠬᠡᠮᠵᠢᠶ᠎ᠡ᠎ᠪᠡᠷ ᠨᠢᠭᠡᠳᠦᠯᠲᠡᠶ ᠪᠠᠢᠵᠤ᠂ ᠤᠯᠤᠰ ᠤ᠋ᠨ ᠦᠮᠴᠢᠯᠡᠯ᠎ᠤᠨ ᠱᠢᠭᠤᠢᠲᠤ ᠣᠷᠣᠨ᠎ᠤ ᠠᠵᠤ ᠠᠬᠤᠶ ᠶ᠋ᠢᠨ ᠬᠡᠯᠪᠡᠷᠢ᠎ᠪᠡᠨ ᠬᠤᠪᠢᠷᠠᠭᠤᠯᠬᠤ ᠶ᠋ᠢ ᠠᠬᠢᠭᠤᠯᠬᠤ᠂ ᠠᠮᠢ ᠠᠬᠤᠶ ᠶ᠋ᠢᠨ ᠪᠦᠲᠦᠭᠡᠭ᠌ᠳᠡᠬᠦᠨ᠎ᠦ ᠥᠷᠲᠡᠭ᠎ᠦᠨ ᠬᠤᠪᠢᠷᠠᠭᠤᠯᠤᠯᠲᠠ ᠶ᠋ᠢ ᠪᠡᠶᠡᠯᠡᠭᠦᠯᠬᠦ᠌ ᠴᠢᠬᠤᠯᠠ ᠠᠷᠭ᠎ᠠ ᠵᠠᠮ ᠪᠣᠯᠬᠤ ᠪᠥᠭᠡᠳ ᠪᠠᠰᠠ ᠱᠢᠭᠤᠢᠲᠤ ᠣᠷᠣᠨ᠎ᠤ ᠣᠶ ᠱᠢᠭᠤᠶ ᠶ᠋ᠢᠨ ᠶᠠᠰᠤ ᠴᠢᠨᠠᠷ ᠤ᠋ᠨ ᠳᠡᠭᠡᠭ᠌ᠰᠢᠯᠡᠯᠲᠡ ᠶ᠋ᠢ ᠠᠬᠢᠭᠤᠯᠬᠤ ᠴᠢᠬᠤᠯᠠ ᠭᠠᠷᠳᠠᠴᠠ ᠪᠠᠢᠵᠤ᠂ ᠤᠯᠤᠰ ᠤ᠋ᠨ ᠨᠡᠭᠦᠷᠡᠰᠦᠲᠥ᠋ᠷᠥᠭ᠌ᠴᠢ ᠶ᠋ᠢᠨ ᠬᠤᠷᠠᠮᠳᠤᠭᠤᠯᠭ᠎ᠠ᠎ᠵᠢ ᠨᠡᠮᠡᠭ᠌ᠳᠡᠭᠦᠯᠬᠦ᠌᠂ ᠨᠡᠭᠦᠷᠡᠰᠦᠲᠥ᠋ᠷᠥᠭ᠌ᠴᠢ᠎ᠵᠢ ᠰᠠᠭᠠᠷᠮᠠᠭ᠍ᠵᠢᠭᠤᠯᠬᠤ᠎ᠵᠢ ᠪᠡᠶᠡᠯᠡᠭᠦᠯᠬᠦ᠌᠎ᠳᠦ ᠴᠢᠬᠤᠯᠠ ᠶᠡᠬᠡ ᠠᠴᠢ ᠬᠣᠯᠪᠣᠭ᠍ᠳᠠᠯ᠎ᠲᠠᠶ ᠶᠤᠮ᠃
