ᠬᠡᠷᠡᠭ᠌ᠯᠡᠭᠡ᠎ᠶ᠋ᠢ ᠦᠷᠭᠦᠯᠵᠢᠯᠡᠨ ᠰᠡᠷᠭᠦᠭᠡᠬᠦ᠌᠎ᠳᠦ ᠬᠦᠴᠦᠨ ᠨᠡᠮᠡᠷᠢᠯᠡᠵᠦ᠍ ᠤᠯᠤᠰ᠎ᠤᠨ ᠦᠢᠯᠡᠳᠪᠦᠷᠢᠯᠡᠭᠰᠡᠨ ᠰᠢᠨ᠎ᠡ ᠬᠠᠨᠳᠤᠯᠭ᠎ᠠ ᠵᠢᠨ ᠪᠠᠷᠠᠭ᠎ᠠ᠎ᠶᠢ ᠦᠷᠨᠢᠬᠦᠨ ᠬᠦᠭᠵᠢᠭᠦᠯᠦᠨ᠎ᠠ
2022-03-11 10:06:11
ᠵᠣᠬᠢᠶᠠᠭ᠍ᠴᠢ᠄
ᠣᠩᠱᠢᠭ᠍ᠰᠠᠨ ᠣᠳᠠᠭ᠎ᠠ᠄
★★★☆☆

— ᠲᠥᠯᠥᠭᠡᠯᠡᠭ᠌ᠴᠢ ᠭᠡᠱᠢᠭᠦᠳ《ᠤᠯᠤᠰ᠎ᠤᠨ ᠪᠠᠷᠠᠭᠠᠨ᠎ᠤ ᠬᠡᠷᠡᠭ᠌ᠯᠡᠭᠡ》 ᠵᠢᠨ ᠲᠤᠬᠠᠶ ᠰᠠᠨᠠᠯ ᠵᠥᠪᠯᠡᠯᠭᠡ ᠳᠤᠷᠠᠳᠪᠠ

ᠡᠨᠡ ᠵᠢᠯ᠎ᠦᠨ ᠵᠠᠰᠠᠭ᠎ᠤᠨ ᠣᠷᠳᠣᠨ᠎ᠤ ᠠᠵᠢᠯ᠎ᠤᠨ ᠢᠯᠡᠳᠭᠡᠯ᠎ᠳᠦ《ᠬᠡᠷᠡᠭ᠌ᠯᠡᠭᠡ᠎ᠶ᠋ᠢᠨ ᠦᠷᠭᠦᠯᠵᠢᠯᠡᠨ ᠰᠡᠷᠭᠦᠬᠦ᠌᠎ᠶ᠋ᠢ ᠠᠬᠢᠭᠤᠯᠤᠨ᠎ᠠ》 ᠭᠡᠵᠦ ᠳᠤᠷᠠᠳᠤᠨ ᠭᠠᠷᠭᠠᠪᠠ᠃ ᠬᠡᠷᠡᠭ᠌ᠯᠡᠭᠡᠨ᠎ᠦ ᠱᠢᠨ᠎ᠡ ᠬᠦᠴᠦᠨ ᠪᠣᠯᠤᠭ᠍ᠰᠠᠨ᠎ᠤ ᠬᠤᠪᠢ᠎ᠳᠤ᠂ ᠤᠯᠤᠰ᠎ᠤᠨ ᠪᠠᠷᠠᠭ᠎ᠠ ᠲᠠᠸᠠᠷ ᠨᠢ ᠠᠷᠠᠳ ᠢᠷᠭᠡᠳ᠎ᠦᠨ ᠬᠤᠳᠠᠯᠳᠤᠨ ᠠᠪᠬᠤ ᠬᠦᠰᠡᠯ᠎ᠢ ᠬᠡᠷᠬᠢᠨ ᠬᠥᠭ᠌ᠵᠢᠭᠡᠬᠦ᠌ ᠪᠤᠶ? ᠬᠡᠷᠡᠭ᠌ᠯᠡᠭᠡ᠎ᠶ᠋ᠢ ᠰᠡᠷᠭᠦᠭᠡᠬᠦ᠌᠎ᠳᠦ ᠪᠠᠰᠠ ᠶᠠᠮᠠᠷ ᠶᠠᠮᠠᠷ ᠬᠦᠴᠦᠯᠡᠬᠦ᠌ ᠴᠡᠭ ᠪᠠᠢᠬᠤ ᠪᠤᠶ? ᠰᠤᠷᠪᠤᠯᠵᠢᠯᠠᠭ᠍ᠴᠢ ᠲᠥᠯᠥᠭᠡᠯᠡᠭ᠌ᠴᠢ ᠭᠡᠱᠢᠭᠦᠳ᠎ᠢ ᠰᠤᠷᠪᠤᠯᠵᠢᠯᠠᠪᠠ᠃

