ᠶᠡᠷᠦᠩᠬᠡᠢ ᠱᠦᠵᠢ ᠰᠢ ᠵᠢᠨ ᠫᠢᠩ ᠠᠷᠪᠠᠨ ᠭᠤᠷᠪᠠᠳᠤᠭᠠᠷ ᠬᠤᠭᠤᠴᠠᠭᠠᠨ᠎ᠤ᠋ ᠪᠥᠬᠥ᠌ ᠤᠯᠤᠰ᠎ᠤ᠋ᠨ ᠠᠷᠠᠳ᠎ᠤ᠋ᠨ ᠲᠥᠯᠥᠭᠡᠯᠡᠭ᠌ᠴᠢᠳ᠎ᠤᠨ ᠶᠡᠬᠡ ᠬᠤᠷᠠᠯ᠎ᠤ᠋ᠨ ᠲᠠᠪᠤᠳᠤᠭᠠᠷ ᠬᠤᠷᠠᠯ᠎ᠤ᠋ᠨ ᠥᠪᠥᠷ ᠮᠣᠩᠭᠣᠯ᠎ᠤ᠋ᠨ ᠲᠥᠯᠥᠭᠡᠯᠡᠭ᠌ᠴᠢᠳ᠎ᠤᠨ ᠪᠦᠯᠬᠦᠮᠦ᠋ᠨ ᠬᠢᠨᠠᠨ ᠵᠥᠪᠯᠡᠬᠦᠳ᠋ᠦ᠍ ᠣᠷᠣᠯᠴᠠᠬᠤᠳ᠋ᠠᠭᠠᠨ᠂ ᠬᠢᠵᠢᠭ᠎ᠦ᠋ᠨ ᠪᠠᠢᠳᠠᠯ᠎ᠢ ᠰᠡᠷᠭᠡᠢᠯᠡᠨ ᠡᠵᠡᠮᠳᠡᠬᠦ᠌ ᠪᠠ ᠠᠵᠤ ᠠᠬᠤᠢ ᠨᠡᠢᠭᠡᠮ᠎ᠦ᠋ᠨ ᠬᠥᠭ᠌ᠵᠢᠯᠲᠡ᠎ᠶᠢ ᠨᠢᠭᠡᠳᠦᠯᠲᠡᠢ ᠲᠥᠯᠥᠪᠵᠢᠬᠦᠯᠦᠨ ᠰᠠᠢᠲᠤᠷ ᠠᠳᠭᠤᠵᠤ᠂ ᠬᠢᠵᠢᠭ᠎ᠦ᠋ᠨ ᠪᠠᠢᠳᠠᠯ᠎ᠢ ᠰᠡᠷᠭᠡᠢᠯᠡᠨ ᠡᠵᠡᠮᠳᠡᠬᠦ᠌᠎ᠶᠢ ᠪᠠᠢᠩᠭᠣᠵᠢᠭᠣᠯᠬᠣ ᠡᠯ᠎ᠡ ᠵᠦᠢᠯ᠎ᠦ᠋ᠨ ᠠᠷᠭ᠎ᠠ ᠬᠡᠮᠵᠢᠶ᠎ᠡ᠎ᠶᠢ ᠰᠠᠢᠲᠤᠷ ᠨᠠᠢᠳᠠᠪᠤᠷᠢᠵᠢᠭᠤᠯᠵᠤ᠂ ᠰᠡᠷᠭᠡᠢᠯᠡᠨ ᠡᠵᠡᠮᠳᠡᠬᠦ᠌᠎ᠶᠢ ᠪᠠᠢᠩᠭᠣᠵᠢᠭᠣᠯᠬᠣ ᠪᠠ ᠭᠡᠨᠡᠳᠲᠡ ᠡᠭᠦᠰᠭᠦ ᠬᠢᠵᠢᠭ᠎ᠦ᠋ᠨ ᠪᠠᠢᠳᠠᠯ᠎ᠢ ᠪᠠᠴᠢᠮ ᠠᠷᠭᠠᠴᠠᠭᠠᠨ ᠱᠢᠢᠳᠪᠦᠷᠢᠯᠡᠬᠦ᠌ ᠲᠣᠭ᠍ᠲᠠᠴᠠ᠎ᠶᠢ ᠲᠡᠭᠦᠯᠳᠡᠷᠵᠢᠭᠦᠯᠵᠦ᠍᠂ ᠬᠢᠯᠢ᠎ᠶᠢᠨ ᠪᠣᠭᠣᠮᠲᠠ᠎ᠶᠢᠨ ᠭᠠᠵᠠᠷ ᠣᠷᠣᠨ᠎ᠤ᠋ ᠬᠢᠵᠢᠭ᠎ᠦ᠋ᠨ ᠪᠠᠢᠳᠠᠯ᠎ᠢ ᠰᠡᠷᠭᠡᠢᠯᠡᠨ ᠡᠵᠡᠮᠳᠡᠬᠦ᠌ ᠡᠨᠡ ᠬᠦ᠌ ᠭᠣᠣᠯᠳᠠᠯᠭ᠎ᠠ᠎ᠶᠢ ᠳᠣᠪᠣᠢᠯᠭᠠᠵᠦ᠂ ᠬᠢᠵᠢᠭᠶᠡᠬᠡ ᠬᠡᠪᠴᠢᠶ᠎ᠠ ᠪᠡᠷ ᠳᠠᠬᠢᠨ ᠡᠬᠦᠰᠬᠦ ᠦᠭᠡᠢ ᠪᠠᠢᠬᠤ ᠬᠣᠷᠢᠭ᠎ᠠ ᠱᠤᠭᠤᠮ᠎ᠢ ᠪᠠᠳᠤ ᠰᠠᠬᠢᠬᠤ ᠬᠡᠷᠡᠭ᠌ᠲᠡᠢ ᠭᠡᠵᠦ᠍ ᠴᠢᠬᠤᠯᠠᠴᠢᠯᠠᠪᠠ᠃ ᠪᠥᠬᠥ᠌ ᠤᠯᠤᠰ᠎ᠤ᠋ᠨ ᠤᠯᠤᠰ ᠲᠥᠷᠥ᠎ᠶᠢᠨ ᠵᠥᠪᠯᠡᠯᠭᠡᠨᠦ᠌ ᠭᠡᠱᠢᠭᠦᠨ᠂ ᠥᠪᠡᠷᠲᠡᠭᠡᠨ ᠵᠠᠰᠠᠬᠤ ᠣᠷᠣᠨ᠎ᠤ᠋ ᠬᠥᠮᠦᠨ᠎ᠦ᠌ ᠬᠦᠴᠦᠨ᠎ᠦ᠌ ᠡᠬᠢ ᠪᠠᠶᠠᠯᠢᠭ ᠪᠠ ᠨᠡᠢᠭᠡᠮ᠎ᠦ᠋ᠨ ᠪᠠᠲᠤᠯᠠᠭ᠎ᠠ᠎ᠶᠢᠨ ᠲᠢᠩᠬᠢᠮᠦ᠋ᠨ ᠳᠡᠳ᠋ ᠳᠠᠷᠤᠭ᠎ᠠ ᠱᠢᠦᠢ ᠷᠦᠢ ᠱᠢᠶᠠ ᠡᠨᠡ ᠲᠣᠬᠠᠢ ᠮᠠᠰᠢ ᠭᠦᠨ ᠰᠠᠭᠤᠭᠳᠠᠯ ᠲᠠᠢ ᠪᠠᠢᠯ᠎ᠠ᠃ ᠲᠤᠰ ᠤᠳᠠᠭᠠᠨ᠎ᠤ᠋ ᠬᠤᠷᠠᠯ᠎ᠳ᠋ᠤ ᠲᠡᠷᠡ ᠬᠢᠯᠢ᠎ᠶᠢᠨ ᠪᠣᠭᠣᠮᠲᠠ᠎ᠶᠢᠨ ᠬᠣᠲᠠ᠎ᠶᠢᠨ ᠬᠦᠨᠳᠦ ᠶᠡᠬᠡ ᠬᠢᠵᠢᠭ᠎ᠦ᠋ᠨ ᠪᠠᠢᠳᠠᠯ᠎ᠤᠨ ᠡᠮᠴᠢᠯᠡᠭᠡᠨ᠎ᠤ ᠠᠪᠣᠷᠠᠨ ᠵᠠᠰᠠᠬᠤ ᠪᠠ ᠪᠦᠭᠡᠮ ᠬᠦᠴᠢᠯ᠎ᠤᠨ ᠪᠠᠢᠴᠠᠭᠠᠯᠳᠠ ᠬᠢᠬᠦ ᠴᠢᠳᠠᠪᠤᠷᠢ᠎ᠶᠢᠨ ᠪᠠᠢᠭᠤᠯᠤᠯᠲᠠ᠎ᠶᠢ ᠴᠢᠩᠭᠠᠳᠬᠠᠬᠣ ᠲᠤᠬᠠᠢ ᠰᠠᠨᠠᠯ ᠲᠣᠷᠠᠲᠣᠯᠭᠠ ᠲᠡᠪᠰᠢᠬᠦᠯᠵᠠᠢ᠃
