ᠢᠦᠶ ᠱᠢᠤᠢ ᠪᠥᠸᠧ ᠲᠥᠯᠥᠭᠡᠯᠡᠭ᠌ᠴᠢ᠄ ᠨᠠᠰᠤᠵᠢᠯ ᠤ᠋ᠨ ᠠᠰᠠᠷᠠᠮᠵᠢ᠎ᠶ᠋ᠢᠨ ᠤᠢᠯᠡᠴᠢᠯᠡᠬᠡᠨ ᠤ᠋ ᠴᠢᠳᠠᠪᠤᠷᠢᠲᠠᠨ᠎ᠢ ᠬᠥᠮᠦᠵᠢᠭᠦᠯᠬᠦ᠌ ᠲᠣᠭ᠍ᠲᠠᠴᠠ᠎ᠶ᠋ᠢ ᠲᠡᠭᠦᠯᠳᠡᠷᠵᠢᠭᠦᠯᠦᠨ᠎ᠡ
2022-03-12 09:27:49
ᠵᠣᠬᠢᠶᠠᠭ᠍ᠴᠢ᠄
​ ᠵᠠᠩ ᠺᠦᠶ
ᠣᠩᠱᠢᠭ᠍ᠰᠠᠨ ᠣᠳᠠᠭ᠎ᠠ᠄
★★★☆☆

QQ截图20220312092848.png


ᠰᠤᠷᠪᠤᠯᠵᠢᠯᠠᠭ᠍ᠴᠢ ᠶᠤᠸᠠᠨ ᠶᠦᠩ ᠬᠣᠩ  ᠰᠡᠭᠦᠳᠡᠷᠯᠡᠪᠡ


ᠮᠠᠨ᠎ᠤ ᠤᠯᠤᠰ ᠤ᠋ᠨ ᠬᠥᠮᠦᠨ ᠠᠮᠠ᠎ᠶ᠋ᠢᠨ ᠨᠠᠰᠤᠵᠢᠯᠳᠠ ᠵᠢᠨ ᠬᠡᠮᠵᠢᠶ᠎ᠡ ᠭᠦᠨᠵᠡᠭᠡᠢᠷᠡᠬᠦ᠌᠎ᠶ᠋ᠢ ᠳᠠᠭᠠᠯᠳᠤᠨ᠂ ᠨᠠᠰᠤᠵᠢᠯ ᠤ᠋ᠨ ᠠᠵᠢᠯ᠎ᠳᠤ ᠴᠥᠭᠡᠨ ᠪᠤᠰᠤ ᠠᠰᠠᠭᠤᠳᠠᠯ ᠪᠠ ᠥᠷᠢᠰᠥᠯᠳᠦᠭᠡᠨ ᠲᠤᠯᠭᠠᠷᠠᠵᠤ ᠪᠠᠢᠨ᠎ᠠ᠃ ᠥᠪᠥᠷ ᠮᠣᠩᠭᠣᠯ ᠤ᠋ᠨ ᠲᠥᠯᠥᠭᠡᠯᠡᠭ᠌ᠴᠢᠳ᠎ᠦᠨ ᠪᠦᠯᠬᠦᠮ᠎ᠦᠨ ᠪᠥᠬᠥ᠌ ᠤᠯᠤᠰ ᠤ᠋ᠨ ᠠᠷᠠᠳ ᠤ᠋ᠨ ᠲᠥᠯᠥᠭᠡᠯᠡᠭ᠌ᠴᠢᠳ᠎ᠦᠨ ᠶᠡᠬᠡ ᠬᠤᠷᠠᠯ ᠤ᠋ᠨ ᠲᠥᠯᠥᠭᠡᠯᠡᠭ᠌ᠴᠢ ᠢᠦᠶ ᠱᠢᠤᠢ ᠪᠥᠸᠧ ᠨᠠᠰᠤᠵᠢᠯ ᠤ᠋ᠨ ᠠᠰᠠᠷᠠᠮᠵᠢ᠎ᠶ᠋ᠢᠨ ᠰᠤᠪᠢᠯᠠᠯᠲᠠ᠎ᠶ᠋ᠢᠨ ᠦᠶ᠋ᠯᠡᠴᠢᠯᠡᠭᠡᠨ᠎ᠦ ᠠᠵᠢᠯᠲᠠᠨ᠎ᠤ ᠡᠩᠨᠡᠭᠡ᠎ᠶ᠋ᠢᠨ ᠪᠠᠢᠭᠤᠯᠤᠯᠲᠠ᠎ᠶ᠋ᠢ ᠴᠢᠩᠭᠠᠳᠭᠠᠵᠤ᠂ ᠤᠯᠠᠨ ᠠᠷᠭ᠎ᠠ ᠵᠠᠮ ᠢ᠋ᠢᠡᠷ ᠨᠠᠰᠤᠵᠢᠯ ᠤ᠋ᠨ ᠠᠰᠠᠷᠠᠮᠵᠢ᠎ᠶ᠋ᠢᠨ ᠦᠶ᠋ᠯᠡᠴᠢᠯᠡᠭᠡᠨ᠎ᠦ ᠠᠵᠢᠯᠲᠠᠨ᠎ᠤ ᠲᠤᠭ᠎ᠠ ᠢ᠋ᠢ ᠦᠷᠭᠡᠳᠭᠡᠵᠤ᠂ ᠨᠠᠰᠤᠵᠢᠯ ᠤ᠋ᠨ ᠠᠰᠠᠷᠠᠮᠵᠢ ᠢ᠋ᠢᠨ ᠠᠵᠢᠯᠳᠡᠨ ᠤ᠋ ᠠᠵᠢᠯ ᠮᠡᠷᠭᠡᠵᠢᠯ᠎ᠦᠨ ᠰᠤᠷᠭᠠᠨ ᠬᠥᠮᠦᠵᠢᠯ ᠪᠠ ᠲᠤᠰᠭᠠᠶ ᠮᠡᠷᠭᠡᠵᠢᠯ ᠴᠢᠳᠠᠪᠤᠷᠢ᠎ᠶ᠋ᠢᠨ ᠪᠠᠢᠭᠤᠯᠤᠯᠲᠠ᠎ᠶ᠋ᠢ ᠴᠢᠩᠭᠠᠳᠭᠠᠵᠤ᠂ ᠨᠠᠰᠤᠵᠢᠯ ᠤ᠋ᠨ ᠠᠰᠠᠷᠠᠮᠵᠢ᠎ᠶ᠋ᠢᠨ ᠦᠶ᠋ᠯᠡᠴᠢᠯᠡᠭᠡᠨ᠎ᠦ ᠠᠵᠢᠯᠲᠠᠨ᠎ᠤ ᠠᠵᠢᠯ ᠮᠡᠷᠭᠡᠵᠢᠯ᠎ᠦᠨ ᠦᠨ᠎ᠠ ᠦᠷᠳᠡᠭ ᠢ᠋ ᠮᠡᠳᠡᠷᠡᠬᠦᠯᠬᠦ ᠲᠦᠷᠦᠭᠳᠡᠯ ᠢ᠋ ᠨᠡᠮᠡᠭᠳᠡᠬᠦᠯᠪᠡᠯ ᠵᠤᠬᠢᠨ᠎ᠠ ᠬᠡᠬᠦ ᠰᠠᠨᠠᠯ ᠰᠠᠨᠠᠭᠤᠯᠭ᠎ᠠ ᠭᠠᠷᠭᠠᠪᠠ᠃

ᠢᠦᠶ ᠱᠢᠤᠢ ᠪᠥᠸᠧ ᠪᠠᠢᠴᠠᠭᠠᠨ ᠰᠤᠳᠤᠯᠤᠯᠲᠠ ᠬᠢᠬᠦ᠌ ᠳᠤᠮᠳᠠ᠎ᠪᠠᠨ ᠨᠠᠰᠤᠵᠢᠯ ᠤ᠋ᠨ ᠠᠰᠠᠷᠠᠮᠵᠢ᠎ᠶ᠋ᠢᠨ ᠦᠶ᠋ᠯᠡᠴᠢᠯᠡᠭᠡᠨ᠎ᠦ ᠠᠵᠢᠯᠲᠠᠨ᠎ᠤ ᠲᠣᠭ᠎ᠠ ᠬᠦᠷᠦᠯᠴᠡᠬᠦ ᠦᠬᠡᠢ᠂ ᠲᠤᠰᠭᠠᠶ ᠮᠡᠷᠭᠡᠵᠢᠯ᠎ᠦᠨ ᠴᠢᠨᠠᠷ ᠪᠠᠭᠤᠷᠠᠶ᠂ ᠶᠡᠷᠤᠨᠭᠬᠡᠢᠯᠡᠭᠰᠡᠨ ᠪᠤᠯᠪᠠᠰᠤᠷᠠᠯ ᠳᠤᠤᠷ᠎ᠠ᠂ ᠨᠠᠰᠤᠨ᠎ᠤ ᠪᠦᠲᠦᠴᠡ ᠵᠣᠬᠢᠰ ᠥᠬᠡᠶ᠂ ᠴᠠᠯᠢᠩ ᠣᠯᠭᠣᠮᠵᠢ ᠥᠨᠳᠥᠷ ᠪᠢᠰᠢ᠂ ᠨᠠᠰᠤᠵᠢᠯ ᠤ᠋ᠨ ᠠᠰᠠᠷᠠᠮᠵᠢ᠎ᠶ᠋ᠢᠨ ᠪᠠᠢᠭᠤᠯᠤᠮᠵᠢ ᠬᠥᠮᠦᠨ ᠤᠷᠢᠨ ᠡᠯᠰᠡᠬᠦ᠌᠎ᠳᠦ ᠬᠦᠴᠢᠷ᠂ ᠬᠥᠮᠦᠨ ᠦᠯᠡᠳᠡᠭᠡᠬᠦ᠌᠎ᠳᠦ ᠬᠦᠴᠢᠷ᠂ ᠡᠩᠨᠡᠭᠡ ᠲᠣᠭ᠍ᠲᠠᠭᠤᠨ ᠪᠤᠰᠤ ᠵᠡᠷᠭᠡ ᠬᠦᠴᠢᠷ ᠠᠰᠠᠭᠤᠳᠠᠯ ᠨᠡᠢᠳᠡᠮ ᠣᠷᠣᠱᠢᠵᠤ᠂ ᠨᠠᠰᠤᠵᠢᠯ ᠤ᠋ᠨ ᠠᠰᠠᠷᠠᠮᠵᠢ᠎ᠶ᠋ᠢᠨ ᠦᠶ᠋ᠯᠡᠴᠢᠯᠡᠭᠡᠨ᠎ᠦ ᠬᠠᠩᠭᠠᠯᠭ᠎ᠠ ᠬᠡᠷᠡᠭ᠌ᠴᠡᠭᠡ᠎ᠶ᠋ᠢᠨ ᠵᠥᠷᠢᠴᠡᠯ ᠲᠣᠪᠣᠢᠮ᠎ᠠ ᠪᠠᠢᠬᠤ ᠢ᠋ᠢ ᠤᠯᠵᠤ ᠮᠡᠳᠡᠵᠡᠢ᠃ ᠲᠡᠷᠡ ᠪᠠᠷ ᠲᠤᠰᠭᠠᠶ ᠮᠡᠷᠭᠡᠵᠢᠯ᠎ᠦᠨ ᠰᠤᠪᠢᠯᠠᠭ᠍ᠴᠢ ᠳᠤᠲᠠᠭ᠍ᠳᠠᠵᠤ ᠪᠠᠢᠭ᠎ᠠ ᠶᠠᠪᠤᠳᠠᠯ ᠪᠣᠯ ᠨᠠᠰᠤᠵᠢᠯ ᠤ᠋ᠨ ᠠᠰᠠᠷᠠᠮᠵᠢ᠎ᠶ᠋ᠢᠨ ᠦᠶ᠋ᠯᠡᠴᠢᠯᠡᠭᠡᠨ᠎ᠦ ᠱᠢᠰᠲ᠋ᠧᠮ᠎ᠦᠨ ᠪᠠᠢᠭᠤᠯᠤᠯᠲᠠ᠎ᠶ᠋ᠢ ᠬᠢᠵᠠᠭᠠᠷᠯᠠᠵᠤ ᠪᠠᠢᠭ᠎ᠠ ᠪᠣᠭᠣᠮᠢ᠎ᠶ᠋ᠢᠨ ᠠᠰᠠᠭᠤᠳᠠᠯ ᠪᠤᠯᠤᠨ᠎ᠠ᠂ ᠡᠨᠡ ᠨᠢ ᠨᠠᠰᠤᠵᠢᠯ ᠤ᠋ᠨ ᠠᠰᠠᠷᠠᠮᠵᠢ᠎ᠶ᠋ᠢᠨ ᠠᠵᠤ ᠦᠶ᠋ᠯᠡᠰ᠎ᠦᠨ ᠬᠥᠭ᠌ᠵᠢᠯᠲᠡ᠎ᠶ᠋ᠢ ᠶᠡᠬᠡᠬᠡᠨ ᠬᠡᠮᠵᠢᠶᠡᠨ ᠲᠡᠭᠡᠷ᠎ᠠ ᠬᠠᠷᠱᠢᠯᠠᠵᠤ ᠪᠠᠢᠨ᠎ᠠ ᠬᠡᠪᠡ᠃

《ᠨᠠᠰᠤᠵᠢᠯ ᠤ᠋ᠨ ᠠᠰᠠᠷᠠᠮᠵᠢ᠎ᠶ᠋ᠢᠨ ᠦᠢᠯᠡᠴᠢᠯᠡᠭᠡᠨ᠎ᠦ ᠠᠵᠢᠯᠲᠠᠨ᠎ᠤ ᠲᠣᠭ᠎ᠠ᠎ᠶ᠋ᠢ ᠣᠯᠠᠨ ᠠᠷᠭ᠎ᠠ ᠵᠠᠮ᠎ᠢᠶᠠᠷ ᠥᠷᠭᠡᠳᠭᠡᠬᠦ᠌ ᠬᠡᠷᠡᠭ᠌ᠲᠡᠶ》᠃ ᠢᠦᠶ ᠱᠢᠤᠢ ᠪᠥᠸᠧ᠂ ᠨᠠᠰᠤᠵᠢᠯ ᠤ᠋ᠨ ᠠᠰᠠᠷᠠᠮᠵᠢ᠎ᠶ᠋ᠢᠨ ᠦᠶ᠋ᠯᠡᠴᠢᠯᠡᠭᠡᠨ᠎ᠦ ᠠᠵᠢᠯᠲᠠᠨ᠎ᠢ ᠬᠥᠮᠦᠵᠢᠭᠦᠯᠬᠦ᠌ ᠲᠥᠯᠥᠪᠯᠡᠭᠡ᠎ᠶ᠋ᠢ ᠨᠠᠢᠳᠠᠪᠤᠷᠢᠵᠢᠭᠤᠯᠬᠤ᠎ᠶ᠋ᠢ ᠠᠬᠢᠭᠤᠯᠵᠤ ᠂ ᠵᠠᠰᠠᠭ ᠤ᠋ᠨ ᠣᠷᠳᠣᠨ ᠦᠶ᠋ᠯᠡᠴᠢᠯᠡᠭᠡ ᠬᠤᠳᠠᠯᠳᠤᠨ ᠠᠪᠬᠤ ᠂ ᠲᠤᠰᠭᠠᠶ ᠮᠡᠷᠭᠡᠵᠢᠯ᠎ᠦᠨ ᠬᠢᠷᠢ ᠬᠡᠮ᠎ᠲᠡᠶ ᠠᠵᠤ ᠠᠬᠤᠢᠯᠠᠯ᠎ᠳᠤ ᠨᠠᠢᠳᠠᠬᠤ ᠵᠡᠷᠭᠡ ᠠᠷᠭ᠎ᠠ ᠬᠡᠯᠪᠡᠷᠢ ᠪᠡᠷ ᠲᠠᠮᠵᠢᠨ ᠨᠠᠰᠤᠵᠢᠯ ᠤ᠋ᠨ ᠠᠰᠠᠷᠠᠮᠵᠢ᠎ᠶ᠋ᠢᠨ ᠴᠢᠳᠠᠪᠤᠷᠢᠲᠠᠨ᠎ᠢ ᠬᠥᠮᠦᠵᠢᠭᠦᠯᠬᠦ᠌ ᠰᠠᠭᠤᠷᠢᠨ᠎ᠤ ᠪᠥᠲᠥᠭᠡᠨ ᠪᠠᠢᠭᠤᠯᠤᠯᠲᠠ᠎ᠶ᠋ᠢ ᠲᠦᠷᠭᠡᠳᠭᠡᠵᠦ᠍᠂ ᠴᠢᠳᠠᠪᠤᠷᠢᠲᠠᠨ᠎ᠢ ᠬᠥᠮᠦᠵᠢᠭᠦᠯᠬᠦ᠌ ᠲᠣᠭ᠍ᠲᠠᠴᠠ᠎ᠶ᠋ᠢ ᠲᠡᠬᠦᠯᠳᠡᠷᠵᠢᠬᠦᠯᠪᠡᠯ ᠵᠤᠬᠢᠨ᠎ᠠ ᠬᠡᠪᠡ ᠃

ᠢᠦᠶ ᠱᠢᠤᠢ ᠪᠥᠸᠧ ᠪᠠᠢᠴᠠᠭᠠᠨ ᠰᠤᠳᠤᠯᠤᠯᠲᠠ ᠬᠢᠬᠦ᠌ ᠳ᠋ᠡᠭᠡᠨ ᠪᠠᠰᠠ ᠨᠢᠬᠡ ᠵᠦᠢᠯ ᠢ᠋ ᠣᠯᠵᠤ ᠮᠡᠳᠡᠵᠡᠢ᠂ ᠣᠳᠣᠬᠠᠨ᠎ᠳᠤ᠂ ᠡᠩ᠎ᠦᠨ ᠳᠡᠭᠡᠳᠦ ᠵᠡᠷᠭᠡ᠎ᠶ᠋ᠢᠨ ᠰᠤᠷᠭᠠᠭᠤᠯᠢ᠎ᠶ᠋ᠢᠨ ᠳᠡᠭᠡᠳᠦ ᠵᠡᠷᠭᠡ᠎ᠶ᠋ᠢᠨ ᠠᠵᠢᠯ ᠮᠡᠷᠭᠡᠵᠢᠯ᠎ᠦᠨ ᠰᠤᠷᠭᠠᠨ ᠬᠥᠮᠦᠵᠢᠯ (ᠲᠤᠰᠭᠠᠶ ᠮᠡᠷᠭᠡᠵᠢᠯ) ᠤ᠋ᠨ ᠎ᠲᠤᠰᠭᠠᠶ ᠮᠡᠷᠭᠡᠵᠢᠯ᠂ ᠳᠤᠮᠳᠠ ᠵᠡᠷᠭᠡ᠎ᠶ᠋ᠢᠨ ᠠᠵᠢᠯ ᠮᠡᠷᠭᠡᠵᠢᠯ᠎ᠦᠨ ᠰᠤᠷᠭᠠᠭᠤᠯᠢ᠎ᠶ᠋ᠢᠨ ᠲᠤᠰᠭᠠᠶ ᠮᠡᠷᠭᠡᠵᠢᠯ᠂ ᠡᠩ᠎ᠦᠨ ᠳᠡᠭᠡᠳᠦ ᠵᠡᠷᠭᠡ᠎ᠶ᠋ᠢᠨ ᠰᠤᠷᠭᠠᠭᠤᠯᠢ᠎ᠶ᠋ᠢᠨ ᠵᠢᠩᠬᠢᠨᠢ ᠠᠩᠭᠢ᠎ᠶ᠋ᠢᠨ ᠲᠤᠰᠭᠠᠶ ᠮᠡᠷᠭᠡᠵᠢᠯ᠎ᠦᠨ ᠭᠠᠷᠴᠠᠭ ᠤ᠋ᠨ ᠲᠣᠬᠢᠷᠠᠭᠤᠯᠤᠯᠲᠠ᠎ᠳᠤ ᠂ ᠬᠡᠷ ᠤ᠋ᠨ ᠶᠠᠪᠤᠳᠠᠯ ᠤ᠋ᠨ ᠦᠶ᠋ᠯᠡᠴᠢᠯᠡᠭᠡ ᠪᠠ ᠬᠠᠮᠢᠶᠠᠷᠤᠯᠲᠠ᠂ ᠨᠠᠰᠤᠲᠠᠢᠴᠤᠳ ᠤ᠋ᠨ ᠦᠶ᠋ᠯᠡᠴᠢᠯᠡᠭᠡ ᠪᠠ ᠬᠠᠮᠢᠶᠠᠷᠤᠯᠲᠠ ᠵᠡᠷᠭᠡ ᠬᠣᠯᠪᠣᠭ᠍ᠳᠠᠯ ᠪᠥᠬᠥᠶ ᠲᠤᠰᠭᠠᠶ ᠮᠡᠷᠭᠡᠵᠢᠯ ᠪᠠᠢᠬᠤ ᠨᠢ ᠴᠥᠭᠡᠨ ᠪᠠᠢᠨ᠎ᠠ ᠃

《ᠨᠠᠰᠤᠵᠢᠯ ᠤ᠋ᠨ ᠠᠰᠠᠷᠠᠮᠵᠢ ᠢ᠋ᠢᠨ ᠰᠤᠪᠢᠯᠠᠯᠳᠡ ᠳ᠋ᠤ ᠠᠮᠢᠳᠤᠷᠠᠯ ᠤ᠋ᠨ ᠰᠤᠪᠢᠯᠠᠯᠳᠡ ᠪᠠᠢᠬᠤ ᠪᠡᠷ ᠪᠠᠷᠠᠬᠤ ᠦᠬᠡᠢ ᠂ ᠪᠠᠰᠠ ᠡᠮ ᠡᠮᠨᠡᠯᠬᠡ ᠢ᠋ᠢᠨ ᠰᠤᠪᠢᠯᠡᠯᠳᠡ᠂ ᠰᠡᠳᠬᠢᠴᠡ ᠢ᠋ᠢᠨ ᠰᠤᠪᠢᠯᠠᠯᠳᠡ ᠵᠡᠷᠭᠡ ᠲᠤᠰᠬᠠᠢ ᠮᠡᠷᠭᠡᠵᠢᠯ ᠎ᠲᠠᠢ ᠬᠤᠯᠪᠤᠭᠳᠠᠨ᠎ᠠ》᠃ ᠣᠳᠣᠬᠠᠨ᠎ᠳᠤ ᠨᠠᠰᠤᠵᠢᠯ ᠤ᠋ᠨ ᠠᠰᠠᠷᠠᠮᠵᠢ᠎ᠶ᠋ᠢᠨ ᠦᠢᠯᠡᠴᠢᠯᠡᠭᠡᠨ᠎ᠦ ᠲᠤᠰᠭᠠᠶ ᠮᠡᠷᠭᠡᠵᠢᠯ᠎ᠢ ᠡᠷᠭᠢᠯᠡᠵᠦ᠍ ᠪᠠᠢᠭ᠎ᠠ ᠪᠠᠭ᠍ᠰᠢ᠎ᠶ᠋ᠢᠨ ᠲᠣᠭ᠎ᠠ ᠲᠤᠳᠠᠭᠳᠠᠵᠤ ᠪᠠᠢᠬᠤ᠂ ᠲᠤᠰᠭᠠᠶ ᠮᠡᠷᠭᠡᠵᠢᠯ᠎ᠦᠨ ᠰᠤᠷᠭᠠᠨ ᠬᠥᠮᠦᠵᠢᠯ᠎ᠦᠨ ᠬᠢᠴᠢᠶᠡᠯ᠎ᠦᠨ ᠲᠣᠬᠢᠷᠠᠭᠤᠯᠤᠯᠲᠠ ᠪᠦᠷᠢᠨ ᠪᠤᠰᠤ ᠂ ᠨᠠᠰᠤᠵᠢᠯ ᠤ᠋ᠨ ᠠᠰᠠᠷᠠᠮᠵᠢ ᠎ᠶ᠋ᠢᠨ ᠲᠤᠰᠭᠠᠶ ᠮᠡᠷᠭᠡᠵᠢᠯ᠎ᠦᠨ ᠠᠵᠢᠯ ᠮᠡᠷᠭᠡᠵᠢᠯ᠎ᠦᠨ ᠰᠤᠷᠭᠠᠨ ᠬᠥᠮᠦᠵᠢᠯ᠎ᠦᠨ ᠬᠥᠭ᠌ᠵᠢᠯᠲᠡ ᠤᠳᠠᠭᠠᠨ ᠪᠠᠢᠬᠤ ᠵᠡᠷᠭᠡ ᠠᠰᠠᠭᠤᠳᠠᠯ ᠴᠤ᠌ ᠮᠠᠰᠢ ᠲᠣᠪᠣᠢᠮ᠎ᠠ ᠣᠷᠣᠱᠢᠵᠤ ᠪᠠᠢᠨ᠎ᠠ ᠭᠡᠵᠦ᠍ ᠢᠦᠶ ᠱᠢᠤᠢ ᠪᠥᠸᠧ ᠬᠡᠯᠡᠨ᠎ᠠ ᠃

ᠢᠦᠶ ᠱᠢᠤᠢ ᠪᠥᠸᠧ᠂ ᠤᠯᠤᠰ ᠤ᠋ᠨ ᠬᠤᠯᠪᠤᠭᠳᠠᠯ ᠪᠥᠬᠥᠶ ᠰᠠᠯᠠᠭ᠎ᠠ ᠮᠥᠴᠢᠷ ᠤ᠋ᠨ ᠬᠢᠨ ᠳᠡᠭᠡᠳᠦ ᠵᠡᠷᠭᠡ᠎ᠶ᠋ᠢᠨ ᠵᠢᠩᠬᠢᠨᠢ ᠠᠩᠭᠢ᠎ᠶ᠋ᠢᠨ ᠳᠡᠭᠡᠳᠦ ᠰᠤᠷᠭᠠᠭᠤᠯᠢ᠎ᠶ᠋ᠢᠨ ᠨᠠᠰᠤᠵᠢᠯ ᠤ᠋ᠨ ᠠᠰᠠᠷᠠᠮᠵᠢ᠎ᠶ᠋ᠢᠨ ᠬᠠᠮᠢᠶ᠎ᠠ ᠪᠥᠬᠥᠶ ᠲᠤᠰᠭᠠᠶ ᠮᠡᠷᠭᠡᠵᠢᠯ ᠨᠡᠭᠡᠭᠡᠬᠦ᠌᠎ᠶ᠋ᠢ ᠳᠡᠮᠵᠢᠨ ᠵᠣᠷᠢᠭ᠍ᠵᠢᠭᠤᠯᠵᠤ᠂ᠨᠠᠰᠤᠵᠢᠯ ᠤ᠋ᠨ ᠠᠰᠠᠷᠠᠮᠵᠢ᠎ᠶ᠋ᠢᠨ ᠦᠶ᠋ᠯᠡᠴᠢᠯᠡᠭᠡᠨ᠎ᠦ ᠪᠠᠢᠭᠤᠯᠤᠮᠵᠢ᠂ ᠨᠠᠰᠤᠵᠢᠯ ᠤ᠋ᠨ ᠦᠶ᠋ᠯᠡᠰ᠎ᠦᠨ ᠬᠠᠮᠢᠶᠠᠷᠤᠯᠲᠠ᠎ᠶ᠋ᠢᠨ ᠬᠡᠯᠪᠡᠷᠢ᠎ᠶ᠋ᠢᠨ ᠪᠠ ᠬᠡᠷᠡᠭ᠌ᠯᠡᠭᠡᠨ᠎ᠦ ᠬᠡᠯᠪᠡᠷᠢ᠎ᠶ᠋ᠢᠨ ᠴᠢᠳᠠᠪᠤᠷᠢᠲᠠᠨ᠎ᠢ ᠬᠦᠴᠦᠯᠡᠨ ᠬᠦᠮᠦᠵᠢᠬᠦᠯᠪᠡᠯ ᠵᠤᠬᠢᠨ᠎ᠠ᠃ ᠰᠤᠷᠭᠠᠭᠤᠯᠢ ᠪᠠ ᠠᠵᠤ ᠠᠬᠤᠢᠯᠠᠯ ᠤ᠋ᠨ ᠬᠠᠮᠲᠤᠷᠠᠯᠴᠠᠭ᠎ᠠ᠎ᠶ᠋ᠢ ᠥᠷᠭᠡᠨ᠎ᠢᠶᠡᠷ ᠥᠷᠨᠢᠭᠦᠯᠵᠦ᠍᠂ ᠨᠠᠰᠤᠵᠢᠯ ᠤ᠋ᠨ ᠠᠰᠠᠷᠠᠮᠵᠢ᠎ᠶ᠋ᠢᠨ ᠲᠤᠰᠭᠠᠶ ᠮᠡᠷᠭᠡᠵᠢᠯ᠎ᠦᠨ ᠴᠢᠳᠠᠪᠤᠷᠢᠲᠠᠨ ᠢ᠋ ᠰᠤᠷᠭᠠᠭᠤᠯᠢ ᠪᠠ ᠠᠵᠤ ᠠᠬᠤᠢᠯᠠᠯ ᠬᠠᠮᠳᠤᠷᠠᠯᠴᠠᠵᠤ ᠬᠦᠮᠦᠵᠢᠬᠦᠯᠬᠦ ᠲᠣᠭ᠍ᠲᠠᠴᠠ᠎ᠶ᠋ᠢ ᠪᠠᠢᠭᠤᠯᠪᠠᠯ ᠵᠤᠬᠢᠨ᠎ᠠ ᠃ ᠶᠡᠬᠡ ᠳᠡᠭᠡᠳᠦ ᠰᠤᠷᠭᠠᠭᠤᠯᠢ᠎ᠶ᠋ᠢᠨ ᠨᠠᠰᠤᠵᠢᠯ ᠤ᠋ᠨ ᠦᠶ᠋ᠯᠡᠴᠢᠯᠡᠭᠡᠨ᠎ᠦ ᠠᠵᠤ ᠠᠬᠤᠢᠯᠠᠯ ᠪᠠ ᠪᠠᠢᠭᠤᠯᠤᠮᠵᠢ᠎ᠲᠠᠶ ᠬᠣᠯᠪᠣᠭᠠᠯᠠᠨ ᠰᠤᠷᠭᠠᠭᠤᠯᠢ ᠪᠠ ᠠᠵᠤ ᠠᠬᠤᠢᠯᠠᠯ ᠤ᠋ᠨ ᠬᠠᠮᠲᠤᠷᠠᠯᠴᠠᠭ᠎ᠠ᠎ᠢ᠋ᠢ ᠴᠢᠩᠭᠠᠳᠭᠠᠬᠤ᠎ᠶ᠋ᠢ ᠳᠡᠮᠵᠢᠵᠦ᠍᠂ ᠵᠠᠬᠢᠶᠠᠯᠠᠭ᠎ᠠ᠎ᠶ᠋ᠢᠨ ᠮᠠᠶᠢᠭ ᠤ᠋ᠨ ᠴᠢᠳᠠᠪᠤᠷᠢᠲᠠᠨ᠎ᠢ ᠬᠥᠮᠦᠵᠢᠭᠦᠯᠬᠦ᠌ ᠪᠠ ᠤᠷ᠎ᠠ ᠴᠢᠳᠠᠪᠤᠷᠢ ᠪᠡᠷ ᠠᠵᠢᠯ ᠣᠯᠭᠣᠬᠤ ᠪᠤᠯᠪᠠᠰᠤᠷᠠᠯ ᠤ᠋ᠨ ᠲᠣᠭ᠍ᠲᠠᠴᠠ᠎ᠶ᠋ᠢ ᠪᠠᠢᠭᠤᠯᠵᠤ ᠲᠡᠭᠦᠯᠳᠡᠷᠵᠢᠭᠦᠯᠪᠠᠯ ᠵᠤᠬᠢᠨ᠎ᠠ᠃  ᠨᠠᠰᠤᠵᠢᠯ ᠤ᠋ᠨ ᠠᠰᠠᠷᠠᠮᠵᠢ᠎ᠶ᠋ᠢᠨ ᠦᠶ᠋ᠯᠡᠴᠢᠯᠡᠭᠡᠨ᠎ᠦ ᠠᠵᠢᠯᠲᠠᠨ᠎ᠤ ᠪᠤᠯᠪᠠᠰᠤᠷᠠᠯ ᠤ᠋ᠨ ᠰᠢᠰᠲ᠋ᠧᠮ᠎ᠤ᠋ᠨ ᠳᠡᠭᠡᠳᠦ ᠵᠡᠷᠭᠡ᠎ᠶ᠋ᠢᠨ ᠵᠢᠩᠬᠢᠨᠢ ᠠᠩᠭᠢ ᠪᠠ ᠳᠤᠮᠳᠠ ᠳᠡᠭᠡᠳᠦ ᠵᠡᠷᠭᠡ᠎ᠶ᠋ᠢᠨ ᠠᠵᠢᠯ ᠮᠡᠷᠭᠡᠵᠢᠯ᠎ᠦᠨ ᠰᠤᠷᠭᠠᠭᠤᠯᠢ᠎ᠶ᠋ᠢᠨ ᠣᠷᠳᠣ ᠬᠤᠭᠤᠴᠠᠭᠠᠨ᠎ᠤ ᠪᠦᠲᠦᠮᠵᠢᠲᠡᠶ ᠬᠠᠮᠲᠤᠷᠠᠯᠴᠠᠬᠤ ᠲᠣᠭ᠍ᠲᠠᠴᠠ ᠪᠠᠢᠭᠤᠯᠬᠤ᠎ᠶ᠋ᠢ ᠳᠡᠮᠵᠢᠵᠦ᠍᠂ ᠨᠢᠭᠡᠳᠦᠭᠡᠷ ᠹᠷᠣᠨᠲ ᠤ᠋ᠨ ᠰᠤᠪᠢᠯᠠᠯᠳᠡ ᠢ᠋ᠢᠨ ᠦᠶ᠋ᠯᠡᠴᠢᠯᠡᠭᠡᠨ᠎ᠦ ᠠᠵᠢᠯᠲᠠᠨ᠎ᠤ ᠦᠶ᠋ᠯᠡᠴᠢᠯᠡᠭᠡᠨ᠎ᠦ ᠤᠷ᠎ᠠ ᠴᠢᠳᠠᠪᠤᠷᠢ᠎ᠶ᠋ᠢᠨ ᠲᠦᠪᠰᠢᠨ ᠢ᠋ ᠲᠡᠭᠡᠭᠰᠢᠯᠡᠬᠦᠯᠪᠠᠯ ᠵᠤᠬᠢᠨ᠎ᠠ ᠬᠡᠬᠦ ᠰᠠᠨᠠᠯ ᠰᠠᠨᠠᠭᠤᠯᠭ᠎ᠠ ᠭᠠᠷᠭᠠᠪᠠ ᠃

《ᠨᠠᠰᠤᠵᠢᠯ ᠤ᠋ᠨ ᠠᠰᠠᠷᠠᠮᠵᠢ᠎ᠶ᠋ᠢᠨ ᠦᠢᠯᠡᠴᠢᠯᠡᠭᠡᠨ᠎ᠦ ᠬᠣᠯᠪᠣᠭ᠍ᠳᠠᠯ ᠪᠦᠬᠦᠢ ᠲᠤᠰᠭᠠᠶ ᠮᠡᠷᠭᠡᠵᠢᠯ᠎ᠳᠦ ᠨᠡᠷ᠎ᠡ ᠮᠡᠳᠡᠭᠦᠯᠬᠦ᠌ ᠪᠠᠷᠢᠮᠵᠢᠶ᠎ᠠ᠎ᠶ᠋ᠢ ᠪᠠᠭᠤᠷᠠᠭᠤᠯᠵᠤ᠂ ᠰᠤᠷᠤᠯᠭ᠎ᠠ᠎ᠶ᠋ᠢᠨ ᠰᠦᠢᠳᠭᠡᠯ᠎ᠢ ᠬᠠᠰᠤᠵᠤ ᠬᠡᠯᠲᠦᠷᠢᠭᠦᠯᠬᠦ᠌᠂ ᠲᠤᠰᠭᠠᠶ ᠰᠤᠷᠤᠯᠭ᠎ᠠ ᠶ᠋ᠢᠨ ᠱᠠᠩᠨᠠᠯ ᠲᠡᠳᠬᠦᠮᠵᠢ᠎ᠶ᠋ᠢᠨ ᠮᠥᠩᠭᠥ᠌᠂ ᠠᠮᠢᠳᠤᠷᠠᠯ ᠤ᠋ᠨ ᠨᠥᠬᠥᠪᠥᠷᠢ ᠣᠯᠭᠣᠬᠤ ᠵᠡᠷᠭᠡ ᠤᠷᠮᠠᠱᠢᠭᠤᠯᠬᠤ ᠲᠥᠷᠥ᠎ᠶ᠋ᠢᠨ ᠪᠣᠳᠣᠯᠭ᠎ᠠ᠎ᠪᠠᠷ ᠳᠠᠮᠵᠢᠭᠤᠯᠤᠨ ᠨᠡᠩ ᠣᠯᠠᠨ ᠰᠤᠷᠤᠭ᠍ᠴᠢᠳ ᠢ᠋ ᠤᠷᠮᠠᠰᠢᠭᠤᠯᠵᠤ ᠪᠤᠯᠤᠨ᠎ᠠ》 ᠭᠡᠵᠦ᠍ ᠢᠦᠢ ᠱᠢᠤᠢ ᠪᠥᠸᠧ ᠬᠡᠯᠡᠪᠡ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠤᠶᠤᠨᠲᠠᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠬᠠᠮᠢᠶ᠎ᠡ ᠪᠦᠬᠦᠢ ᠰᠣᠨᠢᠨ

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号