《ᠦᠢᠯᠡᠳᠭᠦᠨ ᠪᠠ ᠦᠢᠯᠡᠴᠢᠯᠡᠭᠡᠨ᠎ᠦ ᠶᠠᠰᠤ ᠴᠢᠨᠠᠷ᠎ᠢ ᠳᠡᠭᠡᠭ᠌ᠰᠢᠯᠡᠭᠦᠯᠬᠦ᠌》ᠵᠢ ᠡᠨᠡ ᠵᠢᠯ᠎ᠦᠨ ᠵᠠᠰᠠᠭ᠎ᠤᠨ ᠣᠷᠳᠣᠨ᠎ᠤ ᠠᠵᠢᠯ᠎ᠤᠨ ᠢᠯᠡᠳᠭᠡᠯ᠎ᠳᠦ ᠪᠢᠴᠢᠵᠦ᠍ ᠣᠷᠣᠭᠤᠯᠤᠭ᠍ᠰᠠᠨ᠎ᠢ ᠦᠵᠡᠭᠡᠳ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠲᠥᠯᠥᠭᠡᠯᠡᠭ᠌ᠴᠢ ᠱ᠌ᠢ ᠵᠢᠦᠢ ᠪᠢᠨ᠄《ᠦᠢᠯᠡᠳᠭᠦᠨ᠎ᠦ ᠶᠠᠰᠤ ᠴᠢᠨᠠᠷ ᠪᠣᠯ ᠠᠵᠤ ᠠᠬᠤᠢᠯᠠᠯ᠎ᠤᠨ ᠰᠦᠭ ᠰᠦᠨᠡᠰᠦ ᠮᠥᠨ᠃ ᠱᠢᠨ᠎ᠡ ᠬᠡᠷᠡᠭ᠌ᠯᠡᠭᠡᠨ᠎ᠦ ᠴᠠᠭ ᠦᠶ᠎ᠡ᠎ᠳᠦ᠂ ᠠᠵᠤ ᠠᠬᠤᠢᠯᠠᠯ᠎ᠤᠨ ᠬᠢᠨ ᠨᠡᠩ ᠯᠠᠪᠳᠠᠭᠤᠨ ᠪᠠᠲᠤᠲᠠᠢ᠎ᠪᠠᠷ〈ᠴᠢᠨᠠᠷ ᠰᠠᠢᠲᠠᠢ〉ᠦᠢᠯᠡᠳᠬᠦᠨ᠎ᠢ ᠬᠠᠩᠭᠠᠵᠤ᠂ ᠴᠢᠨᠠᠷ ᠰᠠᠢᠨ᠂ ᠦᠢᠯᠡᠴᠢᠯᠡᠭᠡ ᠰᠠᠢᠨ᠎ᠵᠢᠡᠷ᠎ᠵᠢᠡᠨ ᠠᠷᠠᠳ ᠤᠯᠠᠨ᠎ᠤ ᠪᠠᠷᠠᠭ᠎ᠠ ᠲᠠᠸᠠᠷ ᠬᠤᠳᠠᠯᠳᠤᠨ ᠠᠪᠬᠤ ᠡᠷᠡᠮᠡᠯᠵᠡᠯ ᠪᠠ ᠡᠳᠦᠷ ᠢᠷᠡᠬᠦᠶ᠎ᠡ ᠳᠡᠰ ᠳᠡᠪᠱᠢᠵᠦ᠍ ᠥᠷᠭᠡᠳᠴᠦ ᠪᠠᠢᠭ᠎ᠠ ᠬᠡᠷᠡᠭ᠌ᠴᠡᠭᠡ ᠱᠠᠭᠠᠷᠳᠠᠯᠭ᠎ᠠ᠎ᠶ᠋ᠢ ᠬᠠᠩᠭᠠᠬᠤ ᠬᠡᠷᠡᠭ᠌ᠲᠡᠢ》 ᠭᠡᠵᠦ᠍ ᠬᠡᠯᠡᠪᠡ᠃    

ᠣᠢᠷ᠎ᠠ᠎ᠶ᠋ᠢᠨ ᠵᠢᠯ᠎ᠡᠴᠡ ᠨᠠᠭᠠᠰᠢ᠂ ᠢᠳᠡᠭᠡᠨ ᠤᠮᠳᠠᠭᠠᠨ᠂ ᠬᠤᠪᠴᠠᠰᠤ ᠬᠤᠨᠠᠷ᠂ ᠵᠠᠰᠠᠯ ᠴᠢᠮᠡᠭ᠌ᠯᠡᠯ᠎ᠰᠣᠶᠣᠯ᠎ᠤᠨ ᠡᠭᠦᠳᠦᠯᠲᠡ᠂ ᠴᠠᠬᠢᠯᠭᠠᠨ᠎ᠬᠡᠷᠡᠭ᠌ᠰᠡᠯ᠂᠎ᠮᠠᠱᠢᠨ᠎ᠲᠡᠷᠭᠡ᠎ᠭᠡᠰᠡᠨ ᠦᠭᠡᠢ ᠬᠡᠷᠡᠭ᠌ᠯᠡᠭᠡᠨ᠎ᠦ ᠵᠠᠬ᠎ᠠ ᠳᠡᠯᠭᠡᠭᠦᠷ᠎ᠲᠦ ᠪᠦᠷ ᠯᠡ ᠤᠯᠤᠰ᠎ᠤᠨ ᠦᠢᠯᠡᠳᠪᠦᠷᠢᠯᠡᠭᠰᠡᠨ ᠰᠢᠨ᠎ᠡ ᠬᠠᠨᠳᠤᠯᠭ᠎ᠠ ᠵᠢᠨ  ᠳᠡᠪᠵᠢᠶᠡᠨ ᠪᠤᠯᠵᠤ ᠪᠠᠢᠯ᠎ᠠ᠃

《ᠡᠯ᠎ᠡ ᠵᠦᠢᠯ᠎ᠤᠨ ᠤᠯᠤᠰ᠎ᠤᠨ ᠦᠢᠯᠡᠳᠪᠦᠷᠢᠯᠡᠭᠰᠡᠨ ᠰᠢᠨ᠎ᠡ ᠬᠠᠨᠳᠤᠯᠭ᠎ᠠ ᠵᠢᠨ ᠲᠠᠰᠤᠷᠠᠯᠲᠠ ᠦᠭᠡᠶ ᠴᠤᠯᠭᠤᠷᠠᠨ ᠭᠠᠷᠤᠭ᠍ᠰᠠᠨ᠎ᠤ ᠠᠷᠤ᠎ᠳᠤ ᠤᠯᠤᠰ᠎ᠤᠨ ᠶᠡᠷᠦᠩᠬᠡᠢᠯᠡᠭ᠌ᠰᠡᠨ ᠪᠣᠳᠠᠲᠤ ᠬᠦᠴᠦᠨ ᠪᠠ ᠠᠷᠠᠳ ᠢᠷᠭᠡᠳ᠎ᠦᠨ ᠬᠡᠷᠡᠭ᠌ᠯᠡᠭᠡᠨ᠎ᠦ ᠬᠡᠷᠡᠭ᠌ᠴᠡᠭᠡ᠎ᠶ᠋ᠢᠨ ᠳᠡᠭᠡᠭ᠌ᠰᠢᠯᠡᠯᠲᠡ ᠣᠷᠣᠱᠢᠵᠤ ᠪᠠᠢᠨ᠎ᠠ》᠃ ᠪᠥᠬᠥ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠲᠥᠯᠥᠭᠡᠯᠡᠭ᠌ᠴᠢ ᠶᠣᠣ ᠵᠥᠩ ᠯᠢᠶᠠᠩ᠂ ᠤᠯᠤᠰ᠎ᠤᠨ ᠪᠠᠷᠠᠭ᠎ᠠ  ᠪᠦᠳᠦᠭᠡᠭᠳᠡᠭᠦᠨ ᠨᠢᠰᠭᠦ ᠮᠡᠲᠦ ᠲᠦᠷᠭᠡᠨ ᠬᠤᠪᠢᠷᠠᠵᠤ ᠬᠥᠭᠵᠢᠵᠦ ᠪᠠᠢᠭ᠎ᠠ ᠬᠡᠷᠡᠭ᠌ᠯᠡᠭᠡᠨ᠎ᠦ ᠵᠠᠬ᠎ᠠ ᠳᠡᠯᠭᠡᠭᠦᠷ᠎ᠲᠦ 《ᠥᠪᠡᠷ᠎ᠤᠨ ᠭᠡᠰᠡᠨ ᠣᠷᠣᠨ ᠪᠠᠢᠷᠢ ᠲᠠᠢ》 ᠪᠤᠯᠬᠤ ᠭᠡᠪᠡᠯ᠂ ᠠᠷᠠᠳ ᠤᠯᠠᠨ᠎ᠤ ᠪᠤᠳᠤᠵᠤ ᠰᠡᠳᠭᠢᠵᠦ ᠪᠠᠢᠭ᠎ᠠ ᠵᠦᠶ᠋ᠯ᠎ᠳᠦ ᠴᠢᠭ᠌ᠯᠡᠭᠦᠯᠦᠨ᠂ ᠰᠤᠳᠤᠯᠤᠨ ᠨᠡᠭᠡᠭᠡᠵᠦ᠍ ᠱᠢᠨ᠎ᠡ᠎ᠶ᠋ᠢ ᠡᠭᠦᠳᠬᠦ᠌ ᠡᠷᠴᠢᠮ᠎ᠢᠶᠡᠨ ᠴᠢᠩᠭᠠᠷᠠᠭᠤᠯᠵᠤ᠂ ᠪᠦᠳᠦᠭᠡᠭᠳᠡᠭᠦᠨ᠎ᠤ ᠲᠥᠷᠥᠯ ᠵᠦᠶ᠋ᠯ᠎ᠡᠴᠡ ᠬᠡᠷᠡᠭ᠌ᠯᠡᠭᠡᠨ᠎ᠦ ᠪᠠᠢᠳᠠᠯ ᠬᠦᠷᠲᠡᠯᠡᠬᠢ ᠪᠥᠬᠥ᠌ ᠲᠠᠯ᠎ᠠ ᠵᠢᠨ ᠦᠷᠭᠡᠳᠦᠯ᠎ᠢ ᠪᠡᠶᠡᠯᠡᠭᠦᠯᠬᠦ᠌᠎ᠪᠡᠷ ᠪᠠᠷᠠᠬᠤ ᠥᠬᠡᠶ ᠪᠠᠰᠠ ᠬᠡᠯᠪᠡᠷᠢ᠎ᠪᠡᠨ ᠬᠤᠪᠢᠷᠠᠭᠤᠯᠤᠨ ᠲᠠᠰ ᠳᠡᠪᠱᠢᠭᠦᠯᠬᠦ᠌ ᠠᠯᠬᠤᠴᠠ᠎ᠪᠠᠨ ᠲᠦᠷᠭᠡᠳᠭᠡᠵᠦ᠍᠂ ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ ᠱᠢᠨ᠎ᠡ ᠠᠵᠠ ᠲᠣᠬᠢᠶᠠᠯ᠎ᠢ ᠢᠳᠡᠪᠬᠢᠲᠡᠶ᠎ᠠᠮᠵᠢᠵᠤ᠂ ᠲᠦᠷᠦᠯ ᠲᠡᠮᠳᠡᠭ᠎ᠢᠶᠡᠷ ᠣᠷᠳᠣ ᠬᠤᠭᠤᠴᠠᠭᠠᠨ᠎ᠤ ᠠᠮᠢᠵᠢᠷᠠᠯ᠎ᠤᠨ ᠬᠦᠴᠦᠨ᠎ᠢ ᠪᠣᠶ ᠪᠣᠯᠭᠠᠬᠤ ᠬᠡᠷᠡᠭ᠌ᠲᠡᠶ ᠭᠡᠵᠦ ᠢᠯᠡᠷᠬᠡᠢᠯᠡᠪᠡ᠃