《ᠬᠢᠯᠢ᠎ᠶᠢᠨ ᠪᠣᠭᠣᠮᠲᠠ᠎ᠶᠢᠨ ᠬᠣᠲᠠ ᠶᠡᠷᠦ ᠨᠢ ᠬᠦᠨᠳᠦ ᠶᠡᠬᠡ ᠬᠢᠵᠢᠭ᠎ᠢ ᠰᠡᠷᠭᠡᠢᠯᠡᠨ ᠡᠵᠡᠮᠳᠡᠬᠦ ᠳᠠᠷᠤᠯᠲᠠᠳ᠋ᠤ ᠲᠤᠯᠭᠠᠷᠠᠵᠤ᠂ ᠢᠯᠠᠩᠭᠤᠶ᠎ᠠ ᠬᠢᠯᠢ᠎ᠶᠢᠨ ᠭᠠᠳᠠᠨᠠᠬᠢ ᠬᠢᠵᠢᠭ ᠦᠷᠭᠦᠯᠵᠢᠯᠡᠨ ᠥᠷᠭᠡᠵᠢᠨ ᠳᠡᠯᠭᠡᠷᠡᠵᠦ ᠪᠠᠢᠬᠤ ᠨᠢ ᠬᠢᠵᠢᠭ᠎ᠤᠨ ᠪᠠᠢᠲᠠᠯ᠎ᠢ ᠰᠡᠷᠭᠡᠢᠯᠡᠨ ᠡᠵᠡᠮᠳᠡᠬᠦ ᠠᠵᠢᠯ᠎ᠳ᠋ᠤ ᠬᠦᠨᠳᠦ ᠬᠡᠴᠡᠭᠦᠦ ᠥᠷᠢᠰᠦᠯᠳᠦᠭᠡᠨ ᠠᠪᠴᠢᠷᠠᠬᠰᠠᠨ ᠪᠠᠢᠨ᠎ᠠ》 ᠭᠡᠵᠦ᠍ ᠱᠢᠦᠢ ᠷᠦᠢ ᠱᠢᠶᠠ ᠶᠠᠷᠢᠨ᠎ᠠ᠃ ᠲᠡᠷᠡ ᠪᠡᠷ ᠡᠮᠦᠨᠡᠬᠢ ᠬᠣᠭᠣᠴᠠᠭᠠᠨ᠎ᠤ ᠪᠠᠢᠴᠠᠭᠠᠨ ᠰᠤᠳᠤᠯᠣᠯᠲᠠᠶᠢᠨ ᠲᠣᠮᠲᠠ᠂ ᠬᠢᠯᠢ᠎ᠶᠢᠨ ᠪᠣᠭᠣᠮᠲᠠ᠎ᠶᠢᠨ ᠬᠣᠲᠠ᠎ᠶᠢᠨ ᠪᠦᠬᠦᠯᠢ ᠴᠣᠬᠴᠠ᠎ᠶᠢᠨ ᠡᠮᠴᠢᠯᠡᠭᠡᠨ᠎ᠦ᠌ ᠰᠠᠭᠤᠷᠢ ᠮᠥᠨ ᠨᠡᠯᠢᠶᠡᠳ ᠪᠠᠭᠤᠷᠠᠢ ᠪᠠᠢᠵᠤ᠂ ᠣᠨᠣᠱᠢᠯᠠᠨ ᠡᠮᠴᠢᠯᠡᠬᠦ᠌ ᠲᠦᠪᠱᠢᠨ ᠥᠨᠳᠥᠷ ᠪᠢᠰᠢ᠂ ᠴᠢᠲᠠᠪᠣᠷᠢᠲᠠᠨ ᠳᠤᠲᠠᠮᠠᠭ ᠪᠠᠢᠬᠤ᠎ᠶᠢ ᠣᠯᠵᠦ ᠮᠡᠳᠡᠵᠡᠢ᠃ ᠰᠢᠨ᠎ᠡ ᠲᠢᠲᠢᠮᠯᠢᠭ ᠠᠭᠤᠰᠭᠢᠨ ᠦᠷᠪᠢᠰᠦᠯ᠎ᠤᠨ ᠡᠮᠴᠢᠯᠡᠭᠡᠨ᠎ᠤ ᠠᠪᠣᠷᠠᠨ ᠵᠠᠰᠠᠬᠤ ᠶᠠᠪᠣᠴᠠ ᠳ᠋ᠦ ᠬᠢᠯᠢ᠎ᠶᠢᠨ ᠪᠣᠭᠣᠮᠲᠠ᠎ᠶᠢᠨ ᠡᠮᠴᠢᠯᠡᠭᠡᠨ᠎ᠤ ᠠᠪᠣᠷᠠᠨ ᠵᠠᠰᠠᠬᠤ ᠡᠮᠨᠡᠯᠭᠡ᠎ᠶᠢᠨ ᠬᠣᠷᠢᠶ᠎ᠠ ᠨᠢ ᠬᠠᠲᠠᠭᠣ ᠵᠦᠭᠡᠯᠡᠨ ᠲᠣᠨᠣᠬ ᠲᠦᠬᠦᠭᠡᠷᠦᠮᠵᠢ ᠬᠣᠴᠣᠷᠣᠩᠭᠣᠢ᠂ ᠡᠮᠴᠢᠯᠡᠭᠡᠨ᠎ᠦ᠌ ᠡᠳ᠋ ᠪᠠᠷᠠᠭ᠎ᠠ ᠬᠦᠢᠴᠡᠳ ᠪᠣᠰᠣ ᠵᠡᠷᠭᠡ ᠠᠰᠠᠭᠤᠳᠠᠯ ᠣᠷᠣᠰᠢᠵᠦ ᠪᠠᠢᠬᠣ᠎ᠶᠢ ᠮᠡᠳᠡᠵᠡᠢ᠃
ᠡᠨᠡ ᠪᠠᠢᠲᠠᠯ ᠳ᠋ᠦ ᠴᠢᠭᠯᠡᠬᠦᠯᠦᠨ ᠰᠢᠣᠢ ᠷᠦᠢ ᠰᠢᠶᠠ᠂ ᠤᠯᠤᠰ᠎ᠠ᠋ᠴᠠ ᠬᠢᠯᠢ᠎ᠶᠢᠨ ᠪᠣᠭᠣᠮᠲᠠ᠎ᠶᠢᠨ ᠬᠣᠲᠠ᠎ᠶᠢ ᠬᠦᠨᠳᠦ ᠶᠡᠬᠡ ᠬᠢᠵᠢᠭ᠎ᠤᠨ ᠪᠠᠢᠲᠠᠯ᠎ᠢ ᠰᠡᠷᠭᠡᠢᠯᠡᠨ ᠡᠵᠡᠮᠳᠡᠬᠦ᠌ ᠪᠠ ᠠᠪᠤᠷᠠᠨ ᠵᠠᠰᠠᠬᠤ ᠲᠦᠭᠰᠢᠬᠦᠷᠢ ᠶᠡᠬᠡᠲᠡᠢ ᠣᠷᠣᠨ ᠪᠣᠯᠭᠠᠵᠤ᠂ ᠬᠥᠮᠦᠨ᠎ᠦ᠌ ᠬᠦᠴᠦᠨ᠂ ᠡᠳ᠋᠎ᠦ᠋ᠨ ᠬᠦᠴᠦᠨ᠂ ᠪᠣᠳᠠᠰ᠎ᠤ᠋ᠨ ᠬᠦᠴᠦᠨ᠎ᠦ᠌ ᠲᠠᠯ᠎ᠠ᠎ᠪᠠᠷ ᠪᠡᠯᠡ ᠣᠷᠣᠭᠤᠯᠤᠯᠲᠠ᠎ᠶᠢᠨ ᠡᠷᠴᠢᠮ ᠶ᠋ᠢᠡᠨ ᠴᠢᠩᠭᠠᠷᠠᠭᠤᠯᠵᠤ᠂ ᠬᠦᠨᠳᠦ ᠶᠡᠬᠡ ᠬᠢᠵᠢᠭ᠎ᠦ᠋ᠨ ᠪᠠᠢᠳᠠᠯ᠎ᠤᠨ ᠲᠣᠭ᠍ᠲᠠᠭ᠍ᠰᠠᠨ ᠡᠮᠨᠡᠯᠭᠡ᠎ᠶᠢᠨ ᠬᠣᠷᠢᠶ᠎ᠠ ᠳ᠋ᠦ ᠠᠪᠣᠷᠠᠨ ᠵᠠᠰᠠᠬᠤ ᠪᠠ ᠪᠦᠭᠡᠮ ᠬᠦᠴᠢᠯ᠎ᠤᠨ ᠪᠠᠢᠴᠠᠭᠠᠯᠳᠠ ᠬᠢᠬᠦ ᠴᠢᠳᠠᠪᠤᠷᠢ᠎ᠶᠢᠨ ᠪᠠᠢᠭᠤᠯᠤᠯᠲᠠ᠎ᠶᠢ ᠴᠢᠩᠭᠠᠳᠭᠠᠪᠠᠯ ᠵᠤᠬᠢᠨ᠎ᠠ᠃ ᠲᠤᠨᠨᠳ᠋ᠬᠠᠰᠠᠨ ᠴᠡᠭ ᠲᠦ᠍ ᠬᠦᠯᠢᠶᠡᠨ ᠠᠪᠴᠤ᠌ ᠠᠪᠣᠷᠠᠨ ᠵᠠᠰᠠᠬᠤ ᠡᠮᠨᠡᠯᠭᠡ᠎ᠶᠢᠨ ᠬᠣᠷᠢᠶ᠎ᠠ ᠪᠠᠢᠬᠤ ᠥᠬᠡᠢ ᠬᠢᠯᠢ᠎ᠶᠢᠨ ᠪᠣᠭᠣᠮᠲᠠ᠎ᠶᠢᠨ ᠬᠣᠲᠠ᠎ᠳ᠋ᠤ᠂ ᠬᠡᠪᠴᠢᠶ᠎ᠡ ᠨᠢ ᠨᠡᠯᠢᠶᠡᠳ ᠶᠡᠬᠡ ᠪᠦᠭᠡᠳ ᠤᠯᠤᠰ᠎ᠤ᠋ᠨ ᠬᠦᠯᠢᠶᠡᠨ ᠠᠪᠴᠤ᠌ ᠠᠪᠣᠷᠠᠨ ᠵᠠᠰᠠᠬᠤ ᠪᠠᠷᠢᠮᠵᠢᠶᠠᠳ᠋ᠤ ᠨᠡᠢᠴᠡᠬᠦ᠌ ᠲᠤᠨᠨᠳ᠋ᠬᠠᠰᠠᠨ ᠴᠡᠭ᠎ᠤᠨ ᠡᠮᠨᠡᠯᠭᠡ᠎ᠶᠢᠨ ᠬᠣᠷᠢᠶ᠎ᠠ᠎ᠶᠢ ᠲᠣᠬᠢᠷᠠᠮᠵᠢᠲᠠᠢ ᠭᠠᠵᠠᠷ᠎ᠢ ᠰᠣᠩᠭᠣᠵᠦ ᠪᠠᠢᠭᠤᠯᠬᠤ ᠪᠠ ᠦᠭᠡᠷᠡᠴᠢᠯᠡᠨ ᠪᠠᠢᠭᠣᠯᠵᠦ᠂ ᠪᠡᠯᠡᠳᠭᠡᠯᠲᠡᠢ ᠪᠣᠯ ᠪᠠᠯᠢᠳᠠᠬᠤ ᠥᠬᠡᠢ ᠪᠠᠢᠯᠭᠠᠪᠠᠯ ᠵᠤᠬᠢᠨ᠎ᠠ᠃ ᠣᠳᠣ ᠪᠠᠢᠭ᠎ᠠ ᠲᠣᠭ᠍ᠲᠠᠭ᠍ᠰᠠᠨ ᠴᠡᠭ᠎ᠦ᠋ᠨ ᠡᠮᠨᠡᠯᠭᠡ᠎ᠶᠢᠨ ᠬᠣᠷᠢᠶᠠᠳ᠋ᠤ ᠱᠢᠰᠲ᠋ᠧᠮᠲᠦ ᠴᠢᠨᠠᠷᠲᠠᠢ ᠳᠡᠰ ᠳᠡᠪᠱᠢᠭᠦᠯᠬᠦ᠌ᠥᠭᠡᠷᠡᠴᠢᠯᠡᠯᠲᠡᠬᠢᠵᠦ᠍᠂ ᠡᠮᠨᠡᠯᠭᠡ᠎ᠶᠢᠨ ᠬᠣᠷᠢᠶ᠎ᠠ᠎ᠶᠢᠨ ᠣᠨᠣᠱᠢᠯᠠᠨ ᠡᠮᠴᠢᠯᠡᠬᠦ ᠣᠷᠴᠢᠨ ᠲᠣᠭᠣᠷᠢᠨ᠎ᠢ ᠰᠠᠢᠵᠢᠷᠠᠭᠣᠯᠵᠦ᠂ ᠬᠠᠯᠳᠠᠪᠤᠷᠢᠲᠤ ᠡᠪᠡᠳᠴᠢᠨ᠎ᠢ ᠲᠥᠪᠯᠡᠷᠡᠭᠦᠯᠦᠨ ᠬᠦᠯᠢᠶᠡᠨ ᠠᠪᠴᠦ ᠠᠪᠣᠷᠠᠨ ᠵᠠᠰᠠᠬᠤ ᠪᠠᠭ᠍ᠲᠠᠭᠠᠮᠵᠢ᠎ᠶᠢ ᠥᠷᠭᠡᠳᠭᠡᠵᠦ᠍᠂ ᠰᠠᠭᠤᠷᠢ ᠲᠥᠬᠥᠭᠡᠷᠦᠮᠵᠢ᠎ᠶᠢᠨ ᠪᠦᠲᠦᠭᠡᠨ ᠪᠠᠢᠭᠤᠯᠤᠯᠲᠠ ᠪᠠ ᠲᠣᠨᠣᠬ ᠲᠥᠬᠥᠭᠡᠷᠦᠮᠵᠢ᠎ᠶᠢᠨ ᠲᠡᠰ ᠲᠡᠪᠰᠢᠬᠦ᠎ᠶᠢ ᠴᠢᠩᠭᠠᠳᠭᠠᠬᠤ ᠵᠢᠨ ᠬᠠᠮᠲᠣ᠂ ᠢᠵᠢ ᠪᠦᠷᠢᠲᠦᠭᠰᠡᠨ ᠲᠦᠷᠦ᠎ᠶᠢᠨ ᠪᠣᠲᠣᠯᠭ᠎ᠠ ᠪᠠ ᠪᠡᠯᠡ ᠮᠦᠩᠬᠦ᠎ᠶᠢᠨ ᠲᠡᠮᠵᠢᠯᠭᠡ ᠪᠠᠨ ᠴᠢᠩᠭᠠᠷᠠᠭᠣᠯᠵᠦ᠂ ᠡᠮᠨᠡᠯᠭᠡ᠎ᠶᠢᠨ ᠠᠵᠢᠯᠲᠠᠨ᠎ᠤ ᠬᠠᠷᠠᠭᠠᠯᠵᠠᠯ᠎ᠢ ᠲᠡᠭᠡᠭᠰᠢᠯᠡᠬᠦᠯᠦᠨ᠂ ᠠᠵᠢᠯᠲᠠᠨ᠎ᠤ ᠣᠷᠣᠨ ᠲᠣᠭ᠎ᠠ᠎ᠶᠢ ᠨᠡᠮᠡᠭᠳᠡᠬᠦᠯᠵᠦ᠂ ᠴᠢᠨᠠᠷ ᠰᠠᠢᠲᠠᠢ ᠲᠣᠰᠬᠠᠢ ᠮᠡᠷᠭᠡᠵᠢᠯ᠎ᠤᠨ ᠴᠢᠲᠠᠪᠣᠷᠢᠲᠠᠨᠢ ᠲᠠᠲᠠᠨ ᠠᠪᠴᠢᠷᠠᠵᠦ᠂ ᠰᠠᠢᠨ ᠤᠷᠴᠢᠯ᠎ᠳᠤ ᠬᠦᠭᠵᠢᠯᠲᠡ᠎ᠶᠢᠨ ᠴᠢᠲᠠᠪᠣᠷᠢᠲᠠᠨ᠎ᠤ ᠱᠠᠲᠣᠯᠢᠬ ᠡᠩᠨᠡᠭᠡ᠎ᠶᠢ ᠪᠠᠢᠭᠣᠯᠪᠠᠯ ᠵᠤᠬᠢᠨ᠎ᠠ ᠭᠡᠵᠦ ᠰᠠᠨᠠᠭᠤᠯᠪᠡ᠃