ᠡᠢᠨ ᠬᠦ᠌᠂ ᠵᠧᠦ ᠢ ᠵᠧ ᠭᠤᠷᠪᠠᠨ ᠰᠠᠨᠠᠭᠤᠯᠭ᠎ᠠ ᠳᠤᠷᠠᠳᠪᠠ᠃ ᠨᠢᠭᠡ᠎ᠳᠦ᠂ ᠤᠯᠤᠰ᠎ᠠᠴᠠ ᠶᠡᠬᠡ ᠬᠢᠩᠭᠠᠨ ᠳᠠᠪᠠᠭ᠎ᠠ ᠶ᠋ᠢᠨ ᠭᠣᠣᠯᠳᠠᠯᠭᠠᠲᠠᠶᠤᠯᠤᠰᠤ᠋ᠨᠦᠮᠴᠢᠯᠡᠯᠤᠨᠱᠢᠭᠤᠢᠲᠤᠣᠷᠣᠨᠤᠤᠯᠤᠰᠤ᠋ᠨᠦᠮᠴᠢᠯᠡᠯᠤᠨᠣᠶᠱᠢᠭᠤᠶᠶ᠋ᠢᠨ ᠨᠡᠭᠦᠷᠡᠰᠦᠲᠥ᠋ᠷᠥᠭ᠌ᠴᠢ ᠵᠢ ᠬᠤᠷᠠᠮᠳᠤᠭᠤᠯᠤᠨ ᠨᠥᠭᠡᠴᠡᠯᠡᠬᠦ᠌ ᠰᠠᠭᠤᠷᠢᠨ᠎ᠤ ᠲᠤᠷᠰᠢᠯᠲᠠ᠎ᠵᠢᠨ ᠴᠡᠭ ᠢ᠋ ᠪᠦᠲᠦᠭᠡᠨ ᠪᠠᠢᠭᠤᠯᠬᠤ᠂ ᠨᠡᠭᠦᠷᠡᠰᠦᠲᠥ᠋ᠷᠥᠭ᠌ᠴᠢ ᠶ᠋ᠢ ᠬᠤᠷᠠᠮᠳᠤᠭᠤᠯᠬᠤ ᠤᠷᠳᠤ ᠬᠤᠭᠤᠴᠠᠭᠠᠨ᠎ᠤ ᠱᠢᠨᠵᠢᠯᠡᠬᠦ᠌ ᠤᠬᠠᠭᠠᠨ᠎ᠤ ᠰᠤᠳᠤᠯᠭᠠᠨ᠎ᠤ ᠰᠠᠭᠤᠷᠢᠨ ᠪᠠ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ ᠢ᠋ ᠳᠡᠯᠭᠡᠷᠡᠭᠦᠯᠬᠦ᠌ ᠰᠠᠭᠤᠷᠢᠨᠪᠠᠢᠭᠤᠯᠬᠤᠵᠢ ᠳᠡᠮᠵᠢᠵᠦ᠂ ᠤᠢ ᠱᠢᠭᠤᠶ ᠶ᠋ᠢᠨ ᠬᠤᠷᠠᠮᠳᠤᠭᠤᠯᠭ᠎ᠠ ᠶ᠋ᠢ ᠨᠡᠮᠡᠭ᠌ᠳᠡᠭᠦᠯᠬᠦ᠌ ᠡᠵᠡᠩᠨᠡᠯᠲᠡ ᠶ᠋ᠢᠨ ᠮᠡᠷᠭᠡᠵᠢᠯ ᠢ᠋ ᠰᠤᠳᠤᠯᠤᠨ ᠳᠡᠯᠭᠡᠷᠡᠭᠦᠯᠬᠦ᠌ ᠶ᠋ᠢ ᠭᠦᠨᠵᠡᠭᠡᠶ ᠠᠬᠢᠭᠤᠯᠵᠤ᠂ ᠨᠡᠭᠦᠷᠡᠰᠦᠲᠥ᠋ᠷᠥᠭ᠌ᠴᠢ᠎ᠵᠢᠨ ᠭᠠᠳᠠᠭᠰᠢᠯᠠᠭᠤᠯᠤᠯᠲᠠ᠎ᠵᠢ ᠪᠠᠭᠠᠰᠬᠠᠬᠤ ᠵᠢᠱ᠌ᠢᠶ᠎ᠡ ᠦᠵᠡᠭᠦᠯᠬᠦ᠌ ᠠᠵᠢᠯ ᠢ᠋ ᠥᠷᠨᠢᠭᠦᠯᠵᠦ᠍᠂ ᠤᠢ ᠱᠢᠭᠤᠶ ᠶ᠋ᠢᠨ ᠦᠢᠯᠡᠰ᠎ᠦᠨ ᠨᠡᠭᠦᠷᠡᠰᠦᠲᠥ᠋ᠷᠥᠭ᠌ᠴᠢ ᠶ᠋ᠢ ᠬᠤᠷᠠᠮᠳᠤᠭᠤᠯᠬᠤ᠎ᠵᠢ ᠨᠡᠭᠦᠷᠡᠰᠦᠲᠥ᠋ᠷᠥᠭ᠌ᠴᠢ ᠶ᠋ᠢ ᠰᠠᠭᠠᠷᠮᠠᠭ᠍ᠵᠢᠭᠤᠯᠬᠤ᠎ᠳᠦ ᠤᠷᠤᠯᠴᠠᠭᠤᠯᠬᠤ ᠱᠢᠨ᠎ᠡ ᠲᠣᠭ᠍ᠲᠠᠴᠠ ᠱᠢᠨ᠎ᠡ ᠠᠷᠭ᠎ᠠ ᠵᠠᠮ ᠢ᠋ ᠬᠠᠢᠨ ᠰᠦᠪᠡᠭ᠌ᠴᠢᠯᠡᠵᠦ᠍᠂ ᠤᠯᠤᠰ ᠤ᠋ᠨ 《ᠬᠣᠣᠰ ᠨᠡᠭᠦᠷᠡᠰᠦᠲᠥ᠋ᠷᠥᠭ᠌ᠴᠢ》 ᠶ᠋ᠢᠨ ᠪᠠᠢᠯᠳᠤᠬᠤ ᠪᠤᠳᠤᠯᠭ᠎ᠠ ᠶ᠋ᠢᠨ ᠤᠯᠤᠰ ᠤ᠋ᠨ ᠥᠮᠴᠢᠯᠡᠯ᠎ᠤᠨ ᠤᠢ ᠱᠢᠭᠤᠶ ᠶ᠋ᠢᠨ ᠲᠤᠷᠱᠢᠯᠲᠠ ᠶ᠋ᠢᠨ ᠭᠠᠵᠠᠷ᠎ᠢ ᠪᠦᠳᠦᠭᠡᠨ ᠪᠠᠢᠭᠤᠯᠬᠤ ᠵᠢ ᠬᠦᠰᠡᠵᠦ ᠪᠠᠢᠨ᠎ᠠ᠃ ᠬᠣᠶᠠᠷ᠎ᠲᠤ᠂ ᠨᠡᠭᠦᠷᠡᠰᠦᠲᠥ᠋ᠷᠥᠭ᠌ᠴᠢ ᠶ᠋ᠢ ᠬᠤᠷᠠᠮᠳᠤᠭᠤᠯᠬᠤ ᠳᠤᠬᠢᠷᠠᠭᠤᠯᠤᠯᠳᠠ ᠶ᠋ᠢᠨ ᠲᠣᠭ᠎ᠠ ᠶ᠋ᠢ ᠲᠦᠷᠭᠡᠳᠬᠡᠨ ᠨᠠᠢᠳᠠᠪᠤᠷᠢᠵᠢᠭᠤᠯᠵᠤ᠂ ᠤᠢ ᠱᠢᠭᠤᠶ ᠶ᠋ᠢᠨ ᠦᠢᠯᠡᠰ᠎ᠦᠨ ᠨᠡᠭᠦᠷᠡᠰᠦᠲᠥ᠋ᠷᠥᠭ᠌ᠴᠢ ᠶ᠋ᠢ ᠬᠤᠷᠠᠮᠳᠤᠭᠤᠯᠬᠤ ᠪᠣᠷᠣᠯᠠᠭᠤᠯᠭ᠎ᠠ ᠶ᠋ᠢᠨ ᠲᠣᠭ᠎ᠠ ᠶ᠋ᠢ ᠪᠣᠬᠢᠷᠲᠤᠯ ᠪᠣᠳᠠᠰ ᠭᠠᠳᠠᠭ᠍ᠰᠢᠯᠠᠭᠤᠯᠬᠤ ᠬᠡᠮᠵᠢᠶ᠎ᠡ ᠶ᠋ᠢ ᠪᠠᠭᠠᠰᠭᠠᠬᠤ ᠱᠢᠰᠲ᠋ᠧᠮ᠎ᠳᠦ ᠣᠷᠣᠭᠤᠯᠤᠨ ᠠᠷᠠᠯᠵᠢᠶᠠᠯᠠᠬᠤ ᠶ᠋ᠢ ᠳᠡᠮᠵᠢᠬᠦ᠌ ᠶ᠋ᠢᠨ ᠬᠠᠮᠲᠤ ᠪᠦᠬᠦ᠌ ᠤᠯᠤᠰ ᠤ᠋ᠨ ᠴᠢᠨᠠᠷᠲᠠᠶ ᠠᠷᠠᠯᠵᠢᠶᠠᠨ᠎ᠤ ᠱᠢᠰᠲ᠋ᠧᠮ᠎ᠳᠦ ᠬᠠᠷᠠᠭᠠᠯᠵᠠᠬᠰᠠᠨ ᠬᠠᠷᠢᠴᠠᠯ ᠢ᠋ ᠲᠣᠳᠣᠷᠬᠠᠢᠯᠠᠵᠤ᠂ ᠤᠢ ᠱᠢᠭᠤᠶ ᠶ᠋ᠢᠨ ᠦᠢᠯᠡᠰ᠎ᠦᠨ ᠨᠡᠭᠦᠷᠡᠰᠦᠲᠥ᠋ᠷᠥᠭ᠌ᠴᠢ ᠶ᠋ᠢ ᠬᠤᠷᠠᠮᠳᠤᠭᠤᠯᠬᠤ ᠨᠡᠭᠡᠭᠡᠨ ᠬᠥᠭ᠌ᠵᠢᠭᠦᠯᠬᠦ᠌ ᠵᠠᠬ᠎ᠠ ᠳᠡᠯᠭᠡᠭᠦᠷ ᠤ᠋ᠨ ᠵᠢᠱ᠌ᠢᠯᠲᠡ᠌ᠵᠢ ᠨᠡᠮᠡᠭᠳᠡᠭᠦᠯᠦᠨ᠎ᠡ᠃ ᠭᠤᠷᠪᠠ᠎ᠳᠤ᠂ ᠡᠩ ᠲᠡᠷᠢᠭᠦᠨ᠎ᠳᠦ ᠶᠡᠬᠡ ᠬᠢᠩᠭᠠᠨ ᠳᠠᠪᠠᠭ᠎ᠠ ᠶ᠋ᠢᠨ ᠭᠣᠣᠯᠳᠠᠯᠭ᠎ᠠ᠎ᠲᠠᠶ ᠤᠯᠤᠰ ᠤ᠋ᠨ ᠥᠮᠴᠢᠯᠡᠯ᠎ᠤᠨ ᠱᠢᠭᠤᠢᠲᠤ ᠣᠷᠣᠨ᠎ᠳᠤ ᠣᠶ ᠱᠢᠭᠤᠶ ᠶ᠋ᠢ ᠬᠠᠮᠠᠭᠠᠯᠠᠨ ᠬᠤᠷᠠᠮᠳᠤᠭᠤᠯᠭ᠎ᠠ ᠶ᠋ᠢ ᠨᠡᠮᠡᠭᠳᠡᠭᠦᠯᠬᠦ᠎ᠵᠢ ᠨᠠᠷᠢᠯᠢᠭ ᠣᠨᠣᠴᠠᠲᠠᠶ᠎ᠪᠠᠷ ᠳᠡᠭᠡᠭ᠌ᠰᠢᠯᠡᠭᠦᠯᠬᠦ᠌ ᠢᠨᠵᠧᠨᠧᠷᠢᠩ ᠢ᠋ ᠬᠡᠷᠡᠭ᠌ᠵᠢᠭᠦᠯᠵᠦ᠍ ᠂ ᠲᠥᠷᠥ ᠶ᠋ᠢᠨ ᠪᠣᠳᠣᠯᠭ᠎ᠠ ᠶ᠋ᠢᠨ ᠳᠡᠮᠵᠢᠯᠭᠡ ᠂ ᠬᠠᠮᠢᠶᠠᠷᠤᠯᠲᠠ ᠶ᠋ᠢᠨ ᠲᠣᠭ᠍ᠲᠠᠴᠠ ᠶ᠋ᠢᠨ ᠵᠣᠬᠢᠴᠠᠭᠤᠯᠭ᠎ᠠ ᠶ᠋ᠢ ᠴᠢᠩᠭᠠᠳᠭᠠᠵᠤ ᠂ ᠣᠶ ᠱᠢᠭᠤᠶ ᠶ᠋ᠢᠨ ᠡᠬᠢ ᠪᠠᠶᠠᠯᠢᠭ ᠢ᠋ ᠪᠣᠢᠵᠢᠭᠤᠯᠬᠤ ᠬᠠᠷᠢᠭᠤᠴᠠᠯᠭ᠎ᠠ ᠶ᠋ᠢ ᠦᠨᠡᠨ ᠬᠦ᠌ ᠨᠠᠢᠳᠠᠪᠤᠷᠢᠵᠢᠭᠤᠯᠤᠨ᠂ ᠣᠶ ᠱᠢᠭᠤᠶ ᠶ᠋ᠢᠨ ᠬᠠᠳᠠᠭᠠᠯᠠᠭ᠍ᠳᠠᠴᠠ ᠶ᠋ᠢᠨ ᠬᠡᠮᠵᠢᠶ᠎ᠡ ᠪᠠ ᠨᠢᠭᠡᠴᠢ ᠲᠠᠯᠠᠪᠠᠶ ᠶ᠋ᠢᠨ ᠭᠠᠷᠤᠯᠲᠠ ᠶ᠋ᠢᠨ ᠨᠣᠷᠮ᠎ᠠ ᠶ᠋ᠢ ᠳᠡᠭᠡᠭ᠌ᠰᠢᠯᠡᠭᠦᠯᠵᠦ᠍᠂ ᠣᠶ ᠱᠢᠭᠤᠶ ᠶ᠋ᠢᠨ ᠨᠡᠭᠦᠷᠡᠰᠦᠲᠥ᠋ᠷᠥᠭ᠌ᠴᠢ ᠶ᠋ᠢ ᠬᠤᠷᠠᠮᠳᠤᠭᠤᠯᠬᠤ ᠴᠢᠳᠠᠪᠤᠷᠢ ᠶ᠋ᠢ ᠲᠠᠰᠤᠷᠠᠯᠲᠠ ᠥᠬᠡᠶ ᠨᠡᠮᠡᠭ᠌ᠳᠡᠭᠦᠯᠦᠨ᠂ ᠨᠠᠩ ᠥᠨᠳᠥᠷ ᠲᠠᠰ ᠳᠠᠪᠬᠤᠷᠭ᠎ᠠ᠎ᠳᠤ ᠣᠶ ᠱᠢᠭᠤᠶ ᠶ᠋ᠢᠨ ᠠᠮᠢ ᠠᠬᠤᠶ ᠶ᠋ᠢᠨ ᠦᠷ᠎ᠡ ᠠᠱᠢᠭ᠂ ᠠᠵᠤ ᠠᠬᠤᠶ ᠶ᠋ᠢᠨ ᠦᠷ᠎ᠡ ᠠᠱᠢᠭ ᠪᠠ ᠨᠡᠢᠭᠡᠮ᠎ᠦᠨ ᠦᠷ᠎ᠡ ᠠᠱᠢᠭ ᠤ᠋ᠨ ᠣᠯᠠᠨ ᠲᠠᠯ᠎ᠠ ᠶ᠋ᠢᠨ ᠠᠱᠢᠭ ᠲᠤᠰᠠ ᠶ᠋ᠢ ᠪᠡᠶᠡᠯᠡᠭᠦᠯᠪᠡᠯ ᠵᠤᠬᠢᠨ᠎ᠡ ᠃