ᠬᠡᠷᠪᠡ 《ᠵᠢᠵᠢᠭ ᠪᠦᠭᠡᠳ ᠭᠤᠴᠤ》 ᠎ᠨᠢ ᠠᠮᠵᠢᠯᠳᠠ ᠲᠠᠢ ᠪᠠᠷ ᠤᠯᠠᠨ᠎ᠤ ᠬᠦᠷᠢᠶᠡᠯᠡᠯ ᠳ᠋ᠦ ᠪᠠᠭᠳᠠᠭᠰᠠᠨ ᠨᠢ ᠳᠦᠷᠢ ᠳᠦᠷᠬᠦ ᠪᠠ ᠪᠦᠲᠦᠭᠡᠯᠴᠢ ᠰᠡᠳᠭᠢᠮᠵᠢ᠎ᠶ᠋ᠢᠨ ᠱᠢᠨ᠎ᠡ᠎ᠶ᠋ᠢ ᠡᠭᠦᠳᠬᠦ᠌᠎ᠶᠢᠨ ᠠᠭᠤᠰᠤᠯᠴᠠᠯ᠎ᠳᠦ ᠲᠦᠱᠢᠭ᠌ᠯᠡᠭᠰᠡᠨ ᠭᠡᠵᠦ ᠬᠡᠯᠡᠪᠡᠯ《ᠲᠤᠮᠤ ᠪᠦᠭᠡᠳ ᠬᠦᠴᠦᠷᠬᠡᠭ》 ᠨᠢ ᠬᠥᠮᠦᠰ᠎ᠦᠨ ᠲᠠᠭᠠᠱᠢᠶᠠᠯ᠎ᠢ ᠥᠷᠭᠡᠨ᠎ᠢᠶᠡᠷ ᠤᠯᠵᠦ ᠪᠠᠢᠬᠤ ᠨᠢ ᠬᠠᠷᠢᠨ ᠮᠡᠷᠭᠡᠵᠢᠯ ᠪᠣᠯᠤᠨ ᠪᠣᠳᠠᠲᠤ ᠬᠦᠴᠦᠨ᠎ᠦ ᠳᠠᠪᠬᠤᠴᠠᠯ ᠱᠢᠨᠡᠴᠢᠯᠡᠯᠲᠡ᠎ᠭᠡᠯᠳᠡᠢ᠃

