ᠧ ᠱᠢᠶᠤᠤ ᠮᠧᠶ ᠭᠡᠱᠢᠭᠦᠨ᠄ ᠭᠠᠳᠠᠭᠠᠳᠤ᠎ᠲᠠᠢ ᠬᠣᠯᠪᠣᠭ᠍ᠳᠠᠬᠤ ᠠᠵᠤ ᠠᠬᠤᠢᠯᠠᠯ《ᠭᠠᠷᠴᠤ ᠶᠠᠪᠤᠬᠤ》 ᠮᠦᠷᠲᠡᠭᠡᠨ ᠨᠠᠩ ᠬᠣᠯᠠ ᠨᠡᠩ ᠰᠠᠢᠨ ᠶᠠᠪᠤᠪᠠᠯ ᠵᠤᠬᠢᠨ᠎ᠠ
2022-03-12 09:31:54
ᠵᠣᠬᠢᠶᠠᠭ᠍ᠴᠢ᠄
​ᠰᠥᠩ ᠱᠤᠸᠠᠩ
ᠣᠩᠱᠢᠭ᠍ᠰᠠᠨ ᠣᠳᠠᠭ᠎ᠠ᠄
★★★☆☆

QQ截图20220312093320.png


《ᠥᠨᠳᠥᠷ ᠲᠦᠪᠱᠢᠨ ᠪᠦᠬᠦᠢ ᠭᠠᠳᠠᠭᠠᠳᠤ ᠨᠡᠭᠡᠭᠡᠯᠳᠡ᠎ᠶ᠋ᠢ ᠥᠷᠭᠡᠳᠭᠡᠨ᠎ᠡ》᠂《ᠭᠠᠳᠠᠭᠠᠳᠤ᠎ᠳ᠋ᠤ ᠪᠡᠯᠡ ᠣᠷᠣᠭᠤᠯᠬᠤ ᠬᠠᠮᠲᠤᠷᠠᠯᠴᠠᠭ᠎ᠠ᠎ᠶ᠋ᠢ ᠡᠮᠬᠢ ᠵᠢᠷᠤᠮ᠎ᠲᠠᠶ ᠥᠷᠨᠢᠭᠦᠯᠵᠦ᠍᠂ ᠭᠠᠳᠠᠭᠠᠳᠤ ᠳ᠋ᠡᠬᠢ ᠠᠶᠤᠯ ᠲᠦᠭ᠌ᠰᠢᠭᠦᠷᠢ᠎ᠶ᠋ᠢ ᠪᠦᠲᠦᠮᠵᠢᠲᠡᠢ ᠰᠡᠷᠭᠡᠢᠯᠡᠨ᠎ᠡ 》 ᠁ ᠤᠢ᠍ᠢᠷ᠎ᠠ᠎ᠶ᠋ᠢᠨ ᠬᠡᠳᠦᠨ ᠡᠳᠦᠷ᠂ ᠪᠦᠬᠦ᠌ ᠤᠯᠤᠰ᠎ᠤᠨ ᠤᠯᠤᠰ ᠲᠦᠷᠦ᠍᠎ᠶ᠋ᠢᠨ ᠵᠥᠪᠯᠡᠯᠭᠡᠨ᠎ᠦ ᠭᠡᠱᠢᠭᠦᠨ᠂ ᠥᠪᠥᠷ ᠮᠣᠩᠭᠣᠯ᠎ᠤᠨ ᠶᠡᠬᠡ ᠰᠤᠷᠭᠠᠭᠤᠯᠢ᠎ᠶ᠋ᠢᠨ ᠬᠠᠤᠯᠢ᠎ᠶ᠋ᠢᠨ ᠤᠬᠠᠭᠠᠨ᠎ᠤ ᠳᠡᠭᠡᠳᠦ ᠰᠤᠷᠭᠠᠭᠤᠯᠢ᠎ᠶ᠋ᠢᠨ ᠫᠷᠤᠹᠸᠰᠰᠤᠷ ᠧ ᠱᠢᠶᠤᠤ ᠮᠧᠢ ᠵᠠᠰᠠᠭ᠎ᠤᠨ ᠣᠷᠳᠣᠨ᠎ᠤ ᠠᠵᠢᠯ᠎ᠤᠨ ᠢᠯᠡᠳᠭᠡᠯ᠎ᠢ ᠲᠠᠬᠢᠨ ᠳᠠᠪᠲᠠᠨ ᠰᠤᠳᠤᠯᠤᠨ ᠤᠩᠱᠢᠵᠤ ᠤᠢ᠍ᠢᠯᠠᠭᠠᠬᠤ ᠵᠢᠨ ᠬᠠᠮᠳᠤ ᠡᠢᠨ ᠬᠦ᠌ ᠲᠡᠮᠳᠡᠭ᠌ᠯᠡᠯ ᠬᠢᠨ᠎ᠡ᠃

《ᠣᠳᠣᠬᠠᠨ᠎ᠳᠤ ᠮᠠᠨ᠎ᠤ ᠤᠯᠤᠰ᠎ᠤᠨ ᠵᠠᠷᠢᠮ ᠭᠠᠳᠠᠭᠠᠳᠤ ᠲᠠᠢ ᠬᠣᠯᠪᠣᠭ᠍ᠳᠠᠬᠤ ᠠᠵᠤ ᠠᠬᠤᠢᠯᠠᠯ ᠳ᠋ᠤ ᠡᠵᠡᠩᠨᠡᠯᠲᠡ᠎ᠶ᠋ᠢᠨ ᠳᠦᠷᠢᠮ ᠲᠤᠭᠳᠠᠭᠠᠯ᠎ᠳᠦ ᠨᠡᠢᠴᠡᠭ᠌ᠰᠡᠨ ᠬᠠᠮᠢᠶᠠᠷᠤᠯᠲᠠ ᠬᠠᠷᠠᠬᠠᠨ ᠦᠭᠡᠢ ᠪᠠᠢᠵᠤ᠂ ᠢᠯᠠᠩᠭᠤᠶ᠎ᠠ ᠮᠡᠳᠡᠯᠭᠡ ᠎ᠶ᠋ᠢᠨ ᠥᠮᠴᠢᠯᠡᠯ᠎ᠤᠨ ᠡᠷᠬᠡ ᠂ ᠭᠠᠢᠯᠢ ᠎ᠶ᠋ᠢᠨ ᠬᠠᠤᠯᠢ᠂ ᠣᠷᠴᠢᠨ ᠲᠤᠭᠤᠷᠢᠨ ᠤ᠋ ᠬᠠᠮᠠᠭᠠᠯᠠᠯᠲᠠ ᠎ᠶ᠋ᠢᠨ ᠬᠠᠤᠯᠢ ᠵᠡᠷᠭᠡ ᠲᠠᠯ᠎ᠠ᠎ᠵᠢᠨ ᠳᠦᠷᠢᠮ᠎ᠦᠨ ᠤᠬᠠᠮᠰᠠᠷ ᠳᠤᠲᠠᠮᠠᠭ ᠪᠠᠢᠵᠤ᠂ ᠡᠷᠬᠡ᠎ᠳᠦ ᠬᠠᠯᠳᠠᠬᠤ᠂ ᠭᠠᠢᠯᠢ ᠎ᠶ᠋ᠢᠨ ᠶᠠᠪᠤᠳᠠᠯ᠎ᠤᠨ ᠬᠢᠨᠠᠨ ᠪᠠᠢᠴᠠᠭᠠᠯᠳᠠ ᠵᠢ ᠬᠦᠯᠢᠶᠡᠬᠦ ᠵᠡᠷᠭᠡ ᠠᠰᠠᠭᠤᠳᠠᠯ ᠪᠠᠢᠨ ᠳᠠᠬᠢᠨ ᠭᠠᠷᠴᠤ᠌ ᠪᠠᠢᠨ᠎ᠠ᠂ ᠡᠭᠦᠨ᠎ᠦ ᠬᠠᠮᠲᠦ ᠮᠡᠳᠡᠯᠭᠡ ᠎ᠶ᠋ᠢᠨ ᠥᠮᠴᠢᠯᠡᠯ᠎ᠤᠨ ᠡᠷᠬᠡ ᠎ᠨᠢ ᠬᠠᠯᠳᠠᠯᠭ᠎ᠠ ᠳ᠋ᠤ ᠤᠴᠠᠷᠠᠬᠤ ᠵᠡᠷᠭᠡ ᠠᠰᠠᠭᠤᠳᠠᠯ ᠴᠤ᠌ ᠭᠠᠷᠴᠤ᠌ ᠪᠠᠢᠬᠤ ᠵᠢ ᠪᠢ ᠪᠠᠢᠴᠠᠭᠠᠨ ᠰᠤᠳᠤᠯᠤᠯᠲᠠ ᠬᠢᠬᠦ᠌ ᠪᠡᠷ ᠲᠠᠮᠵᠢᠨ ᠣᠯᠵᠤ ᠮᠡᠳᠡᠵᠡᠢ》 ᠭᠡᠵᠦ᠍ ᠧ ᠱᠢᠶᠤᠤ ᠮᠧᠢ ᠬᠡᠯᠡᠪᠡ᠃ ᠡᠢᠨ ᠬᠦ᠌ ᠲᠡᠷᠡ ᠤᠯᠤᠰ᠎ᠤᠨ ᠬᠠᠮᠢᠶ᠎ᠠ ᠪᠦᠬᠦᠢ ᠰᠠᠯᠠᠭ᠎ᠠ ᠮᠥᠴᠢᠷ᠎ᠦᠨ ᠬᠢᠨ ᠠᠵᠤ ᠠᠬᠤᠢᠯᠠᠯ ᠪᠣᠯᠤᠨ ᠠᠷᠠᠳ ᠢᠷᠭᠡᠳ᠎ᠦᠨ ᠬᠠᠤᠯᠢ ᠴᠠᠭᠠᠵᠠ᠎ᠶ᠋ᠢᠨ ᠤᠬᠠᠮᠰᠠᠷ᠎ᠢ ᠱᠢᠰᠲ᠋ᠧᠮ᠎ᠲᠡᠶ ᠪᠥᠭᠡᠳ ᠲᠥᠯᠥᠪᠯᠡᠭᠡ᠎ᠲᠡᠶ᠎ᠪᠡᠷ ᠳᠡᠭᠡᠭ᠌ᠰᠢᠯᠡᠭᠦᠯᠵᠦ᠍᠂ ᠭᠠᠳᠠᠭᠠᠳᠤ ᠲᠠᠢ ᠬᠣᠯᠪᠣᠭ᠍ᠳᠠᠬᠤ ᠠᠵᠤ ᠠᠬᠤᠢᠯᠠᠯ᠎ᠤᠨ ᠣᠯᠠᠨ ᠤᠯᠤᠰ᠎ᠤᠨ ᠠᠵᠤ ᠠᠬᠤᠶ ᠠᠷᠠᠯᠵᠢᠶᠠᠨ᠎ᠤ ᠳᠦᠷᠢᠮ ᠪᠣᠯᠤᠨ ᠪᠠᠷᠢᠮᠵᠢᠶ᠎ᠠ᠎ᠶ᠋ᠢ ᠵᠣᠯᠭᠠᠭᠤᠯᠬᠤ ᠦᠢᠯᠡᠴᠢᠯᠡᠭᠡᠨ᠎ᠦ ᠪᠠᠲᠤᠯᠠᠭ᠎ᠠ ᠎ᠶ᠋ᠢᠨ ᠲᠣᠭ᠍ᠲᠠᠴᠠ ᠎ᠶ᠋ᠢ ᠪᠤᠶ ᠪᠣᠯᠭᠠᠬᠤ ᠪᠠ ᠲᠡᠭᠦᠯᠳᠡᠷᠵᠢᠭᠦᠯᠬᠦ ᠵᠢ ᠰᠠᠨᠠᠭᠠᠴᠢᠯᠠᠪᠠ᠃