《ᠮᠠᠨ᠎ᠤ ᠣᠷᠣᠨ᠎ᠤ ᠬᠢᠯᠢ᠎ᠶᠢᠨ ᠪᠣᠭᠣᠮᠲᠠ᠎ᠶᠢᠨ ᠬᠣᠲᠠ᠎ᠶᠢᠨ ᠣᠲᠣ ᠪᠠᠢᠭ᠎ᠠ ᠪᠦᠭᠡᠮ ᠬᠦᠴᠢᠯ᠎ᠤᠨ ᠪᠠᠢᠴᠠᠭᠠᠯᠳᠠ ᠬᠢᠬᠦ ᠴᠢᠲᠠᠪᠣᠷᠢ ᠨᠢ 〈ᠪᠠᠢᠴᠠᠭᠠᠬᠣ ᠶᠣᠰᠣᠲᠠᠢ᠎ᠶᠢ ᠨᠢ ᠠᠯᠢ ᠪᠤᠯᠬᠤ ᠪᠠᠷ ᠪᠠᠢᠴᠠᠭᠠᠬᠣ〉 ᠪᠠ 〈 ᠪᠠᠢᠴᠠᠭᠠᠬᠣ ᠬᠦᠰᠡᠯ ᠲᠠᠢ ᠵᠢ ᠨᠢ ᠠᠯᠢ ᠪᠤᠯᠬᠤ ᠪᠡᠷ ᠪᠠᠢᠴᠠᠭᠠᠬᠣ〉 ᠣᠯᠠᠨ ᠲᠦᠮᠡᠨ᠎ᠤ ᠡᠳᠦᠷ ᠲᠣᠲᠣᠮ᠎ᠤᠨ ᠪᠠᠢᠴᠠᠭᠠᠬᠣ ᠱᠠᠭᠠᠷᠲᠠᠯᠭ᠎ᠠ᠎ᠶᠢ ᠦᠨᠳᠦᠰᠦᠨ ᠳ᠋ᠡᠭᠡᠨ ᠬᠠᠩᠭᠠᠵᠦ ᠲᠡᠢᠯᠬᠦ ᠪᠣᠯᠪᠠᠴᠦ ᠶᠡᠬᠡ ᠬᠡᠪᠴᠢᠶᠠᠨ᠎ᠤ ᠲᠦᠪᠯᠡᠷᠡᠩᠬᠦᠢ ᠴᠢᠨᠠᠷᠲᠠᠢ ᠬᠢᠵᠢᠭᠡᠬᠦᠰᠬᠦ ᠦᠶᠡᠰ ᠲᠦ᠍ ᠲᠣᠬᠠᠢ᠎ᠶᠢᠨ ᠭᠠᠵᠠᠷ᠎ᠤᠨ ᠪᠦᠭᠡᠮ ᠬᠦᠴᠢᠯ᠎ᠤᠨ ᠪᠠᠢᠴᠠᠭᠠᠯᠳᠠ ᠬᠢᠬᠦ ᠴᠢᠲᠠᠪᠣᠷᠢ ᠨᠢ ᠪᠦᠭᠡᠮ ᠬᠦᠴᠢᠯ᠎ᠤᠨ ᠪᠠᠢᠴᠠᠭᠠᠯᠳᠠ ᠵᠢᠨ ᠰᠢᠭᠰᠢᠬᠦ ᠠᠵᠢᠯ᠎ᠤᠨ ᠬᠡᠷᠡᠭᠴᠡᠭᠡ᠎ᠶᠢ ᠬᠠᠩᠭᠠᠵᠦ ᠲᠡᠢᠯᠬᠦ ᠦᠭᠡᠢ ᠪᠠᠢᠨ᠎ᠠ》᠃ ᠣᠯᠣᠰ ᠡᠴᠡ ᠬᠢᠯᠢ᠎ᠶᠢᠨ ᠪᠣᠭᠣᠮᠲᠠ᠎ᠶᠢᠨ ᠬᠣᠲᠠ᠎ᠶᠢᠨ ᠣᠯᠠᠨ ᠨᠡᠢᠲᠡ᠎ᠶᠢᠨ ᠡᠮ ᠡᠮᠨᠡᠯᠭᠡ ᠡᠷᠡᠬᠦᠯ ᠬᠠᠮᠠᠭᠠᠯᠠᠯ᠎ᠤᠨ ᠪᠠᠢᠭᠣᠯᠣᠮᠵᠢᠶᠢᠨ ᠪᠦᠭᠡᠮ ᠬᠦᠴᠢᠯ᠎ᠤᠨ ᠪᠠᠢᠴᠠᠭᠠᠯᠳᠠ ᠵᠢᠨ ᠲᠣᠷᠰᠢᠯᠲᠠ᠎ᠶᠢᠨ ᠲᠠᠰᠣᠬᠤᠨ ᠴᠢᠲᠠᠪᠣᠷᠢ᠎ᠶᠢᠨ ᠪᠠᠢᠭᠣᠯᠣᠯᠲᠠ᠎ᠶᠢ ᠴᠢᠩᠭᠠᠳᠬᠠᠵᠦ᠂ ᠵᠣᠬᠢᠬᠣ ᠲᠣᠭ᠎ᠠ ᠬᠡᠮᠵᠢᠶᠡᠨ᠎ᠤ ᠨᠡᠬᠦᠲᠡᠯ ᠴᠢᠩᠭᠡᠯᠢᠭ ᠲᠣᠷᠰᠢᠯᠲᠠ᠎ᠶᠢᠨ ᠲᠠᠰᠣᠬ ᠪᠣᠶᠣ ᠬᠡᠢᠲᠦ ᠪᠦᠷᠬᠦᠪᠴᠢ᠎ᠶᠢᠨ ᠲᠣᠷᠰᠢᠯᠲᠠ᠎ᠶᠢᠨ ᠲᠠᠰᠣᠬ ᠲᠦᠬᠦᠷᠵᠢᠬᠦᠯᠵᠦ᠂ ᠬᠣᠯᠪᠣᠬᠲᠠᠯ ᠪᠦᠬᠦᠢ ᠪᠠᠢᠴᠠᠭᠠᠯᠳᠠ ᠵᠢᠨ ᠲᠣᠨᠣᠬ ᠲᠦᠬᠦᠭᠡᠷᠦᠮᠵᠢ ᠪᠣᠯᠣᠨ ᠪᠠᠢᠴᠠᠭᠠᠯᠳᠠ ᠵᠢᠨ ᠮᠡᠷᠭᠡᠵᠢᠯ᠎ᠤᠨ ᠠᠵᠢᠯᠲᠠᠨ ᠲᠣᠬᠢᠷᠠᠭᠣᠯᠵᠦ᠂ ᠪᠦᠭᠡᠮ ᠬᠦᠴᠢᠯ᠎ᠤᠨ ᠪᠠᠢᠴᠠᠭᠠᠯᠳᠠ ᠬᠢᠬᠦ ᠴᠢᠲᠠᠪᠣᠷᠢ᠎ᠶᠢ ᠪᠦᠬᠦ ᠲᠠᠯ᠎ᠠ ᠪᠡᠷ ᠲᠡᠭᠡᠭᠰᠢᠯᠡᠬᠦᠯᠪᠡᠯ ᠵᠣᠬᠢᠨ᠎ᠠ ᠭᠡᠵᠦ ᠰᠢᠣᠢ ᠷᠦᠢ ᠰᠢᠶᠠ ᠰᠠᠨᠠᠭᠤᠯᠤᠬᠰᠠᠨ ᠪᠠᠢᠨ᠎ᠠ᠃

(ᠬᠡᠷᠡᠯ ᠵᠢᠷᠤᠬ᠎ᠢ ᠰᠢᠤᠢ ᠷᠦᠢ ᠰᠢᠶᠠ ᠬᠠᠩᠭᠠᠪᠠ)