ᠵᠠᠰᠠᠭ᠎ᠤᠨ ᠣᠷᠳᠣᠨ᠎ᠤ ᠠᠵᠢᠯ᠎ᠤᠨ ᠢᠯᠡᠳᠭᠡᠯ᠎ᠳᠦ 《ᠱᠢᠨ᠎ᠡ᠎ᠶ᠋ᠢ ᠡᠭᠦᠳᠬᠦ᠌᠎ᠳᠦ ᠲᠦᠱᠢᠭ᠌ᠯᠡᠨ ᠬᠥᠭ᠌ᠵᠢᠯᠲᠡ᠎ᠶ᠋ᠢᠨ ᠶᠠᠰᠤ ᠴᠢᠨᠠᠷ᠎ᠢ ᠳᠡᠭᠡᠭ᠌ᠰᠢᠯᠡᠭᠦᠯᠦᠨ᠎ᠡ》 ᠭᠡᠵᠦ ᠳᠤᠷᠠᠳᠪᠠ᠃ ᠪᠥᠬᠥ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠲᠥᠯᠥᠭᠡᠯᠡᠭ᠌ᠴᠢ᠂ ᠳᠤᠮᠳᠠᠳᠤ ᠤᠯᠤᠰ᠎ᠤᠨ ᠨᠢᠭᠡᠳᠦᠭᠡᠷ ᠮᠠᠱᠢᠨ ᠲᠡᠷᠭᠡᠨ᠎ᠦ ᠪᠦᠯᠦᠭᠯᠡᠯ᠎ᠤᠨ ᠬᠢᠵᠠᠭᠠᠷᠳᠤ ᠺᠤᠮᠫᠠᠨᠢ ᠵᠢᠨ ᠬᠤᠩ ᠴᠢ ᠦᠶ᠋ᠯᠡᠳᠪᠦᠷᠢ᠎ᠶ᠋ᠢᠨ ᠮᠡᠷᠭᠡᠵᠢᠯ᠎ᠦᠨ ᠭᠠᠵᠠᠷ᠎ᠤᠨ ᠭᠠᠳᠠᠷ ᠰᠦᠯᠵᠢᠶᠡᠨ᠎ᠦ ᠰᠡᠯᠪᠢᠨ ᠵᠠᠰᠠᠬᠤ ᠠᠵᠢᠯᠴᠢᠨ ᠴᠢ ᠰᠥᠩ ᠢᠦᠶ᠄ 《ᠪᠢᠳᠡ ᠣᠯᠠᠨ᠎ᠤ ᠬᠦᠰᠡᠯ᠎ᠢ ᠬᠥᠰᠡᠷᠳᠡᠭᠦᠯᠬᠦ᠌ ᠥᠬᠡᠶ᠎ᠪᠡᠷ ᠦᠶ᠋ᠯᠡᠳᠬᠦᠨ᠎ᠦ ᠮᠡᠷᠭᠡᠵᠢᠯ᠂ ᠲᠦᠷᠦᠯ ᠲᠡᠮᠳᠡᠭ᠎ᠦᠨ ᠪᠠᠢᠭᠤᠯᠤᠯᠲᠠ᠂ ᠬᠡᠷᠡᠭ᠌ᠯᠡᠭ᠌ᠴᠢᠳ᠎ᠦᠨ ᠦᠶ᠋ᠯᠡᠴᠢᠯᠡᠭᠡ ᠵᠡᠷᠭᠡ ᠣᠯᠠᠨ ᠲᠠᠯ᠎ᠠ᠎ᠪᠠᠷ ᠱᠢᠨ᠎ᠡ᠎ᠶ᠋ᠢ ᠡᠭᠦᠳᠦᠨ ᠬᠥᠲᠥᠯᠦᠨ ᠳᠠᠭᠠᠭᠤᠯᠵᠤ᠂ ᠳᠤᠮᠳᠠᠳᠤ ᠤᠯᠤᠰ᠎ᠤᠨ ᠦᠨᠳᠦᠰᠦᠲᠡᠨ᠎ᠦ ᠲᠦᠷᠦᠯ ᠲᠡᠮᠳᠡᠭ᠎ᠦᠨ ᠬᠥᠭ᠌ᠵᠢᠨ ᠮᠠᠨᠳᠤᠬᠤ᠎ᠳᠤ ᠬᠦᠴᠦᠨ ᠨᠡᠮᠡᠷᠢᠯᠡᠨ᠎ᠠ》 ᠭᠡᠵᠦ ᠲᠥᠷᠥᠭ᠌ᠳᠡᠯ ᠭᠦᠨ ᠶᠠᠷᠢᠨ᠎ᠠ᠃

ᠣᠳᠣᠬᠠᠨ᠎ᠳᠤ᠂ ᠱᠢᠨ᠎ᠡ ᠠᠵᠤ ᠦᠶ᠋ᠯᠡᠰ᠂ ᠱᠢᠨ᠎ᠡ ᠡᠵᠡᠩᠨᠡᠯᠲᠡ᠎ᠶ᠋ᠢᠨ ᠬᠡᠯᠪᠡᠷᠢ᠂ ᠱᠢᠨ᠎ᠡ ᠬᠤᠳᠠᠯᠳᠤᠭᠠᠨ᠎ᠤ ᠵᠠᠭ᠍ᠪᠤᠷ ᠲᠠᠰᠤᠷᠠᠯᠲᠠ ᠥᠬᠡᠶ ᠢᠯᠡᠷᠡᠨ ᠭᠠᠷᠬᠤ᠎ᠶ᠋ᠢ ᠳᠠᠭᠠᠯᠳᠤᠨ᠂ ᠵᠠᠷᠢᠮ ᠤᠯᠠᠮᠵᠢᠯᠠᠯᠲᠤ ᠲᠦᠷᠦᠯ ᠲᠡᠮᠳᠡᠭ᠌ ᠨᠢ ᠲᠦᠷᠦᠯ ᠲᠡᠮᠳᠡᠭ᠎ᠤᠨ ᠲᠠᠨᠢᠯᠲᠠ ᠬᠠᠭᠤᠴᠢᠷᠠᠬᠤ᠂ ᠵᠠᠬ᠎ᠠ ᠬᠥᠪᠡᠭᠡᠳᠡᠬᠦ᠌ ᠵᠡᠷᠭᠡ ᠠᠰᠠᠭᠤᠳᠠᠯ᠎ᠳᠤ ᠲᠤᠯᠭᠠᠷᠠᠵᠤ ᠪᠠᠢᠨ᠎ᠠ᠃