《ᠭᠠᠳᠠᠭᠠᠳᠤ᠎ᠲᠠᠢ ᠬᠣᠯᠪᠣᠭ᠍ᠳᠠᠬᠤ ᠠᠵᠤ ᠠᠬᠤᠢᠯᠠᠯ᠎ᠤᠨ ᠲᠣᠭ᠍ᠲᠠᠭᠠᠯ᠎ᠳᠤ ᠨᠡᠢᠴᠡᠭᠰᠡᠨ ᠵᠢᠯᠣᠭᠣᠳᠭᠤ ᠠᠵᠢᠯ᠎ᠢ ᠴᠢᠩᠭᠠᠳᠭᠠᠬᠤ ᠬᠡᠷᠡᠭᠳᠡᠢ》 ᠭᠡᠵᠦ ᠧ ᠱᠢᠶᠤᠤ ᠮᠧᠶ ᠰᠠᠨᠠᠭᠤᠯᠭ᠎ᠠ ᠭᠠᠷᠭᠠᠪᠠ᠃ ᠲᠡᠷᠡ᠄ 《ᠭᠠᠳᠠᠭᠠᠳᠤ᠎ᠲᠠᠢ ᠬᠣᠯᠪᠣᠭ᠍ᠳᠠᠬᠤ ᠠᠵᠤ ᠠᠬᠤᠢᠯᠠᠯ᠎ᠤᠨ ᠲᠣᠭ᠍ᠲᠠᠭᠠᠯ᠎ᠳᠤ ᠨᠡᠢᠴᠡᠭᠰᠡᠨ ᠬᠠᠮᠢᠶᠠᠷᠤᠯᠲᠠ᠎ᠶ᠋ᠢᠨ ᠠᠵᠢᠯ᠎ᠤᠨ ᠵᠢᠯᠣᠭᠣᠳᠤᠮᠵᠢ》ᠭᠡᠬᠦ᠌ ᠮᠡᠲᠦ᠍᠎ᠶ᠋ᠢᠨ ᠵᠢᠯᠣᠭᠣᠳᠭᠤ ᠪᠢᠴᠢᠭ ᠮᠠᠲ᠋ᠧᠷᠢᠶᠠᠯ᠎ᠢ ᠨᠡᠢᠲᠡᠯᠡᠵᠦ᠍᠂ ᠠᠵᠤ ᠠᠬᠤᠢᠯᠠᠯ᠎ᠤᠨ ᠳᠣᠲᠣᠭᠠᠳᠤ᠎ᠶ᠋ᠢᠨ ᠲᠣᠭ᠍ᠲᠠᠭᠠᠯ᠎ᠳᠤ ᠨᠡᠢᠴᠡᠭᠰᠡᠨ ᠱᠢᠰᠲ᠋ᠧᠮ᠎ᠦᠨ ᠪᠠᠢᠭᠤᠯᠤᠯᠲᠠ᠎ᠶ᠋ᠢ ᠴᠢᠩᠭᠠᠳᠭᠠᠵᠤ᠂ ᠠᠵᠤ ᠠᠬᠤᠢᠯᠠᠯ᠎ᠤᠨ ᠲᠣᠭ᠍ᠲᠠᠭᠠᠯ᠎ᠳᠤ ᠨᠡᠢᠴᠡᠬᠰᠡᠨ ᠡᠵᠡᠩᠨᠡᠯᠲᠡ᠎ᠶ᠋ᠢ ᠬᠥᠲᠥᠯᠦᠨ ᠵᠢᠯᠣᠭᠣᠳᠪᠠᠯ ᠵᠤᠬᠢᠨ᠎ᠠ᠃ ᠭᠠᠳᠠᠭᠠᠳᠤ ᠲᠠᠢ ᠬᠣᠯᠪᠣᠭ᠍ᠳᠠᠬᠤ ᠬᠠᠤᠯᠢ ᠴᠠᠭᠠᠵᠠ ᠬᠠᠤᠯᠢ ᠲᠣᠭ᠍ᠲᠠᠭᠠᠯ᠎ᠢ ᠪᠠᠢᠴᠠᠭᠠᠨ ᠳᠤᠳᠤᠯᠠᠬᠤ ᠠᠵᠢᠯ᠎ᠢ ᠴᠢᠩᠭᠠᠳᠭᠠᠵᠤ᠂ ᠬᠠᠮᠢᠶ᠎ᠠ ᠪᠦᠬᠦᠢ ᠪᠠᠢᠴᠠᠭᠠᠨ ᠳᠤᠳᠤᠯᠠᠬᠤ ᠲᠠᠪᠴᠠᠩ᠎ᠢ ᠪᠠᠢᠭᠤᠯᠵᠤ᠂ ᠪᠣᠳᠠᠲᠠᠶ ᠬᠡᠷᠡᠭ᠎ᠦᠨ ᠵᠢᠱ᠌ᠢᠶ᠎ᠡ ᠪᠠ ᠪᠣᠳᠠᠲᠤ ᠵᠢᠱ᠌ᠢᠶ᠎ᠡ᠎ᠶ᠋ᠢ ᠲᠡᠭᠦᠯᠳᠡᠷᠵᠢᠭᠦᠯᠬᠦ ᠪᠠ ᠱᠢᠨᠡᠳᠭᠡᠵᠦ᠍᠂ ᠠᠵᠤ ᠠᠬᠤᠢᠯᠠᠯ᠎ᠢ ᠬᠠᠪᠰᠤᠷᠬᠤ ᠪᠠ ᠰᠡᠷᠡᠮᠵᠢᠯᠡᠭᠦᠯᠵᠦ᠍ ᠭᠠᠳᠠᠭᠠᠳᠤ᠎ᠲᠠᠢ ᠬᠣᠯᠪᠣᠭ᠍ᠳᠠᠬᠤ ᠬᠠᠤᠯᠢ ᠴᠠᠭᠠᠵᠠ᠎ᠶ᠋ᠢᠨ ᠠᠶᠤᠯ ᠲᠦᠭ᠌ᠰᠢᠭᠦᠷᠢ᠎ᠶ᠋ᠢ ᠲᠠᠨᠢᠨ ᠮᠡᠳᠡᠬᠦ᠌ ᠬᠢᠷᠢ ᠬᠡᠮᠵᠢᠶ᠎ᠡ᠎ᠶ᠋ᠢ ᠨᠢ ᠳᠡᠭᠡᠭ᠌ᠰᠢᠯᠡᠭᠦᠯᠵᠦ᠍ ᠂ ᠬᠠᠮᠢᠶ᠎ᠠ ᠪᠦᠬᠦᠢ ᠤᠯᠤᠰ ᠪᠤᠶᠤ ᠭᠠᠵᠠᠷ ᠣᠷᠣᠨ᠎ᠤ ᠬᠠᠤᠯᠢ ᠴᠠᠭᠠᠵᠠ ᠬᠠᠤᠯᠢ ᠲᠣᠭ᠍ᠲᠠᠭᠠᠯ᠎ᠢ ᠨᠠᠷᠢᠨ ᠨᠢᠭᠳᠠ ᠤᠢ᠍ᠢᠯᠠᠭᠠᠬᠤ ᠪᠠ ᠮᠥᠷᠳᠡᠵᠦ᠍ ᠂ ᠤᠯᠠᠨ ᠤᠯᠤᠰ᠎ᠤᠨ ᠠᠷᠠᠯᠵᠢᠶᠠᠨ᠎ᠤ  ᠪᠡᠯᠡ ᠣᠷᠣᠭᠤᠯᠤᠯᠲᠠ᠎ᠶ᠋ᠢᠨ ᠬᠠᠤᠯᠢ ᠴᠠᠭᠠᠵᠠ᠎ᠶ᠋ᠢᠨ ᠠᠶᠤᠯ ᠲᠦᠭ᠌ᠰᠢᠭᠦᠷᠢ᠎ᠶ᠋ᠢ ᠰᠠᠨᠠᠭᠠᠴᠢᠯᠠᠭ᠎ᠠ ᠡᠴᠡ ᠪᠠᠨ ᠰᠡᠷᠭᠡᠢᠯᠡᠨ ᠠᠷᠢᠯᠭᠠᠪᠠᠯ ᠵᠤᠬᠢᠨ᠎ᠠ ᠬᠡᠪᠡ᠃

ᠧ ᠱᠢᠶᠤᠤ ᠮᠧᠶ᠎ᠶ᠋ᠢᠨ ᠦᠵᠡᠬᠦ᠌᠎ᠪᠡᠷ᠂ ᠭᠠᠳᠠᠭᠠᠳᠤ ᠲᠠᠢ ᠬᠣᠯᠪᠣᠭ᠍ᠳᠠᠬᠤ ᠬᠠᠸ᠋ᠯᠢ ᠴᠠᠭᠠᠵᠠ᠎ᠶ᠋ᠢᠨ ᠮᠡᠳᠡᠯᠭᠡ᠎ᠶ᠋ᠢᠨ ᠲᠠᠯ᠎ᠠ᠎ᠪᠠᠷ ᠬᠢ ᠬᠥᠮᠦᠵᠢᠯ ᠤᠬᠠᠭᠤᠯᠭ᠎ᠠ᠎ᠶ᠋ᠢᠨ ᠠᠵᠢᠯ᠎ᠢ ᠠᠬᠢᠭᠤᠯᠬᠤ ᠪᠤᠯ ᠲᠤᠢᠯ᠎ᠤᠨ ᠴᠢᠬᠤᠯᠠ ᠶᠤᠮ᠃ ᠠᠵᠤ ᠠᠬᠤᠢᠯᠠᠯ᠎ᠤᠳ ᠲᠸ᠋ ᠮᠠᠨ᠎ᠤ ᠤᠯᠤᠰ᠎ᠤᠨ ᠭᠠᠷ᠎ᠤᠨ ᠦᠰᠦᠭ ᠵᠢᠷᠤᠭ᠍ᠰᠠᠨ ᠴᠢᠬᠤᠯᠠ ᠪᠦᠬᠦᠢ ᠬᠣᠶᠠᠷ ᠲᠠᠯ᠎ᠠ᠎ᠶ᠋ᠢᠨ ᠬᠡᠯᠡᠯᠴᠡᠭᠡᠷ᠂ ᠴᠢᠯᠥᠭᠡᠲᠦ ᠠᠷᠠᠯᠵᠢᠶᠠᠨ᠎ᠤ ᠬᠡᠯᠡᠯᠴᠡᠭᠡᠷ ᠵᠢᠴᠢ ᠤᠯᠠᠨ ᠲᠠᠯ᠎ᠠ᠎ᠶ᠋ᠢᠨ ᠬᠡᠯᠡᠯᠴᠡᠭᠡᠷ ᠵᠡᠷᠭᠡ᠎ᠶ᠋ᠢ ᠳᠡᠯᠭᠡᠷᠡᠭᠦᠯᠦᠨ ᠤᠬᠠᠭᠤᠯᠪᠠᠯ ᠵᠤᠬᠢᠨ᠎ᠠ᠃ ᠨᠢᠭᠡᠨᠲᠡ ᠪᠠᠢᠭ᠎ᠠ ᠡᠯ᠎ᠡ ᠵᠦᠶ᠋ᠯ᠎ᠦᠨ ᠰᠡᠷᠡᠮᠵᠢᠯᠡᠭᠦᠯᠬᠦ᠌ ᠲᠣᠭ᠍ᠲᠠᠴᠠ ᠪᠠ ᠲᠠᠪᠴᠠᠩ᠎ᠢ ᠭᠦᠶ᠋ᠴᠡᠳ ᠤᠬᠠᠭᠤᠯᠬᠤ ᠪᠠ ᠲᠦᠭᠡᠮᠡᠯᠵᠢᠭᠦᠯᠵᠦ᠍᠂ ᠮᠡᠳᠡᠭᠡ ᠵᠠᠩᠭᠢ᠎ᠶ᠋ᠢ ᠬᠠᠮᠲᠤ᠎ᠪᠠᠷ ᠭᠥᠷᠳᠡᠬᠦ᠌᠎ᠶ᠋ᠢ ᠠᠬᠢᠭᠤᠯᠪᠠᠯ ᠵᠤᠬᠢᠨ᠎ᠠ᠃ ᠦᠢᠯᠡᠴᠢᠯᠡᠭᠡ ᠪᠠ ᠪᠣᠯᠪᠠᠰᠤᠷᠠᠯ᠎ᠤᠨ ᠡᠷᠴᠢᠮ᠎ᠵᠢᠡᠨ ᠴᠢᠩᠭᠠᠷᠠᠭᠤᠯᠵᠤ᠂ ᠠᠵᠤ ᠠᠬᠤᠢᠯᠠᠯ᠎ᠢ ᠬᠥᠲᠥᠯᠥᠨ ᠵᠢᠯᠣᠭᠣᠳᠴᠤ᠌ ᠲᠤᠰᠭᠠᠶ ᠮᠡᠷᠭᠡᠵᠢᠯ᠎ᠦᠨ ᠬᠠᠤᠯᠢ ᠴᠠᠭᠠᠵᠠ᠎ᠶ᠋ᠢᠨ ᠪᠦᠯᠬᠦᠮ ᠪᠣᠯᠤᠨ ᠠᠵᠢᠯᠳᠠᠨ᠎ᠤ ᠦᠢᠯᠡᠳᠦᠯ᠎ᠢ ᠪᠠᠳᠠᠷᠠᠭᠤᠯᠪᠠᠯ ᠵᠤᠬᠢᠨ᠎ᠠ᠃ ᠡᠭᠦᠨ᠎ᠡᠴᠡ ᠭᠠᠳᠠᠨ᠎ᠠ᠂ ᠲᠠᠪᠴᠠᠩ ᠪᠠᠢᠭᠤᠯᠵᠤ᠂ ᠬᠠᠮᠢᠶ᠎ᠠ ᠪᠦᠬᠦᠢ ᠰᠠᠯᠠᠭ᠎ᠠ ᠮᠥᠴᠢᠷ᠎ᠲᠡᠶ ᠬᠠᠮᠲᠤᠷᠠᠨ ᠭᠠᠳᠠᠭᠠᠳᠤ᠎ᠲᠠᠶ ᠬᠣᠯᠪᠣᠭ᠍ᠳᠠᠭ᠍ᠰᠠᠨ ᠨᠡᠢᠲᠡᠯᠢᠭ ᠬᠡᠷᠡᠭ᠎ᠦᠨ ᠵᠢᠱ᠌ᠢᠶ᠎ᠡ᠎ᠵᠢᠨ ᠰᠤᠳᠤᠯᠤᠯᠳᠠ ᠵᠢ ᠴᠢᠩᠭᠠᠳᠭᠠᠵᠤ᠂ ᠭᠠᠳᠠᠭᠠᠳᠤ᠎ᠲᠠᠶ ᠬᠣᠯᠪᠣᠭ᠍ᠳᠠᠭ᠍ᠰᠠᠨ ᠠᠵᠤ ᠠᠬᠤᠢᠯᠠᠯ᠎ᠳᠤ ᠬᠡᠷᠡᠭ᠌ᠯᠡᠬᠦ᠌ ᠬᠡᠷᠡᠭ᠎ᠦᠨ ᠵᠢᠱ᠌ᠢᠶ᠎ᠡ᠎ᠶ᠋ᠢᠨ ᠬᠥᠮᠥᠷᠭᠡ᠎ᠶ᠋ᠢ ᠪᠠᠢᠭᠤᠯᠬᠤ᠎ᠶ᠋ᠢᠨ ᠬᠠᠮᠲᠤ ᠵᠢᠯ ᠳᠠᠷᠠᠭᠠᠯᠠᠨ ᠱᠢᠨᠡᠳᠭᠡᠵᠦ᠍᠂ ᠨᠡᠢᠲᠡᠯᠢᠭ ᠬᠡᠷᠡᠭ᠎ᠦᠨ ᠵᠢᠱ᠌ᠢᠶ᠎ᠡ᠂ ᠲᠠᠰᠤᠯᠤᠨ ᠲᠣᠭ᠍ᠲᠠᠭᠠᠬᠤ ᠳᠦᠷᠢᠮ᠎ᠤᠨ ᠲᠠᠮᠵᠢᠭᠤᠯᠭ᠎ᠠ ᠵᠢᠨ ᠡᠷᠴᠢᠮ᠎ᠢᠶᠡᠨ ᠴᠢᠩᠭᠠᠷᠠᠭᠤᠯᠵᠤ᠂ ᠠᠵᠤ ᠠᠬᠤᠢᠯᠠᠯ᠎ᠤᠨ ᠬᠠᠤᠯᠢ ᠴᠠᠭᠠᠵᠠ᠎ᠶ᠋ᠢᠨ ᠤᠬᠠᠮᠰᠠᠷ᠎ᠢ ᠳᠡᠭᠡᠭ᠌ᠰᠢᠯᠡᠭᠦᠯᠬᠦ᠂ ᠠᠵᠤ ᠠᠬᠤᠢᠯᠠᠯ᠎ᠤᠨ ᠬᠠᠤᠯᠢ ᠴᠠᠭᠠᠵᠠ᠎ᠶ᠋ᠢᠨ ᠠᠶᠤᠯ ᠲᠦᠭ᠌ᠰᠢᠭᠦᠷᠢ᠎ᠶ᠋ᠢ ᠰᠡᠷᠡᠮᠵᠢᠯᠡᠭᠦᠯᠬᠦ᠌ ᠲᠠᠯ᠎ᠠ᠎ᠪᠠᠷ ᠬᠢ ᠨᠡᠢᠲᠡᠯᠢᠭ ᠬᠡᠷᠡᠭ᠎ᠦᠨ ᠵᠢᠱ᠌ᠢᠶ᠎ᠡ᠎ᠶ᠋ᠢᠨ ᠦᠢᠯᠡᠳᠦᠯ᠎ᠢ ᠪᠠᠳᠠᠷᠠᠭᠤᠯᠪᠠᠯ ᠵᠤᠬᠢᠨ᠎ᠠ᠃  

      (ᠬᠡᠷᠡᠯ ᠵᠢᠷᠤᠬ᠎ᠢ ᠡᠧ ᠰᠢᠶᠤᠤ ᠮᠧᠢ ᠬᠠᠩᠭᠠᠪᠠ)

ᠣᠷᠴᠢᠭᠤᠯᠤᠭ᠍ᠴᠢ᠄
ᠨᠠᠢᠷᠠᠭᠤᠯᠤᠭ᠍ᠴᠢ᠄ ᠤᠶᠤᠨᠲᠠᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠬᠠᠮᠢᠶ᠎ᠡ ᠪᠦᠬᠦᠢ ᠰᠣᠨᠢᠨ

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号