《ᠤᠯᠠᠮᠵᠢᠯᠠᠯᠲᠤ ᠠᠵᠢᠯ ᠲᠥᠷᠥᠯ ᠭᠡᠵᠦ᠍ ᠪᠠᠢᠬᠤ ᠦᠭᠡᠶ᠂ ᠵᠦᠪᠬᠡᠨ ᠤᠯᠠᠮᠵᠢᠯᠠᠯᠲᠤ ᠰᠡᠳᠭᠢᠬᠦᠶ ᠯᠡ ᠪᠠᠢᠳᠠᠭ》᠃ ᠪᠥᠬᠥ᠌ ᠤᠯᠤᠰ᠎ᠤᠨ᠎ᠠᠷᠠᠳ᠎ᠤᠨ᠎ᠲᠥᠯᠥᠭᠡᠯᠡᠭ᠌ᠴᠢᠳ᠎ᠦᠨ᠎ᠶᠡᠬᠡ᠎ᠬᠤᠷᠠᠯ᠎ᠤᠨ᠎ᠲᠥᠯᠥᠭᠡᠯᠡᠭ᠌ᠴᠢ᠂ ᠴᠦᠩᠴᠢᠩ ᠬᠣᠲᠠ᠎ᠶ᠋ᠢᠨ ᠹᠦ᠋ ᠯᠢᠩ ᠲᠣᠭᠣᠷᠢᠭ᠎ᠤᠨ ᠨᠠᠨ ᠲᠦᠸᠸ ᠪᠠᠯᠭᠠᠰᠤᠨ᠎ᠤ ᠳᠡᠳ᠋ ᠳᠠᠷᠤᠭ᠎ᠠ ᠯᠢᠦ ᠵᠢᠶᠠ ᠴᠢ ᠬᠡᠯᠡᠬᠦ᠌᠎ᠳᠡᠭᠡᠨ᠂ ᠤᠯᠤᠰ᠎ᠤᠨ ᠪᠠᠷᠠᠭᠠᠨ᠎ᠤ ᠲᠦᠷᠦᠯ ᠲᠡᠮᠳᠡᠭ ᠨᠢ ᠴᠠᠭ ᠦᠶ᠎ᠡ ᠵᠢᠨ ᠤᠷᠤᠰᠬᠠᠯ᠎ᠢ ᠲᠠᠭᠠᠵᠤ ᠠᠮᠵᠢᠬᠤ ᠭᠡᠪᠡᠯ ᠡᠷᠬᠡᠪᠰᠢ ᠦᠷᠭᠦᠯᠵᠢᠯᠡᠨ ᠬᠡᠯᠪᠡᠷᠢ᠎ᠪᠡᠨ ᠬᠤᠪᠢᠷᠠᠭᠤᠯᠤᠨ ᠲᠠᠰ ᠳᠡᠪᠱᠢᠭᠦᠯᠵᠦ᠍᠂ ᠬᠦᠴᠦᠷᠬᠡᠭ ᠶᠡᠬᠡ ᠵᠠᠬ᠎ᠠ ᠳᠡᠯᠭᠡᠭᠦᠷ᠎ᠦᠨ ᠥᠷᠢᠰᠦᠯᠳᠦᠬᠦ᠌ ᠬᠦᠴᠦᠨ᠎ᠢ ᠪᠣᠶ ᠪᠣᠯᠭᠠᠬᠤ ᠬᠡᠷᠡᠭ᠌ᠲᠡᠶ ᠭᠡᠵᠡᠶ᠃

ᠬᠡᠷᠡᠭ᠌ᠯᠡᠭᠡ ᠪᠣᠯ ᠠᠵᠤ ᠠᠬᠤᠶ᠎ᠶ᠋ᠢᠨ ᠨᠡᠮᠡᠭ᠌ᠳᠡᠯ᠎ᠦᠨ ᠴᠢᠬᠤᠯᠠ ᠬᠥᠳᠡᠯᠭᠡᠭᠦᠷ ᠮᠥᠨ᠃ ᠪᠥᠬᠥ᠌ ᠤᠯᠤᠰ᠎ᠤᠨ ᠤᠯᠤᠰ ᠲᠥᠷᠥ᠎ᠶ᠋ᠢᠨ ᠵᠥᠪᠯᠡᠯᠭᠡᠨ᠎ᠦ ᠭᠡᠱᠢᠭᠦᠨ᠂ ᠳᠤᠮᠳᠠᠳᠤ ᠤᠯᠤᠰ᠎ᠤᠨ ᠬᠤᠭᠤᠯᠠᠨ ᠭᠡᠷ᠎ᠤᠨ ᠨᠡᠢᠭᠡᠮᠯᠢᠭ᠎ᠦᠨ ᠳᠡᠳ᠋ ᠳᠠᠷᠤᠭ᠎ᠠ ᠯᠢᠦ ᠶᠠᠨ ᠶᠦᠨ᠎ᠤ ᠦᠵᠡᠬᠦ᠌᠎ᠪᠡᠷ᠂ ᠬᠡᠷᠡᠭ᠌ᠯᠡᠭᠡᠨ᠎ᠦ ᠵᠠᠬ᠎ᠠ ᠳᠡᠯᠭᠡᠭᠦᠷ᠎ᠦᠨ ᠰᠡᠷᠭᠦᠯᠲᠡ᠎ᠶ᠋ᠢ ᠲᠦᠷᠭᠡᠳᠭᠡᠬᠦ᠌᠎ᠳᠦ ᠬᠡᠷᠡᠭ᠌ᠯᠡᠭᠡᠨ᠎ᠦ ᠳᠠᠯᠳᠠ ᠬᠦᠴᠦᠨ᠎ᠢ ᠪᠠᠳᠠᠷᠠᠭᠤᠯᠵᠤ᠂ ᠬᠡᠷᠡᠭ᠌ᠯᠡᠭᠡᠨ᠎ᠦ ᠶᠠᠰᠤ ᠴᠢᠨᠠᠷ᠎ᠢ ᠳᠡᠭᠡᠭ᠌ᠰᠢᠯᠡᠭᠦᠯᠬᠦ᠌ ᠬᠡᠷᠡᠭ᠌ᠲᠡᠶ᠃ 《ᠳᠤᠮᠳᠠᠳᠤ ᠤᠯᠤᠰ᠎ᠲᠤ 14 ᠳ᠋ᠦᠩᠱᠢᠭᠤᠷ ᠭᠠᠷᠤᠢ ᠬᠥᠮᠦᠨ᠎ᠲᠡᠶ ᠮᠤᠨᠳᠠᠭ ᠶᠡᠬᠡ ᠬᠡᠷᠡᠭ᠌ᠯᠡᠭᠡᠨ᠎ᠦ ᠵᠠᠬ᠎ᠠ ᠳᠡᠯᠭᠡᠭᠦᠷ᠎ᠪᠤᠢ᠂ ᠤᠯᠤᠰ᠎ᠤᠨ  ᠪᠠᠷᠠᠭ᠎ᠠ ᠪᠦᠲᠦᠭᠡᠭ᠌ᠳᠡᠬᠦᠨ᠎ᠦ ᠲᠦᠷᠦᠯ ᠲᠡᠮᠳᠡᠭ᠎ᠢ ᠬᠦᠯᠢᠶᠡᠨ ᠠᠪᠬᠤ ᠬᠡᠮᠵᠢᠢ᠎ᠡ᠎ᠪᠡᠷ ᠮᠠᠰᠢ ᠥᠨᠳᠥᠷ ᠪᠠᠢᠭ᠎ᠠ〈Z ᠦᠶ᠎ᠡ〉ᠨᠢ ᠠᠭᠠᠵᠢᠮ᠎ᠢᠶᠠᠷ ᠱᠢᠨ᠎ᠡ ᠬᠡᠷᠡᠭ᠌ᠯᠡᠭᠡᠨ᠎ᠦ ᠭᠣᠣᠯᠯᠠᠭ᠍ᠴᠢ ᠬᠦᠴᠦᠨ ᠪᠤᠯᠵᠤ ᠪᠠᠢᠨ᠎ᠠ᠂ ᠤᠯᠤᠰ᠎ᠤᠨ ᠪᠠᠷᠠᠭ᠎ᠠ ᠪᠦᠳᠦᠭᠡᠭᠳᠡᠭᠦᠨ᠎ᠤ ᠬᠥᠭ᠌ᠵᠢᠯᠲᠡ᠎ᠶ᠋ᠢᠨ ᠠᠵᠠ ᠲᠣᠬᠢᠶᠠᠯ᠎ᠢ ᠠᠮᠵᠢᠨ ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ ᠬᠡᠷᠡᠭ᠌ᠯᠡᠭᠡ᠎ᠶ᠋ᠢᠨ ᠲᠦᠷᠭᠡᠨ ᠠᠭᠤᠰᠤᠯᠴᠠᠬᠤ᠎ᠶ᠋ᠢ ᠠᠬᠢᠭᠤᠯᠵᠤ᠂ ᠱᠢᠨ᠎ᠡ᠎ᠶ᠋ᠢ ᠡᠭᠦᠳᠬᠦ᠌᠎ᠪᠡᠷ ᠳᠠᠮᠵᠢᠨ ᠪᠦᠲᠦᠮᠵᠢᠲᠡᠢ ᠬᠠᠩᠭᠠᠯᠭ᠎ᠠ᠎ᠶ᠋ᠢᠨ ᠴᠢᠳᠠᠪᠤᠷᠢ ᠪᠠ ᠲᠦᠪᠱᠢᠨ᠎ᠢ ᠳᠡᠭᠡᠭ᠌ᠰᠢᠯᠡᠭᠦᠯᠬᠦ᠌ ᠬᠡᠷᠡᠭ᠌ᠲᠡᠢ》 ᠭᠡᠪᠡ᠃

ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠲᠥᠯᠥᠭᠡᠯᠡᠭ᠌ᠴᠢ ᠯᠢ ᠸᠸᠢ᠎ᠵᠢᠨ ᠦᠵᠡᠬᠦ ᠪᠡᠷ᠂ ᠤᠯᠠᠨ ᠶᠠᠨᠭᠵᠤᠴᠢᠯᠠᠭ᠍ᠰᠠᠨ᠂ ᠥᠪᠡᠷᠮᠢᠴᠡᠵᠢᠭ᠌ᠰᠡᠨ ᠬᠡᠷᠡᠭ᠌ᠯᠡᠭᠡᠨ᠎ᠦ ᠬᠡᠷᠡᠭ᠌ᠴᠡᠭᠡ᠎ᠶ᠋ᠢᠨ ᠦᠷᠭᠦᠯᠵᠢᠯᠡᠨ ᠲᠡᠰ ᠳᠡᠪᠱᠢᠬᠦ᠌᠎ᠶ᠋ᠢ ᠳᠠᠭᠠᠯᠳᠤᠨ᠂ ᠲᠣᠭᠠᠴᠢᠯᠠᠭ᠍ᠰᠠᠨ ᠮᠡᠷᠭᠡᠵᠢᠯ᠎ᠢᠶᠡᠷ ᠬᠥᠳᠡᠯᠭᠡᠭᠦᠷ ᠪᠣᠯᠭᠠᠬᠤ ᠴᠢᠳᠠᠪᠤᠷᠢ ᠳᠠᠰᠤᠷᠠᠯᠳᠠ ᠦᠭᠡᠢ ᠴᠢᠩᠭᠠᠷᠠᠵᠤ᠂ ᠤᠯᠤᠰ᠎ᠤᠨ ᠪᠠᠷᠠᠭ᠎ᠠ᠎ᠪᠠᠷ ᠲᠥᠯᠥᠭᠡᠯᠡᠭᠦᠯᠦᠭ᠌ᠰᠡᠨ ᠱᠢᠨ᠎ᠡ ᠬᠡᠷᠡᠭ᠌ᠯᠡᠭᠡᠨ᠎ᠦ ᠵᠠᠬ᠎ᠠ ᠳᠡᠯᠭᠡᠭᠦᠷ ᠨᠢ《ᠤᠯᠤᠰ᠎ᠤᠨ ᠨᠡᠷᠡᠳᠦ ᠲᠡᠮᠳᠡᠭ》᠎ᠤ᠋ᠨ  ᠭᠦᠨ ᠵᠤᠵᠠᠭᠠᠨ ᠰᠣᠶᠣᠯ᠎ᠤᠨ ᠠᠭᠤᠯᠬᠤᠨ ᠪᠠ ᠲᠡᠦᠬᠡ᠎ᠶ᠋ᠢᠨ ᠡᠬᠢ ᠰᠤᠷᠪᠤᠯᠵᠢ᠎ᠶ᠋ᠢ ᠭᠦᠢᠴᠡᠳ ᠪᠠᠳᠠᠷᠠᠭᠤᠯᠵᠤ᠂ ᠪᠦᠬᠦ᠌ ᠠᠵᠤ ᠦᠢᠯᠡᠰ᠎ᠦᠨ ᠬᠡᠯᠬᠢᠶ᠎ᠡ᠎ᠶ᠋ᠢᠨ ᠱᠢᠨ᠎ᠡ ᠬᠡᠷᠡᠭ᠌ᠯᠡᠭᠡᠨ᠎ᠦ ᠬᠦᠴᠦᠯᠡᠬᠦ᠌ ᠴᠡᠭ᠎ᠢ ᠭᠦᠨᠵᠡᠭᠡᠢ ᠠᠭᠤᠳᠠᠯᠵᠤ᠂ ᠡᠭᠦᠨ᠎ᠦ ᠤᠯᠠᠮ᠎ᠡᠴᠡ《ᠤᠯᠤᠰ᠎ᠤᠨ ᠪᠠᠷᠠᠭ᠎ᠠ᠎ᠶ᠋ᠢᠨ ᠭᠡᠷᠡᠯ ᠭᠢᠯᠪᠠᠭ᠎ᠠ》ᠪᠡᠷ ᠨᠡᠩ ᠤᠯᠠᠨ ᠬᠦᠷᠢᠢ᠎ᠡ᠂ ᠨᠡᠩ ᠤᠯᠠᠨ ᠬᠦᠮᠦᠰ᠎ᠢ ᠭᠡᠷᠡᠯᠳᠦᠬᠦᠯᠬᠦ᠌ ᠬᠡᠷᠡᠭ᠌ᠲᠡᠢ᠃

( ᠰᠢᠨᠬᠤᠸᠠ ᠬᠤᠷᠢᠶᠠᠨ᠎ᠤ ᠰᠤᠷᠪᠤᠯᠵᠢᠯᠠᠭ᠍ᠴᠢ  ᠽᠸᠤ ᠳ᠋ᠦᠸᠸ ᠸᠧᠢ   ᠬᠤ᠌ ᠯᠦ᠍   ᠳ᠋ᠤᠸᠠᠨ ᠱᠢᠤᠢ  ᠵᠠᠢ ᠵᠦᠸᠸ )

( ᠱᠢᠨᠬᠤᠸᠠ ᠬᠣᠷᠢᠶᠠᠨ᠎ᠤ ᠪᠡᠭᠡᠵᠢᠩ᠎ᠦᠨ 3 ᠰᠠᠷ᠎ᠠ᠎ᠶ᠋ᠢᠨ 9᠎ᠤ᠋ ᠴᠠᠬᠢᠯᠭᠠᠨ ᠮᠡᠳᠡᠭᠡ )

ᠣᠷᠴᠢᠭᠤᠯᠤᠭ᠍ᠴᠢ᠄
ᠨᠠᠢᠷᠠᠭᠤᠯᠤᠭ᠍ᠴᠢ᠄ ᠹᠦ᠋ ᠭᠸᠨ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠬᠠᠮᠢᠶ᠎ᠡ ᠪᠦᠬᠦᠢ ᠰᠣᠨᠢᠨ

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号